ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2018-04-20
【2017.12.6 】ᠦᠣᠰᠢᠨ ᠬᠤᠰᠢᠭᠤᠨ   ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ            ᠵᠠᠰᠠᠭ  ᠤᠨ  ᠤᠷᠳᠤᠨ  ᠤ  ᠠᠵᠢᠯ  ᠤᠨ  ᠢᠯᠡᠳᠬᠡᠯ                                           —— 2017 ᠣᠨ ᠤ 12 ᠰᠠᠷ᠎ᠠ ᠶᠢᠨ 6 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ  ᠠᠩᠬᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ                                                                             ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ                                ᠴᠢᠶᠤᠤ ᠶᠦᠨ ᠯᠢ ᠲᠦᠯᠦᠭᠡᠯᠡᠭᠴᠢᠳ ᠡ᠄      ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠳᠣᠰ ᠬᠤᠭᠤᠴᠠᠭᠠᠨ ᠤ ᠵᠠᠰᠠᠭ ᠤᠨ ᠣᠷᠳᠣᠨ ᠤ ᠦᠩᠬᠡᠷᠡᠭᠰᠡᠨ ᠳᠠᠪᠣᠨ ᠵᠢᠯ ᠤᠨ ᠠᠵᠢᠯ ᠢᠶᠠᠨ ᠮᠡᠳᠡᠬᠦᠯᠵᠣ ᠬᠤᠶᠢᠰᠢᠳᠠ  ᠶᠢᠨ ᠳᠠᠪᠣᠨ ᠵᠢᠯ ᠤᠨ ᠠᠵᠢᠯ ᠳᠤ ᠰᠠᠨᠠᠭᠤᠯᠭ᠎ᠠ ᠳᠣᠷᠠᠳᠣᠶ᠎ᠠ᠂ ᠳᠠᠨᠠᠷ ᠬᠢᠨᠠᠨ ᠵᠦᠪᠯᠡᠬᠦ ᠶᠢᠨ ᠲᠠᠭᠠᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃     ᠨᠢᠬᠡ᠂ ᠦᠩᠬᠡᠷᠡᠭᠰᠡᠨ ᠳᠠᠪᠣᠨ ᠵᠢᠯ ᠤᠨ ᠠᠵᠢᠯ ᠤᠨ ᠡᠷᠬᠢᠴᠡᠬᠦᠯᠥᠯ      2012 ᠣᠨ ᠠᠴᠠ ᠨᠠᠰᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠢ ᠪᠦᠯᠬᠦᠮᠳᠠᠬᠦᠯᠥᠨ ᠳᠠᠶᠢᠴᠢᠯᠠᠵᠣ ᠳᠣᠭᠳᠠᠭᠤᠨ ᠪᠠᠶᠢᠯᠭᠠᠬᠤ ᠶᠢᠨ ᠵᠡᠷᠬᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠨᠡᠮᠡᠭᠳᠡᠯ ᠢ ᠳᠣᠭᠳᠠᠪᠣᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠬᠦᠷᠢ ᠶᠢ ᠰᠠᠷᠬᠡᠶᠢᠯᠡᠬᠦ ᠡᠯ᠎ᠡ ᠲᠦᠷᠥᠯ ᠤᠨ ᠠᠵᠢᠯ ᠢ ᠨᠢᠬᠡᠳᠣᠯᠳᠡᠢ ᠲᠥᠯᠥᠪᠵᠢᠬᠦᠯᠥᠨ ᠠᠬᠢᠭᠤᠯᠵᠣ᠂ ︽ᠠᠷᠪᠠᠨ ᠬᠤᠶᠠᠳᠣᠭᠠᠷ ᠳᠠᠪᠣᠨ ᠵᠢᠯ︾ ᠤᠨ ᠲᠥᠯᠥᠪᠵᠢᠬᠦᠯᠬᠡ ᠤᠨ ᠬᠠᠷᠠᠯᠳᠠ ᠶᠢ ᠵᠢᠱᠢᠭᠰᠡᠨ ᠬᠤᠭᠤᠴᠠᠭ᠎ᠠ ᠶᠣᠰᠣᠭᠠᠷ ᠪᠠᠶᠡᠯᠡᠬᠦᠯᠵᠣ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠬᠦᠯᠬᠡ ᠶᠢ ᠡᠮᠬᠢ ᠴᠡᠭᠴᠡᠳᠡᠢ ᠬᠡᠷᠡᠭᠵᠢᠬᠦᠯᠪᠠ᠃ ᠡᠯ᠎ᠡ ᠲᠦᠷᠥᠯ ᠤᠨ ᠭᠤᠣᠯ ᠪᠣᠯᠬᠤ ᠠᠵᠣ ᠠᠬᠤᠢ ᠶᠢᠨ ᠬᠦᠢᠴᠡᠳᠬᠡᠯ ᠳᠤᠭ᠎ᠠ ᠶᠢ ᠳᠣᠭᠳᠠᠭᠤᠨ ᠪᠠᠶᠢᠯᠭᠠᠬᠤ ᠶᠢᠨ ᠵᠡᠷᠬᠡ ᠳᠤ ᠨᠡᠮᠡᠭᠳᠡᠬᠦᠯᠵᠣ᠂ 2017 ᠣᠨ ᠳᠤ ᠲᠦᠰᠦᠬᠡᠯᠡᠪᠠᠯ ᠪᠦᠬᠦ ᠬᠤᠰᠢᠭᠤᠨ ᠤ ᠣᠷᠣᠨ ᠨᠣᠳᠤᠭ ᠤᠨ ᠣᠶᠢᠯᠡᠳᠪᠣᠷᠢᠯᠡᠯ ᠤᠨ ᠶᠡᠷᠦᠩᠬᠡᠢ ᠦᠷᠳᠡᠭ ᠢ 446 ᠳ᠋ᠦᠩᠰᠢᠭᠤᠷ ᠲᠦᠬᠦᠷᠢᠭ ᠬᠦᠷᠬᠡᠵᠣ᠂ ᠣᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ  ᠶᠢ 16 ᠳ᠋ᠦᠩᠰᠢᠭᠤᠷ ᠲᠦᠬᠦᠷᠢᠭ ᠬᠦᠷᠬᠡᠵᠣ᠂ ᠨᠡᠶᠢᠬᠡᠮ ᠤᠨ ᠬᠡᠷᠡᠭᠯᠡᠬᠡᠨ ᠤ ᠵᠣᠶᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 46 ᠳ᠋ᠦᠩᠰᠢᠭᠤᠷ ᠲᠦᠬᠦᠷᠢᠭ ᠬᠦᠷᠬᠡᠵᠣ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ ᠳᠣᠰᠪᠣᠷᠢ 41700 ᠲᠦᠬᠦᠷᠢᠭ ᠪᠠ 17000 ᠲᠦᠬᠦᠷᠢᠭ ᠬᠦᠷᠬᠡᠵᠣ᠂ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ ᠳᠠᠪᠣᠨ ᠵᠢᠯ ᠨᠡᠶᠢᠳᠠ 1983 ᠳ᠋ᠦᠩᠰᠢᠭᠤᠷ ᠲᠦᠬᠦᠷᠢᠭ ᠪᠡᠶᠡᠯᠡᠬᠦᠯᠪᠠ᠃      — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠵᠣ ᠠᠬᠤᠢ ᠶᠢᠨ ᠪᠣᠳᠠᠳᠣ ᠬᠦᠴᠦᠨ ᠢᠶᠠᠨ ᠳᠠᠰᠣᠷᠠᠯᠳᠡ ᠦᠬᠡᠢ ᠨᠡᠮᠡᠭᠳᠡᠬᠦᠯᠵᠣ ᠠᠵᠣ ᠣᠶᠢᠯᠡᠰ ᠤᠨ ᠪᠦᠳᠦᠴᠡ ᠶᠢ ᠦᠷᠬᠦᠯᠵᠢᠯᠡᠨ ᠰᠢᠯᠢᠳᠡᠭᠵᠢᠬᠦᠯᠥᠭᠰᠡᠨ ᠳᠠᠪᠣᠨ ᠵᠢᠯ ᠪᠣᠯᠣᠨ᠎ᠠ᠃ ︽ᠳᠣᠯᠣᠭᠠᠨ ᠣᠶᠢᠯᠡᠰ︾ ᠢ ᠬᠠᠮᠳᠣᠪᠠᠷ ᠬᠦᠭᠵᠢᠬᠦᠯᠬᠦ ᠳᠣᠭᠤᠷᠢᠨ ᠳᠤ ᠲᠦᠷᠥᠯ ᠵᠣᠶᠢᠯ ᠢ ᠠᠳᠬᠤᠬᠤ᠂ ᠪᠡᠯᠡ ᠣᠷᠣᠭᠤᠯᠣᠯᠳᠠ ᠶᠢ ᠦᠷᠬᠡᠳᠬᠡᠬᠦ ᠶᠢ ᠪᠡᠷᠢᠮᠳᠠᠯᠠᠵᠣ ᠰᠢᠨ᠎ᠡ ᠬᠡᠯᠪᠠᠷᠢ ᠶᠢᠨ ᠠᠵᠣ ᠣᠶᠢᠯᠡᠳᠪᠣᠷᠢᠵᠢᠯᠳᠠ ᠶᠢᠨ ᠠᠬᠢᠴᠠ ᠶᠢ ᠲᠦᠷᠬᠡᠳᠬᠡᠪᠠ᠃ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠲᠦᠷᠥᠯ ᠵᠣᠶᠢᠯ ᠢ ᠨᠡᠶᠢᠳᠠ 51 ᠬᠡᠷᠡᠭᠵᠢᠬᠦᠯᠵᠤ᠂ ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ᠂ ᠵᠦᠩ ᠮᠧᠢ ᠮᠧᠩ ᠳ᠋ᠠ ᠺᠣᠮᠫᠠᠨᠢ ᠶᠢᠨ ᠪᠠᠷᠢᠯᠭ᠎ᠠ ᠶᠢᠨ ᠰᠣᠯᠢᠶᠣᠣ ᠣᠶᠢᠯᠡᠳᠪᠣᠷᠢᠯᠡᠬᠦ᠂ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ᠂ ᠪᠥᠸᠧ ᠳ᠋ᠠ ᠱᠢ ᠳ᠋ᠢ ᠺᠣᠮᠫᠠᠨᠢ ᠶᠢᠨ ᠰᠢᠬᠡᠰᠦᠯᠢᠭ ᠡᠳ᠋ ᠤᠨ ᠲᠦᠷᠥᠯ ᠵᠣᠶᠢᠯ᠂ ᠵᠦᠩ ᠮᠧᠢ ᠶᠤᠸᠠᠨ ᠰᠢᠩ ᠺᠣᠮᠫᠠᠨᠢ ᠶᠢᠨ ᠮᠧᠲ᠋ᠢᠯ ᠠᠯᠺᠦᠦᠯ᠂ ᠬᠤᠩ ᠵᠢᠢ ᠢ ᠲᠠᠢ ᠺᠣᠮᠫᠠᠨᠢ ᠶᠢᠨ ᠰᠢᠩᠬᠡᠨᠵᠢᠬᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ᠵᠡᠷᠬᠡ 18 ᠲᠦᠷᠥᠯ ᠵᠣᠶᠢᠯ ᠢ ᠠᠰᠢᠭᠯᠠᠯᠳᠠ ᠳᠤ ᠣᠷᠣᠭᠤᠯᠵᠣ᠂ ᠪᠦᠬᠦ ᠬᠤᠰᠢᠭᠤᠨ ᠤ ᠮᠧᠲ᠋ᠢᠯ ᠠᠯᠺᠦᠦᠯ᠂ ᠠᠯᠺᠧᠨ ᠨᠡᠬᠦᠷᠣᠭ᠍ᠴᠢ᠂ ᠬᠢᠮᠢ ᠶᠢᠨ ᠪᠣᠷᠳᠣᠭᠤᠷ᠂ ᠰᠢᠩᠬᠡᠨᠵᠢᠬᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ᠶᠢᠨ ᠣᠶᠢᠯᠡᠳᠪᠣᠷᠢᠯᠡᠯ ᠤᠨ ᠴᠢᠳᠠᠪᠬᠢ ᠶᠢ ᠳᠣᠰᠪᠣᠷᠢ 480 ᠲᠦᠮᠡᠨ ᠳᠣᠠᠨ᠋ᠨ᠂ 197 ᠲᠦᠮᠡᠨ ᠳᠣᠠᠨ᠋ᠨ᠂ 255 ᠲᠦᠮᠡᠨ ᠳᠣᠠᠨ᠋ᠨ᠂ 58 ᠲᠦᠮᠡᠨ ᠳᠣᠠᠨ᠋ᠨ ᠰᠢᠨ᠎ᠡ ᠪᠠᠷ ᠨᠡᠮᠡᠭᠳᠡᠬᠦᠯᠪᠠ᠃ ᠮᠦᠩᠬᠡᠴᠢ᠂ ᠬᠤᠯᠣᠰᠣ ᠵᠡᠷᠬᠡ ᠨᠡᠬᠦᠷᠠᠰᠣᠨ ᠠᠭᠤᠷᠬᠠᠢ ᠶᠢᠨ ᠬᠠᠮᠳᠣᠷᠠᠵᠣ ᠳᠣᠷᠰᠢᠨ ᠠᠵᠢᠯᠯᠠᠬᠤ ᠶᠢ ᠪᠠᠶᠠᠯᠡᠬᠦᠯᠪᠠ᠃ ᠠᠵᠣ ᠣᠶᠢᠯᠡᠰ ᠢ ᠢᠵᠢ ᠪᠦᠷᠢᠳᠦᠬᠦᠯᠥᠨ ᠬᠦᠭᠵᠢᠬᠦᠯᠬᠦ ᠶᠢ ᠴᠢᠩᠭᠠᠳᠬᠠᠵᠣ᠂ ᠵᠢᠶᠧ ᠯᠢᠨ ᠰᠣᠯᠢᠶᠣᠣ ᠣᠶᠢᠯᠡᠳᠪᠣᠷᠢᠯᠡᠬᠦ ᠺᠣᠮᠫᠠᠨᠢ ᠶᠢᠨ 2 ᠲᠦᠮᠡᠨ ᠳᠣᠠᠨ᠋ᠨ ᠬᠦᠨᠳᠣ ᠠᠴᠢᠶ᠎ᠠ ᠶᠢ ᠪᠣᠭᠤᠳᠠᠯᠯᠠᠬᠤ ᠪᠦᠷᠬᠦᠪᠴᠢ ᠵᠡᠷᠬᠡ ᠨᠢᠬᠡ ᠪᠦᠯᠥᠭ ᠬᠡᠯᠬᠢᠶᠠᠵᠢᠯ ᠢ ᠣᠷᠳᠣᠳᠬᠠᠵᠣ ᠨᠦᠬᠦᠪᠦᠷᠢᠯᠡᠬᠦ ᠲᠦᠷᠥᠯ ᠵᠣᠶᠢᠯ ᠢ ᠣᠷᠣᠭᠤᠯᠣᠨ ᠠᠪᠴᠢᠷᠠᠪᠠ᠃ ᠳᠠᠷᠢᠶᠠᠯᠠᠩ ᠮᠠᠯ ᠠᠵᠣ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠣ᠂ ᠳᠣᠬᠢᠷᠠᠮᠵᠢᠳᠣ ᠬᠡᠪᠴᠢᠶᠠᠨ ᠤ ᠡᠵᠡᠩᠨᠡᠯᠳᠡ ᠶᠢᠨ ᠡᠷᠦᠬᠡ ᠶᠢ 2702 ᠬᠦᠮᠦᠵᠢᠬᠦᠯᠵᠣ᠂ ᠦᠨᠳᠣᠷ ᠪᠠᠷᠢᠮᠵᠢᠶᠠᠳᠣ ᠰᠠᠭᠤᠷᠢ ᠳᠠᠷᠢᠶᠠᠨ ᠭᠠᠵᠠᠷ ᠢ 7 ᠲᠦᠮᠡᠨ ᠮᠣ᠋ ᠪᠠᠶᠢᠭᠤᠯᠣᠨ ᠣᠰᠣ ᠠᠷᠪᠢᠯᠠᠬᠤ ᠣᠰᠣᠯᠠᠯᠳᠠ ᠶᠢᠨ ᠳᠠᠯᠠᠪᠠᠢ ᠶᠢ 26 ᠲᠦᠮᠡᠨ ᠮᠣ᠋ ᠳᠤ ᠬᠦᠷᠬᠡᠵᠣ᠂ ᠳᠠᠷᠢᠶᠠᠯᠠᠩ ᠮᠠᠯ ᠠᠵᠣ ᠣᠶᠢᠯᠡᠰ ᠤᠨ ᠣᠰᠣ ᠠᠷᠪᠢᠯᠠᠬᠤ ᠶᠢ ᠲᠦᠬᠡᠮᠡᠯᠵᠢᠬᠦᠯᠥᠭᠰᠡᠨ ᠨᠣᠷᠮ᠎ᠠ ᠶᠢ 2012 ᠣᠨ ᠤ ᠬᠢ ᠠᠴᠠ 15 ᠵᠠᠭᠤᠨ ᠤ ᠨᠢᠬᠡᠴᠢ ᠳᠡᠬᠡᠭᠰᠢᠯᠡᠬᠦᠯᠥᠨ᠂ ᠢᠳᠡᠰᠢᠨ ᠨᠣᠭᠤᠭᠠᠨ ᠤ ᠬᠦᠯᠡᠮᠵᠢ ᠶᠢ 1734 ᠰᠢᠨ᠎ᠡ ᠪᠠᠷ ᠨᠡᠮᠡᠭᠳᠡᠬᠦᠯᠪᠠ᠃ ᠠᠮᠣ ᠪᠣᠳᠠᠭ᠎ᠠ᠂ ᠠᠵᠣ ᠠᠬᠤᠢ ᠶᠢᠨ ᠳᠠᠷᠢᠮᠠᠯ᠂ ᠡᠪᠠᠰᠣ ᠪᠣᠷᠳᠤᠭ᠎ᠠ ᠶᠢᠨ ᠬᠠᠷᠢᠴᠠᠯ ᠢ 2012 ᠣᠨ ᠤ 79᠄ 6᠄ 15 ᠪᠠᠶᠢᠭᠰᠠᠨ  ᠠᠴᠠ 2017 ᠣᠨ ᠤ 60᠄ 10᠄ 30 ᠪᠣᠯᠭᠠᠭᠰᠠᠨ ᠪᠠᠶᠢᠨ᠎ᠠ᠃ ᠰᠢᠷᠬᠤᠰᠣ᠂ ᠴᠠᠭᠠᠨ ᠰᠦᠯᠳᠡ᠂ ᠪᠠᠶᠠᠠᠨᠠᠭᠤᠷ ᠵᠡᠷᠬᠡ ᠦᠵᠡᠮᠵᠢ ᠶᠢᠨ ᠣᠷᠣᠨ ᠤ ᠰᠠᠭᠤᠷᠢ ᠲᠦᠬᠦᠬᠡᠷᠣᠮᠵᠢ ᠶᠢ ᠳᠡᠬᠦᠯᠳᠡᠷᠵᠢᠬᠦᠯᠵᠣ᠂ AAAA ᠳᠠᠰ ᠤᠨ ᠦᠵᠡᠮᠵᠢ  ᠶᠢᠨ ᠣᠷᠣᠨ ᠢ 1 ᠰᠢᠨ᠎ᠡ ᠪᠠᠷ ᠨᠡᠮᠡᠭᠳᠡᠬᠦᠯᠵᠣ᠂ ᠣᠳᠣᠨ ᠳᠠᠰ ᠤᠨ ᠮᠠᠯᠴᠢᠨ ᠳᠠᠷᠢᠶᠠᠴᠢᠨ ᠠᠶᠢᠯ ᠤᠨ ᠵᠣᠴᠢᠯᠠᠭ᠎ᠠ ᠶᠢ 41 ᠡᠷᠦᠬᠡ ᠬᠦᠭᠵᠢᠬᠦᠯᠵᠣ ᠳᠣᠮᠣ ᠬᠡᠯᠪᠠᠷᠢ ᠶᠢᠨ ᠰᠣᠶᠣᠯ ᠵᠢᠭᠤᠯᠴᠢᠯᠡᠯ ᠤᠨ ᠠᠵᠢᠯᠯᠠᠭᠠᠨ ᠢ 140 ᠭᠠᠷᠦᠢ ᠳᠠᠯᠠᠪᠣᠷ ᠣᠳᠠᠭ᠎ᠠ ᠡᠷᠬᠢᠯᠡᠨ ᠳᠠᠪᠣᠨ ᠵᠢᠯ ᠳᠤ ᠨᠡᠶᠢᠳᠠ 340 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠠᠨ ᠵᠣᠴᠢᠯᠠᠵᠣ ᠵᠢᠭᠤᠯᠴᠢᠯᠡᠯ ᠤᠨ ᠶᠡᠷᠦᠩᠬᠡᠶᠢᠯᠡᠭᠰᠡᠨ ᠣᠷᠣᠯᠭ᠎ᠠ ᠶᠢ 106 ᠳ᠋ᠦᠩᠰᠢᠭᠤᠷ ᠲᠦᠬᠦᠷᠢᠭ ᠪᠠᠶᠡᠯᠡᠬᠦᠯᠪᠠ᠃ ᠪᠠᠷᠠᠭᠠᠨ ᠬᠦᠢᠯᠬᠡᠬᠡᠨ ᠤ ᠠᠵᠣ ᠠᠬᠤᠶᠢᠯᠡᠯ ᠢ 80 ᠰᠢᠨ᠎ᠡ ᠪᠠᠷ ᠨᠡᠮᠡᠭᠳᠡᠬᠦᠯᠵᠣ᠂ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠬᠡᠬᠦᠷ ᠢ 2 ᠰᠢᠨ᠎ᠡ ᠪᠠᠷ ᠪᠠᠶᠢᠭᠤᠯᠵᠣ᠂ ᠠᠭᠤᠷᠬᠠᠢ ᠶᠢᠨ ᠣᠷᠣᠨ᠂ ᠬᠦᠷᠢᠶᠠᠯᠠᠩ ᠳᠣᠭᠤᠷᠢᠭ᠂ ᠭᠤᠣᠯ ᠪᠣᠯᠬᠤ ᠡᠳ᠋ ᠪᠠᠷᠠᠭᠠᠨ ᠤ ᠲᠦᠪᠯᠡᠷᠡᠬᠦᠯᠵᠣ ᠳᠠᠷᠬᠠᠭᠠᠬᠤ ᠴᠡᠭ ᠢ ᠬᠠᠮᠣᠷᠠᠭᠰᠠᠨ ᠲᠦᠪᠯᠡᠷᠡᠬᠦᠯᠥᠨ ᠨᠡᠪᠳᠠᠷᠠᠬᠦᠯᠬᠦ ᠰᠢᠰᠲ᠋ᠧᠮ ᠪᠠ ᠰᠣᠮᠣ ᠪᠠᠯᠭᠠᠰᠣ᠂ ᠭᠤᠣᠯᠳᠠᠯᠭᠠᠳᠣ ᠭᠠᠴᠠᠭ᠎ᠠ ᠳᠣᠰᠬᠤᠨ ᠢ ᠬᠠᠮᠣᠷᠠᠭᠰᠠᠨ ᠲᠦᠷᠬᠡᠨ ᠬᠦᠷᠬᠡᠯᠳᠡ ᠶᠢᠨ ᠳᠣᠬᠢᠷᠠᠭᠤᠯᠣᠨ ᠬᠦᠷᠬᠡᠬᠦ ᠰᠢᠰᠲ᠋ᠧᠮ ᠢ ᠪᠠᠶᠢᠭᠤᠯᠪᠠ᠃ ᠭᠤᠷᠪᠠᠨ ᠠᠵᠣ ᠣᠶᠢᠯᠡᠰ ᠤᠨ ᠪᠦᠳᠦᠴᠡ  ᠶᠢ 2012 ᠣᠨ ᠤ 3᠄ 75᠄ 22 ᠪᠠᠶᠢᠭᠰᠠᠨ ᠠᠴᠠ 2017 ᠣᠨ ᠤ 4᠄ 73᠄ 23 ᠪᠣᠯᠭᠠᠪᠠ᠃      — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠰᠠᠭᠤᠷᠢ ᠳᠣᠨᠤᠭ ᠲᠦᠬᠦᠬᠡᠷᠣᠮᠵᠢ ᠶᠢ ᠪᠦᠬᠦ ᠳᠠᠯ᠎ᠠ  ᠪᠠᠷ ᠰᠠᠶᠢᠵᠢᠷᠠᠭᠤᠯᠵᠣ᠂ ᠬᠤᠳᠠ ᠬᠦᠳᠡᠭᠡ ᠶᠢᠨ ᠲᠦᠷᠢ ᠲᠦᠷᠬᠦ ᠳᠤ ᠴᠢᠬᠤᠯᠠ ᠶᠡᠭᠡ ᠬᠤᠪᠢᠷᠠᠯᠳᠡ ᠭᠠᠷᠣᠭᠰᠠᠨ ᠳᠠᠪᠣᠨ ᠵᠢᠯ ᠪᠣᠯᠣᠨ᠎ᠠ᠃ ᠬᠤᠳᠠ ᠬᠦᠳᠡᠭᠡ ᠶᠢᠨ ᠳᠠᠩᠴᠡᠬᠦᠷᠢᠳᠣ ᠬᠦᠭᠵᠢᠯᠳᠡ ᠶᠢ ᠪᠠᠷᠢᠮᠳᠠᠯᠠᠨ ᠣᠯᠠᠨ ᠨᠠᠶᠢᠳᠠ ᠶᠢᠨ ᠦᠨᠳᠣᠰᠣᠨ ᠣᠶᠢᠯᠡᠴᠢᠯᠡᠭᠡ ᠪᠠᠷ ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠷᠠᠭᠠᠯᠵᠠᠭᠰᠠᠨ ᠪᠠᠶᠢᠨ᠎ᠠ᠃ ᠬᠤᠳᠠ ᠪᠠᠯᠭᠠᠰᠣᠨ ᠤ ᠴᠢᠳᠠᠪᠬᠢ ᠶᠢ ᠳᠠᠰᠣᠷᠠᠯᠳᠡ ᠦᠬᠡᠢ ᠳᠠᠬᠦᠯᠳᠡᠷᠵᠢᠬᠦᠯᠵᠣ᠂ ᠭᠠᠯᠠᠭᠤᠳᠣ ᠪᠠᠯᠭᠠᠰᠣᠨ ᠤ ᠳᠣᠭᠤᠷᠢᠭ ᠤᠨ ᠡᠯ᠎ᠡ ᠲᠦᠷᠥᠯ ᠤᠨ ᠬᠤᠭᠤᠯᠠᠢ ᠳᠣᠣᠷ ᠢ 309 ᠺᠢᠯᠣᠮᠧᠲᠷ᠂ ᠢᠯᠴᠢ ᠰᠣᠯᠢᠯᠴᠠᠭᠤᠯᠬᠤ ᠦᠷᠳᠡᠭᠡ ᠶᠢ 10᠂ ᠣᠰᠣ  ᠪᠠᠷ ᠵᠠᠶᠢᠯᠠᠬᠤ ᠬᠡᠯᠪᠠᠷᠢ ᠶᠢᠨ ᠵᠣᠷᠯᠣᠩ ᠢ 104 ᠰᠢᠨ᠎ᠡ ᠪᠠᠷ ᠪᠠᠶᠢᠭᠤᠯᠣᠭᠰᠠᠨ ᠪᠠ ᠦᠬᠡᠷᠡᠴᠢᠯᠡᠨ ᠪᠠᠶᠢᠭᠤᠯᠵᠣ᠂ 33 ᠲᠦᠮᠡᠨ ᠳᠡᠭᠰᠢ ᠲᠦᠷᠪᠠᠯᠵᠢᠨ ᠮᠧᠲᠷ ᠤᠨ ᠵᠠᠮ ᠢ ᠰᠢᠨ᠎ᠡ ᠪᠠᠷ ᠵᠠᠰᠠᠪᠠ᠃ ᠰᠣᠶᠣᠯ ᠳᠠᠮᠢᠷ ᠤᠨ ᠣᠷᠳᠣᠨ᠂ ᠦᠳᠦᠨ ᠪᠦᠮᠪᠦᠭᠡ ᠫᠢᠩᠫᠠᠩ ᠪᠦᠮᠪᠦᠭᠡ ᠶᠢᠨ ᠣᠷᠳᠣᠨ᠂ ᠣᠮᠪᠠᠯᠳᠠ ᠶᠢᠨ ᠣᠷᠳᠣᠨ ᠢ ᠪᠠᠶᠢᠭᠤᠯᠪᠠ᠃ ᠪᠠᠳᠣᠯᠠᠪᠣᠷᠢ  ᠶᠢᠨ ᠣᠷᠣᠨ ᠰᠠᠭᠤᠴᠠ ᠶᠢ 1735 ᠢᠵᠢ᠂ ᠠᠷᠠᠳ ᠲᠤ ᠲᠦᠬᠦᠮ ᠦᠵᠡᠬᠦᠯᠬᠦ ᠳᠣᠭᠤᠢ ᠳᠡᠷᠬᠡᠨ ᠴᠡᠭ ᠢ 25 ᠭᠠᠵᠠᠷ ᠰᠢᠨ᠎ᠡ ᠪᠠᠷ ᠪᠠᠶᠢᠭᠤᠯᠣᠨ ᠭᠤᠣᠯᠳᠠᠯᠭᠠᠳᠣ ᠳᠣᠭᠤᠷᠢᠭ ᠲᠤ WiFi ᠶᠢ ᠨᠡᠶᠢᠳᠡᠮᠵᠢᠬᠦᠯᠪᠠ᠃ 34 ᠲᠦᠮᠡᠨ ᠳᠡᠭᠰᠢ ᠲᠦᠷᠪᠠᠯᠵᠢᠨ ᠮᠧᠲᠷ ᠤᠨ ᠵᠡᠬᠡᠯᠢ ᠭᠤᠳᠣᠮᠵᠢ ᠶᠢᠨ ᠬᠠᠳᠠᠭᠤᠵᠢᠭᠤᠯᠣᠯᠳᠠ ᠶᠢ ᠪᠠᠶᠠᠯᠡᠬᠦᠯᠵᠣ᠂ ᠵᠡᠬᠡᠯᠢ ᠭᠤᠳᠣᠮᠵᠢ ᠶᠢᠨ ᠳ᠋ᠧᠩ ᠢ 520 ᠣᠭᠰᠠᠷᠠᠨ ᠬᠤᠳᠠ ᠶᠢᠨ ᠭᠤᠣᠯ ᠳᠣᠭᠤᠷᠢᠭ ᠤᠨ ᠨᠣᠭᠤᠭᠠᠷᠠᠭᠤᠯᠣᠭᠰᠠᠨ ᠭᠠᠵᠠᠷ  ᠤᠨ ᠳᠠᠯᠠᠪᠠᠢ ᠶᠢ 1235 ᠡᠾᠧᠺᠲ᠋ᠡᠷ ᠬᠦᠷᠬᠡᠵᠣ᠂ ᠣᠷᠣᠨ ᠳᠣᠭᠤᠷᠢᠭ ᠤᠨ ᠨᠣᠭᠤᠭᠠᠷᠠᠭᠤᠯᠣᠯᠳᠠ ᠶᠢᠨ ᠪᠦᠷᠬᠦᠴᠡ ᠨᠣᠷᠮ᠎ᠠ ᠪᠠ ᠨᠣᠭᠤᠭᠠᠷᠠᠭᠤᠯᠣᠭᠰᠠᠨ ᠭᠠᠵᠠᠷ ᠤᠨ ᠨᠣᠷᠮ᠎ᠠ ᠶᠢ ᠳᠣᠰᠪᠣᠷᠢ 47% ᠪᠠ 44% ᠳᠤ ᠬᠦᠷᠬᠡᠵᠣ᠂ ᠬᠦᠮᠦᠨ ᠳᠣᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠣᠭᠰᠠᠨ ᠭᠠᠵᠠᠷ ᠤᠨ ᠳᠠᠯᠠᠪᠠᠢ ᠶᠢ 26 ᠳᠡᠭᠰᠢ ᠲᠦᠷᠪᠠᠯᠵᠢᠨ ᠮᠧᠲᠷ ᠳᠤ ᠬᠦᠷᠬᠡᠪᠠ᠃ ᠣᠶᠣᠨᠴᠢ ᠬᠤᠳᠠ ᠶᠢᠨ ᠵᠠᠰᠠᠭ ᠤᠨ ᠶᠠᠪᠣᠳᠠᠯ ᠤᠨ ᠳᠠᠪᠴᠠᠩ ᠢ ᠪᠦᠳᠦᠬᠡᠨ ᠪᠠᠶᠢᠭᠤᠯᠪᠠ᠃ ᠳᠤᠭ ᠪᠠᠯᠭᠠᠰᠣ᠂ ᠰᠢᠷᠬᠤᠰᠣ ᠪᠠᠯᠭᠠᠰᠣ ᠵᠡᠷᠬᠡ ᠭᠠᠵᠠᠷ ᠲᠤ ᠲᠦᠪᠯᠡᠷᠡᠬᠦᠯᠥᠭᠰᠡᠨ ᠳᠣᠯᠠᠭᠠᠯᠠᠯᠭ᠎ᠠ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ᠂ ᠨᠣᠭᠤᠭᠠᠷᠠᠭᠤᠯᠬᠤ᠂ ᠬᠡᠷᠡᠯᠳᠦᠬᠦᠯᠬᠦ ᠵᠡᠷᠬᠡ ᠢᠨᠵᠧᠨᠧᠷᠢᠩ ᠢ ᠬᠡᠷᠡᠭᠵᠢᠬᠦᠯᠵᠣ ᠵᠢᠵᠢᠭ ᠬᠤᠳᠠ ᠪᠠᠯᠭᠠᠰᠣᠨ ᠤ ᠳᠠᠭᠠᠭᠤᠯᠥᠨ ᠳᠠᠶᠢᠴᠢᠯᠠᠬᠤ ᠴᠢᠳᠠᠪᠣᠷᠢ ᠶᠢ ᠳᠠᠰᠣᠷᠠᠯᠳᠡ ᠦᠬᠡᠢ ᠴᠢᠩᠭᠠᠳᠬᠠᠪᠠ᠃ ᠦᠵᠡᠰᠬᠦᠯᠡᠩᠳᠣ ᠰᠠᠶᠢᠬᠠᠨ ᠬᠦᠳᠡᠭᠡ ᠳᠣᠰᠬᠤᠨ ᠤ ᠪᠠᠶᠢᠭᠤᠯᠣᠯᠳᠠ ᠶᠢ ᠯᠠᠪᠳᠠᠭᠤᠨ ᠠᠬᠢᠭᠤᠯᠵᠣ ᠬᠦᠳᠡᠭᠡ ᠳᠣᠰᠬᠤᠨ ᠤ ᠵᠠᠰᠠᠮᠠᠯ ᠵᠠᠮ ᠢ 1203 ᠺᠢᠯᠣᠮᠧᠲᠷ ᠳᠠᠪᠢᠰᠴᠣ᠂ 17799 ᠡᠷᠦᠬᠡ ᠶᠢᠨ ᠨᠣᠷᠠᠬᠤ ᠠᠶᠣᠯᠳᠡᠢ ᠬᠡᠷ ᠪᠠᠶᠢᠰᠢᠩ ᠢ ᠦᠬᠡᠷᠡᠴᠢᠯᠡᠨ ᠵᠠᠰᠠᠵᠣ᠂ 1506 ᠺᠢᠯᠣᠮᠧᠲᠷ ᠤᠨ ᠴᠠᠬᠢᠯᠭᠠᠨ ᠣᠳᠠᠰᠣ ᠶᠢ ᠳᠠᠳᠠᠵᠣ᠂ ᠠᠮᠣᠷ ᠲᠦᠪᠰᠢᠨ ᠣᠣᠭᠤᠬᠤ ᠣᠰᠣᠨ ᠤ ᠢᠨᠵᠧᠨᠧᠷᠢᠩ ᠢ 101 ᠬᠡᠷᠡᠭᠵᠢᠬᠦᠯᠵᠤ᠂ ᠰᠠᠭᠤᠭᠠᠯᠢ ᠠᠷᠠᠳ ᠤᠨ ᠲᠦᠪᠯᠡᠷᠡᠯ ᠤᠨ ᠴᠡᠭ ᠢ 14 ᠪᠦᠳᠦᠬᠡᠨ ᠪᠠᠶᠢᠭᠤᠯᠵᠣ ᠮᠠᠯᠵᠢᠬᠤ ᠳᠠᠷᠢᠶᠠᠯᠠᠬᠤ ᠣᠷᠣᠨ ᠤ ᠰᠣᠶᠣᠯ᠂ ᠰᠣᠷᠭᠠᠨ ᠬᠦᠮᠦᠵᠢᠯ᠂ ᠡᠷᠡᠬᠦᠯ ᠬᠠᠮᠠᠭᠠᠯᠠᠯ ᠵᠡᠷᠬᠡ ᠣᠯᠠᠨ ᠨᠠᠶᠢᠳᠠ ᠶᠢᠨ ᠣᠶᠢᠯᠡᠴᠢᠯᠡᠬᠡᠨ ᠤ ᠬᠢᠷᠢ ᠲᠦᠪᠰᠢᠨ ᠢ ᠶᠡᠬᠡᠪᠡᠷ ᠳᠡᠬᠡᠭᠰᠢᠯᠡᠬᠦᠯᠥᠭᠰᠡᠨ ᠪᠠᠶᠢᠨ᠎ᠠ᠃ ᠰᠠᠭᠤᠷᠢ ᠠᠴᠢᠶᠠᠯᠠᠪᠣᠷᠢ ᠶᠢᠨ ᠲᠦᠪᠰᠢᠨ ᠢ ᠢᠯᠡᠳᠳᠡ ᠳᠡᠬᠡᠭᠰᠢᠯᠡᠬᠦᠯᠵᠣ ︽ᠳᠣᠯᠣᠭᠠᠨ ᠳᠣᠣᠷ︾ ᠤᠨ ᠢᠨᠵᠧᠨᠧᠷᠢᠩ ᠤᠨ ᠪᠠᠶᠢᠭᠤᠯᠣᠯᠳᠠ ᠶᠢ ᠠᠬᠢᠭᠤᠯᠣᠨ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠳᠠᠮᠣᠷ ᠵᠠᠮ ︵ᠦᠪᠣᠷ ᠮᠣᠩᠭᠤᠯ ᠤᠨ ᠬᠡᠰᠡᠭ︶ ᠤᠨ ᠪᠠᠷᠢᠯᠭ᠎ᠠ ᠶᠢ ᠡᠬᠢᠯᠡᠬᠦᠯᠥᠨ ᠳᠣᠯᠢ ᠠᠴᠠ ᠣᠳᠤᠭ ᠤᠨ ᠡᠮᠣᠨᠡᠳᠣ ᠬᠤᠰᠢᠭᠤ ᠬᠦᠷᠬᠦ ᠳᠠᠮᠣᠷ ᠵᠠᠮ ᠤᠨ ᠪᠠᠷᠢᠯᠭ᠎ᠠ ᠶᠢ ᠳᠠᠭᠤᠰᠬᠠᠨ 7 ᠵᠣᠷᠪᠣᠰ ᠳᠠᠮᠣᠷ ᠵᠠᠮ ᠤᠨ ᠱᠤᠭᠤᠮ ᠪᠠ ᠦᠣᠰᠢᠨᠵᠣᠣ ᠠᠴᠠ ᠭᠠᠯᠠᠭᠤᠳᠣ ᠬᠦᠷᠬᠦ ᠨᠢᠬᠡᠳᠣᠬᠡᠷ ᠳᠠᠰ  ᠤᠨ ᠵᠠᠰᠠᠮᠠᠯ ᠵᠠᠮ ᠪᠠᠶᠢᠭᠤᠯᠣᠭᠳᠠᠵᠣ᠂ ᠳᠠᠮᠣᠷ ᠵᠠᠮ ᠪᠠ ᠳᠡᠬᠡᠳᠣ ᠳᠠᠰ ᠤᠨ ᠵᠠᠰᠠᠮᠠᠯ ᠵᠠᠮ ᠤᠨ ᠳᠡᠷᠬᠡ ᠨᠠᠪᠳᠡᠷᠡᠭᠰᠡᠨ ᠵᠠᠮ ᠤᠨ ᠣᠷᠳᠣ ᠨᠢ ᠳᠣᠰᠪᠣᠷᠢ 259 ᠺᠢᠯᠣᠮᠧᠲᠷ ᠪᠠ 470 ᠺᠢᠯᠣᠮᠧᠲᠷ ᠲᠤ ᠬᠦᠷᠪᠠ︔ 110 ᠺᠢᠯᠣᠸᠣᠯᠲ  ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠶᠢ 3᠂ 35 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠶᠢ 8 ᠰᠢᠨ᠎ᠡ ᠪᠠᠷ ᠪᠠᠶᠢᠭᠤᠯᠵᠣ᠂ ᠦᠣᠰᠢᠨ ᠤ 220 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠠᠴᠠ ᠳᠣᠯᠢ ᠶᠢᠨ 110 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠬᠦᠷᠬᠦ ᠵᠡᠷᠬᠡ 16 ᠵᠣᠷᠪᠣᠰ ᠴᠠᠬᠢᠯᠭᠠᠨ ᠬᠦᠷᠬᠡᠬᠦ ᠰᠣᠭᠤᠮ ᠢ ᠠᠰᠢᠭᠯᠠᠯᠳᠠ ᠳᠤ ᠣᠷᠣᠭᠤᠯᠪᠠ᠃ ᠨᠠᠷᠢᠠᠭᠤᠣᠯ — ᠳᠤᠭ — ᠦᠳᠰᠢᠨᠵᠣᠣ ᠬᠦᠷᠬᠦ ᠣᠰᠣ ᠳᠠᠮᠵᠢᠭᠤᠯᠬᠤ ᠬᠤᠭᠤᠯᠠᠢ ᠱᠤᠭᠤᠮ ᠤᠨ ᠪᠠᠷᠢᠯᠭ᠎ᠠ ᠶᠢ ᠳᠠᠭᠤᠰᠬᠠᠪᠠ᠃      — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠮᠢ ᠠᠬᠤᠢ ᠶᠢᠨ ᠣᠷᠴᠢᠨ ᠳᠣᠭᠤᠷᠢᠨ ᠢᠶᠠᠨ ᠳᠠᠰᠣᠷᠠᠯᠳᠡ ᠦᠬᠡᠢ ᠰᠢᠯᠢᠳᠡᠭᠵᠢᠬᠦᠯᠥᠨ᠂ ᠠᠮᠢ ᠠᠬᠤᠢ ᠶᠢᠨ ᠪᠣᠯᠪᠠᠰᠣᠨ ᠪᠠᠶᠢᠭᠤᠯᠣᠯᠳᠠ ᠳᠣᠪᠣᠶᠢᠮ᠎ᠠ ᠠᠮᠵᠢᠯᠳᠠ ᠣᠯᠣᠭᠰᠠᠨ ᠳᠠᠪᠣᠨ ᠵᠢᠯ ᠪᠣᠯᠣᠨ᠎ᠠ᠃ ᠠᠮᠢ ᠠᠬᠤᠢ ᠶᠢᠨ ᠪᠠᠶᠢᠭᠤᠯᠣᠯᠳᠠ ᠶᠢ ᠢᠮᠠᠭᠳᠠ ᠳᠡᠷᠢᠬᠦᠨ ᠪᠠᠶᠢᠷᠢᠨ ᠳᠤ ᠳᠠᠯᠪᠢᠨ ᠰᠢᠢᠳᠪᠣᠷᠢ ᠪᠣᠳᠣᠯᠭ᠎ᠠ ᠶᠢ ᠶᠡᠷᠦᠩᠬᠡᠶᠢᠯᠡᠨ ᠶᠠᠪᠣᠭᠤᠯᠵᠣ᠂ ᠪᠠᠶᠢᠭᠤᠯᠵᠣ ᠬᠠᠮᠢᠶᠠᠷᠬᠤ ᠶᠢ ᠬᠠᠮᠳᠣ ᠳᠤᠨᠢ ᠴᠢᠬᠤᠯᠠᠴᠢᠯᠠᠵᠣ ᠠᠮᠢ ᠠᠬᠤᠢ ᠶᠢ ᠦᠷᠡᠭᠳᠡᠬᠦᠯᠬᠦ ᠪᠠᠷ ᠨᠢᠬᠡᠨ ᠴᠠᠭ ᠤᠨ ᠬᠦᠭᠵᠢᠯᠳᠡ ᠶᠢ ᠰᠣᠯᠢᠭᠰᠠᠨ ᠦᠬᠡᠢ᠃ ᠭᠤᠣᠯᠳᠠᠯᠭᠠᠳᠣ ᠣᠷᠣᠨ ᠪᠦᠰᠠ ᠶᠢᠨ ᠨᠣᠭᠤᠭᠠᠷᠠᠭᠤᠯᠣᠯᠳᠠ ᠶᠢ ᠶᠡᠬᠡᠪᠡᠷ ᠠᠬᠢᠭᠤᠯᠵᠣ ᠳᠠᠪᠣᠨ ᠵᠢᠯ ᠳᠤ ᠨᠠᠶᠢᠳᠠ 127 ᠲᠦᠮᠡᠨ ᠮᠣ᠋ ᠶᠢᠨ ᠣᠢ ᠰᠢᠭᠤᠢ ᠶᠢᠨ ᠠᠮᠢ ᠠᠬᠤᠢ ᠶᠢ ᠪᠦᠳᠦᠬᠡᠨ ᠪᠠᠶᠢᠭᠤᠯᠵᠣ᠂ 41 ᠲᠦᠮᠡᠨ ᠮᠣ᠋ ᠶᠢᠨ ᠨᠣᠳᠤᠭ ᠪᠠᠯᠴᠢᠬᠡᠷ ᠢ ᠪᠢᠳᠡᠬᠦᠮᠵᠢᠯᠡᠨ ᠰᠡᠷᠬᠦᠬᠡᠵᠣ᠂ 140 ᠲᠦᠮᠡᠨ ᠮᠣ᠋ ᠣᠰᠣ ᠬᠦᠷᠦᠰᠦᠨ ᠤ ᠢᠳᠡᠭᠳᠡᠯ ᠢ ᠶᠡᠷᠦᠩᠬᠡᠶᠢᠯᠡᠨ ᠵᠠᠰᠠᠭᠠᠳ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠣᠷᠭᠤᠮᠠᠯ ᠤᠨ ᠪᠦᠷᠬᠦᠴᠡ ᠶᠢᠨ ᠨᠣᠷᠮ᠎ᠠ  ᠶᠢ ᠳᠣᠰᠪᠣᠷᠢ 32.9% ᠪᠠ 80% ᠬᠦᠷᠬᠡᠪᠠ᠃ ᠣᠷᠴᠢᠨ ᠳᠣᠭᠤᠷᠢᠨ ᠤ ᠬᠠᠮᠠᠭᠠᠯᠠᠯᠳᠠ ᠶᠢᠨ ᠡᠷᠴᠢᠮ ᠢ ᠦᠷᠬᠦᠯᠵᠢᠯᠡᠨ ᠶᠡᠬᠡᠰᠬᠡᠵᠣ᠂ 60 ᠭᠠᠷᠦᠢ ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ ᠡᠯ᠎ᠡ ᠬᠦᠷᠢᠶᠠᠯᠠᠩ ᠳᠣᠭᠤᠷᠢᠭ ᠤᠨ ᠪᠣᠬᠢᠷ ᠣᠰᠣ ᠰᠢᠢᠳᠪᠣᠷᠢᠯᠡᠬᠦ ᠭᠠᠵᠠᠷ᠂ ᠰᠢᠭᠠᠷᠣ ᠰᠢᠢᠳᠪᠣᠷᠢᠯᠡᠬᠦ ᠳᠠᠯᠠᠪᠣᠷ᠂ ᠬᠤᠭ ᠨᠣᠪᠰᠢ ᠪᠣᠯᠠᠵᠣ ᠰᠢᠢᠳᠪᠣᠷᠢᠯᠡᠬᠦ ᠳᠠᠯᠠᠪᠣᠷ᠂ ᠣᠨᠴᠠ ᠡᠬᠦᠷᠬᠡᠳᠣ ᠭᠠᠯ ᠣᠨᠳᠠᠷᠠᠭᠠᠬᠤ ᠦᠷᠳᠡᠭᠡ ᠵᠡᠷᠬᠡ ᠲᠦᠷᠥᠯ ᠵᠣᠶᠢᠯ ᠢ ᠬᠡᠷᠡᠭᠵᠢᠬᠦᠯᠵᠣ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ ᠤᠨ ᠲᠦᠷᠥᠯ ᠵᠣᠶᠢᠯ ᠤᠨ ᠠᠭᠤᠷᠬᠠᠢ ᠶᠢᠨ ᠬᠤᠣᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠵᠡᠷᠬᠡ ᠨᠢᠬᠡ ᠪᠦᠯᠥᠭ ᠰᠠᠭᠤᠷᠢ ᠢᠨᠵᠧᠨᠧᠷᠢᠩ ᠢ ᠬᠡᠷᠡᠭᠯᠡᠯᠳᠡ  ᠳᠤ ᠣᠷᠣᠭᠤᠯᠪᠠ᠃ ᠪᠣᠬᠢᠷᠳᠣᠯ ᠲᠠᠢ ᠪᠣᠳᠠᠰ ᠤᠨ ᠰᠦᠯᠵᠢᠶᠠᠨ ᠳᠡᠬᠡᠷᠡᠬᠢ ᠬᠢᠨᠡᠨ ᠡᠵᠡᠮᠰᠢᠯ ᠤᠨ ᠲᠦᠪ ᠪᠠ 5 ᠰᠣᠮᠣ ᠪᠠᠯᠭᠠᠰᠣᠨ ᠤ ᠠᠭᠠᠷ ᠮᠠᠨᠳᠠᠯ ᠤᠨ ᠴᠡᠪᠡᠷᠴᠠ ᠶᠢᠨ ᠠᠦ᠋ᠲ᠋ᠤ᠋ ᠬᠢᠨᠡᠨ ᠬᠡᠮᠵᠢᠯᠳᠡ ᠶᠢᠨ ᠦᠷᠳᠡᠭᠡ ᠶᠢ ᠰᠦᠯᠵᠢᠶᠠᠵᠢᠬᠦᠯᠥᠨ ᠠᠵᠢᠯᠯᠠᠭᠤᠯᠵᠣ᠂ ᠪᠦᠬᠦ ᠬᠤᠰᠢᠭᠤᠨ ᠤ ᠣᠷᠴᠢᠨ ᠳᠣᠭᠤᠷᠢᠨ ᠤ ᠶᠠᠰᠣ ᠴᠢᠨᠡᠷ ᠤᠨ ᠬᠢᠨᠠᠯᠳᠠ ᠶᠢ ᠨᠡᠶᠢᠳᠠᠮᠵᠢᠬᠦᠯᠪᠠ᠃ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠭᠳᠠᠴᠠ ᠶᠢ ᠪᠦᠷᠢᠨᠰᠢᠬᠦᠯᠪᠠ᠃ ᠣᠷᠴᠢᠨ ᠳᠣᠭᠤᠷᠢᠨ ᠤ ᠪᠣᠬᠢᠷᠳᠣᠯ ᠤᠨ ᠭᠤᠷᠪᠠᠳᠣᠭᠠᠷ ᠡᠳᠡᠬᠡᠳ ᠤᠨ ᠵᠠᠰᠠᠯᠳᠡ ᠶᠢ ᠬᠡᠷᠡᠭᠵᠢᠬᠦᠯᠵᠣ᠂ ᠪᠠᠶᠢᠭᠠᠯᠢ  ᠶᠢᠨ ᠰᠢᠳᠠᠮᠠᠬᠠᠢ ᠬᠡᠢ ᠦᠷᠣᠮᠳᠠᠬᠦ ᠳᠤ ︽ᠠᠵᠣ ᠣᠶᠢᠯᠡᠳᠪᠣᠷᠢ ᠶᠢᠨ ᠬᠡᠷᠡᠭᠯᠡᠬᠡᠨ ᠤ ᠰᠢᠩᠬᠡᠨ ᠰᠢᠪᠡᠷ ᠢ ᠭᠠᠵᠠᠷ ᠲᠤ ᠬᠦᠷᠬᠡᠬᠦ ᠦᠬᠡᠢ︾ ᠪᠠᠶᠢᠬᠤ ᠶᠢ ᠪᠠᠶᠠᠯᠡᠬᠦᠯᠪᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢᠳᠣ ᠬᠦᠰᠦᠨᠦᠭᠳᠣ ᠶᠢ ᠨᠠᠶᠢᠷᠠᠭᠤᠯᠣᠨ ᠳᠣᠭᠳᠠᠭᠠᠬᠤ ᠠᠵᠢᠯ ᠢ ᠦᠷᠨᠢᠬᠦᠯᠵᠣ᠂ ᠣᠰᠣᠨ ᠰᠣᠷᠪᠣᠯᠵᠢ ᠶᠢᠨ ᠣᠷᠣᠨ ᠤ ᠬᠠᠮᠠᠭᠠᠯᠠᠯᠳᠠ ᠶᠢ ᠴᠢᠩᠭᠠᠳᠬᠠᠵᠣ ᠣᠰᠣᠨ ᠡᠬᠢ ᠰᠣᠷᠪᠣᠯᠵᠢ ᠶᠢᠨ ᠬᠠᠮᠢᠶᠠᠷᠣᠯᠳᠠ ᠶᠢᠨ ᠬᠠᠮᠤᠭ ᠴᠢᠩᠭ᠎ᠠ ᠲᠦᠷᠢᠮ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠪᠠ᠃ ᠪᠣᠬᠢᠷᠳᠣᠯ ᠦᠬᠡᠢ ᠣᠶᠢᠯᠡᠳᠪᠣᠷᠢᠯᠡᠯ ᠤᠨ ᠮᠡᠷᠬᠡᠵᠢᠯ ᠤᠨ ᠬᠡᠷᠡᠭᠯᠡᠯᠳᠡ ᠶᠢᠨ ᠬᠡᠪᠴᠢᠶ᠎ᠠ ᠶᠢ ᠦᠷᠬᠡᠳᠬᠡᠵᠣ ᠳᠡᠭᠡᠳᠣ ᠱᠠᠳᠣᠨ ᠠᠴᠠ ᠪᠠᠭᠤᠯᠭᠠᠭᠰᠠᠨ ᠲᠦᠮᠡᠨ ᠲᠦᠬᠦᠷᠢᠭ ᠤᠨ GDP ᠤᠨ ᠡᠨᠧᠷᠬᠢ ᠶᠢᠨ ᠬᠤᠷᠣᠭᠳᠠᠯ᠂ ᠣᠰᠣᠨ ᠤ ᠬᠤᠷᠣᠭᠳᠠᠯ ᠢ ᠡᠵᠡᠮᠳᠡᠬᠦ ᠬᠠᠷᠠᠯᠳᠠ ᠶᠢ ᠪᠠᠶᠠᠯᠡᠬᠦᠯᠪᠠ᠃      — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠷᠠᠳ ᠤᠨ ᠠᠮᠢᠳᠣᠷᠠᠯ ᠤᠨ ᠴᠢᠨᠡᠷ ᠪᠦᠳᠣᠮᠵᠢ ᠶᠢ ᠢᠯᠡᠷᠬᠡᠢ ᠳᠡᠬᠡᠭᠰᠢᠯᠡᠬᠦᠯᠵᠣ᠂ ᠨᠡᠶᠢᠬᠡᠮ ᠤᠨ ᠪᠠᠳᠣᠯᠠᠪᠣᠷᠢ ᠶᠢᠨ ᠰᠢᠰᠲ᠋ᠧᠮ ᠢ ᠳᠠᠰᠣᠷᠠᠯᠳᠡ ᠦᠬᠡᠢ ᠳᠡᠬᠦᠯᠳᠡᠷᠵᠢᠬᠦᠯᠥᠭᠰᠡᠨ ᠳᠠᠪᠣᠨ ᠵᠢᠯ ᠪᠣᠯᠣᠨ᠎ᠠ᠃ ᠨᠠᠶᠢᠳᠠ 145 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ ᠂ ᠨᠡᠶᠢᠬᠡᠮ ᠤᠨ ᠪᠠᠳᠣᠯᠠᠭ᠎ᠠ ᠶᠢᠨ ᠳᠣᠣᠷ ᠢ ᠨᠢᠭᠳᠠ ᠰᠦᠯᠵᠢᠵᠣ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠵᠤᠯ ᠵᠢᠷᠭᠠᠯ ᠢ ᠨᠡᠮᠡᠭᠳᠡᠬᠦᠯᠪᠠ᠃ ᠶᠠᠳᠠᠭᠤ ᠶᠢ ᠳᠡᠳᠬᠦᠬᠦ ᠡᠬᠢ ᠪᠠᠶᠠᠯᠢᠭ ᠢ ᠨᠢᠬᠡᠳᠬᠡᠨ ᠨᠠᠷᠢᠯᠢᠭ ᠣᠨᠣᠪᠴᠢᠳᠠᠢ ᠪᠠᠷ ᠶᠠᠳᠠᠭᠤ ᠶᠢ ᠳᠡᠳᠬᠦᠬᠦ ᠶᠢ ᠬᠡᠷᠡᠭᠵᠢᠬᠦᠯᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠨᠠᠶᠢᠳᠠ 10538 ᠬᠦᠮᠦᠨ ᠴᠦᠬᠡᠳᠬᠡᠵᠣ᠂ ᠳᠣᠬᠢᠳᠠᠢ ᠣᠷᠣᠨ ᠳᠤᠨᠢ ᠨᠡᠬᠦᠯᠬᠡᠨ ᠰᠢᠯᠵᠢᠬᠦᠯᠬᠦ ᠠᠵᠢᠯ ᠢ 169 ᠡᠷᠦᠬᠡ ᠪᠠᠶᠡᠯᠡᠬᠦᠯᠵᠣ᠂ 752 ᠡᠷᠦᠬᠡ ᠠᠮᠢᠳᠣᠷᠠᠯ ᠳᠤ ᠪᠠᠨ ᠳᠣᠶᠢᠯ ᠤᠨ ᠬᠦᠴᠢᠷᠳᠡᠯᠳᠡᠢ ᠣᠯᠠᠨ ᠲᠦᠮᠡᠨ ᠳᠤ ᠬᠡᠷ ᠪᠠᠶᠢᠰᠢᠩ ᠪᠠᠷᠢᠵᠣ᠂ ᠡᠬᠦᠨ ᠳᠤ ᠴᠦᠬᠡᠨ ᠳᠣᠭᠠᠳᠣ ᠦᠨᠳᠣᠰᠣᠳᠠᠨ 574 ᠡᠷᠦᠬᠡ ᠪᠣᠢ᠃ 11940 ᠬᠦᠮᠦᠰ ᠢ ᠬᠤᠳᠠ ᠪᠠᠯᠭᠠᠰᠣᠨ  ᠳᠤ ᠰᠢᠨ᠎ᠡ ᠪᠠᠷ ᠠᠵᠢᠯ ᠣᠯᠭᠤᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 400 ᠭᠠᠷᠭᠠᠵᠣ᠂ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ 501 ᠰᠣᠷᠣᠭᠴᠢ ᠶᠢ ᠨᠠᠶᠢᠳᠠᠨ ᠬᠦᠮᠦᠵᠢᠬᠦᠯᠵᠣ᠂ ᠠᠵᠢᠯ ᠣᠯᠭᠤᠵᠣ ᠣᠶᠢᠯᠡᠰ ᠪᠣᠰᠬᠠᠬᠤ ᠠᠵᠢᠯ ᠤᠨ ᠵᠢᠬᠡᠯᠡᠯᠬᠡ ᠶᠢ 9671 ᠲᠦᠮᠡᠨ ᠲᠦᠬᠦᠷᠢᠭ ᠳᠠᠯᠪᠢᠵᠣ᠂ ᠶᠡᠭᠡ ᠰᠣᠷᠭᠠᠭᠤᠯᠢ ᠶᠢᠨ ᠰᠣᠷᠣᠭᠴᠢᠳ ᠤᠨ ᠣᠶᠢᠯᠡᠰ ᠪᠣᠰᠬᠠᠬᠤ ᠬᠦᠷᠢᠶᠠᠯᠠᠩ ᠪᠠ ᠮᠠᠯᠴᠢᠨ ᠳᠠᠷᠢᠶᠠᠴᠢᠳ ᠨᠣᠳᠤᠭ ᠲᠠᠭᠠᠨ ᠪᠣᠴᠠᠨ ᠣᠶᠢᠯᠡᠰ ᠪᠣᠰᠬᠠᠬᠤ ᠬᠦᠷᠢᠶᠠᠯᠠᠩ ᠢ ᠪᠠᠶᠢᠭᠤᠯᠪᠠ᠃ ᠭᠤᠷᠪᠠᠳᠣᠭᠠᠷ ᠳᠣᠷᠰᠢᠯᠳᠠ ᠶᠢᠨ ᠪᠠᠭ᠎ᠠ ᠰᠣᠷᠭᠠᠭᠤᠯᠢ᠂ ᠮᠣᠩᠭᠤᠯ ᠦᠨᠳᠣᠰᠣᠳᠠᠨ ᠤ ᠬᠡᠣᠬᠡᠳ ᠤᠨ ᠴᠡᠴᠡᠷᠯᠢᠭ ᠵᠡᠷᠬᠡ 24 ᠰᠣᠷᠭᠠᠭᠤᠯᠢ ᠶᠢ ᠰᠢᠨ᠎ᠡ ᠪᠠᠷ ᠪᠠᠶᠢᠭᠤᠯᠣᠭᠰᠠᠨ ᠪᠠ ᠨᠡᠬᠦᠯᠬᠡᠨ ᠪᠠᠶᠢᠭᠤᠯᠵᠣ ᠦᠬᠡᠷᠡᠴᠢᠯᠡᠨ ᠪᠠᠶᠢᠭᠤᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠶᠡᠬᠡᠪᠡᠷ ᠰᠠᠶᠢᠵᠢᠷᠠᠭᠤᠯᠪᠠ︔ ᠨᠠᠷᠠᠳᠣ ᠪᠠᠭᠰᠢᠨᠡᠷ ᠤᠨ ᠱᠠᠳᠣᠴᠢ ᠡᠩᠨᠡᠬᠡᠨ ᠤ ᠪᠠᠶᠢᠭᠤᠯᠣᠯᠳᠠ ᠶᠢᠨ ᠢᠨᠵᠧᠨᠧᠷᠢᠩ ᠢ ᠠᠬᠢᠭᠤᠯᠵᠣ᠂ ᠪᠠᠭᠰᠢᠨᠡᠷ ᠤᠨ ᠦᠷ᠎ᠡ ᠪᠦᠳᠣᠮᠵᠢ ᠶᠢᠨ ᠴᠡᠯᠢᠩ ᠢ ᠬᠦᠢᠴᠡᠳ ᠳᠤᠭ᠎ᠠ ᠪᠠᠷ ᠨᠢ ᠣᠯᠭᠤᠵᠣ᠂ 450 ᠨᠠᠷᠠᠰ ᠪᠠᠭᠰᠢ ᠣᠷᠢᠨ ᠠᠪᠴᠢᠷᠠᠪᠠ︔ ᠦᠨᠳᠣᠰᠣᠳᠠᠨ ᠤ ᠰᠣᠷᠭᠠᠨ ᠬᠦᠮᠦᠵᠢᠯ ᠤᠨ ᠪᠦᠬᠦ ᠬᠤᠳᠠ ᠳᠤ ᠣᠷᠣᠶᠢᠯᠠᠭᠰᠠᠨ ᠬᠢᠷᠢ ᠲᠦᠪᠰᠢᠨ ᠢ ᠪᠠᠳᠣᠯᠠᠪᠠ︔ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠬᠦᠭᠵᠢᠯᠳᠡ ᠦᠨᠳᠣᠰᠣᠨ ᠳᠡᠭᠡᠨ ᠳᠡᠩᠴᠡᠬᠦᠷᠢᠳᠡᠢ ᠪᠠᠶᠢᠬᠤ ᠬᠤᠰᠢᠭᠤᠨ ᠤ ᠰᠢᠯᠭᠠᠨ ᠬᠤᠷᠢᠶᠠᠯᠳᠠ ᠶᠢ ᠳᠣᠭᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠪᠠ ᠠᠯᠪᠠᠨ ᠠᠴᠠ ᠡᠷᠬᠢᠯᠡᠭᠰᠠᠨ ᠡᠮᠨᠡᠯᠬᠡ  ᠶᠢᠨ ᠬᠤᠷᠢᠶᠠᠨ ᠤ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠣ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠶᠢ ᠨᠡᠬᠦᠯᠬᠡᠨ ᠰᠢᠯᠵᠢᠬᠦᠯᠬᠦ ᠠᠵᠢᠯ ᠢ ᠪᠠᠶᠠᠯᠡᠬᠦᠯᠵᠣ ᠠᠯᠪᠠᠨ ᠠᠴᠠ ᠡᠷᠬᠢᠯᠡᠭᠰᠠᠨ ᠡᠮᠨᠡᠯᠬᠡ ᠶᠢᠨ ᠪᠠᠶᠢᠭᠤᠯᠣᠮᠵᠢ ᠳᠤ 157 ᠡᠪᠡᠳᠴᠢᠳᠠᠨ ᠤ ᠤᠷᠣ ᠶᠢ ᠰᠢᠨ᠎ᠡ ᠨᠡᠮᠡᠵᠣ᠂ ︽ᠡᠷᠡᠬᠦᠯ ᠡᠩᠬᠡ ᠦᠣᠰᠢᠨ︾ ᠤ ᠪᠠᠶᠢᠭᠤᠯᠣᠯᠳᠠ ᠶᠢᠨ ᠬᠢᠷᠢ ᠲᠦᠪᠰᠢᠨ ᠢ ᠢᠯᠡᠳᠳᠡ ᠳᠡᠬᠡᠭᠰᠢᠯᠡᠬᠦᠯᠪᠠ᠃ ︽4334︾ ᠰᠣᠶᠣᠯ ᠢᠶᠠᠷ ᠠᠷᠠᠳ ᠲᠤ ᠠᠰᠢᠭ ᠬᠦᠷᠳᠡᠬᠡᠬᠦ ᠢᠨᠵᠧᠨᠧᠷᠢᠩ ᠢ ᠬᠡᠷᠡᠭᠵᠢᠬᠦᠯᠥᠨ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ᠪᠠᠷᠢᠮᠵᠢᠶᠠᠴᠢᠯᠠᠭᠰᠠᠨ ᠪᠠᠶᠢᠭᠤᠯᠣᠯᠳᠠ ᠶᠢ ᠠᠬᠢᠭᠤᠯᠵᠣ᠂ ᠮᠠᠯᠴᠢᠨ ᠳᠠᠷᠢᠶᠠᠴᠢᠳ ᠲᠤ ᠲᠧᠯᠸᠢᠰ ᠤᠨ 30 ᠫᠷᠦᠭᠷᠡᠮ ᠢ ᠲᠥᠯᠥᠪᠣᠷᠢ ᠦᠬᠡᠢ ᠬᠦᠯᠢᠶᠠᠨ ᠦᠵᠡᠬᠦᠯᠵᠣ᠂ ᠬᠤᠳᠠ ᠪᠠᠯᠭᠠᠰᠣᠨ ᠤ ᠠᠷᠪᠠᠨ ᠮᠢᠨᠦ᠋ᠲ ᠲᠤ ᠬᠦᠷᠬᠦ᠂ ᠳᠠᠷᠢᠶᠠᠯᠠᠬᠤ ᠣᠷᠣᠨ ᠤ ᠬᠤᠶᠠᠷ ᠺᠢᠯᠣᠮᠧᠲᠷ ᠵᠠᠶᠢᠳᠠᠢ᠂ ᠮᠠᠯᠵᠢᠬᠤ ᠣᠷᠣᠨ ᠤ ᠠᠷᠪᠠᠨ ᠺᠢᠯᠣᠮᠧᠲᠷ ᠵᠠᠶᠢᠳᠠᠢ ᠣᠯᠠᠨ ᠨᠠᠶᠢᠳᠠ ᠶᠢᠨ ᠰᠣᠶᠣᠯ ᠤᠨ ᠳᠣᠭᠤᠷᠢᠭ ᠢ ᠦᠨᠳᠣᠰᠣᠨ ᠳᠡᠭᠡᠨ ᠪᠦᠷᠢᠯᠳᠦᠬᠦᠯᠪᠠ᠃ ᠨᠠᠰᠣᠳᠠᠨ ᠤ ᠬᠦᠷᠢᠶᠠᠯᠠᠩ 2᠂ ᠨᠠᠰᠣᠳᠠᠨ ᠢ ᠠᠰᠠᠷᠠᠨ ᠰᠣᠪᠢᠯᠠᠬᠤ ᠬᠦᠷᠢᠶᠠᠯᠠᠩ 1᠂ ᠵᠣᠯ ᠵᠢᠷᠭᠠᠯᠳᠣ ᠬᠠᠷᠢᠯᠴᠠᠨ ᠬᠠᠪᠰᠣᠷᠣᠯᠴᠠᠬᠤ ᠨᠠᠰᠣᠳᠠᠨ ᠤ ᠠᠰᠠᠷᠠᠮᠵᠢ ᠶᠢᠨ ᠬᠦᠷᠢᠶᠠᠯᠡᠩ 12 ᠢ ᠪᠦᠳᠦᠬᠡᠨ ᠪᠠᠶᠢᠭᠤᠯᠣᠭᠰᠠᠨ ᠪᠠᠶᠢᠨ᠎ᠠ᠃ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ  ᠤᠨ ᠪᠠᠳᠣᠯᠠᠭ᠎ᠠ ᠶᠢᠨ ᠪᠠᠷᠢᠮᠵᠢᠶ᠎ᠠ ᠶᠢ 2012 ᠣᠨ ᠤ ᠬᠦᠮᠦᠨ ᠪᠣᠯᠭᠠᠨ ᠰᠠᠷ᠎ᠠ ᠪᠦᠷᠢ 500 ᠲᠦᠬᠦᠷᠢᠭ ᠪᠠ 360 ᠲᠦᠬᠦᠷᠢᠭ ᠠᠴᠠ ᠳᠡᠬᠡᠭᠰᠢᠯᠡᠬᠦᠯᠥᠬᠡᠳ ᠬᠦᠮᠦᠨ ᠪᠣᠯᠭᠠᠨ ᠰᠠᠷ᠎ᠠ ᠪᠦᠷᠢ 584 ᠲᠦᠬᠦᠷᠢᠭ ᠪᠠ 439 ᠲᠦᠬᠦᠷᠢᠭ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠠᠰᠠᠷᠠᠮᠵᠢ ᠶᠢᠨ ᠳᠠᠭᠠᠳᠬᠠᠯ  ᠤᠨ ᠣᠯᠭᠤᠮᠵᠢ ᠶᠢ 2012 ᠣᠨ ᠤ ᠬᠦᠮᠦᠨ ᠪᠣᠯᠭᠠᠨ ᠰᠠᠷ᠎ᠠ ᠪᠦᠷᠢ 260 ᠲᠦᠬᠦᠷᠢᠭ ᠪᠠ 450 ᠲᠦᠬᠦᠷᠢᠭ  ᠠᠴᠠ ᠳᠡᠬᠡᠭᠰᠢᠯᠡᠬᠦᠯᠥᠬᠡᠳ ᠬᠦᠮᠦᠨ ᠪᠣᠯᠭᠠᠨ ᠰᠠᠷ᠎ᠠ ᠪᠦᠷᠢ 340 ᠲᠦᠬᠦᠷᠢᠭ ᠪᠠ 580 ᠲᠦᠬᠦᠷᠢᠭ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ ᠡᠮᠨᠡᠯᠬᠡ ᠶᠢᠨ ᠳᠠᠭᠠᠳᠬᠠᠯ ᠤᠨ ᠬᠤᠷᠰᠢᠭᠰᠠᠨ ᠡᠮᠨᠡᠯᠬᠡ  ᠳᠤ ᠣᠷᠣᠯᠴᠠᠬᠰᠠᠨ ᠨᠣᠷᠮ᠎ᠠ ᠶᠢ 97.5% ᠬᠦᠷᠬᠡᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠵᠠᠭᠤᠨ ᠡᠷᠦᠬᠡ ᠳᠠᠬᠢ ᠬᠡᠷ ᠪᠦᠯᠢ ᠶᠢᠨ ᠬᠡᠷᠡᠭᠯᠡᠬᠡᠨ ᠤ ᠮᠠᠰᠢᠨ ᠳᠡᠷᠬᠡ 67 ᠪᠠ 58 ᠪᠠᠶᠢᠵᠣ᠂ 2012 ᠣᠨ ᠤ ᠬᠢ ᠠᠴᠠ 7 ᠪᠠ 35 ᠨᠡᠮᠡᠭᠳᠡᠪᠠ᠃ ᠬᠠᠯᠢᠭᠤᠳᠣ ᠶᠢᠨ ᠰᠦᠮ᠎ᠡ ᠵᠡᠷᠬᠡ ᠶᠢ ᠬᠠᠮᠠᠭᠠᠯᠠᠨ ᠵᠠᠰᠠᠬᠤ ᠢᠨᠵᠧᠨᠧᠷᠢᠩ ᠢ ᠪᠠᠶᠠᠯᠡᠬᠦᠯᠵᠣ᠂ ᠵᠠᠮ᠂ ᠴᠠᠬᠢᠯᠭᠠᠨ ᠨᠡᠪᠳᠡᠷᠡᠬᠦ ᠪᠠᠷᠢᠯᠭ᠎ᠠ ᠶᠢ ᠬᠡᠷᠡᠭᠵᠢᠬᠦᠯᠥᠨ ᠪᠦᠢᠳᠠ ᠪᠦᠭᠯᠡᠬᠦᠦ ᠠᠯᠣᠰ ᠬᠤᠯᠠ ᠭᠠᠵᠠᠷ ᠣᠷᠣᠨ ᠤ ᠴᠦᠬᠡᠨ ᠳᠣᠭᠠᠳᠣ ᠦᠨᠳᠣᠰᠣᠳᠠᠨ ᠤ ᠭᠠᠳᠠᠭᠰᠢ ᠳᠣᠳᠣᠭᠰᠢ ᠶᠠᠪᠣᠬᠤ ᠪᠠ ᠴᠠᠬᠢᠯᠭᠠᠨ ᠬᠡᠷᠡᠭᠯᠡᠬᠦ ᠠᠰᠠᠭᠤᠳᠠᠯ ᠢ ᠦᠨᠳᠣᠰᠣᠨ ᠳᠡᠭᠡᠨ ᠰᠢᠢᠳᠪᠣᠷᠢᠯᠡᠪᠠ᠃      — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠦᠬᠡᠷᠡᠴᠢᠯᠡᠯᠳᠡ ᠶᠢᠨ ᠠᠬᠢᠴᠠ ᠪᠠᠨ ᠳᠠᠰᠣᠷᠠᠯᠳᠠ ᠦᠬᠡᠢ ᠲᠦᠷᠬᠡᠳᠬᠡᠵᠣ᠂ ᠪᠠᠶᠢᠭᠤᠯᠣᠮᠵᠢ ᠳᠣᠭᠳᠠᠴᠠ ᠶᠢ ᠳᠠᠰᠣᠷᠠᠯᠳᠡ ᠦᠬᠡᠢ ᠰᠢᠨ᠎ᠡ ᠪᠠᠷ ᠡᠬᠦᠳᠣᠭ᠍ᠰᠠᠨ ᠳᠠᠪᠣᠨ ᠵᠢᠯ ᠪᠣᠯᠣᠨ᠎ᠠ᠃ ᠬᠦᠭᠵᠢᠯᠳᠡ ᠶᠢᠨ ᠰᠢᠨ᠎ᠡ ᠣᠶᠢᠯᠡᠭᠠᠭᠳᠠᠬᠤᠨ ᠢ ᠬᠦᠨᠵᠡᠬᠡᠢ ᠳᠣᠣᠱᠯᠠᠭᠤᠯᠣᠨ ᠨᠠᠶᠢᠳᠠᠪᠣᠷᠢᠵᠢᠭᠤᠯᠵᠣ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠣ᠂ ᠵᠢᠵᠢᠭ ᠪᠢᠴᠢᠯ ᠠᠵᠣ ᠠᠬᠤᠶᠢᠯᠡᠯ ᠢ ᠳᠡᠮᠵᠢᠬᠦ ᠲᠦᠷᠦ ᠶᠢᠨ ᠪᠣᠳᠣᠯᠭ᠎ᠠ᠂ ᠠᠷᠭ᠎ᠠ ᠪᠠᠷᠢᠯ ᠢ ᠨᠠᠶᠢᠳᠠᠪᠣᠷᠢᠵᠢᠭᠤᠯᠣᠨ ᠡᠵᠡᠩᠨᠡᠯᠳᠡ ᠶᠢᠨ ᠭᠠᠶᠢᠯᠢ ᠶᠢ ᠦᠬᠡᠷᠡᠴᠢᠯᠡᠬᠡᠳ ᠨᠡᠮᠡᠭᠳᠡᠯ ᠤᠨ ᠭᠠᠶᠢᠯᠢ ᠪᠣᠯᠭᠠᠨ ᠬᠤᠷᠢᠶᠠᠬᠤ ᠲᠦᠷᠢᠮ ᠤᠨ ᠦᠬᠡᠷᠡᠴᠢᠯᠡᠯᠳᠡ ᠶᠢ ᠪᠠᠶᠠᠯᠡᠬᠦᠯᠵᠣ᠂ ᠴᠠᠬᠢᠯᠭᠠᠨ ᠬᠦᠴᠦᠨ ᠢ ᠣᠯᠠᠨ ᠳᠠᠯ᠎ᠠ ᠳᠤ ᠠᠷᠠᠯᠵᠢᠶᠠᠯᠠᠬᠤ ᠪᠠᠷ ᠳᠡᠮᠵᠢᠨ ᠠᠵᠣ ᠠᠬᠤᠶᠢᠯᠡᠯ ᠤᠨ ᠳᠠᠷᠣᠭᠠᠰᠣ ᠶᠢ 3 ᠳ᠋ᠦᠩᠰᠢᠭᠤᠷ ᠲᠦᠬᠦᠷᠢᠭ ᠬᠦᠩᠬᠡᠷᠡᠬᠦᠯᠪᠠ᠃ ᠳᠠᠪᠣᠨ ᠵᠢᠯ ᠳᠤ ᠨᠠᠶᠢᠳᠠ ᠳᠣᠮᠳᠠ ᠵᠢᠵᠢᠭ ᠪᠢᠴᠢᠯ ᠠᠵᠣ ᠠᠬᠤᠶᠢᠯᠡᠯ ᠢ 1900᠂ ᠬᠤᠪᠢ ᠡᠵᠡᠩᠨᠡᠯᠳᠡ ᠶᠢᠨ ᠣᠶᠢᠯᠡᠳᠪᠣᠷᠢ ᠬᠤᠳᠠᠯᠳᠣᠭᠠᠨ ᠤ ᠡᠷᠦᠬᠡ ᠶᠢ 7000᠂ ᠡᠬᠦᠳᠣᠯᠳᠠ ᠶᠢᠨ ᠳᠣᠰᠬᠠᠢ ᠠᠰᠢᠭ ᠤᠨ ᠡᠷᠬᠡ ᠶᠢᠨ ᠬᠡᠷᠡᠭᠯᠡᠬᠡᠨ ᠪᠠ ᠰᠢᠨ᠎ᠡ ᠬᠡᠯᠪᠠᠷᠢ ᠶᠢᠨ ᠳᠣᠰᠬᠠᠢ ᠠᠰᠢᠭ ᠤᠨ ᠡᠷᠬᠡ ᠶᠢ ᠰᠢᠨ᠎ᠡ ᠪᠠᠷ 48 ᠨᠡᠮᠡᠭᠳᠡᠬᠦᠯᠪᠠ᠃ 34 ᠲᠦᠮᠡᠨ ᠳᠡᠭᠰᠢ ᠲᠦᠷᠪᠡᠯᠵᠢᠨ ᠮᠧᠲᠷ ᠤᠨ ᠬᠦᠮᠦᠷᠬᠡᠯᠡᠭᠳᠡᠵᠣ ᠪᠠᠶᠢᠬᠤ ᠣᠷᠣᠨ ᠰᠠᠭᠤᠴᠠ ᠢ ᠰᠢᠢᠳᠪᠣᠷᠢᠯᠡᠭᠰᠡᠨ ᠪᠠᠶᠢᠨ᠎ᠠ᠃ ᠡᠷᠬᠡ ᠶᠢᠨ ᠨᠠᠷᠢᠨ ᠳᠠᠩᠰᠠ ᠪᠠ ᠬᠢᠨᠠᠨ ᠬᠠᠮᠢᠶᠠᠷᠣᠯᠳᠠ  ᠶᠢᠨ ᠨᠠᠷᠢᠨ ᠳᠠᠩᠰᠠ ᠶᠢ ᠬᠠᠣᠯᠢ ᠶᠣᠰᠣᠭᠠᠷ ᠨᠡᠶᠢᠳᠠᠯᠠᠵᠣ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠯ ᠤᠨ ︽ᠭᠤᠷᠪᠠ  ᠶᠢ ᠲᠦᠪᠯᠡᠷᠡᠬᠦᠯᠵᠣ᠂ ᠭᠤᠷᠪᠠ ᠶᠢ ᠨᠠᠶᠢᠳᠠᠪᠣᠷᠢᠵᠢᠭᠤᠯᠬᠤ︾ ᠶᠢ ᠠᠬᠢᠭᠤᠯᠪᠠ︔ ᠣᠶᠣᠨᠴᠢ ᠵᠠᠰᠠᠭ ᠤᠨ ᠶᠠᠪᠣᠳᠠᠯ ᠢ ᠰᠦᠯᠵᠢᠶᠠᠵᠢᠬᠦᠯᠥᠨ ᠠᠵᠢᠯᠯᠠᠭᠤᠯᠵᠣ ᠦᠯᠣ ᠬᠦᠳᠡᠯᠬᠦ ᠬᠦᠷᠦᠩᠬᠡ ᠢ ᠨᠢᠬᠡᠳᠣᠯᠳᠡᠢ ᠳᠠᠩᠰᠠᠯᠠᠬᠤ ᠶᠢ ᠪᠠᠶᠠᠯᠡᠬᠦᠯᠵᠣ ᠣᠯᠠᠨ ᠲᠦᠮᠡᠨ ᠤ ᠠᠵᠢᠯ ᠶᠠᠪᠣᠳᠠᠯ ᠢᠶᠠᠨ ᠬᠦᠢᠴᠡᠳᠬᠡᠬᠦ ᠳᠤ ᠨᠡᠩ ᠲᠦᠬᠦᠮ ᠳᠦᠳᠡ ᠪᠣᠯᠭᠠᠪᠠ᠃ ᠳᠣᠮᠳᠠ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠯᠡᠭᠡ ᠶᠢᠨ ᠬᠠᠮᠢᠶᠠᠷᠣᠯᠳᠠ ᠶᠢ ᠬᠡᠷᠡᠭᠵᠢᠬᠦᠯᠵᠣ᠂ ᠣᠨ ᠠᠯᠣᠰᠯᠠᠭᠰᠠᠨ ᠲᠦᠰᠦᠪ ᠤᠨ ᠳᠡᠩᠴᠡᠬᠦᠷᠢᠳᠣ ᠳᠣᠭᠳᠠᠴᠠ ᠶᠢ ᠪᠠᠶᠢᠭᠤᠯᠪᠠ᠃ ᠠᠮᠣ ᠪᠣᠳᠠᠭᠠᠨ ᠤ ᠠᠵᠢᠯ ᠤᠨ ᠬᠦᠷᠢᠶᠠᠨ ᠳᠠᠬᠢ ᠬᠤᠯᠢᠮᠠᠭ ᠦᠮᠴᠢᠯᠡᠯ ᠤᠨ ᠦᠬᠡᠷᠡᠴᠢᠯᠡᠯᠳᠡ ᠶᠢᠨ ᠦᠷ᠎ᠡ ᠪᠦᠳᠣᠮᠵᠢ ᠢᠯᠡᠷᠬᠡᠢ ᠪᠠᠶᠢᠵᠣ᠂ ᠠᠮᠣ ᠪᠣᠳᠠᠭᠠᠨ ᠤ ᠬᠦᠮᠦᠷᠬᠡ ᠶᠢᠨ ᠪᠠᠭᠳᠠᠭᠠᠮᠵᠢ ᠶᠢ ᠰᠢᠨ᠎ᠡ ᠪᠠᠷ 7.5 ᠲᠦᠮᠡᠨ ᠳᠣᠠᠨ᠋ᠨ ᠨᠡᠮᠡᠭᠳᠡᠬᠦᠯᠪᠠ᠃ ᠡᠷᠦᠬᠡ ᠠᠮᠠ ᠶᠢᠨ ᠳᠠᠩᠰᠠᠨ ᠲᠦᠷᠢᠮ᠂ ᠬᠦᠯ ᠪᠦᠮᠪᠦᠭᠡ᠂ ᠮᠦᠩᠬᠦᠨ ᠬᠦᠢᠯᠬᠡᠬᠡ ᠵᠡᠷᠬᠡ ᠬᠦᠷᠢᠶᠠᠨ ᠤ ᠦᠬᠡᠷᠡᠴᠢᠯᠡᠯᠳᠡ ᠶᠢ ᠯᠠᠪᠳᠠᠭᠤᠨ ᠠᠬᠢᠭᠤᠯᠵᠣ᠂ ᠣᠯᠠᠨ ᠨᠠᠶᠢᠳᠠ ᠶᠢᠨ ᠡᠬᠢ ᠪᠠᠶᠠᠯᠢᠭ ᠤᠨ ᠰᠣᠯᠢᠯᠴᠠᠭᠠᠨ ᠤ ᠳᠠᠪᠴᠠᠩ ᠢ ᠬᠤᠪᠢᠶᠠᠷᠢᠯᠠᠨ ᠰᠢᠯᠵᠢᠬᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠤᠨ ᠲᠦᠷᠢᠮ ᠢ ᠨᠢᠬᠡᠳᠬᠡᠬᠦ᠂ ᠨᠠᠮ ᠵᠠᠰᠠᠭ ᠤᠨ ᠪᠠᠶᠢᠭᠤᠯᠣᠯᠭ᠎ᠠ ᠪᠠ ᠠᠯᠪᠠᠳᠠᠨ ᠤ ᠬᠠᠮᠢᠶᠠᠷᠣᠯᠳᠠ ᠶᠢᠨ ᠠᠷᠭ᠎ᠠ ᠶᠢ ᠦᠨᠳᠣᠰᠣᠯᠡᠭᠰᠡᠨ ᠠᠵᠢᠯ ᠣᠶᠢᠯᠡᠰ  ᠤᠨ ᠨᠢᠬᠡᠴᠡ ᠶᠢᠨ ᠠᠯᠪᠠᠨ ᠬᠡᠷᠡᠭᠯᠡᠬᠡᠨ ᠤ ᠳᠡᠷᠬᠡ ᠵᠡᠷᠬᠡ ᠶᠢᠨ ᠦᠬᠡᠷᠡᠴᠢᠯᠡᠯᠳᠡ ᠶᠢ ᠪᠠᠶᠡᠯᠡᠬᠦᠯᠪᠠ᠃      — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠦᠨᠡᠨᠬᠦ ᠴᠢᠩᠭᠠᠳᠬᠠᠵᠣ᠂ ᠨᠡᠶᠢᠬᠡᠮ ᠤᠨ ᠵᠠᠰᠠᠯᠳᠠ ᠶᠢᠨ ᠰᠢᠰᠲ᠋ᠧᠮ ᠪᠠ ᠵᠠᠰᠠᠬᠤ ᠴᠢᠳᠠᠪᠣᠷᠢ ᠶᠢᠨ ᠣᠳᠣᠬᠢᠴᠢᠯᠠᠭᠰᠠᠨ ᠬᠢᠷᠢ ᠲᠦᠪᠰᠢᠨ ᠢ ᠳᠠᠰᠣᠷᠠᠯᠳᠡ ᠦᠬᠡᠢ ᠳᠡᠬᠡᠭᠰᠢᠯᠡᠬᠦᠯᠥᠭᠰᠡᠨ ᠳᠠᠪᠣᠨ ᠵᠢᠯ ᠪᠣᠯᠣᠨ᠎ᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠣᠶᠢᠯᠡᠳᠣᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠳᠣᠰᠬᠠᠢ ᠰᠠᠳᠣᠪᠳᠣ ᠬᠦᠮᠦᠵᠢᠯ᠂ ︽ᠬᠤᠶᠡᠷ ᠢ ᠰᠣᠷᠣᠯᠴᠠᠵᠣ ᠨᠢᠬᠡ ᠳᠤ ᠳᠠᠩᠴᠡᠬᠦᠯᠬᠦ︾ ᠰᠣᠷᠣᠯᠴᠠᠯᠭ᠎ᠠ ᠬᠦᠮᠦᠵᠢᠯ ᠢ ᠯᠠᠪᠳᠠᠭᠤᠨ ᠦᠷᠨᠢᠬᠦᠯᠵᠤ᠂ ︽ᠲᠦᠷᠪᠠᠨ ᠰᠣᠷᠳᠠᠯ︾ ᠢ ᠴᠦᠬᠦᠷᠡᠰᠢ ᠦᠬᠡᠢ ᠵᠠᠯᠠᠷᠠᠭᠤᠯᠵᠣ᠂ ᠭᠤᠷᠪᠠᠨ ᠠᠯᠪᠠᠨ ᠤ ᠵᠠᠷᠣᠳᠠᠯ ᠢ ᠦᠷᠬᠦᠯᠵᠢᠯᠡᠨ ᠳᠣᠷᠣᠭᠰᠢᠯᠠᠭᠤᠯᠪᠠ᠃ ᠬᠠᠣᠯᠢ ᠴᠠᠭᠠᠵᠠ ᠶᠢᠨ ᠵᠦᠪᠳᠡᠭᠴᠢ ᠶᠢᠨ ᠲᠦᠷᠢᠮ ᠢ ᠬᠡᠷᠡᠭᠵᠢᠬᠦᠯᠵᠣ᠂ ᠴᠢᠬᠤᠯᠠ ᠶᠡᠭᠡ ᠣᠴᠢᠷ ᠶᠠᠪᠣᠳᠠᠯ ᠳᠤ ᠣᠯᠠᠨ ᠲᠦᠮᠡᠨ ᠣᠷᠣᠯᠴᠠᠬᠤ᠂ ᠳᠣᠰᠬᠠᠢ ᠮᠡᠷᠬᠡᠵᠢᠯᠳᠡᠨ ᠨᠣᠳᠠᠯᠠᠬᠤ᠂ ᠠᠶᠣᠯ ᠲᠦᠭᠰᠢᠬᠦᠷᠢ ᠶᠢ ᠦᠨᠡᠯᠡᠬᠦ᠂ ᠬᠠᠣᠯᠢ ᠶᠣᠰᠣᠭᠠᠷ ᠬᠢᠨᠠᠨ ᠪᠠᠶᠢᠴᠠᠭᠠᠬᠤ ᠪᠠ ᠬᠠᠮᠳᠣ ᠪᠠᠷ ᠶᠠᠷᠢᠯᠴᠠᠨ ᠳᠣᠭᠳᠠᠭᠠᠬᠤ ᠶᠠᠪᠣᠴᠠ ᠶᠢ ᠴᠢᠩᠭ᠎ᠠ ᠬᠡᠷᠡᠭᠵᠢᠬᠦᠯᠵᠣ᠂ ᠳᠣᠭᠳᠠᠭᠰᠠᠨ ᠬᠤᠭᠤᠴᠠᠭ᠎ᠠ ᠲᠠᠢ ᠪᠠᠷ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠬᠦᠯᠬᠦ ᠪᠠ ᠣᠯᠣᠰ ᠲᠦᠷᠦ ᠶᠢᠨ ᠵᠦᠪᠯᠡᠯᠬᠡᠨ ᠤ ᠵᠦᠪᠯᠡᠬᠦ ᠠᠷᠠᠳᠴᠢᠯᠡᠯ ᠤᠨ ᠲᠦᠷᠢᠮ ᠢ ᠪᠦᠷᠢᠨᠰᠢᠬᠦᠯᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ᠂ ᠰᠢᠨᠵᠢᠯᠡᠬᠦ ᠣᠬᠠᠭᠠᠨᠴᠢ  ᠪᠠᠷ ᠰᠢᠢᠳᠪᠣᠷᠢ ᠳᠣᠭᠳᠠᠭᠠᠬᠤ ᠴᠢᠳᠠᠪᠣᠷᠢ ᠪᠠ ᠬᠢᠷᠢ ᠲᠦᠪᠰᠢᠨ ᠢ ᠢᠯᠡᠳᠳᠡ ᠳᠡᠬᠡᠭᠰᠢᠯᠡᠬᠦᠯᠪᠠ᠃ ᠳᠣᠰᠬᠠᠢ ᠮᠡᠷᠬᠡᠵᠢᠯᠳᠠᠨ ᠠᠴᠠ ᠬᠡᠮ ᠰᠣᠭᠤᠭ ᠢ ᠪᠠᠶᠢᠴᠠᠭᠠᠬᠤ ᠪᠠ ᠠᠮᠣᠷ ᠲᠦᠪᠰᠢᠨ ᠣᠶᠢᠯᠡᠳᠪᠣᠷᠢᠯᠡᠯ ᠤᠨ ᠨᠢᠬᠡᠳᠣᠬᠡᠷ ᠹᠷᠣᠨᠲ  ᠤᠨ ᠬᠠᠮᠢᠶᠠᠷᠣᠯᠳᠠ ᠶᠢᠨ ᠪᠠᠷᠢᠮᠵᠢᠶᠠᠴᠢᠯᠠᠭᠰᠠᠨ ᠲᠦᠷᠢᠮ ᠢ ᠪᠠᠶᠢᠭᠤᠯᠵᠣ ᠠᠶᠣᠯᠬᠦᠢ ᠣᠶᠢᠯᠡᠳᠪᠣᠷᠢᠯᠡᠯ ᠤᠨ ᠪᠠᠶᠢᠳᠠᠯ ᠢ ᠦᠷᠬᠦᠯᠵᠢᠯᠡᠨ ᠳᠣᠭᠳᠠᠭᠤᠨ ᠪᠣᠯᠭᠠᠪᠠ᠃ ᠢᠳᠡᠬᠡᠨ ᠣᠮᠳᠠᠭᠠᠨ ᠡᠮ ᠤᠨ ᠵᠣᠶᠢᠯᠡᠰ ᠢ ᠲᠦᠷᠬᠡᠨ ᠰᠢᠯᠭᠠᠨ ᠪᠠᠶᠢᠴᠠᠭᠠᠬᠤ ᠪᠠ ᠢᠳᠡᠬᠡᠨ ᠣᠮᠳᠠᠭᠠᠨ ᠤ ᠶᠠᠰᠣ ᠴᠢᠨᠡᠷ ᠤᠨ ᠠᠮᠣᠷ ᠲᠦᠪᠰᠢᠨ ᠳᠤ ᠮᠦᠷᠳᠡᠯᠳᠡ ᠬᠢᠬᠦ ᠰᠢᠰᠲ᠋ᠧᠮ ᠤᠨ ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠵᠣ ᠣᠷᠣᠨ ᠨᠣᠳᠤᠭ ᠤᠨ ᠢᠳᠡᠬᠡᠨ ᠣᠮᠳᠠᠭᠠᠨ ᠤ ᠵᠣᠶᠢᠯᠡᠰ ᠤᠨ ᠬᠦᠷᠢᠶᠠᠯᠠᠩ᠂ ᠢᠳᠡᠬᠡᠨ ᠣᠮᠳᠠᠭᠠᠨ ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠪᠠ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠣᠯᠳᠠ ᠶᠢᠨ ᠦᠷᠳᠡᠭᠡ ᠶᠢ 6 ᠪᠠᠶᠢᠭᠤᠯᠪᠠ᠃ ᠠᠷᠠᠳ ᠲᠦᠮᠡᠨ ᠪᠠ ᠨᠡᠶᠢᠬᠡᠮ ᠤᠨ ᠠᠰᠢᠭ ᠳᠣᠰᠠ ᠶᠢ ᠬᠦᠨᠳᠣ ᠨᠣᠴᠢᠳᠠᠢ ᠬᠤᠬᠢᠷᠠᠭᠤᠯᠣᠭᠰᠠᠨ ᠬᠠᠣᠯᠢ ᠵᠦᠷᠢᠴᠡᠭᠰᠡᠨ ᠡᠯ᠎ᠡ ᠲᠥᠷᠥᠯ ᠤᠨ ᠶᠡᠯᠡᠳᠣ ᠠᠵᠢᠯᠯᠠᠭ᠎ᠠ ᠳᠤ ᠴᠢᠩᠭ᠎ᠠ ᠴᠣᠬᠢᠯᠳᠡ ᠦᠭᠪᠠ᠃ ᠦᠨᠳᠣᠰᠣᠨ ᠱᠠᠳᠣᠨ ᠤ ᠳᠣᠮᠢᠯᠠᠭᠰᠠᠨ ᠰᠠᠯᠪᠣᠷᠢ ᠪᠠ ᠳᠣᠳᠣᠭᠠᠳᠣ  ᠶᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ ᠶᠢ 5 ᠰᠢᠨ᠎ᠡ ᠪᠠᠷ ᠪᠠᠶᠢᠭᠤᠯᠣᠭᠰᠠᠨ ᠪᠡ ᠦᠬᠡᠷᠡᠴᠢᠯᠡᠨ ᠪᠠᠶᠢᠭᠤᠯᠵᠣ ᠣᠯᠠᠨ ᠲᠦᠮᠡᠨᠴᠢ ᠠᠵᠢᠯ ᠤᠨ ︽ᠲᠦᠷᠪᠠᠨ ᠳᠠᠰ ᠤᠨ ᠳᠣᠣᠷ︾ ᠤᠨ ᠰᠢᠰᠲ᠋ᠧᠮ ᠢ ᠪᠠᠶᠢᠭᠤᠯᠪᠠ᠃ ︽ᠬᠦᠳᠡᠭᠡ ᠨᠣᠳᠤᠭ ᠤᠨ ᠪᠣᠯᠪᠠᠰᠣᠨ ᠰᠣᠷᠳᠠᠯ ᠤᠨ ᠠᠵᠢᠯᠯᠠᠭᠠᠨ︾ ᠢ ᠬᠦᠨᠵᠡᠬᠡᠢ ᠦᠷᠨᠢᠬᠦᠯᠵᠣ ︽ᠬᠡᠨ ᠬᠠᠣᠯᠢ ᠬᠡᠷᠡᠭᠵᠢᠬᠦᠯᠪᠠᠯ ᠬᠠᠣᠯᠢ ᠶᠢ ᠬᠡᠨ ᠲᠦᠬᠡᠮᠡᠯᠵᠢᠬᠦᠯᠬᠦ︾ ᠲᠦᠷᠢᠮ ᠢ ᠨᠠᠶᠢᠳᠠᠪᠣᠷᠢᠵᠢᠭᠤᠯᠣᠨ ᠣᠯᠠᠨ ᠲᠦᠮᠡᠨ ᠤ ᠬᠠᠣᠯᠢ ᠶᠣᠰᠣᠭᠠᠷ ᠠᠵᠢᠯᠯᠠᠬᠤ᠂ ᠣᠴᠢᠷ ᠶᠠᠪᠣᠳᠠᠯ ᠳᠣᠬᠢᠶᠠᠯᠳᠣᠪᠠᠯ ᠬᠠᠣᠯᠢ ᠶᠢ ᠬᠠᠶᠢᠬᠤ᠂ ᠠᠰᠠᠭᠤᠳᠠᠯ ᠢ ᠬᠠᠣᠯᠢ ᠪᠠᠷ ᠰᠢᠢᠳᠪᠣᠷᠢᠯᠡᠬᠦ᠂ ᠵᠦᠷᠢᠴᠡᠯ ᠵᠢᠭᠤᠷᠠᠭᠠᠨ ᠢ ᠬᠠᠣᠯᠢ ᠪᠠᠷ ᠡᠶᠡᠳᠡᠬᠦᠯᠥᠨ ᠰᠢᠢᠳᠪᠣᠷᠢᠯᠡᠬᠦ ᠠᠭᠤᠷ ᠠᠮᠢᠰᠬᠤᠯ ᠢ ᠡᠳᠦᠷ ᠢᠷᠡᠬᠦᠶ᠎ᠠ ᠵᠣᠵᠠᠭᠠᠳᠬᠠᠪᠠ᠃ ᠠᠷᠠᠳ ᠲᠦᠮᠡᠨ ᠤ ᠵᠡᠪᠰᠡᠭᠳᠣ ᠬᠡᠯᠳᠡᠰ᠂ ᠳᠠᠩᠰᠠ ᠡᠪᠬᠡᠮᠡᠯ ᠪᠠ ᠳᠡᠣᠬᠡ ᠳᠡᠮᠳᠡᠭᠯᠡᠯ᠂ ᠡᠮᠡᠭᠳᠡᠶᠢᠴᠣᠳ ᠪᠠ ᠬᠡᠣᠬᠡᠳ᠂ ᠨᠠᠰᠣᠵᠢᠯ ᠪᠠ ᠨᠢᠬᠦᠯᠡᠰᠦᠩᠬᠦᠢ ᠶᠢᠨ ᠣᠶᠢᠯᠡᠰ ᠵᠡᠷᠬᠡ ᠠᠵᠢᠯ ᠢ ᠰᠢᠨ᠎ᠡ ᠳᠠᠪᠰᠢᠯᠳᠡ  ᠲᠠᠢ ᠪᠣᠯᠭᠠᠪᠠ᠃      ᠲᠥᠯᠥᠬᠡᠯᠡᠭᠴᠢᠳ ᠡ᠂ ᠦᠩᠬᠡᠷᠡᠨ ᠣᠳᠬᠤ ᠬᠡᠵᠣ ᠪᠠᠶᠢᠭ᠎ᠠ 2017 ᠣᠨ ᠳᠤ ᠪᠢᠳᠡ ᠲᠦᠷᠦ ᠶᠢᠨ ᠪᠣᠳᠣᠯᠭ᠎ᠠ ᠶᠢᠨ ᠠᠵᠠ ᠳᠣᠬᠢᠶᠠᠯ ᠢ ᠠᠳᠬᠤᠨ ᠡᠯ᠎ᠡ ᠲᠦᠷᠥᠯ ᠤᠨ ᠠᠶᠣᠯ ᠲᠦᠭᠰᠢᠬᠦᠷᠢ ᠢ ᠪᠦᠳᠣᠮᠵᠢᠳᠠᠢ ᠰᠢᠢᠳᠪᠣᠷᠢᠯᠡᠵᠣ ᠡᠯ᠎ᠡ ᠲᠦᠷᠥᠯ ᠤᠨ ᠠᠵᠢᠯ ᠢ ᠦᠷᠬᠦᠯᠵᠢᠯᠡᠨ ᠠᠬᠢᠭᠤᠯᠵᠣ ᠠᠵᠣ ᠠᠬᠤᠢ ᠨᠡᠶᠢᠬᠡᠮ ᠢ ᠳᠣᠭᠳᠠᠭᠤᠨ ᠪᠠᠶᠢᠯᠭᠠᠬᠤ ᠶᠢᠨ ᠵᠡᠷᠬᠡ ᠳᠤ ᠣᠷᠣᠭᠰᠢᠯᠠᠭᠤᠯᠬᠤ ᠶᠢ ᠪᠠᠶᠠᠯᠡᠬᠦᠯᠪᠠ᠃      ︵ᠨᠢᠬᠡ︶ ᠠᠵᠣ ᠣᠶᠢᠯᠡᠳᠪᠣᠷᠢ ᠶᠢᠨ ᠠᠵᠣ ᠠᠬᠤᠢ ᠶᠢ ᠳᠣᠭᠳᠠᠭᠤᠨ ᠪᠠᠶᠢᠯᠭᠠᠬᠤ ᠵᠡᠷᠬᠡ ᠳᠤ ᠰᠠᠶᠢᠨ ᠳᠠᠰᠢ ᠬᠦᠭᠵᠢᠬᠦᠯᠪᠠ᠃ ᠨᠠᠷᠢᠠᠭᠤᠣᠯ ᠠᠭᠤᠷᠬᠠᠢ ᠶᠢᠨ ᠳᠣᠭᠤᠷᠢᠭ ᠤᠨ ᠶᠡᠷᠦᠩᠬᠡᠢ ᠲᠥᠯᠥᠪᠵᠢᠬᠦᠯᠬᠡ ᠵᠦᠪᠰᠢᠶᠠᠷᠡᠭᠳᠠᠵᠣ ᠪᠠᠶᠠᠠᠭᠤᠣᠯ ᠨᠠᠬᠦᠷᠠᠰᠣᠨ ᠠᠭᠤᠷᠬᠠᠢ ᠨᠢ ᠠᠭᠤᠷᠬᠠᠢ ᠮᠠᠯᠳᠠᠬᠤ ᠵᠦᠪᠰᠢᠶᠠᠷᠠᠯ ᠢ ᠣᠯᠵᠣ᠂ ᠮᠣᠳᠣᠨᠴᠠᠶᠢᠳᠠᠮ᠂ ᠨᠠᠷᠢᠠᠭᠤᠣᠯ ᠤᠨ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠬᠢᠨᠠᠨ ᠵᠦᠪᠰᠢᠶᠠᠷᠠᠯ ᠢ ᠣᠯᠪᠠ᠃ ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ ᠨᠢ ᠬᠤᠳᠠᠯᠳᠣᠭᠠᠴᠢᠯᠡᠯ ᠤᠨ ᠡᠵᠡᠩᠨᠡᠯᠳᠡ ᠳᠤ ᠣᠷᠣᠵᠣ᠂ ᠱᠢ ᠯᠢᠨ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ 30 ᠲᠦᠮᠡᠨ ᠳᠣᠨᠨ᠋ᠨ ᠨᠡᠬᠦᠷᠠᠰᠣ ᠪᠠᠷ ᠮᠧᠲ᠋ᠢᠯ ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠥᠯ ᠵᠣᠶᠢᠯ ᠤᠨ ᠪᠠᠷᠢᠯᠭ᠎ᠠ ᠶᠢ ᠳᠠᠭᠤᠰᠬᠠᠵᠣ᠂ ᠶᠥᠩ ᠲᠠᠢ ᠪᠦᠯᠥᠭᠯᠡᠯ ᠤᠨ 2×25MW ᠢᠯᠴᠢ ᠴᠠᠬᠢᠯᠭᠠᠨ ᠤ ᠬᠠᠮᠳᠣᠷᠠᠭᠰᠠᠨ ᠣᠶᠢᠯᠡᠳᠪᠣᠷᠢᠯᠡᠯ ᠵᠡᠷᠬᠡ ᠲᠦᠷᠥᠯ ᠵᠣᠶᠢᠯ ᠢ ᠡᠮᠬᠢ ᠴᠡᠭᠴᠡᠳᠡᠢ ᠠᠬᠢᠭᠤᠯᠪᠠ᠃ 22 ᠬᠡᠪᠴᠢᠶᠠᠵᠢᠯ  ᠠᠴᠠ ᠳᠡᠬᠡᠭᠰᠢᠬᠢ ᠠᠵᠣ ᠣᠶᠢᠯᠡᠳᠪᠣᠷᠢ ᠤᠨ ᠠᠵᠣ ᠠᠬᠤᠶᠢᠯᠡᠯ ᠤᠨ ᠠᠵᠣ ᠣᠶᠢᠯᠡᠳᠪᠣᠷᠢ ᠶᠢᠨ ᠶᠡᠷᠦᠩᠬᠡᠢ ᠣᠶᠢᠯᠡᠳᠪᠣᠷᠢᠯᠡᠯ ᠤᠨ ᠦᠷᠳᠡᠭ ᠢ ᠲᠦᠰᠣᠬᠡᠯᠡᠪᠠᠯ 900 ᠳ᠋ᠦᠩᠰᠢᠭᠤᠷ ᠲᠦᠬᠦᠷᠢᠭ ᠪᠠᠶᠡᠯᠡᠬᠦᠯᠥᠭᠰᠡᠨ ᠪᠠᠶᠢᠨ᠎ᠠ᠃ ᠮᠧᠲ᠋ᠢᠯ ᠠᠯᠺᠦᠦᠯ᠂ ᠰᠢᠩᠬᠡᠨᠵᠢᠬᠦᠯᠦᠭᠰᠡᠨ ᠪᠠᠶᠢᠭᠠᠯᠢ ᠶᠢᠨ ᠰᠢᠳᠠᠮᠠᠬᠠᠢ ᠬᠡᠢ᠂ ᠠᠯᠺᠧᠨ ᠨᠡᠬᠦᠷᠣᠭ᠍ᠴᠢ᠂ ᠰᠢᠬᠡᠰᠦᠯᠢᠭ ᠡᠳ᠋᠂ ᠨᠡᠬᠦᠷᠠᠰᠣᠨ ᠤ ᠭᠠᠷᠣᠯᠳᠠ ᠨᠢ ᠴᠦᠮ ᠶᠡᠬᠡᠪᠡᠷ ᠨᠡᠮᠡᠭᠳᠡᠪᠠ᠃      ︵ᠬᠤᠶᠡᠷ︶ ᠣᠳᠣ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢᠨ ᠶᠠᠰᠣ ᠴᠢᠨᠡᠷ ᠢᠶᠠᠨ ᠳᠡᠬᠡᠭᠰᠢᠯᠡᠬᠦᠯᠥᠨ ᠦᠷ᠎ᠡ ᠪᠦᠳᠣᠮᠵᠢ ᠶᠢ ᠨᠡᠮᠡᠭᠳᠡᠬᠦᠯᠪᠠ᠃ ᠠᠵᠣ ᠣᠶᠢᠯᠡᠰ ᠤᠨ ᠪᠦᠳᠦᠴᠡ ᠶᠢ ᠳᠣᠬᠢᠷᠠᠭᠤᠯᠬᠤ ᠪᠠᠷ ᠭᠠᠷᠳᠠᠴᠠ ᠪᠣᠯᠭᠠᠨ ᠰᠢᠨ᠎ᠡ ᠮᠡᠷᠬᠡᠵᠢᠯ ᠢ ᠬᠡᠷᠡᠭᠯᠡᠬᠦ ᠪᠠ ᠨᠠᠷᠠᠳᠣ ᠳᠡᠮᠳᠡᠭᠳᠣ ᠶᠢ ᠬᠦᠮᠦᠵᠢᠬᠦᠯᠬᠦ ᠶᠢ ᠴᠢᠩᠭᠠᠳᠬᠠᠵᠣ ᠰᠢᠨ᠎ᠡ ᠡᠬᠦᠯᠳᠡᠷ ᠢ 63 ᠲᠦᠷᠥᠯ ᠣᠷᠣᠭᠤᠯᠵᠣ ᠠᠮᠣ ᠪᠣᠳᠠᠭᠠᠨ ᠤ ᠳᠠᠷᠢᠮᠠᠯ ᠢ 5 ᠲᠦᠮᠡᠨ ᠮᠣ᠋ ᠳᠣᠬᠢᠷᠠᠭᠤᠯᠣᠨ ᠪᠠᠭᠠᠰᠬᠠᠵᠣ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢ 1.5 ᠲᠦᠮᠡᠨ ᠮᠣ᠋ ᠰᠢᠨ᠎ᠡ ᠨᠠᠮᠠᠵᠣ ᠳᠠᠷᠢᠨ ᠪᠣᠷᠣ ᠴᠡᠷᠭᠠᠰᠣ ᠶᠢ 4 ᠲᠦᠮᠡᠨ ᠮᠣ᠋ ᠳᠠᠷᠢᠪᠠ︔ ᠣᠰᠣ ᠠᠷᠪᠢᠯᠠᠬᠤ ᠣᠰᠣᠯᠠᠯᠳᠠ ᠶᠢ 5 ᠲᠦᠮᠡᠨ ᠮᠣ᠋ ᠬᠦᠭᠵᠢᠬᠦᠯᠵᠣ᠂ 980 ᠢᠵᠢ ᠳᠠᠷᠢᠶᠠᠯᠠᠩ  ᠤᠨ ᠮᠠᠰᠢᠨ ᠬᠡᠷᠡᠭᠰᠡᠯ ᠳᠤ ᠨᠦᠬᠦᠪᠦᠷᠢ ᠣᠯᠭᠤᠵᠣ᠂ ᠳᠠᠷᠢᠶᠠᠯᠠᠩ ᠤᠨ ᠮᠠᠰᠢᠨᠴᠢᠯᠠᠯᠳᠠ ᠶᠢᠨ ᠨᠣᠷᠮ᠎ᠠ ᠶᠢ 90% ᠳᠤ ᠬᠦᠷᠬᠡᠪᠠ᠃ ᠣᠷᠳᠣᠰ ᠤᠨ ᠨᠠᠷᠢᠨ ᠨᠣᠣᠰᠣᠳᠣ ᠬᠤᠨᠢᠨ ᠮᠢᠬ᠎ᠠ᠂ ᠰᠢᠷᠬᠤᠰᠣ ᠶᠢᠨ ᠳᠣᠳᠣᠷᠭ᠎ᠠ᠂ ᠪᠠᠳᠣ ᠶᠢᠨ ᠳᠣᠬᠤᠢ ᠶᠢᠨ ᠬᠤᠶᠠᠭᠳᠣ ᠮᠡᠯᠡᠬᠡᠢ ᠨᠢ ᠠᠷᠪᠠᠨ ᠨᠠᠢᠮᠠᠳᠣᠭᠠᠷ ᠬᠤᠭᠤᠴᠠᠭᠠᠨ ᠤ ᠳᠣᠮᠳᠠᠳᠣ ᠣᠯᠣᠰ ᠤᠨ ᠪᠣᠬᠢᠷᠳᠣᠯ ᠦᠬᠡᠢ ᠢᠳᠡᠬᠡᠨ ᠤ ᠦᠵᠡᠰᠬᠦᠯᠡᠩ ᠳᠤ ᠠᠯᠳᠠᠨ ᠮᠧᠳᠠᠯ ᠬᠦᠷᠳᠡᠵᠣ᠂ ᠦᠣᠰᠢᠨ ᠤ ᠳᠠᠯ᠎ᠠ ᠨᠣᠳᠤᠭ ᠤᠨ ᠣᠯᠠᠭᠠᠨ ᠦᠬᠡᠷ ᠨᠢ ᠭᠠᠵᠠᠷ ᠵᠦᠢ ᠶᠢᠨ ᠪᠡᠯᠬᠡ ᠳᠡᠮᠳᠡᠭᠳᠣ ᠪᠦᠳᠦᠭᠡᠭᠳᠠᠬᠦᠨ ᠢᠶᠠᠷ ᠳᠣᠭᠳᠠᠭᠠᠭᠳᠠᠵᠣ᠂ ᠬᠤᠸᠠᠩ ᠰᠢᠶᠠᠩ ᠳᠡᠮᠳᠡᠭᠳᠣ ᠴᠡᠷᠭᠠᠰᠣ ᠪᠠᠷ ᠳᠡᠵᠢᠬᠡᠭᠰᠡᠨ ᠭᠠᠭ᠋ᠠᠢ ᠶᠢᠨ ᠮᠢᠬ᠎ᠠ ᠵᠡᠷᠬᠡ 3 ᠲᠦᠷᠥᠯ ᠤᠨ ᠮᠠᠯ ᠲᠠᠷᠢᠶᠠᠯᠡᠩ ᠤᠨ ᠪᠦᠳᠦᠭᠡᠭᠳᠠᠬᠦᠨ ᠨᠢ ᠦᠪᠣᠷ ᠮᠣᠩᠭᠤᠯ ᠤᠨ ᠨᠠᠷᠠᠳᠣ ᠰᠢᠯᠢᠳᠡᠭ ᠣᠨᠴᠠᠯᠢᠭᠳᠣ ᠪᠦᠳᠦᠬᠡᠭᠳᠡᠬᠦᠨ︾ ᠢᠶᠠᠷ ᠬᠡᠷᠡᠴᠢᠯᠡᠭᠳᠡᠪᠠ᠃ ᠪᠦᠬᠦ ᠬᠤᠰᠢᠭᠤᠨ ᠤ ᠮᠠᠯᠵᠢᠯ ᠤᠨ ᠣᠨ ᠤ ᠮᠠᠯᠵᠢᠵᠣ ᠪᠠᠶᠢᠭ᠎ᠠ ᠮᠠᠯ ᠨᠢ 214 ᠲᠦᠮᠡᠨ ᠳᠣᠯᠣᠭᠠᠢ ᠬᠦᠷᠪᠠ᠃ ᠳᠣᠯᠣᠭᠠᠶᠢᠯᠠᠭᠴᠢ ᠠᠵᠣ ᠠᠬᠤᠶᠢᠯᠡᠯ ᠪᠣᠯᠣᠨ ᠮᠠᠯᠴᠢᠨ ᠳᠠᠷᠢᠶᠠᠴᠢᠨ ᠤ ᠠᠰᠢᠭ ᠳᠣᠰᠠ ᠲᠠᠢ ᠬᠤᠯᠪᠣᠭᠳᠠᠭᠰᠠᠨ ᠳᠣᠭᠳᠠᠴᠠ ᠶᠢ ᠪᠦᠷᠢᠨᠰᠢᠬᠦᠯᠵᠣ᠂ ᠮᠧᠩ ᠧ ᠡᠯᠵᠢᠬᠡᠨ ᠠᠷᠠᠰᠣᠨ ᠴᠡᠪᠠᠣ᠂ ᠦ᠋ ᠶᠤᠸᠠᠨ ᠮᠢᠬᠠᠨ ᠲᠦᠷᠥᠯ ᠤᠨ ᠢᠳᠡᠬᠡᠨ ᠢ ᠪᠣᠯᠪᠠᠰᠣᠷᠠᠭᠤᠯᠬᠤ ᠵᠡᠷᠬᠡ ᠲᠦᠷᠥᠯ ᠵᠣᠶᠢᠯ ᠢ ᠪᠠᠶᠢᠭᠤᠯᠵᠣ᠂ ᠳᠠᠷᠢᠶᠠᠯᠠᠩ ᠮᠠᠯ ᠠᠵᠣ ᠠᠬᠤᠢ ᠶᠢᠨ ᠳᠣᠯᠣᠭᠠᠶᠢᠯᠠᠭᠴᠢ ᠠᠵᠣ ᠠᠬᠤᠶᠢᠯᠡᠯ ᠢ 5᠂ ᠮᠠᠯᠴᠢᠨ ᠳᠠᠷᠢᠶᠠᠴᠢᠨ ᠤ ᠳᠣᠰᠬᠠᠢ ᠬᠤᠷᠰᠢᠶᠠᠵᠢᠯ ᠢ 37᠂ ᠬᠡᠷ ᠪᠦᠯᠢ ᠶᠢᠨ ᠮᠠᠯᠵᠢᠯ ᠤᠨ ᠳᠠᠯᠠᠪᠣᠷ ᠢ 160 ᠪᠣᠢ ᠪᠣᠯᠭᠠᠵᠣ᠂ ᠺᠣᠮᠫᠠᠨᠢᠴᠢᠯᠠᠭᠰᠠᠨ ᠳᠡᠵᠢᠬᠡᠨ ᠦᠷᠡᠵᠢᠬᠦᠯᠬᠦ ᠬᠦᠷᠢᠶᠠᠯᠠᠩ ᠳᠣᠭᠤᠷᠢᠭ ᠢ 1 ᠡᠬᠢᠯᠡᠬᠦᠯᠥᠨ ᠪᠠᠶᠢᠭᠤᠯᠪᠠ᠃     ︵ᠭᠤᠷᠪᠠ︶ ᠣᠳᠣ ᠦᠶ᠎ᠡ ᠶᠢᠨ ᠣᠶᠢᠯᠡᠴᠢᠯᠡᠬᠡᠨ ᠤ ᠠᠮᠢᠵᠢᠷᠠᠯ ᠤᠨ ᠬᠦᠴᠦᠨ ᠳᠣᠪᠣᠶᠢᠮ᠎ᠠ ᠪᠣᠯᠪᠠ᠃ ᠪᠦᠬᠦ ᠣᠷᠣᠨ ᠪᠦᠰᠠ ᠶᠢᠨ ᠵᠢᠭᠤᠯᠴᠢᠯᠡᠯ ᠤᠨ ᠳᠣᠰᠬᠠᠢ ᠲᠦᠷᠥᠯ ᠤᠨ ᠬᠦᠭᠵᠢᠯᠳᠡ ᠶᠢᠨ ᠪᠡᠯᠡ ᠮᠦᠩᠬᠦ ᠶᠢ ᠳᠣᠬᠢᠷᠠᠭᠤᠯᠵᠣ ᠂ ᠰᠣᠶᠣᠯ ᠤᠨ ᠪᠦᠳᠦᠬᠡᠯᠴᠢ ᠰᠠᠳᠬᠢᠮᠵᠢ ᠲᠠᠢ ᠠᠵᠣ ᠣᠶᠢᠯᠡᠰ ᠤᠨ ᠬᠦᠷᠢᠶᠠᠯᠩ ᠢ ᠪᠠᠶᠢᠭᠤᠯᠵᠣ ᠰᠢᠷᠬᠤᠰᠣ ᠣᠯᠣᠰ  ᠤᠨ ᠬᠠᠭᠤᠴᠢ ᠰᠣᠳᠣᠯᠣᠯ ᠤᠨ ᠴᠡᠴᠡᠷᠯᠢᠭ ᠤᠨ ᠮᠦᠽᠸᠢ ᠶᠢ ᠡᠬᠢᠯᠡᠬᠦᠯᠥᠨ ᠪᠠᠶᠢᠭᠤᠯᠪᠠ︔ ᠬᠡᠬᠡᠷ᠎ᠡ ᠪᠠᠭᠤᠳᠠᠯᠯᠠᠬᠤ ᠭᠠᠵᠠᠷ ᠢ 2᠂ ᠵᠢᠭᠤᠯᠴᠢᠯᠡᠯ ᠤᠨ ᠣᠶᠢᠯᠡᠴᠢᠯᠡᠬᠡᠨ ᠤ ᠦᠷᠳᠡᠭᠡ ᠶᠢ 10 ᠪᠠᠶᠢᠭᠤᠯᠪᠠ︔ ᠬᠤᠶᠠᠳᠣᠭᠠᠷ ᠬᠤᠭᠤᠴᠠᠭᠠᠨ ᠤ ᠣᠷᠳᠣᠰ ᠤᠨ ᠦᠵᠡᠰᠬᠦᠯᠡᠩᠳᠣ ᠰᠠᠶᠢᠬᠠᠨ ᠬᠦᠳᠡᠭᠡ ᠳᠣᠰᠬᠤᠨ ᠤ ᠵᠢᠭᠤᠯᠴᠢᠯᠡᠯ ᠤᠨ ᠨᠠᠶᠢᠷ ᠵᠡᠷᠬᠡ ᠪᠠᠶᠠᠷ ᠳᠣᠷᠠᠰᠬᠠᠯ ᠤᠨ ᠠᠵᠢᠯᠯᠠᠭᠠᠨ ᠢ ᠡᠷᠬᠢᠯᠡᠨ ᠬᠢᠪᠠ᠃ ᠳᠦᠰᠦᠬᠡᠯᠡᠪᠠᠯ ᠪᠦᠬᠦ ᠵᠢᠯ ᠤᠨ ᠬᠦᠯᠢᠶᠠᠨ ᠵᠣᠴᠢᠯᠠᠭᠰᠠᠨ ᠵᠢᠭᠤᠯᠴᠢᠯᠠᠭᠰᠠᠳ ᠢ 96 ᠲᠦᠮᠡᠨ ᠬᠦᠮᠦᠨ ᠣᠳᠠᠭ᠎ᠠ ᠶᠢ ᠳᠠᠪᠠᠵᠣ᠂ 32 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠪᠠᠶᠠᠯᠡᠬᠦᠯᠪᠠ᠃ 1949 ᠤᠠ ᠤ ᠨᠠᠮᠤᠷ ᠤᠨ ᠰᠡᠭᠦᠯᠴᠢ ᠶᠢᠨ ᠦᠣᠰᠢᠨ ᠬᠤᠰᠢᠭᠤᠨ ᠤ ᠬᠤᠷᠢᠶ᠎ᠠ ᠶᠢᠨ ᠠᠯᠪᠠᠯᠠᠨ ᠠᠵᠢᠯᠯᠠᠵᠣ ᠪᠠᠶᠢᠭᠰᠠᠨ ᠬᠠᠭᠤᠴᠢᠠ ᠪᠠᠭᠤᠷᠢ ᠶᠢ ᠵᠠᠰᠠᠨ ᠬᠠᠮᠠᠭᠠᠯᠠᠬᠤ ᠠᠵᠢᠯ ᠢ ᠳᠠᠭᠤᠰᠬᠠᠪᠠ᠃ ︽ᠦᠷᠡᠵᠢᠨ ᠨᠡᠮᠡᠭᠳᠡᠭᠰᠡᠬᠡᠷ︾᠂ ︽ᠰᠠᠳᠬᠢᠯ ᠳᠤ ᠬᠤᠨᠣᠭᠰᠢᠭᠰᠠᠨ ᠰᠢᠷᠬᠤᠰᠣ︾ ᠬᠡᠬᠦ ᠺᠢᠨᠤ᠋ ᠶᠢᠨ ᠰᠡᠬᠦᠳᠡᠷᠯᠡᠬᠦ ᠠᠵᠢᠯ ᠢ ᠡᠬᠢᠯᠡᠬᠦᠯᠪᠠ᠃ ᠳᠠᠮᠣᠷ ᠵᠠᠮ ᠤᠨ ᠪᠠᠷᠠᠭ᠎ᠠ ᠳᠡᠬᠡᠬᠡᠪᠣᠷᠢᠯᠡᠭᠰᠡᠨ ᠬᠡᠮᠵᠢᠶ᠎ᠠ ᠨᠢ ᠲᠦᠰᠦᠬᠡᠯᠡᠪᠠᠯ 910 ᠲᠦᠮᠡᠨ ᠳᠣᠨᠨ᠋ᠨ ᠬᠦᠷᠴᠣ ᠠᠳᠠᠯᠢ ᠬᠤᠭᠤᠴᠠᠭᠠᠨ ᠤ ᠬᠢ ᠠᠴᠠ ᠪᠠᠨ 91% ᠨᠡᠮᠡᠭᠳᠡᠪᠠ︔ ᠵᠠᠰᠠᠮᠠᠯ ᠵᠠᠮ ᠤᠨ ᠪᠠᠷᠠᠭ᠎ᠠ ᠳᠡᠬᠡᠬᠡᠪᠣᠷᠢᠯᠡᠭᠰᠡᠨ ᠬᠡᠮᠵᠢᠶ᠎ᠠ ᠶᠢ ᠲᠦᠰᠦᠬᠡᠯᠡᠪᠠᠯ 1789 ᠲᠦᠮᠡᠨ ᠳᠣᠨᠨ᠋ᠨ ᠬᠦᠷᠴᠣ ᠠᠳᠠᠯᠢ ᠬᠤᠭᠤᠴᠠᠭᠠᠨ ᠤ ᠬᠢ ᠠᠴᠠ ᠪᠠᠨ 10% ᠨᠡᠮᠡᠭᠳᠡᠪᠠ︔ ᠰᠢᠨ ᠺᠠᠩ ᠬᠢᠳᠠᠳ ᠡᠮᠨᠡᠯᠬᠡ ᠶᠢᠨ ᠬᠤᠷᠢᠶ᠎ᠠ᠂ ᠡᠮᠨᠡᠯᠬᠡ ᠰᠣᠪᠢᠯᠠᠯᠳᠠ ᠶᠢᠨ ᠬᠤᠷᠢᠶ᠎ᠠ ᠶᠢ ᠬᠡᠷᠡᠭᠯᠡᠯᠳᠡ ᠣᠷᠣᠭᠤᠯᠵᠣ ᠨᠡᠶᠢᠬᠡᠮᠴᠢᠯᠡᠭᠰᠡᠨ ᠡᠮᠨᠡᠯᠬᠡ ᠨᠠᠰᠣᠵᠢᠯ  ᠤᠨ ᠠᠰᠠᠷᠠᠮᠵᠢ ᠶᠢᠨ ᠠᠵᠢᠯ ᠰᠢᠪᠳᠣᠯᠣᠯᠳᠠ ᠲᠠᠢ ᠪᠣᠯᠪᠠ︔ ᠡᠯᠺᠲᠷᠣᠨ ᠠᠵᠣ ᠠᠬᠤᠶᠢᠯᠡᠯ ᠢ 19 ᠰᠢᠨ᠎ᠡ ᠪᠠᠷ ᠪᠠᠶᠢᠭᠤᠯᠵᠣ᠂ ᠣᠶᠢᠯᠡᠴᠢᠯᠡᠬᠡᠨ ᠤ ᠣᠶᠢᠯᠡᠰ ᠤᠨ ᠠᠭᠤᠯᠣᠭᠳᠠᠬᠤᠨ ᠢ ᠨᠡᠩ ᠪᠠᠶᠠᠯᠢᠭᠵᠢᠭᠤᠯᠣᠨ ᠬᠤᠪᠢᠶᠠᠷᠢᠯᠠᠯᠳᠠ ᠶᠢ ᠨᠡᠩ ᠨᠠᠷᠢᠯᠢᠭ ᠪᠣᠯᠭᠠᠪᠠ᠃      ︵ᠲᠦᠷᠪᠠ︶ ᠰᠠᠭᠤᠷᠢ ᠳᠣᠨᠤᠭ ᠲᠦᠬᠦᠬᠡᠷᠣᠮᠵᠢ ᠶᠢ ᠡᠳᠦᠷ ᠢᠷᠡᠬᠦᠶ᠎ᠠ ᠳᠡᠬᠦᠯᠳᠡᠷᠵᠢᠬᠦᠯᠪᠠ᠃ ᠣᠯᠣᠰ ᠤᠨ ᠵᠠᠰᠠᠮᠠᠯ ᠵᠠᠮ ᠤᠨ 338 ᠱᠤᠭᠤᠮ ᠤᠨ ᠭᠠᠯᠠᠭᠤᠳᠣ ᠠᠴᠠ ᠰᠤᠪᠤᠷᠭ᠎ᠠ ᠪᠡᠶᠢᠭᠠᠯᠢ ᠶᠢᠨ ᠰᠢᠳᠠᠮᠠᠬᠠᠢ ᠭᠡᠢ ᠰᠢᠢᠳᠪᠤᠷᠢᠯᠡᠭᠦ ᠭᠤᠷᠪᠠᠳᠤᠭᠠᠷ ᠥᠢᠯᠡᠳᠪᠤᠷᠢ ᠬᠥᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠵᠤ᠂ ᠮᠣᠵᠢ ᠶᠢᠨ ᠳᠠᠰ ᠤᠨ ᠵᠠᠰᠠᠮᠠᠯ ᠵᠠᠮ ᠤᠨ 215 ᠱᠤᠭᠤᠮ ᠤᠨ ᠰᠦᠯᠳᠡ ᠠᠴᠠ ᠬᠤᠨᠴᠢᠨ ᠴᠠᠶᠢᠳᠠᠮ ᠬᠦᠷᠬᠦ ᠵᠠᠮ ᠢ ᠶᠡᠬᠡᠪᠡᠷ ᠰᠠᠯᠪᠢᠨ ᠵᠠᠰᠠᠬᠤ ᠪᠠᠷᠢᠯᠭ᠎ᠠ ᠶᠢ ᠳᠠᠭᠤᠰᠬᠠᠵᠣ᠂ ᠮᠣᠵᠢ ᠶᠢᠨ ᠳᠠᠰ ᠤᠨ ᠵᠠᠰᠠᠮᠠᠯ ᠵᠠᠮ ᠤᠨ 216 ᠱᠤᠭᠤᠮ ᠤᠨ ᠦᠣᠰᠢᠨ ᠤ ᠬᠡᠰᠡᠭ ︵ᠰᠢᠷᠬᠤᠰᠣᠨ ᠪᠠᠯᠭᠠᠰᠣᠨ ᠤ ᠰᠢᠷᠬᠤᠰᠣᠨ ᠳᠣᠰᠬᠤᠨ ᠠᠴᠠ ᠵᠢᠩᠪᠢᠶᠠᠨ ᠰᠢᠶᠠᠨ ᠤ ᠵᠠᠩᠭᠤᠳᠣ ᠳᠣᠰᠬᠤᠨ︶ ᠤᠨ ᠪᠠᠷᠢᠯᠭ᠎ᠠ ᠶᠢ ᠦᠨᠳᠣᠰᠣᠨ ᠳᠡᠭᠡᠨ ᠳᠠᠭᠤᠰᠬᠠᠵᠣ᠂ ᠲᠦᠩᠽᠢ ᠠᠴᠠ ᠪᠤᠷᠤᠪᠠᠯᠭᠠᠰᠣ ᠭᠥᠷᠭᠦ ᠬᠤᠶᠠᠳᠣᠭᠠᠷ ᠳᠠᠰ ᠤᠨ ᠵᠠᠰᠠᠮᠠᠯ ᠵᠠᠮ ᠢ ᠳᠡᠷᠬᠡ ᠨᠡᠪᠳᠡᠷᠡᠬᠦᠯᠪᠠ᠃ ᠪᠠᠶᠠᠠᠭᠤᠣᠯ ᠵᠡᠷᠬᠡ 3 ᠵᠣᠷᠪᠣᠰ ᠳᠠᠮᠣᠷ ᠵᠠᠮ ᠤᠨ ᠳᠣᠰᠬᠠᠢ ᠬᠡᠷᠡᠭᠯᠡᠬᠡᠨ ᠤ ᠱᠤᠭᠤᠮ ᠢ ᠠᠰᠢᠭᠯᠠᠯᠳᠠ ᠳᠤ ᠣᠷᠣᠭᠤᠯᠪᠠ᠃ ᠨᠠᠶᠢᠳᠠᠮ ᠬᠡᠷᠡᠭᠯᠡᠬᠡᠨ ᠤ ᠨᠢᠰᠬᠡᠯ ᠤᠨ ᠳᠠᠯᠠᠪᠣᠷ ᠤᠨ ᠣᠷᠣᠨ ᠪᠠᠶᠢᠷᠢ ᠰᠣᠩᠭᠤᠬᠤ ᠠᠵᠢᠯ ᠢ ᠳᠠᠭᠤᠰᠬᠠᠪᠠ᠃ ᠱᠠᠩᠬᠠᠢ ᠶᠢᠨ ᠰᠥᠮ᠎ᠠ ᠠᠴᠠ ᠱᠠᠨᠳᠦ᠋ᠩ ᠭᠥᠷᠭᠦ ᠤᠡᠴᠠ ᠥᠡᠳᠤᠷ ᠬᠦᠴᠦᠳᠠᠯᠳᠣ ᠴᠠᠬᠢᠯᠭᠠᠠ ᠬᠦᠷᠬᠡᠬᠦ ᠱᠤᠭᠤᠮ ︵ᠦᠣᠰᠢᠨ ᠤ ᠬᠡᠰᠡᠭ︶ ᠪᠠ ᠮᠠᠰᠢᠨ ᠴᠠᠬᠢᠯᠭᠠᠨ ᠬᠤᠳᠳᠤᠭ ᠲᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠤᠨ ᠠᠵᠢᠯ ᠢ ᠳᠠᠭᠤᠰᠬᠠᠪᠠ᠃ ᠴᠢᠮᠡᠭᠡ ᠬᠤᠯᠪᠣᠭᠠᠨ ᠤ ᠰᠠᠭᠤᠷᠢ ᠦᠷᠳᠡᠭᠡ ᠶᠢ 18 ᠰᠢᠨ᠎ᠡ ᠪᠠᠷ ᠪᠠᠶᠢᠭᠤᠯᠪᠠ᠃ ᠬᠤᠨᠴᠢᠨ ᠨᠠᠭᠤᠷ  ᠤᠨ ᠴᠡᠴᠡᠷᠯᠢᠭ᠂ ᠳᠠᠪᠴᠠᠭ ᠴᠡᠴᠡᠷᠯᠢᠭ ᠵᠡᠷᠬᠡ ᠶᠢᠨ ᠳᠡᠬᠡᠭᠰᠢᠯᠡᠬᠦᠯᠥᠯᠳᠡ ᠶᠢᠨ ᠢᠨᠵᠧᠨᠧᠷᠢᠩ ᠢ ᠪᠠᠶᠠᠯᠡᠬᠦᠯᠵᠣ᠂ ᠨᠤᠭᠤᠭᠠᠷᠠᠭᠤᠯᠣᠯᠳᠠ ᠶᠢᠨ ᠳᠠᠯᠠᠪᠡᠢ ᠶᠢ 21 ᠲᠥᠮᠠᠠ ᠳᠡᠭᠰᠢ ᠳᠥᠷᠪᠡᠯᠵᠢᠠ ᠮᠧᠲᠷ ᠰᠢᠨ᠎ᠠ ᠪᠠᠷ ᠨᠡᠮᠡᠭᠳᠡᠬᠦᠯᠵᠤ᠂ ᠬᠤᠭᠤᠯᠠᠢ ᠳᠣᠣᠷ ᠢ 12 ᠺᠢᠯᠣᠮᠧᠲᠷ ᠳᠠᠪᠢᠰᠴᠣ᠂ ᠤᠰᠤ ᠪᠠᠷ ᠵᠡᠶᠢᠯᠠᠬᠤ ᠭᠡᠯᠪᠡᠷᠢ ᠶᠢᠨ ᠵᠤᠷᠯᠤᠩ ᠢ 11 ᠰᠢᠨ᠎ᠡ  ᠪᠠᠷ ᠪᠠᠶᠢᠭᠤᠯᠣᠨ ᠬᠤᠳᠠ ᠶᠢᠨ ᠶᠠᠪᠣᠳᠠᠯ ᠪᠠ ᠵᠡᠬᠡᠯᠢ ᠭᠤᠳᠤᠮᠵᠢ ᠶᠢ 17 ᠲᠥᠮᠠᠠ ᠳᠡᠭᠰᠢ ᠲᠥᠷᠪᠡᠯᠵᠢᠠ ᠮᠧᠲᠷ ᠬᠠᠳᠠᠭᠤᠵᠢᠭᠤᠯᠵᠤ᠂ ᠬᠠᠭᠤᠴᠢᠠ ᠰᠠᠭᠤᠭᠠᠯᠢ ᠠᠷᠠᠳ ᠤᠨ ᠳᠤᠭᠤᠷᠢᠭ ᠢ 10 ᠦᠬᠡᠷᠡᠴᠢᠯᠡᠨ ᠵᠠᠰᠠᠪᠠ᠃ ᠪᠣᠰᠣᠳ ᠰᠣᠮᠣ ᠪᠠᠯᠭᠠᠰᠣᠨ ᠤ ᠵᠠᠮ᠂ ᠬᠤᠭᠤᠯᠠᠢ ᠳᠣᠣᠷ᠂ ᠨᠣᠭᠤᠭᠠᠷᠠᠭᠤᠯᠬᠤ᠂ ᠬᠠᠳᠠᠭᠤᠵᠢᠭᠤᠯᠬᠤ᠂ ᠬᠤᠭ ᠨᠣᠪᠰᠢ ᠰᠢᠢᠳᠪᠣᠷᠢᠯᠡᠬᠦ᠂ ᠪᠣᠬᠢᠷ ᠣᠰᠣ ᠰᠢᠢᠳᠪᠣᠷᠢᠯᠡᠬᠦ ᠵᠡᠷᠬᠡ ᠰᠠᠭᠤᠷᠢ ᠳᠣᠨᠤᠭ ᠲᠦᠬᠦᠬᠡᠷᠣᠮᠵᠢ ᠶᠢᠨ ᠪᠠᠶᠢᠭᠤᠯᠣᠯᠳᠠ ᠶᠢ ᠲᠦᠯᠬᠢᠨ ᠠᠬᠢᠭᠤᠯᠪᠠ᠃ ᠠᠮᠢ ᠠᠬᠤᠢ ᠶᠢᠨ ᠪᠠᠶᠢᠭᠤᠯᠣᠯᠳᠠ ᠪᠠ ᠬᠠᠮᠠᠭᠠᠯᠠᠯᠳᠠ ᠶᠢᠨ ᠡᠷᠴᠢᠮ ᠢ ᠶᠡᠬᠡᠰᠬᠡᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠣᠯᠳᠠ ᠶᠢ 17 ᠲᠦᠮᠡᠨ ᠮᠣ᠋᠂ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ 71 ᠲᠦᠮᠡᠨ ᠮᠣ᠋᠂ ᠬᠦᠷᠣᠰᠣ ᠰᠢᠷᠦᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 24 ᠲᠦᠮᠡᠨ ᠮᠣ᠋ ᠪᠠᠶᠠᠯᠡᠬᠦᠯᠪᠠ᠃ ᠭᠤᠣᠯ ᠤᠨ ᠳᠠᠷᠤᠭ᠎ᠠ ᠶᠢᠨ ᠲᠦᠷᠢᠮ ᠢ ᠪᠦᠬᠦ ᠳᠡᠯ᠎ᠡ ᠪᠠᠷ ᠬᠡᠷᠡᠭᠵᠢᠬᠦᠯᠵᠣ᠂ ᠪᠠᠶᠢᠭᠠᠯᠢ  ᠶᠢᠨ ᠡᠬᠢ ᠪᠠᠶᠠᠯᠢᠭ ᠡᠳ᠋ ᠬᠦᠷᠦᠩᠬᠡ ᠳᠠᠬᠢ ᠬᠢᠨᠠᠨ ᠪᠣᠳᠣᠯᠳᠠ ᠶᠢᠨ ᠠᠵᠢᠯ ᠢ ᠦᠷᠨᠢᠬᠦᠯᠪᠠ᠃ ᠵᠦᠩ ᠮᠧᠢ ᠶᠤᠸᠠᠨ ᠰᠢᠩ ᠺᠣᠮᠫᠠᠨᠢ ᠶᠢᠨ ᠣᠰᠣ ᠶᠢ ᠬᠦᠨᠵᠡᠬᠡᠢ ᠰᠢᠢᠳᠪᠣᠷᠢᠯᠡᠬᠦ ᠲᠦᠷᠥᠯ ᠵᠣᠶᠢᠯ ︵ᠬᠤᠶᠠᠳᠣᠭᠠᠷ ᠬᠤᠭᠤᠴᠠᠭ᠎ᠠ︶ ᠢ ᠬᠡᠷᠡᠭᠯᠡᠯᠳᠡ ᠳᠤ ᠣᠷᠣᠭᠤᠯᠵᠣ᠂ ᠣᠯᠣᠰ ᠤᠨ ᠳᠣᠳᠣᠭᠠᠳᠣ ᠳᠤ ᠣᠳᠣ ᠪᠠᠶᠢᠭᠤᠯᠵᠣ ᠪᠠᠶᠢᠭ᠎ᠠ ᠬᠡᠪᠴᠢᠶᠠᠵᠢᠯ ᠢᠶᠠᠷ ᠬᠠᠮᠤᠭ ᠶᠡᠭᠡ ᠠᠭᠤᠷᠬᠠᠢ ᠶᠢᠨ ᠬᠤᠳᠳᠤᠭ ᠤᠨ ᠣᠰᠣ ᠶᠢ ᠰᠢᠢᠳᠪᠣᠷᠢᠯᠡᠬᠦ ᠲᠦᠷᠥᠯ ᠵᠣᠶᠢᠯ — ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠣᠶᠢᠯᠡᠳᠪᠣᠷᠢ ᠶᠢᠨ ᠪᠠᠷᠢᠯᠭ᠎ᠠ ᠶᠢ ᠡᠬᠢᠯᠡᠬᠦᠯᠪᠠ᠃ ᠬᠤᠰᠢᠭᠤ ᠱᠠᠳᠣᠨ ᠤ ᠴᠢᠮᠡᠭᠡ ᠵᠠᠩᠬᠢᠵᠢᠯᠳᠠ ᠶᠢᠨ ᠳᠠᠪᠴᠠᠩ ᠢ ᠪᠠᠶᠢᠭᠤᠯᠵᠣ ᠬᠤᠰᠢᠭᠤ ᠂ ᠬᠦᠷᠢᠶᠠᠯᠡᠩ ᠳᠣᠭᠤᠷᠢᠭ᠂ ᠰᠣᠮᠣ ᠪᠠᠯᠭᠠᠰᠣ᠂ ᠭᠠᠴᠠᠭ᠎ᠠ ᠳᠣᠰᠬᠤᠨ ᠳᠤ ᠨᠡᠶᠢᠳᠡᠮᠵᠢᠭᠰᠡᠨ ᠴᠢᠮᠡᠭᠡ ᠵᠠᠩᠬᠢ ᠶᠢᠨ ᠳᠣᠣᠷ ᠢ ᠪᠣᠢ ᠪᠣᠯᠭᠠᠵᠣ ᠠᠨᠣᠷ ᠲᠦᠪᠰᠢᠨ ᠣᠶᠢᠯᠡᠳᠪᠣᠷᠢᠯᠡᠯ᠂ ᠢᠳᠡᠬᠡᠨ ᠣᠮᠳᠠᠭᠠᠨ ᠡᠮ ᠤᠨ ᠵᠣᠶᠢᠯᠡᠰ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠬᠡ ᠬᠦᠷᠢᠶᠠᠨ ᠤ ᠳᠤᠭ᠎ᠠ ᠮᠠᠭᠠᠳ ᠤᠨ ᠡᠬᠢ ᠪᠠᠶᠠᠯᠢᠭ ᠢ ᠰᠦᠯᠵᠢᠶᠠᠵᠢᠬᠦᠯᠥᠨ ᠨᠡᠪᠳᠡᠷᠡᠬᠦᠯᠬᠦ ᠶᠢ ᠪᠠᠶᠠᠯᠡᠬᠦᠯᠪᠠ᠃      ︵ᠳᠠᠪᠤ︶ ᠠᠷᠠᠳ ᠣᠯᠠᠨ ᠤ ᠬᠦᠷᠳᠡᠮᠵᠢ ᠶᠢᠨ ᠲᠦᠷᠦᠭᠳᠡᠯ ᠢ ᠦᠷᠬᠦᠯᠵᠢᠯᠡᠨ ᠴᠢᠩᠭᠠᠳᠬᠠᠪᠠ᠃ ᠪᠦᠬᠦ ᠵᠢᠯ  ᠳᠤ ᠡᠯ᠎ᠡ ᠲᠦᠷᠥᠯ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ 1 ᠳ᠋ᠦᠩᠰᠢᠭᠤᠷ ᠲᠦᠬᠦᠷᠢᠭ ᠪᠡᠯᠡ ᠣᠷᠣᠭᠤᠯᠣᠨ 39 ᠡᠷᠦᠬᠡ 104 ᠨᠠᠷᠠᠰ ᠣᠯᠣᠰ ᠤᠨ ᠳᠠᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠳᠣᠭᠳᠠᠭᠤᠨ ᠠᠩᠬᠢᠵᠢᠷᠠᠭᠤᠯᠵᠣ᠂ 854 ᠡᠷᠦᠬᠡ 2351 ᠨᠠᠷᠠᠰ ᠬᠤᠳᠠ ᠶᠢᠨ ᠳᠠᠰ ᠤᠨ ᠪᠠᠭ᠎ᠠ ᠣᠷᠣᠯᠭ᠎ᠠ ᠲᠠᠢ ᠬᠦᠮᠦᠨ ᠠᠮᠠ ᠶᠢᠨ ᠬᠦᠮᠦᠨ ᠳᠣᠮᠳᠠᠴᠢ ᠶᠢᠨ ᠣᠷᠣᠯᠭ᠎ᠠ ᠶᠢ 20% ᠠᠴᠠ ᠳᠡᠬᠡᠭᠰᠢ ᠨᠡᠮᠡᠭᠳᠡᠬᠦᠯᠪᠠ᠃ ᠮᠡᠷᠬᠡᠵᠢᠯ ᠴᠢᠳᠠᠪᠣᠷᠢ ᠶᠢᠨ ᠪᠣᠯᠪᠠᠰᠣᠷᠠᠯ ᠢ 1487 ᠬᠦᠮᠦᠰ ᠲᠤ ᠬᠦᠷᠳᠡᠬᠡᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 75 ᠭᠠᠷᠭᠠᠵᠣ᠂ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ 186 ᠰᠣᠷᠣᠭᠴᠢ ᠶᠢ ᠨᠠᠶᠢᠳᠠᠨ ᠬᠦᠮᠦᠵᠢᠬᠦᠯᠵᠣ᠂ 2300 ᠬᠦᠮᠦᠰ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠵᠣ᠂ ᠬᠤᠳᠠ ᠪᠠᠯᠭᠠᠰᠣᠨ ᠤ ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠣᠷᠮ᠎ᠠ ᠶᠢ 3.1% ᠳᠣᠳᠣᠷ᠎ᠠ ᠬᠢᠵᠠᠭᠠᠷᠯᠠᠪᠠ᠃ ᠬᠤᠰᠢᠭᠤ ᠨᠠᠮ ᠤᠨ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠳᠣᠭᠤᠷᠢᠭ᠂ ᠴᠢᠬᠡᠴᠢ ᠵᠠᠰᠠᠭ ᠤᠨ ᠰᠣᠶᠣᠯ ᠬᠦᠮᠦᠵᠢᠯ ᠤᠨ ᠲᠦᠪ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠵᠣ᠂ ᠪᠣᠷᠣ ᠬᠡᠷᠳᠣ ᠳᠣᠭᠤᠷᠢᠭ ᠤᠨ ᠦᠬᠡᠷᠡᠴᠢᠯᠡᠯᠳᠡ ᠶᠢ 704 ᠢᠵᠢ ᠪᠠᠶᠠᠯᠡᠬᠦᠯᠵᠣ᠂ ᠬᠦᠮᠦᠷᠬᠡᠯᠡᠭᠳᠡᠵᠣ ᠪᠠᠶᠢᠬᠤ ᠳᠠᠸᠠᠷ ᠤᠨ ᠬᠡᠷ ᠪᠠᠶᠢᠰᠢᠩ ᠢ 10 ᠲᠦᠮᠡᠨ ᠳᠡᠭᠰᠢ ᠲᠦᠷᠪᠡᠯᠵᠢᠨ ᠮᠧᠲᠷ ᠰᠢᠢᠳᠪᠣᠷᠢᠯᠡᠪᠠ᠃ ᠬᠠᠳᠠᠭᠤᠴᠠᠶᠢᠳᠠᠮ ᠣᠰᠣᠨ ᠰᠣᠷᠪᠣᠯᠵᠢ ᠶᠢᠨ ᠣᠷᠣᠨ ᠤ ᠨᠢᠬᠡᠳᠣᠬᠡᠷ ᠳᠠᠰ ᠤᠨ ᠬᠠᠮᠠᠭᠠᠯᠠᠯᠳᠠ ᠶᠢᠨ ᠳᠣᠭᠤᠷᠢᠭ ᠤᠨ ᠨᠠᠬᠦᠳᠡᠯ ᠠᠷᠠᠳ ᠢ ᠲᠦᠪᠬᠢᠨᠡᠬᠦᠯᠬᠦ ᠢᠨᠵᠧᠨᠧᠷᠢᠩ ᠢ ᠪᠠᠶᠢᠭᠤᠯᠪᠠ᠃ ᠳᠤᠭ ᠬᠡᠣᠬᠡᠳ ᠤᠨ ᠴᠡᠴᠡᠷᠯᠢᠭ᠂ ᠮᠣᠩᠭᠤᠯ ᠦᠨᠳᠣᠰᠣᠳᠠᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠣᠷᠣᠭᠤᠯᠵᠣ᠂ ᠬᠤᠳᠠ ᠶᠢᠨ ᠮᠣᠩᠭᠤᠯ ᠦᠨᠳᠣᠰᠣᠳᠠᠨ ᠤ ᠬᠤᠶᠠᠳᠣᠭᠠᠷ ᠳᠣᠮᠳᠠᠳᠣ ᠰᠣᠷᠭᠠᠭᠤᠯᠢ ᠵᠡᠷᠬᠡ ᠰᠢᠨ᠎ᠡ ᠪᠠᠷ ᠪᠡᠶᠢᠭᠤᠯᠬᠤ ᠪᠠ ᠦᠬᠡᠷᠡᠴᠢᠯᠡᠨ ᠪᠠᠶᠢᠭᠤᠯᠬᠤ 4 ᠰᠣᠷᠭᠠᠭᠤᠯᠢ ︵ᠬᠡᠣᠬᠡᠳ ᠤᠨ ᠴᠡᠴᠡᠷᠯᠢᠭ︶ ᠤᠨ ᠲᠥᠯᠥᠪᠯᠡᠨ ᠵᠢᠷᠣᠬᠤ ᠠᠵᠢᠯ ᠢ ᠳᠠᠭᠤᠰᠬᠠᠵᠣ᠂ 125 ᠨᠠᠷᠠᠰ ᠪᠠᠭᠰᠢ ᠶᠢ ᠣᠷᠣᠭᠤᠯᠣᠨ ᠠᠪᠴᠢᠷᠠᠪᠠ︔ ᠮᠣᠩᠭᠤᠯ ᠡᠮᠨᠡᠯᠬᠡ ᠶᠢᠨ ᠬᠤᠷᠢᠶ᠎ᠠ ᠶᠢ ᠣᠳᠠᠯ ᠦᠬᠡᠢ ᠨᠡᠬᠦᠯᠬᠡᠨ ᠰᠢᠯᠵᠢᠬᠦᠯᠵᠣ᠂ ︽ᠪᠦᠬᠦ ᠣᠯᠣᠰ ᠤᠨ ᠦᠨᠳᠣᠰᠣᠨ ᠱᠠᠳᠣᠨ ᠤ ᠮᠣᠩᠭᠤᠯ ᠬᠢᠳᠡᠳ ᠡᠮ ᠡᠮᠨᠡᠯᠬᠡ ᠶᠢᠨ ᠠᠵᠢᠯ ᠤᠨ ᠳᠠᠷᠢᠬᠦᠨ ᠤ ᠬᠤᠰᠢᠭᠤ︾ ᠶᠢ ᠡᠬᠦᠳᠣᠨ ᠴᠣᠭᠴᠠᠯᠠᠬᠤ ᠠᠵᠢᠯ ᠨᠢ ᠰᠢᠯᠭᠠᠨ ᠬᠤᠷᠢᠶᠠᠯᠳᠠ ᠶᠢ ᠳᠣᠭᠤᠯᠪᠠ ᠃ ᠣᠯᠠᠭᠠᠨᠳᠣᠯᠣᠭᠠᠢ ᠵᠠᠬ᠎ᠠ ᠳᠡᠯᠬᠡᠬᠦᠷ ᠤᠨ ᠬᠢᠨᠠᠨ ᠪᠠᠶᠢᠴᠠᠭᠠᠬᠤ ᠭᠠᠵᠠᠷ ᠤᠨ ᠪᠠᠷᠢᠯᠭ᠎ᠠ ᠶᠢ ᠳᠠᠭᠤᠰᠬᠠᠪᠠ᠃ ᠢᠳᠡᠬᠡᠨ ᠣᠮᠳᠠᠭᠠᠨ ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠨᠢ ᠦᠪᠡᠷᠳᠡᠬᠡᠨ ᠵᠠᠰᠠᠬᠤ ᠣᠷᠣᠨ ᠤ ᠳᠠᠰ  ᠤᠨ ᠬᠢᠷᠢ ᠬᠡᠮ ᠤᠨ ᠬᠡᠷᠡᠴᠢᠯᠡᠯᠳᠡ ᠶᠢ ᠳᠠᠮᠵᠢᠵᠣ ᠪᠦᠬᠦ ᠬᠤᠰᠢᠭᠤᠨ ᠳᠤ ᠨᠡᠶᠢᠳᠡᠮᠵᠢᠭᠰᠡᠨ ᠲᠦᠷᠬᠡᠨ ᠰᠢᠯᠭᠠᠨ ᠪᠠᠶᠢᠴᠠᠭᠠᠬᠤ ᠰᠢᠰᠲ᠋ᠧᠮ ᠢ ᠪᠦᠷᠢᠯᠳᠣᠬᠦᠯᠪᠠ᠃ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠠᠵᠢᠯ ᠣᠶᠢᠯᠡᠰ ᠢ ᠯᠠᠪᠳᠠᠭᠤᠨ ᠠᠬᠢᠭᠤᠯᠵᠠᠢ᠃ ︽ᠪᠦᠬᠦ ᠣᠷᠣᠨ ᠤ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢ ᠡᠬᠦᠳᠣᠨ ᠪᠠᠶᠢᠭᠤᠯᠬᠤ ᠠᠵᠢᠯᠯᠠᠭᠠᠨ ᠤ ᠳᠠᠭᠤᠷᠢᠶᠠᠯ ᠬᠤᠰᠢᠭᠤ︾ ᠪᠠᠷ ᠨᠡᠷᠡᠶᠢᠳᠣᠭ᠍ᠳᠠᠵᠣ᠂ ᠳᠣᠭᠤᠷᠢᠮ ᠭᠠᠴᠠᠭ᠎ᠠ ᠨᠢ ︽ᠬᠤᠶᠠᠳᠣᠭᠠᠷ ᠪᠦᠯᠥᠭ ᠳᠣᠮᠳᠠᠳᠣ ᠣᠯᠣᠰ ᠤᠨ ᠴᠦᠬᠡᠨ ᠳᠣᠭᠠᠳᠣ ᠦᠨᠳᠣᠰᠣᠳᠠᠨ ᠤ ᠣᠨᠴᠠᠯᠢᠭᠳᠣ ᠭᠠᠴᠠᠭ᠎ᠠ ᠳᠣᠰᠬᠤᠨ︾ ᠢᠶᠠᠷ ᠦᠨᠡᠯᠡᠭᠳᠡᠪᠠ᠃      ︵ᠵᠢᠷᠭᠤᠭ᠎ᠠ︶ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠥᠨ ᠠᠬᠢᠭᠤᠯᠪᠠ᠃ ᠵᠠᠬ᠎ᠠ ᠲᠡᠯᠭᠡᠭᠦᠷ  ᠤᠨ ᠠᠮᠢᠵᠢᠷᠠᠯ ᠤᠨ ᠬᠦᠴᠦᠨ ᠢᠯᠡᠷᠬᠡᠢ ᠴᠢᠩᠭᠠᠷᠠᠵᠣ ᠪᠦᠬᠦ ᠬᠤᠰᠢᠭᠤᠨ ᠤ ᠴᠠᠬᠢᠯᠭᠠᠨ ᠬᠦᠴᠦᠨ ᠤ ᠣᠯᠠᠨ ᠳᠠᠯᠠᠳᠣ ᠠᠷᠠᠯᠵᠢᠶᠠᠨ ᠤ 14 ᠠᠵᠣ ᠠᠬᠤᠶᠢᠯᠡᠯ ᠤᠨ ᠬᠡᠷᠡᠭᠯᠡᠭᠰᠡᠨ ᠴᠠᠬᠢᠯᠭᠠᠨ ᠤ ᠦᠪᠡᠷ ᠤᠨ ᠦᠷᠳᠡᠭ ᠢ ᠨᠠᠶᠢᠳᠠ 1 ᠳ᠋ᠦᠩᠰᠢᠭᠤᠷ ᠲᠦᠬᠦᠷᠢᠭ ᠠᠷᠪᠢᠯᠠᠪᠠ︔ ᠭᠠᠵᠠᠷ ᠰᠢᠷᠦᠢ ᠨᠣᠳᠤᠭ ᠪᠡᠯᠴᠢᠬᠡᠷ ᠤᠨ ︽ᠭᠤᠷᠪᠠᠨ ᠡᠷᠬᠡ︾ ᠶᠢ ᠰᠠᠯᠭᠠᠬᠤ ᠠᠵᠢᠯ ᠢ ᠠᠬᠢᠭᠤᠯᠵᠣ᠂ ᠨᠣᠳᠤᠭ ᠪᠡᠯᠴᠢᠬᠡᠷ ᠤᠨ ᠡᠷᠬᠡ ᠶᠢ ᠳᠣᠭᠳᠠᠭᠠᠬᠤ ᠠᠵᠢᠯ ᠢ ᠦᠨᠳᠣᠰᠣᠨ ᠳᠡᠭᠡᠨ ᠳᠠᠭᠤᠰᠬᠠᠵᠣ᠂ ᠭᠠᠵᠠᠷ ᠰᠢᠷᠦᠢ ᠶᠢᠨ ᠡᠷᠬᠡ ᠶᠢ ᠳᠣᠭᠳᠠᠭᠠᠬᠤ ᠠᠵᠢᠯ ᠢ ᠯᠠᠪᠳᠠᠭᠤᠨ ᠦᠷᠨᠢᠬᠦᠯᠪᠠ᠃ ︽ᠵᠠᠰᠠᠭ ᠢ ᠴᠣᠮᠬᠤᠳᠬᠠᠨ ᠡᠷᠬᠡ ᠶᠢ ᠳᠣᠷᠣᠭᠰᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ ︽ᠬᠤᠷᠢᠨ ᠳᠣᠯᠣᠭᠠᠨ ᠦᠨᠡᠮᠯᠡᠯ ᠢ ᠨᠢᠬᠡ ᠪᠣᠯᠭᠠᠨ ᠨᠢᠬᠡᠳᠬᠡᠬᠦ︾ ᠶᠢ ᠬᠡᠷᠡᠭᠵᠢᠬᠦᠯᠵᠣ᠂ ᠭᠠᠷ ᠣᠳᠠᠰᠣᠨ ᠤ APP ᠤᠨ ᠬᠢᠨᠠᠨ ᠵᠦᠪᠰᠢᠶᠠᠷᠠᠯ ᠢ ᠳᠡᠯᠬᠡᠷᠡᠬᠦᠯᠵᠣ᠂ ᠵᠠᠰᠠᠭ ᠤᠨ ᠶᠠᠪᠣᠳᠠᠯ ᠤᠨ ᠣᠶᠢᠯᠡᠴᠢᠯᠡᠬᠡᠨ ᠤ ᠲᠦᠪ ᠢ ᠰᠢᠨ᠎ᠠ ᠪᠠᠶᠢᠷᠢᠨ ᠳᠤ ᠰᠢᠯᠵᠢᠬᠦᠯᠥᠨ ᠬᠡᠷᠡᠭᠯᠡᠯᠳᠡ ᠳᠤ ᠣᠷᠣᠭᠤᠯᠪᠠ︔ ︽ᠬᠤᠣᠰ ᠰᠣᠭᠤᠴᠢᠵᠣ᠂ ᠨᠢᠬᠡ ᠶᠢ ᠢᠯᠡ ᠪᠣᠯᠭᠠᠬᠤ︾ ᠬᠢᠨᠡᠨ ᠬᠠᠮᠢᠶᠠᠷᠣᠯᠳᠠ ᠶᠢ ᠪᠦᠬᠦ ᠳᠠᠯ᠎ᠠ ᠪᠠᠷ ᠬᠡᠷᠡᠭᠵᠢᠬᠦᠯᠪᠠ᠃ ᠬᠤᠰᠢᠭᠤ ᠱᠠᠳᠣᠨ ᠤ ᠬᠠᠣᠯᠢ ᠬᠡᠷᠡᠭᠵᠢᠬᠦᠯᠬᠦ ᠡᠩᠨᠡᠭᠡ ᠪᠠ ᠰᠣᠮᠣ ᠪᠠᠯᠭᠠᠰᠣᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠳᠣᠪᠴᠢᠶ᠎ᠠ ᠶᠢ 9 ᠵᠣᠬᠢᠶᠠᠨ ᠪᠠᠶᠢᠭᠤᠯᠵᠣ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠥᠯᠳᠡ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠪᠠᠶᠡᠯᠡᠬᠦᠯᠪᠠ᠃ ᠠᠮᠤᠷ ᠲᠦᠪᠰᠢᠨ ᠣᠶᠢᠯᠡᠳᠪᠣᠷᠢᠯᠡᠯ ᠤᠨ ︽ᠳᠣᠯᠣᠭᠠᠨ ᠠᠵᠢᠯ ᠢ ᠨᠢᠬᠡᠳᠣᠬᠡᠷ ᠹᠷᠣᠨᠲ︾ ᠲᠤ ᠨᠠᠶᠢᠳᠠᠪᠣᠷᠢᠵᠢᠭᠤᠯᠬᠤ ᠪᠦᠳᠣᠮᠵᠢᠳᠣ ᠳᠣᠭᠳᠠᠯᠴᠠᠭ᠎ᠠ ᠶᠢ ᠬᠦᠨᠵᠡᠬᠡᠢ ᠨᠠᠶᠢᠳᠠᠪᠣᠷᠢᠵᠢᠭᠤᠯᠵᠣ ᠠᠮᠣᠷ ᠲᠦᠪᠰᠢᠨ ᠣᠶᠢᠯᠡᠳᠪᠣᠷᠢᠯᠡᠯ ᠤᠨ ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠵᠣ ᠠᠮᠣᠷ ᠲᠦᠪᠰᠢᠨ ᠣᠶᠢᠯᠡᠳᠪᠣᠷᠢᠯᠡᠯ ᠤᠨ ᠳᠣᠭᠳᠠᠭᠤᠨ ᠪᠠᠶᠢᠳᠠᠯ ᠢ ᠪᠠᠳᠣᠯᠠᠪᠠ᠃ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠡᠶᠡᠳᠡᠬᠦᠯᠥᠨ ᠰᠢᠢᠳᠪᠣᠷᠢᠯᠡᠬᠦ ᠶᠢ ᠴᠢᠩᠭᠠᠳᠬᠠᠵᠣ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠲᠦᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠣᠯᠠᠨ ᠲᠦᠮᠡᠨ ᠤ ᠵᠦᠢ ᠵᠣᠬᠢᠰᠳᠡᠢ ᠬᠠᠣᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠣᠷᠢᠯᠠᠪᠠ᠃ ︽ᠳᠣᠯᠣᠳᠣᠭᠠᠷ ᠳᠠᠪᠣᠨ ᠵᠢᠯ︾ ᠤᠨ ᠬᠠᠣᠯᠢ ᠲᠦᠬᠡᠮᠡᠯᠵᠢᠬᠦᠯᠣᠯᠳᠠ ᠶᠢᠨ ᠠᠵᠢᠯ ᠢ ᠬᠦᠨᠵᠡᠬᠡᠢ ᠦᠷᠨᠢᠬᠦᠯᠵᠣ ᠪᠦᠬᠦ ᠠᠷᠠᠳ ᠤᠨ ᠬᠠᠣᠯᠢᠵᠢᠯ ᠤᠨ ᠦᠵᠡᠯ ᠣᠬᠠᠮᠰᠠᠷ ᠢ ᠴᠢᠩᠭᠠᠳᠬᠠᠪᠠ᠃ ᠬᠤᠰᠢᠭᠤ ᠪᠠᠴᠢᠮ ᠪᠠᠶᠢᠳᠠᠯ ᠢ ᠰᠢᠢᠳᠪᠣᠷᠢᠯᠡᠬᠦ ᠶᠢ ᠵᠢᠯᠣᠭᠤᠳᠬᠤ ᠠᠵᠢᠯ ᠤᠨ ᠲᠦᠪ ᠢ ᠪᠠᠶᠢᠭᠤᠯᠵᠣ ᠬᠠᠷᠠᠭᠠᠨ ᠳᠠᠪᠳᠠᠮᠵᠢᠳᠣ ᠬᠢᠨᠡᠨ ᠡᠵᠡᠮᠰᠢᠯ ᠢᠶᠠᠷ ᠭᠤᠣᠯᠯᠠᠭᠤᠯᠣᠭᠰᠠᠨ ᠣᠯᠠᠨ ᠨᠡᠶᠢᠳᠠ ᠶᠢᠨ ᠠᠶᠣᠯᠬᠦᠢ ᠶᠢᠨ ᠮᠡᠷᠬᠡᠵᠢᠯ ᠤᠨ ᠰᠠᠷᠬᠡᠶᠢᠯᠡᠯᠳᠡ ᠶᠢᠨ ᠰᠢᠰᠲ᠋ᠧᠮ ᠢ ᠳᠡᠬᠦᠯᠳᠡᠷᠵᠢᠬᠦᠯᠥᠨ ᠠᠮᠣᠷ ᠬᠠᠮᠠᠭᠠᠯᠠᠯᠳᠠ ᠪᠠ ᠡᠷᠡᠬᠦᠦ ᠶᠢᠨ ᠬᠡᠷᠡᠭ ᠤᠨ ᠬᠤᠣᠰ ᠳᠣᠷᠣᠭᠰᠢᠯᠠᠭᠤᠯᠣᠯᠳᠠ ᠶᠢ ᠪᠠᠶᠠᠯᠡᠬᠦᠯᠵᠣ᠂ ᠠᠷᠠᠳ ᠣᠯᠠᠨ ᠤ ᠠᠮᠣᠷ ᠲᠦᠪᠰᠢᠨ ᠤ ᠲᠦᠷᠥᠭᠳᠡᠯ ᠢ ᠳᠠᠰᠣᠷᠠᠯᠳᠡ ᠦᠬᠡᠢ ᠳᠡᠬᠡᠭᠰᠢᠯᠡᠬᠦᠯᠪᠠ᠃      ︵ᠳᠣᠯᠤᠭ᠎ᠠ︶ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠣᠯᠳᠠ ᠶᠢ ᠳᠠᠰᠣᠷᠠᠯᠳᠡ ᠦᠬᠡᠢ ᠴᠢᠩᠭᠠᠳᠬᠠᠪᠠ᠃ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ ᠣᠯᠠᠨ ᠲᠦᠮᠡᠨ ᠤ ᠠᠰᠢᠭ ᠳᠣᠰᠠ ᠶᠢ ᠬᠤᠭᠢᠷᠠᠭᠤᠯᠬᠤ ᠲᠦᠪ ᠪᠣᠰᠣ ᠰᠣᠷᠳᠠᠯ ᠢ ᠡᠷᠡᠰ ᠵᠠᠯᠠᠷᠠᠭᠤᠯᠣᠨ ︽ᠣᠭᠳᠣ ᠬᠦᠯᠢᠴᠡᠬᠦ ᠦᠬᠡᠢ︾ ᠣᠪᠣᠷ ᠢᠶᠠᠷ ᠢᠯᠵᠢᠷᠠᠮᠠᠯ ᠤᠨ ᠠᠵᠢᠯᠯᠠᠭ᠎ᠠ ᠶᠢ ᠵᠠᠯᠬᠠᠭᠠᠨ ᠰᠢᠳᠬᠡᠪᠠ᠃ ᠬᠠᠣᠯᠢ ᠳᠤ ᠳᠣᠭᠳᠠᠭᠠᠭᠰᠠᠨ ᠡᠷᠬᠡ ᠶᠢᠨ ᠬᠢᠵᠠᠭᠠᠷᠯᠠᠯ ᠪᠠ ᠶᠠᠪᠣᠴᠠ ᠶᠢ ᠴᠢᠩᠭ᠎ᠠ ᠦᠨᠳᠣᠰᠣᠯᠡᠨ ᠡᠷᠬᠡ ᠪᠠᠨ ᠬᠡᠷᠡᠭᠵᠢᠬᠦᠯᠵᠣ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠪᠠ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠯᠡᠬᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ  ᠠᠴᠠ ᠪᠠᠨ ᠬᠦᠯᠢᠶᠠᠵᠣ ᠠᠷᠠᠳ ᠤᠨ ᠲᠥᠯᠥᠬᠡᠯᠡᠭᠴᠢᠳ ᠤᠨ ᠰᠠᠨᠠᠭᠠᠣᠯᠭ᠎ᠠ ᠶᠢ 45 ᠬᠤᠪᠢ᠂ ᠣᠯᠣᠰ ᠲᠦᠷᠦ ᠶᠢᠨ ᠵᠦᠪᠯᠡᠯᠬᠡᠨ ᠤ ᠰᠠᠨᠠᠯ ᠳᠣᠷᠠᠳᠣᠯᠭ᠎ᠠ ᠶᠢ 37 ᠬᠤᠪᠢ ᠬᠦᠢᠴᠡᠳᠬᠡᠪᠠ᠃ ︽ᠬᠤᠶᠡᠷ ᠢ ᠰᠣᠷᠣᠯᠴᠠᠵᠣ ᠨᠢᠬᠡ ᠳᠤ ᠳᠡᠩᠴᠡᠬᠦᠯᠬᠦ︾ ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠣᠨ ᠲᠦᠷᠢᠮᠵᠢᠬᠦᠯᠬᠦ ᠶᠢ ᠲᠦᠯᠬᠢᠨ ᠠᠬᠢᠭᠤᠯᠵᠣ ᠳᠣᠭᠤᠷᠢᠨ ᠪᠠᠶᠢᠴᠠᠭᠠᠯᠳᠠ ᠪᠠ ᠴᠠᠭᠳᠠᠨ ᠪᠠᠶᠢᠴᠠᠭᠠᠯᠳᠠ ᠶᠢᠨ ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠣ᠂ ᠬᠢᠨᠡᠨ ᠪᠣᠳᠣᠯᠳᠠ ᠶᠢᠨ ᠦᠷ᠎ᠡ ᠳ᠋ᠦᠩ ᠤᠨ ᠬᠡᠷᠡᠭᠯᠡᠯᠳᠡ ᠶᠢ ᠴᠢᠩᠭᠠᠳᠬᠠᠵᠣ ᠴᠢᠬᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠡᠮᠠᠯ ᠢ ᠡᠰᠡᠷᠬᠦᠴᠡᠬᠦ ᠳᠠᠮᠠᠴᠡᠯ ᠰᠢᠨ᠎ᠡ ᠦᠷ᠎ᠡ ᠠᠰᠢᠭ ᠤᠯᠪᠠ᠃      ᠲᠦᠯᠦᠭᠡᠯᠡᠭᠴᠢᠳ ᠡ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠦᠢᠯᠡᠳᠦᠯᠭᠡ ᠶᠢ ᠡᠷᠬᠢᠴᠡᠭᠦᠯᠪᠡᠯ ᠮᠠᠨ ᠤ ᠬᠤᠰᠢᠭᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠦᠷᠬᠦᠯᠵᠢᠯᠡᠨ ᠪᠦᠳᠦᠮᠵᠢᠳᠡᠢ ᠶᠠᠪᠤᠭᠳᠠᠨ ᠬᠤᠳᠠ ᠬᠦᠳᠡᠭᠡᠨ ᠤ ᠲᠦᠷᠢ ᠲᠦᠷᠬᠦ ᠦᠨᠳᠦᠰᠦᠨ ᠠᠴᠠ ᠪᠠᠨ ᠬᠤᠪᠢᠷᠠᠯᠳᠠ ᠲᠠᠢ ᠪᠤᠯᠵᠤ ᠠᠷᠠᠳ ᠲᠦᠮᠡᠨ ᠤ ᠠᠮᠢᠳᠤᠷᠠᠯ ᠶᠡᠷᠦᠩᠬᠡᠢ ᠳᠤ ᠪᠠᠨ ᠰᠠᠶᠢᠵᠢᠷᠠᠭᠰᠠᠨ ᠲᠠᠪᠤᠨ ᠵᠢᠯ ᠪᠠᠶᠢᠵᠤ᠂ ᠨᠤᠮᠢᠨ ᠲᠠᠩᠰᠤᠭ ᠦᠦᠰᠢᠨ ᠤ ᠬᠦᠭᠵᠢᠯᠳᠡ ᠶᠢᠨ ᠲᠡᠦᠬᠡᠨ ᠳᠠᠬᠢ ᠬᠡᠷᠡᠯ ᠰᠠᠴᠣᠷᠡᠩᠭᠤᠢ ᠨᠢᠭᠡᠨ ᠬᠠᠭᠤᠳᠠᠰᠤ ᠪᠤᠯᠤᠨ ᠲᠡᠮᠳᠡᠭᠯᠡᠭᠳᠡᠵᠡᠢ᠃ ᠤᠷᠢᠳ ᠬᠤᠵᠢᠳ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠰᠢᠶᠠᠨ︾᠂ ︽ᠤᠯᠤᠰ ᠤᠨ ᠲᠡᠰ ᠤᠨ ᠴᠡᠴᠡᠷᠯᠢᠭᠵᠢᠬᠦᠯᠥᠯᠳᠡ ᠶᠢᠨ ᠰᠢᠶᠠᠨ︾᠂ ᠤᠯᠤᠰ ᠤᠨ ᠰᠢᠶᠠᠨ ᠲᠤᠭᠤᠷᠢᠭ ᠤᠨ ᠲᠡᠰ ᠤᠨ ︽ᠨᠤᠮ ᠤᠨ ᠪᠤᠶᠠᠨᠳᠤ ᠬᠤᠳᠠ ︵ᠳᠣᠭᠤᠷᠢᠭ ᠬᠤᠰᠢᠭᠤ ᠰᠢᠶᠠᠨ︶︾᠂ ︽ᠪᠦᠬᠦ ᠤᠯᠤᠰ ᠤᠨ ᠰᠡᠯᠡᠭᠦᠴᠡᠯ ᠮᠠᠯ ᠲᠠᠷᠢᠶᠠᠯᠠᠩ ᠤᠨ ᠦᠢᠯᠡᠰ ᠪᠤᠯᠤᠨ ᠮᠠᠯᠵᠢᠬᠤ ᠲᠠᠷᠢᠶᠠᠯᠠᠬᠤ ᠤᠷᠤᠨ ᠤ ᠵᠢᠭᠤᠯᠴᠢᠯᠠᠯ ᠤᠨ ᠲᠠᠭᠤᠷᠢᠶᠠᠯ ᠬᠤᠰᠢᠭᠤ︾ ᠵᠡᠷᠬᠡ ᠢᠷᠠᠭᠤ ᠠᠯᠳᠠᠷ ᠢ ᠬᠦᠷᠳᠡᠵᠣ᠂ ᠪᠦᠬᠦ ᠣᠯᠣᠰ ᠤᠨ ᠬᠤᠰᠢᠭᠤ ᠰᠢᠶᠠᠨ ᠤ ᠠᠵᠣ ᠠᠬᠤᠢ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ ᠳᠠᠯᠠᠨ ᠳᠠᠪᠣᠳᠣᠭᠠᠷ ᠲᠤ ᠪᠠᠶᠢᠷᠢᠯᠠᠪᠠ᠃ ᠡᠳᠡᠭᠡᠷ ᠬᠢᠷᠢ ᠪᠦᠳᠦᠮᠵᠢ ᠶᠢ ᠤᠯᠤᠭᠰᠠᠨ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ  ᠶᠢᠨ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠶᠢᠨ ᠦᠷ᠎ᠡ ᠳ᠋ᠦᠩ ᠮᠦᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠲᠦᠪᠯᠡᠷᠡᠬᠦᠯᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠨ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ᠂ ᠠᠵᠢᠯ ᠤᠨ ᠠᠮᠠᠷᠠᠯᠳᠠ ᠪᠠᠨ ᠠᠪᠤᠭᠰᠠᠨ ᠠᠬᠠᠮᠠᠳ ᠺᠠᠳ᠋ᠷᠴᠤᠳ ᠪᠤᠯᠤᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠪᠠᠶᠠᠷ ᠲᠠᠯᠠᠷᠬᠠᠯ ᠪᠤᠯᠤᠨ ᠡᠷᠬᠢᠮ ᠲᠡᠭᠡᠳᠦ ᠬᠦᠨᠳᠦᠳᠭᠡᠯ ᠢᠶᠠᠨ ᠲᠡᠪᠰᠢᠬᠦᠯᠦᠶ᠎ᠡ︕      ᠲᠠᠪᠤᠨ ᠵᠢᠯ ᠤᠨ ᠲᠤᠷᠰᠢ᠂ ᠡᠯ᠎ᠡ ᠲᠦᠷᠦᠯ ᠤᠨ ᠠᠵᠢᠯ ᠴᠦᠮ ᠵᠤᠬᠢᠬᠤ ᠬᠢᠷᠢ ᠪᠦᠳᠦᠮᠵᠢ ᠤᠯᠤᠭᠰᠠᠨ ᠪᠣᠯᠪᠠᠴᠣ ᠲᠡᠭᠡᠷ᠎ᠡ ᠱᠠᠳᠤᠨ ᠤ ᠱᠠᠭᠠᠷᠳᠠᠯᠭ᠎ᠠ ᠪᠤᠯᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠬᠠᠷᠠᠬᠠᠨ ᠵᠠᠶᠢᠳᠠᠢ ᠪᠠᠶᠢᠭᠰᠠᠭᠠᠷ᠂ ᠭᠤᠤᠯ ᠢᠯᠡᠷᠡᠯ ᠨᠢ᠄ ᠠᠵᠤ ᠦᠢᠯᠡᠰ ᠤᠨ ᠬᠦᠭᠵᠢᠯᠳᠡ ᠲᠡᠩᠴᠡᠭᠦᠷᠢ ᠦᠭᠡᠢ᠂ ᠴᠢᠳᠠᠪᠬᠢ ᠨᠢ ᠬᠠᠷᠢᠯᠴᠠᠨ ᠨᠦᠬᠦᠪᠦᠷᠢᠯᠡᠵᠦ᠂ ᠭᠤᠣᠯ ᠪᠣᠯᠬᠤ ᠪᠠ ᠳᠠᠭᠠᠯᠳᠠ ᠪᠣᠯᠬᠤ ᠠᠵᠤ ᠦᠢᠯᠡᠰ ᠴᠢᠩᠭ᠎ᠠ ᠠᠪᠤᠴᠠᠯᠳᠤᠭᠰᠠᠨ ᠠᠵᠤ ᠦᠢᠯᠡᠰ ᠤᠨ ᠬᠡᠯᠬᠢᠶᠡᠵᠢᠯ ᠬᠠᠷᠠᠬᠠᠨ ᠪᠦᠷᠢᠯᠳᠦᠬᠡᠳᠦᠢ︔ ᠡᠳ᠋ ᠤᠨ ᠵᠠᠰᠠᠭ ᠤᠨ ᠵᠠᠶᠢᠯᠠᠰᠢ ᠦᠬᠡᠢ ᠵᠠᠷᠣᠯᠭ᠎ᠠ ᠨᠡᠯᠢᠶᠡᠳ ᠤᠯᠠᠨ᠂ ᠤᠷᠤᠯᠭ᠎ᠠ ᠵᠠᠷᠤᠯᠭ᠎ᠠ ᠶᠢᠨ ᠵᠦᠷᠢᠴᠡᠯ ᠨᠡᠯᠢᠶᠡᠳ ᠲᠤᠪᠤᠶᠢᠮ᠎ᠠ ᠪᠤᠢ︔ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠰᠤᠶᠤᠯ᠂ ᠡᠷᠡᠭᠦᠯ ᠬᠠᠮᠠᠭᠠᠯᠠᠯ ᠵᠡᠷᠭᠡ ᠨᠡᠶᠢᠬᠡᠮ ᠤᠨ ᠦᠢᠯᠡᠰ ᠤᠨ ᠬᠦᠭᠵᠢᠯᠳᠡ ᠬᠦᠢᠴᠡᠳ ᠪᠤᠰᠤ ᠪᠠᠶᠢᠵᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠳᠤ ᠦᠷᠬᠦᠯᠵᠢᠯᠡᠨ ᠬᠦᠴᠦ ᠲᠠᠯᠪᠢᠬᠤ ᠬᠡᠷᠡᠭᠳᠡᠢ︔ ᠵᠠᠷᠢᠮ ᠺᠠᠳ᠋ᠷ ᠠᠵᠢᠯᠳᠠᠨ ᠤ ᠬᠡᠪ ᠰᠤᠷᠳᠠᠯ ᠪᠤᠳᠠᠳᠠᠢ ᠠᠴᠠ ᠵᠠᠶᠢᠳᠠᠵᠤ᠂ ᠬᠠᠷᠢᠭᠤᠴᠠᠯᠭᠠᠳᠤ ᠴᠢᠨᠠᠷ ᠬᠦᠷᠦᠯᠴᠡᠬᠦ ᠦᠭᠡᠢ᠂ ᠴᠢᠳᠠᠪᠤᠷᠢ ᠬᠦᠷᠦᠯᠴᠡᠬᠦ ᠦᠭᠡᠢ ᠪᠠᠶᠢᠳᠠᠯ ᠮᠦᠨ ᠤᠷᠤᠰᠢᠵᠤ ᠪᠠᠶᠢᠭ᠎ᠠ ᠵᠡᠷᠭᠡ ᠪᠤᠢ᠃ ᠡᠳᠡᠭᠡᠷ ᠠᠰᠠᠭᠤᠳᠠᠯ ᠳᠤ ᠴᠢᠭᠯᠡᠬᠦᠯᠦᠨ ᠪᠢᠳᠡ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠨᠡᠩ ᠪᠦᠳᠦᠮᠵᠢᠳᠠᠢ ᠠᠷᠭ᠎ᠠ ᠬᠡᠮᠵᠢᠶ᠎ᠡ ᠠᠪᠤᠨ ᠨᠠᠷᠢᠨ ᠬᠢᠨᠠᠮᠠᠭᠠᠢ ᠰᠢᠢᠳᠪᠣᠷᠢᠯᠡᠨ᠎ᠠ᠃      ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ      ᠲᠦᠯᠦᠭᠡᠯᠡᠭᠴᠢᠳ ᠡ᠂ ᠨᠠᠮ ᠤᠨ ᠠᠷᠪᠠ ᠶᠢᠰᠦᠳᠤᠬᠡᠷ ᠶᠡᠭᠡ ᠬᠤᠷᠠᠯ ᠨᠢ ᠨᠡᠶᠢᠬᠡᠮ ᠵᠢᠷᠤᠮᠳᠤ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠵᠣ ᠠᠭᠤᠤ ᠶᠡᠭᠡ ᠬᠦᠰᠡᠯ ᠡᠷᠡᠮᠡᠯᠵᠡᠯ ᠢᠶᠠᠨ ᠪᠡᠶᠡᠯᠡᠬᠦᠯᠬᠦ ᠠᠤᠭ᠎ᠠ ᠲᠦᠯᠦᠪ ᠢ ᠵᠢᠷᠤᠭᠯᠠᠭᠰᠠᠨ ᠶᠤᠮ᠃ ᠤᠳᠤᠬᠠᠨ ᠳᠤ ᠪᠦᠬᠦ ᠬᠤᠰᠢᠭᠤ ᠪᠠᠷ ᠢᠶᠠᠨ ᠤᠷᠤᠭᠰᠢᠯᠠᠨ ᠲᠠᠪᠰᠢᠬᠤ ᠶᠢ ᠰᠦᠪᠡᠭᠴᠢᠯᠡᠵᠦ᠂ ᠠᠵᠤ ᠦᠢᠯᠡᠰ ᠤᠨ ᠰᠠᠭᠤᠷᠢ᠂ ᠠᠵᠤ ᠦᠢᠯᠡᠰ ᠤᠨ ᠬᠡᠪᠴᠢᠶᠡᠵᠢᠯ᠂ ᠠᠵᠤ ᠦᠢᠯᠡᠰ ᠤᠨ ᠬᠡᠯᠪᠡᠷᠢ ᠵᠡᠷᠬᠡ ᠲᠠᠯ᠎ᠠ ᠶᠢᠨ ᠲᠠᠪᠠᠭᠤᠯᠢᠭ ᠡᠳᠦᠷ ᠢᠷᠡᠬᠦᠶ᠎ᠡ ᠲᠤᠪᠤᠶᠢᠵᠤ᠂ ᠣᠷᠣᠨ ᠳᠠᠪᠰᠢᠵᠣ ᠳᠠᠪᠠᠭ᠋ᠣ ᠰᠠᠭᠤᠷᠢ ᠪᠤᠯᠤᠨ ᠨᠦᠬᠦᠴᠡᠯ ᠪᠦᠷᠢᠯᠳᠦᠭᠰᠡᠨ ᠪᠠᠶᠢᠨ᠎ᠠ᠃ ᠰᠢᠨ᠎ᠡ ᠴᠠᠭ ᠦᠶ᠎ᠡ ᠳᠤ ᠤᠷᠤᠭᠠᠳ ᠪᠢᠳᠡ ︽ᠲᠦᠷᠪᠡᠨ ᠤᠬᠠᠮᠰᠠᠷ︾ ᠢ ᠪᠤᠢ ᠪᠤᠯᠭᠠᠨ ︽ᠲᠦᠷᠪᠡᠨ ᠢᠳᠡᠭᠡᠯ︾ ᠢ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠯᠣᠰ ᠲᠦᠷᠦ ᠶᠢᠨ ᠳᠠᠷᠢᠬᠦᠨ ᠤ ᠡᠬᠦᠷᠭᠡ ᠪᠠᠨ ᠪᠤᠯᠭᠠᠵᠤ᠂ ᠨᠡᠶᠢᠬᠡᠮ ᠤᠨ ᠭᠤᠤᠯ ᠵᠦᠷᠢᠴᠡᠯ ᠬᠤᠪᠢᠷᠠᠯᠳᠠ ᠭᠠᠷᠤᠭᠰᠠᠨ ᠰᠢᠨ᠎ᠡ ᠤᠨᠴᠠᠯᠢᠭ ᠢ ᠴᠢᠩᠭ᠎ᠠ ᠠᠳᠬᠤᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠪᠦᠬᠦᠳᠡ ᠬᠤᠷᠠᠯ᠂ ᠬᠤᠳᠠ ᠶᠢᠨ ᠨᠠᠮ  ᠤᠨ ᠬᠤᠷᠢᠶᠠᠨ ᠤ ᠲᠦᠷᠪᠡᠳᠦᠬᠡᠷ ᠬᠤᠭᠤᠴᠠᠭᠠᠨ ᠤ ᠲᠦᠷᠪᠡᠳᠦᠬᠡᠷ ᠤᠳᠠᠭᠠᠨ ᠤ ᠪᠦᠬᠦᠳᠡ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠣᠷᠢᠵᠢᠭᠤᠯᠣᠨ ᠦᠷᠭᠡᠨ ᠤᠯᠠᠨ ᠺᠠᠳ᠋ᠷ ᠤᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠳᠤ ᠴᠢᠨᠠᠷ ᠪᠤᠯᠤᠨ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠤᠷᠤᠭᠰᠢ ᠲᠠᠪᠰᠢᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠦᠷᠭᠡᠳᠬᠡᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠠᠬᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠤ᠂ ᠨᠤᠮᠢᠨ ᠲᠠᠩᠰᠤᠭ ᠦᠦᠰᠢᠨ ᠤ ᠠᠵᠤ ᠠᠬᠤᠢ ᠶᠢᠨ ᠪᠤᠳᠠᠳᠤ ᠬᠦᠴᠦᠨ ᠢ ᠤᠯᠠᠮ ᠬᠦᠴᠦᠷᠬᠡᠭᠵᠢᠬᠦᠯᠦᠨ ᠠᠷᠠᠳ ᠲᠦᠮᠡᠨ ᠳᠤ ᠨᠡᠩ ᠤᠯᠠᠨ ᠵᠤᠯ ᠵᠢᠷᠭᠠᠯ ᠢ ᠤᠯᠭᠤᠨ ᠪᠤᠯᠪᠠᠰᠤᠨ ᠤ ᠬᠢᠷᠢ ᠲᠦᠪᠰᠢᠨ ᠢ ᠤᠯᠠᠮ ᠦᠨᠳᠦᠷᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠨᠡᠩ ᠦᠵᠡᠰᠬᠦᠯᠡᠩ ᠰᠠᠶᠢᠬᠠᠨ ᠪᠤᠯᠭᠠᠬᠤ ᠪᠠᠷ ᠴᠢᠷᠮᠠᠶᠢᠵᠤ ᠨᠤᠮᠢᠨ ᠲᠠᠩᠰᠤᠭ ᠦᠦᠰᠢᠨ ᠳᠤ ᠪᠡᠯᠡ ᠤᠷᠤᠭᠤᠯᠤᠨ ᠠᠳᠠᠯ ᠪᠤᠰᠬᠠᠵᠤ ᠠᠵᠢᠯᠯᠠᠵᠤ ᠠᠮᠢᠳᠤᠷᠠᠵᠤ ᠪᠠᠶᠢᠭ᠎ᠠ ᠬᠦᠮᠦᠨ ᠪᠦᠬᠦᠨ ᠤ ᠬᠦᠷᠳᠡᠮᠵᠢ ᠶᠢᠨ ᠲᠦᠷᠦᠭᠳᠡᠯ ᠪᠠ ᠠᠮᠵᠢᠯᠳᠠ ᠶᠢᠨ ᠲᠦᠷᠦᠭᠳᠡᠯ᠂ ᠠᠵᠠ ᠵᠢᠷᠭᠠᠯ ᠤᠨ ᠲᠦᠷᠦᠭᠳᠡᠯ ᠢ ᠨᠡᠩ ᠨᠡᠮᠡᠭᠳᠡᠬᠦᠯᠥᠨ᠎ᠠ︕      ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠦᠷᠢᠯᠳᠦᠬᠦᠯᠥᠨ ᠪᠠᠳᠣᠳᠬᠠᠵᠣ᠂ ︽ᠲᠤᠭᠳᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ︾ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠬᠦᠭᠵᠢᠯᠳᠡ᠂ ᠠᠷᠠᠳ ᠤᠨ ᠠᠮᠢᠳᠤᠷᠠᠯ᠂ ᠠᠮᠢ ᠠᠬᠤᠢ ︽ᠭᠤᠷᠪᠠᠨ ᠬᠤᠷᠢᠭ᠎ᠠ ᠱᠤᠭᠤᠮ︾ ᠢ ᠪᠠᠳᠤ ᠰᠠᠬᠢᠵᠤ ᠬᠦᠬᠡᠬᠤᠳᠠ᠂ ᠪᠤᠭᠤᠳᠤ᠂ ᠤᠷᠳᠤᠰ ᠵᠤᠬᠢᠴᠠᠯᠳᠤᠨ ᠬᠦᠭᠵᠢᠬᠦ ᠪᠤᠯᠤᠨ ᠬᠦᠬᠡᠬᠤᠳᠠ᠂ ᠪᠤᠭᠤᠳᠤ᠂ ᠢᠷᠭᠠᠢ᠂ ᠲᠡᠮᠡᠭᠡᠳᠤ ᠶᠢᠨ ᠬᠤᠳᠠ ᠶᠢᠨ ᠴᠤᠭᠯᠠᠷᠠᠯ ᠲᠠᠢ ᠢᠳᠡᠪᠬᠢᠳᠡᠢ ᠠᠭᠤᠰᠤᠯᠴᠠᠵᠤ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠪᠦᠳᠦᠮᠵᠢ ᠶᠢ ᠲᠡᠭᠡᠭᠰᠢᠯᠡᠬᠦᠯᠬᠦ ᠪᠠᠷ ᠭᠤᠤᠯ ᠪᠤᠯᠭᠠᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ  ᠶᠢᠨ ᠴᠢᠨᠠᠷᠳᠠᠢ ᠦᠬᠡᠷᠠᠴᠢᠯᠡᠯᠳᠡ ᠶᠢ ᠲᠦᠯᠬᠢᠨ ᠠᠬᠢᠭᠤᠯᠬᠤ ᠪᠠᠷ ᠭᠤᠤᠯ ᠰᠢᠵᠢᠮ ᠪᠤᠯᠭᠠᠵᠤ᠂ ᠪᠦᠬᠦ ᠲᠠᠯ᠎ᠠ ᠪᠠᠷ ᠴᠢᠨᠡᠭᠡᠯᠢᠭ ᠨᠠᠶᠢᠭᠡᠮ ᠢ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠲᠡᠮᠡᠴᠡᠨ ᠤᠯᠵᠤ ᠤᠳᠤᠬᠢᠴᠢᠯᠠᠭᠰᠠᠨ ᠦᠦᠰᠢᠨ ᠬᠤᠰᠢᠭᠤ ᠶᠢ ᠪᠦᠬᠦ ᠲᠠᠯ᠎ᠠ ᠪᠠᠷ ᠪᠡᠶᠡᠯᠡᠬᠦᠯᠬᠦ ᠰᠢᠨ᠎ᠡ ᠠᠶᠠᠨ ᠢ ᠡᠬᠢᠯᠡᠬᠦᠯᠵᠣ ᠨᠤᠮᠢᠨ ᠲᠠᠩᠰᠤᠭ ᠦᠦᠰᠢᠨ ᠢᠶᠠᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠮᠠᠩᠯᠠᠶᠢᠯᠠᠭᠴᠢ᠂ ᠰᠤᠶᠤᠯ ᠵᠢᠭᠤᠯᠴᠢᠯᠠᠯ ᠠᠭᠤᠰᠤᠯᠴᠠᠭᠰᠠᠨ ᠲᠠᠭᠤᠷᠢᠶᠠᠯ ᠤᠷᠤᠨ᠂ ᠠᠮᠢ ᠠᠬᠤᠢ ᠶᠢᠨ ᠪᠤᠯᠪᠠᠰᠤᠨ ᠤ ᠬᠦᠳᠦᠯᠦᠨ ᠲᠠᠭᠠᠭᠤᠯᠤᠭᠴᠢ᠂ ᠡᠮᠦᠨᠡᠰᠢ ᠪᠠᠨ ᠨᠡᠭᠡᠭᠡᠯᠳᠡ ᠬᠢᠬᠦ ᠪᠠᠬᠢᠯᠡᠯᠳᠡ᠂ ᠵᠤᠯ ᠵᠢᠷᠭᠠᠯᠳᠤ ᠠᠮᠢᠳᠤᠷᠠᠯ ᠢ ᠬᠠᠮᠳᠤᠪᠠᠷ ᠡᠳ᠋ᠯᠡᠬᠦ ᠤᠷᠤᠨ ᠪᠤᠯᠭᠠᠬᠤ ᠶᠢ ᠠᠬᠢᠭᠤᠯᠵᠤ᠂ ᠦᠵᠡᠰᠬᠦᠯᠡᠩᠳᠦ ᠰᠠᠶᠢᠬᠠᠨ ᠴᠢᠨᠠᠷᠵᠢᠭᠤᠨ ᠪᠦᠬᠦᠢ ᠵᠤᠯ ᠵᠢᠷᠭᠠᠯᠳᠤ ᠤᠷᠳᠤᠰ ᠢ ᠪᠦᠳᠦᠭᠡᠨ ᠪᠠᠶᠢᠭᠤᠯᠬᠤ ᠪᠠ ︽ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠶᠢ ᠬᠠᠮᠳᠤᠪᠠᠷ ᠲᠡᠷᠭᠡᠯᠰᠢᠬᠦᠯᠬᠦ︾ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠦᠨ᠎ᠡ᠃      ᠬᠤᠶᠢᠰᠢᠳᠠ ᠶᠢᠨ ᠲᠠᠪᠤᠨ ᠵᠢᠯ ᠳᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠢ ᠵᠢᠯ ᠲᠤᠮᠳᠠᠴᠢ ᠪᠠᠷ 7.5% ᠨᠡᠮᠡᠭᠳᠡᠬᠦᠯᠵᠣ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠲᠤᠮᠳᠠᠴᠢ ᠪᠠᠷ 10% ᠨᠡᠮᠡᠭᠳᠡᠬᠦᠯᠵᠣ᠂ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ ᠪᠠᠷ 8% ᠨᠡᠮᠡᠭᠳᠡᠬᠦᠯᠥᠨ ᠨᠡᠶᠢᠭᠡᠮ ᠤᠨ ᠬᠡᠷᠡᠭᠯᠡᠭᠡᠨ ᠤ ᠵᠣᠶᠢᠯᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ ᠵᠢᠯ ᠲᠤᠮᠳᠠᠴᠢ ᠪᠠᠷ 10.5% ᠨᠡᠮᠡᠭᠳᠡᠬᠦᠯᠵᠣ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠤᠯᠬᠤ ᠤᠷᠤᠯᠭ᠎ᠠ ᠶᠢ ᠵᠢᠯ ᠲᠤᠮᠳᠠᠴᠢ ᠪᠠᠷ ᠳᠣᠰᠪᠣᠷᠢ 9%᠂10% ᠨᠡᠮᠡᠭᠳᠡᠬᠦᠯᠵᠣ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠯ᠎ᠡ ᠲᠦᠷᠦᠯ ᠤᠨ ᠬᠠᠷᠠᠯᠳᠠ ᠶᠢ ᠠᠮᠵᠢᠯᠳᠠᠳᠠᠢ ᠪᠡᠶᠡᠯᠡᠬᠦᠯᠵᠦ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃      ᠲᠡᠭᠡᠷᠡᠬᠢ ᠬᠠᠷᠠᠯᠳᠠ ᠶᠢ ᠪᠡᠶᠡᠯᠡᠬᠦᠯᠬᠦ ᠳᠤ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠨᠢ ᠲᠤᠤᠷᠠᠬᠢ ᠳᠣᠯᠣᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠬᠤ ᠬᠡᠷᠡᠭᠳᠡᠢ᠃     ︵ᠨᠢᠭᠡ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠡ ᠶᠢ ᠲᠦᠷᠬᠡᠨ ᠮᠦᠷᠳᠡᠬᠡᠨ ᠯᠠᠪᠳᠠᠭᠤᠨ ᠠᠬᠢᠭᠤᠯᠵᠣ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠤᠯᠠᠮ ᠴᠢᠨᠠᠷᠵᠢᠭᠤᠨ ᠪᠤᠯᠭᠠᠨ᠎ᠠ᠃ ᠰᠢᠨ᠎ᠡ ᠶᠢ ᠡᠬᠦᠳᠬᠦ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ︽ᠲᠤᠯᠤᠭᠠᠨ ᠦᠢᠯᠡᠰ︾ ᠢ ᠬᠠᠮᠳᠤᠪᠠᠷ ᠴᠡᠴᠡᠭᠯᠡᠬᠦᠯᠥᠨ ᠬᠦᠭᠵᠢᠬᠦᠯᠬᠦ ᠶᠢᠨ ᠲᠣᠭᠤᠷᠢᠨ ᠳᠤ ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠠᠵᠢᠯ ᠢ ᠦᠷᠨᠢᠬᠦᠯᠵᠦ ᠬᠦᠴᠦ ᠪᠠᠨ ᠲᠦᠪᠯᠡᠷᠡᠭᠦᠯᠦᠨ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠴᠦᠯᠡᠨ ᠪᠤᠶᠢᠵᠢᠭᠤᠯᠤᠨ᠎ᠠ᠃ ᠬᠦᠷᠢᠶᠡᠯᠡᠩ ᠲᠤᠭᠤᠷᠢᠭ ᠢᠶᠠᠷ ᠴᠢᠬᠤᠯᠠ ᠬᠦᠴᠦᠨ ᠵᠣᠶᠢᠯ ᠪᠠ ᠠᠵᠤ ᠦᠢᠯᠡᠰ ᠤᠨ ᠲᠦᠪᠯᠡᠷᠡᠯ  ᠤᠨ ᠠᠴᠢᠶᠠᠯᠠᠭᠴᠢ ᠪᠤᠯᠭᠠᠬᠤ ᠶᠢ ᠪᠠᠷᠢᠮᠳᠠᠯᠠᠵᠤ᠂ ᠰᠠᠭᠤᠷᠢ ᠲᠦᠭᠦᠭᠡᠷᠦᠮᠵᠢ ᠪᠤᠯᠤᠨ ᠨᠡᠶᠢᠳᠡ ᠶᠢᠨ ᠦᠢᠯᠡᠴᠢᠯᠡᠭᠡᠨ ᠤ ᠢᠵᠢ ᠪᠦᠷᠢᠳᠬᠦ ᠶᠢ ᠲᠦᠷᠭᠡᠳᠭᠡᠨ ᠪᠦᠷᠢᠨᠰᠢᠬᠦᠯᠵᠦ ᠰᠢᠰᠲ᠋ᠧᠮ ᠲᠤᠭᠳᠠᠴᠠ ᠪᠤᠯᠤᠨ ᠲᠦᠷᠦ ᠶᠢᠨ ᠪᠤᠳᠤᠯᠭ᠎ᠠ ᠶᠢᠨ ᠤᠷᠴᠢᠨ ᠠᠬᠤᠢ ᠶᠢᠨ ᠰᠢᠨ᠎ᠡ ᠶᠢ ᠡᠬᠦᠳᠬᠦ ᠶᠢ ᠬᠦᠨᠵᠡᠭᠡᠶᠢᠷᠡᠬᠦᠯᠵᠦ᠂ ᠮᠡᠷᠭᠡᠵᠢᠯ ᠤᠨ ᠰᠢᠨ᠎ᠡ ᠶᠢ ᠡᠬᠦᠳᠬᠦ᠂ ᠪᠣᠶᠢᠵᠢᠭᠤᠯᠣᠨ ᠬᠦᠭᠵᠢᠬᠦᠯᠬᠦ ᠲᠠᠪᠴᠠᠩ ᠢ ᠪᠠᠶᠢᠭᠤᠯᠤᠨ ᠡᠯ᠎ᠡ ᠲᠦᠷᠦᠯ ᠤᠨ ᠠᠵᠤ ᠠᠬᠤᠶᠢᠯᠠᠯ ᠢ ᠨᠤᠮᠢᠨ ᠲᠠᠩᠰᠤᠭ ᠦᠦᠰᠢᠨ ᠤ ᠦᠷᠭᠡᠨ ᠠᠭᠤᠳᠠᠮ ᠨᠤᠳᠤᠭ ᠲᠡᠪᠢᠰᠭᠡᠷ ᠲᠡᠭᠡᠷ᠎ᠡ ᠦᠷᠨᠢᠩᠬᠦᠢ ᠬᠦᠭᠵᠢᠬᠦᠯᠦᠨ᠎ᠡ᠃ ᠠᠮᠣᠷ ᠲᠦᠪᠰᠢᠨ᠂ ᠪᠤᠬᠢᠷᠳᠤᠯ ᠦᠭᠡᠢ᠂ ᠤᠶᠤᠨᠴᠢᠯᠠᠭᠰᠠᠨ ᠮᠠᠶ᠋ᠢᠭ ᠢᠶᠠᠷ ᠨᠡᠬᠦᠷᠡᠰᠦ ᠶᠢ ᠨᠡᠭᠡᠭᠡᠨ ᠮᠠᠯᠳᠠᠬᠤ ᠪᠠ ᠠᠷᠢᠭᠤᠨ ᠴᠡᠪᠡᠷ᠂ ᠦᠨᠳᠦᠷ ᠪᠦᠳᠦᠮᠵᠢᠳᠡᠢ᠂ ᠲᠤᠤᠷ᠎ᠠ ᠨᠡᠬᠦᠷᠡᠰᠦᠳᠦ᠋ᠷᠦᠭᠴᠢᠳᠤ ᠮᠠᠶ᠋ᠢᠭ ᠢᠶᠠᠷ ᠠᠰᠢᠭᠯᠠᠬᠤ ᠪᠠᠷ ᠭᠤᠤᠯ ᠰᠢᠪᠳᠤᠯᠤᠯᠳᠠ ᠪᠤᠯᠭᠠᠵᠤ ᠪᠦᠭᠯᠡᠵᠦ ᠲᠦᠭᠦᠷᠭᠡᠬᠦ᠂ ᠤᠰᠤ ᠶᠢ ᠬᠠᠮᠠᠭᠠᠯᠠᠬᠤ ᠵᠡᠷᠬᠡ ᠶᠢᠨ ᠪᠤᠬᠢᠷᠳᠤᠯ ᠦᠭᠡᠢ ᠨᠡᠭᠡᠭᠡᠨ ᠮᠠᠯᠳᠠᠬᠤ ᠮᠡᠷᠬᠡᠵᠢᠯ ᠢ ᠲᠡᠯᠭᠡᠷᠡᠭᠦᠯᠦᠨ ᠴᠢᠨᠠᠷ ᠪᠠ ᠲᠡᠰ ᠬᠤᠪᠢᠶᠠᠨ ᠠᠰᠢᠭᠯᠠᠬᠤ ᠶᠢ ᠦᠷᠨᠢᠬᠦᠯᠵᠦ᠂ ᠨᠡᠬᠦᠷᠡᠰᠦᠨ ᠤ ᠠᠵᠦ ᠦᠢᠯᠡᠰ ᠴᠢᠨᠠᠷ ᠢᠶᠠᠨ ᠰᠠᠶᠢᠵᠢᠷᠠᠭᠤᠯᠤᠨ ᠪᠦᠳᠦᠮᠵᠢ ᠪᠠᠨ ᠲᠡᠭᠡᠭᠰᠢᠯᠡᠬᠦᠯᠬᠦ ᠶᠢ ᠠᠬᠢᠭᠤᠯᠤᠨ᠎ᠠ᠃ 2022 ᠤᠨ ᠪᠤᠯᠬᠤ ᠳᠤ ᠨᠡᠭᠦᠷᠡᠰᠦᠨ ᠤ ᠭᠠᠷᠭᠠᠯᠳᠠ ᠶᠢ 7000 ᠲᠦᠮᠡᠨ ᠳᠣᠨᠨ᠋ᠨ ᠢ ᠳᠠᠪᠠᠭᠤᠯᠬᠤ ᠪᠠᠷ ᠴᠢᠷᠮᠠᠶᠢᠵᠤ᠂ ᠲᠤᠬᠠᠢ  ᠶᠢᠨ ᠭᠠᠵᠠᠷ ᠲᠤ ᠨᠠᠷᠢᠯᠢᠭ ᠪᠤᠯᠪᠠᠰᠤᠷᠠᠭᠤᠯᠬᠤ ᠨᠤᠷᠮ᠎ᠠ ᠶᠢ 40% ᠠᠴᠠ ᠲᠡᠭᠡᠭᠰᠢ ᠪᠠᠶᠢᠯᠭᠠᠨ᠎ᠠ᠃ ᠪᠠᠶᠢᠭᠠᠯᠢ ᠶᠢᠨ ᠰᠢᠳᠠᠮᠠᠬᠠᠢ ᠬᠡᠢ ᠶᠢᠨ ᠭᠡᠪ ᠤᠨ ᠨᠡᠭᠡᠭᠡᠨ ᠠᠰᠢᠭᠯᠠᠯᠳᠠ ᠶᠢᠨ ᠬᠡᠪᠴᠢᠶ᠎ᠡ ᠶᠢ ᠲᠤᠭᠳᠠᠪᠤᠷᠢᠵᠢᠭᠤᠯᠵᠤ ᠪᠠᠶᠢᠭᠠᠯᠢ ᠶᠢᠨ ᠰᠢᠳᠠᠮᠠᠬᠠᠢ ᠬᠡᠢ ᠦᠷᠦᠮᠳᠦᠨ ᠮᠠᠯᠳᠠᠬᠤ᠂ ᠲᠦᠪᠯᠡᠷᠡᠭᠦᠯᠦᠨ ᠬᠦᠷᠬᠡᠬᠦ ᠴᠢᠳᠠᠮᠵᠢ ᠶᠢ ᠲᠡᠭᠡᠭᠰᠢᠯᠡᠬᠦᠯᠦᠨ᠎ᠡ᠃ ᠠᠵᠤ ᠦᠢᠯᠡᠰ ᠤᠨ ᠬᠡᠯᠬᠢᠶᠡᠵᠢᠯ ᠢᠶᠠᠨ ᠤᠷᠳᠤᠳᠬᠠᠵᠤ᠂ ᠨᠡᠮᠡᠯᠳᠡ ᠦᠷᠳᠡᠭ ᠢ ᠨᠡᠮᠡᠭᠳᠡᠬᠦᠯᠦᠨ ᠰᠢᠨ᠎ᠡ ᠬᠡᠯᠪᠡᠷᠢ ᠶᠢᠨ ᠨᠡᠬᠦᠷᠡᠰᠦ ᠬᠢᠮᠢ ᠶᠢᠨ ᠠᠵᠤ ᠦᠢᠯᠡᠳᠪᠤᠷᠢ᠂ ᠨᠠᠷᠢᠯᠢᠭ ᠪᠤᠯᠪᠠᠰᠤᠷᠠᠭᠤᠯᠬᠤ ᠬᠢᠮᠢ ᠶᠢᠨ ᠠᠵᠤ ᠣᠶᠢᠯᠡᠳᠪᠣᠷᠢ᠂ ᠴᠡᠪᠡᠷ ᠡᠨᠧᠷᠬᠢ᠂ ᠰᠢᠨ᠎ᠡ ᠮᠡᠲ᠋ᠧᠷᠢᠶᠠᠯ ᠤᠨ ᠠᠵᠤ ᠦᠢᠯᠡᠰ ᠵᠡᠷᠬᠡ ᠵᠠᠭᠤᠨ ᠳ᠋ᠦᠩᠰᠢᠭᠤᠷ ᠲᠡᠰ ᠤᠨ ᠲᠦᠷᠪᠡᠨ ᠲᠤᠮᠤ ᠠᠵᠤ ᠦᠢᠯᠡᠰ ᠤᠨ ᠴᠤᠭᠯᠠᠷᠠᠯ ᠢ ᠪᠦᠳᠦᠭᠡᠨ ᠪᠠᠶᠢᠭᠤᠯᠵᠤ ᠬᠦᠨᠳᠡᠯᠡᠨ ᠢᠶᠠᠷ ᠢᠵᠢ ᠪᠦᠷᠢᠳᠴᠦ᠂ ᠭᠤᠯᠳᠤ ᠪᠠᠷ ᠭᠦᠨᠵᠡᠭᠡᠶᠢᠷᠡᠬᠦ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠪᠦᠷᠢᠯᠳᠦᠬᠦᠯᠦᠨ᠎ᠠ᠃ ᠠᠵᠤ ᠦᠢᠯᠡᠰ ᠤᠨ ᠬᠡᠯᠬᠢᠶᠡᠵᠢᠯ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠴᠢᠭᠯᠡᠯᠳᠦ ᠴᠢᠨᠠᠷᠳᠠᠢ ᠪᠠᠷ ᠬᠤᠳᠠᠯᠳᠤᠭᠠᠴᠢᠨ ᠤᠷᠢᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠡᠨᠧᠷᠬᠢ ᠳᠤ ᠠᠷᠪᠢᠳᠠᠢ ᠪᠤᠬᠢᠷᠳᠤᠯ ᠦᠭᠡᠢ ᠠᠵᠤ ᠦᠢᠯᠡᠰ᠂ ᠮᠤᠩᠭᠤᠯ ᠬᠢᠳᠠᠳ ᠡᠮ ᠡᠮᠨᠡᠯᠭᠡ ᠵᠡᠷᠬᠡ ᠰᠢᠨ᠎ᠡ ᠪᠠᠷ ᠦᠷᠨᠢᠵᠦ ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠤ ᠦᠢᠯᠡᠰ ᠢ ᠶᠡᠭᠡ ᠬᠦᠴᠦ ᠪᠠᠷ ᠤᠷᠢᠨ ᠠᠪᠴᠢᠷᠠᠵᠤ᠂ ᠠᠵᠤ ᠦᠢᠯᠡᠰ ᠤᠨ ᠤᠯᠠᠨ ᠡᠰᠢᠳᠤ ᠲᠤᠯᠭᠠᠭᠤᠷᠢᠯᠠᠨ ᠬᠦᠭᠵᠢᠬᠦ ᠬᠦᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃ ᠪᠠᠷᠢᠮᠵᠢᠶᠠᠵᠢᠭᠰᠠᠨ ᠦᠢᠯᠡᠳᠪᠤᠷᠢ ᠶᠢᠨ ᠲᠠᠰᠤᠭ ᠢ ᠪᠦᠳᠦᠭᠡᠨ ᠪᠠᠶᠢᠭᠤᠯᠵᠤ᠂ ᠨᠡᠬᠦᠷᠡᠰᠦᠨ ᠠᠭᠤᠷᠬᠠᠢ᠂ ᠨᠡᠬᠦᠷᠡᠰᠦ ᠬᠢᠮᠢ ᠶᠢᠨ ᠠᠵᠤ ᠦᠢᠯᠡᠳᠪᠤᠷᠢ ᠲᠠᠢ ᠢᠵᠢ ᠪᠦᠷᠢᠳᠦᠭᠰᠡᠨ ᠲᠤᠮᠳᠠ ᠵᠢᠵᠢᠭ ᠠᠵᠤ ᠠᠬᠤᠶᠢᠯᠠᠯ ᠤᠨ ᠰᠠᠭᠤᠷᠢᠰᠢᠨ ᠨᠣᠳᠣᠭᠰᠢᠬᠤ ᠶᠢ ᠠᠬᠢᠭᠤᠯᠵᠣ ᠲᠤᠮᠤ ᠲᠤᠮᠳᠠ ᠵᠢᠵᠢᠭ ᠠᠵᠤ ᠠᠬᠤᠶᠢᠯᠠᠯ ᠤᠨ ᠱᠠᠳᠣᠴᠢ ᠦᠷᠢᠰᠣᠯᠳᠦᠬᠡᠨ ᠤ ᠬᠦᠭᠵᠢᠯᠳᠡ ᠶᠢᠨ ᠰᠢᠨ᠎ᠡ ᠪᠠᠶᠢᠳᠠᠯ ᠢ ᠡᠬᠦᠳᠦᠨ᠎ᠡ᠃ ᠠᠵᠤ ᠠᠬᠤᠶᠢᠯᠠᠯ ᠢ ᠲᠡᠳᠬᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠳᠪᠤᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠢ ᠪᠠᠭᠤᠷᠠᠭᠤᠯᠣᠨ ᠨᠢᠭᠡ ᠪᠦᠯᠦᠭ ᠪᠣᠷᠣᠯᠠᠭᠤᠯᠣᠯᠳᠠ ᠶᠢᠨ ᠤᠷᠤᠯᠭ᠎ᠠ ᠨᠢ ᠵᠠᠭᠤᠨ ᠳ᠋ᠦᠩᠰᠢᠭᠤᠷ ᠲᠦᠭᠦᠷᠢᠭ ᠢ ᠳᠠᠪᠠᠭᠰᠠᠨ ᠪᠠ ᠤᠷᠤᠨ ᠨᠤᠳᠤᠭ ᠤᠨ ᠡᠳ᠋ ᠤᠨ ᠵᠠᠰᠠᠭ ᠲᠤ ᠦᠵᠡᠬᠦᠯᠬᠦ ᠬᠤᠪᠢ ᠨᠡᠮᠡᠷᠢ ᠨᠢ ᠳ᠋ᠦᠩᠰᠢᠭᠤᠷ ᠲᠦᠭᠦᠷᠢᠭ ᠢ ᠲᠠᠪᠠᠭᠰᠠᠨ ᠭᠤᠤᠯᠳᠠᠯᠭᠠᠳᠤ ᠠᠵᠤ ᠠᠬᠤᠶᠢᠯᠠᠯ ᠢ ᠪᠤᠶᠢᠵᠢᠭᠤᠯᠵᠤ ᠭᠤᠤᠯ ᠪᠤᠯᠬᠤ ᠠᠵᠤ ᠠᠬᠤᠢ ᠶᠢᠨ ᠬᠦᠢᠴᠡᠳᠬᠡᠯ ᠲᠤᠭᠠᠨ ᠤ ᠨᠡᠮᠡᠭᠳᠡᠯ ᠢ ᠪᠦᠬᠦ ᠬᠤᠳᠠ ᠶᠢᠨ ᠲᠤᠮᠳᠠᠴᠢᠯᠠᠭᠰᠠᠨ ᠬᠢᠷᠢ ᠲᠦᠪᠰᠢᠨ ᠠᠴᠠ ᠪᠠᠶᠢᠩᠭᠤ ᠦᠨᠳᠦᠷ ᠪᠠᠶᠢᠯᠭᠠᠵᠤ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠬᠦᠭᠵᠢᠯᠳᠡ ᠶᠢᠨ ᠴᠢᠨᠠᠷ ᠴᠢᠨᠰᠠᠭ᠎ᠠ ᠪᠦᠬᠦ ᠬᠤᠳᠠ  ᠶᠢᠨ ᠲᠡᠷᠢᠬᠦᠨ ᠡᠩᠨᠡᠭᠡᠨ ᠳᠤ ᠤᠷᠤᠬᠤ ᠶᠢ ᠪᠠᠳᠤᠯᠠᠨ᠎ᠠ᠃     ︵ᠬᠤᠶᠠᠷ︶ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠪᠠᠨ ᠰᠡᠳᠬᠢᠯ ᠨᠢᠭᠡᠳᠦᠨ ᠪᠡᠷᠬᠡᠰᠢᠶᠡᠯ ᠢ ᠳᠣᠭᠤᠯᠵᠣ᠂ ᠬᠤᠳᠠ ᠬᠦᠳᠡᠭᠡ ᠶᠢᠨ ᠬᠦᠭᠵᠢᠯᠳᠡ ᠶᠢ ᠤᠯᠠᠮ ᠲᠡᠩᠴᠡᠭᠦᠷᠢᠳᠡᠢ ᠪᠤᠯᠭᠠᠨ᠎ᠠ᠃ ᠠᠵᠤ ᠦᠢᠯᠡᠰ ᠴᠡᠴᠡᠭᠯᠡᠨ ᠬᠦᠭᠵᠢᠭᠰᠡᠨ᠂ ᠠᠮᠢ ᠠᠬᠤᠢ ᠰᠠᠭᠤᠷᠢᠰᠢᠬᠤ ᠳᠤ ᠲᠤᠬᠢᠳᠠᠢ᠂ ᠨᠤᠳᠤᠭ ᠤᠨ ᠰᠣᠷᠳᠠᠯ ᠪᠤᠯᠪᠠᠰᠤᠨ᠂ ᠵᠠᠰᠠᠯᠳᠠ ᠪᠦᠳᠦᠮᠵᠢᠳᠡᠢ᠂ ᠠᠮᠢᠳᠤᠷᠠᠯ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠳᠤ ᠨᠡᠶᠢᠴᠡᠬᠦᠯᠦᠨ ᠮᠠᠯ ᠲᠠᠷᠢᠶᠠᠯᠠᠩ ᠤᠨ ᠠᠵᠣ ᠠᠬᠤᠢ ᠶᠢᠨ ᠦᠷ᠎ᠡ ᠠᠰᠢᠭ ᠢ ᠨᠡᠮᠡᠭᠳᠡᠬᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠤ ᠬᠦᠴᠦ ᠲᠠᠯᠪᠢᠵᠤ᠂ ᠬᠦᠳᠡᠭᠡ ᠨᠤᠳᠤᠭ ᠤᠨ ᠶᠡᠷᠦᠩᠬᠡᠶᠢᠯᠡᠭᠰᠡᠨ ᠴᠤᠭᠴᠠ ᠶᠢᠨ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ ᠪᠦᠳᠦᠭᠡᠯᠴᠢ ᠰᠡᠳᠬᠢᠮᠵᠢ ᠲᠠᠢ ᠣᠶᠣᠨᠴᠢᠯᠠᠭᠰᠠᠨ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠵᠦ᠂ ᠳᠠᠷᠢᠶᠠᠯᠠᠩ ᠢ ᠪᠡᠶᠡᠴᠢᠯᠡᠨ ᠤᠶᠢᠯᠠᠭᠠᠬᠤ᠂ ᠬᠦᠳᠡᠭᠡ ᠲᠤᠰᠬᠤᠨ ᠤ ᠵᠢᠭᠤᠯᠴᠢᠯᠠᠯ ᠵᠡᠷᠬᠡ ᠶᠢᠨ ᠲᠦᠭᠦᠭᠡᠷᠦᠮᠵᠢ ᠶᠢ ᠪᠦᠷᠢᠨᠰᠢᠬᠦᠯᠵᠦ ᠬᠦᠳᠡᠭᠡ ᠨᠤᠳᠤᠭ ᠤᠨ ᠶᠡᠷᠦᠩᠬᠡᠶᠢᠯᠡᠭᠰᠡᠨ ᠴᠤᠭᠴᠠ ᠶᠢ ᠪᠠᠶᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ ᠃ ᠲᠠᠭᠠᠭᠠᠴᠢᠯᠠᠭᠰᠠᠨ ᠭᠠᠵᠠᠷ ᠰᠢᠷᠦᠢ ᠶᠢᠨ ︽ᠭᠤᠷᠪᠠᠨ ᠡᠷᠬᠡ︾ ᠶᠢ ᠰᠠᠯᠭᠠᠬᠤ ᠲᠦᠷᠢᠮ ᠢ ᠲᠡᠭᠦᠯᠳᠡᠷᠵᠢᠬᠦᠯᠦᠨ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ ᠬᠠᠶᠢᠨ ᠰᠦᠪᠡᠭᠴᠢᠯᠡᠵᠦ ᠭᠠᠵᠠᠷ ᠰᠢᠷᠤᠢ᠂ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢᠨ ᠡᠷᠬᠢᠯᠳᠦᠯ᠂ ᠪᠠᠷᠢᠴᠠᠭᠠᠯᠠᠨ ᠠᠷᠠᠯᠵᠢᠶᠠᠯᠠᠬᠤ ᠲᠠᠪᠴᠠᠩ ᠢ ᠪᠠᠶᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠵᠤᠬᠢᠬᠤ ᠬᠡᠪᠴᠢᠶᠡᠵᠢᠭᠰᠡᠨ ᠡᠵᠡᠩᠨᠡᠯᠳᠡ ᠶᠢᠨ ᠭᠤᠤᠯ ᠴᠤᠭᠴᠠ᠂ ᠮᠠᠯᠴᠢᠨ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠪᠤᠷᠤᠯᠠᠭᠤᠯᠭ᠎ᠠ ᠶᠢ ᠵᠠᠯᠭᠠᠯᠳᠣᠭᠤᠯᠬᠤ ᠪᠤᠯᠤᠨ ᠬᠤᠷᠰᠢᠨ ᠠᠵᠢᠯᠯᠠᠭᠤᠯᠬᠤ ᠶᠢ ᠠᠬᠢᠭᠤᠯᠵᠤ᠂ ᠴᠢᠭᠯᠡᠯᠳᠤ ᠴᠢᠨᠠᠷᠳᠠᠢ ᠪᠡᠯᠡ ᠤᠷᠤᠭᠤᠯᠤᠯᠳᠠ᠂ ᠰᠢᠯᠢᠳᠡᠭ ᠡᠬᠦᠯᠳᠡᠷ ᠪᠤᠶᠢᠵᠢᠭᠤᠯᠬᠤ᠂ ᠲᠤᠰᠬᠠᠢ ᠲᠦᠷᠦᠯ ᠤᠨ ᠦᠢᠯᠡᠴᠢᠯᠡᠭᠡ᠂ ᠵᠠᠬᠢᠶᠠᠯᠠᠭ᠎ᠠ  ᠪᠠᠷ ᠬᠤᠳᠠᠯᠳᠣᠨ ᠠᠪᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠦᠷ᠎ᠡ ᠠᠰᠢᠭ ᠤᠨ ᠬᠤᠯᠪᠤᠯᠳᠤᠯ ᠤᠨ ᠲᠤᠭᠳᠠᠴᠠ ᠶᠢ ᠲᠡᠬᠦᠯᠳᠡᠷᠵᠢᠬᠦᠯᠦᠨ ᠬᠡᠪᠴᠢᠶᠡᠵᠢᠭᠰᠡᠨ ᠡᠵᠡᠩᠨᠡᠯᠳᠡ ᠶᠢᠨ ᠳᠠᠯᠠᠪᠠᠢ ᠶᠢ ᠦᠷᠬᠡᠳᠬᠡᠨ᠎ᠠ᠃ ᠮᠠᠯᠴᠢᠨ ᠲᠠᠷᠢᠶᠠᠴᠢᠳ ᠤᠨ ᠰᠢᠨ᠎ᠡ ᠶᠢ ᠡᠬᠦᠳᠦᠨ ᠦᠢᠯᠡᠰ ᠪᠤᠰᠬᠠᠬᠤ ᠶᠢ ᠵᠤᠷᠢᠭᠵᠢᠭᠤᠯᠵᠤ ᠮᠡᠷᠭᠡᠵᠢᠯ ᠲᠠᠢ ᠮᠠᠯᠴᠢᠨ ᠲᠠᠷᠢᠶᠠᠴᠢᠨ ᠢ ᠬᠦᠮᠦᠵᠢᠬᠦᠯᠦᠨ ︽ᠢᠨᠲ᠋ᠧᠷ ᠰᠦᠯᠵᠢᠶ᠎ᠡ +︾ ᠳᠤ ᠰᠠᠭᠤᠷᠢᠯᠠᠨ ᠪᠤᠬᠢᠷᠳᠤᠯ ᠦᠭᠡᠢ᠂ ᠦᠪᠡᠷᠮᠢᠴᠡ ᠤᠨᠴᠠᠯᠢᠭ ᠪᠦᠬᠦᠢ ᠦᠢᠯᠠᠳᠪᠤᠷᠢᠯᠡᠯ ᠢ ᠦᠷᠨᠢᠬᠦᠯᠵᠦ᠂ ᠨᠢᠭᠡ ᠪᠦᠯᠦᠭ ᠨᠠᠷᠢᠯᠢᠭ ᠰᠠᠶᠢᠬᠠᠨ᠂ ᠤᠨᠴᠠᠯᠢᠭ ᠢᠶᠠᠷ ᠳᠣᠳᠣ ᠮᠠᠯ ᠲᠠᠷᠢᠶᠠᠯᠠᠩ ᠤᠨ ᠦᠢᠯᠡᠰ ᠤᠨ ᠰᠠᠭᠤᠷᠢᠨ ᠭᠠᠵᠠᠷ ᠪᠠ ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠵᠤ᠂ ᠤᠯᠤᠰ  ᠤᠨ ᠲᠡᠰ ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ ᠴᠢᠨᠰᠠᠭ᠎ᠠ ᠠᠮᠤᠷ ᠲᠦᠪᠰᠢᠨ ᠬᠤᠰᠢᠭᠤ ᠶᠢ ᠪᠦᠳᠦᠭᠡᠨ ᠪᠠᠶᠢᠭᠤᠯᠤᠨ᠎ᠠ᠃ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠤ ᠲᠠᠯ᠎ᠠ ᠨᠤᠳᠤᠭ ᠤᠨ ᠤᠯᠠᠭᠠᠨ ᠦᠬᠡᠷ᠂ ᠦᠦᠰᠢᠨ ᠬᠤᠰᠢᠭᠤᠨ ᠤ ᠬᠤᠸᠠᠩ ᠰᠢᠶᠠᠩ ᠳᠡᠮᠳᠡᠭᠳᠣ ᠭᠠᠭ᠋ᠠᠢ ᠵᠡᠷᠬᠡ ᠭᠠᠵᠠᠷ ᠵᠦᠢ ᠶᠢᠨ ᠪᠡᠯᠬᠡ ᠲᠡᠮᠳᠡᠭᠳᠦ ᠪᠦᠳᠦᠬᠡᠭᠳᠡᠬᠦᠨ ᠤ ᠠᠭᠤᠯᠬᠤᠨ ᠢ ᠴᠢᠨᠠᠭᠰᠢᠳᠠ ᠰᠦᠪᠡᠭᠴᠢᠯᠡᠵᠦ᠂ ᠲᠡᠵᠢᠭᠡᠨ ᠦᠷᠡᠵᠢᠬᠦᠯᠬᠦ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ ᠮᠢᠬᠠᠨ ᠲᠦᠷᠥᠯ ᠤᠨ ᠲᠤᠮᠳᠠ ᠦᠨᠳᠣᠷ ᠵᠡᠷᠬᠡ ᠶᠢᠨ ᠬᠠᠩᠭᠠᠯᠭ᠎ᠠ  ᠶᠢᠨ ᠤᠷᠤᠨ ᠢ ᠪᠠᠶᠢᠭᠤᠯᠤᠨ᠎ᠠ᠃ ᠨᠡᠷᠡᠳᠦ ᠪᠠ ᠠᠯᠳᠠᠷᠳᠤ ᠲᠡᠮᠳᠡᠭᠳᠦ ᠶᠢ ᠬᠦᠴᠦ ᠲᠠᠯᠪᠢᠨ ᠬᠦᠮᠦᠵᠢᠬᠦᠯᠵᠦ ᠮᠠᠯ ᠲᠠᠷᠢᠶᠠᠯᠠᠩ ᠤᠨ ᠪᠦᠳᠦᠬᠡᠭᠳᠡᠬᠦᠨ ᠢ ︽ᠰᠠᠶᠢᠨ ᠳᠠᠷᠢᠵᠣ᠂ ᠰᠠᠶᠢᠨ ᠮᠠᠯᠵᠢᠵᠣ︾ ᠪᠠᠶᠢᠭᠰᠠᠨ ᠠᠴᠠ ᠪᠠᠨ ︽ᠪᠤᠷᠤᠯᠠᠭᠤᠯᠭ᠎ᠠ ᠰᠠᠶᠢᠳᠠᠢ︾ ᠪᠤᠯᠭᠠᠨ᠎ᠠ᠃ ᠨᠢᠭᠡ ᠪᠦᠯᠦᠭ ᠮᠠᠯ ᠲᠠᠷᠢᠶᠠᠯᠠᠩ ᠤᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ᠂ ᠬᠦᠢᠳᠡᠨ ᠬᠡᠯᠬᠢᠶᠡᠵᠢᠯ ᠤᠨ ᠪᠤᠳᠠᠰ ᠤᠨ ᠭᠦᠢᠯᠭᠡᠭᠡᠨ ᠤ ᠲᠦᠷᠦᠯ ᠵᠦᠢᠯ ᠢ ᠤᠷᠤᠭᠤᠯᠵᠤ ᠮᠠᠯ ᠲᠠᠷᠢᠶᠠᠯᠠᠩ ᠤᠨ ᠪᠦᠳᠦᠬᠡᠭᠳᠡᠬᠦᠨ ᠤ ᠲᠤᠬᠠᠢ ᠶᠢᠨ ᠭᠠᠵᠠᠷ ᠲᠤᠨᠢ ᠣᠨᠳᠣᠣᠰᠢᠭᠤᠯᠬᠤ ᠨᠤᠷᠮ᠎ᠠ ᠪᠠ ᠨᠡᠮᠡᠯᠳᠡ ᠦᠷᠳᠡᠭ  ᠢ ᠲᠡᠭᠡᠭᠰᠢᠯᠡᠬᠦᠯᠦᠨ ᠮᠠᠯᠴᠢᠨ ᠳᠠᠷᠢᠶᠠᠴᠢᠨ ᠤ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠬᠦᠯᠬᠦ ᠶᠢ ᠠᠬᠢᠭᠤᠯᠣᠨ᠎ᠠ᠃ 2022 ᠤᠨ ᠪᠤᠯᠬᠤ ᠳᠤ ᠮᠠᠯᠴᠢᠨ ᠲᠠᠷᠢᠶᠠᠴᠢᠨ ᠤ ᠮᠠᠯ ᠲᠠᠷᠢᠶᠠᠯᠠᠩ ᠤᠨ ᠪᠤᠰᠤ ᠠᠵᠤ ᠦᠢᠯᠡᠰ  ᠤᠨ ᠤᠷᠤᠯᠭ᠎ᠠ ᠶᠢ 10% ᠲᠡᠭᠡᠭᠰᠢᠯᠡᠬᠦᠯᠦᠨ᠎ᠡ᠃ ᠬᠤᠳᠠ ᠬᠦᠳᠡᠭᠡ ᠶᠢᠨ ᠴᠢᠬᠤᠯᠠ ᠬᠦᠴᠦᠨ ᠵᠣᠶᠢᠯ ᠤᠨ ᠢᠵᠢ ᠪᠦᠷᠢᠳᠦᠬᠦ ᠶᠢ ᠨᠢᠭᠡᠳᠦᠯᠳᠡᠢ ᠲᠦᠯᠦᠪᠯᠡᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠬᠦᠨᠵᠡᠭᠡᠢ ᠦᠷᠨᠢᠬᠦᠯᠵᠣ ︽ᠰᠢᠳᠠᠮᠠᠬᠠᠢ ᠬᠡᠢ  ᠶᠢ ᠨᠡᠶᠢᠳᠡᠮᠵᠢᠬᠦᠯᠥᠭᠰᠡᠨ ᠦᠦᠰᠢᠨ︾ ᠤ ᠢᠨᠵᠧᠨᠧᠷᠢᠩ ᠢ ᠠᠬᠢᠭᠤᠯᠵᠤ᠂ ᠵᠢᠵᠢᠭ ᠬᠤᠳᠠ ᠪᠠᠯᠭᠠᠰᠤ ᠪᠠ ᠬᠦᠳᠡᠭᠡ ᠲᠤᠰᠬᠤᠨ ᠤ ᠳᠣᠯᠠᠭᠠᠯᠠᠯᠭ᠎ᠠ ᠬᠠᠩᠭᠠᠬᠤ᠂ ᠪᠤᠬᠢᠷ ᠤᠰᠤ᠂ ᠬᠤᠭ ᠨᠣᠪᠰᠢ ᠰᠢᠢᠳᠪᠤᠷᠢᠯᠡᠬᠦ ᠵᠡᠷᠬᠡ ᠴᠢᠳᠡᠪᠬᠢ ᠶᠢ ᠲᠦᠬᠦᠷᠵᠢᠬᠦᠯᠥᠨ ᠮᠠᠯᠵᠢᠬᠤ ᠳᠠᠷᠢᠶᠠᠯᠠᠬᠤ ᠣᠷᠣᠨ ᠤ ᠴᠠᠬᠢᠯᠭᠠᠨ ᠬᠦᠴᠦᠨ᠂ ᠵᠠᠮ᠂ ᠣᠰᠣᠨ ᠠᠰᠢᠭᠯᠠᠯᠳᠠ᠂ ᠴᠢᠮᠡᠭᠡ ᠬᠤᠯᠪᠣᠭ᠎ᠠ ᠵᠡᠷᠬᠡ ᠰᠠᠭᠤᠷᠢ ᠲᠦᠭᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠣ ᠮᠠᠯᠵᠢᠬᠤ ᠲᠠᠷᠢᠶᠠᠯᠠᠬᠤ ᠤᠷᠤᠨ  ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠳᠣᠳᠠᠭᠤᠳᠠᠯ ᠢ ᠨᠦᠬᠦᠪᠦᠷᠢᠯᠡᠨ᠂ ᠨᠢᠭᠡ ᠪᠦᠯᠦᠭ ᠭᠤᠶᠢᠳᠠ ᠦᠵᠡᠰᠬᠦᠯᠡᠩᠳᠣ ᠰᠠᠶᠢᠬᠠᠨ ᠵᠢᠵᠢᠭ ᠪᠠᠯᠭᠠᠰᠤ ᠪᠠ ᠤᠷᠤᠰᠢᠨ ᠰᠠᠭᠤᠷᠢᠰᠢᠬᠤ ᠳᠤ ᠲᠤᠬᠢᠳᠠᠢ ᠬᠦᠳᠡᠭᠡ ᠲᠤᠰᠬᠤᠨ ᠤ ᠲᠠᠭᠤᠷᠢᠶᠠᠯ ᠴᠢᠭ ᠢ ᠪᠣᠢ ᠪᠣᠯᠭᠠᠵᠣ᠂ ᠮᠠᠯᠵᠢᠬᠤ ᠲᠠᠷᠢᠶᠠᠯᠠᠬᠤ ᠤᠷᠤᠨ ᠢ ᠨᠡᠩ ᠦᠵᠡᠰᠬᠦᠯᠡᠩᠳᠣ ᠰᠠᠶᠢᠬᠠᠨ᠂ ᠮᠠᠯᠴᠢᠨ ᠲᠠᠷᠢᠶᠠᠴᠢᠨ ᠤ ᠠᠮᠢᠳᠤᠷᠠᠯ ᠢ ᠨᠡᠩ ᠵᠤᠯ ᠵᠢᠷᠭᠠᠯᠳᠠᠢ ᠪᠤᠯᠭᠠᠨ᠎ᠠ᠃     ︵ᠭᠤᠷᠪᠠ︶ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠡᠭᠡᠷ᠎ᠡ ᠤᠯᠠᠨ ᠡᠰᠢ ᠪᠠᠷ ᠬᠦᠴᠦᠯᠡᠵᠦ᠂ ᠰᠢᠨ᠎ᠡ ᠬᠡᠯᠪᠡᠷᠢ ᠶᠢᠨ ᠦᠢᠯᠡᠰ ᠢ ᠤᠯᠠᠮ ᠠᠮᠢᠵᠢᠷᠠᠯ ᠤᠨ ᠬᠦᠴᠦᠨ ᠪᠢᠯᠬᠠᠭᠤᠯᠤᠨ᠎ᠠ᠃ ᠨᠡᠶᠢᠭᠡᠮ ᠵᠢᠷᠤᠮᠲᠤ ᠭᠤᠣᠯᠯᠠᠭᠴᠢ ᠥᠷᠳᠡᠭ ᠤᠨ ᠦᠵᠡᠯᠲᠡ ᠶᠢ ᠬᠥᠮᠥᠵᠢᠭᠦᠯᠵᠦ ᠣᠶᠢᠯᠡᠳᠣᠯᠬᠡᠵᠢᠬᠦᠯᠥᠨ ᠬᠦᠰᠡᠯ ᠢᠲᠡᠭᠡᠯ ᠤᠨ ᠬᠦᠮᠦᠵᠢᠯ ᠢ ᠭᠦᠨᠵᠡᠭᠡᠢ ᠥᠷᠨᠢᠭᠦᠯᠵᠦ ᠰᠤᠶᠤᠯ ᠤᠨ ᠢᠲᠡᠭᠡᠯ ᠢ ᠴᠢᠩᠭᠠᠳᠬᠠᠨ᠎ᠠ᠃ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠠᠷᠢᠮᠵᠢᠶᠠᠴᠢᠯᠠᠯ ᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ ᠳᠣᠭᠠᠴᠠᠯᠠᠭᠰᠠᠨ ᠨᠣᠮ ᠤᠨ ᠰᠠᠩ᠂ ᠳᠣᠭᠠᠴᠠᠯᠠᠭᠰᠠᠨ ᠮᠦᠽᠧᠢ᠂ ᠳᠣᠭᠠᠴᠠᠯᠠᠭᠰᠠᠨ ᠰᠤᠶᠤᠯ ᠤᠨ ᠣᠷᠳᠣᠨ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠣᠶᠣᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠪᠦᠬᠦ ᠤᠯᠤᠰ ᠤᠨ ᠬᠤᠰᠢᠭᠤ ᠰᠢᠶᠡᠨ ᠳᠡᠰ ᠤᠨ ᠪᠤᠯᠪᠠᠰᠤᠨ ᠬᠤᠲᠠ ᠶᠢᠨ ᠨᠠᠷᠠᠰ ᠤᠨ ᠳᠣᠷᠠᠳᠣᠯᠭ᠎ᠠ ᠶᠢᠨ ᠬᠢᠷᠢ ᠬᠡᠮ ᠢ ᠳᠡᠮᠡᠴᠡᠨ ᠤᠯᠤᠨ᠎ᠠ᠃ ᠰᠣᠶᠣᠯ ᠤᠨ ᠪᠦᠲᠦᠭᠡᠯᠴᠢ ᠰᠡᠳᠬᠢᠮᠵᠢ ᠲᠠᠢ ᠠᠵᠤ ᠦᠢᠯᠡᠰ ᠤᠨ ᠬᠦᠷᠢᠶᠡᠯᠡᠩ ᠢ ᠰᠠᠶᠢᠳᠣᠷ ᠠᠳᠬᠤᠨ ᠠᠵᠢᠯᠯᠠᠭᠤᠯᠵᠣ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠨᠡᠩ ᠤᠯᠠᠨ ᠰᠤᠶᠤᠯ ᠤᠨ ᠦᠢᠯᠡᠰᠴᠢᠨ ᠢ ᠬᠦᠳᠦᠯᠥᠨ ᠳᠠᠭᠠᠭᠤᠯᠵᠣ ᠬᠦᠷᠢᠶᠡᠯᠡᠩ ᠲᠤᠭᠤᠷᠢᠭ ᠲᠤ ᠲᠥᠪᠯᠡᠷᠡᠭᠦᠯᠦᠨ ᠣᠯᠠᠨ ᠤ ᠬᠦᠷᠢᠶᠡᠯᠡᠯ᠂ ᠠᠷᠠᠯᠵᠢᠶᠠᠨ ᠤ ᠠᠮᠢᠰᠬᠤᠯ ᠢ ᠬᠤᠷᠠᠮᠳᠤᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠵᠤ ᠰᠢᠷᠬᠤᠰᠤᠨ ᠰᠤᠶᠤᠯ᠂ ᠠᠮᠢ ᠠᠬᠤᠢ ᠶᠢᠨ ᠰᠣᠶᠣᠯ᠂ ᠲᠠᠯ᠎ᠠ ᠨᠤᠲᠤᠭ ᠤᠨ ᠰᠤᠶᠤᠯ ᠤᠨ ᠠᠭᠤᠯᠬᠤᠨ ᠢ ᠭᠦᠨ ᠠᠭᠤᠳᠠᠯᠤᠨ ᠰᠤᠶᠤᠯ ᠵᠢᠭᠤᠯᠴᠢᠯᠠᠯ ᠤᠨ ᠦᠢᠯᠡᠰ ᠢ ᠠᠵᠤ ᠦᠢᠯᠡᠳᠪᠦᠷᠢ᠂ ᠲᠠᠷᠢᠶᠠᠯᠠᠩ ᠮᠠᠯ ᠠᠵᠣ ᠠᠬᠤᠢ᠂ ᠰᠤᠶᠤᠯ ᠲᠠᠮᠢᠷ ᠵᠡᠷᠭᠡ ᠠᠵᠤ ᠦᠢᠯᠡᠰ ᠲᠠᠢ ᠠᠭᠤᠰᠤᠯᠴᠠᠭᠤᠯᠤᠨ ᠰᠢᠷᠬᠤᠰᠤᠨ ᠭᠤᠣᠯ ᠪᠠ ᠪᠠᠶᠠᠨᠨᠠᠭᠤᠷ ᠤᠨ ᠲᠠᠯ᠎ᠠ ᠨᠤᠲᠤᠭ ᠵᠡᠷᠭᠡ ᠦᠵᠡᠮᠵᠢ ᠶᠢᠨ ᠣᠷᠣᠨ ᠢ ᠨᠢᠬᠡ ᠴᠣᠭᠴᠠᠵᠢᠭᠤᠯᠣᠨ ᠪᠦᠲᠦᠭᠡᠨ ᠪᠠᠶᠢᠭᠤᠯᠵᠤ᠂ ᠭᠤᠣᠯ ᠦᠵᠡᠮᠵᠢ ᠶᠢᠨ ᠣᠷᠣᠨ᠂ ᠵᠢᠭᠤᠯᠴᠢᠯᠠᠯ ᠤᠨ ᠵᠠᠮ ᠱᠤᠭᠤᠮ ᠤᠨ ᠠᠭᠤᠯᠵᠡᠷ ᠴᠡᠭ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠮᠠᠯᠴᠢᠨ ᠲᠠᠷᠢᠶᠠᠴᠢᠨ ᠠᠶᠢᠯ ᠤᠨ ᠵᠣᠴᠢᠯᠠᠭ᠎ᠠ᠂ ᠬᠤᠪᠢ ᠶᠢᠨ ᠮᠠᠰᠢᠨ ᠢᠶᠠᠷ ᠵᠤᠭᠠᠴᠠᠬᠤ ᠪᠠᠭᠤᠴᠠ ︵ᠥᠷᠲᠡᠭᠡ︶ ᠶᠢᠨ ᠵᠢᠭᠤᠯᠴᠢᠯᠡᠯ ᠤᠨ ᠪᠠᠶᠠᠴᠢᠯᠡᠨ ᠣᠶᠢᠯᠠᠭᠠᠬᠤ ᠲᠦᠷᠥᠯ ᠵᠣᠶᠢᠯ ᠢ ᠭᠦᠢᠴᠡᠳ ᠪᠣᠯᠭᠠᠵᠤ᠂ ᠵᠢᠭᠤᠯᠴᠢᠯᠠᠯ ᠤᠨ ᠴᠡᠭ ᠢ ᠵᠢᠭᠤᠯᠴᠢᠯᠠᠯ ᠤᠨ ᠱᠣᠭᠤᠮ ᠪᠣᠯᠭᠠᠨ ᠵᠡᠷᠬᠡ ᠳᠠᠰ ᠢ ᠳᠡᠭᠡᠭᠰᠢᠯᠡᠭᠦᠯᠵᠦ ᠪᠠᠶᠢᠭᠠᠯᠢ ᠶᠢᠨ ᠦᠵᠡᠮᠵᠢ ᠨᠡᠩ ᠦᠵᠡᠰᠬᠦᠯᠡᠩ ᠰᠠᠶᠢᠬᠠᠨ ᠪᠦᠬᠦ ᠣᠷᠣᠨ ᠪᠦᠰᠠ ᠶᠢᠨ ᠵᠢᠭᠤᠯᠴᠢᠯᠠᠯ ᠤᠨ ᠬᠠᠷᠠᠯᠳᠠᠳᠣ ᠣᠷᠣᠨ ᠪᠠ ᠰᠤᠶᠤᠯ ᠵᠢᠭᠤᠯᠴᠢᠯᠠᠯ ᠠᠭᠤᠰᠤᠯᠴᠠᠭᠰᠠᠨ ᠳᠠᠭᠤᠷᠢᠶᠠᠯ ᠣᠷᠣᠨ ᠢ ᠪᠦᠲᠦᠭᠡᠨ ᠪᠠᠶᠢᠭᠤᠯᠵᠣ ᠵᠢᠭᠤᠯᠴᠢᠯᠡᠯ ᠤᠨ ᠶᠡᠷᠦᠩᠬᠡᠶᠢᠯᠡᠭᠰᠠᠨ ᠣᠷᠣᠯᠭ᠎ᠠ ᠶᠢ ᠵᠢᠯ ᠳᠣᠮᠳᠠᠴᠢ ᠪᠠᠷ 10% ᠨᠡᠮᠡᠭᠳᠡᠬᠦᠯᠥᠨ᠎ᠠ᠃ ︽ᠣᠯᠠᠨ ᠬᠤᠷᠠᠬᠤ︾ ᠵᠡᠷᠭᠡ ᠪᠠᠶᠠᠷ ᠳᠤᠷᠠᠰᠬᠠᠯ ᠤᠨ ᠨᠡᠷ᠎ᠡ ᠳᠡᠮᠳᠡᠭᠲᠦ ᠳᠤ ᠳᠦᠰᠢᠭᠯᠡᠨ ᠦᠨᠳᠦᠰᠦᠲᠡᠨ᠂ ᠵᠠᠩ ᠣᠶᠢᠯᠡ ᠶᠢᠨ ᠰᠤᠶᠤᠯ ᠢᠶᠠᠷ ᠭᠤᠣᠯ ᠰᠡᠳᠦᠪ ᠪᠣᠯᠭᠠᠭᠰᠠᠨ ᠥᠪᠡᠷᠮᠢᠴᠡ ᠣᠨᠴᠠᠯᠢᠭᠳᠣ ᠰᠤᠶᠤᠯ ᠤᠨ ᠪᠦᠳᠦᠬᠡᠭᠳᠡᠬᠦᠨ ᠤ ᠪᠣᠷᠣᠯᠠᠭᠤᠯᠣᠯᠳᠠ ᠶᠢᠨ ᠵᠠᠬ᠎ᠠ ᠳᠡᠯᠭᠡᠬᠦᠷ ᠢ ᠥᠷᠭᠡᠳᠬᠡᠵᠦ᠂ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠵᠤ ᠬᠠᠮᠠᠭᠠᠯᠠᠬᠤ ᠶᠢ ᠵᠢᠭᠤᠯᠴᠢᠯᠠᠯ᠂ ᠭᠠᠷ ᠤᠷᠠᠯᠠᠯ ᠤᠨ ᠪᠦᠳᠦᠬᠡᠭᠳᠡᠬᠦᠨ ᠤ ᠦᠢᠯᠡᠳᠪᠦᠷᠢᠯᠡᠯ ᠲᠠᠢ ᠬᠠᠷᠢᠯᠴᠠᠨ ᠠᠬᠢᠭᠤᠯᠵᠤ ᠬᠠᠮᠲᠤ ᠪᠠᠷ ᠬᠦᠭᠵᠢᠬᠦᠯᠥᠭᠰᠡᠨ ᠪᠠᠶᠢᠳᠠᠯ ᠢ ᠪᠦᠷᠢᠯᠳᠦᠬᠦᠯᠥᠨ᠎ᠠ᠃ ᠠᠷᠠᠯᠵᠢᠶ᠎ᠠ ᠬᠤᠳᠠᠯᠳᠤᠭ᠎ᠠ᠂ ᠭᠦᠢᠯᠭᠡᠭᠡ ᠵᠡᠷᠭᠡ ᠠᠵᠢᠯ ᠲᠦᠷᠦᠯ ᠢ ᠰᠦᠯᠵᠢᠶᠡᠨ ᠤ ᠭᠠᠳᠠᠨ᠎ᠠ ᠳᠣᠲᠤᠨ᠎ᠠ ᠭᠦᠨ ᠤᠶᠠᠯᠳᠤᠭᠤᠯᠤᠨ ᠠᠮᠢᠳᠤᠷᠠᠯ ᠤᠨ ᠴᠢᠨᠠᠷ ᠲᠠᠢ ᠦᠢᠯᠡᠴᠢᠯᠡᠭᠡᠨ ᠤ ᠲᠥᠷᠥᠯ ᠤᠨ ᠨᠠᠷᠢᠯᠢᠭᠵᠢᠭᠤᠯᠣᠯᠳᠠ ᠪᠠ ᠴᠢᠨᠡᠷᠵᠢᠭᠤᠯᠣᠯᠳᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠠᠯ᠎ᠠ ᠶᠢᠨ ᠪᠤᠳᠠᠰ ᠤᠨ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠲᠠᠸᠠᠷ ᠤᠨ ᠪᠦᠭᠡᠮ ᠠᠷᠠᠯᠵᠢᠶ᠎ᠠ᠂ ᠲᠦᠪᠯᠡᠷᠡᠬᠦᠯᠵᠣ ᠲᠠᠷᠬᠠᠭᠠᠵᠣ ᠵᠥᠭᠡᠭᠡᠪᠦᠷᠢᠯᠡᠬᠦ ᠲᠣᠣᠷ᠂ ᠴᠢᠮᠡᠭᠡ ᠵᠠᠩᠭᠢ ᠶᠢᠨ ᠮᠥᠩᠭᠦᠨ ᠭᠦᠢᠯᠭᠡᠭᠡ ᠪᠠᠷ ᠲᠤᠯᠭᠠᠭᠤᠷᠢᠯᠠᠭᠤᠯᠤᠭᠰᠠᠨ ︽ᠭᠤᠷᠪᠠ ᠶᠢ ᠨᠢᠬᠡ ᠴᠣᠭᠴᠠᠵᠢᠭᠤᠯᠬᠤ︾ ᠲᠠᠪᠴᠠᠩ ᠢ ᠪᠦᠲᠦᠭᠡᠨ ᠪᠠᠶᠢᠭᠤᠯᠵᠤ᠂ ᠪᠤᠳᠠᠰ ᠤᠨ ᠭᠦᠢᠯᠭᠡᠭᠡ ᠶᠢ ᠨᠡᠩ ᠰᠢᠯᠣᠭᠤᠨ ᠨᠡᠪᠲᠡᠷᠡᠭᠦᠯᠦᠨ ᠲᠦᠬᠦᠷᠵᠢᠭᠰᠡᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠣ ᠪᠤᠭᠤᠲᠤ ᠬᠥᠬᠡᠬᠤᠲᠠ ᠢᠷᠭᠠᠢ ᠲᠡᠮᠡᠭᠡᠲᠦ ᠵᠡᠷᠭᠡ ᠶᠢᠨ ᠭᠠᠵᠠᠷ ᠣᠷᠣᠨ ᠤ ᠴᠢᠨᠠᠷᠲᠠᠢ ᠪᠤᠳᠠᠰ ᠤᠨ ᠭᠦᠢᠯᠭᠡᠭᠡ ᠶᠢᠨ ᠠᠭᠤᠯᠵᠠᠷ ᠴᠡᠭ ᠪᠠ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠠᠵᠢᠯ ᠤᠨ ᠲᠦᠪᠯᠡᠷᠡᠬᠦᠯᠵᠣ ᠬᠦᠷᠬᠡᠬᠦ ᠴᠡᠭ ᠢ ᠴᠣᠭᠴᠠᠯᠠᠨ ᠪᠠᠶᠢᠭᠤᠯᠤᠨ᠎ᠠ᠃ 2022 ᠣᠨ ᠪᠣᠯᠬᠤ ᠳᠤ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ 1.2 ᠳ᠋ᠦᠩᠰᠢᠭᠤᠷ ᠳᠣᠨᠨ᠋ᠨ ᠭᠦᠷᠭᠡᠵᠦ᠂ ᠦᠢᠯᠡᠴᠢᠯᠡᠭᠡᠨ ᠤ ᠲᠦᠷᠦᠯ ᠤᠨ GDP ᠳᠠᠬᠢ ᠡᠵᠡᠯᠡᠬᠦ ᠬᠠᠷᠢᠴᠠᠯ ᠢ 27% ᠠᠴᠠ ᠳᠡᠭᠡᠭᠰᠢ ᠪᠣᠯᠭᠠᠨ᠎ᠠ᠃      ︵ᠳᠥᠷᠪᠡ︶ ᠨᠠᠷᠢᠯᠢᠭᠵᠢᠭᠤᠯᠣᠭᠰᠠᠨ ᠬᠠᠮᠢᠶᠠᠷᠤᠯᠲᠠ ᠳᠡᠭᠡᠷ᠎ᠡ ᠶᠡᠭᠡ ᠬᠦᠴᠦ ᠲᠠᠯᠪᠢᠵᠦ᠂ ᠰᠠᠭᠤᠷᠢ ᠳᠠᠭᠠᠭᠠᠴᠠ ᠶᠢ ᠨᠡᠩ ᠵᠣᠬᠢᠴᠠᠩᠭᠤᠢ ᠪᠣᠯᠭᠠᠨ᠎ᠠ᠃ ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠠᠷᠢ ᠶᠢᠨ ᠬᠤᠲᠠ ᠪᠠᠯᠭᠠᠰᠣᠵᠢᠯᠳᠡ ᠶᠢ ᠯᠠᠪᠳᠠᠭᠤᠨ ᠠᠬᠢᠭᠤᠯᠵᠤ᠂ ᠬᠤᠲᠠ ᠪᠠᠯᠭᠠᠰᠤᠨ ᠤ ᠵᠡᠷᠬᠡ ᠳᠠᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ ᠪᠤᠷᠤᠭᠠᠨ ᠤᠰᠤ ᠶᠢ ᠳᠠᠬᠢᠨ ᠠᠰᠢᠭᠯᠠᠨ ᠦᠶᠡᠷ ᠤᠰᠤᠳᠤᠯ ᠢ ᠰᠡᠷᠭᠡᠶᠢᠯᠡᠬᠦ᠂ ᠰᠠᠭᠠᠳ ᠦᠬᠡᠢ ᠨᠡᠪᠳᠡᠷᠡᠬᠦ᠂ ᠬᠤᠲᠠ ᠪᠠᠯᠭᠠᠰᠤᠨ ᠤ ᠬᠤᠭᠤᠯᠠᠢ ᠲᠣᠣᠷ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠵᠡᠷᠭᠡ ᠲᠠᠯ᠎ᠠ ᠳᠡᠭᠡᠷ᠎ᠡ ᠨᠢᠭᠡ ᠪᠦᠯᠦᠭ ᠲᠦᠷᠦᠯ ᠵᠦᠢᠯ ᠢ ᠰᠦᠪᠡᠭᠴᠢᠯᠡᠨ᠎ᠡ᠃ ᠳᠣᠯᠠᠭᠠᠯᠠᠯᠭ᠎ᠠ ᠬᠠᠩᠭᠠᠬᠤ᠂ ᠪᠣᠬᠢᠷᠳᠤᠯ ᠭᠠᠳᠠᠭᠰᠢᠯᠠᠭᠤᠯᠬᠤ᠂ ᠬᠡᠷᠡᠯᠳᠦᠬᠦᠯᠥᠯᠬᠡ ᠵᠡᠷᠭᠡ ᠲᠥᠬᠦᠭᠡᠷᠦᠮᠵᠢ ᠶᠢ ᠵᠢᠵᠢᠭ ᠵᠡᠭᠡᠯᠢ ᠭᠤᠳᠤᠮᠵᠢ ᠳᠠᠰᠢ ᠥᠷᠭᠡᠳᠬᠡᠨ᠎ᠡ᠃ ᠭᠤᠣᠯᠳᠠᠯᠭᠠᠳᠣ ᠣᠷᠣᠨ ᠪᠦᠰᠡ᠂ ᠭᠤᠣᠯ ᠪᠣᠯᠬᠤ ᠠᠭᠤᠯᠵᠠᠷ ᠤᠨ ᠴᠡᠭ ᠤᠨ ᠦᠵᠡᠮᠵᠢ ᠶᠢᠨ ᠳᠡᠭᠡᠭᠰᠢᠯᠡᠭᠦᠯᠦᠯᠲᠡ ᠶᠢ ᠰᠠᠶᠢᠲᠤᠷ ᠠᠳᠬᠤᠵᠤ᠂ ᠪᠣᠷᠣ ᠭᠡᠷᠲᠣ ᠲᠤᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠴᠠᠭ ᠳᠣᠬᠠᠢ ᠳᠤᠨᠢ ᠬᠢᠨᠠᠨ ᠡᠵᠡᠮᠳᠡᠭᠰᠡᠨ᠂ ᠬᠤᠲᠠ ᠪᠠᠯᠭᠠᠰᠣ ᠶᠢᠨ ᠬᠠᠮᠢᠶᠠᠷᠤᠯᠲᠠ ᠶᠢᠨ ᠥᠳᠲᠦᠷ ᠲᠦᠷᠭᠡᠨ ᠦᠨᠳᠦᠷ ᠪᠦᠲᠦᠮᠵᠢ ᠲᠠᠢ ᠲᠣᠭᠠᠴᠠᠯᠠᠭᠰᠠᠨ ᠣᠶᠣᠨᠴᠢ ᠴᠢᠮᠡᠭᠡ ᠵᠠᠩᠭᠢ ᠶᠢᠨ ᠳᠠᠪᠴᠠᠩ ᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢᠨ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠶᠤᠯ᠂ ᠰᠤᠷᠭᠠᠨ ᠬᠦᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠦᠢᠯᠡᠰ ᠪᠣᠰᠬᠠᠵᠣ ᠠᠵᠢᠯ ᠣᠯᠬᠤ ᠵᠡᠷᠭᠡ ᠲᠠᠯ᠎ᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ ᠰᠠᠭᠤᠭᠠᠯᠢ ᠠᠷᠠᠳ ᠲᠤ ᠣᠬᠢ ᠰᠠᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ ᠬᠤᠲᠠ ᠪᠠᠯᠭᠠᠰᠤ ᠶᠢ ᠤᠯᠠᠮ ᠲᠣᠬᠢᠯᠢᠭ ᠰᠠᠶᠢᠬᠠᠨ᠂ ᠠᠵᠢᠯᠯᠠᠵᠤ ᠠᠮᠢᠳᠤᠷᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠪᠦᠬᠦ ᠬᠤᠰᠢᠭᠤᠨ ᠤ ᠡᠷᠦᠬᠡ ᠠᠮᠠ ᠶᠢᠨ ᠬᠤᠲᠠ ᠪᠠᠯᠭᠠᠰᠣᠵᠢᠯᠳᠡ ᠶᠢᠨ ᠨᠣᠷᠮ᠎ᠠ ᠶᠢ 63% ᠠᠴᠠ ᠳᠡᠬᠡᠭᠰᠢ ᠬᠦᠷᠭᠡᠨ᠎ᠡ᠃ ︽ᠳᠤᠯᠤᠭᠠᠨ ᠲᠣᠣᠷ︾ ᠢ ᠬᠠᠮᠳᠣᠪᠠᠷ ᠪᠠᠶᠢᠭᠤᠯᠬᠤ ᠶᠢ ᠪᠠᠷᠢᠮᠲᠠᠯᠠᠵᠤ᠂ ᠬᠤᠲᠠ ᠬᠦᠳᠡᠭᠡ ᠶᠢᠨ ᠨᠢᠬᠡ ᠴᠣᠭᠴᠠᠵᠢᠭᠤᠯᠣᠭᠰᠠᠨ ᠬᠦᠭᠵᠢᠯᠳᠡ ᠲᠠᠢ ᠵᠣᠬᠢᠴᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ ᠲᠡᠮᠦᠷ ᠵᠠᠮ ᠤᠨ ᠭᠤᠣᠯ ᠱᠤᠭᠤᠮ ᠢ ᠨᠠᠪᠳᠠᠷᠠᠬᠦᠯᠵᠣ ᠳᠠᠮᠣᠷ ᠵᠠᠮ ᠤᠨ ᠳᠠᠬᠡᠬᠡᠪᠣᠷᠢ ᠶᠢᠨ ᠲᠣᠣᠷ ᠢ ᠲᠡᠭᠦᠯᠳᠡᠷᠵᠢᠭᠦᠯᠵᠦ᠂ ᠵᠠᠰᠠᠮᠠᠯ ᠵᠠᠮ ᠤᠨ ᠭᠠᠷᠴᠠ ᠶᠢ ᠬᠤᠯᠪᠤᠵᠤ ᠨᠠᠪᠳᠠᠷᠠᠬᠦᠯᠬᠦ ᠢ ᠰᠠᠶᠢᠳᠣᠷ ᠠᠳᠬᠤᠵᠣ ᠨᠡᠶᠢᠲᠡᠮ ᠬᠡᠷᠡᠭᠯᠡᠭᠡᠨ ᠤ ᠨᠢᠰᠭᠡᠯ ᠤᠨ ᠳᠠᠯᠠᠪᠣᠷ ᠢ ᠪᠦᠲᠦᠭᠡᠨ ᠪᠠᠶᠢᠭᠤᠯᠵᠤ᠂ ᠭᠠᠳᠠᠨ᠎ᠠ ᠳᠤᠳᠤᠨ᠎ᠠ ᠶᠢ ᠬᠤᠯᠪᠣᠨ ᠬᠤᠲᠠ ᠬᠦᠳᠡᠭᠡ ᠶᠢ ᠪᠦᠷᠬᠦᠭᠰᠡᠨ ᠪᠤᠰᠤᠭ᠎ᠠ ᠴᠤᠭᠴᠠᠲᠤ ᠵᠠᠮ ᠬᠠᠷᠢᠯᠴᠠᠭᠠᠨ ᠤ ᠳᠡᠭᠡᠭᠡᠪᠦᠷᠢ ᠶᠢᠨ ᠲᠣᠣᠷ ᠢ ᠪᠦᠲᠦᠭᠡᠨ ᠪᠠᠶᠢᠭᠤᠯᠤᠨ᠎ᠠ᠃ 500 ᠺᠢᠯᠣᠸᠠᠲ ᠢᠶᠠᠷ ᠲᠤᠯᠭᠠᠭᠤᠷᠢᠯᠠᠭᠤᠯᠤᠭᠰᠠᠨ ᠳᠠᠩᠴᠡᠬᠦᠷᠢᠳᠣ ᠲᠠᠷᠬᠠᠯᠲᠠ ᠲᠠᠢ ᠬᠤᠣᠰ ᠬᠠᠷᠢᠯᠲᠠ ᠶᠢᠨ ᠵᠠᠮ ᠲᠠᠢ ᠴᠠᠬᠢᠯᠭᠠᠨ ᠬᠦᠴᠦᠨ ᠤ ᠲᠣᠣᠷ ᠢ ᠪᠦᠲᠦᠭᠡᠨ ᠪᠠᠶᠢᠭᠤᠯᠤᠨ᠎ᠠ᠃ ︽ᠣᠶᠣᠨᠴᠢ ᠦᠥᠰᠢᠨ︾ ᠢ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠡᠬᠢ ᠪᠠᠶᠠᠯᠢᠭ ᠤᠨ ᠬᠦᠮᠦᠷᠬᠡ ᠪᠦᠷᠢᠨ ᠬᠠᠩᠭᠠᠯᠲᠠ ᠲᠠᠢ ᠪᠠ ᠣᠶᠣᠨᠴᠢ ᠬᠡᠷᠡᠭᠯᠡᠭᠡ ᠬᠤᠷᠠᠮᠳᠤᠭᠰᠠᠨ ᠴᠢᠮᠡᠭᠡ ᠵᠠᠩᠭᠢᠴᠢᠯᠠᠯᠲᠠ ᠶᠢᠨ ᠳᠠᠪᠴᠠᠩ ᠢ ᠪᠦᠲᠦᠭᠡᠨ ᠪᠠᠶᠢᠭᠤᠯᠤᠨ᠎ᠠ᠃ ᠣᠰᠣᠨ ᠤ ᠡᠩ ᠤᠨ ᠪᠣᠰᠣ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠬᠤ ᠶᠢ ᠯᠠᠪᠳᠠᠭᠤᠨ ᠠᠬᠢᠭᠤᠯᠵᠤ ᠨᠡᠶᠢᠭᠡᠮ ᠤᠨ ᠪᠡᠯᠡ ᠬᠥᠷᠥᠩᠭᠡ ᠶᠢ ᠵᠢᠯᠣᠭᠤᠳᠣᠨ ᠣᠰᠣᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠳᠤ ᠣᠷᠣᠯᠴᠠᠭᠤᠯᠤᠨ ᠣᠰᠣᠨ ᠠᠰᠢᠭᠯᠠᠯᠲᠠ ᠪᠠᠷ ᠨᠡᠶᠢᠭᠡᠮ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠲᠠᠪᠤ︶ ᠪᠤᠬᠢᠷᠳᠣᠯ ᠦᠭᠡᠢ ᠬᠥᠭᠵᠢᠯᠲᠡ ᠶᠢ ᠳᠦᠯᠬᠢᠨ ᠠᠬᠢᠭᠤᠯᠬᠤ ᠳᠡᠭᠡᠷ᠎ᠡ ᠲᠤᠭᠲᠠᠭᠤᠨ ᠪᠦᠭᠡᠳ ᠤᠷᠲᠤ ᠤᠳᠠᠭᠠᠨ ᠪᠣᠳᠣᠯᠭ᠎ᠠ ᠶᠠᠪᠤᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠢ ᠤᠯᠠᠮ ᠥᠵᠡᠰᠭᠦᠯᠡᠩ ᠰᠠᠶᠢᠬᠠᠨ ᠪᠣᠯᠭᠠᠨ᠎ᠠ᠃ ︽ᠬᠥᠬᠡ ᠣᠭᠲᠤᠷᠭᠤᠢ ᠨᠣᠮᠢᠨ ᠲᠠᠯ᠎ᠠ ᠨᠢ ᠠᠯᠲᠠ ᠮᠥᠩᠭᠦ ᠠᠴᠠ ᠦᠨᠠᠳᠠᠢ︾ ᠭᠡᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠪᠣᠯᠣᠨ ᠪᠦᠬᠦ ᠲᠠᠯ᠎ᠠ ᠳᠤ ᠲᠣᠣᠱᠯᠠᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠶᠢᠭᠠᠯᠢ ᠶᠢᠨ ᠨᠦᠬᠦᠴᠡᠯ ᠪᠣᠯᠣᠨ ᠡᠬᠢ ᠪᠠᠶᠠᠯᠢᠭ ᠣᠷᠴᠢᠨ ᠠᠬᠤᠢ ᠶᠢᠨ ᠳᠠᠭᠠᠭᠠᠴᠠ ᠬᠦᠴᠦᠨ ᠳᠡᠭᠡᠷ᠎ᠡ ᠰᠠᠭᠤᠷᠢᠯᠠᠭᠤᠯᠤᠨ᠎ᠠ᠃ ᠲᠠᠯ᠎ᠠ ᠨᠤᠲᠤᠭ ᠪᠣᠯᠣᠨ ᠨᠣᠭᠤ ᠭᠠᠵᠠᠷ ᠤᠨ ᠬᠠᠮᠠᠭᠠᠯᠠᠯᠲᠠ᠂ ᠬᠦᠷᠦᠰᠣ ᠰᠢᠷᠦᠢ ᠶᠢᠨ ᠬᠠᠮᠠᠭᠠᠯᠠᠯᠳᠠ ᠵᠡᠷᠭᠡ ᠭᠤᠣᠯ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ ᠴᠢᠨᠠᠷ ᠮᠠᠭᠤᠳᠠᠢ ᠦᠷ᠎ᠡ ᠠᠰᠢᠭ ᠳᠣᠣᠷ᠎ᠠ 50 ᠲᠦᠮᠡᠨ ᠮᠦ ᠣᠢ ᠰᠢᠭᠤᠢ ᠶᠢ ᠥᠭᠡᠷᠡᠴᠢᠯᠡᠨ 100 ᠲᠦᠮᠡᠨ ᠮᠦ ᠠᠴᠠ ᠳᠡᠭᠡᠭᠰᠢ ᠨᠤᠲᠤᠭ ᠪᠡᠯᠴᠢᠭᠡᠷ ᠢ ᠬᠠᠮᠠᠭᠠᠯᠠᠵᠣ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠢᠯᠡᠳᠳᠡ ᠰᠠᠶᠢᠵᠢᠷᠠᠭᠤᠯᠤᠨ᠎ᠠ᠃ ᠦᠨᠳᠦᠰᠦᠨ ᠠᠴᠠ ᠨᠢ ᠬᠢᠵᠠᠭᠠᠷᠯᠠᠬᠤ᠂ ᠶᠠᠪᠤᠴᠠ ᠳᠤᠨᠢ ᠰᠠᠷᠬᠡᠶᠢᠯᠡᠨ ᠡᠵᠡᠮᠳᠡᠬᠦ ᠶᠢ ᠳᠣᠪᠣᠶᠢᠯᠭᠠᠵᠤ ᠠᠭᠠᠷ ᠮᠠᠨᠳᠠᠯ᠂ ᠣᠰᠣ ᠬᠦᠷᠣᠰᠣ ᠰᠢᠷᠦᠢ ᠶᠢᠨ ᠪᠤᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ ᠮᠠᠯ ᠳᠠᠷᠢᠶᠠᠯᠠᠩ ᠤᠨ ᠦᠢᠯᠡᠰ ᠲᠤ ᠡᠯᠧᠺᠲᠷᠣᠨ ᠮᠥᠷᠳᠡᠯᠭᠡ ᠶᠢᠨ ᠳᠥᠷᠢᠮ ᠢ ᠬᠡᠷᠡᠭᠯᠡᠵᠦ᠂ ᠣᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠵᠢᠯ ᠠᠴᠠ ᠵᠢᠯ ᠰᠠᠶᠢᠵᠢᠷᠠᠭᠤᠯᠬᠤ ᠶᠢ ᠪᠠᠳᠣᠯᠠᠨ᠎ᠠ᠃ ᠣᠷᠴᠢᠨ ᠲᠤᠭᠤᠷᠢᠨ ᠤ ᠪᠣᠬᠢᠷᠳᠤᠯ ᠢ ᠵᠠᠬ᠎ᠠ ᠳᠡᠯᠭᠡᠭᠦᠷᠴᠢᠯᠡᠨ ᠵᠠᠰᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠪᠣᠶᠢᠵᠢᠭᠤᠯᠤᠨ ᠦᠨᠳᠦᠷ ᠳᠠᠪᠤᠰᠤᠲᠤ ᠤᠰᠤ᠂ ᠠᠭᠤᠷᠬᠠᠢ ᠶᠢᠨ ᠬᠤᠳᠳᠤᠭ ᠤᠨ ᠤᠰᠤ᠂ ᠬᠠᠲᠠᠭᠤ ᠬᠠᠶᠠᠭᠳᠠᠮᠠᠯ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ ᠨᠢᠬᠡᠴᠡ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠣᠰᠤ᠂ ᠡᠨᠧᠷᠭᠢ ᠶᠢᠨ ᠶᠡᠷᠦᠩᠬᠡᠢ ᠬᠤᠷᠣᠭᠳᠠᠯ ᠢ ᠳᠣᠷᠣᠭᠰᠢᠯᠠᠭᠤᠯᠤᠨ᠎ᠠ᠃ ᠠᠭᠤᠷᠬᠠᠢ ᠶᠢᠨ ᠣᠷᠣᠨ ᠤ ᠡᠶ᠎ᠡ ᠵᠣᠬᠢᠴᠠᠩᠭᠤᠢ᠂ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠭᠦᠨᠵᠡᠭᠡᠢ ᠳᠦᠯᠬᠢᠨ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠬᠦᠯᠵᠣ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠶᠢ ᠨᠦᠬᠦᠪᠦᠷᠢᠯᠡᠬᠦ ᠲᠤᠭᠲᠠᠴᠠ ᠶᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ ᠬᠡᠷᠡᠭᠯᠡᠯᠳᠡ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ ᠠᠮᠢ ᠠᠬᠤᠢ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠢ ᠴᠢᠩᠭ᠎ᠠ ᠰᠠᠬᠢᠨ᠎ᠠ᠃ ᠮᠠᠯ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤ ᠪᠠᠷ ᠲᠦᠷᠦᠯ ᠵᠦᠢᠯ ᠂ ᠬᠡᠪᠴᠢᠶ᠎ᠡ ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠢᠶᠠᠷᠬᠤ ᠬᠠᠮᠤᠭ ᠴᠢᠩᠭ᠎ᠠ ᠳᠥᠷᠢᠮ ᠢ ᠨᠠᠶᠢᠳᠠᠪᠣᠷᠢᠵᠢᠭᠤᠯᠵᠣ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠠᠮᠢ ᠠᠬᠤᠢ ᠶᠢᠨ ᠠᠮᠤᠷ ᠳᠥᠪᠰᠢᠨ ᠤ ᠬᠠᠷᠢᠭᠤᠴᠠᠯᠭ᠎ᠠ ᠶᠢᠨ ᠳᠥᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢ ᠡᠪᠳᠡᠭᠰᠡᠨ ᠬᠠᠷᠢᠭᠤᠴᠠᠯᠭ᠎ᠠ ᠶᠢᠨ ᠨᠡᠬᠡᠮᠵᠢᠯᠡᠯ ᠢ ᠴᠢᠩᠭᠠᠳᠬᠠᠨ᠎ᠠ᠃ ᠠᠮᠢ ᠠᠬᠤᠢ ᠶᠢᠨ ᠵᠢᠭᠤᠯᠴᠢᠯᠠᠯ᠂ ᠠᠵᠤ ᠠᠬᠤᠢ ᠶᠢᠨ ᠤᠢ ᠪᠣᠯᠣᠨ ᠣᠢ ᠮᠤᠳᠤ ᠡᠯᠡᠰᠦᠨ ᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠠᠬᠤᠢ᠂ ᠨᠡᠶᠢᠭᠡᠮ᠂ ᠠᠮᠢ ᠠᠬᠤᠢ ᠶᠢᠨ ᠥᠷ᠎ᠡ ᠠᠰᠢᠭ ᠬᠠᠮᠳᠣᠪᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠠᠯᠪᠠᠨ ᠪᠠᠶᠢᠭᠤᠯᠭ᠎ᠠ᠂ ᠪᠣᠬᠢᠷᠳᠣᠯ ᠦᠭᠡᠢ ᠰᠤᠷᠭᠠᠭᠤᠯᠢ᠂ ᠪᠣᠬᠢᠷᠳᠣᠯ ᠦᠭᠡᠢ ᠨᠡᠶᠢᠭᠡᠮ ᠲᠤᠭᠤᠷᠢᠭ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠥᠨ ᠪᠦᠬᠦ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ ᠠᠭᠠᠷ ᠲᠡᠭᠷᠢ ᠢ ᠨᠢ ᠴᠡᠯᠮᠡᠭ᠂ ᠲᠠᠯ᠎ᠠ ᠨᠤᠳᠤᠭ ᠢ  ᠨᠢ ᠨᠤᠭᠤᠭᠠᠨ᠂ ᠤᠰᠤ ᠮᠦᠷᠡᠨ ᠢ ᠨᠢ ᠳᠣᠩᠭᠠᠯᠠᠭ ᠪᠠᠶᠢᠯᠭᠠᠨ᠎ᠠ᠃     ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠳᠡᠬᠡᠷ᠎ᠡ ᠡᠷᠡᠰ ᠵᠣᠷᠢᠭᠳᠡᠢ ᠣᠷᠣᠭᠰᠢᠯᠡᠵᠣ᠂ ᠨᠡᠶᠢᠭᠡᠮ ᠤᠨ ᠵᠠᠰᠠᠯᠲᠠ ᠶᠢ ᠤᠯᠠᠮ ᠪᠦᠲᠦᠮᠵᠢ ᠲᠠᠢ ᠪᠣᠯᠭᠠᠨ᠎ᠠ᠃ ᠰᠢᠰᠲ᠋ᠧᠮᠴᠢ ᠰᠡᠳᠬᠢᠴᠡ ᠪᠠᠷ ᠥᠭᠡᠷᠡᠴᠢᠯᠡᠯᠲᠡ ᠶᠢ ᠰᠦᠪᠡᠭᠴᠢᠯᠡᠨ ᠪᠠᠶᠢᠭᠤᠯᠤᠮᠵᠢ ᠲᠤᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠴᠦ ᠨᠡᠭᠡᠭᠡᠯᠲᠡ ᠲᠠᠢ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠡᠷᠳᠡᠢ ᠥᠭᠡᠷᠡᠴᠢᠯᠡᠯᠲᠡ ᠶᠢ ᠭᠦᠨᠵᠡᠭᠡᠢ ᠳᠦᠯᠬᠢᠨ ᠠᠬᠢᠭᠤᠯᠵᠤ ᠵᠠᠬ᠎ᠠ ᠳᠡᠯᠭᠡᠭᠦᠷ᠂ ᠪᠠᠷᠢᠮᠵᠢᠶ᠎ᠠ᠂ ᠬᠠᠣᠯᠢ ᠪᠠᠷ ᠵᠠᠰᠠᠬᠤ ᠵᠡᠷᠭᠡ ᠠᠷᠭ᠎ᠠ ᠪᠠᠷᠢᠯ ᠢ ᠬᠡᠷᠡᠭᠯᠡᠨ ᠠᠵᠤ ᠦᠢᠯᠡᠰ ᠤᠨ ᠳᠠᠰ ᠳᠡᠪᠰᠢᠬᠦ ᠶᠢ ᠳᠦᠯᠬᠢᠨ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠱᠠᠩᠨᠠᠯ ᠬᠥᠬᠢᠭᠦᠯᠦᠯ ᠤᠨ ᠳᠥᠷᠢᠮ ᠢ ᠲᠡᠭᠦᠯᠳᠡᠷᠵᠢᠭᠦᠯᠵᠦ ᠡᠵᠡᠨ ᠮᠡᠳᠡᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠶᠠᠰᠣ ᠴᠢᠨᠠᠷ ᠢᠶᠠᠷ ᠠᠵᠤ ᠠᠬᠤᠶᠢᠯᠠᠯ ᠢ ᠬᠦᠭᠵᠢᠬᠦᠯᠥᠨ ᠬᠦᠴᠦᠷᠬᠡᠭᠵᠢᠭᠦᠯᠬᠦ ᠶᠢ ᠳᠦᠯᠬᠢᠨ ᠠᠬᠢᠭᠤᠯᠵᠤ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠵᠡᠷᠭᠡ ᠠᠵᠤ ᠦᠢᠯᠡᠰ ᠤᠨ ᠳᠣᠮᠳᠠᠬᠢ ᠦᠨᠳᠦᠷ ᠳᠡᠰ ᠤᠨ ᠬᠠᠩᠭᠠᠯᠭ᠎ᠠ ᠶᠢ ᠥᠷᠭᠡᠳᠬᠡᠨ ᠬᠥᠬᠡᠬᠤᠲᠠ ᠪᠣᠭᠤᠳᠤ ᠣᠷᠳᠤᠰ ᠤᠨ ᠬᠠᠮᠳᠣᠷᠠᠭᠰᠠᠨ ᠬᠥᠭᠵᠢᠯᠲᠡ ᠶᠢᠨ ᠳᠤᠮᠳᠠ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠵᠤ᠂ ᠲᠦᠷᠦᠭᠦᠴᠢ ᠲᠤᠬᠢᠶᠠᠯ ᠢ ᠡᠵᠡᠮᠳᠡᠨ᠎ᠠ᠃ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠳᠠᠮ ᠬᠦᠦ ᠮᠥᠩᠭᠦ᠂ ᠪᠡᠯᠡ ᠬᠤᠷᠠᠮᠳᠣᠭᠤᠯᠭ᠎ᠠ ᠶᠢᠨ ᠪᠠᠳᠣᠯᠠᠪᠣᠷᠢ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠡᠳ᠋ ᠤᠨ ᠵᠠᠰᠠᠭ ᠤᠨ ᠪᠡᠯᠡ ᠮᠥᠩᠭᠦᠨ ᠤ ᠵᠢᠯᠣᠭᠤᠳᠤᠨ ᠳᠠᠭᠠᠭᠤᠯᠬᠤ ᠦᠢᠯᠡᠳᠦᠯ ᠢ ᠰᠠᠶᠢᠨ ᠪᠠᠳᠠᠷᠠᠭᠤᠯᠤᠨ᠎ᠠ᠃ ᠠᠯᠪᠡᠨ ᠤ ᠪᠠ ᠬᠤᠪᠢ ᠶᠢᠨ ᠬᠠᠮᠲᠤᠷᠠᠨ ᠠᠵᠢᠯᠯᠠᠬᠤ ᠬᠦᠷᠢᠶ᠎ᠡ ᠴᠠᠷ᠎ᠠ ᠶᠢ ᠥᠷᠭᠡᠳᠬᠡᠵᠦ ᠨᠢᠭᠡ ᠪᠦᠯᠦᠭ PPP ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ ᠠᠵᠤ ᠠᠬᠤᠶᠢᠯᠡᠯᠳᠠᠨ ᠤ ᠵᠣᠷᠢᠭ ᠰᠠᠨᠠᠭ᠎ᠠ ᠶᠢ ᠣᠷᠮᠠᠰᠢᠭᠤᠯᠣᠨ ᠬᠠᠮᠠᠭᠠᠯᠠᠵᠤ᠂ ᠠᠷᠠᠳ ᠤᠨ ᠳᠤᠮᠳᠠᠬᠢ ᠬᠦᠷᠦᠩᠬᠡ ᠮᠦᠩᠬᠦ ᠶᠢ ᠰᠠᠭᠤᠷᠢ ᠲᠥᠬᠦᠭᠡᠷᠦᠮᠵᠢ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠪᠣᠯᠣᠨ ᠨᠠᠶᠢᠭᠡᠮ ᠤᠨ ᠠᠵᠢᠯ ᠦᠢᠯᠡᠰ ᠵᠡᠷᠭᠡ ᠬᠦᠷᠢᠶᠠᠨ ᠳᠤ ᠪᠡᠯᠡ ᠣᠷᠣᠭᠤᠯᠤᠨ ᠣᠷᠣᠯᠴᠠᠭᠤᠯᠬᠤ ᠶᠢ ᠵᠣᠷᠢᠭᠵᠢᠭᠤᠯᠵᠣ ᠨᠡᠶᠢᠲᠡ ᠶᠢᠨ ᠪᠤᠰᠣ ᠥᠮᠴᠢᠯᠡᠯᠲᠤ ᠠᠵᠤ ᠠᠬᠤᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ︽ᠡᠵᠡᠩᠨᠡᠯᠲᠡ ᠶᠢᠨ ᠵᠥᠪᠰᠢᠶᠡᠷᠡᠯ ᠤᠨ ᠥᠨᠡᠮᠯᠡᠯ ᠪᠠ ᠡᠵᠡᠩᠨᠡᠯᠲᠡ ᠶᠢᠨ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢ ᠨᠡᠩ ᠥᠷᠭᠡᠨ ᠬᠡᠪᠴᠢᠶᠡᠨ ᠳᠤ ᠳᠦᠯᠬᠢᠨ ᠠᠬᠢᠭᠤᠯᠵᠤ᠂ ᠲᠥᠪ ᠭᠤᠣᠯᠴᠢ ᠥᠷᠢᠰᠦᠯᠳᠦᠬᠦ ᠬᠢᠨᠠᠨ ᠪᠠᠶᠢᠴᠠᠭᠠᠯᠲᠠ ᠶᠢᠨ ᠲᠥᠷᠢᠮ ᠢ ᠨᠠᠶᠢᠳᠠᠪᠤᠷᠢᠵᠢᠭᠤᠯᠤᠨ ᠲᠤᠭᠲᠠᠭᠤᠨ᠂ ᠡᠷᠬᠡ ᠲᠡᠭᠰᠢ᠂ ᠢᠯᠡ ᠳᠣᠳᠣ᠂ ᠵᠢᠱᠢᠵᠦ ᠪᠣᠯᠬᠤᠶᠢᠴᠠ ᠡᠵᠡᠩᠨᠡᠵᠦ ᠪᠣᠷᠣᠯᠠᠭᠤᠯᠬᠤ ᠣᠷᠴᠢᠨ ᠠᠬᠤᠢ ᠶᠢ ᠪᠣᠢ ᠪᠣᠯᠭᠠᠨ᠎ᠠ᠃ ᠶᠡᠷᠦᠩᠬᠡᠶᠢᠯᠡᠨ ᠬᠢᠨᠠᠨ ᠬᠠᠮᠢᠶᠠᠷᠬᠤ ᠬᠡᠯᠪᠡᠷᠢ ᠶᠢ ᠪᠠᠶᠢᠭᠤᠯᠵᠤ᠂ ᠲᠣᠮᠣ ᠳᠤᠭ᠎ᠠ ᠪᠠᠷᠢᠮᠳᠠ ᠵᠡᠷᠭᠡ ᠣᠳᠣ ᠦᠶ᠎ᠡ ᠶᠢᠨ ᠴᠢᠮᠡᠭᠡ ᠵᠠᠩᠬᠢ ᠶᠢᠨ ᠮᠡᠷᠭᠡᠵᠢᠯ ᠢ ᠭᠦᠢᠴᠡᠳ ᠬᠡᠷᠡᠭᠯᠡᠨ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠢᠨ᠋ᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠥᠭᠵᠢᠯᠲᠡ ᠶᠢ ᠲᠥᠷᠭᠡᠳᠬᠡᠵᠦ᠂ ᠬᠠᠷᠢᠯᠴᠠᠨ ᠨᠡᠪᠲᠡᠷᠡᠵᠦ ᠬᠠᠮᠲᠤᠪᠠᠷ ᠡᠳ᠋ᠯᠡᠬᠦ ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠳᠠᠪᠴᠠᠩ ᠢ ᠪᠦᠲᠦᠭᠡᠨ ᠪᠠᠶᠢᠭᠤᠯᠤᠨ ᠰᠠᠭᠤᠷᠢ ᠴᠢᠮᠡᠭᠡ ᠵᠠᠩᠬᠢ ᠶᠢ ᠬᠠᠮᠲᠤᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠢ ᠵᠣᠬᠢᠴᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠬᠠᠮᠤᠭ ᠤᠯᠠᠨ ᠳᠠᠭᠠᠨ ᠨᠢᠭᠡ ᠤᠳᠠᠭ᠎ᠠ ᠶᠠᠪᠤᠬᠤ︾ ᠶᠢ ᠡᠷᠲᠡ ᠨᠢᠭᠡ ᠡᠳᠦᠷ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠠᠷᠠᠳᠴᠢᠯᠠᠯ ᠬᠠᠤᠯᠢ ᠲᠥᠷᠢᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠦᠪᠯᠡᠬᠦ ᠠᠷᠠᠳᠴᠢᠯᠠᠯ ᠢ ᠳᠦᠯᠬᠢᠨ ᠠᠬᠢᠭᠤᠯᠵᠣ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠳᠠ ᠲᠠᠯᠪᠢᠬᠤ ᠡᠷᠬᠡ ᠶᠢ ᠪᠠᠲᠤᠯᠠᠨ᠎ᠠ᠃ ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠵᠤ᠂ ᠵᠠᠰᠠᠭ ᠢᠶᠠᠨ ᠬᠦᠷᠢᠶᠡᠯᠡᠨ ᠠᠷᠠᠳ ᠲᠦᠮᠡᠨ ᠢ ᠬᠠᠶᠢᠷᠠᠯᠠᠬᠤ︾ ᠳᠠᠭᠤᠷᠢᠶᠠᠯ ᠬᠤᠰᠢᠭᠤᠨ ᠤ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ ᠴᠡᠷᠢᠭ ᠠᠷᠠᠳ ᠤᠨ ᠬᠡᠷᠡᠭᠯᠡᠭᠡ ᠶᠢ ᠠᠭᠤᠰᠣᠯᠴᠠᠭᠤᠯᠣᠨ ᠬᠦᠭᠵᠢᠬᠦᠯᠬᠦ ᠶᠢ ᠲᠦᠷᠭᠡᠳᠬᠡᠨ᠎ᠡ᠃ ᠠᠮᠣᠷ ᠲᠦᠪᠰᠢᠨ ᠦᠢᠯᠡᠳᠪᠦᠷᠢᠯᠡᠯ ᠤᠨ ᠬᠦᠷᠢᠶᠠᠨ ᠳᠠᠬᠢ ᠥᠭᠡᠷᠡᠴᠢᠯᠡᠯᠲᠡ ᠶᠢ ᠳᠦᠯᠬᠢᠨ ᠠᠬᠢᠭᠤᠯᠵᠤ ᠠᠶᠤᠯ ᠳᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠰᠣᠭᠤᠭ ᠢ ᠪᠠᠶᠢᠴᠠᠭᠠᠵᠤ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ ᠡᠯ᠎ᠡ ᠲᠦᠷᠦᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠤᠯᠠᠨ ᠨᠡᠶᠢᠲᠡ ᠶᠢᠨ ᠠᠮᠤᠷ ᠲᠥᠪᠰᠢᠨ ᠤ ᠰᠢᠰᠲ᠋ᠧᠮ ᠢ ᠪᠦᠷᠢᠨᠰᠢᠬᠦᠯᠵᠣ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠥᠨ ᠰᠢᠢᠳᠪᠣᠷᠢᠯᠡᠬᠦ ᠲᠤᠭᠲᠠᠴᠠ ᠶᠢ ᠲᠡᠭᠦᠯᠳᠡᠷᠵᠢᠭᠦᠯᠵᠦ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠣᠯᠢᠵᠢᠭᠰᠡᠨ᠂ ᠣᠶᠣᠨᠴᠢᠯᠠᠭᠰᠠᠨ᠂ ᠳᠣᠰᠬᠠᠢ ᠮᠡᠷᠭᠡᠵᠢᠭᠰᠡᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠥᠭᠡᠷᠡᠴᠢᠯᠡᠯᠲᠡ ᠶᠢᠨ ᠥᠷ᠎ᠡ ᠪᠦᠲᠦᠭᠡᠯ ᠢ ᠡᠷᠢᠯᠬᠢᠯᠡᠨ ᠳᠠᠭᠤᠷᠢᠶᠠᠵᠣ ᠳᠡᠯᠭᠡᠷᠡᠭᠦᠯᠣᠬᠡᠳ ᠬᠥᠭᠵᠢᠯᠲᠡ ᠶᠢᠨ ᠬᠥᠳᠡᠯᠭᠡᠭᠴᠢ ᠬᠦᠴᠦᠨ ᠢ ᠬᠥᠭᠵᠢᠭᠡᠨ ᠥᠭᠡᠷᠡᠴᠢᠯᠡᠯᠲᠡ ᠨᠡᠭᠡᠭᠡᠯᠲᠡ ᠰᠢᠨ᠎ᠡ ᠡᠭᠦᠳᠦᠯᠲᠡ ᠶᠢᠨ ᠠᠵᠢᠯ ᠤᠨ ᠡᠮᠦᠨ᠎ᠡ ᠡᠩᠨᠡᠬᠡᠨ ᠳᠤ ᠵᠠᠮᠨᠠᠨ᠎ᠠ᠃     ︵ᠳᠣᠯᠤᠭ᠎ᠠ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠡᠭᠡᠷ᠎ᠡ ᠰᠡᠳᠬᠢᠯ ᠳᠠᠯᠪᠢᠨ ᠴᠢᠳᠠᠯ ᠢᠶᠠᠷ ᠢᠶᠠᠨ ᠴᠢᠷᠮᠡᠶᠢᠵᠣ᠂ ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠣᠯᠠᠨ᠎ᠠ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠤ ᠡᠵᠡᠯᠡᠬᠦ ᠬᠠᠷᠢᠴᠠᠯ ᠢ ᠯᠠᠪᠳᠠᠭᠤᠨ ᠨᠡᠮᠡᠭᠳᠡᠭᠦᠯᠵᠦ᠂ ᠤᠯᠠᠨ ᠨᠡᠶᠢᠲᠡ ᠶᠢᠨ ᠬᠡᠷᠡᠭᠯᠡᠬᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠲᠤᠪᠠᠷ ᠪᠠᠶᠢᠭᠤᠯᠬᠤ ᠪᠠ ᠬᠠᠮᠲᠤᠪᠠᠷ ᠡᠳ᠋ᠯᠡᠬᠦ ᠲᠥᠪᠰᠢᠨ ᠢ ᠳᠡᠭᠡᠭᠰᠢᠯᠡᠭᠦᠯᠦᠨ᠎ᠡ᠃ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠲᠣᠣᠱᠯᠠᠭᠤᠯᠤᠨ᠂ ᠰᠣᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ᠂ ᠰᠣᠷᠭᠠᠭᠤᠯᠢ ᠰᠠᠭᠤᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠣᠮ ᠤᠨ ᠰᠤᠷᠭᠠᠨ ᠬᠦᠮᠦᠵᠢᠯ ᠨᠢᠭᠡᠳᠦᠯᠲᠡᠢ ᠲᠥᠯᠥᠪᠯᠡᠨ ᠰᠠᠶᠢᠳᠤᠷ ᠠᠳᠬᠤᠵᠤ᠂ ᠡᠩ ᠤᠨ ᠳᠡᠭᠡᠳᠦ ᠳᠤᠮᠳᠠᠳᠤ ᠶᠢᠨ ᠰᠤᠷᠭᠠᠨ ᠬᠦᠮᠦᠵᠢᠯ ᠢ ᠨᠡᠶᠢᠳᠠᠮᠵᠢᠬᠦᠯᠵᠣ ᠠᠵᠢᠯ ᠮᠡᠷᠬᠡᠵᠢᠯ ᠤᠨ ᠰᠣᠷᠭᠠᠨ ᠬᠦᠮᠦᠵᠢᠯ ᠳᠠᠬᠢ ᠠᠵᠣ ᠣᠶᠢᠯᠡᠰ ᠪᠣᠯᠣᠨ ᠵᠢᠭᠠᠨ ᠰᠤᠷᠭᠠᠯᠲᠠ ᠶᠢᠨ ᠠᠭᠤᠰᠣᠯᠴᠠᠯ᠂ ᠰᠣᠷᠭᠠᠭᠤᠯᠢ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠦᠭᠡᠳ ᠴᠢᠨᠠᠷᠵᠢᠭᠤᠨ ᠰᠣᠷᠭᠠᠨ ᠬᠦᠮᠦᠵᠢᠯ ᠬᠦᠷᠲᠡᠭᠡᠬᠦ ᠪᠠᠷ ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠵᠣ ᠪᠠᠬᠢᠯᠡᠯᠳᠡ ᠰᠢᠪᠳᠣᠯᠬᠤ ᠳᠠᠶᠢᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠵᠢᠯ ᠤᠨ ᠠᠬᠢᠴᠠ ᠳᠤᠮᠳᠠ ᠨᠢᠭᠡ ᠨᠡᠷ᠎ᠡ ᠶᠠᠳᠠᠭᠤ ᠬᠦᠴᠢᠷᠳᠡᠯᠲᠡᠢ ᠣᠯᠠᠨ ᠲᠦᠮᠡᠨ ᠢ ᠴᠦ ᠡᠩᠨᠡᠭᠡᠨ ᠠᠴᠠ ᠨᠢ ᠬᠤᠴᠣᠷᠤᠭᠤᠯᠬᠤ ᠦᠭᠡᠢ᠃ ᠦᠢᠯᠡᠰ ᠪᠣᠰᠬᠠᠬᠤ ᠪᠤᠯᠪᠠᠰᠤᠷᠠᠯ᠂ ᠠᠵᠢᠯ ᠮᠡᠷᠭᠡᠵᠢᠯ ᠤᠨ ᠪᠤᠯᠪᠠᠰᠤᠷᠠᠯ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠬᠠᠮᠳᠣᠪᠠᠷ ᠰᠢᠨ᠎ᠡ ᠶᠢ ᠡᠭᠦᠳᠬᠦ ᠶᠢ ᠳᠦᠯᠬᠢᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠪᠦᠬᠦ ᠠᠷᠠᠳ ᠢᠶᠠᠷ ᠳᠠᠭᠠᠳᠬᠠᠯ ᠳᠤ ᠣᠷᠣᠬᠤ ᠶᠢ ᠳᠦᠯᠬᠢᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠲᠤ ᠨᠡᠶᠢᠳᠡᠮᠵᠢᠬᠦᠯᠦᠭᠰᠡᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠤᠨ᠎ᠠ᠃ ᠥᠲᠡᠯᠦᠭᠰᠡᠨ᠂ ᠪᠭᠤᠷᠠᠢ᠂ ᠡᠪᠡᠳᠴᠢᠳᠠᠢ᠂ ᠵᠡᠮᠳᠡᠭ ᠵᠡᠷᠭᠡ ᠣᠨᠴᠠᠭᠠᠢ ᠣᠯᠠᠨ ᠲᠦᠮᠡᠨ ᠪᠣᠯᠣᠨ ᠠᠮᠢᠳᠤᠷᠠᠯ ᠳᠠᠭᠠᠨ ᠬᠦᠴᠢᠷᠳᠡᠯᠲᠡᠢ ᠣᠯᠠᠨ ᠲᠦᠮᠡᠨ ᠢ ᠤᠨᠤᠪᠴᠢᠲᠠᠢ ᠠᠪᠣᠷᠠᠨ ᠳᠡᠳᠬᠦᠵᠣ ᠰᠠᠭᠤᠷᠢ ᠪᠠᠳᠣᠯᠠᠭ᠎ᠠ ᠶᠢᠨ ᠠᠵᠢᠯ ᠢ ᠰᠠᠶᠢᠳᠣᠷ ᠯᠠᠪᠳᠠᠭᠤᠨ ᠪᠠᠳᠣᠳᠠᠢ ᠬᠢᠨ᠎ᠠ᠃ ᠴᠦᠭᠡᠨ ᠲᠤᠭᠠᠲᠤ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠢ ᠲᠡᠳᠬᠦᠵᠦ ᠬᠦᠴᠦᠷᠬᠡᠭᠵᠢᠭᠦᠯᠦᠨ ᠴᠦᠭᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠰᠤᠶᠤᠯ ᠢ ᠬᠦᠭᠵᠢᠬᠡᠨ ᠮᠠᠨᠳᠣᠭᠤᠯᠬᠤ ᠪᠠ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠷᠢᠭᠦᠨ ᠤ ᠳᠠᠭᠤᠷᠢᠶᠠᠯ ᠬᠤᠰᠢᠭᠤ ᠶᠢ ᠡᠭᠦᠳᠦᠨ ᠪᠠᠶᠢᠭᠤᠯᠤᠨ᠎ᠠ᠃ ︽ᠡᠷᠡᠭᠦᠯ ᠡᠩᠬᠡ ᠦᠥᠰᠢᠨ︾ ᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠣ ᠢᠲᠡᠭᠡᠨ ᠤᠮᠳᠠᠭᠠᠨ ᠤ ᠠᠮᠤᠷ ᠳᠥᠪᠰᠢᠨ ᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠣ᠂ ᠡᠮ ᠡᠮᠨᠡᠯᠭᠡ ᠶᠢᠨ ᠰᠢᠰᠲ᠋ᠧᠮ ᠤᠨ ᠮᠡᠳᠡᠭᠡ ᠵᠠᠩᠬᠢᠵᠢᠯᠳᠡ ᠪᠠ ᠡᠮ ᠡᠮᠨᠡᠯᠭᠡ ᠶᠢᠨ ᠬᠤᠯᠪᠤᠭᠠᠲᠤ ᠴᠤᠭᠴᠠ ᠶᠢᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠡᠷᠡᠭᠦᠯ ᠮᠡᠨᠳᠦ ᠶᠢᠨ ᠲᠥᠭᠦᠮ ᠳᠦᠲᠡ᠂ ᠣᠬᠢ ᠰᠢᠯᠢᠳᠡᠭ ᠦᠢᠯᠡᠴᠢᠯᠡᠭᠡ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠠᠴᠠ ᠬᠠᠮᠤᠭ ᠣᠶᠢᠷ᠎ᠠ ᠪᠠᠶᠢᠯᠭᠠᠵᠣ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠣᠯᠠᠨ ᠨᠡᠶᠢᠲᠡ ᠶᠢᠨ ᠦᠢᠯᠡᠴᠢᠯᠡᠭᠡᠨ ᠤ ᠣᠬᠢ ᠰᠢᠯᠢᠳᠡᠭ ᠲᠡᠩᠴᠡᠬᠦᠷᠢᠰᠢᠯ᠂ ᠠᠷᠠᠳ ᠲᠦᠮᠡᠨ ᠤ ᠠᠮᠢᠳᠤᠷᠠᠯ ᠵᠣᠯ ᠵᠢᠷᠭᠠᠯ ᠲᠠᠢ ᠡᠶ᠎ᠡ ᠵᠣᠬᠢᠴᠠᠩᠭᠤᠢ᠂ ᠨᠡᠶᠢᠭᠡᠮ ᠤᠨ ᠲᠥᠪ ᠭᠤᠣᠯᠴᠢ ᠰᠢᠳᠣᠷᠭᠤ ᠶᠣᠰᠣ ᠶᠢ ᠲᠦᠷᠭᠡᠪᠴᠢᠯᠡᠨ ᠪᠡᠶᠡᠯᠡᠭᠦᠯᠬᠦ ᠠᠵᠢᠯᠯᠠᠭᠠᠨ ᠳᠡᠭᠡᠷ᠎ᠡ ᠨᠠᠶᠢᠳᠠᠪᠣᠷᠢᠵᠢᠭᠤᠯᠣᠨ ᠵᠣᠯ ᠵᠢᠷᠭᠠᠯᠲᠤ ᠠᠮᠢᠳᠤᠷᠠᠯ ᠢ ᠬᠠᠮᠳᠣᠪᠠᠷ ᠡᠳ᠋ᠯᠡᠬᠦ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃      2018 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ ᠵᠢᠯ ᠪᠣᠯᠣᠨ᠎ᠠ᠂ ᠡᠯ᠎ᠡ ᠲᠦᠷᠥᠯ ᠤᠨ ᠠᠵᠢᠯ ᠢ ᠰᠠᠶᠢᠨ ᠡᠬᠢᠯᠡᠭᠦᠯᠬᠦ ᠨᠢ ᠮᠠᠰᠢ ᠴᠢᠬᠤᠯᠠ ᠪᠢᠯᠡ᠃ ᠵᠢᠯ ᠤᠨ ᠳᠤᠳᠤᠷ᠎ᠠ ᠳᠤᠤᠷᠠᠬᠢ ᠬᠡᠲᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠨ᠎ᠡ᠄ ᠨᠢᠬᠡ ᠳᠤ ᠬᠤᠷᠸ᠎ᠠ ᠲᠥᠷᠦ ᠶᠢᠨ ᠪᠣᠳᠣᠯᠭ᠎ᠠ ᠶᠢᠨ ᠠᠰᠢᠭᠲᠠᠢ ᠲᠣᠬᠢᠶᠠᠯ ᠢ ᠰᠠᠶᠢᠳᠣᠷ ᠠᠳᠬᠤᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠡᠷᠳᠡᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ ᠨᠡᠭᠦᠷᠡᠰᠦᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ  ᠶᠢ ᠲᠦᠷᠭᠡᠳᠬᠡᠵᠦ ᠲᠡᠷᠢᠭᠦᠨ ᠤ ᠦᠢᠯᠡᠳᠪᠦᠷᠢᠯᠡᠯ ᠤᠨ ᠴᠢᠳᠠᠪᠬᠢ ᠶᠢ ᠪᠦᠳᠦᠮᠵᠢᠳᠡᠢ ᠪᠠᠳᠠᠷᠠᠭᠤᠯᠵᠣ᠂ ᠠᠯᠺᠧᠨ ᠨᠠᠬᠦᠷᠣᠭ᠍ᠴᠢ ᠶᠢᠨ ᠳᠠᠭᠠᠯᠲᠠ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠲᠦᠷᠥᠯ ᠵᠣᠶᠢᠯ ᠢ ᠢᠳᠡᠪᠬᠢᠲᠡᠢ ᠣᠷᠣᠭᠤᠯᠵᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠮᠦᠵᠢᠭᠦᠯᠤᠨ ᠪᠠᠶᠢᠭᠤᠯᠵᠦ ᠠᠵᠤ ᠣᠶᠢᠯᠡᠳᠪᠣᠷᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠠᠪᠰᠢᠬᠤ ᠠᠯᠬᠤᠴᠠ ᠶᠢ ᠲᠦᠷᠭᠡᠳᠬᠡᠨ᠎ᠡ᠃ ᠵᠢᠯ ᠤᠨ ᠳᠤᠳᠤᠷ᠎ᠠ ᠨᠠᠷᠢᠨᠭᠤᠣᠯ ᠠᠭᠤᠷᠬᠠᠢ ᠶᠢᠨ ᠤᠷᠣᠨ ᠤ ᠲᠥᠯᠥᠪᠵᠢᠬᠦᠯᠬᠡ ᠶᠢᠨ ᠣᠷᠴᠢᠨ ᠲᠤᠭᠤᠷᠢᠨ ᠳᠤ ᠦᠵᠡᠭᠦᠯᠬᠦ ᠨᠥᠯᠦᠭᠡᠨ ᠤ ᠦᠨᠡᠯᠡᠯᠲᠡ ᠶᠢᠨ ᠵᠥᠪᠰᠢᠶᠡᠷᠡᠯ ᠢ ᠳᠠᠮᠠᠴᠠᠨ ᠣᠯᠵᠣ᠂ ᠨᠡᠭᠦᠷᠡᠰᠦᠨ ᠤ ᠭᠠᠷᠭᠠᠯᠲᠠ ᠶᠢᠨ ᠬᠡᠮᠵᠢᠶ᠎ᠡ ᠶᠢ 5000 ᠲᠦᠮᠡᠨ ᠳᠣᠨᠨ᠋ᠨ ᠢ ᠳᠠᠪᠠᠭᠤᠯᠵᠣ᠂ ᠵᠦᠩ ᠮᠸᠢ ᠡᠨᠧᠷᠭᠢ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ ᠨᠡᠶᠢᠯᠡᠯ ᠬᠡᠢ ᠪᠠᠷ ᠵᠢᠯ ᠪᠦᠷᠢ 100 ᠲᠦᠮᠡᠨ ᠳᠣᠨᠨ᠋ᠨ ᠮᠧᠲ᠋ᠢᠯ ᠠᠯᠺᠣᠣᠯ ᠦᠢᠯᠡᠳᠪᠦᠷᠢᠯᠡᠬᠦ ᠮᠡᠷᠬᠡᠵᠢᠯ ᠤᠨ ᠦᠬᠡᠷᠡᠴᠢᠯᠡᠯᠳᠡ  ᠶᠢᠨ ᠲᠦᠷᠦᠯ ᠵᠦᠢᠯ ᠢ ᠡᠬᠢᠯᠡᠭᠦᠯᠦᠨ᠎ᠡ᠃ ᠬᠤᠶᠡᠷ ᠲᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠵᠢᠯᠣᠭᠤᠳᠤᠮᠵᠢ ᠪᠣᠯᠭᠠᠵᠤ ᠰᠢᠨ᠎ᠡ ᠡᠭᠦᠯᠳᠡᠷ ᠲᠦᠷᠦᠯ ᠢ ᠣᠷᠣᠭᠤᠯᠬᠤ ᠪᠠᠨ ᠴᠢᠩᠭᠠᠳᠬᠠᠬᠤ ᠪᠠ ᠬᠡᠷᠡᠭᠯᠡᠭᠡᠨ ᠤ ᠮᠡᠷᠭᠡᠵᠢᠯ ᠢ ᠲᠦᠭᠡᠮᠡᠯᠵᠢᠭᠦᠯᠬᠦ ᠶᠢ ᠴᠢᠩᠭᠠᠳᠬᠠᠵᠣ ᠲᠠᠷᠢᠵᠦ ᠲᠡᠵᠢᠭᠡᠬᠦ ᠪᠦᠲᠦᠴᠡ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠤ ᠬᠥᠭᠵᠢᠯᠲᠡ ᠶᠢᠨ ᠣᠯᠠᠨ ᠡᠰᠢᠵᠢᠯᠡᠯᠳᠡ᠂ ᠲᠣᠬᠢᠷᠠᠮᠵᠢᠲᠠᠢ ᠬᠡᠪᠴᠢᠶᠡᠨ ᠤ ᠡᠵᠡᠩᠨᠡᠯᠲᠡ ᠶᠢ ᠵᠢᠯᠣᠭᠤᠳᠤᠨ ᠮᠠᠯ ᠲᠠᠷᠢᠶᠠᠯᠠᠩ ᠤᠨ ᠠᠵᠤ ᠦᠢᠯᠡᠰ ᠪᠣᠯᠣᠨ ᠪᠤᠰᠤᠳ ᠠᠵᠤ ᠦᠢᠯᠡᠰ ᠤᠨ ᠬᠠᠷᠢᠯᠴᠠᠨ ᠠᠭᠤᠰᠤᠯᠴᠠᠨ ᠬᠦᠭᠵᠢᠬᠦ ᠶᠢ ᠬᠦᠴᠦᠯᠡᠨ ᠭᠦᠨᠵᠡᠭᠡᠶᠢᠷᠡᠭᠦᠯᠵᠦ ᠮᠠᠯᠴᠢᠨ ᠲᠠᠷᠢᠶᠠᠴᠢᠨ ᠤ ᠥᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ  ᠳᠤ ᠬᠥᠳᠡᠯᠭᠡᠭᠴᠢ ᠬᠦᠴᠦᠨ ᠨᠡᠮᠡᠷᠢᠯᠡᠵᠦ ᠠᠷᠭ᠎ᠠ ᠵᠠᠮ ᠢ ᠥᠷᠭᠡᠳᠭᠡᠨ᠎ᠡ᠃ ᠵᠢᠯ ᠤᠨ ᠳᠣᠳᠣᠷ᠎ᠠ 3 ᠲᠦᠮᠡᠨ ᠮᠦ ᠶᠢᠨ ᠣᠳᠣ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠢ 200 ᠮᠦ ᠬᠦᠭᠵᠢᠬᠦᠯᠵᠣ᠂ 5 ᠲᠦᠮᠡᠨ ᠮᠦ ᠶᠢᠨ ᠤᠰᠤ ᠠᠷᠪᠢᠯᠠᠬᠤ ᠣᠰᠣᠯᠠᠯᠲᠠ ᠶᠢ ᠪᠡᠶᠡᠯᠡᠭᠦᠯᠦᠨ᠎ᠡ︔ ᠪᠦᠬᠦ ᠤᠯᠤᠰ ᠤᠨ ᠣᠷᠭᠠᠨᠢᠭ ᠢᠳᠡᠭᠡᠨ ᠤ ᠳᠠᠭᠤᠷᠢᠶᠠᠯ ᠪᠠᠯᠭᠠᠰᠤᠨ ᠤ ᠡᠬᠦᠳᠣᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ ︽ᠦᠥᠰᠢᠨ ᠤ ᠭᠠᠷᠣᠯᠳᠠᠳᠣ︾ ᠪᠦᠳᠦᠬᠡᠭᠳᠠᠬᠦᠨ ᠢ ᠲᠦᠮᠡ ᠮᠢᠩᠭᠠᠨ ᠡᠷᠦᠭᠡ ᠳᠤ ᠡᠳ᠋ᠯᠡᠬᠦᠯᠥᠨ ᠬᠡᠷᠡᠭᠯᠡᠬᠦᠯᠥᠨ᠎ᠠ᠃ ᠭᠤᠷᠪᠠ ᠳᠤ ︽ᠪᠦᠬᠦ ᠣᠷᠣᠨ ᠪᠦᠰᠠ ᠶᠢᠨ ᠵᠢᠭᠤᠯᠴᠢᠯᠠᠯ︾ ᠤᠨ ᠬᠥᠭᠵᠢᠭᠦᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠣᠩᠭᠤᠨ ᠮᠠᠩᠬ᠎ᠠ ᠣᠯᠣᠰ ᠤᠨ ᠡᠯᠡᠰᠣ ᠮᠠᠩᠬᠠᠨ ᠤ ᠬᠦᠷᠢᠶᠠᠯᠠᠩ ᠵᠡᠷᠭᠡ ᠥᠪᠡᠷᠮᠢᠴᠡ ᠣᠨᠴᠠᠯᠢᠭᠳᠣ ᠪᠠᠶᠠᠴᠢᠯᠡᠨ ᠣᠶᠢᠯᠠᠭᠠᠬᠤ ᠲᠦᠷᠦᠯ ᠵᠦᠢᠯ ᠤᠨ ᠨᠡᠭᠡᠭᠡᠯᠲᠡ ᠶᠢ ᠰᠠᠶᠢᠳᠣᠷ ᠠᠳᠬᠤᠨ ᠲᠡᠮᠦᠷ ᠵᠠᠮ ᠤᠨ ᠲᠥᠪᠯᠡᠷᠡᠬᠦᠯᠬᠦ ᠳᠠᠷᠬᠠᠭᠠᠬᠤ ᠳᠡᠬᠡᠬᠡᠪᠣᠷᠢᠯᠡᠬᠦ ᠰᠢᠰᠲ᠋ᠧᠮ ᠢ 2 ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠳᠡᠰ ᠳᠠᠪᠰᠢᠯᠲᠠ ᠪᠠ ᠬᠡᠪᠴᠢᠶ᠎ᠡ ᠶᠢ ᠥᠷᠭᠡᠳᠬᠡᠨ ᠦᠷ᠎ᠡ ᠪᠦᠳᠣᠮᠵᠢ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠲᠦᠷᠪᠠ ᠳᠤ ᠬᠤᠲᠠ ᠪᠠᠯᠭᠠᠰᠤ ᠪᠣᠯᠣᠨ ᠬᠥᠳᠡᠭᠡ ᠳᠤᠰᠬᠤᠨ ᠤ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ ᠪᠠᠯᠭᠠᠰᠣᠨ ᠲᠣᠭᠤᠷᠢᠭ᠂ ᠵᠠᠮ ᠱᠤᠭᠤᠮ ᠳᠠᠭᠠᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠬᠦᠴᠦᠯᠡᠴᠡ ᠶᠢ ᠨᠡᠮᠡᠭᠳᠡᠭᠦᠯᠵᠦ ᠰᠠᠭᠤᠭᠠᠯᠢ ᠠᠷᠠᠳ ᠤᠨ ᠪᠤᠯᠪᠠᠰᠤᠨ ᠬᠡᠪ ᠪᠣᠯᠪᠠᠰᠣᠷᠠᠯ ᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠦᠨ ᠵᠡᠷᠬᠡ ᠳᠠᠰᠳᠣ ᠬᠤᠲᠠ ᠪᠠᠯᠭᠠᠰᠤ ᠪᠣᠯᠣᠨ ᠣᠷᠣᠰᠢᠨ ᠠᠮᠢᠳᠤᠷᠠᠬᠤ ᠳᠤ ᠳᠣᠬᠢᠷᠠᠮᠵᠢᠳᠠᠢ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠵᠢᠯ ᠤᠨ ᠳᠣᠳᠣᠷ᠎ᠠ ᠵᠢᠩ ᠵᠢᠣ ᠡᠮᠣᠨ᠎ᠠ ᠵᠠᠮ ᠤᠨ ᠣᠷᠳᠣᠳᠬᠠᠯ ᠱᠤᠭᠤᠮ ᠵᠡᠷᠬᠡ 5 ᠵᠣᠷᠪᠣᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ 10 ᠬᠠᠭᠤᠴᠢᠨ ᠳᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠨ᠎ᠡ᠃ ᠳᠠᠪᠤ ᠳᠤ ᠬᠥᠬᠡᠬᠤᠲᠠ ᠪᠤᠭᠤᠲᠤ ᠣᠷᠳᠣᠰ ᠤᠨ ᠬᠠᠮᠲᠤ ᠶᠢᠨ ᠬᠥᠭᠵᠢᠯᠲᠡ ᠶᠢᠨ ᠲᠤᠭᠤᠷᠢᠨ ᠳᠤ ᠲᠡᠭᠡᠳᠦ ᠵᠡᠷᠭᠡ ᠶᠢᠨ ᠵᠠᠰᠠᠮᠠᠯ ᠵᠠᠮ᠂ ᠲᠡᠮᠦᠷ ᠵᠠᠮ᠂ ᠴᠢᠮᠡᠭᠡ ᠬᠤᠯᠪᠤᠭ᠎ᠠ᠂ ᠤᠰᠤᠨ ᠠᠰᠢᠭᠯᠠᠯᠲᠠ᠂ ᠠᠮᠢ ᠠᠬᠤᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ ᠬᠥᠭᠵᠢᠯᠲᠡ ᠶᠢᠨ ᠠᠴᠢᠶᠠᠯᠠᠬᠤ ᠬᠦᠴᠦᠨ ᠢ ᠳᠠᠰᠣᠷᠠᠯᠳᠡ ᠦᠭᠡᠢ ᠪᠠᠲᠤᠵᠢᠭᠤᠯᠵᠣ᠂ ᠨᠤᠮᠢᠨ ᠲᠠᠩᠰᠤᠭ ᠭᠡᠷ ᠣᠷᠣᠨ  ᠢᠶᠠᠨ ᠪᠦᠲᠦᠭᠡᠨ ᠪᠠᠶᠢᠭᠤᠯᠵᠤ ᠬᠠᠮᠠᠭᠠᠯᠠᠭᠠᠳ ᠤᠯᠠᠮ ᠦᠵᠡᠰᠬᠦᠯᠡᠩ ᠰᠠᠶᠢᠬᠠᠨ ᠪᠣᠯᠭᠠᠨ᠎ᠠ᠃ ᠵᠢᠯ ᠤᠨ ᠲᠤᠳᠤᠷ᠎ᠠ 3 ᠵᠣᠷᠪᠣᠰ ᠳᠠᠰᠳᠣ ᠵᠠᠰᠠᠮᠠᠯ ᠵᠠᠮ ᠪᠠ ᠨᠡᠶᠢᠲᠡᠮ ᠬᠡᠷᠡᠭᠯᠡᠭᠡᠨ ᠤ ᠨᠢᠰᠬᠡᠯ ᠤᠨ ᠳᠠᠯᠠᠪᠣᠷ ᠢ ᠡᠬᠢᠯᠡᠬᠦᠯᠥᠨ ᠪᠦᠲᠦᠭᠡᠨ ᠪᠠᠶᠢᠭᠤᠯᠵᠤ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠲᠡᠮᠦᠷ ᠵᠠᠮ ᠤᠨ ᠵᠠᠮ ᠳᠡᠪᠢᠰᠬᠦ ᠠᠵᠢᠯ ᠢ ᠳᠠᠭᠤᠰᠬᠠᠨ ᠪᠤᠭᠤᠲᠤ ᠬᠦᠷᠬᠦ ᠴᠢᠭᠯᠡᠯ ᠤᠨ ᠠᠶᠠᠨᠴᠢᠳ ᠤᠨ ᠭᠠᠯ ᠲᠡᠷᠭᠡ ᠶᠢ ᠨᠡᠪᠲᠡᠷᠡᠭᠦᠯᠦᠨ᠎ᠡ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠡᠬᠢ ᠢᠷᠡᠯᠳᠠ ᠶᠢᠨ ᠣᠷᠣᠨ ᠤ ᠬᠤᠶᠠᠳᠤᠭᠠᠷ ᠬᠤᠭᠤᠴᠠᠭᠠᠨ ᠤ ᠵᠠᠰᠠᠯᠲᠠ ᠵᠡᠷᠭᠡ ᠭᠤᠣᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠦᠨ ᠬᠡᠷᠡᠭᠵᠢᠭᠦᠯᠵᠤ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢ 12 ᠲᠦᠮᠡᠨ ᠮᠦ ᠪᠡᠶᠡᠯᠡᠭᠦᠯᠦᠨ᠎ᠡ︔ ᠠᠭᠠᠷ ᠮᠠᠨᠳᠠᠯ᠂ ᠤᠰᠤ᠂ ᠬᠦᠷᠣᠰᠣ ᠰᠢᠷᠦᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠠᠳᠬᠤᠵᠤ ᠭᠠᠯᠠᠭᠤᠲᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ ᠤᠰᠤ ᠶᠢ ᠲᠠᠬᠢᠨ ᠬᠡᠷᠡᠭᠯᠡᠬᠦ ᠪᠠᠷᠢᠮᠵᠢᠶ᠎ᠠ ᠶᠢ ᠳᠡᠬᠡᠭᠰᠢᠯᠡᠬᠦᠯᠬᠦ ᠥᠭᠡᠷᠡᠴᠢᠯᠡᠯᠲᠡ ᠶᠢᠨ ᠲᠦᠷᠥᠯ ᠵᠣᠶᠢᠯ ᠢ ᠬᠡᠷᠡᠭᠵᠢᠭᠦᠯᠦᠨ ᠵᠥᠩ ᠲᠢᠶᠠᠨ ᠡᠾᠧ ᠴᠣᠸᠠᠩ ᠺᠣᠮᠫᠠᠨᠢ ᠶᠢᠨ ᠠᠭᠤᠷᠬᠠᠢ ᠶᠢᠨ ᠤᠰᠤ ᠶᠢ ᠬᠦᠨᠵᠡᠬᠡᠢ ᠰᠢᠢᠳᠪᠦᠷᠢᠯᠡᠬᠦ ᠦᠢᠯᠡᠳᠪᠦᠷᠢ ᠶᠢ ᠪᠦᠲᠦᠭᠡᠨ ᠪᠠᠶᠢᠭᠤᠯᠵᠤ ᠬᠡᠷᠡᠭᠯᠡᠯᠲᠡ ᠣᠷᠣᠭᠤᠯᠬᠤ ᠶᠢ ᠪᠠᠳᠣᠯᠠᠨ᠎ᠠ᠃ ᠵᠢᠷᠭᠤᠭ᠎ᠠ ᠳᠤ ᠰᠢᠨ᠎ᠡ ᠪᠠᠷ ᠨᠡᠮᠡᠭᠳᠡᠭᠰᠡᠨ ᠬᠡᠷᠡᠭᠯᠡᠵᠦ ᠪᠣᠯᠬᠤ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠬᠡᠷᠡᠭᠯᠡᠵᠣ ᠶᠠᠳᠠᠭᠤ ᠠᠴᠠ ᠠᠩᠭᠢᠵᠢᠷᠠᠭᠤᠯᠤᠨ ᠪᠣᠭᠤᠮᠳᠠ ᠰᠢᠪᠳᠣᠯᠬᠤ ᠠᠵᠢᠯ ᠤᠨ ᠪᠦᠲᠦᠮᠵᠢ ᠶᠢ ᠪᠠᠲᠤᠵᠢᠭᠤᠯᠦᠨ ᠳᠡᠭᠡᠭᠰᠢᠯᠡᠭᠦᠯᠵᠤ ᠤᠯᠠᠨ ᠲᠦᠮᠡᠨ ᠢᠶᠠᠷ ᠢᠶᠠᠨ ᠨᠡᠶᠢᠲᠡᠮ ᠬᠠᠯᠠᠮᠵᠢᠯᠠᠵᠤ ᠪᠠᠶᠢᠭ᠎ᠠ ᠰᠤᠷᠭᠠᠨ ᠬᠦᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠦᠢᠯᠡᠰ ᠪᠣᠰᠬᠠᠯᠲᠠ ᠠᠵᠢᠯ ᠣᠯᠭᠤᠯᠲᠠ᠂ ᠦᠨᠲᠦᠰᠦᠲᠡᠨ ᠤ ᠪᠦᠯᠬᠦᠮᠳᠡᠯ ᠳᠠᠪᠰᠢᠯᠲᠠ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠥᠪᠰᠢᠨ ᠵᠡᠷᠭᠡ ᠲᠠᠯ᠎ᠠ ᠳᠤ ᠨᠢᠭᠡ ᠪᠦᠯᠦᠭ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠣᠨ ᠬᠠᠨᠳᠤᠯᠭᠠᠲᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠠᠯ᠎ᠠ ᠶᠢᠨ ᠪᠤᠳᠠᠳᠤ ᠠᠵᠢᠯ ᠢ ᠦᠷᠭᠦᠯᠵᠢᠯᠡᠨ ᠬᠢᠵᠦ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ  ᠢ ᠤᠯᠠᠮ ᠳᠡᠭᠡᠭᠰᠢᠯᠡᠭᠦᠯᠦᠨ᠎ᠡ᠃ ᠵᠢᠯ ᠤᠨ ᠳᠤᠳᠤᠷ᠎ᠠ ᠰᠣᠷᠭᠠᠭᠤᠯᠢ ︵ᠬᠡᠦᠬᠡᠳ ᠤᠨ ᠴᠡᠴᠡᠷᠯᠢᠭ︶ ᠶᠢ 4 ᠰᠢᠨ᠎ᠡ ᠪᠠᠷ ᠡᠬᠢᠯᠡᠬᠦᠯᠥᠨ ᠪᠦᠲᠦᠭᠡᠨ ᠪᠠᠶᠢᠭᠤᠯᠵᠤ᠂ ᠡᠬᠦᠨ ᠳᠤ 2 ᠰᠤᠷᠭᠠᠭᠤᠯᠢ ᠶᠢ ᠪᠦᠲᠦᠭᠡᠨ ᠪᠠᠶᠢᠭᠤᠯᠵᠤ ᠳᠠᠭᠤᠰᠬᠠᠨ᠎ᠠ︔ ᠨᠡᠶᠢᠲᠡ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ 100 ᠭᠠᠷᠦᠢ ᠭᠠᠷᠭᠠᠵᠤ᠂ ᠮᠣᠩᠭᠤᠯ ᠬᠢᠲᠠᠳ ᠬᠡᠯᠡᠨ ᠤ ᠠᠵᠢᠯᠲᠠᠨ ᠢ 30 ᠨᠠᠷᠠᠰ ᠡᠯᠰᠡᠨ᠎ᠡ︔ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠣᠷᠣᠯᠭ᠎ᠠ ᠶᠢ ᠯᠠᠪᠳᠠᠭᠤᠨ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠤᠨ᠎ᠠ︔ ᠢᠲᠡᠭᠡᠨ ᠤᠮᠳᠠᠭᠠᠨ ᠤ ᠠᠮᠤᠷ ᠲᠦᠪᠰᠢᠨ ᠤ ᠪᠦᠬᠦ ᠶᠠᠪᠤᠴᠠ ᠶᠢ ᠮᠥᠷᠳᠡᠬᠦ ᠰᠢᠰᠲ᠋ᠧᠮ ᠤᠨ ᠪᠠᠶᠢᠭᠤᠯᠣᠯᠳᠠ ᠶᠢ ᠡᠬᠢᠯᠡᠬᠦᠯᠥᠨ᠎ᠠ︔ ᠪᠦᠬᠦ ᠬᠤᠰᠢᠭᠤ ᠪᠠᠷ ᠢᠶᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠨᠢᠭᠡᠳᠦᠯᠲᠡᠢ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠦᠮᠦᠷᠭᠡ ᠶᠢ ᠪᠦᠲᠦᠭᠡᠨ ᠪᠠᠶᠢᠭᠤᠯᠤᠨ᠎ᠠ᠃ ᠳᠣᠯᠤᠭ᠎ᠠ ᠳᠤ ︽ᠵᠠᠰᠠᠭ ᠢ ᠴᠣᠮᠬᠤᠳᠬᠠᠨ ᠡᠷᠬᠡ ᠶᠢ ᠳᠣᠷᠣᠭᠰᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠳᠠᠪᠴᠠᠩ ᠢ ᠪᠦᠬᠦ ᠲᠠᠯ᠎ᠠ ᠪᠠᠷ ᠠᠵᠢᠯᠯᠠᠭᠤᠯᠵᠣ ︽ᠨᠢᠭᠡ ᠬᠠᠳᠠᠪᠴᠢ ᠪᠠᠷ ᠠᠯᠬᠤᠪᠠᠯ ᠮᠢᠩᠭᠠᠨ ᠶᠠᠪᠤᠳᠠᠯ ᠰᠢᠢᠳᠪᠤᠷᠢᠯᠡᠬᠦ︾ ᠶᠢ ᠪᠡᠶᠡᠯᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠤᠯᠠᠮ ᠳᠦᠭᠦᠮ ᠲᠥᠳᠡ ᠪᠣᠯᠭᠠᠨ᠎ᠠ᠃      ᠲᠥᠯᠥᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠬᠠᠷᠠᠯᠳᠠ ᠪᠢᠳᠠᠨ ᠢ ᠵᠣᠷᠢᠭᠵᠢᠭᠤᠯᠣᠨ ᠳᠠᠮᠠᠴᠡᠬᠦᠯᠬᠦ ᠶᠣᠮ᠂ ᠬᠤᠰᠢᠭᠤ ᠪᠠᠷ ᠢᠶᠠᠨ ᠰᠢᠷᠭᠠᠭᠤ ᠠᠵᠢᠯᠯᠠᠨ ᠪᠣᠴᠠᠯᠳᠠ ᠦᠬᠡᠢ ᠣᠷᠣᠭᠰᠢᠯᠠᠳᠠᠭ ᠯᠡ ᠶᠣᠮ ᠪᠣᠯ ᠨᠣᠮᠢᠨ ᠳᠠᠩᠰᠤᠭ ᠦᠣᠰᠢᠨ ᠤ ᠬᠢᠯᠡᠯᠵᠡᠮ᠎ᠠ ᠬᠠᠭᠤᠳᠠᠰᠣ ᠶᠢ ᠪᠢᠴᠢᠭᠯᠡᠵᠣ ᠪᠦᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠢ ᠬᠦᠬᠡᠬᠡᠴᠡᠯᠳᠦᠬᠦ ᠠᠶᠠᠨ ᠳᠤ ᠢᠳᠡᠷᠡᠬᠦᠨ ᠠᠯᠬᠤᠭ᠎ᠠ ᠪᠠᠷ ᠪᠠᠳᠣᠳᠠᠢ ᠣᠷᠣᠭᠰᠢᠯᠡᠨ᠎ᠠ᠃      ᠭᠤᠷᠪᠠ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠰᠢᠨ᠎ᠡ ᠴᠠᠭ ᠦᠶ᠎ᠡ ᠠᠴᠠ ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠳᠤ ᠨᠡᠩ ᠦᠨᠳᠦᠷ ᠰᠢᠨ᠎ᠠ ᠱᠠᠭᠠᠷᠳᠠᠯᠭ᠎ᠠ ᠶᠢ ᠳᠤᠷᠠᠳᠪᠠ᠃ ᠪᠢᠳᠠ ︽ᠲᠦᠷᠪᠡᠨ ᠤᠬᠠᠮᠰᠠᠷ︾ ᠢ ᠪᠠᠲᠤ ᠪᠦᠷᠢᠯᠳᠦᠭᠦᠯᠵᠦ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠰᠣᠷᠲᠠᠯ ᠢ ᠦᠷᠭᠦᠯᠵᠢᠯᠡᠨ ᠬᠠᠯᠠᠨ ᠰᠠᠶᠢᠵᠢᠷᠠᠭᠤᠯᠵᠤ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃     ︵ᠨᠢᠭᠡ︶ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠤᠨ᠎ᠠ᠃ ᠬᠠᠣᠯᠢᠵᠢᠯ ᠵᠠᠰᠠᠭ ᠤᠨ ᠣᠷᠳᠣᠨ ᠤ ᠪᠠᠶᠢᠭᠤᠯᠣᠯᠳᠠ ᠶᠢᠨ ᠬᠡᠷᠡᠭᠵᠢᠭᠦᠯᠬᠦ ᠬᠦᠳᠥᠯᠪᠣᠷᠢ ᠶᠢ ᠭᠦᠨᠵᠡᠭᠡᠢ ᠲᠣᠣᠱᠯᠠᠭᠤᠯᠤᠨ ᠨᠠᠶᠢᠳᠠᠪᠣᠷᠢᠵᠢᠭᠤᠯᠵᠣ ︽ᠭᠤᠷᠪᠠᠨ ᠳᠠᠩᠰᠠ︾ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠣᠶᠣᠨᠴᠢᠯᠠᠭᠰᠠᠨ ᠵᠠᠰᠠᠭ ᠤᠨ ᠶᠠᠪᠤᠳᠠᠯ ᠤᠨ ᠳᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦᠯᠬᠦ ᠶᠠᠪᠤᠴᠠ ᠶᠢ ᠰᠢᠯᠢᠳᠡᠭᠵᠢᠭᠦᠯᠦᠨ ᠳᠠᠬᠢᠨ ᠪᠦᠲᠦᠭᠡᠬᠦ ᠶᠢ ᠦᠷᠨᠢᠬᠦᠯᠵᠦ ᠪᠠᠷᠢᠮᠵᠢᠶ᠎ᠠ ᠪᠣᠯᠣᠨ ᠳᠦᠷᠢᠮᠵᠢᠯ ᠢ ᠨᠢᠭᠡᠳᠬᠡᠨ ᠤᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠲᠠᠢ ᠬᠤᠯᠪᠣᠭᠳᠠᠭᠰᠠᠨ ᠡᠯ᠎ᠡ ᠲᠦᠷᠦᠯ ᠤᠨ ᠭᠡᠷᠡᠴᠢ ᠪᠢᠴᠢᠭ ᠢ ᠴᠡᠪᠡᠷᠯᠡᠨ ᠴᠡᠭᠴᠡᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠣᠮᠵᠢ ᠶᠢ ᠲᠡᠭᠦᠯᠳᠡᠷᠵᠢᠭᠦᠯᠵᠦ᠂ ᠰᠠᠯᠠᠭ᠎ᠠ ᠮᠦᠴᠢᠷ ᠪᠠ ᠬᠠᠮᠢᠶᠠᠷᠤᠯᠲᠠ ᠶᠢᠨ ᠬᠡᠪᠴᠢᠶ᠎ᠡ ᠠᠯᠤᠰᠯᠠᠭᠰᠠᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠦᠷᠨᠢᠬᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠰᠠᠯ ᠱᠠᠭᠠᠷᠳᠠᠯᠭ᠎ᠠ ᠶᠢ ᠬᠠᠤᠯᠢ ᠶᠤᠰᠤᠭᠠᠷ ᠲᠦᠷᠦᠯ ᠢᠯᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠳᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠥᠪᠡᠷ ᠤᠨ ᠤᠬᠠᠮᠰᠠᠷ ᠠᠴᠠ ᠪᠠᠨ ᠬᠦᠯᠢᠶᠡᠨ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠭᠦᠢᠴᠡᠳᠭᠡᠬᠦ ᠠᠵᠢᠯ ᠢ ᠦᠨᠡᠨᠬᠦ ᠰᠠᠶᠢᠳᠤᠷ ᠬᠢᠵᠦ ᠤᠯᠠᠨ ᠲᠦᠮᠡᠨ ᠤ ᠬᠢᠨᠠᠯᠲᠠ ᠪᠣᠯᠣᠨ ᠵᠠᠭᠤᠴᠢᠯᠠᠭᠤᠷ ᠶᠢᠨ ᠬᠢᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃     ︵ᠬᠤᠶᠠᠷ︶ ᠵᠠᠰᠠᠭ ᠢ ᠦᠨᠳᠦᠷ ᠪᠦᠲᠦᠮᠵᠢ ᠦᠨᠡᠨ ᠪᠤᠳᠠᠳᠠᠢ ᠪᠠᠷ ᠡᠷᠬᠢᠯᠡᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠲᠤᠭᠤᠷᠢᠨ ᠳᠤ ᠠᠵᠢᠯ ᠪᠠ ᠢᠨᠵᠧᠨᠧᠷᠢᠩ ᠨᠢᠭᠡᠪᠦᠷᠢ ᠳᠤ ᠳᠠᠩᠰᠠ ᠡᠪᠬᠡᠮᠡᠯ ᠪᠠᠶᠢᠭᠤᠯᠵᠤ ᠬᠠᠷᠠᠯᠲᠠ᠂ ᠬᠠᠷᠢᠭᠤᠴᠠᠯᠭ᠎ᠠ᠂ ᠴᠠᠭ ᠬᠤᠭᠤᠴᠠᠭ᠎ᠠ ᠲᠤᠭᠲᠠᠭᠠᠨ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠲᠦᠷᠦᠯ ᠤᠨ ᠠᠵᠢᠯ ᠢ ᠲᠦᠯᠬᠢᠨ ᠨᠠᠶᠢᠳᠠᠪᠣᠷᠢᠵᠢᠭᠤᠯᠣᠨ᠎ᠠ᠃ ᠠᠰᠠᠭᠤᠳᠠᠯ ᠤᠨ ᠵᠢᠯᠣᠭᠤᠳᠤᠮᠵᠢ ᠶᠢ ᠪᠠᠷᠢᠮᠲᠠᠯᠠᠨ ᠲᠤᠭᠤᠷᠢᠨ ᠪᠠᠶᠢᠴᠠᠭᠠᠯᠳᠠ ᠪᠠ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠬᠡᠪᠰᠢᠵᠢᠬᠦᠯᠥᠭᠰᠡᠨ ᠴᠢᠨᠡᠷᠳᠡᠢ ᠱᠠᠭᠠᠷᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠪᠠᠶᠢᠳᠠᠯ ᠤᠨ ᠮᠡᠳᠡᠬᠡᠯᠡᠯ᠂ ᠲᠤᠰᠬᠠᠢ ᠲᠦᠷᠦᠯ ᠤᠨ ᠱᠠᠭᠠᠷᠳᠠᠨ ᠪᠠᠶᠢᠴᠠᠭᠠᠯᠳᠠ ᠵᠡᠷᠭᠡ ᠲᠥᠷᠢᠮ ᠢ ᠪᠦᠷᠢᠡᠰᠢᠬᠦᠯᠵᠣ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ ᠴᠢᠩᠭᠠᠳᠬᠠᠵᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠯᠠᠭᠤᠯᠣᠯᠳᠠ ᠢ ᠭᠦᠢᠴᠡᠳ ᠨᠠᠶᠢᠳᠠᠪᠣᠷᠢᠵᠢᠭᠤᠯᠬᠤ ᠶᠢ ᠪᠠᠲᠤᠯᠠᠨ᠎ᠠ᠃ ᠰᠢᠯᠢᠳᠡᠭ ᠰᠠᠶᠢᠨ ᠢ ᠨᠢ ᠣᠷᠮᠠᠰᠢᠭᠤᠯᠣᠨ ᠵᠣᠷᠢᠭᠵᠢᠭᠤᠯᠵᠣ᠂ ᠰᠢᠭᠰᠢᠭᠳᠡᠭᠰᠡᠳ ᠢ ᠨᠢ ᠳᠠᠬᠢᠨ ᠬᠦᠮᠦᠵᠢᠬᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠯᠪᠠᠨ ᠠᠵᠢᠯᠲᠠᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠬᠥᠭᠵᠢᠭᠡᠨ ᠣᠷᠣᠯᠳᠣᠯᠭ᠎ᠠ ᠲᠠᠢ ᠰᠠᠶᠢᠨ ᠵᠣᠷᠢᠭ ᠰᠠᠨᠠᠭᠠᠨ ᠤ ᠪᠠᠶᠢᠲᠠᠯ ᠢ ᠪᠠᠷᠢᠮᠲᠠᠯᠠᠨ ᠠᠵᠢᠯ ᠤᠨ ᠰᠢᠯᠢᠳᠡᠭ ᠪᠦᠲᠦᠮᠵᠢ ᠶᠢ ᠡᠬᠦᠳᠬᠦ ᠪᠠᠷ ᠴᠢᠷᠮᠠᠶᠢᠨ᠎ᠠ᠃     ︵ᠭᠤᠷᠪᠠ︶ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠣᠨ ᠨᠠᠶᠢᠳᠠᠪᠣᠷᠢᠵᠢᠭᠤᠯᠵᠣ᠂ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠦᠷᠨᠢᠬᠦᠯᠵᠣ᠂ ᠠᠯᠪᠠᠨ ᠠᠵᠢᠯᠲᠠᠳ ᠤᠨ ᠬᠦᠰᠡᠯ ᠢᠲᠡᠭᠡᠯ ᠤᠨ ᠬᠦᠮᠦᠵᠢᠯ ᠢ ᠴᠢᠩᠭᠠᠳᠬᠠᠨ ᠬᠥᠭᠵᠢᠯᠲᠡ ᠶᠢᠨ ᠡᠷᠴᠢ ᠬᠦᠴᠦ ᠶᠢ ᠬᠤᠷᠠᠮᠳᠤᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ᠂ ᠢᠨᠵᠧᠨᠧᠷᠢᠩ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠭᠤᠣᠯᠳᠠᠯᠭᠠᠲᠤ ᠬᠦᠷᠢᠶᠠᠨ ᠳᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠪᠡ ᠳᠠᠭᠠᠭᠠᠴᠢᠯᠠᠯᠲᠠ ᠳᠤ ᠣᠷᠣᠯᠴᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠣᠯᠣᠨ ᠣᠳᠣᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠭᠡ ᠲᠥᠷᠢᠮ ᠢ ᠪᠦᠷᠢᠨᠰᠢᠬᠦᠯᠵᠣ ᠳᠥᠷᠢᠮ ᠲᠤᠭᠲᠠᠭᠠᠯ ᠢᠶᠠᠷ ᠡᠷᠬᠡ᠂ ᠬᠡᠷᠡᠭ ᠣᠴᠢᠷ᠂ ᠬᠦᠮᠦᠨ ᠢ ᠬᠠᠮᠢᠶᠠᠷᠴᠤ ᠢᠯᠵᠠᠷᠠᠮᠠᠯ ᠢ ᠦᠨᠳᠦᠰᠦᠨ ᠠᠴᠠ ᠨᠢ ᠰᠡᠷᠭᠡᠶᠢᠯᠡᠬᠦ ᠪᠠ ᠵᠠᠰᠠᠨ᠎ᠠ᠃ ᠰᠠᠬᠢᠯᠭ᠎ᠠ ᠪᠠᠲᠤ ᠪᠠ ᠶᠤᠰᠤ ᠳᠦᠷᠢᠮ ᠢ ᠢᠮᠠᠭᠳᠠ ᠳᠠᠷᠢᠬᠦᠨ ᠳᠤ ᠲᠠᠯᠪᠢᠵᠦ ︽ᠨᠢᠭᠡ ᠣᠳᠣᠷᠢᠳᠣᠯᠭ᠎ᠠ ᠬᠤᠣᠰ ᠬᠠᠷᠢᠭᠤᠴᠠᠯᠭ᠎ᠠ︾ ᠶᠢ ᠬᠢᠨᠠᠮᠠᠭᠠᠢ ᠲᠣᠣᠱᠯᠠᠭᠤᠯᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠥᠪ ᠤᠨ ᠨᠠᠢᠮᠠᠨ ᠵᠦᠢᠯ ᠤᠨ ᠲᠤᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠰᠠᠬᠢᠵᠣ ︽ᠳᠥᠷᠪᠡᠨ ᠰᠣᠷᠲᠠᠯ︾ ᠢ ᠡᠷᠡᠰ ᠡᠰᠡᠷᠭᠦᠴᠡᠨ᠎ᠡ᠃ ᠬᠢᠨᠠᠨ ᠪᠠᠶᠢᠴᠠᠭᠠᠬᠤ ᠰᠢᠰᠲ᠋ᠧᠮ ᠤᠨ ᠥᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠵᠦ ᠡᠯ᠎ᠡ ᠲᠦᠷᠦᠯ ᠤᠨ ᠢᠯᠵᠠᠷᠠᠨ ᠳᠣᠷᠣᠶᠢᠲᠠᠭᠰᠠᠨ ᠠᠰᠠᠭᠤᠳᠠᠯ ᠢ ᠡᠷᠡᠰ ᠵᠠᠯᠬᠠᠭᠠᠨ ᠵᠠᠰᠠᠭ ᠤᠨ ᠣᠷᠳᠣᠨ ᠤ ᠠᠷᠢᠭᠤᠨ ᠴᠢᠭᠡᠴᠢ ᠳᠦᠷᠢ ᠲᠥᠷᠬᠦ ᠶᠢ ᠴᠣᠭᠴᠠᠯᠠᠨ᠎ᠠ᠃      ᠲᠥᠯᠥᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠠᠶᠠᠯᠠᠯ ᠨᠢᠭᠡᠨᠲᠡ ᠡᠬᠢᠯᠡᠯ᠎ᠡ᠂ ᠪᠢᠳᠠ ᠰᠢ ᠶᠢᠨ ᠫᠢᠩ ᠶᠡᠷᠦᠩᠬᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠡᠷᠡᠰ ᠣᠳᠣᠷᠢᠳᠤᠯᠭ᠎ᠠ ᠳᠤᠤᠷ᠎ᠠ ᠤᠭ ᠰᠠᠨᠠᠭ᠎ᠠ ᠪᠠᠨ ᠥᠯᠣ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠲᠠᠭᠤ ᠵᠣᠷᠢᠭ ᠢ ᠪᠠᠷᠢᠵᠦ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠣᠷᠣᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠰᠢᠢᠳᠪᠣᠷᠢᠳᠣ ᠢᠯᠡᠯᠳᠡ ᠶᠢ ᠣᠯᠵᠣ᠂ ᠣᠳᠣᠬᠢᠴᠢᠯᠠᠭᠰᠠᠨ ᠦᠥᠰᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠶᠠᠯᠠᠯ ᠢ ᠡᠬᠢᠯᠡᠭᠦᠯᠬᠦ ᠶᠢᠨ ᠲᠦᠯᠦᠭᠡ ᠴᠦᠬᠦᠷᠡᠰᠢ ᠦᠭᠡᠢ ᠳᠡᠮᠡᠴᠡᠵᠡᠬᠡᠶ᠎ᠠ︕    
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号