ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2018-04-20
【2018.3.22 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ           ᠵᠠᠰᠠᠭ  ᠤᠨ  ᠤᠷᠳᠤᠨ  ᠤ  ᠠᠵᠢᠯ  ᠤᠨ  ᠢᠯᠡᠳᠬᠡᠯ                                          —— 2018 ᠣᠨ ᠤ 3 ᠰᠠᠷ᠎ᠠ ᠶᠢᠨ 22 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ   ᠤᠨ  ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ                                                                                      ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ                                ᠴᠢᠶᠤᠤ ᠶᠦᠨ ᠯᠢ ᠲᠦᠯᠦᠭᠡᠯᠡᠭᠴᠢᠳ ᠡ᠄      ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠶᠢᠨ ᠲᠠᠭᠠᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃      ᠨᠢᠬᠡ᠂ 2017 ᠣᠨ ᠤ ᠠᠵᠢᠯ ᠤᠨ ᠡᠷᠬᠢᠴᠡᠬᠦᠯᠥᠯ      ᠦᠩᠬᠡᠷᠡᠭᠰᠡᠨ ᠨᠢᠬᠡ ᠵᠢᠯ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ  ᠬᠢᠨ ᠤ ᠬᠢᠨᠠᠯᠲᠠ ᠳᠡᠮᠵᠢᠯᠭᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠦᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠣ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠦᠭᠡᠷᠡᠴᠢᠯᠡᠯᠲᠡ ᠬᠦᠭᠵᠢᠯᠲᠡ ᠲᠣᠭᠲᠠᠭᠤᠨ ᠤ ᠬᠦᠴᠢᠷ ᠪᠡᠷᠬᠡᠲᠠᠢ ᠡᠭᠦᠷᠭᠡ ᠶᠢ ᠡᠭᠦᠷᠭᠡᠯᠡᠨ ᠨᠢᠭᠡᠳᠦᠯᠲᠠᠢ ᠳᠥᠯᠤᠪᠵᠢᠭᠦᠯᠵᠤ ᠭᠤᠣᠯᠳᠠᠯᠭ᠎ᠠ ᠶᠢ ᠳᠣᠪᠣᠶᠢᠯᠭᠠᠨ᠂ ᠵᠠᠩᠭᠢᠯᠠᠭ᠎ᠠ ᠶᠢ ᠠᠳᠬᠤᠬᠤ ᠶᠢ ᠪᠠᠷᠢᠮᠳᠠᠯᠠᠵᠤ ᠬᠤᠰᠢᠭᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠤᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠣ᠂ ᠠᠵᠣ ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠥᠷᠢᠲᠤ ᠢᠯᠠᠯᠲᠠ ᠶᠢ ᠣᠯᠬᠤ᠂ ᠣᠳᠣᠬᠢᠴᠢᠯᠠᠭᠰᠠᠨ ᠦᠦᠰᠢᠨ ᠤ ᠪᠠᠶᠢᠭᠤᠯᠣᠯᠲᠠ ᠶᠢᠨ ᠰᠢᠨ᠎ᠡ ᠠᠶᠠᠯᠠᠯ ᠳᠤ ᠪᠠᠲᠦ ᠪᠠᠬᠢ ᠰᠠᠭᠤᠷᠢ ᠲᠠᠯᠪᠢᠭᠰᠠᠨ ᠪᠠᠶᠢᠨ᠎ᠠ᠃      ︵ᠨᠢᠬᠡ︶ ᠠᠵᠣ ᠠᠬᠤᠢ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ ᠢ ᠲᠦᠰᠦᠭᠡᠯᠡᠪᠡᠯ 360 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠤ ᠠᠳᠠᠯᠢ ᠬᠤᠭᠤᠴᠠᠭᠠᠨ ᠤ ᠬᠢ ᠠᠴᠠ ᠪᠠᠨ 9% ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠣᠯᠭ᠎ᠠ ᠶᠢ 16.3 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠪᠦᠷᠢᠳᠬᠡᠯᠲᠡ ᠶᠢᠨ ᠬᠢ ᠠᠴᠠ 24.4% ᠨᠡᠮᠡᠭᠳᠡᠪᠡ︔ ᠪᠦᠬᠦ ᠨᠡᠶᠢᠬᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢ 482 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ ᠪᠠᠨ 12.1% ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠡᠠ ᠶᠡᠷᠥᠩᠬᠡᠢ ᠲᠤᠭ᠎ᠠ ᠢ ᠳᠥᠰᠥᠭᠡᠯᠡᠪᠡᠯ 51.5 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ ᠪᠠᠨ 7.2% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠲᠣᠰᠪᠣᠷᠢ 41582 ᠲᠥᠭᠦᠷᠢᠭ ᠪᠠ 16709 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ ᠪᠠᠨ 8.2% ᠪᠠ 8% ᠨᠡᠮᠡᠭᠳᠡᠪᠡ᠃ ᠬᠤᠲᠠ ᠪᠠᠯᠭᠠᠰᠤᠨ ᠤ ᠳᠠᠩᠰᠡᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠪᠠ᠃ ᠠᠮᠦ ᠪᠣᠳᠠᠭᠠᠨ ᠤ ᠭᠠᠷᠦᠯᠲᠠ ᠨᠢ ᠳᠥᠰᠥᠭᠡᠯᠡᠪᠡᠯ 4.5 ᠳ᠋ᠦᠩᠰᠢᠭᠤᠷ ᠵᠢᠩ ᠢ ᠳᠠᠪᠠᠵᠣ᠂ ᠮᠠᠯᠵᠢᠯ ᠤᠨ ᠣᠨ ᠤ ᠳᠡᠵᠢᠭᠡᠨ ᠮᠠᠯᠵᠢᠭᠰᠠᠨ ᠮᠠᠯ ᠤᠨ ᠲᠤᠭ᠎ᠠ ᠲᠣᠯᠣᠭᠠᠢ 214 ᠲᠥᠮᠨ ᠬᠦᠷᠪᠡ᠃ ᠪᠥᠬᠦ ᠬᠤᠰᠢᠭᠤᠨ ᠤ ᠠᠵᠣ ᠠᠬᠤᠢ ᠨᠢ ᠪᠥᠳᠥᠴᠡ ᠶᠢᠨ ᠳᠣᠬᠢᠷᠠᠭᠤᠯᠦᠯᠲᠠ ᠳᠣᠮᠳᠠ ᠬᠥᠳᠡᠯᠭᠡᠭᠴᠢ ᠬᠦᠴᠦᠨ ᠳᠠᠰᠣᠷᠠᠯᠲᠠ ᠦᠭᠡᠢ ᠰᠢᠯᠢᠳᠡᠭᠵᠢᠵᠦ ᠶᠠᠰᠤ ᠴᠢᠨᠠᠷ ᠥᠷ᠎ᠡ ᠪᠥᠲᠥᠮᠵᠢ ᠦᠷᠭᠦᠯᠵᠢᠯᠡᠨ ᠳᠡᠭᠡᠭᠰᠢᠯᠡᠵᠦ ᠣᠷᠣᠨ ᠨᠣᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠴᠢᠩᠭᠠᠷᠠᠵᠤ᠂ 2017 ᠣᠨ ᠤ ᠪᠥᠬᠦ ᠤᠯᠤᠰ ᠤᠨ ᠬᠤᠰᠢᠭᠤ ᠰᠢᠶᠡᠨ ᠤ ᠠᠵᠣ ᠠᠬᠤᠢ ᠶᠢᠨ ᠵᠠᠭᠤᠨ ᠬᠦᠴᠦᠷᠬᠡᠭ ᠤᠨ 75 ᠳ᠋ᠤᠭᠠᠷ ᠲᠤ ᠪᠠᠶᠢᠷᠢᠯᠠᠵᠤ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 7 ᠳ᠋ᠤᠭᠠᠷ ᠲᠤ ᠪᠠᠶᠢᠷᠢᠯᠠᠪᠠ᠃      ︵ᠬᠤᠶᠡᠷ︶ ᠪᠥᠳᠥᠴᠡ ᠶᠢᠨ ᠳᠣᠬᠢᠷᠠᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠪᠠ᠃ ᠠᠵᠣ ᠦᠢᠯᠡᠳᠪᠥᠷᠢ ᠶᠢᠨ ᠠᠵᠣ ᠠᠬᠤᠢ ᠶᠢᠨ ᠬᠦᠭᠵᠢᠯᠲᠠ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦ ᠠᠯᠬᠤᠴᠠ ᠶᠢ ᠲᠥᠷᠭᠡᠳᠭᠡᠪᠡ᠃ ᠨᠠᠷᠢᠨᠭᠤᠣᠯ ᠤᠨ ᠠᠭᠤᠷᠬᠠᠢ ᠶᠢᠨ ᠣᠷᠣᠨ ᠤ ᠶᠡᠷᠦᠩᠬᠡᠢ ᠲᠥᠯᠤᠪᠵᠢᠭᠦᠯᠭᠡ ᠵᠢᠴᠢ ᠲᠥᠯᠤᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠵᠥᠪᠰᠢᠶᠡᠷᠡᠭᠳᠡᠵᠦ ᠮᠣᠳᠣᠨᠴᠠᠶᠢᠳᠠᠮ ᠵᠡᠷᠭᠡ 3 ᠨᠡᠭᠦᠷᠡᠰᠤᠨ ᠠᠭᠤᠷᠬᠠᠢ ᠶᠢᠨ ᠭᠠᠷ ᠭᠦᠢᠴᠡᠳᠬᠡᠯ ᠤᠨ ᠭᠦᠢᠴᠡᠳᠬᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ  ᠨᠢ ᠪᠥᠬᠦ ᠲᠠᠯ᠎ᠠ ᠪᠠᠷ ᠬᠤᠳᠠᠯᠳᠤᠭᠠᠴᠢᠯᠠᠭᠰᠠᠨ ᠡᠵᠡᠩᠨᠡᠯᠲᠡ ᠳᠤ ᠣᠷᠣᠵᠣ ᠨᠡᠭᠦᠷᠡᠰᠦ᠂ ᠠᠯᠺᠧᠨ ᠨᠡᠭᠦᠷᠦᠭᠴᠢ ᠶᠢᠨ ᠭᠠᠷᠣᠯᠲᠠ ᠲᠣᠰᠪᠣᠷᠢ 3500 ᠲᠥᠮᠡᠨ ᠲᠣᠨᠠᠨ ᠪᠠ 142 ᠲᠥᠮᠡᠨ ᠲᠣᠨᠠᠨ ᠬᠦᠷᠴᠦ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠥᠷᠢ ᠶᠢᠨ ᠠᠵᠣ ᠠᠬᠤᠶᠢᠯᠠᠯ ᠤᠨ ᠠᠰᠢᠭ ᠬᠤᠨᠵᠢᠪᠤᠷᠢ ᠶᠢᠨ ᠨᠣᠷᠮ᠎ᠠ ᠢᠯᠡᠳᠲᠡ ᠳᠡᠭᠡᠭᠰᠢᠯᠡᠪᠡ᠃ ᠲᠠᠷᠢᠶᠠᠯᠠᠩ ᠮᠠᠯ ᠠᠵᠣ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠥᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠠᠵᠣ ᠠᠬᠤᠢ ᠶᠢᠨ ᠭᠤᠷᠪᠠᠳᠤᠭᠠᠷ ᠤᠳᠠᠭᠠᠨ ᠤ ᠨᠡᠶᠢᠲᠡᠮ ᠪᠠᠶᠢᠴᠠᠭᠠᠯᠲᠠ ᠶᠢ ᠲᠡᠭᠦᠰ ᠠᠮᠵᠢᠯᠲᠠᠲᠠᠢ ᠪᠡᠶᠡᠯᠡᠭᠦᠯᠪᠡ᠃ ᠠᠮᠦ ᠪᠣᠳᠠᠭ᠎ᠠ᠂ ᠠᠵᠣ ᠠᠬᠤᠢ ᠶᠢᠨ ᠲᠠᠷᠢᠮᠠᠯ᠂ ᠡᠪᠡᠰᠤ ᠪᠣᠷᠳᠣᠭᠠᠨ ᠬᠠᠷᠢᠴᠠᠯ ᠰᠢᠯᠢᠳᠡᠭᠵᠢᠭᠡᠳ 6:1:3 ᠪᠤᠯᠵᠣ᠂ ᠰᠢᠷᠬᠤᠰᠤᠨ ᠭᠤᠣᠯ ᠤᠨ ᠤᠷᠭᠠᠨᠢᠭ ᠳᠣᠲᠣᠷᠭ᠎ᠠ ᠶᠢᠨ ᠲᠠᠷᠢᠮᠠᠯ ᠨᠢ ᠶᠢᠰᠤᠳᠦᠭᠡᠷ ᠪᠥᠯᠦᠭ ᠤᠯᠤᠰ ᠤᠨ ᠲᠠᠷᠢᠶᠠᠯᠠᠩ ᠠᠵᠤ ᠠᠬᠤᠢ ᠶᠢᠨ ᠪᠠᠷᠢᠮᠵᠢᠶᠠᠲᠤ ᠳᠠᠭᠤᠷᠢᠶᠠᠯ ᠣᠷᠣᠨ ᠤ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠵᠢᠭᠰᠠᠭᠠᠭᠳᠠᠵᠤ᠂ ᠣᠷᠳᠣᠰ ᠤᠨ ᠨᠠᠷᠢᠨ ᠨᠣᠣᠰᠣᠲᠤ ᠬᠤᠨᠢᠨ ᠮᠢᠬ᠎ᠠ ᠵᠡᠷᠭᠡ 3 ᠪᠥᠲᠥᠭᠡᠭᠳᠡᠭᠦᠨ ᠨᠢ 18 ᠳ᠋ᠤᠭᠠᠷ ᠬᠤᠭᠤᠴᠠᠭᠠᠨ ᠤ ᠳᠣᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ  ᠤ ᠦᠵᠡᠰᠭᠦᠯᠡᠩ ᠤᠨ ᠴᠤᠭᠯᠠᠭᠠᠨ ᠳᠤ ᠠᠯᠲᠠᠨ ᠮᠧᠳᠠᠯ ᠬᠦᠷᠲᠡᠵᠤ᠂ ᠦᠤᠰᠢᠨ ᠲᠠᠯ᠎ᠠ ᠨᠤᠲᠤᠭ ᠤᠨ ᠤᠯᠠᠭᠠᠨ ᠦᠬᠡᠷ  ᠨᠢ ᠭᠠᠵᠠᠷ ᠵᠦᠢ ᠶᠢᠨ ᠪᠡᠯᠬᠡ ᠳᠡᠮᠳᠡᠭᠳᠣ ᠪᠥᠲᠥᠭᠡᠭᠳᠡᠭᠦᠨ ᠢᠶᠠᠷ ᠲᠣᠭᠲᠠᠭᠠᠭᠳᠠᠵᠤ 6 ᠲᠥᠷᠤᠯ ᠤᠨ ᠪᠣᠬᠢᠷᠳᠤᠯ ᠦᠭᠡᠢ ᠢᠳᠡᠭᠡᠨ ᠢ ᠰᠢᠨ᠎ᠡ ᠪᠠᠷ ᠭᠡᠷᠡᠴᠢᠯᠡᠭᠦᠯᠵᠤ᠂ ᠡᠤ ᠶᠤᠸᠠᠨ ᠤᠯᠠᠭᠠᠨ ᠢᠳᠡᠭᠡᠨ ᠵᠡᠷᠭᠡ ᠨᠠᠷᠢᠯᠢᠭ ᠪᠣᠯᠪᠠᠰᠤᠷᠠᠭᠤᠯᠬᠤ ᠲᠥᠷᠤᠯ ᠵᠦᠢᠯ ᠠᠰᠢᠭᠯᠠᠯᠲᠠ ᠳᠤ ᠣᠷᠣᠵᠤ᠂ ᠬᠥᠷᠦᠭᠡᠵᠤ ᠬᠦᠯᠳᠡᠭᠡᠬᠦ ᠬᠡᠯᠬᠢᠶᠡᠵᠢᠯ ᠤᠨ ᠪᠠᠷᠠᠭᠠᠨ ᠭᠦᠢᠯᠭᠡᠭᠡ ᠶᠢᠨ ᠬᠥᠮᠦᠷᠭᠡ ᠶᠢᠨ ᠪᠠᠭᠲᠠᠭᠠᠮᠵᠢ ᠶᠢ 350 ᠲᠤᠨᠠᠨ ᠰᠢᠨ᠎ᠡ ᠪᠠᠷ ᠨᠡᠮᠡᠭᠳᠡᠭᠦᠯᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ ᠰᠢᠷᠬᠤᠰᠤ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠥᠽᠸᠢ ᠶᠢ ᠡᠬᠢᠯᠡᠭᠦᠯᠤᠨ ᠪᠥᠲᠦᠭᠡᠨ ᠪᠠᠶᠢᠭᠤᠯᠵᠤ᠂ ᠰᠤᠶᠤᠯ ᠤᠷᠠᠨ ᠰᠡᠳᠬᠢᠮᠵᠢ ᠶᠢᠨ ᠦᠢᠯᠡᠰᠵᠢᠭᠦᠯᠤᠯᠲᠡ ᠶᠢᠨ ᠬᠦᠷᠢᠶᠡᠯᠡᠩ ᠢ ᠪᠥᠲᠦᠭᠡᠨ ᠪᠠᠶᠢᠭᠤᠯᠵᠤ ᠪᠥᠸᠧ ᠶᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠨᠢ ᠤᠯᠤᠰ ᠤᠨ AAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠩᠨᠡᠭᠡᠨ ᠳᠤ ᠳᠠᠪᠰᠢᠨ ᠣᠷᠣᠵᠤ ᠭᠠᠯᠠᠭᠤᠲᠤ ᠪᠠᠯᠭᠠᠰᠤᠨ ᠤ ᠷᠠᠰᠢᠶᠠᠨ ᠳᠣᠬᠤᠢ ᠳᠣᠰᠬᠤᠨ ᠨᠢ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠬᠥᠳᠡᠭᠡ ᠳᠤᠰᠬᠤᠨ ᠤ ᠴᠣᠯᠠ ᠬᠥᠷᠲᠡᠵᠤ᠂ ᠬᠤᠶᠠᠳᠤᠭᠠᠷ ᠬᠤᠭᠤᠴᠠᠭᠠᠨ ᠤ ᠣᠷᠳᠣᠰ ᠤᠨ ᠦᠵᠡᠰᠭᠦᠯᠡᠩᠲᠤ ᠰᠠᠶᠢᠬᠠᠨ ᠬᠥᠳᠡᠭᠡ ᠳᠤᠰᠬᠤᠨ ᠤ ᠵᠢᠭᠤᠯᠴᠢᠯᠠᠯ ᠤᠨ ᠨᠠᠶᠢᠷ ᠵᠡᠷᠭᠡ ᠲᠣᠮᠦ ᠬᠡᠯᠪᠡᠷᠢ ᠶᠢᠨ ᠰᠤᠶᠤᠯ ᠲᠠᠮᠢᠷ ᠤᠨ ᠠᠵᠢᠯᠯᠠᠭᠠᠨ ᠢ ᠠᠮᠵᠢᠯᠲᠠᠲᠠᠢ ᠡᠷᠬᠢᠯᠡᠵᠤ ᠪᠦᠬᠦ ᠵᠢᠯ ᠳᠤ 92.9 ᠲᠦᠮᠡᠨ ᠬᠦᠮᠤᠨ ᠤᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠣᠴᠢᠯᠠᠵᠤ᠂ ᠵᠢᠭᠤᠯᠴᠢᠯᠠᠯ ᠤᠨ ᠶᠡᠷᠤᠩᠬᠡᠢ ᠣᠷᠣᠯᠭ᠎ᠠ ᠶᠢ 30 ᠳ᠋ᠦᠩᠰᠢᠭᠤᠷ ᠲᠦᠬᠦᠷᠢᠭ ᠪᠡᠶᠡᠯᠡᠭᠦᠯᠪᠡ᠃ ᠤᠯᠠᠭᠠᠨᠮᠥ᠋ᠴᠢᠷ ᠨᠢ ᠪᠥᠬᠦ ᠣᠷᠣᠨ ᠤ ︽ᠠᠷᠪᠠᠨ ᠰᠢᠯᠢᠳᠡᠭ ᠤᠯᠠᠭᠠᠨᠮᠥ᠋ᠴᠢᠷ︾ ᠤᠨ ᠴᠣᠯᠠ ᠬᠦᠷᠲᠡᠵᠦ᠂ ᠦᠤᠰᠢᠨ ᠮᠣᠷᠢᠨ ᠬᠤᠭᠤᠷ ᠤᠨ ᠨᠠᠶᠢᠷᠠᠯ ᠬᠥᠭᠵᠢᠮ ᠤᠨ ᠪᠥᠯᠬᠦᠮ ᠨᠢ ᠥᠪᠡᠷᠳᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠵᠢᠯᠯᠠᠭᠠᠨ ᠤ ᠳᠣᠮᠳᠠ ᠴᠤᠭ ᠵᠢᠪᠬᠤᠭ᠎ᠠ ᠪᠠᠨ ᠪᠠᠳᠠᠷᠠᠭᠤᠯᠪᠠ᠃ ᠰᠢᠨ ᠺᠠᠩ ᠡᠮᠴᠢᠯᠡᠭᠡ ᠰᠤᠪᠢᠯᠠᠯᠲᠠ ᠶᠢᠨ ᠬᠤᠷᠢᠶ᠎ᠠ ᠨᠢ ᠥᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠪᠥᠯᠥᠭ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶᠡᠴᠢ ᠪᠠᠶᠢᠭᠤᠯᠤᠮᠵᠢ ᠪᠣᠯᠵᠠᠢ᠃ ᠦᠢᠯᠡᠴᠢᠯᠡᠭᠡᠨ ᠤ ᠦᠢᠯᠡᠰ ᠤᠨ ᠥᠨᠳᠥᠷ ᠣᠷᠣᠯᠭ᠎ᠠ  ᠲᠠᠢ ᠠᠵᠤ ᠠᠬᠤᠶᠢᠯᠠᠯ 8᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 19 ᠶᠢ ᠰᠢᠨ᠎ᠡ ᠪᠠᠷ ᠨᠡᠮᠡᠭᠳᠡᠭᠦᠯᠵᠦ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠬᠤᠪᠢ ᠶᠢᠨ ᠵᠢᠩ 3.5 ᠵᠠᠭᠤᠨ ᠤ ᠨᠢᠭᠡᠴᠢ ᠳᠡᠭᠡᠭᠰᠢᠯᠡᠪᠡ᠃      ︵ᠭᠤᠷᠪᠠ︶ ᠬᠤᠳᠠ ᠬᠦᠳᠡᠭᠡ ᠶᠢᠨ ᠲᠦᠷᠢ ᠲᠦᠷᠬᠦ ᠴᠤ᠋ ᠰᠢᠨ᠎ᠡ ᠪᠠᠶᠢᠳᠠᠯ ᠲᠠᠢ ᠪᠣᠯᠪᠠ᠃ ᠰᠠᠭᠤᠷᠢ ᠠᠴᠢᠶᠠᠯᠠᠭᠴᠢ ᠶᠢᠨ ᠲᠣᠣᠷ ᠢ ᠨᠡᠩ ᠪᠦᠷᠢᠨᠰᠢᠬᠦᠯᠪᠠ᠃ ᠲᠥᠩᠽᠢ ᠠᠴᠠ ᠪᠣᠷᠣᠪᠠᠯᠭᠠᠰᠤ ᠬᠦᠷᠬᠦ ᠵᠡᠷᠭᠡ 3 ᠵᠣᠷᠪᠣᠰ ᠵᠠᠰᠠᠮᠠᠯ ᠵᠠᠮ ᠪᠠ ᠪᠠᠶᠠᠨᠭᠤᠣᠯ ᠵᠡᠷᠭᠡ 3 ᠵᠣᠷᠪᠣᠰ ᠲᠡᠮᠦᠷ ᠵᠠᠮ ᠤᠨ ᠳᠣᠰᠬᠠᠢ ᠬᠡᠷᠡᠭᠯᠡᠭᠡᠨ ᠤ ᠱᠤᠭᠤᠮ ᠤᠨ ᠪᠠᠷᠢᠯᠭ᠎ᠠ ᠳᠠᠭᠤᠰᠤᠨ ᠠᠰᠢᠭᠯᠠᠯᠳᠠ ᠳᠤ ᠣᠷᠣᠵᠤ᠂ ᠨᠡᠶᠢᠲᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠠᠵᠢᠯ ᠨᠢ ᠬᠢᠨᠠᠨ ᠵᠥᠪᠰᠢᠶᠡᠷᠡᠯ ᠤᠨ ᠱᠠᠲᠤᠨ ᠳᠤ ᠣᠷᠣᠵᠤ ᠴᠢᠮᠡᠭᠡ ᠬᠤᠯᠪᠣᠭᠠᠨ ᠤ ᠰᠠᠭᠤᠷᠢ ᠥᠷᠲᠡᠭᠡ 18 ᠶᠢ ᠰᠢᠨ᠎ᠡ ᠪᠠᠷ ᠪᠠᠶᠢᠭᠤᠯᠵᠤ᠂ ︽ᠵᠢᠷᠭᠤᠭᠠᠨ ᠪᠠᠯᠭᠠᠰᠤ ᠳᠥᠷᠪᠡᠨ ᠲᠣᠭᠤᠷᠢᠭ︾ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠲᠥᠷᠥᠯ ᠵᠦᠢᠯ ᠢ ᠳᠣᠭᠲᠠᠭᠤᠨ ᠠᠬᠢᠭᠤᠯᠵᠤ ᠴᠠᠬᠢᠯᠭᠠᠨ ᠮᠠᠰᠢᠨ ᠬᠤᠳᠳᠤᠭ ᠲᠤ ᠴᠠᠬᠢᠯᠭᠠᠨ ᠨᠡᠪᠲᠡᠷᠡᠬᠦ ᠪᠠᠷᠢᠯᠭ᠎ᠠ ᠶᠢᠨ ᠠᠵᠢᠯ ᠢ ᠳᠠᠭᠤᠰᠬᠠᠵᠠᠢ᠃ ᠬᠤᠲᠠ ᠶᠢᠨ ᠶᠠᠪᠣᠳᠠᠯ ᠤᠨ ᠴᠢᠳᠠᠪᠤᠷᠢ ᠶᠢ ᠳᠠᠰᠤᠷᠠᠯᠲᠠ ᠦᠭᠡᠢ ᠲᠡᠭᠦᠯᠳᠡᠷᠵᠢᠭᠦᠯᠪᠡ᠃ ᠬᠤᠨᠴᠢᠨ ᠨᠠᠭᠤᠷ ᠤᠨ ᠴᠡᠴᠡᠷᠯᠢᠭ᠂ ᠳᠠᠪᠴᠠᠭ ᠨᠠᠭᠤᠷ ᠤᠨ ᠴᠡᠴᠡᠷᠯᠢᠭ ᠤᠨ ᠦᠵᠡᠮᠵᠢ ᠶᠢ ᠳᠡᠭᠡᠭᠰᠢᠯᠡᠭᠦᠯᠵᠦ᠂ ᠭᠠᠯᠠᠭᠤᠳᠣ ᠪᠠᠯᠭᠠᠰᠤᠨ ᠲᠣᠭᠤᠷᠢᠭ ᠤᠨ ᠬᠤᠭᠤᠯᠠᠢ ᠳᠣᠣᠷ ᠢ 12 ᠺᠢᠯᠣᠮᠧᠲᠷ ᠳᠠᠪᠢᠰᠴᠣ ᠣᠰᠣ ᠪᠠᠷ ᠵᠠᠶᠢᠯᠠᠬᠤ ᠬᠡᠯᠪᠠᠷᠢ ᠶᠢᠨ ᠵᠣᠷᠯᠣᠩ ᠢ ᠰᠢᠨ᠎ᠡ ᠪᠠᠷ 11 ᠪᠠᠶᠢᠭᠤᠯᠣᠨ ᠬᠤᠲᠠ ᠶᠢᠨ ᠲᠥᠪ ᠲᠤ 10 ᠲᠦᠮᠡᠨ ᠲᠡᠭᠰᠢ ᠲᠥᠷᠪᠡᠯᠵᠢᠨ ᠮᠧᠲᠷ ᠭᠠᠵᠠᠷ ᠢ ᠬᠠᠲᠠᠭᠤᠵᠢᠭᠤᠯᠤᠨ ᠳᠡᠪᠢᠰᠴᠦ᠂ ᠬᠠᠭᠤᠴᠢᠨ ᠵᠢᠵᠢᠭ ᠲᠣᠭᠤᠷᠢᠭ ᠢ 10 ᠥᠭᠡᠷᠡᠴᠢᠯᠡᠵᠠᠢ᠃ ᠪᠣᠰᠤᠳ ᠰᠤᠮᠤ ᠪᠠᠯᠭᠠᠰᠤᠨ ᠤ ᠵᠠᠮ᠂ ᠬᠤᠭᠤᠯᠠᠢ ᠲᠣᠣᠷ᠂ ᠣᠶᠢᠵᠢᠭᠤᠯᠤᠯᠲᠠ᠂ ᠬᠠᠲᠠᠭᠤᠵᠢᠭᠤᠯᠤᠯᠲᠠ᠂ ᠬᠤᠭ ᠨᠣᠪᠰᠢ ᠪᠠ ᠪᠣᠬᠢᠷ ᠤᠰᠤ ᠶᠢ ᠰᠢᠢᠳᠪᠥᠷᠢᠯᠡᠬᠦ ᠵᠡᠷᠭᠡ ᠰᠠᠭᠤᠷᠢ ᠲᠥᠬᠦᠭᠡᠷᠤᠮᠵᠢ ᠶᠢ ᠡᠮᠬᠢ ᠴᠡᠭᠴᠡᠲᠡᠢ ᠲᠡᠭᠦᠯᠳᠡᠷᠵᠢᠭᠦᠯᠵᠠᠢ᠃ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠡ᠃ ᠣᠢ ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢ 17 ᠲᠥᠮᠡᠨ ᠮᠤ᠋᠂ ᠨᠣᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ 71 ᠲᠥᠮᠡᠨ ᠮᠤ᠋᠂ ᠬᠦᠷᠦᠰᠤ ᠰᠢᠷᠦᠢ ᠶᠢᠨ ᠢᠳᠡᠭᠳᠡᠯ ᠤᠨ ᠶᠡᠷᠤᠩᠬᠡᠶᠢᠯᠡᠭᠰᠡᠨ ᠵᠠᠰᠠᠯᠲᠠ ᠶᠢ 24 ᠲᠥᠮᠡᠨ ᠮᠦ ᠪᠡᠶᠡᠯᠡᠭᠦᠯᠵᠤ ᠣᠢ ᠰᠢᠭᠤᠢ ᠶᠢᠨ ᠪᠥᠷᠬᠦᠴᠡ ᠨᠣᠷᠮ᠎ᠠ ᠶᠢ 32.9% ᠬᠥᠷᠭᠡᠪᠡ᠃ ︽ᠭᠤᠣᠯ ᠤᠨ ᠳᠠᠷᠤᠭ᠎ᠠ ᠶᠢᠨ ᠳᠥᠷᠢᠮ︾᠂ ︽ᠨᠠᠭᠤᠷ ᠤᠨ ᠳᠠᠷᠤᠭ᠎ᠠ ᠶᠢᠨ ᠳᠥᠷᠢᠮ︾ ᠢ ᠬᠡᠷᠡᠭᠵᠢᠭᠦᠯᠦᠨ ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠭᠦᠨᠵᠡᠭᠡᠢ ᠰᠢᠢᠳᠪᠥᠷᠢᠯᠡᠬᠦ ᠦᠢᠯᠡᠳᠪᠥᠷᠢ ᠵᠡᠷᠭᠡ ᠨᠢᠭᠡ ᠪᠥᠯᠥᠭ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠷᠥᠯ ᠵᠦᠢᠯ ᠢ ᠯᠠᠪᠳᠠᠭᠤᠨ ᠪᠠᠳᠤᠲᠠᠢ ᠠᠬᠢᠭᠤᠯᠵᠤ ᠪᠥᠬᠦ ᠵᠢᠯ ᠤᠨ ᠠᠭᠠᠷ ᠤᠨ ᠴᠡᠪᠡᠷᠴᠡ ᠶᠢᠨ ᠨᠣᠷᠮ᠎ᠠ ᠶᠢ 95% ᠠᠴᠠ ᠳᠡᠭᠡᠭᠰᠢ ᠪᠣᠯᠭᠠᠪᠠ᠃      ︵ᠲᠦᠷᠪᠠ︶ ᠦᠬᠡᠷᠡᠴᠢᠯᠡᠯᠳᠡ ᠶᠢ ᠬᠦᠨᠵᠡᠬᠡᠶᠢᠷᠡᠬᠦᠯᠥᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ  ᠢ ᠪᠢᠯᠬᠠᠭᠤᠯᠪᠠ᠃ ᠵᠠᠰᠠᠭ ᠤᠨ ᠶᠠᠪᠦᠳᠠᠯ ᠤᠨ ᠦᠢᠯᠡᠴᠢᠯᠡᠬᠡᠨ ᠤ ᠰᠢᠨ᠎ᠠ ᠲᠦᠪ ᠬᠡᠷᠡᠭᠯᠡᠯᠳᠠ ᠳᠤ ᠣᠷᠦᠵᠦ 6 ᠲᠦᠷᠥᠯ ᠤᠨ 477 ᠵᠣᠶᠢᠯ ᠤᠨ ᠵᠠᠰᠠᠭ ᠤᠨ ᠵᠠᠬᠢᠷᠭᠠᠨ ᠤ ᠬᠢᠨᠡᠨ ᠵᠦᠪᠰᠢᠶᠠᠷᠠᠯ ᠤᠨ ᠬᠡᠷᠡᠭ ᠶᠠᠪᠤᠳᠠᠯ ᠢ ᠲᠦᠪᠯᠡᠷᠡᠬᠦᠯᠥᠨ ᠬᠦᠢᠴᠡᠳᠬᠡᠪᠠ᠃ ︽ᠬᠤᠷᠢᠨ ᠳᠣᠯᠣᠭᠠᠨ ᠦᠨᠡᠮᠯᠡᠯ ᠢ ᠨᠢᠭᠡᠳᠬᠡᠬᠦ︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠡᠷᠡᠭᠵᠢᠬᠦᠯᠥᠨ ᠰᠢᠨ᠎ᠠ ᠪᠠᠷ ᠳᠠᠩᠰᠠᠯᠠᠭᠰᠠᠨ ᠵᠠᠬ᠎ᠠ ᠳᠡᠯᠬᠡᠬᠦᠷ ᠤᠨ ᠪᠡᠶᠡᠴᠢ ᠴᠤᠭᠴᠠ 2648 ᠡᠷᠦᠬᠡ ᠪᠣᠢ᠃ ᠪᠣᠳᠠᠳᠣ ᠴᠣᠭᠴᠠ ᠶᠢᠨ ᠠᠵᠣ ᠠᠬᠤᠢ ᠶᠢᠨ ᠦᠪᠡᠷ ᠤᠨ ᠦᠷᠳᠡᠭ ᠢ ᠳᠣᠷᠣᠭᠰᠢᠯᠠᠭᠤᠯᠣᠨ ᠦᠷ᠎ᠡ ᠪᠦᠳᠣᠮᠵᠢ  ᠶᠢ ᠨᠡᠮᠡᠭᠳᠡᠬᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠵᠦ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ ᠨᠠᠶᠢᠳᠠ 1.5 ᠳ᠋ᠦᠩᠰᠢᠭᠤᠷ ᠲᠦᠬᠦᠷᠢᠭ ᠠᠷᠪᠢᠯᠠᠪᠠ᠃ ᠣᠯᠣᠰ ᠤᠨ ᠳᠡᠰ ᠤᠨ ᠳᠡᠭᠡᠲᠦ ᠰᠢᠨ᠎ᠠ ᠮᠡᠷᠭᠡᠵᠢᠯ ᠤᠨ 3 ᠠᠵᠦ ᠠᠬᠤᠶᠢᠯᠠᠯ ᠪᠠ ᠦᠪᠡᠷᠳᠡᠬᠡᠨ ᠵᠠᠰᠠᠬᠤ ᠣᠷᠦᠨ ᠤ ᠳᠡᠰ ᠤᠨ ᠣᠳᠣ ᠦᠶ᠎ᠡ ᠶᠢᠨ ᠮᠠᠯ ᠳᠠᠷᠢᠶᠠᠯᠠᠩ ᠠᠵᠣ ᠠᠬᠤᠢ ᠶᠢᠨ ᠰᠢᠨ᠎ᠡ ᠶᠢ ᠡᠬᠦᠳᠴᠣ ᠣᠶᠢᠯᠡᠰ ᠪᠣᠰᠬᠠᠬᠤ ᠨᠢᠬᠡ ᠦᠷᠳᠡᠬᠡᠳᠣ ᠴᠢᠯᠥᠬᠡᠳᠣ ᠬᠡᠯᠪᠠᠷᠢ  ᠶᠢᠨ ᠶᠡᠷᠦᠩᠬᠡᠶᠢᠯᠡᠭᠰᠡᠨ ᠣᠶᠢᠯᠡᠴᠢᠯᠡᠬᠡᠨ ᠤ 1 ᠠᠵᠦ ᠠᠬᠤᠶᠢᠯᠠᠯ ᠢ ᠰᠢᠨ᠎ᠠ ᠪᠠᠷ ᠨᠡᠮᠡᠭᠳᠡᠬᠦᠯᠪᠠ᠃ ᠪᠦᠬᠦ ᠬᠤᠳᠠ ᠶᠢᠨ ᠠᠩᠬᠠᠳᠠᠭᠴᠢ ︽ᠠᠮᠣ ᠪᠣᠳᠠᠭᠠᠨ ᠤ ᠪᠠᠩᠬᠢ︾ ᠫᠠᠶᠢᠰᠠ ᠡᠯᠬᠦᠨ ᠠᠵᠢᠯᠯᠠᠪᠠ᠃ ᠬᠤᠰᠢᠭᠤ ᠱᠠᠳᠣᠨ ᠤ ᠬᠠᠥᠯᠢ ᠬᠡᠷᠡᠭᠵᠢᠬᠦᠯᠬᠦ ᠡᠩᠨᠡᠭᠡ ᠶᠢ 9 ᠪᠠ ᠵᠢᠷᠭᠤᠭᠠᠨ ᠰᠣᠮᠦ ᠪᠠᠯᠭᠠᠰᠦᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠳᠣᠪᠴᠢᠶ᠎ᠠ ᠶᠢ ᠵᠣᠬᠢᠶᠠᠨ ᠪᠠᠶᠢᠭᠤᠯᠵᠦ᠂ ︽ᠬᠤᠣᠰ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠣᠯᠳᠠ ᠶᠢ ᠪᠦᠬᠦ ᠳᠠᠯ᠎ᠠ ᠪᠠᠷ ᠬᠡᠷᠡᠭᠵᠢᠬᠦᠯᠦᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠠᠯᠳᠠ ᠶᠢ ᠪᠡᠶᠡᠯᠡᠬᠦᠯᠪᠠ᠃ ᠴᠢᠮᠡᠭᠡ ᠵᠠᠩᠬᠢᠵᠢᠯᠳᠠ ᠶᠢᠨ ᠳᠠᠪᠴᠠᠩ ᠠᠰᠢᠭᠯᠠᠯᠲᠠ ᠳᠤ ᠣᠷᠣᠵᠣ ᠠᠮᠣᠷ ᠲᠦᠪᠰᠢᠨ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠬᠡ ᠠᠵᠢᠯ ᠣᠶᠢᠯᠡᠰ ᠤᠨ ᠬᠦᠷᠢᠶ᠎ᠠ ᠴᠠᠷᠠᠭᠠᠨ  ᠤ ᠳᠤᠭ᠎ᠠ ᠮᠠᠭᠠᠳ ᠤᠨ ᠡᠬᠢ ᠪᠠᠶᠠᠯᠢᠭ ᠢ ᠰᠦᠯᠵᠢᠶᠠᠵᠢᠬᠦᠯᠥᠨ ᠨᠠᠪᠳᠠᠷᠠᠬᠦᠯᠪᠠ᠃ ᠬᠡᠷ ᠪᠠᠶᠢᠰᠢᠩ ᠭᠠᠵᠠᠷ ᠬᠦᠷᠦᠩᠬᠡ  ᠶᠢᠨ ᠬᠦᠮᠦᠷᠬᠡᠯᠡᠯᠳᠡ ᠶᠢ ᠢᠳᠡᠪᠬᠢᠳᠡᠢ ᠯᠠᠪᠳᠠᠭᠤᠨ ᠰᠢᠢᠳᠪᠣᠷᠢᠯᠡᠵᠣ᠂ ᠳᠠᠸᠡᠷ ᠤᠨ ᠭᠡᠷ ᠪᠠᠶᠢᠰᠢᠩ ᠤᠨ ᠬᠤᠳᠠᠯᠳᠣᠬᠤ  ᠪᠠᠷ ᠪᠠᠶᠢᠭ᠎ᠠ ᠳᠠᠯᠠᠪᠠᠢ ᠶᠢ ᠳᠡᠬᠡᠷ᠎ᠡ ᠵᠢᠯ ᠤᠨ ᠬᠢ ᠠᠴᠠ 35.7% ᠪᠠᠭᠠᠰᠬᠠᠪᠠ᠃      ︵ᠳᠠᠪᠤ︶ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠨᠢ ᠰᠢᠨ᠎ᠡ ᠳᠠᠪᠰᠢᠯᠲᠠ ᠲᠠᠢ ᠪᠣᠯᠪᠠ᠃ ᠪᠦᠬᠦ ᠵᠢᠯ ᠳᠤ ᠡᠯ᠎ᠡ ᠲᠥᠷᠦᠯ ᠤᠨ ᠶᠠᠳᠠᠭᠤ ᠶᠢ ᠳᠡᠳᠬᠦᠬᠦ ᠪᠡᠯᠡ ᠮᠥᠩᠭᠦ ᠶᠢ 1 ᠳ᠋ᠦᠩᠰᠢᠭᠤᠷ ᠲᠦᠬᠦᠷᠢᠭ ᠵᠠᠷᠤᠴᠠᠭᠤᠯᠵᠤ᠂ 39 ᠡᠷᠦᠬᠡ 104 ᠨᠡᠷ᠎ᠡ ᠤᠯᠤᠰ ᠤᠨ ᠳᠠᠰ ᠤᠨ ᠶᠠᠳᠠᠭᠤ ᠭᠦᠴᠢᠷᠳᠡᠯᠲᠠᠢ ᠬᠦᠮᠦᠨ ᠠᠮᠠ ᠶᠢ ᠳᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ 854 ᠡᠷᠦᠬᠡ 2351 ᠨᠡᠷ᠎ᠡ ᠬᠤᠲᠠ ᠶᠢᠨ ᠳᠡᠰ ᠤᠨ ᠪᠠᠭ᠎ᠠ ᠣᠷᠣᠯᠭ᠎ᠠ ᠲᠠᠢ ᠬᠦᠮᠦᠰ ᠤᠨ ᠬᠦᠮᠦᠨ ᠳᠣᠮᠳᠠᠴᠢ ᠶᠢᠨ ᠣᠷᠣᠯᠭ᠎ᠠ ᠶᠢ 20% ᠠᠴᠠ ᠳᠡᠭᠡᠭᠰᠢ ᠨᠡᠮᠡᠭᠳᠡᠭᠦᠯᠵᠦ᠂ ᠵᠢᠯ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠭᠦᠯᠪᠡ᠃ ᠦᠢᠯᠡᠰ ᠪᠣᠰᠬᠠᠵᠤ ᠠᠵᠢᠯ ᠣᠯᠭᠤᠬᠤ ᠵᠢᠭᠡᠯᠡᠯᠭᠡ ᠶᠢ ᠨᠡᠶᠢᠲᠡ 2005 ᠲᠥᠮᠡᠨ ᠲᠥᠭᠦᠷᠢᠭ ᠲᠠᠯᠪᠢᠵᠤ᠂ ᠨᠠᠶᠢᠳᠠ  ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 114 ᠭᠠᠷᠭᠠᠵᠣ᠂ ᠶᠡᠭᠡ ᠳᠡᠭᠡᠳᠦ ᠰᠤᠷᠭᠠᠭᠤᠯᠢ ᠲᠡᠭᠦᠰᠤᠭ᠍ᠰᠡᠨ ᠰᠤᠷᠤᠭᠴᠢᠳ ᠢ 216 ᠨᠡᠷ᠎ᠡ ᠨᠡᠶᠢᠲᠡᠨ ᠬᠦᠮᠤᠵᠢᠭᠦᠯᠵᠤ᠂ 2346 ᠬᠦᠮᠦᠨ ᠢ ᠬᠤᠳᠠ ᠪᠠᠯᠭᠠᠰᠣᠨ  ᠳᠤ ᠰᠢᠨ᠎ᠡ ᠪᠠᠷ ᠠᠵᠢᠯ ᠣᠯᠭᠤᠪᠠ᠃ ᠬᠠᠲᠠᠭᠤᠴᠠᠶᠢᠳᠠᠮ ᠤᠰᠤᠨ ᠰᠤᠷᠪᠣᠯᠵᠢ ᠶᠢᠨ ᠣᠷᠣᠨ ᠤ ᠨᠢᠭᠡᠳᠤᠭᠡᠷ ᠳᠡᠰ ᠤᠨ ᠭᠤᠣᠯᠳᠠᠯᠭᠠᠲᠤ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ ᠪᠠᠷᠢᠯᠭ᠎ᠠ ᠶᠢ ᠪᠠᠶᠢᠭᠤᠯᠪᠠ᠃ ᠪᠣᠷᠣ ᠭᠡᠷᠲᠤ ᠣᠷᠣᠨ ᠰᠠᠭᠤᠴᠠ ᠶᠢᠨ ᠲᠣᠭᠤᠷᠢᠭ ᠢ 704 ᠡᠷᠦᠬᠡ ᠥᠭᠡᠷᠡᠴᠢᠯᠡᠨ ᠵᠠᠰᠠᠵᠠᠢ᠃ ᠲᠤᠭ ᠬᠡᠤᠬᠡᠳ ᠤᠨ ᠴᠡᠴᠡᠷᠯᠢᠭ᠂ ᠮᠣᠩᠭᠤᠯ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠠᠰᠢᠭᠯᠠᠯᠳᠠ ᠳᠤ ᠣᠷᠣᠵᠣ᠂ 125 ᠨᠡᠷ᠎ᠡ ᠪᠠᠭᠰᠢ ᠶᠢ ᠣᠷᠢᠨ ᠡᠯᠰᠡᠪᠡ᠃ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠠᠰᠠᠷ ᠤᠨ ᠪᠠᠷᠢᠯᠭ᠎ᠠ ᠳᠠᠭᠤᠰᠴᠣ᠂ ︽ᠪᠥᠬᠦ ᠤᠯᠤᠰ ᠤᠨ ᠦᠨᠳᠤᠰᠤᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ ︾ ᠶᠢ ᠠᠮᠵᠢᠯᠲᠠᠲᠠᠢ ᠡᠭᠦᠳᠦᠨ ᠪᠠᠶᠢᠭᠤᠯᠵᠤ᠂ ᠡᠮᠨᠡᠯᠭᠡ ᠶᠢᠨ ᠠᠵᠢᠯᠲᠠᠨ ᠢ 34 ᠨᠡᠷ᠎ᠡ ᠡᠯᠰᠡᠪᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠠᠬᠢᠭᠤᠯᠵᠤ᠂ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠨᠥᠬᠦᠪᠦᠷᠢᠯᠡᠨ ᠳᠤᠰᠢᠶᠠᠬᠤ ᠠᠵᠢᠯ ᠢ ᠥᠷᠨᠢᠭᠦᠯᠵᠤ᠂ ᠡᠮ ᠡᠮᠨᠡᠯᠭᠡ ᠶᠢᠨ ᠳᠠᠭᠠᠳᠬᠠᠯ ᠢ ᠮᠤᠵᠢ ᠠᠯᠤᠰᠯᠠᠨ ᠪᠣᠰᠤᠳ ᠭᠠᠵᠠᠷ ᠲᠤ ᠳᠠᠰᠤᠯᠤᠨ ᠪᠣᠳᠣᠵᠤ ᠪᠣᠯᠬᠤ ᠶᠢ ᠪᠡᠶᠡᠯᠡᠭᠦᠯᠵᠠᠢ᠃ ᠪᠥᠬᠦ ᠬᠤᠰᠢᠭᠤᠨ ᠤ ᠢᠳᠡᠭᠡᠨ ᠤᠮᠳᠠᠭᠠᠨ ᠡᠮ ᠤᠨ ᠵᠦᠢᠯᠡᠰ ᠢ ᠲᠥᠷᠭᠡᠨ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠵᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠳᠣᠪᠴᠢᠶ᠎ᠠ ᠨᠢ 2017 ᠣᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠦᠷ ᠳᠥᠪᠰᠢᠨ ᠢ ᠬᠠᠮᠠᠭᠠᠯᠠᠭᠰᠠᠨ ᠬᠠᠮᠲᠤ ᠨᠡᠶᠢᠲᠡ ᠶᠢᠨ ᠢᠷᠠᠭᠤ ᠠᠯᠳᠠᠷ ᠢ ᠬᠥᠷᠲᠡᠪᠡ᠃ ᠤᠯᠤᠰ ᠤᠨ ᠦᠭᠡ ᠬᠡᠯᠡ ᠦᠰᠦᠭ ᠪᠢᠴᠢᠭ ᠤᠨ ᠭᠤᠷᠪᠠᠳᠤᠭᠠᠷ ᠲᠥᠷᠥᠯ ᠤᠨ ᠬᠤᠲᠠ ᠶᠢ ᠦᠨᠡᠯᠡᠬᠦ ᠠᠵᠢᠯ ᠤᠨ ᠰᠢᠯᠭᠠᠨ ᠬᠤᠷᠢᠶᠠᠯᠲᠠ ᠶᠢ ᠳᠠᠮᠵᠢᠵᠤ᠂ ︽ᠪᠥᠬᠦ ᠣᠷᠣᠨ ᠤ ᠦᠨᠳᠥᠰᠤᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭᠠᠨ ᠤ ᠵᠢᠱᠢᠶᠡᠴᠢ ᠬᠤᠰᠢᠭᠤ︾ ᠪᠠᠷ ᠨᠡᠷᠡᠶᠢᠳᠤᠭ᠍ᠳᠡᠪᠡ᠃ ︽ᠳᠣᠯᠣᠳᠣᠭᠠᠷ ᠳᠠᠪᠣᠨ ᠵᠢᠯ︾ ᠤᠨ ᠬᠠᠣᠯᠢ ᠲᠦᠬᠡᠮᠡᠯᠵᠢᠬᠦᠯᠬᠦ ᠠᠵᠢᠯ ᠢ ᠭᠦᠨᠵᠡᠭᠡᠢ ᠥᠷᠨᠢᠭᠦᠯᠵᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠪᠠ ᠵᠥᠷᠢᠴᠡᠯ ᠵᠢᠭᠤᠷᠠᠯᠳᠤᠭᠠᠨ ᠢ ᠪᠥᠲᠦᠮᠵᠢᠲᠠᠢ ᠰᠢᠢᠳᠪᠥᠷᠢᠯᠠᠵᠤ᠂ ᠠᠮᠤᠷ ᠳᠥᠪᠰᠢᠨ ᠦᠢᠯᠡᠳᠪᠥᠷᠢᠯᠡᠯ᠂ ᠣᠯᠠᠨ ᠨᠡᠶᠢᠲᠠ ᠶᠢᠨ ᠠᠮᠤᠷ ᠳᠥᠪᠰᠢᠨ ᠤ ᠪᠠᠶᠢᠳᠠᠯ ᠢ ᠦᠷᠭᠦᠯᠵᠢᠯᠡᠨ ᠲᠣᠭᠲᠠᠪᠤᠷᠢᠵᠢᠭᠤᠯᠪᠠ᠃ ᠱᠠᠰᠢᠨ ᠰᠤᠷᠲᠠᠬᠤᠨ ᠭᠠᠳᠠᠭᠠᠳᠤ ᠶᠠᠪᠤᠳᠠᠯ᠂ ᠲᠡᠤᠬᠡ ᠣᠶᠢᠯᠠᠯᠭ᠎ᠠ ᠳᠠᠩᠰᠡ ᠡᠪᠬᠡᠮᠡᠯ᠂ ᠭᠠᠵᠠᠷ ᠬᠥᠳᠡᠯᠤᠯᠲᠠ ᠠᠴᠠ ᠰᠡᠷᠭᠡᠶᠢᠯᠡᠵᠤ ᠭᠠᠮᠰᠢᠭ ᠢ ᠪᠠᠭᠠᠰᠬᠠᠬᠤ᠂ ᠠᠭᠠᠷ ᠤᠨ ᠰᠡᠷᠭᠡᠶᠢᠯᠡᠯᠲᠡ ᠴᠠᠭ ᠠᠭᠤᠷ ᠵᠡᠷᠭᠡ ᠠᠵᠢᠯ ᠳᠠᠰᠤᠷᠠᠯᠲᠠ ᠦᠭᠡᠢ ᠴᠢᠩᠭᠠᠷᠠᠵᠠᠢ᠃      2017 ᠣᠨ ᠳᠤ ᠪᠢᠳᠠ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠢᠮᠠᠭᠲᠠ ᠲᠤᠤᠱᠠᠯᠠᠭᠤᠯᠵᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠡᠶᠢᠲᠡᠪᠥᠷᠢᠵᠢᠭᠤᠯᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠡᠶᠢᠲᠡᠪᠥᠷᠢᠵᠢᠭᠤᠯᠵᠤ ︽ᠭᠤᠷᠪᠠᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠨᠠᠨ ᠪᠣᠳᠣᠯᠲᠠ ᠶᠢᠨ ᠬᠢᠨᠠᠯᠲᠠ ᠶᠢᠨ ᠬᠡᠪᠴᠢᠶ᠎ᠡ ᠶᠢ ᠥᠷᠭᠡᠳᠬᠡᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ ︽ᠵᠠᠪᠰᠠᠷ ᠠᠴᠠ ᠨᠢ ᠰᠠᠭᠤᠯᠭᠠᠬᠤ︾ ᠮᠠᠶ᠋ᠢᠭ ᠤᠨ ᠢᠯᠵᠠᠷᠠᠯ ᠪᠠ ᠣᠯᠠᠨ ᠲᠥᠮᠡᠨ ᠤ ᠬᠠᠵᠠᠭᠤᠳᠠᠬᠢ ᠲᠥᠪ ᠪᠣᠰᠤ ᠰᠤᠷᠲᠠᠯ ᠢ ᠴᠢᠩᠭ᠎ᠠ ᠵᠠᠯᠬᠠᠭᠠᠨ ᠴᠡᠭᠴᠡᠯᠡᠪᠡ᠃ ᠠᠰᠠᠭᠤᠳᠠᠯ ᠤᠨ ᠣᠳᠣᠷᠢᠳᠣᠮᠵᠢ ᠶᠢ ᠢᠮᠠᠭᠲᠠ ᠪᠠᠷᠢᠮᠲᠠᠯᠠᠵᠤ ᠲᠣᠭᠤᠷᠢᠨ ᠴᠠᠭᠳᠠᠨ ᠪᠠᠶᠢᠴᠠᠭᠠᠬᠤ ᠠᠵᠢᠯ ᠤᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ ᠰᠠᠭᠤᠷᠢ ᠲᠤᠭ᠎ᠠ ᠮᠠᠭᠠᠳ ᠢ ᠪᠠᠳᠤᠳᠬᠠᠨ ᠬᠥᠭᠵᠢᠯᠲᠡ ᠶᠢᠨ ᠳᠠᠷᠤᠭᠠᠰᠤ ᠶᠢ ᠬᠥᠩᠭᠡᠯᠡᠵᠤ ᠬᠤᠶᠢᠰᠢᠳᠠ ᠶᠢᠨ ᠠᠵᠢᠯ ᠳᠤ ᠭᠠᠪᠰᠢᠭᠠᠢ ᠤᠷᠤᠭᠰᠢᠯᠠᠬᠤ ᠰᠠᠭᠤᠷᠢ ᠶᠢ ᠰᠠᠶᠢᠨ ᠲᠠᠯᠪᠢᠭᠰᠠᠨ ᠪᠠᠶᠢᠨ᠎ᠠ᠃ ᠬᠠᠤᠯᠢ ᠶᠤᠰᠤᠭᠠᠷ ᠵᠠᠰᠠᠭ ᠶᠠᠪᠣᠭᠤᠯᠬᠤ ᠶᠢ ᠢᠮᠠᠭᠲᠠ ᠪᠠᠷᠢᠮᠲᠠᠯᠠᠵᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠵᠤ ᠠᠷᠠᠳ ᠤᠨ ᠲᠥᠯᠤᠭᠡᠯᠡᠭᠴᠢᠳ ᠤᠨ 45 ᠬᠤᠪᠢ ᠰᠠᠨᠠᠯ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 37 ᠬᠤᠪᠢ ᠰᠠᠨᠠᠯ ᠳᠣᠷᠠᠳᠤᠯᠭ᠎ᠠ ᠶᠢ ᠭᠦᠢᠴᠡᠳᠬᠡᠵᠤ ᠵᠠᠰᠠᠭ ᠤᠨ ᠣᠷᠳᠣᠨ ᠤ ᠳᠥᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 8 ᠬᠤᠪᠢ ᠵᠠᠰᠠᠪᠤᠷᠢᠯᠠᠭᠰᠠᠨ ᠪᠠ ᠬᠦᠴᠦᠨ ᠦᠭᠡᠢ ᠪᠣᠯᠭᠠᠪᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠥᠷᠢᠲᠤ ᠪᠣᠳᠣᠯᠭ᠎ᠠ ᠶᠢᠨ ᠶᠠᠪᠤᠴᠠ ᠶᠢ ᠴᠢᠩᠭ᠎ᠠ ᠭᠦᠢᠴᠡᠳᠬᠡᠵᠦ᠂ ᠵᠠᠰᠠᠭ ᠤᠨ ᠣᠷᠳᠣᠨ ᠤ ᠬᠠᠮᠵᠢᠯᠴᠠᠭᠠᠨ ᠤ ᠠᠵᠢᠯ ᠢ ᠥᠷᠨᠢᠭᠦᠯᠤᠨ ᠵᠠᠰᠠᠭ ᠤᠨ ᠣᠷᠳᠣᠨ ᠤ ᠰᠢᠢᠳᠪᠥᠷᠢᠲᠤ ᠪᠣᠳᠣᠯᠭ᠎ᠠ ᠶᠢᠨ ᠣᠯᠠᠨ ᠲᠥᠮᠡᠨ ᠤ ᠣᠷᠣᠯᠴᠠᠬᠤ ᠬᠡᠮᠵᠢᠶ᠎ᠡ ᠪᠠ ᠰᠢᠨᠵᠢᠯᠡᠬᠦ ᠤᠬᠠᠭᠠᠨᠴᠢ ᠴᠢᠨᠠᠷ ᠢ ᠴᠢᠨᠠᠭᠰᠢᠳᠠ ᠴᠢᠩᠭᠠᠷᠠᠭᠤᠯᠪᠠ᠃ ᠶᠠᠳᠠᠭᠤ ᠠᠴᠠ ᠨᠠᠷᠢᠯᠢᠭ ᠣᠨᠣᠪᠴᠢᠲᠠᠢ ᠠᠩᠭᠢᠵᠢᠷᠠᠭᠤᠯᠬᠤ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠲᠥᠷᠦᠯ ᠵᠦᠢᠯ ᠢ ᠪᠥᠳᠥᠭᠡᠨ ᠪᠠᠶᠢᠭᠤᠯᠬᠤ᠂ ᠠᠷᠠᠳ ᠤᠨ ᠠᠮᠢᠳᠤᠷᠠᠯ ᠤᠨ ᠲᠥᠷᠦᠯ ᠵᠦᠢᠯ ᠢ ᠲᠥᠯᠬᠢᠨ ᠠᠬᠢᠭᠤᠯᠬᠤ ᠵᠡᠷᠭᠡ ᠲᠠᠯ᠎ᠠ ᠳᠤ ᠦᠷᠭᠦᠯᠵᠢᠯᠡᠨ ᠮᠥᠷᠳᠡᠯᠳᠡ ᠬᠢᠵᠤ ᠥᠷ᠎ᠡ ᠪᠥᠲᠥᠮᠵᠢ ᠶᠢ ᠪᠠᠶᠢᠴᠠᠭᠠᠵᠤ᠂ ᠴᠢᠩᠭ᠎ᠠ ᠬᠦᠴᠦᠲᠠᠢ ᠱᠠᠭᠠᠷᠳᠠᠨ ᠪᠠᠶᠢᠴᠠᠭᠠᠬᠤ ᠪᠠᠷ ᠳᠠᠮᠵᠢᠨ ᠡᠯ᠎ᠡ ᠲᠥᠷᠥᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠥᠷᠢᠵᠢᠭᠤᠯᠬᠤ ᠶᠢ ᠪᠠᠳᠤᠯᠠᠭᠰᠠᠨ ᠪᠠᠶᠢᠨ᠎ᠠ᠃       ᠲᠦᠯᠦᠭᠡᠯᠡᠭᠴᠢᠳ ᠡ᠂ ᠦᠩᠬᠡᠷᠡᠭᠰᠡᠨ ᠨᠢᠬᠡ ᠵᠢᠯ ᠤᠨ ᠣᠯᠤᠭᠰᠠᠨ ᠠᠮᠵᠢᠯᠲᠠ ᠪᠥᠲᠥᠮᠵᠢ ᠪᠣᠯ ᠬᠤᠰᠢᠭᠤ ᠨᠠᠮ ᠤᠨ ᠬᠤᠷᠢᠶ᠎ᠠ ᠪᠦᠬᠦ ᠳᠠᠯ᠎ᠠ ᠶᠢ ᠡᠵᠡᠮᠳᠡᠨ ᠰᠢᠨᠵᠢᠯᠡᠬᠦ ᠣᠬᠠᠭᠠᠨᠴᠢ ᠪᠠᠷ ᠪᠣᠳᠣᠯᠭ᠎ᠠ ᠳᠣᠭᠳᠠᠭᠠᠭᠰᠠᠨ ᠠᠴᠠ ᠪᠣᠯᠤᠭᠰᠠᠨ ᠶᠤᠮ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠪᠥᠳᠥᠮᠵᠢᠲᠠᠢ ᠬᠢᠨᠠᠵᠤ ᠪᠦᠬᠦ ᠬᠦᠴᠦᠨ ᠢᠶᠠᠷ ᠢᠶᠠᠨ ᠳᠡᠮᠵᠢᠭᠰᠡᠨ ᠠᠴᠠ ᠪᠣᠯᠤᠭᠰᠠᠨ ᠶᠤᠮ᠂ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠪᠥᠯᠬᠦᠮᠳᠡᠨ ᠲᠡᠮᠡᠴᠡᠵᠤ ᠰᠡᠳᠬᠢᠯ ᠨᠢᠭᠡᠳᠤᠨ ᠤᠷᠤᠭᠰᠢᠯᠠᠭᠰᠠᠨ ᠠᠴᠠ ᠪᠣᠯᠤᠭᠰᠠᠨ ᠶᠤᠮ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠲᠥᠯᠤᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠨᠣᠮᠢᠨ ᠳᠠᠩᠰᠤᠭ ᠦᠤᠰᠢᠨ ᠤ ᠬᠥᠭᠵᠢᠯᠲᠡ ᠳᠤ ᠣᠷᠣᠯᠴᠠᠨ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠳᠠᠯᠠᠷᠬᠠᠯ ᠪᠠ ᠡᠷᠬᠢᠮ ᠳᠡᠬᠡᠳᠣ ᠬᠦᠨᠳᠦᠳᠬᠡᠯ ᠢᠶᠠᠨ ᠳᠡᠪᠰᠢᠬᠦᠯᠥᠶ᠎ᠠ︕      ᠪᠢᠳᠠ ᠦᠷ᠎ᠡ ᠪᠦᠳᠣᠮᠵᠢ ᠪᠠᠨ ᠨᠣᠳᠠᠯᠠᠬᠤ ᠶᠢᠨ ᠳᠠᠭᠠᠣ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠨᠢ ᠳᠡᠭᠡᠳᠦ ᠱᠠᠲᠤᠨ ᠤ ᠱᠠᠭᠠᠷᠳᠠᠯᠭ᠎ᠠ ᠪᠠ ᠠᠷᠠᠳ ᠲᠥᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠲᠠᠢ ᠵᠣᠬᠢᠬᠤ ᠵᠥᠷᠢᠶ᠎ᠡ ᠲᠠᠢ ᠪᠠᠶᠢᠵᠤ᠂ ᠨᠢᠭᠡ ᠪᠥᠯᠥᠭ ᠬᠦᠷᠢᠶ᠎ᠡ ᠴᠠᠷᠠᠭᠠᠨ ᠳᠤ ᠲᠡᠩᠴᠡᠭᠦᠷᠢᠲᠠᠢ ᠪᠣᠰᠤ᠂ ᠭᠦᠢᠴᠡᠳ ᠪᠣᠰᠤ ᠠᠰᠠᠭᠤᠳᠠᠯ ᠮᠥᠨ ᠯᠠ ᠣᠷᠣᠰᠢᠵᠤ ᠪᠠᠶᠢᠬᠤ ᠶᠢ ᠬᠤᠷᠴᠠ ᠰᠡᠷᠬᠡᠭ ᠣᠯᠵᠤ ᠲᠠᠨᠢᠪᠠ᠃ ᠭᠤᠣᠯᠳᠠᠭᠤ᠄ ᠨᠡᠭᠦᠷᠡᠰᠦ ᠬᠢᠮᠢ ᠶᠢᠨ ᠠᠵᠤ ᠦᠢᠯᠡᠳᠪᠥᠷᠢ ᠶᠢᠨ ᠠᠵᠤ ᠦᠢᠯᠡᠰ ᠢ ᠦᠵᠦᠭᠦᠷ ᠳᠡᠰ ᠪᠣᠯᠭᠠᠨ ᠬᠤᠪᠢᠷᠠᠭᠤᠯᠬᠤ ᠲᠥᠷᠦᠯ ᠵᠦᠢᠯ ᠨᠡᠯᠢᠶᠡᠳ ᠴᠥᠬᠡᠨ ᠪᠠᠶᠢᠵᠤ᠂ ᠳᠠᠭᠠᠯᠲᠠ ᠥᠷᠲᠡᠭ ᠢᠶᠠᠷ ᠥᠨᠳᠥᠷ ᠦᠢᠯᠡᠳᠭᠦᠨ ᠳᠤᠲᠠᠮᠠᠭ ᠪᠠᠶᠢᠨ᠎ᠠ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠥᠭᠡᠭᠳᠡᠭᠦᠨ ᠤ ᠦᠢᠯᠡᠳᠪᠥᠷᠢᠯᠡᠯ ᠪᠣᠷᠣᠯᠠᠭᠤᠯᠤᠯᠲᠠ ᠶᠢᠨ ᠵᠠᠯᠭᠠᠯᠳᠤᠯ ᠲᠣᠭᠲᠠᠯᠴᠠᠭ᠎ᠠ ᠭᠦᠢᠴᠡᠳ ᠪᠠᠶᠢᠭᠤᠯᠤᠭᠳᠠᠭ᠎ᠠ ᠦᠭᠡᠢ᠂ ᠨᠢᠭᠡ ᠪᠥᠯᠦᠭ ᠰᠢᠯᠢᠳᠡᠭ ᠴᠢᠨᠠᠷ ᠤᠨ ᠪᠥᠳᠥᠭᠡᠭᠳᠡᠭᠦᠨ ᠪᠣᠷᠣᠯᠠᠭᠤᠯᠭ᠎ᠠ ᠮᠠᠭᠤ᠂ ︽ᠬᠤᠳᠠᠯᠳᠤᠵᠤ ᠭᠠᠷᠬᠤ ᠦᠭᠡᠢ︾ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠣᠯᠠᠨ ᠲᠥᠮᠡᠨ ᠲᠠᠢ ᠨᠢᠭᠲᠠ ᠬᠠᠷᠢᠴᠠᠭ᠎ᠠ ᠲᠠᠢ ᠡᠮ ᠡᠮᠨᠡᠯᠭᠡ᠂ ᠨᠠᠰᠤᠵᠢᠯ ᠵᠡᠷᠭᠡ ᠦᠢᠯᠡᠴᠢᠯᠡᠭᠡᠨ ᠤ ᠨᠡᠶᠢᠬᠡᠮᠴᠢᠯᠡᠭᠰᠡᠨ ᠬᠠᠩᠭᠠᠯᠭ᠎ᠠ ᠶᠢᠨ ᠬᠡᠮᠵᠢᠶ᠎ᠡ ᠭᠦᠢᠴᠡᠳ ᠪᠣᠰᠤ ᠪᠠᠶᠢᠨ᠎ᠠ︔ ᠣᠨᠴᠠᠭᠠᠢ ᠵᠠᠷᠢᠮ ᠺᠠᠳ᠋ᠷᠴᠤᠳ ᠰᠢᠨ᠎ᠡ ᠬᠡᠪ ᠪᠠᠶᠢᠳᠠᠯ ᠳᠤ ᠵᠣᠬᠢᠴᠠᠬᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠭᠦᠢᠴᠡᠳᠬᠡᠬᠦ ᠲᠠᠯ᠎ᠠ ᠶᠢᠨ ᠦᠵᠡᠯ ᠰᠠᠨᠠᠭᠠᠨ ᠤ ᠪᠡᠯᠡᠳᠬᠡᠯ ᠭᠦᠢᠴᠡᠳ ᠪᠣᠰᠤ᠂ ᠴᠢᠳᠠᠪᠤᠷᠢ ᠬᠠᠷᠢᠭᠤᠴᠠᠯᠭ᠎ᠠ ᠶᠢᠨ ᠲᠠᠯ᠎ᠠ ᠪᠠᠷ ᠬᠦᠷᠥᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠣᠢ᠃ ᠡᠳᠡᠭᠡᠷ ᠠᠰᠠᠭᠤᠳᠠᠯ ᠳᠤ ᠴᠢᠭᠯᠡᠭᠦᠯᠦᠨ ᠪᠢᠳᠠ ᠬᠤᠶᠢᠰᠢᠳᠠ ᠶᠢᠨ ᠠᠵᠢᠯ ᠤᠨ ᠳᠣᠮᠳᠠ ᠭᠦᠨᠵᠡᠭᠡᠢ ᠰᠤᠳᠤᠯᠵᠤ ᠨᠡᠩ ᠨᠠᠷᠢᠯᠢᠭ᠂ ᠣᠨᠣᠪᠴᠢᠲᠠᠢ᠂ ᠬᠦᠴᠦᠨ ᠪᠥᠬᠦᠢ ᠠᠷᠭ᠎ᠠ ᠪᠠᠷᠢᠯ ᠢ ᠬᠡᠷᠡᠭᠯᠡᠨ ᠰᠢᠢᠳᠪᠦᠷᠢᠯᠠᠨ᠎ᠠ᠃      ᠬᠤᠶᠠᠷ᠂ 2018 ᠣᠨ ᠤ ᠭᠤᠣᠯ ᠪᠣᠯᠬᠤ ᠠᠵᠢᠯ ᠤᠨ ᠡᠭᠦᠷᠭᠡ      ᠲᠦᠯᠦᠭᠡᠯᠡᠭᠴᠢᠳ ᠡ᠂ 2018 ᠣᠨ ᠪᠣᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠠ ᠨᠡᠭᠡᠭᠡᠯᠲᠠ ᠶᠢᠨ 40 ᠵᠢᠯ ᠤᠨ ᠣᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠥᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠡᠶᠡᠯᠡᠭᠦᠯᠤᠨ ᠰᠢᠢᠳᠪᠥᠷᠢᠲᠤ ᠢᠯᠠᠯᠲᠠ ᠶᠢ ᠣᠯᠬᠤ ᠤᠷᠢᠳᠤᠬᠢ ᠶᠢ ᠵᠠᠯᠭᠠᠮᠵᠢᠯᠠᠵᠤ ᠬᠤᠶᠢᠳᠤᠬᠢ ᠳᠤ ᠵᠠᠮ ᠨᠡᠭᠡᠭᠡᠬᠦ ᠠᠵᠢᠯ ᠤᠨ ᠵᠠᠩᠭᠢᠯᠠᠭ᠎ᠠ ᠶᠢᠨ ᠨᠢᠭᠡ ᠵᠢᠯ ᠮᠥᠨ᠂ ᠮᠥᠨᠴᠤ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢᠶᠠᠨ ᠪᠠᠶᠢᠷᠢᠯᠠᠭᠤᠯᠬᠤ᠂ ᠵᠣᠷᠢᠭᠲᠠᠢ ᠬᠠᠷᠢᠭᠤᠴᠠᠨ ᠠᠵᠢᠯᠯᠠᠬᠤ ᠡᠬᠢᠯᠡᠯᠲᠡ ᠶᠢᠨ ᠵᠢᠯ ᠪᠣᠯᠤᠨ᠎ᠠ᠃ ᠡᠨᠡ ᠵᠢᠯ ᠤᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠬᠦ ᠡᠭᠦᠷᠭᠡ ᠬᠦᠨᠳᠦ ᠪᠠᠶᠢᠵᠤ ᠠᠯᠤᠰ ᠬᠡᠲᠤ ᠶᠢᠨ ᠠᠴᠢ ᠬᠤᠯᠪᠣᠭᠳᠠᠯ ᠲᠠᠢ ᠶᠤᠮ᠃      2018 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠪᠥᠬᠦ ᠣᠯᠣᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠰᠢ ᠶᠢᠨ ᠫᠢᠩ ᠶᠡᠷᠥᠩᠬᠡᠢ ᠱᠦᠵᠢ ᠦᠪᠥᠷ ᠮᠣᠩᠭᠤᠯ ᠤᠨ ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠡ ᠪᠠ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠥᠷᠢᠲᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠥᠩᠬᠡᠢ ᠬᠥᠭ ᠠᠶᠠᠰ ᠢ ᠪᠠᠷᠢᠮᠲᠠᠯᠠᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ ᠨᠡᠶᠢᠬᠡᠮ ᠤᠨ ᠭᠤᠣᠯ ᠵᠦᠷᠢᠴᠡᠯ ᠤᠨ ᠬᠤᠪᠢᠷᠠᠯᠲᠠ ᠶᠢᠨ ᠲᠣᠭᠤᠷᠢᠨ ᠳᠤ ᠥᠨᠳᠦᠷ ᠶᠠᠰᠤ ᠴᠢᠨᠠᠷᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠲᠠ ᠶᠢ ᠨᠢᠭᠡᠳᠤᠯᠲᠠᠢ ᠲᠥᠯᠤᠪᠵᠢᠭᠦᠯᠦᠨ ᠠᠬᠢᠭᠤᠯᠵᠤ ︽ᠲᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠤᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠠ ᠪᠠᠷ ᠭᠤᠣᠯ ᠱᠤᠭᠤᠮ ᠪᠣᠯᠭᠠᠨ ᠨᠡᠮᠡᠭᠳᠡᠯ ᠢ ᠲᠣᠭᠳᠠᠪᠤᠷᠢᠵᠢᠭᠤᠯᠬᠤ᠂ ᠥᠭᠡᠷᠡᠴᠢᠯᠡᠯᠲᠠ ᠶᠢ ᠠᠬᠢᠭᠤᠯᠬᠤ᠂ ᠪᠥᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠯᠠᠪᠳᠠᠭᠤᠨ ᠰᠠᠶᠢᠲᠤᠷ ᠬᠢᠵᠤ᠂ ᠴᠢᠬᠤᠯᠠ ᠶᠡᠭᠡ ᠲᠥᠭᠰᠢᠭᠦᠷᠢ ᠶᠢ ᠰᠡᠷᠭᠡᠶᠢᠯᠡᠵᠤ ᠰᠢᠢᠳᠪᠤᠷᠢᠯᠡᠬᠦ᠂ ᠶᠠᠳᠠᠭᠤ ᠠᠴᠠ ᠨᠠᠷᠢᠯᠢᠭ ᠣᠨᠣᠪᠴᠢᠲᠠᠢ ᠠᠩᠭᠢᠵᠢᠷᠠᠭᠤᠯᠬᠤ᠂ ᠪᠣᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠤ᠂ ᠬᠥᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠶᠢᠨ ︽ᠭᠤᠷᠪᠠᠨ ᠵᠣᠷᠪᠣᠰ ᠬᠤᠷᠢᠭ᠎ᠠ ᠱᠤᠭᠤᠮ︾ ᠢ ᠦᠨᠡᠨᠬᠦ ᠰᠠᠶᠢᠲᠤᠷ ᠰᠠᠬᠢᠵᠤ ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃      ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠥᠨᠥ ᠵᠢᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠭᠤᠣᠯ ᠪᠣᠯᠬᠤ ᠵᠢᠱᠢᠯᠲᠡ ᠬᠠᠷᠠᠯᠲᠠ ᠪᠣᠯ᠄ ᠣᠷᠣᠨ ᠨᠣᠲᠤᠭ ᠤᠨ ᠦᠢᠯᠡᠳᠪᠤᠷᠢᠯᠠᠯ ᠤᠨ ᠶᠡᠷᠥᠩᠬᠡᠢ ᠥᠷᠲᠡᠭ ᠢ 9.5% ᠨᠡᠮᠡᠭᠳᠡᠭᠦᠯᠵᠦ᠂ ᠨᠡᠶᠢᠬᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 9.6% ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠣᠬᠢᠷᠠᠭᠤᠯᠵᠤ ᠪᠣᠯᠬᠤ ᠣᠷᠣᠯᠭ᠎ᠠ ᠶᠢ ᠲᠤᠰᠪᠤᠷᠢ 7.5%᠂ 8.5% ᠨᠡᠮᠡᠭᠳᠡᠭᠦᠯᠤᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠨ᠎ᠠ᠃      ᠳᠡᠭᠡᠷᠡᠬᠢ ᠦᠭᠦᠯᠡᠭᠰᠡᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠬᠢᠨ᠎ᠡ᠄      ︵ᠨᠢᠬᠡ︶ ᠴᠢᠬᠤᠯᠠ ᠶᠡᠭᠡ ᠲᠦᠷᠥᠯ ᠵᠣᠶᠢᠯ ᠤᠨ ᠪᠠᠶᠢᠭᠤᠯᠣᠯᠳᠠ ᠶᠢ ᠰᠠᠶᠢᠳᠣᠷ ᠠᠳᠬᠤᠵᠣ ᠠᠵᠣ ᠠᠬᠤᠢ  ᠶᠢᠨ ᠳᠣᠭᠳᠠᠭᠤᠨ ᠨᠡᠮᠡᠭᠳᠡᠯ ᠢ ᠪᠠᠳᠣᠯᠠᠨ᠎ᠠ᠃ ᠬᠦᠭᠵᠢᠯᠳᠡ ᠪᠣᠯ ᠨᠢᠬᠡᠳᠣᠬᠡᠷ ᠴᠢᠬᠤᠯᠠ ᠡᠬᠦᠷᠬᠡ ᠮᠦᠨ ᠬᠡᠳᠡᠭ ᠢ ᠪᠠᠷᠢᠮᠳᠠᠯᠠᠨ ᠲᠦᠷᠥᠯ ᠵᠣᠶᠢᠯ ᠤᠨ ᠪᠠᠶᠢᠭᠤᠯᠣᠯᠳᠠ ᠪᠠᠷ ᠵᠢᠯᠣᠭᠤᠳᠤᠭᠤᠯᠵᠤ ᠪᠡᠯᠡ ᠣᠷᠣᠭᠤᠯᠣᠯᠳᠠ ᠶᠢ ᠦᠷᠬᠡᠳᠬᠡᠨ ᠠᠰᠢᠭᠯᠠᠯᠲᠠ ᠳᠤ ᠣᠷᠣᠬᠤ ᠶᠢ ᠠᠬᠢᠭᠤᠯᠵᠣ ᠳᠣᠭᠳᠠᠭᠤᠨ ᠢᠶᠠᠷ ᠠᠵᠢᠯᠯᠠᠭᠤᠯᠤᠨ ᠠᠵᠣ ᠠᠬᠤᠢ ᠶᠢᠨ ᠳᠣᠭᠳᠠᠭᠤᠨ ᠨᠡᠮᠡᠭᠳᠡᠯ ᠢ ᠪᠡᠶᠡᠯᠡᠭᠦᠯᠤᠨ᠎ᠡ᠃      ᠪᠦᠳᠣᠮᠵᠢᠳᠡᠢ ᠪᠡᠯᠡ ᠣᠷᠣᠭᠤᠯᠣᠯᠳᠠ ᠶᠢ ᠬᠦᠴᠦᠯᠡᠨ ᠦᠷᠬᠡᠳᠬᠡᠨ᠎ᠠ᠃ 25 ᠲᠦᠷᠥᠯ ᠤᠨ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠴᠢᠬᠤᠯᠠ ᠶᠡᠭᠡ ᠲᠦᠷᠥᠯ ᠵᠣᠶᠢᠯ ᠢ ᠭᠤᠣᠯᠳᠠᠯᠭᠠᠳᠠᠢ ᠵᠣᠬᠢᠶᠠᠨ ᠪᠠᠶᠢᠭᠤᠯᠣᠨ ᠬᠡᠷᠡᠭᠵᠢᠬᠦᠯᠥᠨ᠎ᠠ᠃ ᠶᠢᠨ ᠴᠧᠩ ᠲᠠᠢ ᠺᠣᠮᠫᠠᠨᠢ ᠶᠢᠨ 30 ᠲᠦᠮᠡᠨ ᠳᠣᠨᠨ᠋ᠨ ᠡᠲ᠋ᠢᠯ ᠬᠤᠶᠠᠷᠴᠢ ᠠᠯᠺᠦᠣᠯ ᠵᠡᠷᠬᠡ 4 ᠲᠦᠷᠥᠯ ᠵᠣᠶᠢᠯ ᠢ ᠣᠷᠣᠨᠵᠢᠭᠤᠯᠵᠤ᠂ ᠵᠦᠩ ᠮᠧᠢ ᠪᠦᠯᠥᠭᠯᠡᠯ ᠤᠨ ᠡᠨᠧᠷᠬᠢ ᠬᠢᠮᠢ ᠶᠢᠨ ᠨᠠᠶᠢᠯᠡᠯ ᠬᠡᠢ ᠪᠠᠷ ᠵᠢᠯ ᠤᠨ ᠭᠠᠷᠣᠯᠳᠠ 100 ᠲᠦᠮᠡᠨ ᠳᠣᠨᠨ᠋ᠨ ᠪᠣᠯᠬᠤ ᠮᠧᠲ᠋ᠢᠯ ᠠᠯᠺᠦᠣᠯ ᠢ ᠦᠢᠯᠡᠳᠬᠦ ᠮᠡᠷᠬᠡᠵᠢᠯ ᠤᠨ ᠦᠬᠡᠷᠡᠴᠢᠯᠡᠯᠳᠡ᠂ ᠵᠦᠩ ᠲᠢᠶᠠᠨ ᠾᠧ ᠴᠤᠸᠠᠩ ᠺᠣᠮᠫᠠᠨᠢ ᠶᠢᠨ 90 ᠲᠦᠮᠡᠨ ᠳᠣᠨᠨ᠋ᠨ \ ᠵᠢᠯ ᠮᠧᠲ᠋ᠢᠯ ᠠᠯᠺᠦᠦᠯ ᠤᠨ ᠴᠡᠪᠡᠷ ᠨᠠᠷᠠᠮᠠᠯ ᠤᠨ ᠳᠣᠨᠣᠭᠯᠠᠯ ᠢ ᠨᠡᠮᠡᠨ ᠳᠣᠬᠢᠷᠠᠭᠤᠯᠬᠤ ᠵᠢᠴᠢ ᠬᠠᠳᠠᠭᠠᠯᠠᠵᠣ ᠵᠦᠬᠡᠬᠡᠪᠦᠷᠢᠯᠡᠬᠦ ᠰᠢᠰᠲ᠋ᠧᠮ ᠢ ᠲᠦᠬᠦᠷᠵᠢᠬᠦᠯᠬᠦ ᠵᠡᠷᠬᠡ ᠲᠦᠷᠥᠯ ᠵᠣᠶᠢᠯ ᠤᠨ ᠠᠵᠢᠯ ᠢ ᠬᠤᠭᠤᠴᠠᠭ᠎ᠠ ᠶᠣᠰᠣᠭᠠᠷ ᠡᠬᠢᠯᠡᠬᠦᠯᠬᠦ ᠪᠠ ᠰᠡᠷᠬᠦᠬᠡᠨ᠎ᠠ︔ ᠣᠯᠣᠰ ᠤᠨ ᠵᠠᠮ ᠤᠨ 242 ᠱᠤᠭᠤᠮ ᠤᠨ ᠭᠠᠯᠠᠭᠤᠳᠣ ᠠᠴᠠ ᠪᠣᠯᠠᠭ ᠤᠨ ᠭᠤᠣᠯ ᠬᠦᠷᠬᠦ ᠬᠡᠰᠡᠭ᠂ ᠮᠣᠵᠢ ᠶᠢᠨ ᠵᠠᠮ ᠤᠨ 215 ᠱᠤᠭᠤᠮ ᠤᠨ ᠲᠦᠩᠽᠢ ᠠᠴᠠ ᠵᠠᠮᠪᠠ ᠶᠢᠨ ᠳᠠᠯ᠎ᠠ ᠬᠦᠷᠬᠦ᠂ ᠮᠣᠵᠢ ᠶᠢᠨ ᠵᠠᠮ ᠤᠨ 317 ᠱᠤᠭᠤᠮ ᠤᠨ ᠳᠣᠯᠢ  ᠠᠴᠠ ᠨᠠᠩᠰᠣ ᠬᠦᠷᠬᠦ ︵ᠬᠤᠶᠠᠳᠣᠭᠠᠷ ᠬᠤᠭᠤᠴᠠᠭ᠎ᠠ︶ ᠵᠠᠰᠠᠮᠠᠯ ᠵᠠᠮ ᠤᠨ ᠲᠦᠷᠥᠯ ᠵᠣᠶᠢᠯ ᠢ ᠬᠡᠷᠡᠭᠵᠢᠬᠦᠯᠵᠣ ᠣᠯᠣᠰ  ᠤᠨ ᠵᠠᠮ ᠤᠨ 338 ᠱᠤᠭᠤᠮ ᠤᠨ ᠭᠠᠯᠠᠭᠤᠳᠣ ᠠᠴᠠ ᠰᠤᠪᠣᠷᠭ᠎ᠠ ᠭᠤᠷᠪᠠᠳᠣᠭᠠᠷ ᠰᠢᠳᠠᠮᠠᠬᠠᠢ ᠬᠡᠢ ᠰᠢᠢᠳᠪᠣᠷᠢᠯᠡᠬᠦ ᠣᠶᠢᠯᠡᠳᠪᠣᠷᠢ ᠬᠦᠷᠬᠦ ᠬᠡᠰᠡᠭ ᠤᠨ ᠨᠢᠬᠡᠳᠣᠬᠡᠷ ᠳᠠᠰ ᠤᠨ ᠵᠠᠰᠠᠮᠠᠯ ᠵᠠᠮ ᠤᠨ ᠪᠠᠶᠢᠭᠤᠯᠣᠯᠳᠠ ᠶᠢ ᠲᠦᠷᠬᠡᠳᠬᠡᠨ᠎ᠠ︔ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠳᠠᠮᠣᠷ ᠵᠠᠮ ᠤᠨ ᠵᠠᠮ ᠳᠠᠪᠢᠰᠬᠦ ᠠᠵᠢᠯ ᠢ ᠳᠠᠭᠤᠰᠬᠠᠨ᠎ᠠ︔ ᠨᠠᠷᠢᠠᠭᠤᠣᠯ ᠤᠨ ᠬᠤᠶᠠᠳᠣᠭᠠᠷ ᠨᠣᠮᠧᠷᠳᠣ ᠠᠭᠤᠷᠬᠠᠢ ᠶᠢᠨ ᠬᠤᠳᠳᠤᠭ ᠤᠨ ᠳᠠᠮᠣᠷ ᠵᠠᠮ ᠤᠨ ᠳᠣᠰᠬᠠᠢ ᠬᠡᠷᠡᠭᠯᠡᠬᠡᠨ ᠤ ᠱᠤᠭᠤᠮ ᠢ ᠡᠬᠢᠯᠡᠨ ᠪᠠᠶᠢᠭᠤᠯᠣᠨ᠎ᠠ︔ ᠨᠠᠶᠢᠳᠠᠮ ᠬᠡᠷᠡᠭᠯᠡᠬᠡᠨ ᠤ ᠨᠢᠰᠬᠡᠯ  ᠤᠨ ᠪᠠᠭᠤᠳᠠᠯ ᠢ ᠪᠥᠲᠥᠭᠡᠨ ᠪᠠᠶᠢᠭᠤᠯᠬᠤ ᠱᠠᠳᠣᠨ ᠳᠤ ᠣᠷᠣᠭᠤᠯᠬᠤ ᠪᠠᠷ ᠴᠢᠷᠮᠠᠶᠢᠨ᠎ᠠ᠃ ᠦᠣᠰᠢᠨ 500 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠢ ᠡᠬᠢᠯᠡᠬᠦᠯᠵᠣ ᠬᠤᠨᠴᠢᠠᠭᠤᠣᠯ 500 ᠺᠢᠯᠣᠸᠣᠯᠲ ᠶᠢᠨ ᠴᠠᠬᠢᠯᠭᠠᠨ ᠬᠤᠪᠢᠰᠬᠠᠬᠤ ᠦᠷᠳᠡᠭᠡ ᠠᠴᠠ ᠳᠣᠭᠤᠯᠳᠡᠢ 220 ᠺᠢᠯᠣᠸᠣᠯᠲ ᠤᠨ ᠴᠠᠬᠢᠯᠭᠠᠨ ᠬᠤᠪᠢᠰᠬᠠᠬᠤ ᠦᠷᠳᠡᠭᠡ ᠬᠦᠷᠬᠦ ᠪᠠ ᠰᠢᠷᠬᠤᠰᠣᠨ 220 ᠺᠢᠯᠣᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠶᠢᠨ Ⅱ ᠴᠠᠬᠢᠯᠭᠠᠨ ᠡᠬᠦᠰᠬᠡᠬᠦᠷ ᠤᠨ ᠱᠤᠭᠤᠮ ᠤᠨ ᠢᠨᠵᠧᠨᠧᠷᠢᠩ ᠤᠨ ᠪᠠᠶᠢᠭᠤᠯᠣᠯᠳᠠ ᠶᠢ ᠲᠦᠷᠬᠡᠳᠬᠡᠨ ᠠᠬᠢᠭᠤᠯᠣᠨ᠎ᠠ᠃ ᠠᠷᠠᠳ ᠤᠨ ᠳᠣᠮᠳᠠᠬᠢ ᠪᠡᠯᠡ ᠣᠷᠣᠭᠤᠯᠣᠯᠳᠠ ᠶᠢᠨ ᠳᠠᠯᠳᠠ ᠬᠦᠴᠦᠨ ᠢ ᠪᠦᠳᠣᠮᠵᠢᠳᠡᠢ ᠪᠠᠳᠠᠷᠠᠭᠤᠯᠣᠨ᠎ᠠ᠃ ︽ᠬᠤᠷᠢᠭ᠎ᠠ ᠦᠬᠡᠢ ᠪᠣᠯ ᠵᠦᠪᠰᠢᠶᠡᠷᠡᠵᠤ ᠣᠷᠣᠭᠤᠯᠬᠤ︾ ᠱᠠᠭᠠᠷᠳᠠᠯᠭ᠎ᠠ ᠶᠢ ᠴᠢᠩᠭ᠎ᠠ ᠨᠡᠶᠢᠳᠠᠪᠣᠷᠢᠵᠢᠭᠤᠯᠵᠣ ᠠᠷᠠᠳ  ᠤᠨ ᠳᠣᠮᠳᠠᠬᠢ ᠪᠡᠯᠡ ᠮᠦᠩᠬᠦ ᠶᠢᠨ ᠵᠦᠪᠰᠢᠶᠠᠷᠠᠯ ᠤᠨ ᠪᠠᠷᠢᠮᠵᠢᠶ᠎ᠠ ᠶᠢ ᠳᠣᠷᠣᠭᠰᠢᠯᠠᠭᠤᠯᠵᠣ ᠠᠷᠠᠳ ᠤᠨ ᠳᠣᠮᠳᠠᠬᠢ ᠬᠦᠷᠦᠩᠬᠡ ᠶᠢ ᠬᠤᠳᠠ ᠶᠢᠨ ᠶᠠᠪᠣᠳᠠᠯ ᠤᠨ ᠣᠯᠠᠨ ᠨᠡᠶᠢᠳᠠ ᠶᠢᠨ ᠲᠦᠬᠦᠬᠡᠷᠣᠮᠵᠢ᠂ ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ ᠵᠡᠷᠬᠡ ᠬᠦᠷᠢᠶ᠎ᠠ ᠴᠠᠷᠠᠭᠠᠨ ᠤ ᠲᠦᠷᠥᠯ ᠵᠣᠶᠢᠯ ᠤᠨ ᠪᠠᠶᠢᠭᠤᠯᠣᠯᠳᠠ ᠳᠤ ᠣᠷᠣᠯᠴᠠᠬᠤ ᠶᠢ ᠵᠣᠷᠢᠭᠵᠢᠭᠤᠯᠣᠨ ᠵᠢᠯᠣᠭᠤᠳᠴᠣ᠂ ᠴᠢᠬᠤᠯᠠ ᠶᠡᠭᠡ ᠲᠦᠷᠥᠯ ᠵᠣᠶᠢᠯ ᠤᠨ ᠬᠦᠭᠵᠢᠯᠳᠡ ᠶᠢᠨ ᠳᠣᠭᠤᠷᠢᠨ ᠳᠤ ᠬᠦᠮᠦᠷᠬᠡᠯᠡᠯᠳᠡ᠂ ᠪᠠᠷᠠᠭᠠᠨ ᠬᠦᠢᠯᠬᠡᠬᠡ ᠵᠡᠷᠬᠡ ᠲᠦᠬᠦᠷᠵᠢᠭᠰᠡᠨ ᠣᠶᠢᠯᠡᠴᠢᠯᠡᠭᠡ ᠶᠢ ᠬᠠᠩᠭᠠᠨ᠎ᠠ᠃      ᠪᠦᠳᠦᠬᠡᠨ ᠪᠠᠶᠢᠭᠤᠯᠵᠣ ᠪᠠᠶᠢᠭ᠎ᠠ ᠲᠦᠷᠥᠯ ᠵᠣᠶᠢᠯ ᠠᠰᠢᠭᠯᠠᠯᠳᠠ ᠳᠤ ᠣᠷᠣᠬᠤ ᠶᠢ ᠠᠬᠢᠭᠤᠯᠣᠨ᠎ᠠ᠃ ᠬᠤᠷᠸ᠎ᠠ ᠲᠦᠷᠦ ᠶᠢᠨ ᠪᠣᠳᠣᠯᠭ᠎ᠠ ᠶᠢᠨ ᠠᠰᠢᠭᠳᠠᠢ ᠳᠣᠬᠢᠶᠠᠯ ᠢ ᠡᠵᠡᠮᠳᠡᠨ ᠳᠠᠪᠠᠭᠤᠯᠢᠭ ᠣᠶᠢᠯᠡᠳᠪᠣᠷᠢᠯᠡᠯ ᠤᠨ ᠴᠢᠳᠠᠪᠬᠢ ᠶᠢ ᠢᠳᠡᠪᠬᠢᠳᠡᠢ ᠪᠠᠳᠠᠷᠠᠭᠤᠯᠣᠨ ᠨᠡᠬᠦᠷᠠᠰᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠴᠢᠨᠡᠷ ᠪᠦᠳᠣᠮᠵᠢ ᠶᠢ ᠳᠡᠬᠡᠭᠰᠢᠯᠡᠬᠦᠯᠥᠨ᠎ᠠ᠃ ᠨᠡᠬᠦᠷᠠᠰᠣᠨ ᠠᠭᠤᠷᠬᠠᠢ ᠶᠢᠨ ᠭᠠᠭᠴᠠ ᠬᠤᠳᠳᠤᠭ ᠤᠨ ᠭᠠᠷ ᠬᠦᠢᠴᠡᠳᠬᠡᠯ ᠤᠨ ᠬᠦᠢᠴᠡᠳᠬᠡᠯᠳᠡ ᠶᠢ ᠲᠦᠷᠬᠡᠳᠬᠡᠵᠣ ᠬᠤᠯᠣᠰᠣ ᠨᠡᠬᠦᠷᠠᠰᠣᠨ ᠠᠭᠤᠷᠬᠠᠢ ᠶᠢᠨ ᠠᠭᠤᠷᠬᠠᠢ ᠮᠠᠯᠳᠠᠬᠤ ᠵᠦᠪᠰᠢᠶᠠᠷᠠᠯ ᠢ ᠣᠯᠬᠤ ᠪᠠᠷ ᠴᠢᠷᠮᠡᠶᠢᠵᠣ ᠮᠣᠳᠣᠨᠴᠠᠶᠢᠳᠠᠮ ᠨᠡᠬᠦᠷᠠᠰᠣᠨ ᠠᠭᠤᠷᠬᠠᠢ᠂ ᠨᠠᠷᠢᠠᠭᠤᠣᠯ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠶᠢᠨ ᠬᠠᠮᠳᠣᠷᠠᠨ ᠳᠣᠷᠰᠢᠨ ᠠᠵᠢᠯᠯᠠᠭᠤᠯᠬᠤ ᠶᠢ ᠪᠠᠶᠡᠯᠡᠬᠦᠯᠵᠣ᠂ ᠶᠢᠩ ᠫᠠᠨ ᠬᠤᠣ ᠨᠡᠬᠦᠷᠠᠰᠣᠨ ᠠᠭᠤᠷᠬᠠᠢ ᠶᠢᠨ ᠬᠢᠨᠡᠨ ᠵᠦᠪᠰᠢᠶᠠᠷᠠᠯ ᠢ ᠣᠯᠵᠣ᠂ ᠪᠦᠬᠦ ᠵᠢᠯ ᠤᠨ ᠨᠡᠬᠦᠷᠠᠰᠣᠨ ᠭᠠᠷᠣᠯᠳᠠ ᠶᠢ 5000 ᠲᠦᠮᠡᠨ ᠳᠣᠨᠨ᠋ᠨ ᠬᠦᠷᠭᠡᠬᠦ ᠪᠠᠷ ᠴᠢᠷᠮᠠᠶᠢᠨ᠎ᠠ᠃ ᠳᠣᠮᠳᠠᠳᠣ ᠣᠯᠣᠰ ᠤᠨ ᠴᠢᠯᠠᠭᠤᠨ ᠳᠣᠰᠣᠨ  ᠤ ᠪᠦᠯᠥᠭᠯᠡᠯ᠂ ᠳᠣᠮᠳᠠᠳᠣ ᠣᠯᠣᠰ ᠤᠨ ᠴᠢᠯᠠᠭᠤᠨ ᠳᠣᠰᠣ ᠬᠢᠮᠢ ᠶᠢᠨ ᠠᠵᠣ ᠣᠶᠢᠯᠡᠳᠪᠣᠷᠢ ᠶᠢᠨ ᠪᠦᠯᠥᠭᠯᠡᠯ ᠤᠨ ᠪᠠᠶᠢᠭᠠᠯᠢ ᠶᠢᠨ ᠰᠢᠳᠠᠮᠠᠬᠠᠢ ᠬᠡᠢ ᠨᠡᠭᠡᠭᠡᠬᠦ ᠶᠢ ᠳᠠᠮᠵᠢᠵᠣ ᠵᠢᠯ ᠤᠨ ᠲᠣᠳᠣᠷ᠎ᠠ 500 ᠢᠯᠡᠬᠦᠣ ᠬᠡᠢ ᠶᠢᠨ ᠬᠤᠳᠳᠤᠭ ᠰᠢᠨ᠎ᠡ ᠪᠠᠷ ᠮᠠᠯᠳᠠᠵᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠭᠠᠷᠣᠯᠳᠠ ᠶᠢᠨ ᠬᠡᠮᠵᠢᠶ᠎ᠠ ᠳᠣᠭᠳᠠᠭᠤᠨ ᠨᠡᠮᠡᠭᠳᠡᠬᠦ ᠶᠢ ᠪᠠᠳᠣᠯᠠᠨ᠎ᠠ᠃ ᠲᠦᠷᠥᠯ ᠵᠣᠶᠢᠯ ᠤᠨ ᠳᠣᠬᠢᠷᠠᠭᠤᠯᠣᠯᠳᠠ ᠶᠢ ᠴᠢᠩᠭᠠᠳᠬᠠᠵᠣ ᠪᠥᠸᠧ ᠷᠦᠢ ᠳ᠋ᠠ ᠪᠠᠷᠠᠭᠠᠨ ᠬᠦᠢᠯᠬᠡᠬᠡᠨ  ᠤ ᠺᠣᠮᠫᠠᠨᠢ ᠶᠢᠨ ᠬᠦᠮᠦᠷᠬᠡᠯᠡᠯᠳᠡ᠂ ᠴᠠᠩ ᠬᠤᠩ ᠰᠦᠯᠢᠶᠣᠣ ᠶᠢᠨ ᠣᠶᠢᠯᠡᠰ ᠤᠨ ᠺᠣᠮᠫᠠᠨᠢ ᠶᠢᠨ ᠬᠦᠨᠳᠣ ᠠᠴᠢᠶ᠎ᠠ ᠶᠢ ᠪᠣᠭᠤᠳᠠᠯᠯᠠᠬᠤ 2000 ᠲᠦᠮᠡᠨ ᠬᠡᠰᠡᠭ ᠪᠦᠷᠬᠦᠪᠴᠢ ᠤᠭᠤᠲᠠ ᠵᠡᠷᠬᠡ 7 ᠲᠦᠷᠥᠯ ᠵᠣᠶᠢᠯ ᠤᠨ ᠪᠠᠷᠢᠯᠭ᠎ᠠ ᠶᠢ ᠳᠠᠭᠤᠰᠬᠠᠵᠣ ᠠᠰᠢᠭᠯᠠᠯᠳᠠ ᠳᠤ ᠣᠷᠣᠭᠤᠯᠣᠨ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠢ ᠰᠢᠨ᠎ᠡ ᠪᠠᠷ 2 ᠨᠡᠮᠡᠭᠳᠡᠬᠦᠯᠥᠨ᠎ᠠ᠃      ᠬᠦᠷᠢᠶᠠᠯᠠᠩ ᠳᠣᠭᠤᠷᠢᠭ ᠢ ᠬᠦᠭᠵᠢᠬᠦᠯᠥᠨ ᠮᠠᠨᠳᠣᠭᠤᠯᠬᠤ ᠲᠥᠯᠥᠪᠯᠡᠭᠡ ᠶᠢ ᠬᠡᠷᠡᠭᠵᠢᠬᠦᠯᠣᠨ᠎ᠠ᠃ ᠬᠦᠷᠢᠶᠡᠯᠡᠩ ᠲᠣᠭᠤᠷᠢᠭ ᠶᠢᠨ ᠥᠨᠳᠦᠷ ᠴᠢᠨᠠᠷᠲᠤ ᠬᠥᠭᠵᠢᠯᠲᠠ ᠶᠢ ᠠᠬᠢᠭᠤᠯᠬᠤ ᠪᠠᠶᠢᠭᠤᠯᠤᠮᠵᠢ ᠲᠣᠭᠲᠠᠯᠴᠠᠭ᠎ᠠ ᠶᠢ ᠪᠥᠷᠢᠨᠰᠢᠭᠦᠯᠵᠤ ᠂ ᠥᠨᠳᠦᠷ ᠪᠥᠲᠥᠮᠵᠢᠲᠠᠢ᠂ ᠡᠷᠴᠢᠮᠵᠢᠭᠰᠡᠨ᠂ ᠪᠣᠬᠢᠷᠳᠤᠯ ᠦᠭᠡᠢ᠂ ᠣᠶᠣᠨᠴᠢᠯᠠᠭᠰᠠᠨ᠂ ᠰᠢᠨ᠎ᠡ ᠶᠢ ᠡᠭᠦᠳᠴᠦ ᠵᠢᠯᠣᠭᠤᠳᠣᠭᠰᠠᠨ ᠬᠥᠭᠵᠢᠯᠲᠡ ᠶᠢᠨ ᠠᠷᠭ᠎ᠠ ᠶᠢ ᠪᠠᠷᠢᠮᠲᠠᠯᠠᠵᠤ ᠠᠮᠢ ᠠᠬᠤᠶᠢᠵᠢᠭᠰᠠᠨ᠂ ᠰᠢᠨ᠎ᠡ ᠶᠢ ᠡᠭᠦᠳᠦᠭᠰᠡᠨ᠂ ᠣᠶᠣᠨᠴᠢᠯᠠᠭᠰᠠᠨ ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ᠃ ᠬᠦᠷᠢᠶᠠᠯᠠᠩ ᠳᠣᠭᠤᠷᠢᠭ ᠤᠨ ᠵᠠᠮ᠂ ᠬᠤᠭᠤᠯᠠᠢ ᠳᠣᠣᠷ ᠵᠡᠷᠬᠡ ᠰᠠᠭᠤᠷᠢ ᠲᠦᠬᠦᠬᠡᠷᠣᠮᠵᠢ ᠶᠢ ᠳᠡᠬᠦᠯᠳᠡᠷᠵᠢᠬᠦᠯᠵᠣ ᠰᠣᠷᠭᠠᠨ ᠬᠦᠮᠦᠵᠢᠯ᠂ ᠡᠮ ᠡᠮᠨᠡᠯᠬᠡ᠂ ᠰᠣᠶᠣᠯ ᠳᠠᠮᠢᠷ᠂ ᠵᠤᠭ᠎ᠠ ᠴᠡᠩᠬᠡᠯ ᠵᠡᠷᠬᠡ ᠶᠢᠨ ᠲᠦᠬᠦᠷᠵᠢᠭᠰᠡᠨ ᠴᠢᠳᠠᠪᠬᠢ ᠶᠢ ᠬᠦᠢᠴᠡᠳ ᠪᠣᠯᠭᠠᠵᠣ ᠰᠤᠪᠤᠷᠭ᠎ᠠ ᠠᠵᠤ ᠠᠬᠤᠢ ᠶᠢᠨ ᠨᠡᠭᠡᠭᠡᠯᠲᠠ ᠶᠢᠨ ᠲᠣᠭᠤᠷᠢᠭ ᠤᠨ ᠴᠠᠬᠢᠯᠭᠠᠨ ᠢ ᠨᠢᠬᠡᠳᠣᠯᠳᠡᠢ ᠲᠣᠬᠢᠷᠠᠭᠤᠯᠵᠣ ᠬᠦᠷᠭᠡᠬᠦ ᠠᠵᠢᠯ ᠤᠨ ᠥᠭᠡᠷᠡᠴᠢᠯᠡᠯᠲᠠ ᠶᠢ ᠭᠦᠨᠵᠡᠭᠡᠶᠢᠷᠡᠭᠦᠯᠵᠤ᠂ ᠬᠦᠷᠢᠶᠠᠯᠠᠩ ᠳᠣᠭᠤᠷᠢᠭ ᠤᠨ ᠬᠦᠴᠦᠨ ᠵᠦᠢᠯ ᠤᠨ ᠲᠤᠯᠭᠠᠭᠤᠷᠢᠯᠠᠯ ᠲᠦᠷᠥᠯ ᠵᠣᠶᠢᠯ ᠤᠨ ᠵᠠᠯᠭᠠᠯᠳᠣᠯ᠂ ᠠᠵᠣ ᠣᠶᠢᠯᠡᠰ ᠤᠨ ᠴᠣᠭᠯᠠᠷᠠᠯ ᠤᠨ ᠣᠶᠢᠯᠡᠳᠣᠯ ᠢ ᠪᠠᠳᠠᠷᠠᠭᠤᠯᠣᠨ᠎ᠠ᠃ ᠬᠤᠳᠠᠯᠳᠣᠭᠠᠴᠢᠨ ᠣᠷᠢᠬᠤ ᠳᠣᠰᠬᠠᠢ ᠪᠦᠯᠬᠦᠮ ᠢ ᠵᠣᠬᠢᠶᠠᠨ ᠪᠠᠶᠢᠭᠤᠯᠵᠣ ᠠᠵᠣ ᠣᠶᠢᠯᠡᠰ ᠤᠨ ᠬᠡᠯᠬᠢᠶᠠᠵᠢᠯ᠂ ᠠᠵᠣ ᠠᠬᠤᠶᠢᠯᠡᠯ᠂ ᠲᠣᠭᠲᠠᠭᠰᠠᠨ ᠴᠢᠭᠯᠡᠯ ᠢᠶᠠᠷ ᠬᠤᠳᠠᠯᠳᠣᠭᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ ᠳᠠᠮᠵᠢᠨ ᠬᠦᠷᠢᠶᠠᠯᠠᠩ ᠳᠣᠭᠤᠷᠢᠭ ᠤᠨ ᠪᠠᠶᠢᠷᠢ ᠲᠣᠭᠲᠠᠭᠠᠯᠲᠠ  ᠳᠤ ᠲᠣᠬᠢᠷᠠᠭᠰᠠᠨ ᠣᠷᠳᠣᠳᠬᠠᠵᠣ ᠨᠦᠬᠦᠪᠦᠷᠢᠯᠡᠬᠦ ᠲᠦᠷᠥᠯ ᠵᠣᠶᠢᠯ ᠢ ᠬᠦᠴᠦᠯᠡᠨ ᠣᠷᠣᠭᠤᠯᠵᠣ ᠦᠪᠡᠷᠮᠢᠴᠡ ᠣᠨᠴᠠᠯᠢᠭ ᠢᠶᠠᠷ ᠳᠣᠳᠣ᠂ ᠨᠥᠯᠤᠭᠡᠯᠡᠯ ᠶᠡᠬᠡᠲᠠᠢ᠂ ᠦᠷᠢᠰᠣᠯᠳᠣᠬᠦ ᠬᠦᠴᠦᠨ ᠢᠶᠠᠷ ᠴᠢᠩᠭ᠎ᠠ ᠠᠵᠣ ᠣᠶᠢᠯᠡᠰ ᠤᠨ ᠴᠣᠭᠯᠠᠷᠠᠯ ᠣᠷᠣᠨ ᠪᠦᠷᠢᠯᠳᠦᠬᠦ ᠶᠢ ᠲᠦᠯᠬᠢᠨ ᠠᠬᠢᠭᠤᠯᠣᠨ᠎ᠠ᠃      ︵ᠬᠤᠶᠠᠷ︶ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾ ᠢ ᠰᠠᠶᠢᠳᠣᠷ ᠬᠢᠵᠣ ᠬᠦᠭᠵᠢᠯᠳᠡ  ᠶᠢᠨ ᠳᠠᠩᠴᠡᠬᠦᠷᠢᠳᠣ ᠴᠢᠨᠡᠷ ᠢ ᠴᠢᠩᠭᠠᠷᠠᠭᠤᠯᠣᠨ᠎ᠠ᠃ ᠬᠢᠵᠠᠭᠠᠷ ᠱᠤᠭᠤᠮ ᠤᠨ ᠰᠡᠳᠬᠢᠬᠦᠢ ᠪᠠ ᠬᠤᠷᠢᠭ᠎ᠠ ᠱᠤᠭᠤᠮ  ᠤᠨ ᠦᠵᠡᠯ ᠣᠬᠠᠮᠰᠠᠷ ᠢ ᠪᠠᠳᠣ ᠪᠠᠬᠢ ᠪᠣᠢ ᠪᠣᠯᠭᠠᠵᠣ ᠳᠡᠬᠡᠳᠣ ᠬᠡᠮᠵᠢᠶᠡᠨ ᠤ ᠣᠯᠣᠰ ᠲᠦᠷᠦ ᠶᠢᠨ ᠬᠠᠷᠢᠭᠤᠴᠠᠯᠭᠠᠳᠣ ᠰᠠᠳᠬᠢᠯᠬᠡ ᠪᠠ ᠡᠷᠡᠰ ᠴᠢᠩᠭ᠎ᠠ ᠡᠬᠦᠷᠬᠡᠯᠡᠯ ᠤᠨ ᠵᠣᠷᠢᠭ ᠰᠠᠨᠠᠭ᠎ᠠ ᠪᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠠᠵᠢᠯ ᠤᠨ ᠢᠯᠠᠭᠳᠠᠵᠤ ᠪᠣᠯᠤᠰᠢ ᠦᠭᠡᠢ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾  ᠢ ᠰᠠᠶᠢᠳᠣᠷ ᠬᠢᠨ᠎ᠠ᠃      ᠴᠢᠬᠤᠯᠠ ᠶᠡᠭᠡ ᠲᠦᠭᠰᠢᠬᠦᠷᠢ ᠶᠢ ᠰᠠᠷᠬᠡᠶᠢᠯᠡᠨ ᠰᠢᠢᠳᠪᠣᠷᠢᠯᠡᠬᠦ ᠪᠣᠭᠤᠮᠲᠠ ᠰᠢᠪᠳᠣᠯᠬᠤ ᠳᠠᠶᠢᠯᠠᠯᠳᠣᠭᠠᠨ ᠢ ᠡᠷᠡᠰ ᠴᠢᠩᠭ᠎ᠠ ᠰᠠᠶᠢᠳᠣᠷ ᠬᠢᠨ᠎ᠡ᠃ ᠵᠠᠰᠠᠭ ᠤᠨ ᠣᠷᠳᠣᠨ ᠤ ᠦᠷᠢ ᠰᠢᠷᠢ ᠶᠢ ᠢᠯᠭᠠᠷᠠᠭᠤᠯᠬᠤ ᠠᠵᠢᠯ ᠢ ᠳᠣᠪᠣᠶᠢᠯᠭᠠᠨ ᠰᠠᠶᠢᠳᠣᠷ ᠠᠳᠬᠤᠨ᠎ᠠ᠃ ᠬᠢᠨᠠᠨ ᠪᠣᠳᠣᠬᠤ ᠠᠵᠢᠯ ᠶᠢᠨ ᠬᠢᠨᠠᠨ ᠬᠠᠰᠤᠯᠲᠠ᠂ ᠲᠦᠰᠦᠪ ᠤᠨ ᠲᠣᠬᠢᠷᠠᠭᠤᠯᠤᠯᠲᠠ᠂ ᠤᠯᠤᠰ ᠤᠨ ᠥᠮᠴᠢᠯᠡᠯᠲᠤ ᠬᠦᠷᠦᠩᠬᠡ ᠶᠢᠨ ᠰᠢᠢᠳᠪᠦᠷᠢᠯᠡᠯᠲᠠ᠂ ᠡᠩ ᠤᠨ ᠵᠠᠷᠣᠯᠭ᠎ᠠ ᠶᠢᠨ ᠪᠠᠭᠠᠰᠬᠠᠯᠲᠠ ᠵᠡᠷᠬᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠣ ᠥᠷᠢ ᠰᠢᠷᠢ ᠶᠢ ᠰᠢᠢᠳᠪᠣᠷᠢᠯᠡᠬᠦ ᠠᠵᠢᠯ ᠢ ᠲᠥᠯᠥᠪᠯᠡᠭᠡ ᠶᠣᠰᠣᠭᠠᠷ ᠠᠬᠢᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠵᠣ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠪᠡᠯᠡ ᠣᠷᠣᠭᠤᠯᠣᠯᠳᠠ ᠶᠢᠨ ᠲᠦᠷᠥᠯ ᠵᠣᠶᠢᠯ ᠢ ᠪᠦᠬᠦ ᠳᠠᠯ᠎ᠠ ᠪᠠᠷ ᠡᠮᠬᠢᠯᠡᠵᠤ ᠬᠡᠳᠣᠷᠬᠡᠢ ᠣᠷᠢᠳᠴᠢᠯᠠᠭᠰᠠᠨ᠂ ᠦᠷᠢ ᠳᠠᠯᠪᠢᠵᠣ ᠪᠠᠶᠢᠭᠤᠯᠣᠭᠰᠠᠨ ᠲᠦᠷᠥᠯ ᠵᠣᠶᠢᠯ ᠢ ᠡᠷᠡᠰ ᠵᠣᠭᠰᠣᠭᠠᠵᠣ᠂ ᠠᠵᠣ ᠠᠬᠤᠢ ᠨᠡᠶᠢᠬᠡᠮ ᠤᠨ ᠬᠦᠭᠵᠢᠯᠳᠡ ᠳᠤ ᠳᠣᠯᠭᠠᠮ᠎ᠠ ᠱᠠᠭᠠᠷᠳᠠᠭᠳᠠᠵᠤ ᠪᠠᠶᠢᠭ᠎ᠠ ᠮᠦᠷᠳᠡᠬᠡᠨ ᠰᠢᠨᠵᠢᠯᠡᠬᠦ ᠣᠬᠠᠭᠠᠨᠴᠢ ᠨᠣᠲᠠᠯᠠᠯᠲᠠ ᠶᠢ ᠳᠠᠮᠵᠢᠭᠰᠠᠨ ᠡᠳ᠋ ᠤᠨ ᠬᠦᠴᠦᠨ ᠤ ᠪᠠᠳᠣᠯᠠᠭ᠎ᠠ ᠲᠠᠢ ᠲᠦᠷᠥᠯ ᠵᠣᠶᠢᠯ ᠢ ᠯᠠᠪᠳᠠᠭᠤᠨ ᠠᠬᠢᠭᠤᠯᠣᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢᠨ ᠲᠦᠷᠥᠯ ᠵᠣᠶᠢᠯ ᠤᠨ ᠨᠠᠷᠢᠨ ᠳᠠᠩᠰᠠ ᠪᠠᠶᠢᠭᠤᠯᠵᠣ᠂ ᠬᠤᠶᠢᠰᠢᠳᠠ ᠨᠠᠷᠢᠨ ᠳᠠᠩᠰᠠ ᠳᠤ ᠣᠷᠣᠭᠤᠯᠣᠭᠰᠠᠨ ᠦᠬᠡᠢ ᠲᠦᠷᠥᠯ ᠵᠣᠶᠢᠯ ᠳᠤ ᠡᠳ᠋ ᠤᠨ ᠵᠠᠰᠠᠭ ᠤᠨ ᠲᠦᠰᠦᠪ ᠤᠨ ᠪᠡᠯᠡ ᠮᠦᠩᠬᠦ ᠳᠣᠬᠢᠷᠠᠭᠤᠯᠬᠤ ᠦᠬᠡᠢ᠃ ᠵᠠᠰᠠᠭ ᠤᠨ ᠣᠷᠳᠣᠨ ᠤ ᠦᠷᠢ ᠰᠢᠷᠢ ᠶᠢᠨ ᠬᠡᠪᠴᠢᠶᠠᠵᠢᠯ ᠢ ᠡᠵᠡᠮᠳᠡᠬᠦ ᠪᠠ ᠲᠦᠭᠰᠢᠬᠦᠷᠢ  ᠶᠢ ᠰᠡᠷᠡᠮᠵᠢᠯᠡᠭᠦᠯᠵᠦ ᠬᠢᠨᠡᠨ ᠬᠡᠮᠵᠢᠬᠦ ᠳᠣᠭᠳᠠᠯᠴᠠᠭ᠎ᠠ ᠶᠢ ᠪᠦᠷᠢᠨᠰᠢᠬᠦᠯᠵᠣ ᠦᠷᠢ ᠶᠢᠨ ᠳᠤᠭ᠎ᠠ ᠶᠢ ᠬᠢᠵᠠᠭᠠᠷᠯᠠᠬᠤ ᠪᠠ ᠲᠦᠰᠦᠪ ᠤᠨ ᠬᠠᠮᠢᠶᠠᠷᠣᠯᠳᠠ ᠶᠢᠨ ᠲᠦᠷᠢᠮ ᠢ ᠴᠢᠩᠭᠠᠳᠬᠠᠵᠣ᠂ ᠦᠷᠢ ᠲᠠᠯᠪᠢᠬᠤ ᠠᠵᠢᠯᠯᠠᠭ᠎ᠠ ᠶᠢ ᠲᠦᠷᠢᠮᠵᠢᠬᠦᠯᠥᠨ᠎ᠠ᠃ ᠬᠠᠣᠯᠢ ᠪᠣᠰᠣ ᠪᠠᠷ ᠪᠡᠯᠡ ᠴᠣᠭᠯᠠᠭᠤᠯᠣᠭᠰᠠᠨ ᠬᠡᠷᠡᠭ ᠪᠠ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠮᠠᠭᠤ ᠨᠦᠯᠦᠬᠡ ᠲᠠᠢ ᠵᠢᠬᠡᠯᠡᠯᠬᠡ ᠵᠡᠷᠬᠡ ᠲᠦᠭᠰᠢᠬᠦᠷᠢ ᠶᠢᠨ ᠳᠠᠯᠳᠡ ᠬᠡᠮ ᠢ ᠰᠡᠷᠬᠡᠶᠢᠯᠡᠵᠣ ᠰᠢᠢᠳᠪᠣᠷᠢᠯᠡᠬᠦ ᠠᠵᠢᠯ ᠢ ᠲᠥᠯᠥᠪᠵᠢᠬᠦᠯᠥᠨ ᠰᠠᠶᠢᠳᠣᠷ ᠬᠢᠵᠣ ᠮᠦᠩᠬᠦᠨ ᠬᠦᠢᠯᠬᠡᠬᠡᠨ ᠤ ᠬᠠᠣᠯᠢ ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠴᠣ ᠮᠦᠩᠬᠦᠨ ᠬᠦᠢᠯᠬᠡᠬᠡᠨ ᠤ ᠰᠢᠰᠲ᠋ᠧᠮᠳᠣ ᠴᠢᠨᠡᠷᠳᠡᠢ ᠲᠦᠭᠰᠢᠬᠦᠷᠢ ᠡᠬᠦᠰᠬᠦ ᠦᠬᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃      ᠶᠠᠳᠠᠭᠤ ᠠᠴᠠ ᠨᠠᠷᠢᠯᠢᠭ ᠣᠨᠣᠪᠴᠢᠳᠠᠢ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠴᠢᠩᠭ᠎ᠠ ᠰᠠᠶᠢᠳᠣᠷ ᠬᠢᠨ᠎ᠠ᠃ ᠶᠠᠳᠠᠭᠤ ᠠᠴᠠ ᠨᠠᠷᠢᠯᠢᠭ ᠣᠨᠣᠪᠴᠢᠳᠠᠢ ᠠᠩᠬᠢᠵᠢᠷᠠᠭᠤᠯᠬᠤ ᠭᠤᠷᠪᠠᠨ ᠵᠢᠯ ᠤᠨ ᠠᠵᠢᠯ  ᠤᠨ ᠲᠦᠯᠦᠪᠵᠢᠭᠦᠯᠭᠡ ᠲᠤᠭᠳᠠᠭᠠᠵᠤ᠂ ︽ᠵᠢᠷᠭᠤᠭᠠᠨ ᠤᠨᠤᠪᠴᠢᠳᠠᠢ ᠪᠠᠶᠢᠬᠤ︾ ᠱᠠᠭᠠᠷᠳᠠᠯᠭ᠎ᠠ ᠶᠤᠰᠤᠭᠠᠷ ᠲᠦᠷᠦ  ᠶᠢᠨ ᠪᠤᠳᠤᠯᠭ᠎ᠠ ᠦᠯᠦ ᠬᠤᠪᠢᠷᠠᠬᠤ᠂ ᠪᠠᠷᠢᠮᠵᠢᠶ᠎ᠠ ᠦᠯᠦ ᠪᠠᠭᠤᠷᠠᠬᠤ᠂ ᠤᠷᠤᠭᠤᠯᠤᠯᠳᠠ ᠦᠯᠦ ᠪᠠᠭᠠᠰᠬᠤ ᠶᠢ ᠪᠠᠷᠢᠮᠳᠠᠯᠠᠨ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠲᠠᠷᠢᠶᠠᠨ ᠭᠠᠵᠠᠷ᠂ ᠤᠰᠤᠨ ᠠᠰᠢᠭᠯᠠᠯᠳᠠ ᠵᠡᠷᠬᠡ ᠰᠠᠭᠤᠷᠢ ᠲᠦᠭᠦᠬᠡᠷᠦᠮᠵᠢ ᠶᠢᠨ ᠪᠦᠳᠦᠭᠡᠨ ᠪᠠᠶᠢᠭᠤᠯᠤᠯᠳᠠ ᠪᠠ ᠮᠠᠯᠴᠢᠨ ᠲᠠᠷᠢᠶᠠᠴᠢᠨ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠶᠠᠳᠠᠭᠤ ᠬᠦᠴᠢᠷᠳᠡᠯᠳᠡᠢ ᠡᠷᠦᠬᠡ ᠲᠠᠰᠢ ᠬᠡᠯᠪᠠᠶᠢᠯᠬᠡᠵᠣ᠂12 ᠡᠷᠦᠬᠡ 40 ᠨᠡᠷ᠎ᠡ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠯᠠᠪᠳᠠᠭᠤᠨ ᠠᠩᠬᠢᠵᠢᠷᠠᠬᠤ ᠶᠢ ᠪᠠᠳᠤᠯᠠᠬᠤ ᠶᠢᠨ ᠬᠠᠮᠳᠤ ᠨᠢᠭᠡᠨᠳᠡ ᠶᠠᠳᠠᠭᠤ ᠠᠴᠠ ᠠᠩᠬᠢᠵᠢᠷᠠᠭᠰᠠᠨ ᠬᠦᠮᠦᠨ ᠠᠮᠠ ᠶᠢ ᠪᠠᠳᠤᠳᠬᠠᠨ ᠲᠡᠳᠬᠦᠬᠦ ᠠᠵᠢᠯ ᠢᠶᠠᠨ ᠬᠠᠮᠲᠤ ᠳᠤᠨᠢ ᠰᠠᠶᠢᠳᠤᠷ ᠠᠳᠬᠤᠨ᠎ᠠ᠃ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠳᠡᠯᠦᠩᠬᠦᠢ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠵᠤ᠂ ᠦᠪᠡᠷᠮᠢᠴᠡ ᠤᠨᠴᠠᠯᠢᠭᠳᠤ ᠲᠡᠳᠬᠦᠨ ᠲᠡᠮᠵᠢᠬᠦ ︽ᠲᠤᠪᠶᠤᠭ︾ ᠲᠤᠭᠳᠠᠭᠠᠵᠤ᠂ ᠲᠡᠳᠬᠦᠨ ᠲᠡᠮᠵᠢᠬᠦ ᠠᠷᠭ᠎ᠠ ᠠᠪᠴᠠᠯ ᠤᠨ ᠬᠠᠨᠳᠤᠯᠭᠠᠳᠤ ᠴᠢᠨᠠᠷ ᠢᠶᠠᠨ ᠴᠢᠩᠭᠠᠳᠬᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠴᠦᠯᠡᠴᠡ ᠪᠠᠨ ᠴᠢᠩᠭᠠᠳᠬᠠᠨ᠂ ᠶᠠᠳᠠᠭᠤ ᠬᠦᠴᠢᠷᠳᠡᠯᠲᠠᠢ 80 ᠡᠷᠦᠬᠡ ᠳᠤ ᠲᠥᠯᠦᠪᠥᠷᠢ ᠦᠭᠡᠢ ᠪᠠᠷ ᠪᠠᠶᠢᠰᠢᠩ ᠪᠠᠷᠢᠵᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ ᠪᠡᠶᠡᠯᠡᠬᠦᠯᠵᠦ᠂ ︽ᠭᠤᠷᠪᠠᠨ ᠨᠢᠭᠡ ᠪᠦᠯᠦᠭ︾ ᠡᠷᠡᠭᠦᠯ ᠮᠡᠨᠳᠤ ᠶᠢᠨ ᠲᠠᠯ᠎ᠠ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠲᠠᠭᠠᠳᠬᠠᠯ᠂ ᠬᠦᠨᠳᠦ ᠡᠪᠡᠳᠴᠢᠨ ᠤ ᠬᠤᠳᠠᠯᠳᠤᠭᠠᠨ ᠤ ᠲᠠᠭᠠᠳᠬᠠᠯ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠲᠤᠰᠠᠯᠠᠮᠵᠢ᠂ ᠡᠷᠡᠬᠦᠯ ᠮᠡᠨᠳᠤ ᠶᠢᠨ ᠬᠤᠳᠠᠯᠳᠤᠭᠠᠨ ᠤ ᠨᠦᠬᠦᠪᠤᠷᠢᠯᠡᠬᠦ ᠲᠠᠭᠠᠳᠬᠠᠯ᠂ ᠶᠠᠳᠠᠭᠤ ᠠᠴᠠ ᠠᠩᠬᠢᠵᠢᠷᠠᠭᠤᠯᠬᠤ ᠡᠮ ᠡᠮᠨᠡᠯᠭᠡ ᠶᠢᠨ ᠨᠦᠬᠦᠪᠤᠷᠢ᠂ ᠨᠡᠶᠢᠭᠡᠮ ᠤᠨ ᠲᠤᠰᠠᠯᠠᠮᠵᠢ ᠵᠡᠷᠬᠡ ︽ᠵᠢᠷᠭᠤᠭᠠᠨ ᠲᠠᠪᠬᠤᠷᠭ᠎ᠠ︾ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠪᠠᠳᠤᠯᠠᠭ᠎ᠠ ᠶᠢᠨ ᠲᠤᠤᠷ ᠢᠶᠠᠨ ᠨᠢᠭᠲᠠᠷᠠᠭᠤᠯᠵᠤ᠂ ᠵᠠᠪᠰᠠᠷ ᠤᠨ ᠡᠷᠦᠬᠡ᠂ ᠪᠠᠳᠤᠳᠬᠠᠨ ᠲᠡᠮᠵᠢᠬᠦ ᠡᠷᠦᠬᠡ  ᠶᠢᠨ ᠬᠢᠨ ᠤ ᠡᠪᠡᠳᠴᠢᠨ ᠭᠠᠮᠰᠢᠭ ᠠᠴᠠ ᠪᠤᠯᠵᠤ ᠶᠠᠳᠠᠭᠤᠷᠠᠬᠤ᠂ ᠲᠠᠬᠢᠨ ᠶᠠᠳᠠᠭᠤᠷᠠᠬᠤ ᠶᠢ ᠰᠡᠷᠬᠡᠶᠢᠯᠡᠨ᠎ᠡ᠃ ᠠᠰᠢᠭ ᠤᠷᠤᠯᠭ᠎ᠠ ᠶᠢᠨ ᠬᠠᠮᠲᠤᠷᠠᠭᠰᠠᠨ ᠲᠤᠭᠳᠠᠴᠠᠳᠤ ᠲᠦᠷᠦᠯ ᠵᠦᠢᠯ ᠤᠨ ᠪᠡᠯᠡ ᠮᠦᠩᠬᠦ ᠲᠤᠬᠢᠷᠠᠭᠤᠯᠵᠤ ᠬᠤᠷᠰᠢᠶ᠎ᠠ᠂ ᠲᠡᠵᠢᠭᠡᠨ ᠦᠷᠡᠵᠢᠬᠦᠯᠬᠦ ᠲᠤᠮᠤ ᠡᠷᠦᠬᠡ ᠪᠤᠯᠤᠨ ᠶᠠᠳᠠᠭᠤ ᠬᠦᠴᠢᠷᠳᠡᠯᠲᠠᠢ ᠡᠷᠦᠬᠡ ᠶᠢᠨ ᠬᠤᠭᠤᠷᠣᠨᠳᠣᠬᠢ ᠠᠰᠢᠭ ᠤᠷᠤᠯᠭ᠎ᠠ ᠪᠠᠨ ᠬᠠᠮᠳᠤᠳᠬᠠᠭᠰᠠᠨ ᠬᠠᠷᠢᠴᠠᠭ᠎ᠠ ᠪᠦᠷᠢᠯᠳᠦᠬᠦ ᠶᠢ ᠠᠬᠢᠭᠤᠯᠤᠨ ᠶᠠᠳᠠᠭᠤ ᠬᠦᠴᠢᠷᠳᠡᠯᠲᠠᠢ ᠬᠦᠮᠦᠨ ᠠᠮᠠ  ᠶᠢ ᠲᠠᠭᠠᠭᠤᠯᠤᠨ ᠬᠦᠭᠵᠢᠬᠦᠯᠥᠨ᠎ᠠ᠃ ᠶᠠᠳᠠᠭᠤ ᠶᠢ ᠲᠡᠳᠬᠦᠬᠦ ᠠᠵᠢᠯ ᠢ ᠵᠤᠷᠢᠭ ᠰᠥᠰᠥ ᠬᠦᠪᠴᠢᠯᠡᠬᠦ᠂ ᠤᠢ ᠪᠢᠯᠢᠭ ᠬᠤᠷᠴᠠᠯᠠᠬᠤ ᠲᠠᠢ ᠤᠶᠠᠯᠳᠤᠭᠤᠯᠵᠤ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ 1000 ᠬᠦᠮᠦᠨ ᠤᠳᠠᠭ᠎ᠠ  ᠠᠴᠠ ᠲᠡᠭᠡᠭᠰᠢ ᠡᠷᠬᠢᠯᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠵᠤ ᠪᠠᠶᠠᠵᠢᠯ ᠢᠶᠠᠷ ᠵᠠᠮᠨᠠᠬᠤ ᠲᠤᠳᠤᠭᠠᠳᠤ ᠬᠦᠳᠡᠯᠭᠡᠭᠴᠢ ᠬᠦᠴᠦᠨ ᠪᠠ ᠦᠪᠡᠷᠳᠡᠭᠡᠨ ᠬᠦᠭᠵᠢᠬᠦ ᠴᠢᠳᠠᠪᠤᠷᠢ ᠶᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠤ ᠲᠤᠰᠬᠠᠢ ᠲᠦᠷᠥᠯ ᠤᠨ ᠬᠢᠨᠠᠨ ᠪᠤᠳᠤᠯᠳᠠ ᠶᠢ ᠦᠷᠨᠢᠬᠦᠯᠵᠦ᠂ ᠶᠠᠳᠠᠭᠤ  ᠶᠢ ᠲᠡᠳᠬᠦᠬᠦ ᠪᠡᠯᠡ ᠮᠦᠩᠭᠦᠨ ᠤ ᠬᠡᠷᠡᠭᠯᠡᠭᠡ ᠶᠢ ᠲᠦᠷᠢᠮᠵᠢᠬᠦᠯᠵᠦ᠂ ᠪᠦᠬᠦᠶᠢᠯᠡ ᠪᠡᠯᠡ ᠮᠦᠩᠬᠦ ᠪᠠ ᠲᠦᠷᠦᠯ ᠵᠦᠢᠯ  ᠤᠨ ᠲᠤᠬᠢᠷᠠᠭᠤᠯᠤᠯᠳᠠ ᠶᠢ ᠨᠡᠶᠢᠬᠡᠮ ᠲᠠᠶᠠᠭᠠᠷ ᠲᠤ ᠨᠡᠶᠢᠳᠡᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠬᠦᠯᠢᠶᠡᠨ ᠶᠠᠳᠠᠭᠤ ᠶᠢ ᠲᠡᠳᠬᠦᠬᠦ ᠦᠷ᠎ᠡ ᠪᠦᠳᠦᠮᠵᠢ ᠶᠢᠨ ᠰᠢᠯᠭᠠᠯᠳᠠ ᠶᠢ ᠲᠠᠭᠠᠭᠠᠵᠤ ᠭᠠᠷᠬᠤ ᠶᠢ ᠪᠠᠳᠤᠯᠠᠨ᠎ᠠ᠃      ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ ᠬᠦᠬᠡᠮᠳᠦᠭ ᠨᠤᠭᠤᠭᠠᠨ ᠠᠭᠤᠯᠠ ᠤᠰᠤ ᠠᠯᠳᠠ ᠠᠴᠠ ᠦᠨᠡᠳᠡᠢ ᠠᠮᠢᠨ ᠡᠷᠳᠡᠨᠢ ᠬᠡᠬᠦ ᠣᠶᠢᠯᠠᠭᠠᠭᠳᠠᠬᠤᠨ ᠢ ᠪᠠᠲᠤ ᠪᠥᠷᠢᠯᠳᠤᠭᠦᠯᠵᠤ᠂ ᠪᠡᠬᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠢᠷᠡᠯᠲᠠ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠪᠠᠶᠢᠭᠠᠯᠢᠭ ᠤᠢ ᠰᠢᠭᠤᠢ ᠶᠢᠨ ᠬᠠᠮᠠᠭᠠᠯᠠᠯᠳᠠ ᠵᠡᠷᠬᠡ ᠠᠮᠢ ᠠᠬᠤᠢ ᠶᠢᠨ ᠢᠨᠵᠧᠨᠧᠷᠢᠩ ᠢ ᠰᠠᠶᠢᠳᠤᠷ ᠵᠤᠬᠢᠶᠠᠨ ᠪᠠᠶᠢᠭᠤᠯᠵᠤ ᠬᠡᠷᠡᠭᠵᠢᠭᠦᠯᠦᠨ ᠨᠤᠳᠤᠭ ᠤᠰᠤ ᠪᠠᠨ ᠨᠤᠭᠤᠭᠠᠷᠠᠭᠤᠯᠬᠤ ᠠᠵᠢᠯᠯᠠᠭᠠᠨ ᠦᠷᠨᠢᠬᠦᠯᠵᠦ᠂ ᠤᠷᠴᠢᠨ ᠲᠤᠭᠤᠷᠢᠨ ᠤ ᠰᠠᠭᠤᠷᠢ ᠪᠠᠭᠳᠠᠭᠠᠮᠵᠢ ᠶᠢ ᠨᠡᠮᠡᠭᠳᠡᠬᠦᠯᠦᠨ ᠵᠢᠯ ᠤᠨ ᠲᠤᠳᠤᠷ᠎ᠠ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 12 ᠲᠦᠮᠡᠨ ᠮᠤ᠋᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ 128 ᠲᠦᠮᠡᠨ ᠮᠤ᠋᠂ ᠤᠰᠤ ᠬᠦᠷᠦᠰᠦᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 21 ᠲᠦᠮᠡᠨ ᠮᠤ᠋ ᠪᠡᠶᠡᠯᠡᠬᠦᠯᠦᠨ᠎ᠡ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠦᠷᠨᠢᠬᠦᠯᠵᠦ ᠡᠯ᠎ᠡ ᠲᠦᠷᠦᠯ  ᠤᠨ ᠪᠤᠬᠢᠷᠳᠤᠯ ᠤᠨ ᠰᠤᠷᠪᠤᠯᠵᠢ᠂ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠬᠦᠭᠡᠷᠦᠮᠵᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠤᠶᠢᠯᠠᠭᠠᠨ᠎ᠠ᠃ ︽ᠦᠦᠰᠢᠨ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ ᠤᠨ ᠠᠵᠢᠯ ᠤᠨ ᠲᠦᠯᠦᠪᠵᠢᠭᠦᠯᠬᠡ︾ ᠶᠢ ᠡᠷᠡᠰ ᠲᠤᠤᠱᠯᠠᠭᠤᠯᠤᠨ ᠠᠭᠠᠷ ᠮᠠᠨᠳᠠᠯ᠂ ᠤᠰᠤ᠂ ᠬᠦᠷᠦᠰᠦᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠨ ᠭᠤᠤᠯᠳᠠᠯᠭᠠᠳᠤ ᠠᠵᠤ ᠠᠬᠤᠶᠢᠯᠠᠯ᠂ ᠬᠦᠷᠢᠶ᠎ᠡ ᠴᠠᠷᠠᠭᠠᠨ ᠤ ᠲᠤᠰᠬᠠᠢ ᠴᠡᠭᠴᠡᠯᠡᠯᠳᠡ ᠶᠢ ᠦᠷᠨᠢᠬᠦᠯᠵᠦ ᠡᠯ᠎ᠡ ᠬᠦᠷᠢᠶᠡᠯᠡᠩ ᠲᠤᠭᠤᠷᠢᠭ᠂ ᠰᠤᠮᠤ ᠪᠠᠯᠭᠠᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠦᠭᠦᠬᠡᠷᠦᠮᠵᠢ ᠶᠢ ᠲᠡᠭᠦᠯᠳᠡᠷᠵᠢᠬᠦᠯᠦᠨ ᠵᠥᠩ ᠲᠢᠶᠡᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ  ᠤᠨ ᠤᠰᠤ ᠶᠢ ᠬᠦᠨᠵᠡᠬᠡᠢ ᠰᠢᠢᠳᠪᠤᠷᠢᠯᠡᠬᠦ ᠦᠢᠯᠡᠳᠪᠤᠷᠢ ᠵᠡᠷᠬᠡ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠦᠯ ᠵᠦᠢᠯ ᠢ ᠪᠠᠶᠢᠭᠤᠯᠤᠨ᠎ᠠ᠃ ᠲᠤᠮᠤ ᠬᠡᠯᠪᠡᠷᠢ ᠶᠢᠨ ᠠᠵᠤ ᠠᠬᠤᠶᠢᠯᠠᠯ ᠦᠪᠡᠷ ᠤᠨ ᠮᠡᠷᠭᠡᠵᠢᠯ ᠤᠨ ᠲᠠᠪᠠᠭᠤᠯᠢᠭ ᠲᠤ  ᠪᠠᠨ ᠲᠦᠰᠢᠭᠯᠡᠨ ᠭᠤᠷᠪᠠᠳᠤᠭᠠᠷ ᠡᠳᠡᠭᠡᠳ ᠤᠨ ᠪᠤᠬᠢᠷᠳᠤᠯ ᠢ ᠵᠠᠰᠠᠬᠤ ᠺᠤᠮᠫᠠᠨᠢ ᠪᠠᠶᠢᠭᠤᠯᠤᠨ ᠲᠤᠰᠬᠠᠢ ᠮᠡᠷᠭᠡᠵᠢᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠬᠠᠮᠢᠶᠠᠷᠤᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢᠨ ᠲᠤᠭᠳᠠᠴᠠ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢ ᠦᠭᠴᠡᠭᠡᠨ ᠤ ᠬᠦᠰᠦᠨᠦᠭᠳᠦ ᠶᠢ ᠲᠣᠭᠤᠷᠪᠢᠨ ᠨᠠᠶᠢᠷᠠᠭᠤᠯᠬᠤ ᠪᠤᠯᠤᠨ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠪᠠᠶᠢᠭᠠᠯᠢ  ᠶᠢᠨ ᠡᠬᠢ ᠪᠠᠶᠠᠯᠢᠭ ᠡᠳ᠋ ᠬᠦᠷᠦᠩᠬᠡ ᠶᠢᠨ ᠪᠤᠳᠠᠳᠤ ᠬᠡᠮᠵᠢᠶᠡᠨ ᠤ ᠪᠦᠷᠢᠳᠭᠡᠯ ᠢ ᠪᠡᠶᠡᠯᠡᠬᠦᠯᠦᠨ᠎ᠡ᠃ ︽ᠭᠤᠤᠯ ᠤᠨ ᠳᠠᠷᠤᠭ᠎ᠠ ᠶᠢᠨ ᠲᠥᠷᠢᠮ︾᠂ ︽ᠨᠠᠭᠤᠷ ᠤᠨ ᠳᠠᠷᠤᠭ᠎ᠠ ᠶᠢᠨ ᠲᠥᠷᠢᠮ︾ ᠪᠤᠯᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠪᠤᠳᠤᠯᠳᠠ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠡᠷᠬᠡ ᠲᠦᠷᠢᠮ ᠲᠤᠭᠳᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠡᠯᠴᠢᠭᠡᠷᠯᠡᠬᠦᠯᠬᠦ ᠶᠢ ᠬᠤᠷᠢᠭᠯᠠᠬᠤ᠂ ᠣᠷᠣᠨ ᠬᠤᠪᠢᠶᠠᠨ ᠡᠬᠡᠯᠵᠢᠯᠡᠨ ᠮᠠᠯᠵᠢᠬᠤ᠂ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠬᠠᠮᠳᠤᠷᠠᠨ ᠬᠠᠤᠯᠢ ᠬᠡᠷᠡᠭᠵᠢᠬᠦᠯᠬᠦ ᠶᠢ ᠴᠢᠩᠭᠠᠳᠬᠠᠨ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃      ︵ᠭᠤᠷᠪᠠ︶ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠬᠦᠨᠵᠡᠭᠡᠢ ᠲᠦᠯᠬᠢᠨ ᠠᠬᠢᠭᠤᠯᠵᠤ᠂ ᠦᠨᠳᠦᠷ ᠴᠢᠨᠰᠠᠭᠠᠳᠤ ᠬᠦᠭᠵᠢᠯᠳᠡ ᠶᠢ ᠠᠬᠢᠭᠤᠯᠤᠨ᠎ᠠ᠃ ᠦᠬᠡᠷᠡᠴᠢᠯᠡᠯᠳᠡ ᠶᠢᠨ ᠵᠤᠷᠢᠭ ᠰᠠᠨᠠᠭ᠎ᠠ ᠪᠠ ᠰᠠᠳᠬᠢᠬᠦᠢ ᠪᠠᠷ ᠠᠵᠢᠯ  ᠢᠶᠠᠨ ᠪᠠᠶᠢᠷᠢᠯᠠᠭᠤᠯᠤᠨ ᠶᠠᠪᠤᠭᠳᠠᠭᠤᠯᠵᠤ ᠬᠦᠭᠵᠢᠯᠳᠡ ᠶᠢᠨ ᠬᠦᠴᠢᠷ ᠠᠰᠠᠭᠤᠳᠠᠯ ᠢ ᠰᠢᠢᠳᠪᠤᠷᠢᠯᠡᠬᠦ ᠶᠢ ᠪᠠᠷᠢᠮᠳᠠᠯᠠᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠳᠡᠯᠭᠡᠭᠴᠢ ᠬᠦᠴᠦᠨ᠂ ᠠᠮᠢᠵᠢᠷᠠᠯ ᠤᠨ ᠬᠦᠴᠦᠨ ᠨᠠᠮᠠᠷᠢᠯᠠᠨ᠎ᠠ᠃      ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠬᠡᠷᠡᠭᠴᠡᠭᠡ ᠦᠭᠡᠢ ᠬᠠᠩᠭᠠᠯᠭ᠎ᠠ ᠶᠢ ᠡᠪᠳᠡᠨ ᠰᠢᠯᠵᠢᠬᠦᠯᠦᠨ ᠵᠠᠯᠭᠠᠵᠤ ᠦᠬᠡᠷᠡᠴᠢᠯᠡᠬᠦ᠂ ᠨᠡᠶᠢᠯᠡᠬᠦᠯᠵᠦ ᠲᠠᠬᠢᠨ ᠴᠤᠭᠴᠠᠯᠠᠬᠤ᠂ ᠦᠮᠴᠢᠯᠡᠬᠦ ᠡᠷᠬᠡ ᠶᠢ ᠰᠢᠯᠵᠢᠬᠦᠯᠦᠨ ᠦᠭᠬᠦ ᠵᠡᠷᠬᠡ ᠠᠷᠭ᠎ᠠ ᠪᠠᠷᠢᠯ ᠢᠶᠠᠷ ᠲᠠᠮᠵᠢᠨ ᠨᠢᠭᠡ ᠪᠦᠯᠦᠭ ᠦᠢᠯᠡᠳᠪᠤᠷᠢᠯᠡᠯ ᠵᠤᠭᠰᠤᠭᠰᠠᠨ᠂ ᠪᠠᠶᠢᠭᠤᠯᠤᠯᠳᠠ ᠵᠤᠭᠰᠤᠭᠰᠠᠨ ᠲᠦᠷᠦᠯ ᠵᠦᠢᠯ ᠳᠤ ᠠᠮᠢᠵᠢᠷᠠᠯ ᠤᠷᠤᠭᠤᠯᠵᠤ᠂ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠠᠰᠢᠭᠯᠠᠮᠵᠢ ᠶᠢ ᠲᠡᠭᠡᠭᠰᠢᠯᠡᠬᠦᠯᠦᠨ᠎ᠡ᠃ ᠰᠤᠯᠠ ᠤᠷᠬᠢᠭᠰᠠᠨ ᠠᠯᠪᠠᠯᠠᠬᠤ ᠲᠠᠯᠠᠪᠤᠷ ᠢ ᠰᠤᠯᠠᠳᠬᠠᠨ ᠪᠤᠴᠠᠭᠠᠵᠤ ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠦᠪ ᠵᠡᠷᠬᠡ ᠤᠯᠠᠨ ᠨᠡᠶᠢᠳᠡ ᠶᠢᠨ ᠦᠢᠯᠡᠴᠢᠯᠡᠭᠡᠨ ᠤ ᠲᠠᠯᠠᠪᠤᠷ ᠪᠤᠯᠭᠠᠨ ᠦᠬᠡᠷᠡᠴᠢᠯᠡᠨ ᠪᠠᠶᠢᠭᠤᠯᠵᠤ᠂ ᠤᠯᠠᠨ ᠠᠷᠭ᠎ᠠ ᠶᠢ ᠬᠠᠮᠳᠤ ᠳᠤᠨᠢ ᠬᠡᠷᠡᠭᠯᠡᠨ ᠬᠡᠷ ᠪᠠᠶᠢᠰᠢᠩ ᠭᠠᠵᠠᠷ ᠬᠦᠷᠦᠩᠭᠡ ᠶᠢᠨ ᠬᠦᠮᠦᠷᠬᠡᠯᠡᠯᠳᠡ ᠶᠢ ᠰᠢᠢᠳᠪᠣᠷᠢᠯᠡᠬᠦ ᠭᠤᠷᠪᠠᠨ ᠵᠢᠯ ᠤᠨ ᠡᠬᠦᠷᠬᠡ ᠶᠢ ᠪᠡᠶᠡᠯᠡᠬᠦᠯᠵᠦ ᠬᠡᠷ ᠪᠠᠶᠢᠰᠢᠩ ᠭᠠᠵᠠᠷ ᠬᠦᠷᠦᠩᠬᠡ ᠶᠢᠨ ᠵᠠᠬ᠎ᠠ ᠲᠡᠯᠭᠡᠭᠦᠷ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠰᠢᠨ᠎ᠡ ᠬᠦᠳᠡᠯᠭᠡᠭᠴᠢ ᠬᠦᠴᠦᠨ ᠢ ᠪᠤᠶᠢᠵᠢᠭᠤᠯᠤᠨ ᠬᠦᠭᠵᠢᠬᠦᠯᠵᠦ᠂ ᠰᠢᠨ᠎ᠡ ᠶᠢ ᠡᠬᠦᠳᠬᠦ ᠪᠠᠷ ᠬᠦᠳᠡᠯᠭᠡᠭᠴᠢ ᠪᠤᠯᠭᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ ᠠᠵᠤ ᠦᠢᠯᠡᠳᠪᠤᠷᠢᠵᠢᠯᠡᠯᠳᠡ ᠪᠤᠯᠤᠨ ᠮᠡᠳᠡᠭᠡ ᠵᠠᠩᠬᠢᠴᠢᠯᠠᠯᠳᠡ ᠬᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠵᠤ ᠨᠡᠭᠦᠷᠡᠰᠦ ᠮᠠᠯᠳᠠᠬᠤ᠂ ᠮᠠᠯ ᠲᠠᠷᠢᠶᠠᠯᠠᠩ ᠤᠨ ᠦᠢᠯᠡᠳᠪᠤᠷᠢᠯᠡᠯ ᠵᠡᠷᠬᠡ ᠬᠦᠷᠢᠶ᠎ᠡ ᠴᠠᠷᠠᠭᠠᠨ ᠳᠤ ᠰᠢᠨ᠎ᠡ ᠮᠡᠷᠭᠡᠵᠢᠯ᠂ ᠰᠢᠨ᠎ᠡ ᠪᠦᠳᠦᠭᠡᠭᠳᠡᠬᠦᠨ ᠬᠡᠷᠡᠭᠯᠡᠬᠦ ᠶᠢ ᠦᠷᠭᠡᠨ  ᠢᠶᠠᠷ ᠲᠡᠯᠭᠡᠷᠡᠬᠦᠯᠦᠨ᠎ᠡ᠃ ᠪᠤᠳᠠᠳᠤ ᠴᠤᠭᠴᠠᠳᠤ ᠠᠵᠤ ᠠᠬᠤᠢ ᠶᠢᠨ ᠦᠪᠡᠷ ᠤᠨ ᠦᠷᠳᠡᠭ ᠢ ᠪᠠᠭᠤᠷᠠᠭᠤᠯᠵᠤ᠂ ᠠᠵᠤ ᠠᠬᠤᠶᠢᠯᠠᠯ ᠠᠴᠠ ᠰᠦᠢᠳᠭᠡᠯ ᠬᠤᠷᠢᠶᠠᠬᠤ ᠶᠢ ᠴᠡᠭᠴᠡᠯᠡᠨ ᠲᠦᠷᠢᠮᠵᠢᠬᠦᠯᠵᠦ ᠭᠠᠶᠢᠯᠢ ᠶᠢ ᠪᠠᠭᠠᠰᠬᠠᠨ ᠰᠦᠢᠳᠬᠡᠯ ᠢ ᠪᠠᠭᠤᠷᠠᠭᠤᠯᠬᠤ ᠵᠡᠷᠬᠡ ᠦᠪᠡᠷ ᠤᠨ ᠦᠷᠳᠡᠭ ᠢ ᠪᠠᠭᠠᠰᠬᠠᠨ ᠠᠰᠢᠭ ᠤᠷᠤᠯᠭ᠎ᠠ ᠶᠢ ᠨᠡᠮᠡᠭᠳᠡᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠴᠠᠬᠢᠯᠭᠠᠨ ᠬᠦᠴᠦᠨ ᠤ ᠤᠯᠠᠨ ᠲᠠᠯᠠᠳᠤ ᠠᠷᠠᠯᠵᠢᠶ᠎ᠠ ᠳᠤ ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠤᠨ ᠪᠠᠷᠠᠭᠠᠨ ᠭᠦᠢᠯᠭᠡᠭᠡ᠂ ᠪᠡᠯᠡ ᠬᠤᠷᠠᠮᠳᠣᠭᠤᠯᠭ᠎ᠠ᠂ ᠡᠨᠧᠷᠬᠢ ᠶᠢᠨ ᠬᠡᠷᠡᠭᠯᠡᠯᠳᠡ ᠵᠡᠷᠬᠡ ᠦᠢᠯᠡᠳᠪᠤᠷᠢᠯᠡᠯ ᠤᠨ ᠴᠢᠨᠠᠷᠳᠠᠢ ᠦᠪᠡᠷ ᠤᠨ ᠦᠷᠳᠡᠭ ᠢ ᠦᠷᠬᠦᠯᠵᠢᠯᠡᠨ ᠪᠠᠭᠠᠰᠬᠠᠵᠣ ᠠᠵᠤ ᠠᠬᠤᠶᠢᠯᠠᠯ ᠤᠨ ᠬᠥᠭᠵᠢᠯᠲᠠ ᠶᠢᠨ ᠬᠡᠯᠪᠡᠷᠢ ᠪᠠᠨ ᠦᠭᠡᠷᠡᠴᠢᠯᠡᠨ ᠲᠡᠰ ᠲᠡᠪᠰᠢᠬᠦ ᠦᠷᠢᠰᠦᠯᠳᠦᠭᠴᠢ ᠬᠦᠴᠦᠨ ᠢ ᠨᠡᠮᠡᠭᠳᠡᠬᠦᠯᠦᠨ᠎ᠡ᠃      ᠭᠤᠤᠯᠳᠠᠯᠭᠠᠳᠤ ᠬᠦᠷᠢᠶ᠎ᠠ ᠴᠠᠷᠠᠭᠠᠨ ᠤ ᠦᠬᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ ᠪᠦᠬᠦ ᠤᠯᠤᠰ ᠤᠨ ᠠᠵᠤ ᠠᠬᠤᠢ ᠶᠢᠨ ᠲᠦᠷᠪᠡᠳᠦᠭᠡᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠵᠦ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠤᠶᠢᠯᠠᠭᠠᠨ᠎ᠠ᠃ ᠠᠮᠢ ᠠᠬᠤᠢ ᠶᠢᠨ ᠪᠤᠯᠪᠠᠰᠤᠨ ᠤ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠪᠡᠶᠡᠴᠢ ᠴᠤᠭᠴᠠ ᠶᠢᠨ ᠴᠢᠳᠠᠮᠵᠢᠳᠤ ᠤᠷᠤᠨ ᠤ ᠲᠦᠯᠦᠪᠵᠢᠭᠦᠯᠭᠡ ᠶᠢ ᠨᠠᠶᠢᠳᠠᠪᠤᠷᠢᠵᠢᠭᠤᠯᠤᠨ ︽ᠤᠯᠠᠨ ᠲᠥᠯᠤᠪᠵᠢᠭᠦᠯᠭᠡ ᠶᠢ ᠨᠢᠭᠡᠳᠬᠡᠬᠦ︾ ᠶᠢ ᠲᠦᠯᠬᠢᠨ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ ᠰᠤᠷᠭᠠᠭᠤᠯᠢ ᠶᠢᠨ ᠲᠠᠷᠤᠭ᠎ᠠ᠂ ᠴᠡᠴᠡᠷᠯᠢᠭ ᠤᠨ ᠲᠠᠷᠤᠭ᠎ᠠ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠪᠠᠭᠰᠢ ᠶᠢᠨ ᠮᠤᠷᠠᠯ ᠰᠤᠷᠳᠠᠯ ᠤᠨ ᠬᠦᠮᠦᠵᠢᠯ ᠪᠠ ᠲᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠤᠨ ᠪᠠᠭᠰᠢ ᠶᠢᠨ ᠲᠤᠰᠬᠠᠢ ᠮᠡᠷᠬᠡᠵᠢᠯ ᠤᠨ ᠬᠡᠪ ᠰᠣᠷᠳᠠᠯ ᠤᠨ ᠪᠤᠯᠪᠠᠰᠤᠷᠠᠯ ᠢ ᠴᠢᠩᠭᠠᠳᠬᠠᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠨᠡᠶᠢᠬᠡᠮ ᠤᠨ ᠬᠦᠷᠦᠩᠬᠡ ᠪᠠᠷ ᠡᠷᠬᠢᠯᠡᠬᠦ ᠶᠢ ᠵᠤᠷᠢᠭᠵᠢᠭᠤᠯᠵᠤ᠂ ᠴᠡᠴᠡᠷᠯᠢᠭ ᠲᠤ ᠤᠷᠤᠬᠤ ᠳᠤ ᠬᠦᠴᠢᠷᠳᠡᠢ ᠵᠡᠷᠬᠡ ᠠᠰᠠᠭᠤᠳᠠᠯ ᠢ ᠰᠢᠢᠳᠪᠤᠷᠢᠯᠡᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ ᠡᠮᠴᠢᠯᠡᠭᠡ᠂ ᠡᠮᠨᠡᠯᠭᠡ ᠶᠢᠨ ᠲᠠᠭᠠᠳᠬᠠᠯ᠂ ᠡᠮ ᠤᠨ ᠵᠦᠢᠯᠡᠰ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠲᠦᠷᠭᠡᠳᠭᠡᠨ ᠪᠦᠷᠢᠨᠰᠢᠬᠦᠯᠦᠨ᠎ᠡ᠃ ᠠᠮᠤ ᠪᠤᠳᠠᠭ᠎ᠠ ᠬᠤᠷᠢᠶᠠᠵᠤ ᠨᠦᠬᠡᠴᠡᠯᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠬᠢ ᠰᠢᠯᠢᠳᠡᠭ ᠠᠮᠤ ᠪᠤᠳᠠᠭᠠᠨ ᠤ ᠢᠨᠵᠧᠨᠧᠷᠢᠩ ᠢ ᠬᠡᠷᠡᠭᠵᠢᠭᠦᠯᠦᠨ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ ᠮᠠᠯᠴᠢᠨ ᠲᠠᠷᠢᠶᠠᠴᠢᠨ ᠤ ︽ᠠᠮᠤ ᠪᠤᠳᠠᠭ᠎ᠠ ᠪᠠᠨ ᠪᠤᠷᠤᠯᠠᠭᠤᠯᠬᠤ ᠳᠤ ᠬᠦᠴᠢᠷ︾᠂ ︽ᠠᠮᠤ ᠪᠤᠳᠠᠭ᠎ᠠ ᠪᠠᠨ ᠨᠦᠬᠡᠴᠡᠯᠡᠬᠦ ᠳᠤ ᠬᠦᠴᠢᠷ︾ ᠠᠰᠠᠭᠤᠳᠠᠯ ᠢ ᠰᠢᠢᠳᠪᠤᠷᠢᠯᠡᠨ᠎ᠡ᠃ ᠭᠠᠴᠠᠭ᠎ᠠ ᠳᠤᠰᠬᠤᠨ ᠢ ᠳᠡᠳᠬᠦᠨ ᠳᠡᠮᠵᠢᠬᠦ ᠪᠠ ᠵᠢᠯᠣᠭᠤᠳᠣᠨ ᠦᠵᠡᠯ ᠰᠠᠨᠠᠭᠠᠨ ᠤ ᠬᠦᠯᠢᠶᠡᠰᠦᠯᠡᠯ᠂ ᠣᠷᠣᠨ ᠪᠥᠰᠡ ᠪᠠ ᠠᠵᠢᠯ ᠲᠥᠷᠥᠯ ᠤᠨ ᠬᠢᠵᠠᠭᠠᠷᠯᠠᠯ ᠢ ᠡᠪᠳᠡᠵᠤ ᠬᠦᠷᠦᠩᠭᠡ ᠶᠢᠨ ᠨᠠᠶᠢᠯᠡᠯ ᠢ ᠲᠣᠪᠥᠶᠢᠯᠭᠠᠨ ᠠᠵᠤ ᠠᠬᠤᠶᠢᠯᠠᠯ ᠤᠨ ᠠᠭᠤᠰᠣᠯᠴᠠᠯ ᠢ ᠴᠢᠩᠭᠠᠳᠬᠠᠵᠣ ᠠᠵᠣ ᠣᠶᠢᠯᠡᠰ ᠤᠨ ᠬᠠᠮᠳᠣᠷᠠᠯ ᠴᠣᠭᠴᠠ᠂ ᠳᠣᠮᠣ ᠳᠠᠷᠢᠶᠠᠯᠠᠩ ᠮᠠᠯᠵᠢᠯ ᠤᠨ ᠳᠠᠯᠠᠪᠠᠢ ᠵᠡᠷᠬᠡ ᠣᠯᠠᠨ ᠲᠦᠷᠥᠯ ᠤᠨ ᠬᠠᠮᠳᠣ ᠶᠢᠨ ᠠᠵᠣ ᠠᠬᠤᠢ ᠶᠢᠨ ᠪᠡᠶᠡᠯᠡᠭᠳᠡᠬᠦ ᠬᠡᠯᠪᠠᠷᠢ ᠶᠢ ᠰᠦᠪᠡᠭᠴᠢᠯᠡᠨ ᠬᠦᠭᠵᠢᠬᠦᠯᠥᠨ᠎ᠠ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ  ᠶᠢ ᠬᠦᠨᠵᠡᠭᠡᠶᠢᠷᠡᠬᠦᠯᠵᠦ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ ᠠᠵᠢᠯᠴᠢᠨ ᠤ ᠡᠪᠯᠡᠯ᠂ ᠡᠮᠡᠭᠳᠡᠶᠢᠴᠦᠳ ᠤᠨ ᠬᠤᠯᠪᠤᠭ᠎ᠠ ᠵᠡᠷᠬᠡ ᠤᠯᠠᠨ ᠲᠦᠮᠡᠨᠴᠢ ᠵᠤᠬᠢᠶᠠᠨ ᠪᠠᠶᠢᠭᠤᠯᠤᠯᠳᠠ ᠶᠢᠨ ᠦᠬᠡᠷᠡᠴᠢᠯᠡᠯᠳᠡ ᠶᠢ ᠲᠡᠮᠵᠢᠵᠦ ᠨᠡᠶᠢᠭᠡᠮ ᠤᠨ ᠨᠦᠯᠦᠭᠡᠯᠡᠬᠦ ᠬᠦᠴᠦᠨ ᠢ ᠦᠷᠭᠡᠳᠭᠡᠨ᠎ᠡ᠃ ᠠᠮᠤᠷ ᠲᠥᠪᠰᠢᠨ ᠦᠢᠯᠡᠳᠪᠤᠷᠢᠯᠡᠯ ᠤᠨ ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠥᠪᠰᠢᠨ ᠦᠢᠯᠡᠳᠪᠤᠷᠢᠯᠡᠯ ᠤᠨ ᠢᠳᠡᠭᠡᠮᠵᠢ ᠶᠢᠨ ᠲᠠᠩᠰᠠ ᠶᠢ ᠪᠠᠶᠢᠭᠤᠯᠤᠨ ᠪᠦᠷᠢᠨᠰᠢᠬᠦᠯᠵᠦ ᠬᠠᠤᠯᠢ ᠲᠦᠷᠢᠮ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠬᠦᠴᠦᠯᠡᠴᠡ ᠪᠠᠨ ᠴᠢᠩᠭᠠᠳᠬᠠᠨ᠎ᠠ᠃ ᠲᠤᠳᠤᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠪᠠ ᠰᠦᠯᠳᠡ ᠰᠤᠮᠤᠨ ᠳᠠᠬᠢ ᠲᠤᠮᠢᠯᠠᠭᠰᠠᠨ ᠰᠠᠯᠪᠤᠷᠢ ᠶᠢᠨ ᠠᠯᠪᠠᠯᠠᠬᠤ ᠭᠠᠵᠠᠷ ᠢ ᠰᠢᠨ᠎ᠡ ᠪᠠᠷ ᠪᠠᠶᠢᠭᠤᠯᠵᠤ᠂ ᠬᠠᠷᠠᠭᠠᠨ ᠳᠡᠪᠳᠡᠮᠵᠢᠲᠤ ᠬᠢᠨᠠᠨ ᠡᠵᠡᠮᠰᠢᠯ ᠢᠶᠠᠷ ᠭᠤᠣᠯᠯᠠᠭᠤᠯᠣᠭᠰᠠᠨ ᠮᠡᠷᠬᠡᠵᠢᠯ ᠤᠨ ᠰᠡᠷᠬᠡᠶᠢᠯᠡᠯᠳᠡ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠨ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠣᠰᠤ ᠠᠵᠢᠯᠯᠠᠭ᠎ᠠ᠂ ᠠᠯᠪᠠᠳᠠᠯᠭ᠎ᠠ ᠪᠠᠷ ᠠᠷᠠᠯᠵᠢᠶᠠᠯᠠᠬᠤ ᠵᠢᠴᠢ ᠬᠡᠪ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠳᠠ ᠶᠢᠨ ᠡᠮᠬᠢ ᠲᠢᠭᠯᠢᠮ  ᠢ ᠨᠦᠯᠦᠭᠡᠯᠡᠭᠰᠡᠨ ᠬᠠᠤᠯᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠬᠦᠨᠳᠦ ᠴᠤᠬᠢᠯᠳᠠ ᠦᠭᠴᠦ᠂ ᠤᠯᠠᠨ ᠲᠦᠮᠡᠨ ᠤ ᠤᠯᠠᠨ ᠨᠡᠶᠢᠳᠡ ᠶᠢᠨ ᠠᠮᠤᠷ ᠲᠦᠪᠰᠢᠨ ᠤ ᠤᠯᠤᠯᠳᠠ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠬᠦᠯᠦᠨ᠎ᠡ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠬᠦᠯᠦᠨ᠎ᠡ᠃ ᠰᠣᠶᠣᠯ ᠣᠷᠠᠨ ᠰᠠᠳᠬᠢᠮᠵᠢ ᠶᠢᠨ ᠣᠶᠢᠯᠡᠰᠵᠢᠬᠦᠯᠥᠯᠳᠡ ᠶᠢᠨ ᠬᠦᠷᠢᠶᠡᠯᠡᠩ ᠤᠨ ᠡᠵᠡᠩᠨᠡᠯᠳᠡ ᠶᠢ ᠰᠠᠶᠢᠳᠤᠷ ᠠᠳᠬᠤᠵᠤ᠂ ᠨᠡᠩ ᠤᠯᠠᠨ ᠰᠣᠶᠣᠯ ᠤᠨ ᠪᠦᠳᠦᠬᠡᠭᠳᠡᠬᠦᠨ ᠤ ᠦᠢᠯᠡᠳᠪᠤᠷᠢᠯᠡᠭᠴᠢ ᠶᠢ ᠳᠠᠶᠢᠴᠢᠯᠡᠨ ᠲᠠᠭᠠᠭᠤᠯᠵᠤ ᠬᠦᠷᠢᠶᠡᠯᠡᠩ ᠲᠤᠭᠤᠷᠢᠭ ᠲᠤ ᠲᠦᠪᠯᠡᠷᠡᠭᠦᠯᠦᠨ ᠬᠦᠷᠢᠶᠠᠯᠠᠯ ᠪᠠ ᠨᠦᠯᠥᠬᠡᠯᠡᠯ ᠤᠨ ᠳᠠᠶᠢᠴᠢᠯᠡᠨ ᠳᠠᠭᠠᠭᠤᠯᠬᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠎ᠠ᠃ ᠤᠯᠠᠭᠠᠨᠮᠦ᠋ᠴᠢᠷ ᠤᠨ ᠦᠭᠡᠷᠡᠴᠢᠯᠡᠯᠳᠡ ᠬᠦᠭᠵᠢᠯᠳᠡ ᠶᠢ ᠬᠦᠨᠳᠦᠳᠭᠡᠨ ᠦᠵᠡᠵᠦ ᠡᠯ᠎ᠡ ᠲᠦᠷᠦᠯ ᠤᠨ ᠰᠤᠶᠤᠯ ᠤᠷᠠᠯᠢᠭ ᠤᠨ ᠪᠦᠯᠬᠦᠮ ᠬᠦᠭᠵᠢᠨ ᠪᠤᠵᠠᠭᠠᠶᠢᠷᠠᠬᠤ ᠶᠢ ᠲᠡᠮᠵᠢᠵᠦ ᠨᠢᠭᠡ ᠪᠦᠯᠦᠭ ᠰᠤᠶᠤᠯ ᠤᠷᠠᠯᠢᠭ ᠤᠨ ᠰᠤᠳᠤᠨ ᠪᠦᠳᠦᠭᠡᠯ ᠭᠠᠷᠭᠠᠵᠤ᠂ ᠭᠠᠳᠠᠭᠠᠳᠤ ᠯᠤᠭ᠎ᠠ ᠶᠢᠨ ᠰᠤᠯᠢᠯᠴᠠᠭ᠎ᠠ ᠶᠢ ᠢᠳᠡᠪᠬᠢᠳᠡᠢ ᠦᠷᠨᠢᠬᠦᠯᠦᠨ ᠦᠨᠳᠦᠰᠦᠳᠡᠨ ᠤ ᠤᠯᠠᠮᠵᠢᠯᠠᠯᠳᠤ ᠰᠢᠯᠢᠳᠡᠭ ᠰᠤᠶᠤᠯ ᠢ ᠲᠡᠯᠭᠡᠷᠡᠭᠦᠯᠦᠨ᠎ᠡ᠃ ︽ᠪᠦᠬᠦ ᠣᠷᠣᠨ ᠪᠦᠰᠠ ᠶᠢᠨ ᠵᠢᠭᠤᠯᠴᠢᠯᠠᠯ︾ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠰᠢᠷᠬᠤᠰᠤᠨ ᠭᠤᠤᠯ᠂ ᠪᠠᠶᠠᠨᠨᠠᠭᠤᠷ  ᠤᠨ ᠲᠠᠯ᠎ᠠ ᠨᠤᠳᠤᠭ ᠵᠡᠷᠬᠡ ᠦᠵᠡᠮᠵᠢᠳᠤ ᠤᠷᠤᠨ ᠢ ᠨᠢᠭᠡ ᠴᠤᠭᠴᠠᠵᠢᠭᠤᠯᠤᠨ ᠪᠠᠶᠢᠭᠤᠯᠵᠤ᠂ ᠤᠩᠭᠤᠨ ᠮᠠᠩᠬ᠎ᠠ ᠤᠯᠤᠰ ᠤᠨ ᠲᠡᠰ ᠤᠨ ᠡᠯᠡᠰᠣ ᠮᠠᠩᠬᠠᠨ ᠤᠨ ᠴᠡᠴᠡᠷᠯᠢᠭ ᠢ ᠨᠡᠭᠡᠭᠡᠨ ᠬᠦᠭᠵᠢᠬᠦᠯᠵᠦ᠂ ᠰᠢᠷᠬᠤᠰᠤ ᠤᠯᠤᠰ ᠤᠨ ᠲᠡᠰ  ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠦᠽᠸᠢ ᠶᠢᠨ ᠭᠤᠤᠯ ᠴᠤᠭᠴᠠ ᠶᠢᠨ ᠪᠠᠷᠢᠯᠭ᠎ᠠ ᠲᠠᠭᠤᠰᠬᠤ ᠶᠢ ᠪᠠᠳᠤᠯᠠᠨ᠎ᠠ︔ ᠦᠵᠡᠮᠵᠢ ᠶᠢᠨ ᠴᠢᠭ ᠤᠨ ᠪᠡᠶᠡᠴᠢᠯᠡᠨ ᠤᠶᠢᠯᠠᠭᠠᠬᠤ ᠵᠢᠭᠤᠯᠴᠢᠯᠠᠯ ᠤᠨ ᠲᠦᠷᠦᠯ ᠵᠦᠢᠯ ᠢ ᠡᠯᠪᠡᠭᠵᠢᠬᠦᠯᠵᠦ ᠦᠨᠳᠦᠷ ᠴᠢᠨᠰᠠᠭᠠᠳᠤ ᠵᠢᠭᠤᠯᠴᠢᠯᠠᠯ ᠤᠨ ᠲᠠᠭᠤᠷᠢᠶᠠᠯ ᠡᠷᠦᠬᠡ ᠪᠠ ᠰᠡᠯᠡᠬᠦᠴᠡᠨ ᠵᠢᠭᠤᠯᠴᠢᠯᠠᠬᠤ ᠮᠠᠯ ᠲᠠᠷᠢᠶᠠᠯᠠᠩ ᠤᠨ ᠳᠠᠯᠠᠪᠠᠢ ᠶᠢ 10 ᠡᠷᠦᠬᠡ ᠰᠢᠨ᠎ᠡ ᠪᠠᠷ ᠦᠭᠡᠷᠡᠴᠢᠯᠡᠨ ᠪᠠᠶᠢᠭᠤᠯᠵᠤ ᠮᠤᠩᠭᠤᠯ ᠬᠢᠳᠠᠳ ᠡᠮ ᠡᠮᠨᠡᠯᠭᠡ ᠡᠷᠡᠬᠦᠯ ᠡᠩᠬᠡ ᠶᠢᠨ ᠵᠢᠭᠤᠯᠴᠢᠯᠠᠯ ᠤᠨ ᠲᠠᠭᠤᠷᠢᠶᠠᠯ ᠴᠢᠭ ᠶᠢ 1᠂ ᠦᠪᠡᠰᠦᠪᠡᠨ ᠲᠡᠷᠬᠡ ᠵᠢᠯᠤᠭᠤᠳᠴᠦ ᠵᠤᠭᠠᠴᠠᠬᠤ ᠪᠠᠭᠤᠴᠠ ᠦᠷᠳᠡᠭᠡ ᠶᠢ 5 ᠪᠠᠶᠢᠭᠤᠯᠵᠤ ᠦᠪᠡᠷᠮᠢᠴᠡ ᠤᠨᠴᠠᠯᠢᠭᠳᠤ ᠬᠦᠳᠡᠭᠡ ᠨᠤᠳᠤᠭ  ᠤᠨ ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠤᠰᠬᠤᠨ ᠢ 2 ᠪᠠᠶᠢᠭᠤᠯᠤᠨ ᠪᠦᠳᠦᠭᠡᠵᠦ᠂ ᠬᠦᠳᠡᠭᠡ ᠲᠤᠰᠬᠤᠨ ᠤ ᠰᠤᠶᠤᠯ ᠵᠢᠭᠤᠯᠴᠢᠯᠠᠯ ᠠᠭᠤᠰᠤᠯᠴᠠᠨ ᠬᠦᠭᠵᠢᠬᠦ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠪᠣᠷᠣᠯᠠᠭᠤᠯᠭ᠎ᠠ  ᠶᠢᠨ ᠤᠬᠠᠭᠤᠯᠭ᠎ᠠ ᠪᠠᠨ ᠴᠢᠩᠭᠠᠳᠬᠠᠵᠤ ᠤᠶᠢᠷ᠎ᠠ ᠬᠠᠪᠢ ᠶᠢᠨ ᠤᠷᠤᠨ ᠤ ᠵᠠᠬ᠎ᠠ ᠲᠡᠯᠭᠡᠬᠦᠷ ᠲᠤ ᠴᠢᠭᠯᠡᠬᠦᠯᠦᠨ ᠤᠨᠤᠪᠴᠢᠳᠠᠢ ᠪᠤᠷᠤᠯᠠᠭᠤᠯᠭ᠎ᠠ ᠦᠷᠨᠢᠬᠦᠯᠵᠦ᠂ ᠨᠦᠯᠦᠬᠡᠯᠡᠬᠦ ᠬᠦᠴᠦᠨ ᠪᠠ ᠨᠡᠷ᠎ᠡ ᠠᠯᠳᠠᠷ ᠢᠶᠠᠨ ᠲᠡᠭᠡᠭᠰᠢᠯᠡᠬᠦᠯᠦᠨ᠎ᠡ᠃ ᠨᠡᠭᠦᠷᠡᠰᠦᠨ ᠤ ᠪᠠᠷᠠᠭᠠᠨ ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠤ ᠲᠡᠮᠦᠷ ᠵᠠᠮ᠂ ᠲᠡᠭᠡᠭᠡᠪᠦᠷᠢ ᠶᠢᠨ ᠦᠷᠳᠡᠭᠡ ᠶᠢ ᠵᠤᠬᠢᠰᠳᠠᠢ ᠪᠠᠶᠢᠷᠢᠯᠠᠭᠤᠯᠤᠨ᠎ᠠ᠃ ᠢᠨᠲ᠋ᠧᠷ ᠰᠦᠯᠵᠢᠶ᠎ᠡ ᠪᠠ ᠤᠯᠠᠮᠵᠢᠯᠠᠯᠳᠤ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠯᠦᠭᠡ ᠶᠢᠨ ᠠᠭᠤᠰᠤᠯᠴᠠᠯ ᠢ ᠲᠦᠯᠬᠢᠨ ᠠᠬᠢᠭᠤᠯᠵᠤ᠂ ᠪᠦᠬᠦ ᠦᠢᠯᠡᠰ ᠢᠶᠠᠨ ᠬᠡᠷᠡᠭᠯᠡᠭᠡᠨ ᠤ ᠠᠮᠣᠷ ᠲᠦᠪᠰᠢᠨ ᠬᠤᠳᠠ ᠶᠢ ᠡᠬᠦᠳᠦᠨ ᠪᠠᠶᠢᠭᠤᠯᠬᠤ ᠪᠠᠷ ᠲᠦᠯᠬᠢᠨ ᠠᠬᠢᠭᠤᠯᠵᠤ᠂ ᠨᠡᠶᠢᠬᠡᠮᠴᠢᠯᠡᠭᠰᠡᠨ ᠠᠰᠠᠷᠠᠮᠵᠢ ᠵᠡᠷᠬᠡ ᠰᠢᠨ᠎ᠡ ᠪᠠᠷ ᠮᠠᠨᠳᠤᠵᠤ ᠪᠠᠶᠢᠭ᠎ᠠ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠬᠦᠯᠦᠨ᠎ᠡ᠃      ︵ᠲᠦᠷᠪᠡ︶ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠵᠤ ᠦᠢᠯᠡᠰ ᠴᠡᠴᠡᠭᠯᠡᠨ ᠬᠦᠭᠵᠢᠵᠦ᠂ ᠤᠷᠤᠰᠢᠨ ᠰᠠᠭᠤᠷᠢᠰᠢᠬᠤ ᠳᠤ ᠲᠤᠬᠢᠳᠠᠢ᠂ ᠪᠤᠯᠪᠠᠰᠤᠨ ᠰᠤᠷᠳᠠᠯ ᠲᠠᠢ᠂ ᠴᠡᠭᠴᠡᠯᠡᠯᠳᠡ ᠪᠦᠳᠦᠮᠵᠢᠳᠡᠢ᠂ ᠠᠮᠢᠳᠤᠷᠠᠯ ᠪᠠᠶᠠᠨ ᠲᠠᠩᠰᠤᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ ᠬᠦᠳᠡᠭᠡ ᠲᠤᠰᠬᠤᠨ ᠢ ᠰᠡᠷᠬᠦᠬᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠲᠤᠭᠳᠠᠭᠠᠵᠤ᠂ ᠬᠤᠳᠠ ᠬᠦᠳᠡᠭᠡ ᠠᠭᠤᠰᠤᠯᠴᠠᠨ ᠭᠦᠭᠵᠢᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠤᠷᠤᠨ  ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠠᠵᠤ ᠦᠢᠯᠡᠰ ᠢ ᠠᠭᠤᠰᠣᠯᠴᠠᠭᠤᠯᠣᠨ ᠬᠦᠭᠵᠢᠬᠦᠯᠵᠣ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠠᠶᠢᠭᠤᠯᠤᠨ᠎ᠠ᠃      ᠤᠳᠤ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠤᠨ ᠭᠦᠭᠵᠢᠯᠳᠡ ᠶᠢᠨ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ ᠵᠠᠬ᠎ᠠ ᠲᠡᠯᠭᠡᠭᠦᠷ ᠤᠨ ᠬᠡᠷᠡᠭᠴᠡᠭᠡ ᠪᠠᠷ ᠵᠢᠯᠤᠭᠤᠳᠤᠮᠵᠢ ᠪᠤᠯᠭᠠᠵᠤ ᠮᠠᠯᠴᠢᠨ ᠲᠠᠷᠢᠶᠠᠴᠢᠨ ᠢ ᠵᠢᠯᠤᠭᠤᠳᠤᠨ ᠲᠠᠷᠢᠵᠤ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ ᠰᠢᠨ᠎ᠡ ᠡᠭᠦᠯᠳᠡᠷ ᠤᠨ ᠤᠷᠤᠭᠤᠯᠤᠯᠳᠠ ᠪᠠ ᠬᠡᠷᠡᠭᠯᠡᠭᠡᠨ ᠤ ᠮᠡᠷᠭᠡᠵᠢᠯ ᠤᠨ ᠲᠦᠭᠡᠮᠡᠯᠵᠢᠬᠦᠯᠦᠯᠳᠡ ᠶᠢ ᠴᠢᠩᠭᠠᠳᠬᠠᠵᠤ᠂ ᠮᠦᠬᠦᠯᠢᠭᠳᠦ ᠡᠷᠳᠡᠨᠢ ᠰᠢᠰᠢ ᠶᠢᠨ ᠲᠠᠷᠢᠶ᠎ᠠ ᠶᠢ 2 ᠲᠦᠮᠡᠨ ᠮᠤ᠋ ᠬᠠᠰᠤᠵᠤ᠂ ᠵᠠᠳᠠᠭᠠᠢ ᠲᠠᠷᠢᠭᠰᠠᠨ ᠢᠳᠡᠰᠢᠨ ᠨᠤᠭᠤᠭ᠎ᠠ᠂ ᠲᠡᠵᠢᠭᠡᠯ ᠪᠤᠷᠳᠤᠭ᠎ᠠ ᠶᠢᠨ ᠲᠠᠷᠢᠮᠠᠯ ᠲᠠᠷᠢᠬᠤ ᠪᠠᠨ ᠨᠡᠮᠡᠭᠳᠡᠬᠦᠯᠦᠨ᠎ᠡ᠃ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢᠳᠤ ᠤᠷᠤᠨ ᠢ 30 ᠲᠦᠮᠡᠨ ᠮᠤ᠋ ᠲᠦᠯᠦᠪᠯᠡᠨ ᠲᠤᠭᠳᠠᠭᠠᠵᠤ ᠡᠭᠡᠯᠵᠢᠯᠡᠬᠦᠯᠦᠨ ᠲᠠᠷᠢᠬᠤ ᠲᠠᠷᠢᠶᠠᠨ ᠭᠠᠵᠠᠷ ᠢ 3 ᠲᠦᠮᠡᠨ ᠮᠤ᠋ ᠪᠠᠶᠢᠯᠭᠠᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ ᠤᠨ ᠬᠡᠷᠡᠭᠯᠡᠯᠳᠡ ᠶᠢ ᠪᠠᠭᠠᠰᠬᠠᠬᠤ ᠮᠡᠷᠭᠡᠵᠢᠯ ᠢ ᠲᠡᠯᠭᠡᠷᠡᠬᠦᠯᠦᠨ ᠲᠠᠷᠢᠶᠠᠨ ᠭᠠᠵᠠᠷ ᠤᠨ ᠴᠢᠨᠠᠷ ᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ 3 ᠲᠦᠮᠡᠨ ᠮᠤ᠋ ᠪᠠᠶᠢᠭᠤᠯᠵᠤ ᠲᠦᠬᠦᠭᠡᠷᠤᠮᠵᠢᠳᠤ ᠲᠠᠷᠢᠶᠠᠯᠠᠩ ᠢ 200 ᠮᠤ᠋ ᠬᠦᠭᠵᠢᠬᠦᠯᠵᠦ ᠦᠨᠳᠦᠷ ᠠᠰᠢᠭᠯᠠᠮᠵᠢᠳᠤ ᠤᠰᠤ ᠠᠷᠪᠢᠯᠠᠬᠤ ᠤᠰᠤᠯᠠᠯᠭ᠎ᠠ ᠶᠢ 1 ᠲᠦᠮᠡᠨ ᠮᠤ᠋ ᠲᠡᠯᠭᠡᠷᠡᠬᠦᠯᠦᠨ᠎ᠡ᠃ ᠤᠷᠳᠤᠰ ᠤᠨ ᠨᠠᠷᠢᠨ ᠨᠤᠤᠰᠤᠳᠤ ᠬᠤᠨᠢ᠂ ᠠᠯᠠᠰᠢᠨ ᠦᠬᠡᠷ᠂ ᠭᠠᠭ᠋ᠠᠢ ᠵᠡᠷᠬᠡ ᠭᠤᠷᠪᠠᠨ ᠭᠤᠣᠯᠯᠠᠭᠴᠢ ᠠᠵᠤ ᠦᠢᠯᠡᠰ ᠤᠨ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠬᠦᠯᠬᠦ ᠶᠢ ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠤᠳᠤ ᠦᠶ᠎ᠡ ᠶᠢᠨ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ 160 ᠡᠷᠦᠬᠡ᠂ ᠠᠯᠠᠰᠢᠨ ᠦᠬᠡᠷ ᠤᠨ ᠠᠵᠤ ᠦᠢᠯᠡᠰ ᠤᠨ ᠰᠠᠭᠤᠷᠢᠨ ᠭᠠᠵᠠᠷ  ᠢ 3᠂ 300 ᠲᠤᠯᠤᠭᠠᠢ ᠠᠴᠠ ᠲᠡᠭᠡᠭᠰᠢ ᠭᠠᠭ᠋ᠠᠢ ᠲᠡᠵᠢᠭᠡᠨ ᠠᠷᠠᠴᠢᠯᠠᠬᠤ ᠲᠤᠮᠤ ᠡᠷᠦᠬᠡ ᠶᠢ 8 ᠪᠣᠢ ᠪᠣᠯᠭᠠᠵᠣ᠂ ᠮᠠᠯᠵᠢᠯ ᠤᠨ ᠣᠨ ᠤ ᠲᠡᠵᠢᠭᠡᠨ ᠮᠠᠯᠵᠢᠬᠤ ᠮᠠᠯ ᠤᠨ ᠲᠤᠭ᠎ᠠ ᠲᠤᠯᠤᠭᠠᠢ ᠶᠢ 210 ᠲᠦᠮᠡ ᠠᠴᠠ ᠲᠡᠭᠡᠭᠰᠢ ᠪᠠᠶᠢᠯᠭᠠᠬᠤ ᠶᠢ ᠪᠠᠳᠤᠯᠠᠨ᠎ᠠ᠃ ᠰᠢᠷᠬᠤᠰᠣᠨ ᠪᠠᠯᠭᠠᠰᠤ᠂ ᠲᠤᠭ ᠪᠠᠯᠭᠠᠰᠤᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠪᠡᠷᠮᠢᠴᠡ ᠣᠨᠴᠠᠯᠢᠭᠳᠣ ᠮᠠᠯ ᠲᠠᠷᠢᠶᠠᠯᠠᠩ ᠤᠨ ᠦᠢᠯᠡᠰ᠂ ᠲᠠᠷᠢᠶᠠᠨ ᠠᠵᠢᠯ ᠢ ᠪᠡᠶᠡᠴᠢᠯᠡᠨ ᠤᠶᠢᠯᠠᠭᠠᠬᠤ᠂ ᠬᠦᠳᠡᠭᠡ ᠲᠤᠰᠬᠤᠨ ᠤ ᠵᠢᠭᠤᠯᠴᠢᠯᠠᠯ ᠵᠡᠷᠬᠡ ᠲᠦᠭᠦᠬᠡᠷᠦᠮᠵᠢ ᠶᠢ ᠲᠡᠭᠦᠯᠳᠡᠷᠵᠢᠬᠦᠯᠵᠦ᠂ ᠮᠠᠯᠴᠢᠨ ᠲᠠᠷᠢᠶᠠᠴᠢᠨ ᠢ ᠲᠠᠭᠠᠭᠤᠯᠤᠨ ᠤᠯᠠᠨ ᠡᠰᠢᠵᠢᠭᠰᠡᠨ ᠡᠵᠡᠩᠨᠡᠯᠳᠡ ᠬᠢᠯᠬᠡᠵᠦ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠰᠢᠨ᠎ᠡ ᠲᠦᠷᠢ ᠲᠦᠷᠬᠦ ᠶᠢ ᠪᠣᠢ ᠪᠣᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠨᠡᠶᠢᠳᠡ ᠶᠢᠨ ᠦᠮᠴᠢᠯᠡᠬᠦ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢ ᠬᠠᠶᠢᠨ ᠰᠦᠪᠡᠭᠴᠢᠯᠡᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠷᠬᠡ ᠶᠢ ᠲᠤᠭᠳᠠᠭᠠᠵᠤ ᠲᠠᠩᠰᠠᠯᠠᠬᠤ ᠶᠢ ᠪᠡᠶᠡᠯᠡᠬᠦᠯᠦᠨ ᠭᠠᠵᠠᠷ ᠰᠢᠷᠤᠢ ᠨᠤᠳᠤᠭ ᠪᠡᠯᠴᠢᠭᠡᠷ ᠤᠨ ᠡᠵᠡᠩᠨᠡᠬᠦ ᠡᠷᠬᠡ ᠶᠢᠨ ᠡᠷᠬᠢᠯᠳᠤᠯ᠂ ᠪᠠᠷᠢᠴᠠᠭᠠᠯᠠᠬᠤ ᠰᠤᠯᠢᠯᠴᠠᠭᠠᠨ ᠤ ᠲᠠᠪᠴᠠᠩ ᠪᠠᠶᠢᠭᠤᠯᠵᠤ᠂ ᠲᠤᠬᠢᠷᠠᠮᠵᠢᠳᠠᠢ ᠬᠡᠪᠴᠢᠶᠡᠵᠢᠯ ᠤᠨ ᠡᠵᠡᠩᠨᠡᠯᠳᠡ ᠬᠢᠬᠦ ᠶᠢ ᠵᠤᠷᠢᠭᠵᠢᠭᠤᠯᠤᠨ ᠬᠦᠭᠵᠢᠬᠦᠯᠦᠨ᠎ᠡ᠃ ᠤᠯᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ ᠴᠢᠳᠠᠮᠵᠢ ᠶᠢ 4 ᠲᠦᠮᠡᠨ ᠲᠤᠨᠨᠠ ᠨᠡᠮᠡᠭᠳᠡᠬᠦᠯᠵᠦ ᠰᠢᠨ᠎ᠡ ᠰᠤᠷᠭᠤᠭ ᠢ ᠪᠠᠳᠤᠯᠠᠬᠤ ᠪᠠ ᠨᠦᠭᠡᠴᠡᠯᠡᠨ ᠬᠠᠳᠠᠭᠠᠯᠠᠬᠤ ᠵᠡᠷᠬᠡ ᠲᠦᠭᠦᠭᠡᠷᠦᠮᠵᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠠᠭ ᠰᠤᠯᠢᠪᠴᠢᠨ ᠦᠨ᠎ᠡ ᠲᠤᠭᠳᠠᠭᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠪᠦᠬᠦ ᠣᠯᠣᠰ ᠤᠨ ᠣᠷᠭᠠᠨᠢᠭ ᠢᠳᠡᠬᠡᠨ ᠤ ᠳᠠᠭᠤᠷᠢᠶᠠᠯ ᠬᠤᠰᠢᠭᠤ ᠶᠢ ᠡᠬᠦᠳᠣᠨ ᠪᠠᠶᠢᠭᠤᠯᠬᠤ ᠠᠵᠢᠯ ᠢ ᠡᠬᠢᠯᠡᠬᠦᠯᠵᠣ ᠮᠠᠯ ᠲᠠᠷᠢᠶᠠᠯᠠᠩ ᠤᠨ ᠪᠦᠳᠦᠭᠡᠭᠳᠡᠬᠦᠨ ᠤ ᠲᠠᠸᠠᠷ ᠤᠨ ᠲᠡᠮᠳᠡᠭ ᠢ ᠰᠢᠯᠢᠳᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠤᠷᠤᠨ ᠨᠤᠳᠤᠭ ᠤᠨ ᠲᠦᠯᠦᠭᠡᠯᠡᠭᠴᠢ ᠪᠦᠳᠦᠭᠡᠭᠳᠡᠬᠦᠨ ᠢ 1᠂ ᠪᠤᠬᠢᠷᠳᠤᠯ ᠦᠬᠡᠢ ᠢᠳᠡᠭᠡᠨ ᠢ 4 ᠰᠢᠨ᠎ᠡ ᠪᠠᠷ ᠭᠤᠶᠤᠪᠴᠢᠯᠠᠵᠤ᠂ ᠦᠪᠡᠷᠳᠡᠭᠡᠨ ᠵᠠᠰᠠᠬᠤ ᠤᠷᠤᠨ ᠤ ᠨᠡᠷᠡᠳᠦ ᠰᠢᠯᠢᠳᠡᠭ ᠤᠨᠴᠠ ᠪᠦᠳᠦᠭᠡᠭᠳᠡᠬᠦᠨ ᠢ 2 ᠪᠣᠢ ᠪᠣᠯᠭᠠᠵᠣ᠂ ︽ᠦᠦᠰᠢᠨ ᠭᠠᠷᠣᠯᠳᠠ︾ ᠶᠢ ᠲᠦᠮᠡ ᠮᠢᠩᠭᠠᠨ ᠡᠷᠦᠬᠡ ᠳᠤ ᠮᠡᠳᠡᠬᠦᠯᠦᠨ᠎ᠡ᠃      ᠮᠠᠯᠵᠢᠬᠤ ᠲᠠᠷᠢᠶᠠᠯᠠᠬᠤ ᠤᠷᠤᠨ ᠤ ᠭᠦᠭᠵᠢᠯᠳᠡ ᠶᠢᠨ ᠤᠷᠴᠢᠨ ᠢ ᠰᠢᠯᠢᠳᠡᠭᠵᠢᠬᠦᠯᠦᠨ᠎ᠡ᠃ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠲᠦᠰᠦᠪᠯᠡᠬᠦ ᠲᠤᠭᠳᠠᠴᠠ ᠶᠢ ᠪᠠᠶᠢᠭᠤᠯᠤᠨ ᠡᠯ᠎ᠡ ᠰᠤᠮᠤ ᠪᠠᠯᠭᠠᠰᠤᠨ ᠤ ᠬᠤᠭᠤᠯᠠᠢ ᠲᠤᠤᠷ᠂ ᠪᠤᠬᠢᠷ ᠭᠠᠳᠠᠭᠰᠢᠯᠠᠭᠤᠯᠬᠤ᠂ ᠵᠡᠬᠡᠯᠢ ᠭᠤᠳᠤᠮᠵᠢ᠂ ᠠᠮᠢᠳᠤᠷᠠᠯ ᠤᠨ ᠬᠠᠶᠠᠭᠳᠠᠮᠠᠯ ᠢ ᠠᠶᠤᠯᠬᠦᠢ ᠰᠢᠢᠳᠪᠤᠷᠢᠯᠡᠬᠦ ᠵᠡᠷᠬᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠦ᠂ ᠰᠤᠮᠤ ᠪᠠᠯᠭᠠᠰᠤᠨ ᠤ ᠪᠣᠷᠣ ᠬᠡᠷᠳᠣ ᠳᠣᠭᠤᠷᠢᠭ ᠤᠨ ᠦᠬᠡᠷᠡᠴᠢᠯᠡᠯᠳᠡ ᠶᠢ ᠬᠡᠷᠡᠭᠵᠢᠬᠦᠯᠵᠦ᠂ ᠠᠭᠤᠷᠬᠠᠢ ᠶᠢᠨ ᠤᠷᠤᠨ ᠤ ᠠᠩᠬ᠎ᠠ ᠮᠠᠯᠳᠠᠬᠤ ᠭᠠᠵᠠᠷ ᠪᠤᠯᠤᠨ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠣᠷᠣᠨ ᠤ ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠢ ᠡᠬᠢᠯᠡᠬᠦᠯᠵᠦ᠂ ᠦᠪᠡᠷᠮᠢᠴᠡ ᠤᠨᠴᠠᠯᠢᠭᠳᠤ ᠵᠢᠵᠢᠭ ᠪᠠᠯᠭᠠᠰᠤ ᠶᠢ ᠪᠦᠳᠦᠭᠡᠨ ᠪᠠᠶᠢᠭᠤᠯᠤᠨ᠎ᠠ᠃ ᠤᠷᠤᠨ ᠰᠠᠭᠤᠴᠠ  ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠦᠷᠨᠢᠬᠦᠯᠵᠦ ᠪᠠᠯᠭᠠᠰᠤᠨ ᠲᠤᠭᠤᠷᠢᠭ᠂ ᠰᠠᠭᠤᠭᠠᠯᠢ ᠠᠷᠠᠳ ᠤᠨ ᠲᠦᠪᠯᠡᠷᠡᠯ ᠤᠨ ᠴᠢᠭ ᠪᠤᠯᠤᠨ ᠵᠠᠮ ᠱᠤᠭᠤᠮ ᠲᠠᠭᠠᠤ ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ︽ᠵᠤᠷᠯᠤᠩ ᠤᠨ ᠬᠤᠪᠢᠰᠬᠠᠯ︾ ᠢ ᠠᠬᠢᠭᠤᠯᠤᠨ ᠰᠤᠮᠤ ᠪᠠᠯᠭᠠᠰᠤ᠂ ᠦᠵᠡᠮᠵᠢ ᠶᠢᠨ ᠤᠷᠤᠨ᠂ ᠮᠠᠯᠴᠢᠨ ᠲᠠᠷᠢᠶᠠᠴᠢᠨ ᠡᠷᠦᠬᠡ ᠳᠤ ᠤᠰᠤ ᠪᠠᠷ ᠵᠠᠶᠢᠯᠬᠤ ᠬᠡᠯᠪᠠᠷᠢ ᠶᠢᠨ ᠵᠤᠷᠯᠤᠩ ᠪᠠᠶᠢᠭᠤᠯᠬᠤ ᠶᠢ ᠲᠡᠯᠭᠡᠷᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠲᠡᠪᠢᠰᠬᠦ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠲᠤᠤᠷ ᠢ 680 ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠵᠤ᠂ ᠮᠣᠣᠪᠣᠯᠠᠭ ᠤᠨ 35 ᠺᠢᠯᠤᠸᠤᠯᠲ ᠵᠡᠷᠬᠡ 5 ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ︽ᠰᠢᠳᠠᠮᠠᠬᠠᠢ ᠬᠡᠢ ᠶᠢ ᠲᠦᠬᠡᠮᠡᠯᠵᠢᠬᠦᠯᠦᠭᠰᠡᠨ ᠦᠦᠰᠢᠨ︾ ᠢ ᠲᠦᠯᠬᠢᠨ ᠠᠬᠢᠭᠤᠯᠵᠤ᠂ ᠠᠭᠠᠷ ᠰᠠᠯᠬᠢᠨ ᠤ ᠡᠨᠧᠷᠬᠢ᠂ ᠨᠠᠷᠠᠨ ᠡᠨᠧᠷᠬᠢ ᠵᠡᠷᠬᠡ ᠰᠢᠨ᠎ᠡ ᠬᠡᠯᠪᠡᠷᠢ ᠶᠢᠨ ᠡᠨᠧᠷᠬᠢ ᠶᠢᠨ ᠬᠡᠷᠡᠭᠯᠡᠯᠳᠡ ᠶᠢ ᠲᠡᠯᠭᠡᠷᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠴᠡᠪᠡᠷ ᠡᠨᠧᠷᠬᠢ ᠶᠢᠨ ᠬᠡᠷᠡᠭᠯᠡᠬᠦ ᠨᠤᠷᠮ᠎ᠠ ᠶᠢ ᠨᠡᠮᠡᠭᠳᠡᠬᠦᠯᠦᠨ᠎ᠡ᠃ ᠲᠤᠭᠠᠴᠠᠯᠠᠭᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠰᠤᠷᠠᠭ ᠵᠠᠩᠬᠢ ᠶᠢᠨ ᠲᠤᠤᠷ ᠰᠦᠯᠵᠢᠶᠡᠨ ᠤ ᠪᠦᠷᠬᠦᠴᠡ ᠶᠢ ᠠᠬᠢᠭᠤᠯᠤᠨ᠎ᠠ᠃ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠤᠭᠳᠠᠴᠠ ᠶᠢ ᠪᠦᠷᠢᠨᠰᠢᠬᠦᠯᠵᠦ ᠮᠦᠩᠭᠦᠨ ᠬᠦᠢᠯᠭᠡᠭᠡ᠂ ᠲᠠᠭᠠᠳᠬᠠᠯ᠂ ᠲᠦᠷᠬᠡᠨ ᠬᠦᠷᠭᠡᠯᠳᠡ ᠵᠡᠷᠬᠡ ᠶᠢᠨ ᠬᠦᠳᠡᠭᠡ ᠪᠠᠭᠤᠵᠤ ᠭᠠᠴᠠᠭ᠎ᠠ ᠲᠤᠰᠬᠤᠨ ᠳᠤ ᠤᠷᠤᠬᠤ ᠶᠢ ᠵᠤᠷᠢᠭᠵᠢᠭᠤᠯᠤᠨ ᠲᠡᠮᠵᠢᠵᠤ ᠮᠠᠯᠴᠢᠨ ᠲᠠᠷᠢᠶᠠᠴᠢᠨ ᠳᠤ ᠤᠯᠠᠨ ᠶᠠᠩᠵᠤᠳᠤ ᠦᠢᠯᠡᠴᠢᠯᠡᠭᠡ ᠬᠠᠩᠭᠠᠨ᠎ᠠ᠃      ᠮᠠᠯᠵᠢᠬᠤ ᠲᠠᠷᠢᠶᠠᠯᠠᠬᠤ ᠤᠷᠤᠨ ᠤ ᠨᠡᠶᠢᠬᠡᠮ ᠤᠨ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠬᠤ ᠰᠣᠩᠭᠤᠭᠤᠯᠢ ᠶᠢᠨ ᠠᠵᠢᠯ ᠢ ᠪᠠᠳᠤᠳᠠᠢ ᠰᠠᠶᠢᠨ ᠬᠢᠵᠦ ᠤᠯᠤᠰ ᠲᠦᠷᠦ ᠶᠢᠨ ᠢᠳᠡᠭᠡᠯ ᠪᠢᠰᠢᠷᠡᠯ ᠪᠠᠳᠤ᠂ ᠤᠯᠠᠨ ᠲᠥᠮᠡᠨᠴᠢ ᠰᠠᠭᠤᠷᠢ ᠰᠠᠶᠢᠨ᠂ ᠤᠯᠠᠨ ᠢ ᠲᠠᠶᠢᠴᠢᠯᠠᠨ ᠪᠠᠶᠠᠵᠢᠯ ᠢᠶᠠᠷ ᠵᠠᠮᠨᠠᠵᠤ ᠲᠡᠶᠢᠯᠬᠦ ᠭᠠᠴᠠᠭ᠎ᠠ ᠲᠤᠰᠬᠤᠨ ᠤ ︽ᠭᠤᠷᠪᠠᠨ ᠵᠦᠪᠯᠡᠯ︾ ᠤᠨ ᠪᠠᠭ ᠢ ᠵᠣᠬᠢᠶᠠᠨ ᠪᠠᠶᠢᠭᠤᠯᠤᠨ᠎ᠠ᠃ ᠭᠠᠴᠠᠭ᠎ᠠ ᠲᠤᠰᠬᠤᠨ ᠱᠠᠳᠣᠨ ᠤ ᠡᠷᠬᠡ ᠶᠢᠨ ᠲᠠᠩᠰᠠ ᠶᠢᠨ ᠲᠦᠷᠢᠮ ᠢ ᠬᠠᠶᠢᠨ ᠰᠦᠪᠡᠭᠴᠢᠯᠡᠵᠦ᠂ ᠭᠠᠴᠠᠭ᠎ᠠ ᠲᠤᠰᠬᠤᠨ ᠤ ᠡᠷᠬᠡ ᠶᠢ ᠲᠦᠷᠢᠮᠵᠢᠬᠦᠯᠦᠨ᠎ᠡ᠃ ᠰᠢᠨ᠎ᠡ ᠬᠡᠯᠪᠡᠷᠢ ᠶᠢᠨ ᠲᠤᠰᠬᠠᠶᠢᠵᠢᠭᠰᠠᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠦ ᠤᠳᠤᠬᠢᠴᠢᠯᠠᠭᠰᠠᠨ ᠦᠢᠯᠡᠳᠪᠤᠷᠢᠯᠡᠯ ᠡᠵᠡᠩᠨᠡᠯᠳᠡ ᠳᠤ ᠲᠤᠬᠢᠷᠠᠭᠰᠠᠨ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ ᠡᠩᠨᠡᠭᠡ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠬᠦᠳᠡᠭᠡ ᠲᠤᠰᠬᠤᠨ ᠤ ᠪᠤᠯᠪᠠᠰᠤᠨ ᠰᠤᠷᠳᠠᠯ ᠢ ᠲᠡᠭᠡᠭᠰᠢᠯᠡᠬᠦᠯᠬᠦ ᠠᠵᠢᠯᠯᠠᠭᠠᠨ ᠢ ᠬᠦᠨᠵᠡᠭᠡᠢ ᠨᠠᠶᠢᠳᠠᠪᠤᠷᠢᠵᠢᠭᠤᠯᠵᠤ ᠪᠤᠯᠪᠠᠰᠤᠨ ᠬᠡᠷ ᠪᠦᠯᠢ ᠵᠡᠷᠬᠡ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠢ ᠡᠬᠦᠳᠬᠦ ᠠᠵᠢᠯᠯᠠᠭᠠᠨ ᠦᠷᠨᠢᠬᠦᠯᠵᠦ᠂ ᠶᠡᠬᠡᠪᠡᠷ ᠲᠡᠪᠵᠢᠶᠡᠷᠡᠬᠦᠯᠦᠨ ᠵᠤᠴᠢᠯᠠᠬᠤ᠂ ᠪᠦᠷᠢᠯᠭᠡᠨ ᠰᠦᠢᠳᠭᠡᠬᠦ ᠵᠡᠷᠬᠡ ᠬᠤᠴᠣᠷᠣᠩᠭᠤᠢ ᠪᠣᠯᠬᠢ ᠵᠠᠩᠰᠢᠯ ᠢ ᠲᠠᠶᠠᠭᠳᠠᠵᠤ᠂ ᠬᠡᠪ ᠰᠣᠷᠳᠠᠯ ᠢᠶᠠᠨ ᠦᠬᠡᠷᠡᠴᠢᠯᠡᠬᠦ ᠶᠢ ᠲᠦᠯᠬᠢᠨ ᠠᠬᠢᠭᠤᠯᠵᠤ᠂ ᠬᠦᠳᠡᠭᠡ ᠨᠤᠳᠤᠭ ᠤᠨ ᠪᠤᠯᠪᠠᠰᠤᠨ ᠰᠤᠷᠳᠠᠯ᠂ ᠬᠡᠷ ᠤᠨ ᠰᠢᠯᠢᠳᠡᠭ ᠰᠤᠷᠳᠠᠯ᠂ ᠠᠷᠠᠳ ᠤᠨ ᠪᠤᠷᠤᠭᠵᠢᠭᠤᠨ ᠰᠤᠷᠳᠠᠯ ᠢ ᠶᠡᠭᠡ ᠬᠦᠴᠦᠨ ᠢᠶᠠᠷ ᠬᠦᠮᠦᠵᠢᠬᠦᠯᠦᠨ᠎ᠡ᠃      ︵ᠲᠠᠪᠤ︶ ᠬᠤᠲᠠ ᠪᠠᠯᠭᠠᠰᠤᠨ ᠤ ᠴᠢᠳᠠᠪᠬᠢ ᠲᠣᠨᠤᠭ ᠲᠥᠬᠦᠭᠡᠷᠤᠮᠵᠢ ᠶᠢ ᠲᠡᠭᠦᠯᠳᠡᠷᠵᠢᠭᠦᠯᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠤᠨ᠎ᠡ᠃ ᠪᠥᠬᠦ ᠤᠯᠤᠰ ᠤᠨ ᠪᠤᠯᠪᠠᠰᠤᠨ ᠬᠤᠲᠠ ᠶᠢ ᠪᠠᠶᠢᠭᠤᠯᠬᠤ ᠪᠠᠷ ᠭᠠᠷᠳᠠᠴᠠ ᠪᠣᠯᠭᠠᠨ ᠬᠤᠲᠠ ᠶᠢᠨ ᠬᠥᠭᠵᠢᠯᠲᠡ ᠶᠢᠨ ᠣᠷᠴᠢᠨ ᠪᠠ ᠣᠯᠠᠨ ᠲᠥᠮᠡᠨ ᠤ ᠠᠮᠢᠳᠤᠷᠠᠯ ᠤᠨ ᠣᠷᠴᠢᠨ ᠢ ᠬᠦᠴᠦᠯᠡᠨ ᠰᠢᠯᠢᠳᠡᠭᠵᠢᠭᠦᠯᠵᠦ ᠬᠤᠲᠠ ᠶᠢᠨ ᠪᠤᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ ᠪᠣᠯᠪᠠᠰᠤᠨ ᠬᠡᠪ ᠰᠣᠷᠳᠠᠯ ᠤᠨ ᠬᠤᠣᠰ ᠳᠡᠭᠡᠭᠰᠢᠯᠡᠭᠦᠯᠦᠯᠲᠡ ᠶᠢ ᠪᠡᠶᠡᠯᠡᠭᠦᠯᠤᠨ᠎ᠡ᠃      ᠬᠤᠲᠠ ᠶᠢᠨ ᠴᠢᠳᠠᠪᠬᠢ ᠶᠢ ᠲᠥᠬᠦᠷᠵᠢᠭᠦᠯᠦᠨ ᠲᠡᠭᠦᠯᠳᠡᠷᠵᠢᠭᠦᠯᠦᠨ᠎ᠡ᠃ ᠰᠤᠪᠤᠷᠭ᠎ᠠ ᠵᠡᠭᠡᠯᠢ ᠪᠠ ᠣᠢ ᠶᠢᠨ ᠰᠡᠬᠦᠳᠡᠷᠳᠣ ᠵᠠᠮ ᠢ ᠥᠭᠡᠷᠡᠴᠢᠯᠡᠨ ᠪᠠᠶᠢᠭᠤᠯᠵᠤ ᠭᠠᠯᠠᠭᠤᠲᠤ ᠶᠡᠷᠥᠩᠬᠡᠶᠢᠯᠡᠭᠰᠡᠨ ᠪᠠᠷᠠᠭᠠᠨ ᠭᠦᠢᠯᠭᠡᠭᠡᠨ ᠤ ᠲᠣᠭᠤᠷᠢᠭ ᠠᠴᠠ ᠭᠠᠯᠲᠤ ᠲᠡᠷᠭᠡᠨ ᠥᠷᠲᠡᠭᠡ ᠬᠦᠷᠬᠦ ᠱᠤᠭᠤᠮ ᠤᠨ ᠪᠠᠶᠢᠭᠤᠯᠤᠯᠲᠠ ᠶᠢ ᠡᠬᠢᠯᠡᠭᠦᠯᠦᠨ᠎ᠡ᠃ ᠭᠠᠯᠠᠭᠤᠲᠤ ᠪᠠᠯᠭᠠᠰᠤᠨ ᠤ ᠪᠣᠬᠢᠷ ᠤᠰᠤ ᠰᠢᠢᠳᠪᠥᠷᠢᠯᠡᠬᠦ ᠲᠠᠯᠠᠪᠦᠷ ᠤᠨ ᠪᠣᠬᠢᠷ ᠤᠰᠤ ᠶᠢ ᠴᠡᠪᠡᠷᠰᠢᠭᠦᠯᠦᠨ ᠳᠠᠬᠢᠨ ᠠᠰᠢᠭᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠠ ᠶᠢ ᠪᠡᠶᠠᠯᠡᠭᠦᠯᠵᠤ ᠶᠥᠩ ᠲᠠᠢ ᠪᠥᠯᠦᠭᠯᠡᠯ ᠤᠨ ᠢᠯᠴᠢ ᠴᠠᠬᠢᠯᠭᠠᠨ ᠬᠠᠮᠲᠤᠷᠠᠭᠰᠠᠨ ᠲᠥᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠡᠯ᠎ᠡ ᠲᠥᠷᠥᠯ ᠤᠨ ᠬᠤᠭᠤᠯᠠᠢ ᠲᠣᠣᠷ ᠢ 36 ᠺᠢᠯᠣᠮᠧᠲᠷ ᠲᠡᠪᠢᠰᠴᠦ᠂ ᠰᠢᠨ᠎ᠡ ᠪᠠᠷ 18 ᠲᠥᠮᠡᠨ ᠲᠡᠭᠰᠢ ᠲᠥᠷᠪᠡᠯᠵᠢᠨ ᠮᠧᠲᠷ ᠲᠥᠪᠯᠡᠷᠡᠭᠦᠯᠤᠨ ᠳᠤᠯᠠᠭᠠᠯᠠᠯᠭ᠎ᠠ ᠬᠠᠩᠭᠠᠵᠤ᠂ ᠪᠠᠯᠭᠠᠰᠣᠨ ᠳᠣᠭᠤᠷᠢᠭ ᠤᠨ 21 ᠲᠥᠮᠡᠨ ᠲᠡᠭᠰᠢ ᠲᠥᠷᠪᠡᠯᠵᠢᠨ ᠮᠧᠲᠷ ᠭᠠᠵᠠᠷ ᠢ ᠰᠢᠨ᠎ᠡ ᠪᠠᠷ ᠬᠠᠲᠠᠭᠤᠵᠢᠭᠤᠯᠤᠨ ᠲᠡᠪᠢᠰᠴᠦ᠂ ᠤᠰᠤ ᠪᠠᠷ ᠵᠠᠶᠢᠯᠬᠤ ᠬᠡᠯᠪᠡᠷᠢ ᠶᠢᠨ ᠵᠣᠷᠯᠣᠩ ᠢ 26 ᠰᠢᠨ᠎ᠡ ᠪᠠᠷ ᠪᠠᠶᠢᠭᠤᠯᠵᠤ᠂ ᠵᠠᠮ ᠤᠨ ᠳ᠋ᠧᠩ ᠢ 230 ᠤᠭᠰᠠᠷᠠᠵᠤ ᠳᠤᠯᠠᠭᠠᠯᠠᠯᠭ᠎ᠠ ᠬᠠᠩᠭᠠᠯᠲᠠ᠂ ᠪᠣᠬᠢᠷ ᠭᠠᠳᠠᠭᠰᠢᠭᠤᠯᠤᠯᠲᠠ᠂ ᠭᠡᠷᠡᠯᠲᠦᠭᠦᠯᠦᠯᠭᠡ ᠵᠡᠷᠭᠡ ᠲᠥᠬᠦᠭᠡᠷᠥᠮᠵᠢ ᠶᠢ ᠨᠠᠷᠢᠨ ᠵᠡᠭᠡᠯᠢ ᠭᠤᠳᠤᠮᠵᠢ ᠬᠦᠷᠳᠡᠯ᠎ᠡ ᠦᠷᠬᠡᠳᠬᠡᠨ᠎ᠠ᠃ ᠭᠤᠣᠯᠳᠠᠯᠭᠠᠲᠤ ᠣᠷᠣᠨ ᠪᠠ ᠠᠭᠤᠯᠵᠠᠷ ᠴᠡᠭ ᠤᠨ ᠭᠤᠶᠣᠵᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ 24 ᠲᠥᠮᠡᠨ ᠲᠡᠭᠰᠢ ᠲᠥᠷᠪᠡᠯᠵᠢᠨ ᠮᠧᠲᠷ ᠭᠠᠵᠠᠷ ᠢ ᠰᠢᠨ᠎ᠡ ᠪᠠᠷ ᠨᠣᠭᠤᠭᠠᠷᠠᠭᠤᠯᠣᠨ᠎ᠠ᠃ ᠬᠥᠮᠥᠨ ᠠᠮᠠ ᠶᠢ ᠵᠠᠶᠢᠯᠠᠭᠤᠯᠤᠨ ᠲᠠᠷᠬᠠᠭᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠡᠬᠢᠯᠡᠭᠦᠯᠵᠤ ᠬᠠᠭᠤᠴᠢᠨ ᠵᠢᠵᠢᠭ ᠲᠣᠭᠤᠷᠢᠭ ᠢ 10 ᠥᠭᠡᠷᠡᠴᠢᠯᠡᠨ ᠵᠠᠰᠠᠵᠤ ᠬᠤᠲᠠ ᠪᠠᠯᠭᠠᠰᠤᠨ ᠤ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠠ ᠶᠢ 470 ᠢᠵᠢ ᠣᠷᠣᠨ ᠰᠠᠭᠤᠴᠠ ᠪᠡᠶᠡᠯᠡᠭᠦᠯᠤᠨ᠎ᠡ᠃      ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠶᠢ ᠵᠠᠰᠠᠪᠤᠷᠢᠯᠠᠨ ᠨᠠᠶᠢᠷᠠᠭᠤᠯᠵᠤ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠲᠣᠭᠤᠷᠢᠭ ᠤᠨ ᠤᠯᠤᠰ ᠤᠨ ᠥᠮᠴᠢᠯᠡᠯᠲᠤ ᠭᠠᠵᠠᠷ ᠰᠢᠷᠤᠢ ᠳᠡᠭᠡᠷᠡᠬᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠲᠥᠪᠯᠡᠷᠡᠭᠦᠯᠦᠨ ᠵᠠᠰᠠᠬᠤ ᠶᠢ ᠠᠬᠢᠭᠤᠯᠤᠨ᠎ᠠ᠃ ᠬᠤᠲᠠ ᠶᠢᠨ ᠥᠨᠳᠦᠷ ᠪᠥᠲᠥᠮᠵᠢᠲᠤ ᠶᠡᠷᠥᠩᠬᠡᠶᠢᠯᠡᠭᠰᠡᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠤᠢ ᠪᠣᠯᠭᠠᠵᠤ ᠣᠶᠣᠨᠲᠤ ᠬᠤᠲᠠ ᠶᠢᠨ ᠶᠠᠪᠤᠳᠠᠯ᠂ ᠣᠶᠣᠨᠲᠤ ᠬᠤᠲᠠ ᠶᠢᠨ ᠬᠠᠮᠢᠶᠠᠷᠤᠯᠲᠠ᠂ ᠣᠶᠣᠨᠲᠣ ᠴᠡᠴᠡᠷᠯᠢᠭᠵᠢᠭᠦᠯᠦᠯᠲᠡ ᠵᠢᠴᠢ ᠡᠯ᠎ᠡ ᠲᠥᠷᠥᠯ ᠤᠨ ᠬᠤᠲᠠ ᠶᠢᠨ ᠶᠠᠪᠣᠳᠠᠯ ᠤᠨ ᠬᠢᠨᠠᠨ ᠡᠵᠡᠮᠰᠢᠯ ᠤᠨ ᠰᠢᠰᠲ᠋ᠧᠮ ᠢ ᠴᠣᠮᠬᠤᠳᠬᠠᠨ ᠬᠠᠮᠲᠣᠪᠠᠷ ᠬᠡᠷᠡᠭᠯᠡᠵᠣ᠂ ᠣᠶᠣᠨᠲᠤ ᠬᠤᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠠᠪᠴᠠᠩ ᠪᠠᠶᠢᠭᠤᠯᠣᠨ᠎ᠠ︔ ᠣᠷᠴᠢᠨ ᠲᠣᠭᠤᠷᠢᠨ ᠤ ᠠᠷᠢᠭᠤᠨ ᠴᠡᠪᠡᠷ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠷᠢᠮ ᠪᠠᠷᠢᠮᠵᠢᠶ᠎ᠠ ᠪᠠ ᠰᠢᠰᠲ᠋ᠧᠮ ᠢ ᠲᠡᠭᠦᠯᠳᠠᠷᠵᠢᠭᠦᠯᠵᠤ ᠵᠠᠰᠠᠯᠲᠠ ᠬᠢᠬᠦ ᠡᠬᠢ ᠰᠤᠷᠪᠤᠯᠵᠢ ᠶᠢ ᠰᠢᠯᠢᠳᠡᠭᠵᠢᠭᠦᠯᠦᠨ ᠴᠣᠮᠬᠤᠳᠬᠠᠵᠤ ᠬᠠᠤᠯᠢ ᠬᠡᠷᠡᠭᠵᠢᠭᠦᠯᠬᠦ᠂ ᠦᠢᠯᠡᠴᠢᠯᠡᠭᠡᠨ ᠤ ᠴᠣᠪᠣᠷᠠᠯ ᠢ ᠰᠢᠨᠵᠢᠯᠡᠬᠦ ᠤᠬᠠᠭᠠᠨᠴᠢ ᠪᠠᠷ ᠲᠥᠷᠢᠮᠵᠢᠭᠦᠯᠵᠦ ᠬᠤᠲᠠ ᠪᠠᠯᠭᠠᠰᠤᠨ ᠤ ᠬᠠᠮᠢᠶᠠᠷᠤᠯᠲᠠ ᠶᠢᠨ ᠣᠶᠣᠨᠴᠢᠯᠠᠭᠰᠠᠨ᠂ ᠪᠠᠷᠢᠮᠵᠢᠶᠠᠴᠢᠯᠠᠭᠰᠠᠨ᠂ ᠲᠦᠷᠢᠮᠵᠢᠭᠰᠡᠨ ᠬᠢᠷᠢ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠨᠠᠶᠢᠬᠡᠮ ᠤᠨ ᠰᠠᠶᠢᠨ ᠰᠠᠶᠢᠬᠠᠨ ᠰᠢᠨ᠎ᠡ ᠬᠡᠪ ᠰᠤᠷᠲᠠᠯ ᠢ ᠬᠥᠮᠤᠵᠢᠭᠦᠯᠤᠨ᠎ᠡ᠃ ᠬᠤᠲᠠ ᠶᠢᠨ ᠳᠥᠷᠢ ᠲᠥᠷᠬᠦ ᠶᠢᠨ ᠳᠤᠰᠬᠠᠢ ᠲᠥᠷᠦᠯ ᠤᠨ ᠵᠠᠰᠠᠯᠲᠠ ᠶᠢ ᠥᠷᠨᠢᠭᠦᠯᠵᠤ ᠴᠡᠪᠡᠷ ᠴᠡᠮᠴᠡᠭᠡᠷ᠂ ᠳᠡᠷᠢ ᠲᠡᠭᠰᠢ᠂ ᠡᠮᠬᠢ ᠵᠢᠷᠤᠮ  ᠲᠠᠢ ᠬᠤᠲᠠ ᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃ ᠶᠤᠰᠤ ᠰᠤᠷᠲᠠᠬᠤᠨ ᠤ ᠵᠢᠱᠢᠶᠡᠴᠢ᠂ ᠪᠢᠳᠠᠨ ᠤ ᠳᠡᠷᠭᠡᠳᠡᠬᠢ ᠰᠠᠶᠢᠴᠤᠳ ᠵᠡᠷᠭᠡ ᠰᠢᠯᠢᠳᠡᠭ ᠦᠢᠯᠡ ᠠᠵᠢᠯᠯᠠᠭ᠎ᠠ ᠶᠢ ᠥᠷᠭᠡᠨ ᠳᠡᠯᠭᠡᠷ ᠤᠬᠠᠭᠤᠯᠵᠤ ᠪᠥᠬᠦ ᠨᠡᠶᠢᠬᠡᠮ ᠳᠡᠭᠡᠷ᠎ᠡ ᠡᠷᠬᠢᠮ ᠳᠡᠭᠡᠳᠤ ᠶᠤᠰᠤ ᠰᠤᠷᠳᠠᠬᠤᠨ ᠲᠠᠢ ᠵᠢᠱᠢᠶᠡᠴᠢ ᠠᠴᠠ ᠲᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠵᠠᠯᠭᠠᠯᠳᠤᠯ᠂ ᠮᠠᠭᠲᠠᠭᠠᠯ ᠰᠠᠶᠢᠰᠢᠶᠠᠯ ᠤᠨ ᠬᠠᠷᠢᠭᠤ ᠳᠤᠰᠬᠠᠯ ᠵᠡᠷᠭᠡ ᠲᠥᠷᠢᠮ ᠢ ᠪᠥᠷᠢᠨᠰᠢᠭᠦᠯᠵᠦ ᠰᠠᠶᠢᠨ ᠳᠤᠷᠠᠴᠤᠳ ᠤᠨ ᠦᠢᠯᠡᠴᠢᠯᠡᠭᠡ ᠶᠢᠨ ᠪᠠᠶᠢᠩᠭᠤᠵᠢᠬᠤ ᠶᠢ ᠠᠬᠢᠭᠤᠯᠤᠨ᠎ᠠ᠃ ᠤᠯᠤᠰ ᠤᠨ ᠪᠠᠲᠣᠯᠠᠨ ᠬᠠᠮᠠᠭᠠᠯᠠᠯᠲᠠ ᠶᠢᠨ ᠬᠥᠮᠥᠵᠢᠯ ᠢ ᠴᠢᠩᠭᠠᠳᠬᠠᠵᠤ᠂ ᠪᠥᠬᠦ ᠤᠯᠤᠰ ᠤᠨ ︽ᠬᠤᠶᠡᠷ ᠢ ᠬᠦᠷᠢᠶᠠᠯᠡᠬᠦ︾ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠭᠤᠯᠭ᠎ᠠ ᠪᠠᠷ ᠪᠠᠶᠠᠯᠢᠭ ᠣᠯᠠᠨ ᠲᠥᠮᠡᠨᠴᠢ ᠴᠢᠨᠠᠷᠲᠠᠢ ᠰᠤᠶᠣᠯ ᠲᠠᠮᠢᠷ ᠤᠨ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠤ᠂ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠰᠢᠨ᠎ᠠ ᠣᠷᠣᠰᠬᠠᠯ ᠪᠦᠷᠢᠯᠳᠤᠭᠦ ᠶᠢ ᠠᠭᠢᠭᠤᠯᠵᠤ᠂ ᠡᠷᠡᠭᠦᠯ ᠴᠢᠭᠢᠷᠠᠭ ᠦᠭᠡᠳᠡᠷᠭᠡᠭ ᠠᠮᠢᠳᠤᠷᠠᠯ ᠤᠨ ᠲᠤᠷ᠎ᠠ ᠪᠠᠬ᠎ᠠ ᠶᠢ ᠭᠦᠮᠤᠵᠢᠭᠦᠯᠦᠨ᠎ᠠ᠃ ᠨᠠᠶᠢᠭᠡᠮ ᠤᠨ ᠦᠨᠡᠨᠴᠢ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ︽ᠨᠢᠭᠡ ᠶᠠᠪᠤᠳᠠᠯ ᠲᠡᠭᠡᠷ᠎ᠠ ᠢᠳᠡᠭᠡᠯ ᠠᠯᠳᠠᠪᠠᠯ ᠶᠠᠪᠤᠳᠠᠯ ᠪᠤᠯᠭᠠᠨ ᠰᠠᠭᠠᠳ ᠲᠠᠢ ᠪᠤᠯᠤᠨ᠎ᠠ︾ ᠭᠡᠭᠦ ᠢᠳᠡᠭᠡᠮᠵᠢ ᠶᠢᠨ ᠭᠢᠨᠠᠯᠳᠠ᠂ ᠰᠡᠷᠡᠮᠵᠢᠭᠦᠯᠦᠯ ᠪᠠ ᠵᠠᠯᠬᠠᠭᠠᠯ ᠤᠨ ᠰᠢᠰᠲ᠋ᠧᠮ ᠢ ᠪᠦᠷᠢᠨᠰᠢᠭᠦᠯᠵᠤ᠂ ᠦᠨᠡᠨᠴᠢ ᠢᠳᠡᠭᠡᠮᠵᠢ ᠶᠢ ᠡᠷᠭᠢᠮᠯᠠᠨ ᠠᠮᠠᠯᠠᠬᠰᠠᠨ ᠳᠤ ᠪᠠᠨ ᠭᠦᠷᠭᠦ ᠡᠷᠭᠢᠮ ᠨᠠᠨᠳᠢᠨ ᠮᠤᠷᠠᠯ ᠰᠤᠷᠳᠠᠯ ᠢ ᠪᠠᠳᠠᠷᠠᠭᠤᠯᠤᠨ᠎ᠠ᠃      ︵ᠵᠢᠷᠭᠤᠭ᠎ᠠ︶ ᠠᠵᠢᠯ ᠤᠨ ᠬᠠᠨᠳᠤᠯᠭᠠᠳᠤ ᠴᠢᠨᠠᠷ ᠢ ᠴᠢᠩᠭᠠᠷᠠᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠨᠠᠷ ᠪᠦᠳᠤᠮᠵᠢ ᠶᠢ ᠲᠡᠭᠡᠭᠰᠢᠯᠡᠭᠦᠯᠦᠨ᠎ᠠ᠃ ᠠᠷᠠᠳ ᠲᠦᠮᠡᠨ ᠢᠶᠠᠷ ᠭᠤᠤᠯ ᠪᠣᠯᠭᠠᠭᠰᠠᠨ ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠪᠦᠭᠦ ᠴᠢᠳᠠᠯ ᠢᠶᠠᠷ ᠢᠶᠠᠨ ᠮᠠᠷᠠᠶᠢᠨ ᠴᠢᠷᠮᠠᠶᠢᠵᠤ᠂ ᠰᠠᠭᠤᠷᠢ ᠶᠢ ᠪᠠᠳᠤᠯᠠᠵᠤ᠂ ᠳᠣᠳᠠᠭᠤᠳᠠᠯ ᠢ ᠨᠦᠭᠦᠪᠤᠷᠢᠯᠠᠨ ᠠᠷᠠᠳ ᠤᠨ ᠠᠮᠢᠳᠤᠷᠠᠯ ᠤᠨ ᠵᠢᠱᠢᠯᠳᠠ ᠶᠢ ᠪᠡᠶᠡᠯᠠᠭᠦᠯᠦᠨ᠎ᠠ᠃ ᠵᠢᠯ ᠤᠨ ᠲᠤᠳᠤᠷ᠎ᠠ 8 ᠵᠦᠢᠯ ᠤᠨ ᠠᠷᠠᠳ ᠢ ᠬᠠᠷᠠᠭᠠᠯᠵᠠᠬᠤ ᠪᠤᠳᠠᠳᠤ ᠠᠵᠢᠯ ᠢ ᠭᠤᠤᠯᠳᠠᠯᠭ᠎ᠠ ᠲᠠᠢ ᠭᠡᠷᠡᠭᠵᠢᠭᠦᠯᠦᠨ᠎ᠠ᠃      ᠨᠢᠭᠡ ᠳᠤ ᠦᠢᠯᠡᠰ ᠪᠤᠰᠬᠠᠵᠤ ᠠᠵᠢᠯ ᠤᠯᠭᠤᠬᠤ ᠶᠢ ᠠᠭᠢᠭᠤᠯᠤᠨ᠎ᠠ᠃ ᠰᠢᠨ᠎ᠠ ᠶᠢ ᠡᠭᠦᠳᠤᠨ ᠦᠢᠯᠡᠰ ᠪᠤᠰᠬᠠᠬᠤ ᠲᠠᠪᠴᠠᠩ ᠤᠨ ᠬᠠᠮᠢᠶᠠᠷᠤᠯᠳᠠ ᠶᠢ ᠴᠢᠩᠭᠠᠳᠬᠠᠵᠤ᠂ ᠦᠢᠯᠡᠰ ᠪᠤᠰᠬᠠᠨ ᠠᠵᠢᠯ ᠤᠯᠭᠤᠬᠤ ᠵᠢᠭᠡᠯᠡᠯᠭᠡ ᠶᠢ 1000 ᠲᠦᠮᠡᠨ ᠲᠦᠭᠦᠷᠢᠭ ᠲᠠᠯᠪᠢᠵᠤ᠂ ᠰᠢᠨ᠎ᠠ ᠶᠢ ᠡᠭᠦᠳᠴᠤ ᠦᠢᠯᠡᠰ ᠪᠤᠰᠬᠠᠬᠤ ᠲᠦᠷᠦᠯ ᠵᠦᠢᠯ ᠢ ᠵᠠᠰᠠᠭ ᠤᠨ ᠤᠷᠳᠤᠨ ᠠᠴᠠ ᠤᠯᠠᠨ ᠨᠠᠶᠢᠳᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠭᠡᠪᠴᠢᠶᠠᠨ ᠳᠤ ᠤᠷᠢᠳᠠᠪᠠᠷ ᠤᠷᠤᠭᠤᠯᠵᠤ᠂ ᠦᠢᠯᠡᠰ ᠪᠤᠰᠬᠠᠬᠴᠢᠳ ᠲᠤ ᠨᠡᠩ ᠭᠦᠴᠦᠳᠠᠢ ᠲᠡᠮᠵᠢᠯᠭᠡ ᠶᠢ ᠬᠠᠩᠭᠠᠨ᠎ᠠ᠃ ᠨᠡᠶᠢᠲᠡ ᠶᠢᠨ ᠠᠰᠠᠷᠠᠮᠵᠢ  ᠶᠢᠨ ᠴᠢᠨᠠᠷᠳᠠᠢ ᠠᠵᠢᠯ ᠤᠨ ᠪᠠᠶᠢᠷᠢ ᠶᠢ 100 ᠠᠴᠠ ᠢᠯᠡᠭᠦᠤ ᠭᠠᠷᠭᠠᠵᠤ᠂ ᠶᠡᠭᠡ ᠲᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢᠳ ᠢ 100 ᠨᠡᠷ᠎ᠡ ᠨᠠᠶᠢᠳᠠᠨ ᠭᠦᠮᠤᠵᠢᠭᠦᠯᠵᠤ᠂ ᠠᠵᠢᠯ ᠮᠡᠷᠭᠡᠵᠢᠯ ᠤᠨ ᠪᠤᠯᠪᠠᠰᠤᠷᠠᠯ ᠢ 2000 ᠭᠦᠮᠤᠨ ᠳᠤ ᠭᠦᠷᠳᠡᠭᠡᠨ᠎ᠠ᠃ ᠬᠤᠶᠠᠷ ᠲᠤ ᠰᠤᠷᠭᠠᠨ ᠭᠦᠮᠤᠵᠢᠯ ᠤᠨ ᠰᠠᠭᠤᠷᠢ ᠪᠠᠶᠢᠭᠤᠯᠤᠯᠳᠠ ᠶᠢ ᠴᠢᠩᠭᠠᠳᠬᠠᠨ᠎ᠠ᠃ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠳᠣᠮᠳᠠᠳᠤ ᠰᠤᠷᠭᠠᠭᠤᠯᠢ᠂ ᠦᠤᠰᠢᠨᠵᠤᠤ ᠪᠠᠭ᠎ᠠ ᠰᠤᠷᠭᠠᠭᠤᠯᠢ᠂ ᠲᠦᠷᠪᠡᠳᠤᠭᠡᠷ ᠭᠡᠤᠭᠡᠳ ᠤᠨ ᠴᠡᠴᠡᠷᠯᠢᠭ ᠪᠠ ᠨᠠᠰᠤᠳᠠᠶᠢᠴᠤᠳ ᠤᠨ ᠶᠡᠭᠡ ᠰᠤᠷᠭᠠᠭᠤᠯᠢ ︵ᠠᠬᠠᠮᠠᠳ ᠺᠠᠳ᠋ᠷᠴᠤᠳ ᠤᠨ ᠭᠦᠳᠡᠯᠭᠡᠭᠡᠨ ᠤ ᠲᠦᠪ︶ ᠶᠢᠨ ᠪᠠᠶᠢᠭᠤᠯᠤᠯᠳᠠ ᠶᠢ ᠡᠭᠢᠯᠡᠭᠦᠯᠵᠤ᠂ ᠲᠤᠭ ᠪᠠᠭ᠎ᠠ ᠰᠤᠷᠭᠠᠭᠤᠯᠢ᠂ ᠭᠠᠯᠠᠭᠤᠲᠤ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠱᠠᠷᠯᠢᠭ ᠪᠠᠭ᠎ᠠ ᠰᠤᠷᠭᠠᠭᠤᠯᠢ  ᠶᠢᠨ ᠶᠡᠷᠦᠩᠭᠡᠶᠢᠯᠡᠭᠰᠡᠨ ᠠᠰᠠᠷ ᠪᠠ ᠪᠠᠭᠰᠢᠨᠡᠷ ᠤᠨ ᠪᠠᠶᠢᠷᠢ ᠶᠢ 5 ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠨᠢᠭᠡ ᠪᠦᠯᠦᠭ ᠰᠤᠷᠭᠠᠭᠤᠯᠢ ᠶᠢ ᠦᠷᠭᠡᠳᠭᠡᠨ ᠪᠠᠶᠢᠭᠤᠯᠬᠤ ᠪᠠ ᠰᠡᠯᠪᠢᠨ ᠵᠠᠰᠠᠵᠤ ᠦᠭᠡᠷᠡᠴᠢᠯᠡᠭᠦ ᠢᠨᠵᠧᠨᠧᠷᠢᠩ ᠢ ᠭᠡᠷᠡᠭᠵᠢᠭᠦᠯᠵᠤ᠂ ᠦᠨᠳᠤᠷ ᠭᠢᠷᠢ ᠲᠦᠪᠰᠢᠨ ᠲᠠᠢ ᠪᠠᠭᠰᠢᠨᠡᠷ ᠢ ᠤᠷᠢᠨ ᠠᠪᠴᠢᠷᠠᠵᠤ ᠰᠤᠷᠭᠠᠭᠤᠯᠢ ᠡᠷᠭᠢᠯᠡᠭᠦ ᠨᠦᠭᠦᠴᠡᠯ ᠢ ᠦᠷᠭᠦᠯᠵᠢᠯᠠᠨ ᠰᠠᠶᠢᠵᠢᠷᠠᠭᠤᠯᠵᠤ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠠ᠃ ᠭᠤᠷᠪᠠ ᠳᠤ ᠡᠷᠡᠭᠦᠯ ᠡᠩᠭᠡ ᠦᠤᠰᠢᠨ ᠤ ᠪᠠᠶᠢᠭᠤᠯᠤᠯᠳᠠ ᠶᠢ ᠲᠦᠯᠭᠢᠨ ᠠᠭᠢᠭᠤᠯᠤᠨ᠎ᠠ᠃ ᠬᠤᠰᠢᠭᠤ ᠭᠢᠵᠢᠭ ᠢ ᠰᠡᠷᠭᠡᠶᠢᠯᠡᠭᠦ ᠲᠦᠪ ᠤᠨ ᠬᠠᠯᠳᠠᠪᠣᠷᠢᠳᠣ ᠡᠪᠡᠳᠴᠢᠨ ᠤ ᠪᠠᠴᠢᠮ ᠡᠮᠴᠢᠯᠡᠬᠡᠨ ᠤ ᠳᠣᠷᠰᠢᠯᠳᠠ ᠶᠢᠨ ᠠᠰᠠᠷ ᠢ ᠰᠢᠨ᠎ᠠ  ᠪᠠᠷ ᠪᠠᠶᠢᠭᠤᠯᠵᠤ᠂ ᠬᠤᠰᠢᠭᠤ ᠡᠭᠡ ᠨᠢᠯᠬᠠᠰ ᠤᠨ ᠡᠷᠡᠭᠦᠯᠵᠢᠯ ᠤᠨ ᠲᠦᠯᠤᠪᠯᠡᠭᠡᠳᠤ ᠭᠦᠩᠭᠡᠵᠢᠯ ᠤᠨ ᠠᠵᠢᠯ ᠤᠨ ᠦᠢᠯᠡᠴᠢᠯᠡᠭᠡᠨ ᠤ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠡᠭᠢᠯᠡᠭᠦᠯᠦᠨ᠎ᠠ᠃ ᠤᠯᠠᠨ ᠨᠠᠶᠢᠳᠠ ᠶᠢᠨ ᠡᠷᠡᠭᠦᠯ ᠮᠠᠨᠳᠣ ᠶᠢᠨ ᠮᠡᠳᠡᠯᠭᠡ ᠶᠢᠨ ᠲᠦᠭᠡᠮᠡᠯᠵᠢᠭᠦᠯᠦᠯᠳᠡ ᠵᠢᠴᠢ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠲᠤᠰᠬᠠᠢ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠭᠦᠮᠤᠵᠢᠭᠦᠯᠭᠦ ᠠᠵᠢᠯ ᠢ ᠴᠢᠩᠭᠠᠳᠬᠠᠵᠤ᠂ ᠪᠦᠭᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠨᠢᠭᠡᠳᠤᠯᠳᠠᠢ ᠲᠠᠩᠰᠠ ᠡᠪᠭᠡᠮᠡᠯ ᠤᠨ ᠲᠤᠭ᠎ᠠ ᠮᠠᠭᠠᠳ ᠤᠨ ᠭᠦᠮᠤᠷᠭᠡ ᠶᠢ ᠪᠠᠶᠢᠭᠤᠯᠵᠤ᠂ ᠤᠳᠠᠭᠠᠨ ᠴᠢᠨᠠᠷᠳᠠᠢ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠭᠦ ᠠᠵᠢᠯ ᠢ ᠠᠭᠢᠭᠤᠯᠵᠤ᠂ 65 ᠪᠦᠭᠦᠯᠢ ᠨᠠᠰᠤᠨ ᠠᠴᠠ ᠦᠨᠳᠤᠷ ᠨᠠᠰᠤᠳᠠᠶᠢᠴᠤᠳ ᠲᠤ ᠰᠦᠢᠳᠭᠡᠯ ᠬᠤᠷᠢᠶᠠᠬᠤ ᠦᠭᠡᠢ ᠪᠠᠷ ᠠᠭᠤᠰᠭᠢᠨ ᠦᠷᠪᠢᠰᠤᠯ ᠂ ᠬᠠᠯᠳᠠᠪᠤᠷᠢᠳᠤ ᠲᠠᠭᠰᠢᠭᠤᠷ ᠰᠠᠷᠬᠡᠶᠢᠯᠡᠬᠦ ᠵᠠᠬᠦᠦ ᠲᠠᠷᠢᠵᠤ᠂ ᠬᠤᠰᠢᠭᠤᠨ ᠳᠣᠳᠣᠷᠠᠬᠢ ᠡᠮᠨᠡᠯᠭᠡ ᠶᠢᠨ ᠬᠤᠷᠢᠶ᠎ᠠ ᠨᠢ ᠪᠠᠶᠢᠩᠭᠤ ᠬᠡᠷᠡᠭᠯᠡᠭᠳᠡᠬᠦ ᠮᠤᠩᠭᠤᠯ ᠭᠢᠳᠠᠳ ᠡᠮ ᠡᠮᠨᠡᠯᠭᠡ ᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠤᠰᠤᠨ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠭᠦᠷᠢᠶᠠᠨ ᠳᠤ ᠤᠷᠤᠭᠤᠯᠤᠨ᠎ᠠ᠃ ᠲᠦᠷᠪᠡ  ᠳᠤ ᠤᠳᠤ ᠦᠶ᠎ᠠ ᠶᠢᠨ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠲᠣᠭᠠᠴᠠᠯᠠᠭᠰᠠᠨ ᠰᠤᠶᠤᠯ ᠢ ᠬᠥᠳᠡᠭᠡ ᠨᠤᠲᠤᠭ ᠲᠤ ᠬᠥᠷᠭᠡᠬᠦ ᠦᠢᠯᠡᠴᠢᠯᠡᠭᠡᠨ ᠤ ᠳᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠤ ︽ᠨᠣᠮ ᠤᠨ ᠪᠣᠶᠠᠨᠲᠣ ᠦᠤᠰᠢᠨ︾ ᠵᠡᠷᠭᠡ ᠰᠤᠶᠤᠯ ᠤᠨ ᠲᠣᠮᠦ ᠬᠡᠯᠪᠡᠷᠢ ᠶᠢᠨ ᠰᠢᠷᠢᠰ ᠠᠵᠢᠯᠯᠠᠭᠠᠨ ᠢ ᠨᠠᠷᠢᠯᠢᠭ ᠵᠣᠬᠢᠶᠠᠨ ᠪᠠᠶᠢᠭᠤᠯᠵᠤ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠠ ᠶᠢ ᠦᠢᠯᠡᠳᠦᠯᠭᠡᠵᠢᠭᠦᠯᠦᠨ ᠣᠯᠠᠨ ᠲᠥᠮᠡᠨ ᠤ ᠣᠶᠣᠨ ᠰᠠᠨᠠᠭᠠᠨ ᠤ ᠰᠤᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠲᠠᠪᠦ ᠳᠤ ᠰᠠᠭᠤᠷᠢ ᠱᠤᠭᠤᠮ ᠢ ᠯᠠᠪᠳᠠᠭᠤᠨ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠲᠤᠰᠪᠤᠷᠢ 611 ᠲᠥᠭᠦᠷᠢᠭ ᠪᠠ 476 ᠲᠥᠭᠦᠷᠢᠭ ᠪᠣᠯᠭᠠᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ ᠶᠢ 50 ᠲᠥᠭᠦᠷᠢᠭ ᠳᠡᠭᠡᠭᠰᠢᠯᠡᠭᠦᠯᠵᠦ᠂ ᠠᠵᠤ ᠦᠢᠯᠡᠰ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠦᠩᠬᠦ ᠶᠢ 5% ᠳᠡᠭᠡᠭᠰᠢᠯᠡᠭᠦᠯᠵᠦ ︽ᠲᠠᠪᠤᠨ ᠪᠠᠲᠤᠯᠭᠠᠨᠲᠤ︾ ᠡᠷᠦᠬᠡ ᠶᠢ ᠲᠦᠪᠯᠡᠷᠡᠭᠦᠯᠭᠦ ᠪᠠ ᠳᠠᠷᠬᠠᠢ ᠪᠣᠲᠠᠷᠬᠠᠢ ᠪᠠᠷ ᠠᠰᠠᠷᠠᠨ ᠲᠡᠵᠢᠭᠡᠭᠦ ᠪᠠᠷᠢᠮᠵᠢᠶ᠎ᠠ ᠶᠢ ᠲᠤᠰᠪᠤᠷᠢ 1000 ᠲᠦᠭᠦᠷᠢᠭ ᠪᠠ 588 ᠲᠦᠭᠦᠷᠢᠭ ᠲᠡᠭᠡᠭᠰᠢᠯᠡᠭᠦᠯᠪᠡ᠃ ᠵᠢᠷᠭᠤᠭ᠎ᠠ ᠳᠤ ᠪᠦᠭᠦ ᠤᠯᠤᠰ ᠤᠨ ᠦᠨᠳᠤᠰᠤᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠪᠦᠭᠦ ᠬᠦᠴᠦ ᠪᠠᠷ ᠢᠶᠠᠨ ᠡᠭᠦᠳᠤᠨ ᠪᠠᠶᠢᠭᠤᠯᠤᠨ᠎ᠠ᠃ ᠦᠪᠡᠷᠮᠢᠴᠡ ᠤᠨᠴᠠᠯᠢᠬᠳᠤ ᠭᠠᠴᠠᠭ᠎ᠠ ᠲᠤᠰᠬᠤᠨ ᠪᠠ ᠬᠠᠭᠤᠴᠢᠨ ᠨᠤᠮ ᠪᠢᠴᠢᠭ ᠤᠨ ᠬᠠᠮᠠᠭᠠᠯᠠᠯᠲᠠ  ᠶᠢ ᠴᠢᠩᠭᠠᠳᠬᠠᠵᠤ᠂ ᠬᠤᠳᠠ ᠶᠢᠨ ᠠᠮᠢᠳᠤᠷᠠᠯ ᠭᠦᠴᠢᠷᠳᠡᠯᠳᠠᠢ ᠴᠦᠭᠡᠨ ᠲᠤᠭᠠᠳᠤ ᠦᠨᠳᠤᠰᠤᠳᠡᠨ ᠤ ᠤᠯᠠᠨ ᠲᠦᠮᠡᠨ  ᠢ ᠲᠤᠰᠠᠯᠠᠨ ᠲᠡᠮᠵᠢᠭᠦ ᠲᠤᠭᠳᠠᠯᠴᠠᠭ᠎ᠠ ᠶᠢ ᠪᠠᠶᠢᠭᠤᠯᠵᠤ᠂ ᠮᠤᠩᠭᠤᠯ ᠭᠢᠳᠠᠳ ᠬᠤᠤᠰ ᠭᠡᠯᠡᠨ ᠤ ᠠᠵᠢᠯᠳᠠᠳ ᠢ 30 ᠨᠠᠷ᠎ᠠ ᠡᠯᠰᠡᠵᠤ ᠦᠨᠳᠤᠰᠤᠳᠡᠨ ᠤ ᠪᠦᠯᠭᠦᠮᠳᠡᠯ ᠲᠠᠪᠰᠢᠯᠳᠠ ᠶᠢᠨ ᠰᠤᠷᠭᠠᠨ ᠭᠦᠮᠤᠵᠢᠯ ᠤᠨ ᠵᠢᠱᠢᠶᠡᠴᠢ ᠰᠠᠭᠤᠷᠢᠨ ᠭᠠᠵᠠᠷ ᠢ 2 ᠪᠠᠶᠢᠭᠤᠯᠵᠤ᠂ ᠡᠯ᠎ᠠ ᠦᠨᠳᠤᠰᠤᠳᠡᠨ ᠤ ᠬᠠᠮᠳᠤ ᠪᠠᠷ ᠪᠦᠯᠭᠦᠮᠳᠡᠨ ᠲᠡᠮᠡᠴᠡᠵᠤ᠂ ᠬᠠᠮᠳᠤ ᠪᠠᠷ ᠴᠡᠴᠡᠭᠯᠡᠨ ᠭᠦᠭᠵᠢᠭᠦ ᠶᠢ ᠠᠭᠢᠭᠤᠯᠤᠨ᠎ᠠ᠃ ᠲᠤᠯᠤᠭ᠎ᠠ ᠳᠤ ᠤᠯᠠᠨ ᠲᠦᠮᠡᠨ ᠤ ᠢᠳᠡᠵᠤ ᠤᠤᠭᠤᠬᠤ ᠲᠠᠯ᠎ᠠ ᠶᠢᠨ ᠠᠮᠤᠷ ᠲᠦᠪᠰᠢᠨ ᠢ ᠪᠠᠳᠤᠯᠠᠨ᠎ᠠ᠃ ᠡᠭᠢ ᠢᠷᠡᠯᠳᠡ ᠠᠴᠠ ᠰᠡᠷᠭᠡᠶᠢᠯᠡᠭᠦ ᠪᠤᠯᠤᠨ ᠦᠩᠭᠡᠷᠡᠯᠳᠡ ᠶᠠᠪᠤᠴᠠ ᠳᠤᠨᠢ ᠭᠢᠨᠠᠨ ᠬᠠᠮᠢᠶᠠᠷᠬᠤ ᠶᠢ ᠬᠠᠮᠳᠤ ᠳᠤᠨᠢ ᠴᠢᠬᠤᠯᠠᠴᠢᠯᠠᠨ ᠢᠨᠲ᠋ᠧᠷ ᠰᠦᠯᠵᠢᠶ᠎ᠠ᠂ ᠲᠤᠮᠤ ᠳᠤᠭ᠎ᠠ ᠪᠠᠷᠢᠮᠳᠠ ᠶᠢᠨ ᠮᠡᠷᠭᠡᠵᠢᠯ ᠢ ᠭᠡᠷᠡᠭᠯᠡᠨ ᠭᠢᠨᠠᠨ ᠬᠠᠮᠢᠶᠠᠷᠤᠯᠳᠠ ᠶᠢᠨ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠤᠭᠡᠭᠳᠡᠭᠦᠨ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠤ ᠪᠦᠭᠦ ᠬᠡᠯᠬᠢᠶᠡᠵᠢᠯ ᠳᠤ ᠮᠦᠷᠳᠡᠯᠳᠡ ᠭᠢᠭᠦ ᠰᠢᠰᠲ᠋ᠧᠮ ᠤᠨ ᠪᠠᠶᠢᠭᠤᠯᠤᠯᠳᠠ ᠶᠢ ᠬᠠᠮᠳᠤ ᠪᠠᠷ ᠠᠭᠢᠭᠤᠯᠤᠨ᠎ᠠ᠃ ᠨᠠᠢᠮᠠ ᠳᠤ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭ᠎ᠠ ᠶᠢ ᠭᠦᠭᠵᠢᠭᠦᠯᠦᠨ᠎ᠠ᠃ ᠨᠢᠭᠡ ᠪᠦᠯᠦᠭ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠠᠵᠤ ᠦᠢᠯᠡᠰ ᠢ ᠤᠷᠢᠨ ᠠᠪᠴᠢᠷᠠᠬᠤ ᠪᠠ ᠭᠦᠮᠤᠵᠢᠭᠦᠯᠵᠤ ᠰᠣᠮᠣ ᠪᠠᠯᠭᠠᠰᠤ᠂ ᠭᠠᠴᠠᠭ᠎ᠠ ᠲᠤᠰᠬᠤᠨ ︵ᠨᠠᠶᠢᠭᠡᠮ ᠲᠤᠭᠤᠷᠢᠭ︶ ᠤ ᠦᠢᠯᠡᠴᠢᠯᠡᠭᠡᠨ ᠤ ᠲᠤᠤᠷ ᠴᠡᠭ ᠢ 10 ᠠᠴᠠ ᠳᠡᠭᠡᠭᠰᠢ ᠦᠭᠡᠷᠡᠴᠢᠯᠠᠨ ᠲᠡᠭᠡᠭᠰᠢᠯᠡᠭᠦᠯᠵᠤ᠂ ᠴᠢᠨᠡᠷ ᠰᠠᠶᠢᠳᠡᠢ ᠨᠤᠳᠤᠭ ᠤᠨ ᠤᠨᠴᠠ ᠭᠠᠷᠤᠯᠳᠠ  ᠶᠢ ᠰᠦᠯᠵᠢᠶᠠᠨ ᠲᠡᠭᠡᠷ᠎ᠠ ᠦᠨ᠎ᠠ ᠰᠠᠶᠢᠳᠠᠢ ᠪᠤᠷᠤᠯᠠᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠳᠣᠰ ᠪᠠᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ      2018 ᠣᠨ ᠪᠣᠯ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠪᠥᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠵᠢᠯ ᠮᠦᠨ᠃ ᠪᠢᠳᠠ ᠳᠣᠰ ᠪᠠᠶ᠎ᠠ ᠶᠢᠨ ᠪᠠᠶᠢᠭᠤᠯᠤᠯᠲᠠ ᠪᠠᠨ ᠭᠦᠴᠦᠯᠡᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠭᠦᠯᠵᠤ᠂ ᠠᠷᠠᠳ ᠲᠥᠮᠡᠨ ᠬᠠᠨᠤᠮᠵᠢᠲᠠᠢ ᠦᠢᠯᠡᠴᠢᠯᠡᠭᠡᠨ ᠤ ᠬᠡᠯᠪᠡᠷᠢᠲᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃      ︵ᠨᠢᠬᠡ︶ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠭᠦᠢᠴᠡᠳᠬᠡᠬᠦ ᠶᠢ ᠪᠠᠷᠢᠮᠳᠠᠯᠠᠨ᠎ᠠ᠃ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠠᠷᠪᠠ ᠶᠢᠰᠤᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠤᠯᠤᠰ ᠲᠥᠷᠥ ᠶᠢᠨ ᠵᠣᠭᠰᠣᠯᠳᠠ ᠲᠣᠲᠣᠷᠬᠠᠢ ᠪᠠᠶᠢᠵᠣ᠂ ᠨᠠᠮ ᠳᠠᠭᠠᠨ ᠴᠢᠩ ᠦᠨᠡᠨᠴᠢ ᠪᠠᠶᠢᠬᠤ ᠤᠯᠤᠰ ᠲᠥᠷᠥ ᠶᠢᠨ ᠣᠪᠣᠷ ᠰᠣᠷᠳᠠᠯ ᠲᠠᠢ ᠪᠠᠶᠢᠬᠤ  ᠶᠢ ᠪᠠᠷᠢᠮᠳᠠᠯᠠᠵᠣ᠂ ︽ᠲᠥᠷᠪᠡᠨ ᠤᠬᠠᠮᠰᠠᠷ︾ ᠢ ᠪᠠᠲᠤᠳᠬᠠᠵᠤ ︽ᠲᠥᠷᠪᠡᠨ ᠢᠲᠡᠭᠡᠯ︾ ᠢ ᠪᠠᠬᠢᠵᠢᠭᠦᠯᠵᠦ᠂ ᠰᠢ  ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠦᠪᠯᠡᠷᠡᠬᠦᠯᠥᠭᠰᠡᠨ ᠨᠢᠭᠡᠳᠤᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠣ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ  ᠪᠠᠨ ᠨᠠᠮ ᠤᠨ ᠲᠥᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠤᠯᠲᠠᠢ ᠪᠠᠶᠢᠯᠭᠠᠵᠣ᠂ ᠲᠥᠪ ᠤᠨ ᠲᠦᠷᠦ ᠶᠢᠨ ᠪᠣᠳᠣᠯᠭ᠎ᠠ ᠴᠢᠭᠯᠡᠯᠳᠠ ᠪᠠ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠲᠤ ᠪᠣᠳᠤᠯᠭ᠎ᠠ ᠶᠢᠨ ᠪᠠᠶᠢᠷᠢᠯᠠᠭᠤᠯᠣᠯᠳᠠ ᠶᠢ ᠨᠠᠶᠢᠳᠠᠪᠤᠷᠢᠵᠢᠭᠤᠯᠤᠨ ᠥᠷ᠎ᠡ ᠪᠥᠲᠤᠮᠵᠢ ᠣᠯᠬᠤ ᠶᠢ ᠪᠠᠳᠣᠯᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠦᠮᠤᠵᠢᠯ ᠤᠨ ᠠᠵᠢᠯ ᠢ ᠪᠠᠶᠢᠩᠭᠤᠵᠢᠭᠤᠯᠣᠨ ᠲᠥᠷᠢᠮᠵᠢᠭᠦᠯᠬᠦ ᠶᠢ ᠠᠬᠢᠭᠤᠯᠵᠤ᠂ ︽ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠲᠤᠪᠲᠤ ᠬᠦᠮᠤᠵᠢᠯ ᠢ ᠭᠦᠨᠵᠡᠭᠡᠢ ᠥᠷᠨᠢᠭᠦᠯᠵᠤ᠂ ᠲᠣᠭᠤᠷᠢᠨ ᠴᠠᠭᠳᠠᠨ ᠪᠠᠶᠢᠴᠠᠭᠠᠬᠤ ᠳᠤ ᠬᠠᠷᠢᠭᠤ ᠳᠤᠰᠬᠠᠭᠰᠠᠨ ᠠᠰᠠᠭᠤᠳᠠᠯ ᠤᠨ ᠴᠡᠭᠴᠡᠯᠡᠯᠳᠡ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠥᠷ᠎ᠡ ᠪᠥᠲᠤᠮᠵᠢ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠰᠢᠨ᠎ᠡ ᠬᠢᠷᠢ ᠲᠥᠪᠰᠢᠨ ᠳᠤ ᠬᠦᠷᠬᠡᠭᠦ ᠶᠢ ᠲᠦᠯᠬᠢᠨ ᠠᠬᠢᠭᠤᠯᠣᠨ᠎ᠠ᠃      ︵ᠬᠤᠶᠡᠷ︶ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ᠦᠨᠳᠣᠰᠣᠨ ᠬᠠᠣᠯᠢ ᠪᠠ ᠬᠠᠣᠯᠢ ᠴᠠᠭᠠᠵᠠ ᠶᠢ ᠴᠢᠩᠭ᠎ᠠ ᠵᠢᠷᠣᠮᠯᠠᠨ ᠰᠠᠬᠢᠵᠣ ᠬᠠᠣᠯᠢᠵᠢᠯ ᠵᠠᠰᠠᠭ ᠤᠨ ᠣᠷᠳᠣᠨ ᠤ ᠪᠠᠶᠢᠭᠤᠯᠣᠯᠳᠠ ᠶᠢᠨ ᠬᠡᠷᠡᠭᠵᠢᠬᠦᠯᠬᠦ ᠲᠥᠯᠥᠪᠵᠢᠬᠦᠯᠬᠡ ᠶᠢ ᠬᠦᠨᠵᠡᠬᠡᠢ ᠳᠣᠣᠱᠯᠠᠭᠤᠯᠣᠨ ᠨᠠᠶᠢᠳᠠᠪᠣᠷᠢᠵᠢᠭᠤᠯᠵᠣ ᠬᠠᠣᠯᠢ ᠳᠤ ᠳᠣᠭᠳᠠᠭᠠᠭᠰᠠᠨ ᠡᠷᠬᠡ ᠪᠠ ᠶᠠᠪᠣᠴᠠ ᠪᠠᠷ ᠡᠷᠬᠡ ᠪᠠᠨ ᠬᠡᠷᠡᠭᠵᠢᠬᠦᠯᠣᠨ ᠡᠬᠦᠷᠬᠡ ᠪᠠᠨ ᠬᠦᠢᠴᠡᠳᠬᠡᠵᠣ᠂ ᠵᠠᠰᠠᠭ ᠤᠨ ᠣᠷᠳᠣᠨ ᠤ ᠠᠵᠢᠯ ᠢ ᠪᠦᠬᠦ ᠳᠠᠯ᠎ᠠ ᠪᠠᠷ ᠬᠠᠣᠯᠢᠵᠢᠭᠰᠡᠨ ᠵᠠᠮ ᠳᠤ ᠣᠷᠣᠭᠤᠯᠣᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ ᠴᠠᠭᠠᠵᠠ ᠶᠢᠨ ᠬᠢᠨᠠᠯᠳᠠ ᠪᠠ ᠬᠤᠰᠢᠭᠤ ᠣᠯᠣᠰ ᠲᠦᠷᠥ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠵᠠᠰᠠᠭ ᠤᠨ ᠣᠷᠳᠣᠨ ᠤ ᠵᠦᠪᠯᠡᠯᠬᠡ ᠶᠢ ᠦᠷᠬᠡᠨ ᠢᠶᠠᠷ ᠦᠷᠨᠢᠬᠦᠯᠵᠣ ᠠᠷᠠᠳ ᠤᠨ ᠲᠥᠯᠦᠬᠡᠯᠡᠭᠴᠢᠳ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ᠂ ᠨᠡᠶᠢᠬᠡᠮ ᠤᠨ ᠡᠯ᠎ᠡ ᠡᠳᠡᠬᠡᠳ ᠤᠨ ᠬᠢᠨ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠣ ᠡᠯ᠎ᠡ ᠲᠦᠷᠥᠯ ᠤᠨ ᠰᠠᠨᠠᠯ ᠰᠠᠨᠠᠭᠤᠯᠭ᠎ᠠ ᠪᠠ ᠰᠠᠨᠠᠯ ᠳᠣᠷᠠᠳᠣᠯᠭ᠎ᠠ ᠶᠢ ᠰᠠᠶᠢᠳᠣᠷ ᠭᠦᠢᠴᠡᠳᠬᠡᠨ᠎ᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠣᠷᠢᠳᠣ ᠪᠣᠳᠣᠯᠭ᠎ᠠ ᠳᠣᠭᠳᠠᠭᠠᠬᠤ ᠶᠠᠪᠣᠴᠠ ᠶᠢ ᠴᠢᠨᠠᠭᠰᠢᠳᠠ ᠳᠡᠬᠦᠯᠳᠡᠷᠵᠢᠬᠦᠯᠵᠣ ᠭᠤᠣᠯᠳᠠᠯᠭᠠᠳᠣ ᠬᠦᠷᠢᠶ᠎ᠠ ᠴᠠᠷᠠᠭ᠎ᠠ᠂ ᠴᠢᠬᠤᠯᠠ ᠶᠡᠭᠡ ᠬᠡᠷᠡᠭ ᠣᠴᠢᠷ ᠤᠨ ᠬᠡᠷᠡᠭᠵᠢᠬᠦᠯᠥᠯᠳᠡ᠂ ᠬᠠᠮᠢᠶᠠᠷᠣᠯᠳᠠ᠂ ᠣᠶᠢᠯᠡᠴᠢᠯᠡᠭᠡ᠂ ᠦᠷ᠎ᠡ ᠳ᠋ᠦᠩ ᠨᠠᠶᠢᠳᠠᠯᠠᠬᠦ ᠶᠢ ᠠᠬᠢᠭᠤᠯᠵᠣ᠂ ᠵᠠᠰᠠᠭ ᠵᠠᠬᠢᠷᠠᠭᠠᠨ ᠤ ᠬᠠᠣᠯᠢ ᠬᠡᠷᠡᠭᠵᠢᠬᠦᠯᠥᠯᠳᠡ ᠶᠢᠨ ᠨᠠᠶᠢᠳᠠᠯᠠᠯ ᠪᠠ ᠬᠠᠣᠯᠢ ᠬᠡᠷᠡᠭᠵᠢᠬᠦᠯᠬᠦ ᠪᠦᠬᠦ ᠶᠠᠪᠣᠴᠠ ᠶᠢ ᠳᠡᠮᠳᠡᠭᠯᠡᠬᠦ ᠲᠦᠷᠢᠮ ᠢ ᠬᠡᠷᠡᠭᠵᠢᠬᠦᠯᠵᠣ ᠣᠯᠠᠨ ᠲᠦᠮᠡᠨ ᠪᠠ ᠵᠠᠭᠤᠴᠢᠯᠠᠭᠤᠷ ᠬᠢᠨ ᠤ ᠬᠢᠨᠠᠯᠳᠠ ᠶᠢ ᠰᠠᠨᠠᠭᠠᠴᠢᠯᠠᠭᠠᠳᠠᠢ ᠬᠦᠯᠢᠶᠠᠨ᠎ᠠ ᠃ ︽ᠬᠡᠨ ᠬᠠᠣᠯᠢ ᠬᠡᠷᠡᠭᠵᠢᠬᠦᠯᠪᠠᠯ ᠬᠡᠨ ᠬᠠᠣᠯᠢ ᠲᠦᠬᠡᠮᠡᠯᠵᠢᠬᠦᠯᠬᠦ︾ ᠠᠵᠢᠯ ᠤᠨ ᠬᠠᠷᠢᠭᠤᠴᠠᠯᠭᠠᠳᠣ ᠲᠦᠷᠢᠮ ᠢ ᠨᠠᠶᠢᠳᠠᠪᠣᠷᠢᠵᠢᠭᠤᠯᠵᠣ ᠣᠯᠣᠰ ᠤᠨ ᠠᠵᠢᠯᠳᠠᠨ ᠤ ᠬᠠᠣᠯᠢ ᠰᠣᠷᠴᠣ ᠬᠡᠷᠡᠭᠯᠡᠬᠦ ᠲᠦᠷᠢᠮ ᠢ ᠪᠠᠷᠢᠮᠳᠠᠯᠠᠨ ᠬᠠᠣᠯᠢᠵᠢᠯ ᠰᠠᠳᠬᠢᠬᠦᠢ ᠶᠢ ᠵᠠᠰᠠᠭ ᠤᠨ ᠣᠷᠳᠣᠨ ᠤ ᠺᠠᠳ᠋ᠷ ᠪᠣᠯᠭᠠᠨ ᠤ ᠡᠳᠦᠷ ᠳᠣᠳᠣᠮ ᠤᠨ ᠠᠵᠢᠯ ᠳᠤ ᠠᠭᠤᠰᠬᠠᠨ᠎ᠠ᠃︵ᠭᠤᠷᠪᠠ︶ ᠦᠨᠳᠣᠷ ᠪᠦᠳᠣᠮᠵᠢᠳᠣ ᠣᠶᠢᠯᠡᠴᠢᠯᠡᠭᠡ ᠶᠢ ᠪᠠᠷᠢᠮᠳᠠᠯᠠᠨ᠎ᠠ᠃ ᠣᠯᠣᠰ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢᠨ ᠰᠢᠢᠳᠪᠣᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠡᠶᠢᠳᠠᠪᠣᠷᠢᠵᠢᠭᠤᠯᠵᠣ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠬᠦᠷᠬᠡ ᠴᠢᠳᠠᠪᠬᠢ ᠶᠢᠨ ᠰᠢᠯᠢᠳᠡᠭᠵᠢᠬᠦ ᠪᠠ ᠬᠠᠮᠳᠣᠷᠠᠯᠴᠠᠨ ᠦᠨᠳᠣᠷ ᠪᠦᠳᠣᠮᠵᠢᠳᠡᠢ ᠪᠠᠷ ᠳᠣᠰᠢᠶᠠᠯ ᠬᠦᠢᠴᠡᠳᠬᠡᠬᠦ ᠶᠢ ᠠᠬᠢᠭᠤᠯᠣᠨ᠎ᠠ᠃ ᠲᠦᠬᠦᠮ ᠬᠤᠷᠠᠯ ᠬᠢᠵᠣ ᠠᠪᠰᠠᠷᠬᠠᠨ ᠶᠠᠷᠢᠶ᠎ᠠ ᠳᠠᠯᠪᠢᠨ ᠳᠣᠪᠴᠢ ᠪᠢᠴᠢᠭ ᠮᠠᠲ᠋ᠧᠷᠢᠶᠠᠯ ᠢ ᠪᠠᠭᠤᠯᠭᠠᠵᠣ ᠪᠣᠳᠠᠳᠠᠢ ᠶᠢ ᠡᠷᠬᠢᠮᠯᠡᠨ ᠪᠦᠳᠣᠮᠵᠢ ᠶᠢ ᠰᠠᠨᠠᠭᠠᠴᠢᠯᠠᠵᠣ ᠲᠦᠬᠦᠮ ᠲᠦᠳᠡ ᠶᠢ ᠬᠦᠬᠡᠬᠡᠴᠠᠯᠳᠣᠵᠣ ᠣᠶᠣᠨ ᠴᠢᠳᠠᠯ ᠢᠶᠠᠨ ᠨᠡᠩ ᠢᠯᠡᠬᠦᠦ ᠰᠢᠪᠬᠠᠨ ᠠᠵᠢᠯ ᠤᠨ ᠨᠠᠶᠢᠳᠠᠪᠣᠷᠢᠵᠢᠭᠤᠯᠣᠯᠳᠠ ᠶᠢ ᠠᠳᠬᠤᠵᠣ ᠠᠵᠣ ᠠᠬᠤᠶᠢᠯᠡᠯ ᠳᠤ ᠣᠶᠢᠯᠠᠴᠢᠯᠡᠨ ᠠᠷᠠᠳ ᠲᠦᠮᠡᠨ ᠤ ᠬᠦᠴᠢᠷ ᠠᠰᠠᠭᠤᠳᠠᠯ ᠢ ᠰᠢᠢᠳᠪᠣᠷᠢᠯᠡᠨ᠎ᠠ᠃ ᠬᠦᠭᠵᠢᠯᠳᠡ ᠶᠢ ᠬᠢᠵᠠᠭᠠᠷᠯᠠᠬᠤ ᠪᠣᠭᠤᠮᠢ ᠶᠢᠨ ᠠᠰᠠᠭᠤᠳᠠᠯ᠂ ᠣᠯᠠᠨ ᠲᠦᠮᠡᠨ ᠤ ᠠᠵᠣ ᠠᠮᠢᠳᠣᠷᠠᠯ ᠲᠠᠢ ᠨᠢᠭᠳᠠ ᠬᠤᠯᠪᠣᠭᠠᠳᠠᠢ ᠪᠣᠳᠠᠳᠣ ᠠᠰᠠᠭᠤᠳᠠᠯ᠂ ᠨᠡᠶᠢᠬᠡᠮ ᠪᠦᠬᠦᠳᠡᠬᠡᠷ ᠢᠶᠠᠨ ᠬᠠᠯᠠᠮᠵᠢᠯᠠᠵᠣ ᠪᠠᠶᠢᠭ᠎ᠠ ᠬᠠᠯᠠᠮᠰᠢᠯ ᠠᠰᠠᠭᠤᠳᠠᠯ ᠢ ᠴᠢᠬᠤᠯᠠᠴᠢᠯᠠᠵᠣ ᠪᠠᠶᠢᠴᠠᠭᠠᠨ ᠰᠣᠳᠣᠯᠣᠯᠳᠠ ᠶᠢᠨ ᠦᠨᠡᠨ ᠪᠣᠳᠠᠳᠣ ᠴᠢᠨᠡᠷ ᠪᠠ ᠴᠢᠭᠯᠡᠯᠳᠣ ᠴᠢᠨᠡᠷ ᠢ ᠨᠡᠮᠡᠭᠳᠡᠬᠦᠯᠥᠨ ᠬᠦᠭᠵᠢᠯᠳᠡ ᠶᠢ ᠠᠬᠢᠭᠤᠯᠬᠤ ᠰᠢᠨ᠎ᠡ ᠰᠠᠳᠬᠢᠬᠦᠢ᠂ ᠠᠵᠢᠯ ᠢ ᠠᠬᠢᠭᠤᠯᠬᠤ ᠰᠢᠨ᠎ᠠ ᠠᠷᠭ᠎ᠠ ᠪᠠᠷᠢᠯ᠂ ᠬᠦᠴᠢᠷ ᠢ ᠰᠢᠢᠳᠪᠣᠷᠢᠯᠡᠬᠦ ᠰᠢᠨ᠎ᠡ ᠠᠷᠭ᠎ᠠ ᠶᠢ ᠪᠣᠢ ᠪᠣᠯᠭᠠᠨ᠎ᠠ᠃ ᠭᠤᠣᠯᠳᠠᠯᠭᠠᠳᠣ ᠠᠵᠢᠯ ᠤᠨ ᠳᠠᠩᠰᠠ ᠡᠪᠬᠡᠮᠡᠯ ᠢ ᠪᠠᠶᠢᠭᠤᠯᠵᠣ ᠬᠠᠷᠠᠯᠳᠠ᠂ ᠬᠠᠷᠢᠭᠤᠴᠠᠯᠭ᠎ᠠ᠂ ᠴᠠᠭ ᠬᠤᠭᠤᠴᠠᠭ᠎ᠠ ᠶᠢ ᠳᠣᠳᠣᠳᠬᠠᠨ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠣ ᠴᠠᠭ ᠤᠨ ᠳᠠᠷᠠᠭᠠᠯᠠᠯ ᠢᠶᠠᠷ ᠠᠵᠢᠯ ᠤᠨ ᠠᠬᠢᠭᠤᠯᠣᠯᠳᠠ ᠶᠢ ᠴᠢᠩᠭ᠎ᠠ ᠠᠳᠬᠤᠵᠣ᠂ ᠬᠢᠬᠦ ᠪᠠᠷ ᠳᠣᠭᠳᠠᠭᠰᠠᠨ ᠠᠵᠢᠯ ᠢ ᠳᠠᠷᠦᠢ ᠳᠤᠨᠢ ᠡᠬᠢᠯᠡᠬᠦᠯᠵᠣ ᠬᠢᠨ᠎ᠠ᠃ ᠰᠦᠯᠵᠢᠶ᠎ᠠ ᠪᠠᠷ ᠵᠠᠰᠠᠭ ᠤᠨ ᠠᠵᠢᠯ ᠢ ᠡᠷᠬᠢᠯᠡᠵᠣ ᠣᠯᠠᠨ ᠲᠦᠮᠡᠨ ᠤ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠳᠠᠷᠣᠶᠢᠬᠠᠨ ᠬᠠᠷᠢᠭᠤᠯᠳᠠ ᠦᠭᠴᠣ ᠰᠢᠢᠳᠪᠣᠷᠢᠯᠠᠨ᠎ᠠ᠃ ︽ᠵᠠᠰᠠᠭ ᠢ ᠴᠣᠮᠬᠤᠳᠬᠠᠨ ᠡᠷᠬᠡ ᠶᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠳᠡ ᠶᠢ ᠬᠦᠠᠵᠡᠬᠡᠶᠢᠷᠡᠬᠦᠯᠵᠣ ᠵᠠᠰᠠᠭ ᠵᠠᠬᠢᠷᠭᠠᠨ  ᠤ ᠬᠢᠨᠡᠨ ᠵᠦᠪᠰᠢᠶᠠᠷᠠᠯ ᠤᠨ ᠣᠶᠢᠯᠡᠴᠢᠯᠡᠬᠡᠨ ᠤ ᠣᠴᠢᠷ ᠶᠠᠪᠣᠳᠠᠯ ᠢ ᠵᠠᠰᠠᠭ ᠤᠨ ᠶᠠᠪᠣᠳᠠᠯ ᠤᠨ ᠣᠶᠢᠯᠡᠴᠢᠯᠡᠬᠡᠨ ᠤ ᠲᠦᠪ ᠲᠤ ᠲᠦᠪᠯᠡᠷᠡᠬᠦᠯᠤᠨ ᠬᠦᠢᠴᠡᠳᠬᠡᠬᠦ ᠠᠵᠢᠯ ᠢ ᠠᠬᠢᠭᠤᠯᠵᠣ ᠢᠨᠲ᠋ᠧᠷ ᠰᠦᠯᠵᠢᠶ᠎ᠠ ᠪᠠᠷ ᠭᠠᠶᠢᠯᠢ ᠶᠢᠨ ᠠᠵᠢᠯ ᠢ ᠬᠦᠢᠴᠡᠳᠬᠡᠬᠦ ᠵᠡᠷᠬᠡ ᠣᠶᠢᠯᠡᠴᠢᠯᠡᠭᠡ ᠶᠢ ᠬᠡᠷᠡᠭᠵᠢᠬᠦᠯᠵᠣ ᠭᠠᠷ ᠣᠳᠠᠰᠣᠨAPP ᠪᠠᠷ ᠬᠢᠨᠠᠨ ᠵᠦᠪᠰᠢᠶᠡᠷᠡᠬᠦ ᠶᠢ ᠳᠡᠯᠬᠡᠷᠡᠬᠦᠯᠵᠣ ᠣᠯᠠᠨ ᠲᠦᠮᠡᠨ ᠪᠠ ᠠᠵᠣ ᠠᠬᠤᠶᠢᠯᠡᠯ ᠤᠨ ᠠᠵᠢᠯ ᠬᠦᠢᠴᠡᠳᠬᠡᠬᠦ ᠶᠠᠪᠣᠴᠠ ᠳᠠᠬᠢ ᠡᠯ᠎ᠡ ᠲᠦᠷᠥᠯ ᠤᠨ ᠬᠡᠷᠡᠴᠢ ᠶᠢ ᠴᠡᠭᠴᠡᠯᠡᠵᠤ ︽ᠨᠢᠬᠡ ᠴᠣᠩᠬᠤᠪᠴᠢ ᠪᠠᠷ ᠬᠦᠯᠢᠶᠠᠨ ᠠᠪᠬᠤ᠂ ᠪᠦᠬᠦᠨ ᠢ ᠰᠦᠯᠵᠢᠶ᠎ᠠ ᠪᠠᠷ ᠬᠦᠢᠴᠡᠳᠬᠡᠬᠦ ᠂ ᠨᠢᠬᠡ ᠦᠷᠳᠡᠭᠡ ᠪᠠᠷ ᠬᠦᠢᠴᠡᠳᠬᠡᠬᠦ᠂ ᠴᠠᠭ ᠬᠢᠵᠠᠭᠠᠷᠯᠠᠨ ᠬᠦᠢᠴᠡᠳᠬᠡᠬᠦ᠂ ᠨᠢᠬᠡᠯᠡ ᠣᠳᠠᠭ᠎ᠠ ᠳᠤ ᠬᠦᠢᠴᠡᠳᠬᠡᠬᠦ︾ ᠬᠠᠷᠠᠯᠳᠠ ᠶᠢ ᠡᠷᠳᠡᠬᠡᠨ ᠪᠠᠶᠠᠯᠡᠬᠦᠯᠥᠨ᠎ᠠ᠃      ︵ᠲᠦᠷᠪᠠ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠠ ᠴᠠᠷᠠᠭᠠᠨ ᠳᠤ ᠨᠠᠪᠳᠠᠷᠠᠬᠦᠯᠵᠣ ᠠᠵᠣ ᠠᠬᠤᠢ ᠨᠡᠶᠢᠬᠡᠮ ᠤᠨ ᠬᠦᠭᠵᠢᠯᠳᠡ ᠶᠢ ᠲᠦᠯᠬᠢᠨ ᠠᠬᠢᠭᠤᠯᠬᠤ ᠪᠦᠬᠦ ᠶᠠᠪᠣᠴᠠ ᠶᠢ ᠨᠠᠶᠢᠳᠠᠪᠣᠷᠢᠵᠢᠭᠤᠯᠵᠣ ᠠᠷᠢᠭᠤᠨ ᠴᠢᠬᠡᠴᠢ ᠵᠠᠰᠠᠭ ᠤᠨ ᠣᠷᠳᠣᠨ ᠤ ᠰᠢᠨ᠎ᠡ ᠲᠦᠷᠢ ᠲᠦᠷᠬᠦ ᠶᠢ ᠪᠣᠢ ᠪᠣᠯᠭᠠᠨ᠎ᠠ᠃ ᠬᠢᠨᠡᠨ ᠪᠣᠳᠣᠯᠳᠠ ᠶᠢᠨ ᠬᠢᠨᠠᠯᠳᠠ ᠳᠠᠯᠪᠢᠬᠤ  ᠶᠢ ᠴᠢᠩᠭᠠᠳᠬᠠᠵᠣ᠂ ᠲᠦᠷᠥᠯ ᠵᠣᠶᠢᠯ ᠤᠨ ᠳᠠᠭᠠᠭᠠᠴᠢᠯᠠᠯᠳᠠ ᠵᠡᠷᠯᠡᠵᠣ ᠬᠦᠯᠢᠶᠡᠬᠦ᠂ ᠵᠠᠰᠠᠭ ᠤᠨ ᠣᠷᠳᠣᠨ ᠬᠤᠳᠠᠯᠳᠣᠨ ᠠᠪᠬᠤ᠂ ᠪᠡᠯᠡ ᠮᠦᠩᠬᠦᠨ ᠤ ᠬᠡᠷᠡᠭᠯᠡᠯᠳᠡ ᠬᠤᠪᠢᠶᠠᠷᠢᠯᠠᠯᠳᠠ ᠵᠡᠷᠬᠡ ᠲᠦᠷᠢᠮ ᠤᠨ ᠪᠠᠶᠢᠭᠤᠯᠣᠯᠳᠠ ᠶᠢ ᠴᠢᠩᠭᠠᠳᠬᠠᠵᠣ ᠬᠢᠨᠠᠯᠳᠠ ᠳᠠᠯᠪᠢᠨ ᠰᠠᠬᠢᠯᠭ᠎ᠠ ᠪᠠᠳᠣ ᠶᠢ ᠬᠡᠷᠡᠭᠵᠢᠬᠦᠯᠬᠦ ︽ᠲᠦᠷᠪᠡᠨ ᠬᠡᠯᠪᠠᠷᠢ ᠪᠠᠶᠢᠳᠠᠯ︾ ᠢ ᠰᠠᠶᠢᠳᠣᠷ ᠬᠡᠷᠡᠭᠯᠡᠵᠣ ᠺᠠᠳ᠋ᠷᠴᠣᠳ ᠤᠨ ᠰᠠᠬᠢᠯᠭ᠎ᠠ ᠪᠠᠳᠣ ᠵᠦᠷᠢᠴᠡᠬᠦ ᠶᠢ ᠡᠬᠢ ᠢᠷᠡᠯᠳᠡ ᠠᠴᠠ ᠨᠢ ᠰᠠᠷᠬᠡᠶᠢᠯᠡᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ᠂ ᠵᠠᠰᠠᠭ ᠤᠨ ᠣᠷᠳᠣᠨ ᠤ ᠦᠷᠢ ᠰᠢᠷᠢ ᠶᠢᠨ ᠢᠯᠭᠠᠷᠠᠭᠤᠯᠤᠯᠲᠠ᠂ ᠵᠠᠰᠠᠭ ᠤᠨ ᠣᠷᠳᠣᠨ ᠤ ᠪᠡᠯᠡ ᠮᠦᠩᠬᠦᠨ ᠬᠠᠮᠢᠶᠠᠷᠣᠯᠳᠠ᠂ ᠨᠠᠮ ᠤᠨ ᠳᠣᠳᠣᠭᠠᠳᠣᠬᠢ ᠣᠯᠣᠰ ᠲᠦᠷᠥ ᠶᠢᠨ ᠠᠮᠢᠳᠣᠷᠠᠯ᠂ ᠦᠨᠳᠣᠰᠣᠨ ᠱᠠᠳᠣᠨ ᠤ ᠨᠡᠶᠢᠬᠡᠮ ᠤᠨ ᠬᠠᠮᠢᠶᠠᠷᠣᠯᠳᠠ ᠵᠡᠷᠬᠡ ᠭᠤᠣᠯᠳᠠᠯᠭᠠᠳᠠᠢ 5 ᠬᠦᠷᠢᠶ᠎ᠠ ᠴᠠᠷᠠᠭᠠᠨ ᠤ ︽ᠬᠢᠬᠦ ᠦᠬᠡᠢ᠂ ᠬᠠᠭᠤᠷᠮᠠᠭᠯᠠᠨ ᠬᠢᠬᠦ᠂ ᠳᠣᠷ᠎ᠠ ᠳᠠᠪᠠ ᠪᠠᠷ ᠢᠶᠠᠨ ᠣᠶᠢᠯᠡᠳᠬᠦ᠂ ᠠᠯᠵᠠᠭᠤᠷᠠᠨ ᠬᠤᠶᠢᠷᠭᠤᠰᠢᠬᠤ︾ ᠠᠵᠢᠯᠯᠠᠭᠠᠨ ᠢ ᠲᠦᠪᠯᠡᠷᠡᠬᠦᠯᠥᠨ ᠴᠡᠭᠴᠡᠯᠡᠨ᠎ᠠ᠃ ᠲᠦᠪ ᠤᠨ ᠨᠠᠢᠮᠠᠨ ᠵᠣᠶᠢᠯ ᠤᠨ ᠳᠣᠭᠳᠠᠭᠠᠯ  ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠣᠨ ᠠᠷᠪᠢᠴᠢ ᠭᠠᠮᠳᠠᠢ ᠠᠮᠢᠳᠣᠷᠠᠬᠤ ᠦᠵᠡᠯ ᠰᠠᠨᠠᠭ᠎ᠠ ᠶᠢ ᠪᠠᠳᠣ ᠪᠣᠢ ᠪᠣᠯᠭᠠᠵᠣ ︽ᠲᠦᠷᠪᠡᠨ ᠰᠣᠷᠳᠠᠯ︾ ᠤᠨ ᠠᠰᠠᠭᠤᠳᠠᠯ ᠳᠠᠬᠢᠨ ᠪᠣᠢ ᠪᠣᠯᠬᠤ ᠶᠢ ᠡᠷᠡᠰ ᠰᠡᠷᠬᠡᠶᠢᠯᠡᠨ᠎ᠠ᠃      ᠲᠥᠯᠥᠭᠡᠯᠡᠭᠴᠢᠳ ᠡ︕ ᠵᠣᠯ ᠵᠢᠷᠭᠠᠯ ᠢ ᠪᠣᠯ ᠳᠠᠮᠠᠴᠠᠨ ᠣᠯᠳᠠᠭ ᠶᠣᠮᠰᠠᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠳᠣᠭᠤᠷᠢᠨ ᠳᠤ ᠪᠢᠳᠠ ᠨᠠᠩ ᠨᠢᠭᠳᠠᠷᠠᠨ ᠪᠦᠯᠬᠦᠮᠳᠠᠵᠣ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠠᠷᠠᠳ ᠲᠦᠮᠡᠨ ᠳᠤ ᠴᠢᠩᠭ᠎ᠠ ᠳᠦᠰᠢᠭᠯᠡᠨ ᠣᠭ ᠰᠠᠨᠠᠭ᠎ᠠ ᠪᠠᠨ ᠦᠯᠣ ᠮᠡᠷᠳᠡᠨ ᠡᠬᠦᠷᠬᠡ ᠬᠠᠷᠢᠭᠤᠴᠠᠯᠭ᠎ᠠ ᠪᠠᠨ ᠪᠠᠳᠣ ᠴᠠᠬᠡᠵᠢᠯᠠᠵᠣ᠂ ᠰᠠᠳᠬᠢᠯ ᠵᠢᠷᠦᠬᠡ ᠪᠠᠨ ᠨᠢᠬᠡᠳᠬᠡᠨ ᠬᠠᠮᠳᠣ ᠪᠠᠷ ᠴᠢᠷᠮᠡᠶᠢᠨ ᠣᠷᠣᠭᠰᠢᠯᠡᠵᠣ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠡᠯᠡᠬᠦᠯᠬᠦ ᠰᠢᠢᠳᠪᠣᠷᠢᠳᠣ ᠢᠯᠡᠯᠳᠡ ᠶᠢ ᠣᠯᠵᠣ ᠦᠣᠰᠢᠨ ᠤ ᠬᠦᠴᠦᠨ ᠳᠡᠬᠦᠯᠳᠡᠷ ᠢᠶᠠᠷ ᠳᠡᠷᠢᠬᠦᠯᠡᠨ ᠳᠠᠪᠰᠢᠵᠣ᠂ ᠨᠣᠮᠢᠨ ᠳᠠᠩᠰᠤᠭ ᠢᠶᠠᠷ ᠬᠦᠭᠵᠢᠨ ᠮᠠᠨᠳᠣᠬᠤ ᠶᠢᠨ ᠲᠥᠯᠥᠬᠡ ᠴᠢᠷᠮᠠᠶᠢᠨ ᠳᠠᠮᠠᠴᠠᠵᠠᠬᠡᠶ᠎ᠠ︕                     ᠨᠠᠷᠠᠰ ᠤᠨ ᠳᠠᠶᠢᠯᠪᠣᠷᠢ      ᠭᠤᠣᠯ ᠤᠨ ᠳᠠᠷᠤᠭ᠎ᠠ ᠶᠢᠨ ᠳᠥᠷᠢᠮ᠄  ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ︽ᠭᠤᠣᠯ ᠤᠨ ᠳᠠᠷᠤᠭ᠎ᠠ︾ ︽ᠨᠠᠭᠤᠷ ᠤᠨ ᠳᠠᠷᠤᠭ᠎ᠠ︾ ᠶᠢᠨ ᠲᠣᠰᠢᠶᠠᠯ ᠢ ᠬᠠᠷᠢᠭᠤᠴᠠᠵᠤ᠂ ᠬᠤᠯᠪᠣᠭᠳᠠᠯ ᠪᠦᠬᠦᠢ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠣᠳᠣᠷᠢᠳᠣᠨ᠎ᠠ      ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ᠄ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠨᠣᠮᠧᠷ ᠵᠡᠷᠭᠡ ︽ᠲᠠᠪᠤᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠲᠦᠯᠦᠭᠡᠨ ᠨᠣᠮᠧᠷ︾ ᠳᠠᠩᠰᠠᠯᠠᠭᠤᠯᠬᠤ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠰᠠᠭᠤᠷᠢᠨ ᠳᠡᠭᠡᠷ᠎ᠡ ᠠᠵᠤ ᠠᠬᠤᠶᠢᠯᠠᠯ ᠤᠨ ᠪᠡᠯᠡ ᠣᠷᠣᠭᠤᠯᠬᠤ ᠲᠦᠷᠦᠯ ᠵᠦᠢᠯ ᠢ ᠳᠠᠩᠰᠠᠯᠠᠭᠤᠯᠬᠤ ᠵᠡᠷᠭᠡ 22 ᠲᠦᠷᠦᠯ ᠤᠨ ᠪᠦᠷᠢᠳᠬᠡᠬᠦ᠂ ᠬᠡᠷᠡᠭ ᠳᠠᠩᠰᠠᠯᠠᠭᠤᠯᠬᠤ ᠤᠴᠢᠷ ᠶᠠᠪᠤᠳᠠᠯ ᠢ ᠨᠢᠭᠡᠳᠬᠡᠨ᠂ ᠬᠠᠮᠤᠭ ᠡᠴᠦᠰ ᠲᠡᠭᠡᠨ ᠨᠡᠶᠢᠭᠡᠮ ᠤᠨ ᠢᠲᠡᠬᠡᠮᠵᠢᠲᠠᠢ ᠨᠢᠬᠡᠲᠦᠯᠲᠠᠢ ᠲᠦᠯᠦᠭᠡᠨ ᠨᠣᠮᠧᠷ ᠢ ᠠᠴᠢᠶᠠᠯᠠᠭᠰᠠᠨ  ︽ᠬᠤᠷᠢᠨ ᠲᠤᠯᠤᠭᠠᠨ ᠦᠨᠡᠮᠯᠡᠯ ᠢ ᠨᠢᠭᠡᠳᠬᠡᠭᠰᠡᠨ᠂ ᠨᠢᠭᠡ ᠦᠨᠡᠮᠯᠡᠯ ᠨᠢᠭᠡ ᠲᠥᠯᠥᠭᠡᠨ ᠨᠣᠮᠧᠷ︾ ᠤᠨ ᠡᠵᠡᠩᠨᠡᠯᠲᠡ ᠶᠢᠨ ᠦᠨᠡᠮᠯᠡᠯ ᠢ ᠪᠦᠷᠢᠯᠳᠦᠭᠦᠯᠦᠨ᠎ᠡ      ︽ᠬᠤᠣᠰ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠶᠠᠪᠤᠴᠠ ᠳᠤᠮᠳᠠ ᠪᠠᠶᠢᠴᠠᠭᠠᠬᠤ ᠡᠲᠡᠭᠡᠳ ᠢᠶᠠᠨ ᠲᠣᠬᠢᠶᠠᠯᠳᠤᠮᠵᠢ ᠪᠠᠷ ᠰᠤᠩᠭᠤᠬᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠬᠦᠮᠦᠨ ᠢᠶᠠᠨ ᠲᠣᠬᠢᠶᠠᠯᠳᠤᠮᠵᠢ ᠪᠠᠷ ᠰᠣᠩᠭᠤᠨ ᠲᠣᠮᠢᠯᠠᠬᠤ᠂ ᠰᠤᠭᠤᠯᠤᠨ ᠪᠠᠶᠢᠴᠠᠭᠠᠭᠰᠠᠨ ᠪᠠᠶᠢᠳᠠᠯ ᠪᠣᠯᠣᠨ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠴᠠᠭ ᠲᠣᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠨ᠎ᠡ᠃      ︽ᠭᠤᠷᠪᠠᠨ ᠨᠢᠭᠡ ᠪᠦᠯᠦᠭ︾ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ᠄ ᠨᠢᠭᠡᠨᠲᠡ ᠬᠢᠨᠠᠨ ᠬᠠᠷᠠᠭᠤᠯᠤᠭᠰᠠᠨ ᠬᠦᠨᠳᠦ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠬᠥᠳᠡᠭᠡ ᠳᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ︵ᠳᠠᠩᠰᠠ ᠪᠤᠰᠬᠠᠨ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠪᠠ ᠬᠥᠳᠡᠭᠡ ᠳᠤᠰᠬᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠤ ᠡᠲᠡᠭᠡᠳ᠂ ᠤᠨᠴᠠᠭᠠᠢ ᠬᠦᠴᠢᠷᠳᠡᠯᠲᠡᠢ ᠬᠦᠮᠦᠨ᠂ ᠶᠠᠳᠠᠭᠤ ᠬᠦᠴᠢᠷᠳᠡᠯᠲᠡᠢ ᠵᠡᠮᠳᠡᠭᠴᠦᠳ ᠢ ᠪᠠᠭᠲᠠᠭᠠᠨ᠎ᠠ︶ ᠳᠤ ︽ᠨᠢᠭᠡ ᠪᠦᠯᠦᠭ ᠬᠦᠨᠳᠦ ᠡᠪᠡᠳᠴᠢᠲᠡᠨ ᠢ ᠲᠦᠪᠯᠡᠷᠡᠭᠦᠯᠦᠨ ᠡᠮᠨᠡᠵᠦ᠂ ᠨᠢᠭᠡ ᠪᠦᠯᠦᠭ ᠤᠳᠠᠭᠠᠨ ᠴᠢᠨᠠᠷᠲᠠᠢ ᠡᠪᠡᠳᠴᠢᠨ ᠣᠯᠣᠭᠰᠠᠨ ᠬᠦᠮᠦᠰ ᠲᠠᠢ ᠭᠡᠷ᠎ᠡ ᠲᠤᠭᠲᠠᠨ ᠦᠢᠯᠡᠴᠢᠯᠡᠵᠦ᠂ ᠨᠢᠭᠡ ᠪᠦᠯᠦᠭ ᠬᠦᠨᠳᠦ ᠡᠪᠡᠳᠴᠢᠲᠠᠨ ᠤ ᠦᠨᠳᠦᠰᠦᠨ ᠠᠮᠢᠳᠤᠷᠠᠯ ᠢ ᠪᠠᠲᠤᠯᠠᠬᠤ︾ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠤᠯᠠᠨ ᠲᠥᠯᠥᠪᠵᠢᠭᠦᠯᠭᠡ ᠶᠢ ᠨᠢᠭᠡᠳᠬᠡᠬᠦ᠄ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠦᠢ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ ᠤᠯᠠᠨ ᠲᠥᠯᠥᠪᠵᠢᠭᠦᠯᠭᠡ ᠶᠢ ᠨᠢᠭᠡ ᠬᠦᠷᠢᠶ᠎ᠡ ᠴᠠᠷᠠᠭᠠᠨ ᠳᠤ ᠠᠭᠤᠰᠤᠯᠴᠠᠭᠤᠯᠵᠤ᠂ ᠨᠢᠭᠡ ᠬᠤᠲᠠ ᠰᠢᠶᠠᠨ ︵ᠬᠤᠰᠢᠭᠤ︶ ᠳᠤ ᠨᠢᠭᠡ ᠲᠥᠯᠥᠪᠵᠢᠭᠦᠯᠭᠡ ᠶᠢ ᠪᠡᠶᠡᠯᠡᠭᠦᠯᠦᠨ᠂ ᠣᠳᠣᠬᠠᠨ ᠤ ᠡᠯ᠎ᠡ ᠲᠥᠷᠥᠯ ᠤᠨ ᠲᠥᠯᠥᠪᠵᠢᠭᠦᠯᠭᠡ ᠶᠢᠨ ᠦᠪᠡᠷ ᠤᠨ ᠲᠣᠭᠲᠠᠯᠴᠠᠭ᠎ᠠ᠂ ᠠᠭᠤᠯᠭ᠎ᠠ ᠶᠢᠨ ᠳᠠᠪᠬᠤᠴᠠᠯ᠂ ᠵᠠᠯᠭᠠᠯᠳᠤᠯ ᠤᠨ ᠲᠤᠲᠠᠮᠠᠭ ᠵᠡᠷᠭᠡ ᠠᠰᠠᠭᠤᠳᠠᠯ ᠢ ᠰᠢᠢᠳᠪᠦᠷᠢᠯᠡᠨ᠎ᠡ᠃      ᠪᠥᠬᠦ ᠣᠷᠣᠨ ᠪᠥᠰᠡ ᠶᠢᠨ ᠵᠢᠭᠤᠯᠴᠢᠯᠠᠯ᠄ ᠵᠣᠬᠢᠬᠤ ᠣᠷᠣᠨ ᠪᠦᠰᠠ ᠶᠢᠨ ᠵᠢᠭᠤᠯᠴᠢᠯᠠᠯ ᠤᠨ ᠳᠠᠪᠠᠭᠤᠯᠢᠭ ᠠᠵᠤ ᠦᠢᠯᠡᠰ ᠢᠶᠠᠷ ᠲᠣᠰ ᠣᠷᠣᠨ ᠤ ᠠᠵᠤ ᠠᠬᠤᠢ ᠨᠡᠶᠢᠬᠡᠮ ᠤᠨ ᠡᠬᠢ ᠪᠠᠶᠠᠯᠢᠭ ᠣᠨᠴᠠᠭᠠᠶᠢᠯᠠᠨ ᠦᠢᠯᠡᠴᠢᠯᠡᠭᠡᠨ ᠤ ᠵᠢᠭᠤᠯᠴᠢᠯᠠᠯ ᠤᠨ ᠡᠬᠢ ᠰᠤᠷᠪᠣᠯᠵᠢ᠂ ᠬᠤᠯᠪᠣᠭᠳᠠᠯ ᠪᠥᠬᠦᠢ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ᠂ ᠪᠠᠶᠢᠭᠤᠯᠤᠮᠵᠢ ᠲᠣᠭᠲᠠᠯᠴᠠᠭ᠎ᠠ ᠵᠡᠷᠭᠡ ᠶᠢᠨ ᠪᠥᠬᠦ ᠲᠠᠯ᠎ᠠ ᠶᠢᠨ ᠰᠢᠰᠲ᠋ᠧᠮᠵᠢᠬᠦᠯᠥᠯᠳᠡ ᠶᠢ ᠰᠢᠯᠢᠳᠡᠭᠵᠢᠭᠦᠯᠵᠦ᠂ ᠣᠷᠣᠨ ᠪᠥᠰᠡ ᠶᠢᠨ ᠡᠬᠢ ᠰᠤᠷᠪᠤᠯᠵᠢ ᠶᠢ ᠤᠷᠭᠠᠨᠢᠭ ᠢᠶᠠᠷ ᠨᠢᠬᠡᠳᠬᠡᠬᠦ ᠂ ᠠᠵᠤ ᠦᠢᠯᠡᠰ ᠢ ᠠᠭᠤᠰᠣᠯᠴᠠᠭᠤᠯᠣᠨ ᠬᠦᠭᠵᠢᠬᠦᠯᠬᠦ᠂ ᠨᠡᠶᠢᠬᠡᠮ ᠳᠠᠶᠠᠭᠠᠷ ᠬᠠᠮᠲᠤᠪᠠᠷ ᠪᠠᠶᠢᠭᠤᠯᠣᠨ ᠡᠳ᠋ᠯᠡᠬᠦ ᠶᠢ ᠪᠡᠶᠡᠯᠡᠭᠦᠯᠵᠤ᠂ ᠵᠢᠭᠤᠯᠴᠢᠯᠡᠯ ᠤᠨ ᠣᠶᠢᠯᠡᠰ ᠢᠶᠠᠷ ᠠᠵᠤ ᠠᠬᠤᠢ ᠨᠡᠶᠢᠬᠡᠮ ᠤᠨ ᠠᠭᠤᠰᠣᠯᠴᠠᠯ ᠬᠥᠭᠵᠢᠯᠲᠡ ᠶᠢ ᠳᠠᠶᠢᠴᠢᠯᠡᠨ ᠠᠬᠢᠭᠤᠯᠬᠤ ᠨᠢᠭᠡ ᠲᠥᠷᠥᠯ ᠤᠨ ᠣᠷᠣᠨ ᠪᠥᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠪᠠ ᠬᠡᠯᠪᠡᠷᠢ ᠮᠥᠨ᠃      ᠬᠥᠳᠡᠭᠡ ᠳᠤᠰᠬᠤᠨ ᠤ ᠶᠡᠷᠥᠩᠬᠡᠶᠢᠯᠡᠭᠰᠡᠨ ᠴᠣᠭᠴᠠ᠄ ᠣᠳᠣ ᠦᠶ᠎ᠡ ᠶᠢᠨ ᠲᠠᠷᠢᠶᠠᠯᠠᠩ ᠠᠵᠤ ᠠᠬᠤᠢ᠂ ᠰᠡᠯᠡᠭᠦᠴᠡᠯ ᠵᠢᠭᠤᠯᠴᠢᠯᠠᠯ᠂ ᠬᠥᠳᠡᠭᠡ ᠳᠤᠰᠬᠤᠨ ᠤ ᠨᠡᠶᠢᠬᠡᠮ ᠲᠣᠭᠤᠷᠢᠭ ᠤᠨ ᠨᠢᠭᠡ ᠴᠣᠭᠴᠠᠵᠢᠭᠰᠠᠨ ᠥᠪᠡᠷᠮᠢᠴᠡ ᠣᠨᠴᠠᠯᠢᠭᠲᠤ ᠵᠢᠵᠢᠭ ᠪᠠᠯᠭᠠᠰᠤ ᠪᠠ ᠬᠥᠳᠡᠭᠡ ᠳᠤᠰᠬᠤᠨ ᠤ ᠶᠡᠷᠥᠩᠬᠡᠶᠢᠯᠡᠭᠰᠡᠨ ᠬᠥᠭᠵᠢᠯᠲᠡ ᠶᠢᠨ ᠬᠡᠯᠪᠡᠷᠢ ᠮᠥᠨ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠪᠠᠶᠢᠷᠢᠯᠠᠭᠤᠯᠤᠯᠲᠠ ᠳᠣᠣᠷ᠎ᠠ ᠬᠠᠩᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠲᠠᠢ ᠲᠣᠬᠢᠷᠠᠯᠴᠠᠭᠰᠠᠨ ᠥᠮᠴᠢᠯᠡᠯ ᠤᠨ ᠡᠷᠬᠡ ᠶᠢᠨ ᠲᠥᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠬᠥᠳᠡᠭᠡ ᠳᠤᠰᠬᠤᠨ ᠤ ᠣᠳᠣᠬᠢᠴᠢᠯᠠᠯᠲᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠨᠡᠶᠢᠬᠡᠮ ᠠᠵᠤ ᠠᠬᠤᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠨᠢᠭᠡ ᠵᠦᠢᠯ ᠤᠨ ᠦᠷᠭᠦᠯᠵᠢᠯᠡᠬᠦ ᠬᠡᠯᠪᠡᠷᠢ ᠪᠣᠯᠤᠨ᠎ᠠ᠃      ᠬᠡᠢ ᠠᠭᠠᠷ ᠤᠨ ᠢᠯᠴᠢ ᠡᠨᠧᠷᠬᠢ᠄ ᠬᠡᠢ ᠠᠭᠠᠷ ᠲᠤ ᠠᠭᠤᠯᠣᠭᠳᠠᠵᠤ ᠪᠠᠶᠢᠭ᠎ᠠ ᠳᠣᠣᠷ᠎ᠠ ᠳᠡᠰ ᠤᠨ ᠢᠯᠴᠢ ᠡᠨᠧᠷᠬᠢ ᠶᠢ ᠵᠢᠭᠠᠵᠣ ᠪᠣᠢ᠂ ᠣᠰᠣᠨ ᠡᠨᠧᠷᠬᠢ᠂ ᠰᠠᠯᠬᠢᠨ ᠡᠨᠧᠷᠬᠢ᠂ ᠨᠠᠷᠠᠨ ᠤ ᠡᠨᠧᠷᠬᠢ᠂ ᠲᠥᠯᠬᠢᠯᠳᠡ ᠳᠠᠲᠠᠯᠳᠠ ᠶᠢᠨ ᠡᠨᠧᠷᠬᠢ ᠵᠡᠷᠬᠡ ᠲᠠᠢ ᠠᠳᠠᠯᠢᠬᠠᠨ ᠴᠡᠪᠡᠷ ᠡᠨᠧᠷᠬᠢ ᠤᠨ ᠨᠢᠭᠡ ᠲᠦᠷᠥᠯ ᠪᠣᠯᠣᠨ᠎ᠠ᠃      ᠭᠠᠷ ᠣᠳᠠᠰᠣᠨAPP᠄ ᠣᠶᠣᠨᠳᠣ ᠭᠠᠷ ᠣᠳᠠᠰᠣᠨ ᠤ ᠭᠤᠷᠪᠠᠳᠣᠭᠠᠷ ᠲᠠᠯ᠎ᠠ ᠶᠢᠨ ᠬᠡᠷᠡᠭᠯᠡᠯᠳᠡ ᠶᠢᠨ ᠫᠷᠦᠭᠷᠡᠮ ᠢ ᠵᠢᠭᠠᠨ᠎ᠠ᠃      ᠬᠢᠨᠠᠯᠳᠠ ᠳᠠᠯᠪᠢᠵᠣ ᠰᠠᠬᠢᠯᠭ᠎ᠠ ᠪᠠᠲᠦ ᠶᠢ ᠬᠡᠷᠡᠭᠵᠢᠬᠦᠯᠬᠦ ︽ᠲᠦᠷᠪᠠᠨ ᠬᠡᠯᠪᠠᠷᠢ ᠪᠠᠶᠢᠳᠠᠯ︾᠄ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠦᠷᠬᠦᠯᠵᠢ ᠦᠷᠨᠢᠬᠦᠯᠥᠨ ᠴᠢᠷᠡᠢ ᠣᠯᠠᠶᠢᠯᠭᠠᠨ ᠪᠣᠷᠣᠭᠤ ᠶᠢ ᠳᠠᠨᠢᠭᠤᠯᠬᠤ ᠶᠢ ᠡᠩ ᠤᠨ ᠪᠠᠶᠢᠳᠠᠯ ᠲᠠᠢ ᠪᠣᠯᠭᠠᠨ᠎ᠠ︔ ᠨᠠᠮ ᠤᠨ ᠰᠠᠬᠢᠯᠭ᠎ᠠ ᠪᠠᠲᠦ ᠶᠢᠨ ᠬᠦᠩᠬᠡᠨ ᠰᠢᠢᠳᠬᠡᠯ ᠪᠣᠯᠣᠨ ᠵᠣᠬᠢᠶᠠᠨ ᠪᠠᠶᠢᠭᠤᠯᠣᠯᠳᠠ ᠶᠢᠨ ᠲᠠᠯ᠎ᠠ ᠠᠴᠠ ᠰᠢᠢᠳᠬᠡᠬᠦ ᠶᠢ ᠣᠯᠠᠨ ᠳᠣᠭᠠᠨ ᠤ ᠬᠢ ᠪᠣᠯᠭᠠᠨ᠎ᠠ᠃ ᠰᠠᠬᠢᠯᠭ᠎ᠠ ᠪᠠᠲᠤ ᠶᠢ ᠬᠦᠨᠳᠣ ᠡᠪᠳᠡᠭᠰᠡᠳ ᠢ ᠬᠦᠨᠳᠣ ᠪᠠᠷ ᠰᠢᠢᠳᠬᠡᠬᠦ᠂ ᠲᠣᠰᠢᠶᠠᠯ ᠬᠠᠷᠢᠭᠤᠴᠠᠯᠭ᠎ᠠ ᠶᠢᠨ ᠲᠠᠯ᠎ᠠ ᠶᠢᠨ ᠴᠢᠬᠤᠯᠠ ᠳᠣᠬᠢᠷᠠᠭᠤᠯᠣᠯᠳᠠ ᠶᠢ ᠴᠦᠬᠡᠨ ᠳᠣᠭᠠᠨ ᠤ ᠬᠢ ᠪᠣᠯᠭᠠᠨ᠎ᠠ︔ ᠬᠦᠨᠳᠣ ᠨᠣᠴᠢᠳᠡᠢ ᠪᠠᠷ ᠰᠠᠬᠢᠯᠭ᠎ᠠ ᠪᠠᠲᠦ ᠬᠠᠣᠯᠢ ᠴᠠᠭᠠᠵᠠ ᠶᠢ ᠵᠦᠷᠢᠴᠡᠵᠣ ᠬᠡᠷᠡᠭ ᠳᠠᠩᠰᠠᠯᠠᠨ ᠬᠢᠨᠡᠨ ᠪᠠᠶᠢᠴᠠᠭᠠᠬᠤ ᠶᠢ ᠲᠤᠩ ᠴᠦᠬᠡᠨ ᠪᠣᠯᠭᠠᠨ᠎ᠠ᠃
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号