【2018.3.22 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠬᠤᠶᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ | | | | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— 2018 ᠣᠨ ᠤ 3 ᠰᠠᠷ᠎ᠠ ᠶᠢᠨ 22 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ | ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠴᠢᠶᠤᠤ ᠶᠦᠨ ᠯᠢ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠶᠢᠨ | ᠲᠠᠭᠠᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃ | ᠨᠢᠬᠡ᠂ 2017 ᠣᠨ ᠤ ᠠᠵᠢᠯ ᠤᠨ ᠡᠷᠬᠢᠴᠡᠬᠦᠯᠥᠯ | ᠦᠩᠬᠡᠷᠡᠭᠰᠡᠨ ᠨᠢᠬᠡ ᠵᠢᠯ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ | ᠣᠨᠣᠪᠴᠢᠲᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ | ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠦᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠲᠣᠣᠱᠯᠠᠭᠤᠯᠵᠣ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠦᠭᠡᠷᠡᠴᠢᠯᠡᠯᠲᠡ | ᠬᠦᠭᠵᠢᠯᠲᠡ ᠲᠣᠭᠲᠠᠭᠤᠨ ᠤ ᠬᠦᠴᠢᠷ ᠪᠡᠷᠬᠡᠲᠠᠢ ᠡᠭᠦᠷᠭᠡ ᠶᠢ ᠡᠭᠦᠷᠭᠡᠯᠡᠨ ᠨᠢᠭᠡᠳᠦᠯᠲᠠᠢ ᠳᠥᠯᠤᠪᠵᠢᠭᠦᠯᠵᠤ ᠭᠤᠣᠯᠳᠠᠯᠭ᠎ᠠ ᠶᠢ ᠳᠣᠪᠣᠶᠢᠯᠭᠠᠨ᠂ ᠵᠠᠩᠭᠢᠯᠠᠭ᠎ᠠ ᠶᠢ | ᠠᠳᠬᠤᠬᠤ ᠶᠢ ᠪᠠᠷᠢᠮᠳᠠᠯᠠᠵᠤ ᠬᠤᠰᠢᠭᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ | ᠤᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠣ᠂ ᠠᠵᠣ ᠠᠬᠤᠢ ᠨᠡᠶᠢᠬᠡᠮ ᠤᠨ ᠡᠯ᠎ᠡ ᠲᠦᠷᠦᠯ ᠤᠨ | ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠥᠷᠢᠲᠤ ᠢᠯᠠᠯᠲᠠ ᠶᠢ ᠣᠯᠬᠤ᠂ | ᠣᠳᠣᠬᠢᠴᠢᠯᠠᠭᠰᠠᠨ ᠦᠦᠰᠢᠨ ᠤ ᠪᠠᠶᠢᠭᠤᠯᠣᠯᠲᠠ ᠶᠢᠨ ᠰᠢᠨ᠎ᠡ ᠠᠶᠠᠯᠠᠯ ᠳᠤ ᠪᠠᠲᠦ ᠪᠠᠬᠢ ᠰᠠᠭᠤᠷᠢ ᠲᠠᠯᠪᠢᠭᠰᠠᠨ ᠪᠠᠶᠢᠨ᠎ᠠ᠃ | ︵ᠨᠢᠬᠡ︶ ᠠᠵᠣ ᠠᠬᠤᠢ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ ᠢ | ᠲᠦᠰᠦᠭᠡᠯᠡᠪᠡᠯ 360 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠤ ᠠᠳᠠᠯᠢ ᠬᠤᠭᠤᠴᠠᠭᠠᠨ ᠤ ᠬᠢ ᠠᠴᠠ ᠪᠠᠨ 9% ᠨᠡᠮᠡᠭᠳᠡᠪᠡ︔ ᠣᠯᠠᠨ | ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠣᠯᠭ᠎ᠠ ᠶᠢ 16.3 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠪᠦᠷᠢᠳᠬᠡᠯᠲᠡ ᠶᠢᠨ ᠬᠢ ᠠᠴᠠ 24. | 4% ᠨᠡᠮᠡᠭᠳᠡᠪᠡ︔ ᠪᠦᠬᠦ ᠨᠡᠶᠢᠬᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢ 482 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ | ᠬᠤᠭᠤᠴᠠᠭᠠᠨ ᠤ ᠬᠢ ᠠᠴᠠ ᠪᠠᠨ 12.1% ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠡᠠ ᠶᠡᠷᠥᠩᠬᠡᠢ ᠲᠤᠭ᠎ᠠ ᠢ | ᠳᠥᠰᠥᠭᠡᠯᠡᠪᠡᠯ 51.5 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ ᠪᠠᠨ 7.2% ᠨᠡᠮᠡᠭᠳᠡᠪᠡ︔ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠲᠣᠰᠪᠣᠷᠢ 41582 ᠲᠥᠭᠦᠷᠢᠭ ᠪᠠ 16709 ᠲᠥᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠪᠠᠨ 8.2% ᠪᠠ 8% ᠨᠡᠮᠡᠭᠳᠡᠪᠡ᠃ ᠬᠤᠲᠠ ᠪᠠᠯᠭᠠᠰᠤᠨ ᠤ ᠳᠠᠩᠰᠡᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | 3.1% ᠲᠣᠲᠣᠷ᠎ᠠ ᠬᠢᠵᠠᠭᠠᠷᠯᠠᠪᠠ᠃ ᠠᠮᠦ ᠪᠣᠳᠠᠭᠠᠨ ᠤ ᠭᠠᠷᠦᠯᠲᠠ ᠨᠢ ᠳᠥᠰᠥᠭᠡᠯᠡᠪᠡᠯ 4.5 ᠳ᠋ᠦᠩᠰᠢᠭᠤᠷ ᠵᠢᠩ ᠢ ᠳᠠᠪᠠᠵᠣ᠂ ᠮᠠᠯᠵᠢᠯ ᠤᠨ ᠣᠨ ᠤ | ᠳᠡᠵᠢᠭᠡᠨ ᠮᠠᠯᠵᠢᠭᠰᠠᠨ ᠮᠠᠯ ᠤᠨ ᠲᠤᠭ᠎ᠠ ᠲᠣᠯᠣᠭᠠᠢ 214 ᠲᠥᠮᠨ ᠬᠦᠷᠪᠡ᠃ ᠪᠥᠬᠦ ᠬᠤᠰᠢᠭᠤᠨ ᠤ ᠠᠵᠣ ᠠᠬᠤᠢ ᠨᠢ ᠪᠥᠳᠥᠴᠡ ᠶᠢᠨ ᠳᠣᠬᠢᠷᠠᠭᠤᠯᠦᠯᠲᠠ | ᠳᠣᠮᠳᠠ ᠬᠥᠳᠡᠯᠭᠡᠭᠴᠢ ᠬᠦᠴᠦᠨ ᠳᠠᠰᠣᠷᠠᠯᠲᠠ ᠦᠭᠡᠢ ᠰᠢᠯᠢᠳᠡᠭᠵᠢᠵᠦ ᠶᠠᠰᠤ ᠴᠢᠨᠠᠷ ᠥᠷ᠎ᠡ ᠪᠥᠲᠥᠮᠵᠢ ᠦᠷᠭᠦᠯᠵᠢᠯᠡᠨ ᠳᠡᠭᠡᠭᠰᠢᠯᠡᠵᠦ ᠣᠷᠣᠨ ᠨᠣᠲᠤᠭ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠴᠢᠩᠭᠠᠷᠠᠵᠤ᠂ 2017 ᠣᠨ ᠤ ᠪᠥᠬᠦ ᠤᠯᠤᠰ ᠤᠨ ᠬᠤᠰᠢᠭᠤ ᠰᠢᠶᠡᠨ ᠤ ᠠᠵᠣ ᠠᠬᠤᠢ ᠶᠢᠨ ᠵᠠᠭᠤᠨ | ᠬᠦᠴᠦᠷᠬᠡᠭ ᠤᠨ 75 ᠳ᠋ᠤᠭᠠᠷ ᠲᠤ ᠪᠠᠶᠢᠷᠢᠯᠠᠵᠤ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 7 ᠳ᠋ᠤᠭᠠᠷ ᠲᠤ ᠪᠠᠶᠢᠷᠢᠯᠠᠪᠠ᠃ | ︵ᠬᠤᠶᠡᠷ︶ ᠪᠥᠳᠥᠴᠡ ᠶᠢᠨ ᠳᠣᠬᠢᠷᠠᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠪᠠ᠃ ᠠᠵᠣ ᠦᠢᠯᠡᠳᠪᠥᠷᠢ ᠶᠢᠨ ᠠᠵᠣ ᠠᠬᠤᠢ ᠶᠢᠨ ᠬᠦᠭᠵᠢᠯᠲᠠ | ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦ ᠠᠯᠬᠤᠴᠠ ᠶᠢ ᠲᠥᠷᠭᠡᠳᠭᠡᠪᠡ᠃ ᠨᠠᠷᠢᠨᠭᠤᠣᠯ ᠤᠨ ᠠᠭᠤᠷᠬᠠᠢ ᠶᠢᠨ ᠣᠷᠣᠨ ᠤ ᠶᠡᠷᠦᠩᠬᠡᠢ ᠲᠥᠯᠤᠪᠵᠢᠭᠦᠯᠭᠡ | ᠵᠢᠴᠢ ᠲᠥᠯᠤᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠵᠥᠪᠰᠢᠶᠡᠷᠡᠭᠳᠡᠵᠦ ᠮᠣᠳᠣᠨᠴᠠᠶᠢᠳᠠᠮ ᠵᠡᠷᠭᠡ 3 ᠨᠡᠭᠦᠷᠡᠰᠤᠨ ᠠᠭᠤᠷᠬᠠᠢ ᠶᠢᠨ ᠭᠠᠷ | ᠭᠦᠢᠴᠡᠳᠬᠡᠯ ᠤᠨ ᠭᠦᠢᠴᠡᠳᠬᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ | ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ ᠨᠢ ᠪᠥᠬᠦ ᠲᠠᠯ᠎ᠠ ᠪᠠᠷ ᠬᠤᠳᠠᠯᠳᠤᠭᠠᠴᠢᠯᠠᠭᠰᠠᠨ ᠡᠵᠡᠩᠨᠡᠯᠲᠡ ᠳᠤ ᠣᠷᠣᠵᠣ ᠨᠡᠭᠦᠷᠡᠰᠦ᠂ ᠠᠯᠺᠧᠨ | ᠨᠡᠭᠦᠷᠦᠭᠴᠢ ᠶᠢᠨ ᠭᠠᠷᠣᠯᠲᠠ ᠲᠣᠰᠪᠣᠷᠢ 3500 ᠲᠥᠮᠡᠨ ᠲᠣᠨᠠᠨ ᠪᠠ 142 ᠲᠥᠮᠡᠨ ᠲᠣᠨᠠᠨ ᠬᠦᠷᠴᠦ ᠬᠡᠪᠴᠢᠶᠡᠵᠢᠯ ᠠᠴᠠ ᠳᠡᠭᠡᠭᠰᠢᠬᠢ ᠠᠵᠣ | ᠦᠢᠯᠡᠳᠪᠥᠷᠢ ᠶᠢᠨ ᠠᠵᠣ ᠠᠬᠤᠶᠢᠯᠠᠯ ᠤᠨ ᠠᠰᠢᠭ ᠬᠤᠨᠵᠢᠪᠤᠷᠢ ᠶᠢᠨ ᠨᠣᠷᠮ᠎ᠠ ᠢᠯᠡᠳᠲᠡ ᠳᠡᠭᠡᠭᠰᠢᠯᠡᠪᠡ᠃ ᠲᠠᠷᠢᠶᠠᠯᠠᠩ ᠮᠠᠯ ᠠᠵᠣ ᠠᠬᠤᠢ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠥᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠠᠵᠣ ᠠᠬᠤᠢ ᠶᠢᠨ ᠭᠤᠷᠪᠠᠳᠤᠭᠠᠷ ᠤᠳᠠᠭᠠᠨ ᠤ ᠨᠡᠶᠢᠲᠡᠮ ᠪᠠᠶᠢᠴᠠᠭᠠᠯᠲᠠ ᠶᠢ ᠲᠡᠭᠦᠰ | ᠠᠮᠵᠢᠯᠲᠠᠲᠠᠢ ᠪᠡᠶᠡᠯᠡᠭᠦᠯᠪᠡ᠃ ᠠᠮᠦ ᠪᠣᠳᠠᠭ᠎ᠠ᠂ ᠠᠵᠣ ᠠᠬᠤᠢ ᠶᠢᠨ ᠲᠠᠷᠢᠮᠠᠯ᠂ ᠡᠪᠡᠰᠤ ᠪᠣᠷᠳᠣᠭᠠᠨ ᠬᠠᠷᠢᠴᠠᠯ ᠰᠢᠯᠢᠳᠡᠭᠵᠢᠭᠡᠳ 6:1:3 ᠪᠤᠯᠵᠣ᠂ | ᠰᠢᠷᠬᠤᠰᠤᠨ ᠭᠤᠣᠯ ᠤᠨ ᠤᠷᠭᠠᠨᠢᠭ ᠳᠣᠲᠣᠷᠭ᠎ᠠ ᠶᠢᠨ ᠲᠠᠷᠢᠮᠠᠯ ᠨᠢ ᠶᠢᠰᠤᠳᠦᠭᠡᠷ ᠪᠥᠯᠦᠭ ᠤᠯᠤᠰ ᠤᠨ ᠲᠠᠷᠢᠶᠠᠯᠠᠩ ᠠᠵᠤ ᠠᠬᠤᠢ ᠶᠢᠨ ᠪᠠᠷᠢᠮᠵᠢᠶᠠᠲᠤ | ᠳᠠᠭᠤᠷᠢᠶᠠᠯ ᠣᠷᠣᠨ ᠤ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠵᠢᠭᠰᠠᠭᠠᠭᠳᠠᠵᠤ᠂ ᠣᠷᠳᠣᠰ ᠤᠨ ᠨᠠᠷᠢᠨ ᠨᠣᠣᠰᠣᠲᠤ ᠬᠤᠨᠢᠨ ᠮᠢᠬ᠎ᠠ ᠵᠡᠷᠭᠡ 3 | ᠪᠥᠲᠥᠭᠡᠭᠳᠡᠭᠦᠨ ᠨᠢ 18 ᠳ᠋ᠤᠭᠠᠷ ᠬᠤᠭᠤᠴᠠᠭᠠᠨ ᠤ ᠳᠣᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠦᠵᠡᠰᠭᠦᠯᠡᠩ ᠤᠨ ᠴᠤᠭᠯᠠᠭᠠᠨ ᠳᠤ ᠠᠯᠲᠠᠨ | ᠮᠧᠳᠠᠯ ᠬᠦᠷᠲᠡᠵᠤ᠂ ᠦᠤᠰᠢᠨ ᠲᠠᠯ᠎ᠠ ᠨᠤᠲᠤᠭ ᠤᠨ ᠤᠯᠠᠭᠠᠨ ᠦᠬᠡᠷ ᠨᠢ ᠭᠠᠵᠠᠷ ᠵᠦᠢ ᠶᠢᠨ ᠪᠡᠯᠬᠡ ᠳᠡᠮᠳᠡᠭᠳᠣ ᠪᠥᠲᠥᠭᠡᠭᠳᠡᠭᠦᠨ ᠢᠶᠠᠷ ᠲᠣᠭᠲᠠᠭᠠᠭᠳᠠᠵᠤ 6 | ᠲᠥᠷᠤᠯ ᠤᠨ ᠪᠣᠬᠢᠷᠳᠤᠯ ᠦᠭᠡᠢ ᠢᠳᠡᠭᠡᠨ ᠢ ᠰᠢᠨ᠎ᠡ ᠪᠠᠷ ᠭᠡᠷᠡᠴᠢᠯᠡᠭᠦᠯᠵᠤ᠂ ᠡᠤ ᠶᠤᠸᠠᠨ ᠤᠯᠠᠭᠠᠨ ᠢᠳᠡᠭᠡᠨ ᠵᠡᠷᠭᠡ ᠨᠠᠷᠢᠯᠢᠭ ᠪᠣᠯᠪᠠᠰᠤᠷᠠᠭᠤᠯᠬᠤ ᠲᠥᠷᠤᠯ | ᠵᠦᠢᠯ ᠠᠰᠢᠭᠯᠠᠯᠲᠠ ᠳᠤ ᠣᠷᠣᠵᠤ᠂ ᠬᠥᠷᠦᠭᠡᠵᠤ ᠬᠦᠯᠳᠡᠭᠡᠬᠦ ᠬᠡᠯᠬᠢᠶᠡᠵᠢᠯ ᠤᠨ ᠪᠠᠷᠠᠭᠠᠨ ᠭᠦᠢᠯᠭᠡᠭᠡ ᠶᠢᠨ ᠬᠥᠮᠦᠷᠭᠡ ᠶᠢᠨ ᠪᠠᠭᠲᠠᠭᠠᠮᠵᠢ ᠶᠢ 350 ᠲᠤᠨᠠᠨ | ᠰᠢᠨ᠎ᠡ ᠪᠠᠷ ᠨᠡᠮᠡᠭᠳᠡᠭᠦᠯᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ ᠰᠢᠷᠬᠤᠰᠤ ᠶᠢᠨ ᠤᠯᠤᠰ ᠤᠨ ᠬᠠᠭᠤᠴᠢ ᠰᠤᠳᠤᠯᠤᠯ ᠤᠨ | ᠪᠠᠭᠤᠷᠢ ᠶᠢᠨ ᠴᠡᠴᠡᠷᠯᠢᠭ ᠤᠨ ᠮᠥᠽᠸᠢ ᠶᠢ ᠡᠬᠢᠯᠡᠭᠦᠯᠤᠨ ᠪᠥᠲᠦᠭᠡᠨ ᠪᠠᠶᠢᠭᠤᠯᠵᠤ᠂ ᠰᠤᠶᠤᠯ ᠤᠷᠠᠨ ᠰᠡᠳᠬᠢᠮᠵᠢ ᠶᠢᠨ ᠦᠢᠯᠡᠰᠵᠢᠭᠦᠯᠤᠯᠲᠡ ᠶᠢᠨ ᠬᠦᠷᠢᠶᠡᠯᠡᠩ ᠢ | ᠪᠥᠲᠦᠭᠡᠨ ᠪᠠᠶᠢᠭᠤᠯᠵᠤ ᠪᠥᠸᠧ ᠶᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠨᠢ ᠤᠯᠤᠰ ᠤᠨ AAA ᠳᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠡᠩᠨᠡᠭᠡᠨ ᠳᠤ ᠳᠠᠪᠰᠢᠨ ᠣᠷᠣᠵᠤ ᠭᠠᠯᠠᠭᠤᠲᠤ ᠪᠠᠯᠭᠠᠰᠤᠨ ᠤ ᠷᠠᠰᠢᠶᠠᠨ ᠳᠣᠬᠤᠢ ᠳᠣᠰᠬᠤᠨ ᠨᠢ ᠳᠤᠮᠳᠠᠳᠤ ᠤᠯᠤᠰ ᠤᠨ | ᠦᠵᠡᠰᠬᠦᠯᠡᠩᠲᠦ ᠰᠠᠶᠢᠬᠠᠨ ᠰᠡᠯᠡᠭᠦᠴᠡᠯ ᠬᠥᠳᠡᠭᠡ ᠳᠤᠰᠬᠤᠨ ᠤ ᠴᠣᠯᠠ ᠬᠥᠷᠲᠡᠵᠤ᠂ ᠬᠤᠶᠠᠳᠤᠭᠠᠷ ᠬᠤᠭᠤᠴᠠᠭᠠᠨ ᠤ ᠣᠷᠳᠣᠰ ᠤᠨ ᠦᠵᠡᠰᠭᠦᠯᠡᠩᠲᠤ ᠰᠠᠶᠢᠬᠠᠨ | ᠬᠥᠳᠡᠭᠡ ᠳᠤᠰᠬᠤᠨ ᠤ ᠵᠢᠭᠤᠯᠴᠢᠯᠠᠯ ᠤᠨ ᠨᠠᠶᠢᠷ ᠵᠡᠷᠭᠡ ᠲᠣᠮᠦ ᠬᠡᠯᠪᠡᠷᠢ ᠶᠢᠨ ᠰᠤᠶᠤᠯ ᠲᠠᠮᠢᠷ ᠤᠨ ᠠᠵᠢᠯᠯᠠᠭᠠᠨ ᠢ ᠠᠮᠵᠢᠯᠲᠠᠲᠠᠢ ᠡᠷᠬᠢᠯᠡᠵᠤ ᠪᠦᠬᠦ ᠵᠢᠯ ᠳᠤ 92. | 9 ᠲᠦᠮᠡᠨ ᠬᠦᠮᠤᠨ ᠤᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠣᠴᠢᠯᠠᠵᠤ᠂ ᠵᠢᠭᠤᠯᠴᠢᠯᠠᠯ ᠤᠨ ᠶᠡᠷᠤᠩᠬᠡᠢ ᠣᠷᠣᠯᠭ᠎ᠠ ᠶᠢ 30 ᠳ᠋ᠦᠩᠰᠢᠭᠤᠷ ᠲᠦᠬᠦᠷᠢᠭ | ᠪᠡᠶᠡᠯᠡᠭᠦᠯᠪᠡ᠃ ᠤᠯᠠᠭᠠᠨᠮᠥ᠋ᠴᠢᠷ ᠨᠢ ᠪᠥᠬᠦ ᠣᠷᠣᠨ ᠤ ︽ᠠᠷᠪᠠᠨ ᠰᠢᠯᠢᠳᠡᠭ ᠤᠯᠠᠭᠠᠨᠮᠥ᠋ᠴᠢᠷ︾ ᠤᠨ ᠴᠣᠯᠠ ᠬᠦᠷᠲᠡᠵᠦ᠂ ᠦᠤᠰᠢᠨ ᠮᠣᠷᠢᠨ ᠬᠤᠭᠤᠷ ᠤᠨ | ᠨᠠᠶᠢᠷᠠᠯ ᠬᠥᠭᠵᠢᠮ ᠤᠨ ᠪᠥᠯᠬᠦᠮ ᠨᠢ ᠥᠪᠡᠷᠳᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠵᠢᠯᠯᠠᠭᠠᠨ ᠤ ᠳᠣᠮᠳᠠ ᠴᠤᠭ | ᠵᠢᠪᠬᠤᠭ᠎ᠠ ᠪᠠᠨ ᠪᠠᠳᠠᠷᠠᠭᠤᠯᠪᠠ᠃ ᠰᠢᠨ ᠺᠠᠩ ᠡᠮᠴᠢᠯᠡᠭᠡ ᠰᠤᠪᠢᠯᠠᠯᠲᠠ ᠶᠢᠨ ᠬᠤᠷᠢᠶ᠎ᠠ ᠨᠢ ᠥᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠪᠥᠯᠥᠭ ᠡᠮᠴᠢᠯᠡᠭᠡ | ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶᠡᠴᠢ ᠪᠠᠶᠢᠭᠤᠯᠤᠮᠵᠢ ᠪᠣᠯᠵᠠᠢ᠃ ᠦᠢᠯᠡᠴᠢᠯᠡᠭᠡᠨ ᠤ ᠦᠢᠯᠡᠰ ᠤᠨ ᠥᠨᠳᠥᠷ ᠣᠷᠣᠯᠭ᠎ᠠ ᠲᠠᠢ ᠠᠵᠤ ᠠᠬᠤᠶᠢᠯᠠᠯ 8᠂ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 19 ᠶᠢ ᠰᠢᠨ᠎ᠡ ᠪᠠᠷ ᠨᠡᠮᠡᠭᠳᠡᠭᠦᠯᠵᠦ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠬᠤᠪᠢ ᠶᠢᠨ | ᠵᠢᠩ 3.5 ᠵᠠᠭᠤᠨ ᠤ ᠨᠢᠭᠡᠴᠢ ᠳᠡᠭᠡᠭᠰᠢᠯᠡᠪᠡ᠃ | ︵ᠭᠤᠷᠪᠠ︶ ᠬᠤᠳᠠ ᠬᠦᠳᠡᠭᠡ ᠶᠢᠨ ᠲᠦᠷᠢ ᠲᠦᠷᠬᠦ ᠴᠤ᠋ ᠰᠢᠨ᠎ᠡ ᠪᠠᠶᠢᠳᠠᠯ ᠲᠠᠢ ᠪᠣᠯᠪᠠ᠃ ᠰᠠᠭᠤᠷᠢ ᠠᠴᠢᠶᠠᠯᠠᠭᠴᠢ ᠶᠢᠨ ᠲᠣᠣᠷ ᠢ ᠨᠡᠩ | ᠪᠦᠷᠢᠨᠰᠢᠬᠦᠯᠪᠠ᠃ ᠲᠥᠩᠽᠢ ᠠᠴᠠ ᠪᠣᠷᠣᠪᠠᠯᠭᠠᠰᠤ ᠬᠦᠷᠬᠦ ᠵᠡᠷᠭᠡ 3 ᠵᠣᠷᠪᠣᠰ ᠵᠠᠰᠠᠮᠠᠯ ᠵᠠᠮ ᠪᠠ ᠪᠠᠶᠠᠨᠭᠤᠣᠯ ᠵᠡᠷᠭᠡ 3 ᠵᠣᠷᠪᠣᠰ ᠲᠡᠮᠦᠷ ᠵᠠᠮ ᠤᠨ ᠳᠣᠰᠬᠠᠢ | ᠬᠡᠷᠡᠭᠯᠡᠭᠡᠨ ᠤ ᠱᠤᠭᠤᠮ ᠤᠨ ᠪᠠᠷᠢᠯᠭ᠎ᠠ ᠳᠠᠭᠤᠰᠤᠨ ᠠᠰᠢᠭᠯᠠᠯᠳᠠ ᠳᠤ ᠣᠷᠣᠵᠤ᠂ ᠨᠡᠶᠢᠲᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠠᠵᠢᠯ ᠨᠢ ᠬᠢᠨᠠᠨ | ᠵᠥᠪᠰᠢᠶᠡᠷᠡᠯ ᠤᠨ ᠱᠠᠲᠤᠨ ᠳᠤ ᠣᠷᠣᠵᠤ ᠴᠢᠮᠡᠭᠡ ᠬᠤᠯᠪᠣᠭᠠᠨ ᠤ ᠰᠠᠭᠤᠷᠢ ᠥᠷᠲᠡᠭᠡ 18 ᠶᠢ ᠰᠢᠨ᠎ᠡ ᠪᠠᠷ ᠪᠠᠶᠢᠭᠤᠯᠵᠤ᠂ ︽ᠵᠢᠷᠭᠤᠭᠠᠨ ᠪᠠᠯᠭᠠᠰᠤ ᠳᠥᠷᠪᠡᠨ | ᠲᠣᠭᠤᠷᠢᠭ︾ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠲᠥᠷᠥᠯ ᠵᠦᠢᠯ ᠢ ᠳᠣᠭᠲᠠᠭᠤᠨ ᠠᠬᠢᠭᠤᠯᠵᠤ ᠴᠠᠬᠢᠯᠭᠠᠨ ᠮᠠᠰᠢᠨ ᠬᠤᠳᠳᠤᠭ ᠲᠤ ᠴᠠᠬᠢᠯᠭᠠᠨ | ᠨᠡᠪᠲᠡᠷᠡᠬᠦ ᠪᠠᠷᠢᠯᠭ᠎ᠠ ᠶᠢᠨ ᠠᠵᠢᠯ ᠢ ᠳᠠᠭᠤᠰᠬᠠᠵᠠᠢ᠃ ᠬᠤᠲᠠ ᠶᠢᠨ ᠶᠠᠪᠣᠳᠠᠯ ᠤᠨ ᠴᠢᠳᠠᠪᠤᠷᠢ ᠶᠢ ᠳᠠᠰᠤᠷᠠᠯᠲᠠ ᠦᠭᠡᠢ ᠲᠡᠭᠦᠯᠳᠡᠷᠵᠢᠭᠦᠯᠪᠡ᠃ ᠬᠤᠨᠴᠢᠨ | ᠨᠠᠭᠤᠷ ᠤᠨ ᠴᠡᠴᠡᠷᠯᠢᠭ᠂ ᠳᠠᠪᠴᠠᠭ ᠨᠠᠭᠤᠷ ᠤᠨ ᠴᠡᠴᠡᠷᠯᠢᠭ ᠤᠨ ᠦᠵᠡᠮᠵᠢ ᠶᠢ ᠳᠡᠭᠡᠭᠰᠢᠯᠡᠭᠦᠯᠵᠦ᠂ ᠭᠠᠯᠠᠭᠤᠳᠣ ᠪᠠᠯᠭᠠᠰᠤᠨ ᠲᠣᠭᠤᠷᠢᠭ ᠤᠨ ᠬᠤᠭᠤᠯᠠᠢ ᠳᠣᠣᠷ | ᠢ 12 ᠺᠢᠯᠣᠮᠧᠲᠷ ᠳᠠᠪᠢᠰᠴᠣ ᠣᠰᠣ ᠪᠠᠷ ᠵᠠᠶᠢᠯᠠᠬᠤ ᠬᠡᠯᠪᠠᠷᠢ ᠶᠢᠨ ᠵᠣᠷᠯᠣᠩ ᠢ ᠰᠢᠨ᠎ᠡ ᠪᠠᠷ 11 ᠪᠠᠶᠢᠭᠤᠯᠣᠨ ᠬᠤᠲᠠ ᠶᠢᠨ ᠲᠥᠪ ᠲᠤ 10 ᠲᠦᠮᠡᠨ ᠲᠡᠭᠰᠢ | ᠲᠥᠷᠪᠡᠯᠵᠢᠨ ᠮᠧᠲᠷ ᠭᠠᠵᠠᠷ ᠢ ᠬᠠᠲᠠᠭᠤᠵᠢᠭᠤᠯᠤᠨ ᠳᠡᠪᠢᠰᠴᠦ᠂ ᠬᠠᠭᠤᠴᠢᠨ ᠵᠢᠵᠢᠭ ᠲᠣᠭᠤᠷᠢᠭ ᠢ 10 ᠥᠭᠡᠷᠡᠴᠢᠯᠡᠵᠠᠢ᠃ ᠪᠣᠰᠤᠳ ᠰᠤᠮᠤ ᠪᠠᠯᠭᠠᠰᠤᠨ ᠤ | ᠵᠠᠮ᠂ ᠬᠤᠭᠤᠯᠠᠢ ᠲᠣᠣᠷ᠂ ᠣᠶᠢᠵᠢᠭᠤᠯᠤᠯᠲᠠ᠂ ᠬᠠᠲᠠᠭᠤᠵᠢᠭᠤᠯᠤᠯᠲᠠ᠂ ᠬᠤᠭ ᠨᠣᠪᠰᠢ ᠪᠠ ᠪᠣᠬᠢᠷ ᠤᠰᠤ ᠶᠢ ᠰᠢᠢᠳᠪᠥᠷᠢᠯᠡᠬᠦ ᠵᠡᠷᠭᠡ ᠰᠠᠭᠤᠷᠢ | ᠲᠥᠬᠦᠭᠡᠷᠤᠮᠵᠢ ᠶᠢ ᠡᠮᠬᠢ ᠴᠡᠭᠴᠡᠲᠡᠢ ᠲᠡᠭᠦᠯᠳᠡᠷᠵᠢᠭᠦᠯᠵᠠᠢ᠃ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠡ᠃ ᠣᠢ | ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢ 17 ᠲᠥᠮᠡᠨ ᠮᠤ᠋᠂ ᠨᠣᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ 71 ᠲᠥᠮᠡᠨ | ᠮᠤ᠋᠂ ᠬᠦᠷᠦᠰᠤ ᠰᠢᠷᠦᠢ ᠶᠢᠨ ᠢᠳᠡᠭᠳᠡᠯ ᠤᠨ ᠶᠡᠷᠤᠩᠬᠡᠶᠢᠯᠡᠭᠰᠡᠨ ᠵᠠᠰᠠᠯᠲᠠ ᠶᠢ 24 ᠲᠥᠮᠡᠨ ᠮᠦ ᠪᠡᠶᠡᠯᠡᠭᠦᠯᠵᠤ ᠣᠢ ᠰᠢᠭᠤᠢ ᠶᠢᠨ ᠪᠥᠷᠬᠦᠴᠡ ᠨᠣᠷᠮ᠎ᠠ ᠶᠢ 32. | 9% ᠬᠥᠷᠭᠡᠪᠡ᠃ ︽ᠭᠤᠣᠯ ᠤᠨ ᠳᠠᠷᠤᠭ᠎ᠠ ᠶᠢᠨ ᠳᠥᠷᠢᠮ︾᠂ ︽ᠨᠠᠭᠤᠷ ᠤᠨ ᠳᠠᠷᠤᠭ᠎ᠠ ᠶᠢᠨ ᠳᠥᠷᠢᠮ︾ ᠢ ᠬᠡᠷᠡᠭᠵᠢᠭᠦᠯᠦᠨ ᠵᠦᠩ ᠲᠢᠶᠠᠨ ᠾᠧ ᠴᠤᠸᠠᠩ | ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠭᠦᠨᠵᠡᠭᠡᠢ ᠰᠢᠢᠳᠪᠥᠷᠢᠯᠡᠬᠦ ᠦᠢᠯᠡᠳᠪᠥᠷᠢ ᠵᠡᠷᠭᠡ ᠨᠢᠭᠡ ᠪᠥᠯᠥᠭ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠲᠥᠷᠥᠯ ᠵᠦᠢᠯ ᠢ ᠯᠠᠪᠳᠠᠭᠤᠨ ᠪᠠᠳᠤᠲᠠᠢ ᠠᠬᠢᠭᠤᠯᠵᠤ ᠪᠥᠬᠦ ᠵᠢᠯ ᠤᠨ ᠠᠭᠠᠷ ᠤᠨ ᠴᠡᠪᠡᠷᠴᠡ ᠶᠢᠨ ᠨᠣᠷᠮ᠎ᠠ ᠶᠢ 95% ᠠᠴᠠ | ᠳᠡᠭᠡᠭᠰᠢ ᠪᠣᠯᠭᠠᠪᠠ᠃ | ︵ᠲᠦᠷᠪᠠ︶ ᠦᠬᠡᠷᠡᠴᠢᠯᠡᠯᠳᠡ ᠶᠢ ᠬᠦᠨᠵᠡᠬᠡᠶᠢᠷᠡᠬᠦᠯᠥᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠢᠯᠬᠠᠭᠤᠯᠪᠠ᠃ ᠵᠠᠰᠠᠭ ᠤᠨ ᠶᠠᠪᠦᠳᠠᠯ | ᠤᠨ ᠦᠢᠯᠡᠴᠢᠯᠡᠬᠡᠨ ᠤ ᠰᠢᠨ᠎ᠠ ᠲᠦᠪ ᠬᠡᠷᠡᠭᠯᠡᠯᠳᠠ ᠳᠤ ᠣᠷᠦᠵᠦ 6 ᠲᠦᠷᠥᠯ ᠤᠨ 477 ᠵᠣᠶᠢᠯ ᠤᠨ ᠵᠠᠰᠠᠭ ᠤᠨ ᠵᠠᠬᠢᠷᠭᠠᠨ ᠤ ᠬᠢᠨᠡᠨ ᠵᠦᠪᠰᠢᠶᠠᠷᠠᠯ ᠤᠨ | ᠬᠡᠷᠡᠭ ᠶᠠᠪᠤᠳᠠᠯ ᠢ ᠲᠦᠪᠯᠡᠷᠡᠬᠦᠯᠥᠨ ᠬᠦᠢᠴᠡᠳᠬᠡᠪᠠ᠃ ︽ᠬᠤᠷᠢᠨ ᠳᠣᠯᠣᠭᠠᠨ ᠦᠨᠡᠮᠯᠡᠯ ᠢ ᠨᠢᠭᠡᠳᠬᠡᠬᠦ︾ ᠦᠬᠡᠷᠡᠴᠢᠯᠡᠯᠳᠡ ᠶᠢ ᠪᠦᠬᠦ ᠳᠠᠯ᠎ᠠ ᠪᠠᠷ | ᠬᠡᠷᠡᠭᠵᠢᠬᠦᠯᠥᠨ ᠰᠢᠨ᠎ᠠ ᠪᠠᠷ ᠳᠠᠩᠰᠠᠯᠠᠭᠰᠠᠨ ᠵᠠᠬ᠎ᠠ ᠳᠡᠯᠬᠡᠬᠦᠷ ᠤᠨ ᠪᠡᠶᠡᠴᠢ ᠴᠤᠭᠴᠠ 2648 ᠡᠷᠦᠬᠡ ᠪᠣᠢ᠃ ᠪᠣᠳᠠᠳᠣ ᠴᠣᠭᠴᠠ ᠶᠢᠨ ᠠᠵᠣ ᠠᠬᠤᠢ ᠶᠢᠨ | ᠦᠪᠡᠷ ᠤᠨ ᠦᠷᠳᠡᠭ ᠢ ᠳᠣᠷᠣᠭᠰᠢᠯᠠᠭᠤᠯᠣᠨ ᠦᠷ᠎ᠡ ᠪᠦᠳᠣᠮᠵᠢ ᠶᠢ ᠨᠡᠮᠡᠭᠳᠡᠬᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠵᠦ ᠠᠬᠤᠶᠢᠯᠠᠯ ᠤᠨ | ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ ᠨᠠᠶᠢᠳᠠ 1.5 ᠳ᠋ᠦᠩᠰᠢᠭᠤᠷ ᠲᠦᠬᠦᠷᠢᠭ ᠠᠷᠪᠢᠯᠠᠪᠠ᠃ ᠣᠯᠣᠰ ᠤᠨ ᠳᠡᠰ ᠤᠨ ᠳᠡᠭᠡᠲᠦ ᠰᠢᠨ᠎ᠠ ᠮᠡᠷᠭᠡᠵᠢᠯ ᠤᠨ | 3 ᠠᠵᠦ ᠠᠬᠤᠶᠢᠯᠠᠯ ᠪᠠ ᠦᠪᠡᠷᠳᠡᠬᠡᠨ ᠵᠠᠰᠠᠬᠤ ᠣᠷᠦᠨ ᠤ ᠳᠡᠰ ᠤᠨ ᠣᠳᠣ ᠦᠶ᠎ᠡ ᠶᠢᠨ ᠮᠠᠯ ᠳᠠᠷᠢᠶᠠᠯᠠᠩ ᠠᠵᠣ ᠠᠬᠤᠢ ᠶᠢᠨ ᠰᠢᠨ᠎ᠡ ᠶᠢ ᠡᠬᠦᠳᠴᠣ ᠣᠶᠢᠯᠡᠰ | ᠪᠣᠰᠬᠠᠬᠤ ᠨᠢᠬᠡ ᠦᠷᠳᠡᠬᠡᠳᠣ ᠴᠢᠯᠥᠬᠡᠳᠣ ᠬᠡᠯᠪᠠᠷᠢ ᠶᠢᠨ ᠶᠡᠷᠦᠩᠬᠡᠶᠢᠯᠡᠭᠰᠡᠨ ᠣᠶᠢᠯᠡᠴᠢᠯᠡᠬᠡᠨ ᠤ 1 ᠠᠵᠦ ᠠᠬᠤᠶᠢᠯᠠᠯ ᠢ ᠰᠢᠨ᠎ᠠ ᠪᠠᠷ ᠨᠡᠮᠡᠭᠳᠡᠬᠦᠯᠪᠠ᠃ ᠪᠦᠬᠦ | ᠬᠤᠳᠠ ᠶᠢᠨ ᠠᠩᠬᠠᠳᠠᠭᠴᠢ ︽ᠠᠮᠣ ᠪᠣᠳᠠᠭᠠᠨ ᠤ ᠪᠠᠩᠬᠢ︾ ᠫᠠᠶᠢᠰᠠ ᠡᠯᠬᠦᠨ ᠠᠵᠢᠯᠯᠠᠪᠠ᠃ ᠬᠤᠰᠢᠭᠤ ᠱᠠᠳᠣᠨ ᠤ ᠬᠠᠥᠯᠢ ᠬᠡᠷᠡᠭᠵᠢᠬᠦᠯᠬᠦ ᠡᠩᠨᠡᠭᠡ ᠶᠢ 9 ᠪᠠ | ᠵᠢᠷᠭᠤᠭᠠᠨ ᠰᠣᠮᠦ ᠪᠠᠯᠭᠠᠰᠦᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠳᠣᠪᠴᠢᠶ᠎ᠠ ᠶᠢ ᠵᠣᠬᠢᠶᠠᠨ ᠪᠠᠶᠢᠭᠤᠯᠵᠦ᠂ ︽ᠬᠤᠣᠰ ᠰᠤᠭᠤᠴᠢᠵᠤ᠂ ᠨᠢᠭᠡ ᠶᠢ | ᠢᠯᠡ ᠪᠣᠯᠭᠠᠬᠤ︾ ᠬᠢᠨᠠᠨ ᠬᠠᠮᠢᠶᠠᠷᠣᠯᠳᠠ ᠶᠢ ᠪᠦᠬᠦ ᠳᠠᠯ᠎ᠠ ᠪᠠᠷ ᠬᠡᠷᠡᠭᠵᠢᠬᠦᠯᠦᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠣᠮᠵᠢ | ᠶᠢᠨ ᠦᠬᠡᠷᠡᠴᠢᠯᠠᠯᠳᠠ ᠶᠢ ᠪᠡᠶᠡᠯᠡᠬᠦᠯᠪᠠ᠃ ᠴᠢᠮᠡᠭᠡ ᠵᠠᠩᠬᠢᠵᠢᠯᠳᠠ ᠶᠢᠨ ᠳᠠᠪᠴᠠᠩ ᠠᠰᠢᠭᠯᠠᠯᠲᠠ ᠳᠤ ᠣᠷᠣᠵᠣ ᠠᠮᠣᠷ ᠲᠦᠪᠰᠢᠨ᠂ ᠣᠷᠴᠢᠨ ᠳᠣᠭᠤᠷᠢᠨ ᠤ | ᠬᠠᠮᠠᠭᠠᠯᠠᠯᠳᠠ ᠵᠡᠷᠬᠡ ᠠᠵᠢᠯ ᠣᠶᠢᠯᠡᠰ ᠤᠨ ᠬᠦᠷᠢᠶ᠎ᠠ ᠴᠠᠷᠠᠭᠠᠨ ᠤ ᠳᠤᠭ᠎ᠠ ᠮᠠᠭᠠᠳ ᠤᠨ ᠡᠬᠢ ᠪᠠᠶᠠᠯᠢᠭ ᠢ ᠰᠦᠯᠵᠢᠶᠠᠵᠢᠬᠦᠯᠥᠨ ᠨᠠᠪᠳᠠᠷᠠᠬᠦᠯᠪᠠ᠃ ᠬᠡᠷ ᠪᠠᠶᠢᠰᠢᠩ | ᠭᠠᠵᠠᠷ ᠬᠦᠷᠦᠩᠬᠡ ᠶᠢᠨ ᠬᠦᠮᠦᠷᠬᠡᠯᠡᠯᠳᠡ ᠶᠢ ᠢᠳᠡᠪᠬᠢᠳᠡᠢ ᠯᠠᠪᠳᠠᠭᠤᠨ ᠰᠢᠢᠳᠪᠣᠷᠢᠯᠡᠵᠣ᠂ ᠳᠠᠸᠡᠷ ᠤᠨ ᠭᠡᠷ ᠪᠠᠶᠢᠰᠢᠩ ᠤᠨ ᠬᠤᠳᠠᠯᠳᠣᠬᠤ ᠪᠠᠷ ᠪᠠᠶᠢᠭ᠎ᠠ ᠳᠠᠯᠠᠪᠠᠢ | ᠶᠢ ᠳᠡᠬᠡᠷ᠎ᠡ ᠵᠢᠯ ᠤᠨ ᠬᠢ ᠠᠴᠠ 35.7% ᠪᠠᠭᠠᠰᠬᠠᠪᠠ᠃ | ︵ᠳᠠᠪᠤ︶ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠨᠢ ᠰᠢᠨ᠎ᠡ ᠳᠠᠪᠰᠢᠯᠲᠠ ᠲᠠᠢ ᠪᠣᠯᠪᠠ᠃ ᠪᠦᠬᠦ ᠵᠢᠯ ᠳᠤ ᠡᠯ᠎ᠡ ᠲᠥᠷᠦᠯ ᠤᠨ ᠶᠠᠳᠠᠭᠤ ᠶᠢ | ᠳᠡᠳᠬᠦᠬᠦ ᠪᠡᠯᠡ ᠮᠥᠩᠭᠦ ᠶᠢ 1 ᠳ᠋ᠦᠩᠰᠢᠭᠤᠷ ᠲᠦᠬᠦᠷᠢᠭ ᠵᠠᠷᠤᠴᠠᠭᠤᠯᠵᠤ᠂ 39 ᠡᠷᠦᠬᠡ 104 ᠨᠡᠷ᠎ᠡ ᠤᠯᠤᠰ ᠤᠨ ᠳᠠᠰ ᠤᠨ ᠶᠠᠳᠠᠭᠤ ᠭᠦᠴᠢᠷᠳᠡᠯᠲᠠᠢ | ᠬᠦᠮᠦᠨ ᠠᠮᠠ ᠶᠢ ᠳᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ 854 ᠡᠷᠦᠬᠡ 2351 ᠨᠡᠷ᠎ᠡ ᠬᠤᠲᠠ ᠶᠢᠨ ᠳᠡᠰ ᠤᠨ ᠪᠠᠭ᠎ᠠ ᠣᠷᠣᠯᠭ᠎ᠠ ᠲᠠᠢ | ᠬᠦᠮᠦᠰ ᠤᠨ ᠬᠦᠮᠦᠨ ᠳᠣᠮᠳᠠᠴᠢ ᠶᠢᠨ ᠣᠷᠣᠯᠭ᠎ᠠ ᠶᠢ 20% ᠠᠴᠠ ᠳᠡᠭᠡᠭᠰᠢ ᠨᠡᠮᠡᠭᠳᠡᠭᠦᠯᠵᠦ᠂ ᠵᠢᠯ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ | ᠰᠢᠪᠲᠤᠯᠬᠤ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠭᠦᠯᠪᠡ᠃ ᠦᠢᠯᠡᠰ ᠪᠣᠰᠬᠠᠵᠤ ᠠᠵᠢᠯ ᠣᠯᠭᠤᠬᠤ ᠵᠢᠭᠡᠯᠡᠯᠭᠡ ᠶᠢ ᠨᠡᠶᠢᠲᠡ 2005 ᠲᠥᠮᠡᠨ | ᠲᠥᠭᠦᠷᠢᠭ ᠲᠠᠯᠪᠢᠵᠤ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 114 ᠭᠠᠷᠭᠠᠵᠣ᠂ ᠶᠡᠭᠡ ᠳᠡᠭᠡᠳᠦ ᠰᠤᠷᠭᠠᠭᠤᠯᠢ ᠲᠡᠭᠦᠰᠤᠭ᠍ᠰᠡᠨ | ᠰᠤᠷᠤᠭᠴᠢᠳ ᠢ 216 ᠨᠡᠷ᠎ᠡ ᠨᠡᠶᠢᠲᠡᠨ ᠬᠦᠮᠤᠵᠢᠭᠦᠯᠵᠤ᠂ 2346 ᠬᠦᠮᠦᠨ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠪᠠ᠃ ᠬᠠᠲᠠᠭᠤᠴᠠᠶᠢᠳᠠᠮ | ᠤᠰᠤᠨ ᠰᠤᠷᠪᠣᠯᠵᠢ ᠶᠢᠨ ᠣᠷᠣᠨ ᠤ ᠨᠢᠭᠡᠳᠤᠭᠡᠷ ᠳᠡᠰ ᠤᠨ ᠭᠤᠣᠯᠳᠠᠯᠭᠠᠲᠤ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ ᠪᠠᠷᠢᠯᠭ᠎ᠠ ᠶᠢ ᠪᠠᠶᠢᠭᠤᠯᠪᠠ᠃ ᠪᠣᠷᠣ | ᠭᠡᠷᠲᠤ ᠣᠷᠣᠨ ᠰᠠᠭᠤᠴᠠ ᠶᠢᠨ ᠲᠣᠭᠤᠷᠢᠭ ᠢ 704 ᠡᠷᠦᠬᠡ ᠥᠭᠡᠷᠡᠴᠢᠯᠡᠨ ᠵᠠᠰᠠᠵᠠᠢ᠃ ᠲᠤᠭ ᠬᠡᠤᠬᠡᠳ ᠤᠨ ᠴᠡᠴᠡᠷᠯᠢᠭ᠂ ᠮᠣᠩᠭᠤᠯ ᠳᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠠᠰᠢᠭᠯᠠᠯᠳᠠ ᠳᠤ ᠣᠷᠣᠵᠣ᠂ 125 ᠨᠡᠷ᠎ᠡ ᠪᠠᠭᠰᠢ ᠶᠢ ᠣᠷᠢᠨ ᠡᠯᠰᠡᠪᠡ᠃ ᠮᠣᠩᠭᠤᠯ ᠡᠮᠨᠡᠯᠭᠡ ᠶᠢᠨ ᠬᠤᠷᠢᠶᠠᠨ ᠤ | ᠰᠢᠨ᠎ᠡ ᠠᠰᠠᠷ ᠤᠨ ᠪᠠᠷᠢᠯᠭ᠎ᠠ ᠳᠠᠭᠤᠰᠴᠣ᠂ ︽ᠪᠥᠬᠦ ᠤᠯᠤᠰ ᠤᠨ ᠦᠨᠳᠤᠰᠤᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ | ᠬᠤᠰᠢᠭᠤ︾ ᠶᠢ ᠠᠮᠵᠢᠯᠲᠠᠲᠠᠢ ᠡᠭᠦᠳᠦᠨ ᠪᠠᠶᠢᠭᠤᠯᠵᠤ᠂ ᠡᠮᠨᠡᠯᠭᠡ ᠶᠢᠨ ᠠᠵᠢᠯᠲᠠᠨ ᠢ 34 ᠨᠡᠷ᠎ᠡ ᠡᠯᠰᠡᠪᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠠᠬᠢᠭᠤᠯᠵᠤ᠂ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠨᠥᠬᠦᠪᠦᠷᠢᠯᠡᠨ ᠳᠤᠰᠢᠶᠠᠬᠤ ᠠᠵᠢᠯ ᠢ ᠥᠷᠨᠢᠭᠦᠯᠵᠤ᠂ | ᠡᠮ ᠡᠮᠨᠡᠯᠭᠡ ᠶᠢᠨ ᠳᠠᠭᠠᠳᠬᠠᠯ ᠢ ᠮᠤᠵᠢ ᠠᠯᠤᠰᠯᠠᠨ ᠪᠣᠰᠤᠳ ᠭᠠᠵᠠᠷ ᠲᠤ ᠳᠠᠰᠤᠯᠤᠨ ᠪᠣᠳᠣᠵᠤ ᠪᠣᠯᠬᠤ ᠶᠢ ᠪᠡᠶᠡᠯᠡᠭᠦᠯᠵᠠᠢ᠃ ᠪᠥᠬᠦ ᠬᠤᠰᠢᠭᠤᠨ ᠤ ᠢᠳᠡᠭᠡᠨ | ᠤᠮᠳᠠᠭᠠᠨ ᠡᠮ ᠤᠨ ᠵᠦᠢᠯᠡᠰ ᠢ ᠲᠥᠷᠭᠡᠨ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠵᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ | ᠳᠣᠪᠴᠢᠶ᠎ᠠ ᠨᠢ 2017 ᠣᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠦᠷ ᠳᠥᠪᠰᠢᠨ ᠢ ᠬᠠᠮᠠᠭᠠᠯᠠᠭᠰᠠᠨ ᠬᠠᠮᠲᠤ ᠨᠡᠶᠢᠲᠡ ᠶᠢᠨ ᠢᠷᠠᠭᠤ ᠠᠯᠳᠠᠷ ᠢ | ᠬᠥᠷᠲᠡᠪᠡ᠃ ᠤᠯᠤᠰ ᠤᠨ ᠦᠭᠡ ᠬᠡᠯᠡ ᠦᠰᠦᠭ ᠪᠢᠴᠢᠭ ᠤᠨ ᠭᠤᠷᠪᠠᠳᠤᠭᠠᠷ ᠲᠥᠷᠥᠯ ᠤᠨ ᠬᠤᠲᠠ ᠶᠢ ᠦᠨᠡᠯᠡᠬᠦ ᠠᠵᠢᠯ ᠤᠨ ᠰᠢᠯᠭᠠᠨ ᠬᠤᠷᠢᠶᠠᠯᠲᠠ ᠶᠢ | ᠳᠠᠮᠵᠢᠵᠤ᠂ ︽ᠪᠥᠬᠦ ᠣᠷᠣᠨ ᠤ ᠦᠨᠳᠥᠰᠤᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭᠠᠨ ᠤ ᠵᠢᠱᠢᠶᠡᠴᠢ ᠬᠤᠰᠢᠭᠤ︾ ᠪᠠᠷ | ᠨᠡᠷᠡᠶᠢᠳᠤᠭ᠍ᠳᠡᠪᠡ᠃ ︽ᠳᠣᠯᠣᠳᠣᠭᠠᠷ ᠳᠠᠪᠣᠨ ᠵᠢᠯ︾ ᠤᠨ ᠬᠠᠣᠯᠢ ᠲᠦᠬᠡᠮᠡᠯᠵᠢᠬᠦᠯᠬᠦ ᠠᠵᠢᠯ ᠢ ᠭᠦᠨᠵᠡᠭᠡᠢ ᠥᠷᠨᠢᠭᠦᠯᠵᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ | ᠪᠠ ᠵᠥᠷᠢᠴᠡᠯ ᠵᠢᠭᠤᠷᠠᠯᠳᠤᠭᠠᠨ ᠢ ᠪᠥᠲᠦᠮᠵᠢᠲᠠᠢ ᠰᠢᠢᠳᠪᠥᠷᠢᠯᠠᠵᠤ᠂ ᠠᠮᠤᠷ ᠳᠥᠪᠰᠢᠨ ᠦᠢᠯᠡᠳᠪᠥᠷᠢᠯᠡᠯ᠂ ᠣᠯᠠᠨ ᠨᠡᠶᠢᠲᠠ ᠶᠢᠨ ᠠᠮᠤᠷ ᠳᠥᠪᠰᠢᠨ ᠤ | ᠪᠠᠶᠢᠳᠠᠯ ᠢ ᠦᠷᠭᠦᠯᠵᠢᠯᠡᠨ ᠲᠣᠭᠲᠠᠪᠤᠷᠢᠵᠢᠭᠤᠯᠪᠠ᠃ ᠱᠠᠰᠢᠨ ᠰᠤᠷᠲᠠᠬᠤᠨ ᠭᠠᠳᠠᠭᠠᠳᠤ ᠶᠠᠪᠤᠳᠠᠯ᠂ ᠲᠡᠤᠬᠡ ᠣᠶᠢᠯᠠᠯᠭ᠎ᠠ ᠳᠠᠩᠰᠡ ᠡᠪᠬᠡᠮᠡᠯ᠂ ᠭᠠᠵᠠᠷ | ᠬᠥᠳᠡᠯᠤᠯᠲᠠ ᠠᠴᠠ ᠰᠡᠷᠭᠡᠶᠢᠯᠡᠵᠤ ᠭᠠᠮᠰᠢᠭ ᠢ ᠪᠠᠭᠠᠰᠬᠠᠬᠤ᠂ ᠠᠭᠠᠷ ᠤᠨ ᠰᠡᠷᠭᠡᠶᠢᠯᠡᠯᠲᠡ ᠴᠠᠭ ᠠᠭᠤᠷ ᠵᠡᠷᠭᠡ ᠠᠵᠢᠯ ᠳᠠᠰᠤᠷᠠᠯᠲᠠ ᠦᠭᠡᠢ ᠴᠢᠩᠭᠠᠷᠠᠵᠠᠢ᠃ | 2017 ᠣᠨ ᠳᠤ ᠪᠢᠳᠠ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠢᠮᠠᠭᠲᠠ ᠲᠤᠤᠱᠠᠯᠠᠭᠤᠯᠵᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠡᠶᠢᠲᠡᠪᠥᠷᠢᠵᠢᠭᠤᠯᠤᠨ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ | ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠡᠶᠢᠲᠡᠪᠥᠷᠢᠵᠢᠭᠤᠯᠵᠤ ︽ᠭᠤᠷᠪᠠᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ | ᠴᠢᠩᠭ᠎ᠠ ᠬᠢᠵᠠᠭᠠᠷᠯᠠᠵᠤ᠂ ᠬᠢᠨᠠᠨ ᠪᠣᠳᠣᠯᠲᠠ ᠶᠢᠨ ᠬᠢᠨᠠᠯᠲᠠ ᠶᠢᠨ ᠬᠡᠪᠴᠢᠶ᠎ᠡ ᠶᠢ ᠥᠷᠭᠡᠳᠬᠡᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ ︽ | ᠵᠠᠪᠰᠠᠷ ᠠᠴᠠ ᠨᠢ ᠰᠠᠭᠤᠯᠭᠠᠬᠤ︾ ᠮᠠᠶ᠋ᠢᠭ ᠤᠨ ᠢᠯᠵᠠᠷᠠᠯ ᠪᠠ ᠣᠯᠠᠨ ᠲᠥᠮᠡᠨ ᠤ ᠬᠠᠵᠠᠭᠤᠳᠠᠬᠢ ᠲᠥᠪ ᠪᠣᠰᠤ ᠰᠤᠷᠲᠠᠯ ᠢ ᠴᠢᠩᠭ᠎ᠠ ᠵᠠᠯᠬᠠᠭᠠᠨ ᠴᠡᠭᠴᠡᠯᠡᠪᠡ᠃ | ᠠᠰᠠᠭᠤᠳᠠᠯ ᠤᠨ ᠣᠳᠣᠷᠢᠳᠣᠮᠵᠢ ᠶᠢ ᠢᠮᠠᠭᠲᠠ ᠪᠠᠷᠢᠮᠲᠠᠯᠠᠵᠤ ᠲᠣᠭᠤᠷᠢᠨ ᠴᠠᠭᠳᠠᠨ ᠪᠠᠶᠢᠴᠠᠭᠠᠬᠤ ᠠᠵᠢᠯ ᠤᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ | ᠵᠠᠰᠠᠵᠤ᠂ ᠰᠠᠭᠤᠷᠢ ᠲᠤᠭ᠎ᠠ ᠮᠠᠭᠠᠳ ᠢ ᠪᠠᠳᠤᠳᠬᠠᠨ ᠬᠥᠭᠵᠢᠯᠲᠡ ᠶᠢᠨ ᠳᠠᠷᠤᠭᠠᠰᠤ ᠶᠢ ᠬᠥᠩᠭᠡᠯᠡᠵᠤ ᠬᠤᠶᠢᠰᠢᠳᠠ ᠶᠢᠨ ᠠᠵᠢᠯ ᠳᠤ ᠭᠠᠪᠰᠢᠭᠠᠢ ᠤᠷᠤᠭᠰᠢᠯᠠᠬᠤ | ᠰᠠᠭᠤᠷᠢ ᠶᠢ ᠰᠠᠶᠢᠨ ᠲᠠᠯᠪᠢᠭᠰᠠᠨ ᠪᠠᠶᠢᠨ᠎ᠠ᠃ ᠬᠠᠤᠯᠢ ᠶᠤᠰᠤᠭᠠᠷ ᠵᠠᠰᠠᠭ ᠶᠠᠪᠣᠭᠤᠯᠬᠤ ᠶᠢ ᠢᠮᠠᠭᠲᠠ ᠪᠠᠷᠢᠮᠲᠠᠯᠠᠵᠤ ᠠᠷᠠᠳ ᠤᠨ ᠲᠥᠯᠤᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠵᠤ | ᠠᠷᠠᠳ ᠤᠨ ᠲᠥᠯᠤᠭᠡᠯᠡᠭᠴᠢᠳ ᠤᠨ 45 ᠬᠤᠪᠢ ᠰᠠᠨᠠᠯ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 37 ᠬᠤᠪᠢ ᠰᠠᠨᠠᠯ | ᠳᠣᠷᠠᠳᠤᠯᠭ᠎ᠠ ᠶᠢ ᠭᠦᠢᠴᠡᠳᠬᠡᠵᠤ ᠵᠠᠰᠠᠭ ᠤᠨ ᠣᠷᠳᠣᠨ ᠤ ᠳᠥᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 8 ᠬᠤᠪᠢ ᠵᠠᠰᠠᠪᠤᠷᠢᠯᠠᠭᠰᠠᠨ ᠪᠠ ᠬᠦᠴᠦᠨ ᠦᠭᠡᠢ | ᠪᠣᠯᠭᠠᠪᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠥᠷᠢᠲᠤ ᠪᠣᠳᠣᠯᠭ᠎ᠠ ᠶᠢᠨ ᠶᠠᠪᠤᠴᠠ ᠶᠢ ᠴᠢᠩᠭ᠎ᠠ ᠭᠦᠢᠴᠡᠳᠬᠡᠵᠦ᠂ ᠵᠠᠰᠠᠭ ᠤᠨ ᠣᠷᠳᠣᠨ ᠤ | ᠬᠠᠮᠵᠢᠯᠴᠠᠭᠠᠨ ᠤ ᠠᠵᠢᠯ ᠢ ᠥᠷᠨᠢᠭᠦᠯᠤᠨ ᠵᠠᠰᠠᠭ ᠤᠨ ᠣᠷᠳᠣᠨ ᠤ ᠰᠢᠢᠳᠪᠥᠷᠢᠲᠤ ᠪᠣᠳᠣᠯᠭ᠎ᠠ ᠶᠢᠨ ᠣᠯᠠᠨ ᠲᠥᠮᠡᠨ ᠤ ᠣᠷᠣᠯᠴᠠᠬᠤ ᠬᠡᠮᠵᠢᠶ᠎ᠡ ᠪᠠ ᠰᠢᠨᠵᠢᠯᠡᠬᠦ | ᠤᠬᠠᠭᠠᠨᠴᠢ ᠴᠢᠨᠠᠷ ᠢ ᠴᠢᠨᠠᠭᠰᠢᠳᠠ ᠴᠢᠩᠭᠠᠷᠠᠭᠤᠯᠪᠠ᠃ ᠶᠠᠳᠠᠭᠤ ᠠᠴᠠ ᠨᠠᠷᠢᠯᠢᠭ ᠣᠨᠣᠪᠴᠢᠲᠠᠢ ᠠᠩᠭᠢᠵᠢᠷᠠᠭᠤᠯᠬᠤ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ | ᠲᠥᠷᠦᠯ ᠵᠦᠢᠯ ᠢ ᠪᠥᠳᠥᠭᠡᠨ ᠪᠠᠶᠢᠭᠤᠯᠬᠤ᠂ ᠠᠷᠠᠳ ᠤᠨ ᠠᠮᠢᠳᠤᠷᠠᠯ ᠤᠨ ᠲᠥᠷᠦᠯ ᠵᠦᠢᠯ ᠢ ᠲᠥᠯᠬᠢᠨ ᠠᠬᠢᠭᠤᠯᠬᠤ ᠵᠡᠷᠭᠡ ᠲᠠᠯ᠎ᠠ ᠳᠤ ᠦᠷᠭᠦᠯᠵᠢᠯᠡᠨ | ᠮᠥᠷᠳᠡᠯᠳᠡ ᠬᠢᠵᠤ ᠥᠷ᠎ᠡ ᠪᠥᠲᠥᠮᠵᠢ ᠶᠢ ᠪᠠᠶᠢᠴᠠᠭᠠᠵᠤ᠂ ᠴᠢᠩᠭ᠎ᠠ ᠬᠦᠴᠦᠲᠠᠢ ᠱᠠᠭᠠᠷᠳᠠᠨ ᠪᠠᠶᠢᠴᠠᠭᠠᠬᠤ ᠪᠠᠷ ᠳᠠᠮᠵᠢᠨ ᠡᠯ᠎ᠡ ᠲᠥᠷᠥᠯ ᠤᠨ ᠠᠵᠢᠯ ᠢ ᠪᠥᠬᠦ | ᠲᠠᠯ᠎ᠠ ᠪᠠᠷ ᠨᠠᠶᠢᠳᠠᠪᠥᠷᠢᠵᠢᠭᠤᠯᠬᠤ ᠶᠢ ᠪᠠᠳᠤᠯᠠᠭᠰᠠᠨ ᠪᠠᠶᠢᠨ᠎ᠠ᠃ | ᠲᠦᠯᠦᠭᠡᠯᠡᠭᠴᠢᠳ ᠡ᠂ ᠦᠩᠬᠡᠷᠡᠭᠰᠡᠨ ᠨᠢᠬᠡ ᠵᠢᠯ ᠤᠨ ᠣᠯᠤᠭᠰᠠᠨ ᠠᠮᠵᠢᠯᠲᠠ ᠪᠥᠲᠥᠮᠵᠢ ᠪᠣᠯ ᠬᠤᠰᠢᠭᠤ ᠨᠠᠮ ᠤᠨ ᠬᠤᠷᠢᠶ᠎ᠠ ᠪᠦᠬᠦ ᠳᠠᠯ᠎ᠠ ᠶᠢ | ᠡᠵᠡᠮᠳᠡᠨ ᠰᠢᠨᠵᠢᠯᠡᠬᠦ ᠣᠬᠠᠭᠠᠨᠴᠢ ᠪᠠᠷ ᠪᠣᠳᠣᠯᠭ᠎ᠠ ᠳᠣᠭᠳᠠᠭᠠᠭᠰᠠᠨ ᠠᠴᠠ ᠪᠣᠯᠤᠭᠰᠠᠨ ᠶᠤᠮ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ | ᠣᠯᠣᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠪᠥᠳᠥᠮᠵᠢᠲᠠᠢ ᠬᠢᠨᠠᠵᠤ ᠪᠦᠬᠦ ᠬᠦᠴᠦᠨ ᠢᠶᠠᠷ ᠢᠶᠠᠨ ᠳᠡᠮᠵᠢᠭᠰᠡᠨ ᠠᠴᠠ | ᠪᠣᠯᠤᠭᠰᠠᠨ ᠶᠤᠮ᠂ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠪᠥᠯᠬᠦᠮᠳᠡᠨ ᠲᠡᠮᠡᠴᠡᠵᠤ ᠰᠡᠳᠬᠢᠯ ᠨᠢᠭᠡᠳᠤᠨ ᠤᠷᠤᠭᠰᠢᠯᠠᠭᠰᠠᠨ ᠠᠴᠠ | ᠪᠣᠯᠤᠭᠰᠠᠨ ᠶᠤᠮ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠲᠥᠯᠤᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ | ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠨᠣᠮᠢᠨ ᠳᠠᠩᠰᠤᠭ ᠦᠤᠰᠢᠨ ᠤ ᠬᠥᠭᠵᠢᠯᠲᠡ ᠳᠤ ᠣᠷᠣᠯᠴᠠᠨ ᠬᠠᠯᠠᠮᠵᠢᠯᠠᠵᠤ ᠳᠡᠮᠵᠢᠭᠰᠡᠭᠡᠷ | ᠢᠷᠡᠭᠰᠡᠨ ᠨᠡᠶᠢᠬᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠳᠠᠯᠠᠷᠬᠠᠯ ᠪᠠ ᠡᠷᠬᠢᠮ ᠳᠡᠬᠡᠳᠣ ᠬᠦᠨᠳᠦᠳᠬᠡᠯ ᠢᠶᠠᠨ ᠳᠡᠪᠰᠢᠬᠦᠯᠥᠶ᠎ᠠ︕ | ᠪᠢᠳᠠ ᠦᠷ᠎ᠡ ᠪᠦᠳᠣᠮᠵᠢ ᠪᠠᠨ ᠨᠣᠳᠠᠯᠠᠬᠤ ᠶᠢᠨ ᠳᠠᠭᠠᠣ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠨᠢ ᠳᠡᠭᠡᠳᠦ ᠱᠠᠲᠤᠨ ᠤ | ᠱᠠᠭᠠᠷᠳᠠᠯᠭ᠎ᠠ ᠪᠠ ᠠᠷᠠᠳ ᠲᠥᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠲᠠᠢ ᠵᠣᠬᠢᠬᠤ ᠵᠥᠷᠢᠶ᠎ᠡ ᠲᠠᠢ | ᠪᠠᠶᠢᠵᠤ᠂ ᠨᠢᠭᠡ ᠪᠥᠯᠥᠭ ᠬᠦᠷᠢᠶ᠎ᠡ ᠴᠠᠷᠠᠭᠠᠨ ᠳᠤ ᠲᠡᠩᠴᠡᠭᠦᠷᠢᠲᠠᠢ ᠪᠣᠰᠤ᠂ ᠭᠦᠢᠴᠡᠳ ᠪᠣᠰᠤ ᠠᠰᠠᠭᠤᠳᠠᠯ ᠮᠥᠨ ᠯᠠ ᠣᠷᠣᠰᠢᠵᠤ ᠪᠠᠶᠢᠬᠤ ᠶᠢ ᠬᠤᠷᠴᠠ | ᠰᠡᠷᠬᠡᠭ ᠣᠯᠵᠤ ᠲᠠᠨᠢᠪᠠ᠃ ᠭᠤᠣᠯᠳᠠᠭᠤ᠄ ᠨᠡᠭᠦᠷᠡᠰᠦ ᠬᠢᠮᠢ ᠶᠢᠨ ᠠᠵᠤ ᠦᠢᠯᠡᠳᠪᠥᠷᠢ ᠶᠢᠨ ᠠᠵᠤ ᠦᠢᠯᠡᠰ ᠢ ᠦᠵᠦᠭᠦᠷ ᠳᠡᠰ ᠪᠣᠯᠭᠠᠨ ᠬᠤᠪᠢᠷᠠᠭᠤᠯᠬᠤ | ᠲᠥᠷᠦᠯ ᠵᠦᠢᠯ ᠨᠡᠯᠢᠶᠡᠳ ᠴᠥᠬᠡᠨ ᠪᠠᠶᠢᠵᠤ᠂ ᠳᠠᠭᠠᠯᠲᠠ ᠥᠷᠲᠡᠭ ᠢᠶᠠᠷ ᠥᠨᠳᠥᠷ ᠦᠢᠯᠡᠳᠭᠦᠨ ᠳᠤᠲᠠᠮᠠᠭ ᠪᠠᠶᠢᠨ᠎ᠠ︔ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠥᠲᠥᠭᠡᠭᠳᠡᠭᠦᠨ ᠤ ᠦᠢᠯᠡᠳᠪᠥᠷᠢᠯᠡᠯ ᠪᠣᠷᠣᠯᠠᠭᠤᠯᠤᠯᠲᠠ ᠶᠢᠨ ᠵᠠᠯᠭᠠᠯᠳᠤᠯ ᠲᠣᠭᠲᠠᠯᠴᠠᠭ᠎ᠠ ᠭᠦᠢᠴᠡᠳ ᠪᠠᠶᠢᠭᠤᠯᠤᠭᠳᠠᠭ᠎ᠠ ᠦᠭᠡᠢ᠂ ᠨᠢᠭᠡ | ᠪᠥᠯᠦᠭ ᠰᠢᠯᠢᠳᠡᠭ ᠴᠢᠨᠠᠷ ᠤᠨ ᠪᠥᠳᠥᠭᠡᠭᠳᠡᠭᠦᠨ ᠪᠣᠷᠣᠯᠠᠭᠤᠯᠭ᠎ᠠ ᠮᠠᠭᠤ᠂ ︽ᠬᠤᠳᠠᠯᠳᠤᠵᠤ ᠭᠠᠷᠬᠤ ᠦᠭᠡᠢ︾ ᠵᠡᠷᠭᠡ ᠠᠰᠠᠭᠤᠳᠠᠯ ᠣᠷᠣᠰᠢᠵᠤ ᠪᠠᠶᠢᠨ᠎ᠠ︔ | ᠣᠯᠠᠨ ᠲᠥᠮᠡᠨ ᠲᠠᠢ ᠨᠢᠭᠲᠠ ᠬᠠᠷᠢᠴᠠᠭ᠎ᠠ ᠲᠠᠢ ᠡᠮ ᠡᠮᠨᠡᠯᠭᠡ᠂ ᠨᠠᠰᠤᠵᠢᠯ ᠵᠡᠷᠭᠡ ᠦᠢᠯᠡᠴᠢᠯᠡᠭᠡᠨ ᠤ ᠨᠡᠶᠢᠬᠡᠮᠴᠢᠯᠡᠭᠰᠡᠨ ᠬᠠᠩᠭᠠᠯᠭ᠎ᠠ ᠶᠢᠨ ᠬᠡᠮᠵᠢᠶ᠎ᠡ ᠭᠦᠢᠴᠡᠳ | ᠪᠣᠰᠤ ᠪᠠᠶᠢᠨ᠎ᠠ︔ ᠣᠨᠴᠠᠭᠠᠢ ᠵᠠᠷᠢᠮ ᠺᠠᠳ᠋ᠷᠴᠤᠳ ᠰᠢᠨ᠎ᠡ ᠬᠡᠪ ᠪᠠᠶᠢᠳᠠᠯ ᠳᠤ ᠵᠣᠬᠢᠴᠠᠬᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠭᠦᠢᠴᠡᠳᠬᠡᠬᠦ | ᠲᠠᠯ᠎ᠠ ᠶᠢᠨ ᠦᠵᠡᠯ ᠰᠠᠨᠠᠭᠠᠨ ᠤ ᠪᠡᠯᠡᠳᠬᠡᠯ ᠭᠦᠢᠴᠡᠳ ᠪᠣᠰᠤ᠂ ᠴᠢᠳᠠᠪᠤᠷᠢ ᠬᠠᠷᠢᠭᠤᠴᠠᠯᠭ᠎ᠠ ᠶᠢᠨ ᠲᠠᠯ᠎ᠠ ᠪᠠᠷ ᠬᠦᠷᠥᠯᠴᠡᠬᠦ ᠦᠭᠡᠢ ᠵᠡᠷᠭᠡ ᠠᠰᠠᠭᠤᠳᠠᠯ | ᠣᠷᠣᠰᠢᠵᠤ ᠪᠣᠢ᠃ ᠡᠳᠡᠭᠡᠷ ᠠᠰᠠᠭᠤᠳᠠᠯ ᠳᠤ ᠴᠢᠭᠯᠡᠭᠦᠯᠦᠨ ᠪᠢᠳᠠ ᠬᠤᠶᠢᠰᠢᠳᠠ ᠶᠢᠨ ᠠᠵᠢᠯ ᠤᠨ ᠳᠣᠮᠳᠠ ᠭᠦᠨᠵᠡᠭᠡᠢ ᠰᠤᠳᠤᠯᠵᠤ ᠨᠡᠩ ᠨᠠᠷᠢᠯᠢᠭ᠂ | ᠣᠨᠣᠪᠴᠢᠲᠠᠢ᠂ ᠬᠦᠴᠦᠨ ᠪᠥᠬᠦᠢ ᠠᠷᠭ᠎ᠠ ᠪᠠᠷᠢᠯ ᠢ ᠬᠡᠷᠡᠭᠯᠡᠨ ᠰᠢᠢᠳᠪᠦᠷᠢᠯᠠᠨ᠎ᠠ᠃ | ᠬᠤᠶᠠᠷ᠂ 2018 ᠣᠨ ᠤ ᠭᠤᠣᠯ ᠪᠣᠯᠬᠤ ᠠᠵᠢᠯ ᠤᠨ ᠡᠭᠦᠷᠭᠡ | ᠲᠦᠯᠦᠭᠡᠯᠡᠭᠴᠢᠳ ᠡ᠂ 2018 ᠣᠨ ᠪᠣᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠠ ᠨᠡᠭᠡᠭᠡᠯᠲᠠ ᠶᠢᠨ 40 ᠵᠢᠯ ᠤᠨ ᠣᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠵᠦ ᠪᠥᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠡᠶᠡᠯᠡᠭᠦᠯᠤᠨ ᠰᠢᠢᠳᠪᠥᠷᠢᠲᠤ ᠢᠯᠠᠯᠲᠠ ᠶᠢ ᠣᠯᠬᠤ ᠤᠷᠢᠳᠤᠬᠢ ᠶᠢ | ᠵᠠᠯᠭᠠᠮᠵᠢᠯᠠᠵᠤ ᠬᠤᠶᠢᠳᠤᠬᠢ ᠳᠤ ᠵᠠᠮ ᠨᠡᠭᠡᠭᠡᠬᠦ ᠠᠵᠢᠯ ᠤᠨ ᠵᠠᠩᠭᠢᠯᠠᠭ᠎ᠠ ᠶᠢᠨ ᠨᠢᠭᠡ ᠵᠢᠯ ᠮᠥᠨ᠂ ᠮᠥᠨᠴᠤ ᠲᠤᠰ ᠬᠤᠭᠤᠴᠠᠭᠠᠨ ᠤ ᠵᠠᠰᠠᠭ ᠤᠨ ᠣᠷᠳᠣᠨ ᠤ | ᠠᠵᠢᠯ ᠢᠶᠠᠨ ᠪᠠᠶᠢᠷᠢᠯᠠᠭᠤᠯᠬᠤ᠂ ᠵᠣᠷᠢᠭᠲᠠᠢ ᠬᠠᠷᠢᠭᠤᠴᠠᠨ ᠠᠵᠢᠯᠯᠠᠬᠤ ᠡᠬᠢᠯᠡᠯᠲᠡ ᠶᠢᠨ ᠵᠢᠯ ᠪᠣᠯᠤᠨ᠎ᠠ᠃ ᠡᠨᠡ ᠵᠢᠯ ᠤᠨ ᠡᠯ᠎ᠡ ᠲᠥᠷᠥᠯ ᠤᠨ ᠠᠵᠢᠯ ᠢ ᠰᠠᠶᠢᠲᠤᠷ | ᠬᠢᠬᠦ ᠡᠭᠦᠷᠭᠡ ᠬᠦᠨᠳᠦ ᠪᠠᠶᠢᠵᠤ ᠠᠯᠤᠰ ᠬᠡᠲᠤ ᠶᠢᠨ ᠠᠴᠢ ᠬᠤᠯᠪᠣᠭᠳᠠᠯ ᠲᠠᠢ ᠶᠤᠮ᠃ | 2018 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭᠲᠤ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ | ᠰᠠᠨᠠᠭ᠎ᠠ᠂ ᠪᠥᠬᠦ ᠣᠯᠣᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠰᠢ ᠶᠢᠨ ᠫᠢᠩ ᠶᠡᠷᠥᠩᠬᠡᠢ ᠱᠦᠵᠢ ᠦᠪᠥᠷ ᠮᠣᠩᠭᠤᠯ ᠤᠨ ᠲᠥᠯᠥᠭᠡᠯᠡᠭᠴᠢᠳ | ᠤᠨ ᠪᠥᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠡ ᠪᠠ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠥᠷᠢᠲᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠥᠩᠬᠡᠢ ᠬᠥᠭ ᠠᠶᠠᠰ ᠢ | ᠪᠠᠷᠢᠮᠲᠠᠯᠠᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ ᠨᠡᠶᠢᠬᠡᠮ ᠤᠨ ᠭᠤᠣᠯ ᠵᠦᠷᠢᠴᠡᠯ ᠤᠨ ᠬᠤᠪᠢᠷᠠᠯᠲᠠ ᠶᠢᠨ ᠲᠣᠭᠤᠷᠢᠨ ᠳᠤ ᠥᠨᠳᠦᠷ | ᠶᠠᠰᠤ ᠴᠢᠨᠠᠷᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ | ᠪᠠᠶᠢᠷᠢᠰᠢᠭᠤᠯᠤᠯᠲᠠ ᠶᠢ ᠨᠢᠭᠡᠳᠤᠯᠲᠠᠢ ᠲᠥᠯᠤᠪᠵᠢᠭᠦᠯᠦᠨ ᠠᠬᠢᠭᠤᠯᠵᠤ ︽ᠲᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠤᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠠ ᠪᠠᠷ ᠭᠤᠣᠯ ᠱᠤᠭᠤᠮ ᠪᠣᠯᠭᠠᠨ ᠨᠡᠮᠡᠭᠳᠡᠯ ᠢ | ᠲᠣᠭᠳᠠᠪᠤᠷᠢᠵᠢᠭᠤᠯᠬᠤ᠂ ᠥᠭᠡᠷᠡᠴᠢᠯᠡᠯᠲᠠ ᠶᠢ ᠠᠬᠢᠭᠤᠯᠬᠤ᠂ ᠪᠥᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠶᠢ | ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠯᠠᠪᠳᠠᠭᠤᠨ ᠰᠠᠶᠢᠲᠤᠷ ᠬᠢᠵᠤ᠂ ᠴᠢᠬᠤᠯᠠ ᠶᠡᠭᠡ ᠲᠥᠭᠰᠢᠭᠦᠷᠢ ᠶᠢ ᠰᠡᠷᠭᠡᠶᠢᠯᠡᠵᠤ ᠰᠢᠢᠳᠪᠤᠷᠢᠯᠡᠬᠦ᠂ ᠶᠠᠳᠠᠭᠤ ᠠᠴᠠ | ᠨᠠᠷᠢᠯᠢᠭ ᠣᠨᠣᠪᠴᠢᠲᠠᠢ ᠠᠩᠭᠢᠵᠢᠷᠠᠭᠤᠯᠬᠤ᠂ ᠪᠣᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ | ᠰᠠᠶᠢᠲᠤᠷ ᠬᠢᠵᠤ᠂ ᠬᠥᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠶᠢᠨ ︽ᠭᠤᠷᠪᠠᠨ ᠵᠣᠷᠪᠣᠰ ᠬᠤᠷᠢᠭ᠎ᠠ ᠱᠤᠭᠤᠮ︾ ᠢ ᠦᠨᠡᠨᠬᠦ ᠰᠠᠶᠢᠲᠤᠷ ᠰᠠᠬᠢᠵᠤ | ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠥᠨᠥ ᠵᠢᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠶᠢᠨ | ᠭᠤᠣᠯ ᠪᠣᠯᠬᠤ ᠵᠢᠱᠢᠯᠲᠡ ᠬᠠᠷᠠᠯᠲᠠ ᠪᠣᠯ᠄ ᠣᠷᠣᠨ ᠨᠣᠲᠤᠭ ᠤᠨ ᠦᠢᠯᠡᠳᠪᠤᠷᠢᠯᠠᠯ ᠤᠨ ᠶᠡᠷᠥᠩᠬᠡᠢ ᠥᠷᠲᠡᠭ ᠢ 9.5% ᠨᠡᠮᠡᠭᠳᠡᠭᠦᠯᠵᠦ᠂ ᠨᠡᠶᠢᠬᠡᠮ ᠤᠨ | ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 9.6% ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠲᠣᠬᠢᠷᠠᠭᠤᠯᠵᠤ ᠪᠣᠯᠬᠤ ᠣᠷᠣᠯᠭ᠎ᠠ ᠶᠢ ᠲᠤᠰᠪᠤᠷᠢ 7.5%᠂ 8.5% ᠨᠡᠮᠡᠭᠳᠡᠭᠦᠯᠤᠨ᠎ᠡ᠃ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠨ᠎ᠠ᠃ | ᠳᠡᠭᠡᠷᠡᠬᠢ ᠦᠭᠦᠯᠡᠭᠰᠡᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠬᠢᠨ᠎ᠡ᠄ | ︵ᠨᠢᠬᠡ︶ ᠴᠢᠬᠤᠯᠠ ᠶᠡᠭᠡ ᠲᠦᠷᠥᠯ ᠵᠣᠶᠢᠯ ᠤᠨ ᠪᠠᠶᠢᠭᠤᠯᠣᠯᠳᠠ ᠶᠢ ᠰᠠᠶᠢᠳᠣᠷ ᠠᠳᠬᠤᠵᠣ ᠠᠵᠣ ᠠᠬᠤᠢ ᠶᠢᠨ ᠳᠣᠭᠳᠠᠭᠤᠨ ᠨᠡᠮᠡᠭᠳᠡᠯ ᠢ ᠪᠠᠳᠣᠯᠠᠨ᠎ᠠ᠃ | ᠬᠦᠭᠵᠢᠯᠳᠡ ᠪᠣᠯ ᠨᠢᠬᠡᠳᠣᠬᠡᠷ ᠴᠢᠬᠤᠯᠠ ᠡᠬᠦᠷᠬᠡ ᠮᠦᠨ ᠬᠡᠳᠡᠭ ᠢ ᠪᠠᠷᠢᠮᠳᠠᠯᠠᠨ ᠲᠦᠷᠥᠯ ᠵᠣᠶᠢᠯ ᠤᠨ ᠪᠠᠶᠢᠭᠤᠯᠣᠯᠳᠠ ᠪᠠᠷ ᠵᠢᠯᠣᠭᠤᠳᠤᠭᠤᠯᠵᠤ ᠪᠡᠯᠡ | ᠣᠷᠣᠭᠤᠯᠣᠯᠳᠠ ᠶᠢ ᠦᠷᠬᠡᠳᠬᠡᠨ ᠠᠰᠢᠭᠯᠠᠯᠲᠠ ᠳᠤ ᠣᠷᠣᠬᠤ ᠶᠢ ᠠᠬᠢᠭᠤᠯᠵᠣ ᠳᠣᠭᠳᠠᠭᠤᠨ ᠢᠶᠠᠷ ᠠᠵᠢᠯᠯᠠᠭᠤᠯᠤᠨ ᠠᠵᠣ ᠠᠬᠤᠢ ᠶᠢᠨ ᠳᠣᠭᠳᠠᠭᠤᠨ ᠨᠡᠮᠡᠭᠳᠡᠯ | ᠢ ᠪᠡᠶᠡᠯᠡᠭᠦᠯᠤᠨ᠎ᠡ᠃ | ᠪᠦᠳᠣᠮᠵᠢᠳᠡᠢ ᠪᠡᠯᠡ ᠣᠷᠣᠭᠤᠯᠣᠯᠳᠠ ᠶᠢ ᠬᠦᠴᠦᠯᠡᠨ ᠦᠷᠬᠡᠳᠬᠡᠨ᠎ᠠ᠃ 25 ᠲᠦᠷᠥᠯ ᠤᠨ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠴᠢᠬᠤᠯᠠ | ᠶᠡᠭᠡ ᠲᠦᠷᠥᠯ ᠵᠣᠶᠢᠯ ᠢ ᠭᠤᠣᠯᠳᠠᠯᠭᠠᠳᠠᠢ ᠵᠣᠬᠢᠶᠠᠨ ᠪᠠᠶᠢᠭᠤᠯᠣᠨ ᠬᠡᠷᠡᠭᠵᠢᠬᠦᠯᠥᠨ᠎ᠠ᠃ ᠶᠢᠨ ᠴᠧᠩ ᠲᠠᠢ ᠺᠣᠮᠫᠠᠨᠢ ᠶᠢᠨ 30 ᠲᠦᠮᠡᠨ ᠳᠣᠨᠨ᠋ᠨ ᠡᠲ᠋ᠢᠯ ᠬᠤᠶᠠᠷᠴᠢ | ᠠᠯᠺᠦᠣᠯ ᠵᠡᠷᠬᠡ 4 ᠲᠦᠷᠥᠯ ᠵᠣᠶᠢᠯ ᠢ ᠣᠷᠣᠨᠵᠢᠭᠤᠯᠵᠤ᠂ ᠵᠦᠩ ᠮᠧᠢ ᠪᠦᠯᠥᠭᠯᠡᠯ ᠤᠨ ᠡᠨᠧᠷᠬᠢ ᠬᠢᠮᠢ ᠶᠢᠨ ᠨᠠᠶᠢᠯᠡᠯ ᠬᠡᠢ ᠪᠠᠷ ᠵᠢᠯ ᠤᠨ ᠭᠠᠷᠣᠯᠳᠠ 100 | ᠲᠦᠮᠡᠨ ᠳᠣᠨᠨ᠋ᠨ ᠪᠣᠯᠬᠤ ᠮᠧᠲ᠋ᠢᠯ ᠠᠯᠺᠦᠣᠯ ᠢ ᠦᠢᠯᠡᠳᠬᠦ ᠮᠡᠷᠬᠡᠵᠢᠯ ᠤᠨ ᠦᠬᠡᠷᠡᠴᠢᠯᠡᠯᠳᠡ᠂ ᠵᠦᠩ ᠲᠢᠶᠠᠨ ᠾᠧ ᠴᠤᠸᠠᠩ ᠺᠣᠮᠫᠠᠨᠢ ᠶᠢᠨ 90 ᠲᠦᠮᠡᠨ ᠳᠣᠨᠨ᠋ᠨ | \ ᠵᠢᠯ ᠮᠧᠲ᠋ᠢᠯ ᠠᠯᠺᠦᠦᠯ ᠤᠨ ᠴᠡᠪᠡᠷ ᠨᠠᠷᠠᠮᠠᠯ ᠤᠨ ᠳᠣᠨᠣᠭᠯᠠᠯ ᠢ ᠨᠡᠮᠡᠨ ᠳᠣᠬᠢᠷᠠᠭᠤᠯᠬᠤ ᠵᠢᠴᠢ ᠬᠠᠳᠠᠭᠠᠯᠠᠵᠣ ᠵᠦᠬᠡᠬᠡᠪᠦᠷᠢᠯᠡᠬᠦ ᠰᠢᠰᠲ᠋ᠧᠮ ᠢ ᠲᠦᠬᠦᠷᠵᠢᠬᠦᠯᠬᠦ | ᠵᠡᠷᠬᠡ ᠲᠦᠷᠥᠯ ᠵᠣᠶᠢᠯ ᠤᠨ ᠠᠵᠢᠯ ᠢ ᠬᠤᠭᠤᠴᠠᠭ᠎ᠠ ᠶᠣᠰᠣᠭᠠᠷ ᠡᠬᠢᠯᠡᠬᠦᠯᠬᠦ ᠪᠠ ᠰᠡᠷᠬᠦᠬᠡᠨ᠎ᠠ︔ ᠣᠯᠣᠰ ᠤᠨ ᠵᠠᠮ ᠤᠨ 242 ᠱᠤᠭᠤᠮ ᠤᠨ ᠭᠠᠯᠠᠭᠤᠳᠣ | ᠠᠴᠠ ᠪᠣᠯᠠᠭ ᠤᠨ ᠭᠤᠣᠯ ᠬᠦᠷᠬᠦ ᠬᠡᠰᠡᠭ᠂ ᠮᠣᠵᠢ ᠶᠢᠨ ᠵᠠᠮ ᠤᠨ 215 ᠱᠤᠭᠤᠮ ᠤᠨ ᠲᠦᠩᠽᠢ ᠠᠴᠠ ᠵᠠᠮᠪᠠ ᠶᠢᠨ ᠳᠠᠯ᠎ᠠ ᠬᠦᠷᠬᠦ᠂ ᠮᠣᠵᠢ ᠶᠢᠨ ᠵᠠᠮ ᠤᠨ | 317 ᠱᠤᠭᠤᠮ ᠤᠨ ᠳᠣᠯᠢ ᠠᠴᠠ ᠨᠠᠩᠰᠣ ᠬᠦᠷᠬᠦ ︵ᠬᠤᠶᠠᠳᠣᠭᠠᠷ ᠬᠤᠭᠤᠴᠠᠭ᠎ᠠ︶ ᠵᠠᠰᠠᠮᠠᠯ ᠵᠠᠮ ᠤᠨ ᠲᠦᠷᠥᠯ ᠵᠣᠶᠢᠯ ᠢ ᠬᠡᠷᠡᠭᠵᠢᠬᠦᠯᠵᠣ ᠣᠯᠣᠰ ᠤᠨ ᠵᠠᠮ | ᠤᠨ 338 ᠱᠤᠭᠤᠮ ᠤᠨ ᠭᠠᠯᠠᠭᠤᠳᠣ ᠠᠴᠠ ᠰᠤᠪᠣᠷᠭ᠎ᠠ ᠭᠤᠷᠪᠠᠳᠣᠭᠠᠷ ᠰᠢᠳᠠᠮᠠᠬᠠᠢ ᠬᠡᠢ ᠰᠢᠢᠳᠪᠣᠷᠢᠯᠡᠬᠦ ᠣᠶᠢᠯᠡᠳᠪᠣᠷᠢ ᠬᠦᠷᠬᠦ ᠬᠡᠰᠡᠭ ᠤᠨ ᠨᠢᠬᠡᠳᠣᠬᠡᠷ ᠳᠠᠰ | ᠤᠨ ᠵᠠᠰᠠᠮᠠᠯ ᠵᠠᠮ ᠤᠨ ᠪᠠᠶᠢᠭᠤᠯᠣᠯᠳᠠ ᠶᠢ ᠲᠦᠷᠬᠡᠳᠬᠡᠨ᠎ᠠ︔ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠳᠠᠮᠣᠷ | ᠵᠠᠮ ᠤᠨ ᠵᠠᠮ ᠳᠠᠪᠢᠰᠬᠦ ᠠᠵᠢᠯ ᠢ ᠳᠠᠭᠤᠰᠬᠠᠨ᠎ᠠ︔ ᠨᠠᠷᠢᠠᠭᠤᠣᠯ ᠤᠨ ᠬᠤᠶᠠᠳᠣᠭᠠᠷ ᠨᠣᠮᠧᠷᠳᠣ ᠠᠭᠤᠷᠬᠠᠢ ᠶᠢᠨ ᠬᠤᠳᠳᠤᠭ ᠤᠨ ᠳᠠᠮᠣᠷ ᠵᠠᠮ ᠤᠨ ᠳᠣᠰᠬᠠᠢ | ᠬᠡᠷᠡᠭᠯᠡᠬᠡᠨ ᠤ ᠱᠤᠭᠤᠮ ᠢ ᠡᠬᠢᠯᠡᠨ ᠪᠠᠶᠢᠭᠤᠯᠣᠨ᠎ᠠ︔ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠪᠥᠲᠥᠭᠡᠨ ᠪᠠᠶᠢᠭᠤᠯᠬᠤ ᠱᠠᠳᠣᠨ ᠳᠤ ᠣᠷᠣᠭᠤᠯᠬᠤ | ᠪᠠᠷ ᠴᠢᠷᠮᠠᠶᠢᠨ᠎ᠠ᠃ ᠦᠣᠰᠢᠨ 500 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠢ ᠡᠬᠢᠯᠡᠬᠦᠯᠵᠣ ᠬᠤᠨᠴᠢᠠᠭᠤᠣᠯ 500 | ᠺᠢᠯᠣᠸᠣᠯᠲ ᠶᠢᠨ ᠴᠠᠬᠢᠯᠭᠠᠨ ᠬᠤᠪᠢᠰᠬᠠᠬᠤ ᠦᠷᠳᠡᠭᠡ ᠠᠴᠠ ᠳᠣᠭᠤᠯᠳᠡᠢ 220 ᠺᠢᠯᠣᠸᠣᠯᠲ ᠤᠨ ᠴᠠᠬᠢᠯᠭᠠᠨ ᠬᠤᠪᠢᠰᠬᠠᠬᠤ ᠦᠷᠳᠡᠭᠡ ᠬᠦᠷᠬᠦ ᠪᠠ | ᠰᠢᠷᠬᠤᠰᠣᠨ 220 ᠺᠢᠯᠣᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠶᠢᠨ Ⅱ ᠴᠠᠬᠢᠯᠭᠠᠨ ᠡᠬᠦᠰᠬᠡᠬᠦᠷ ᠤᠨ ᠱᠤᠭᠤᠮ ᠤᠨ ᠢᠨᠵᠧᠨᠧᠷᠢᠩ ᠤᠨ | ᠪᠠᠶᠢᠭᠤᠯᠣᠯᠳᠠ ᠶᠢ ᠲᠦᠷᠬᠡᠳᠬᠡᠨ ᠠᠬᠢᠭᠤᠯᠣᠨ᠎ᠠ᠃ ᠠᠷᠠᠳ ᠤᠨ ᠳᠣᠮᠳᠠᠬᠢ ᠪᠡᠯᠡ ᠣᠷᠣᠭᠤᠯᠣᠯᠳᠠ ᠶᠢᠨ ᠳᠠᠯᠳᠠ ᠬᠦᠴᠦᠨ ᠢ ᠪᠦᠳᠣᠮᠵᠢᠳᠡᠢ ᠪᠠᠳᠠᠷᠠᠭᠤᠯᠣᠨ᠎ᠠ᠃ | ︽ᠬᠤᠷᠢᠭ᠎ᠠ ᠦᠬᠡᠢ ᠪᠣᠯ ᠵᠦᠪᠰᠢᠶᠡᠷᠡᠵᠤ ᠣᠷᠣᠭᠤᠯᠬᠤ︾ ᠱᠠᠭᠠᠷᠳᠠᠯᠭ᠎ᠠ ᠶᠢ ᠴᠢᠩᠭ᠎ᠠ ᠨᠡᠶᠢᠳᠠᠪᠣᠷᠢᠵᠢᠭᠤᠯᠵᠣ ᠠᠷᠠᠳ ᠤᠨ ᠳᠣᠮᠳᠠᠬᠢ ᠪᠡᠯᠡ ᠮᠦᠩᠬᠦ ᠶᠢᠨ | ᠵᠦᠪᠰᠢᠶᠠᠷᠠᠯ ᠤᠨ ᠪᠠᠷᠢᠮᠵᠢᠶ᠎ᠠ ᠶᠢ ᠳᠣᠷᠣᠭᠰᠢᠯᠠᠭᠤᠯᠵᠣ ᠠᠷᠠᠳ ᠤᠨ ᠳᠣᠮᠳᠠᠬᠢ ᠬᠦᠷᠦᠩᠬᠡ ᠶᠢ ᠬᠤᠳᠠ ᠶᠢᠨ ᠶᠠᠪᠣᠳᠠᠯ ᠤᠨ ᠣᠯᠠᠨ ᠨᠡᠶᠢᠳᠠ ᠶᠢᠨ | ᠲᠦᠬᠦᠬᠡᠷᠣᠮᠵᠢ᠂ ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ ᠵᠡᠷᠬᠡ ᠬᠦᠷᠢᠶ᠎ᠠ ᠴᠠᠷᠠᠭᠠᠨ ᠤ ᠲᠦᠷᠥᠯ ᠵᠣᠶᠢᠯ ᠤᠨ ᠪᠠᠶᠢᠭᠤᠯᠣᠯᠳᠠ ᠳᠤ ᠣᠷᠣᠯᠴᠠᠬᠤ ᠶᠢ | ᠵᠣᠷᠢᠭᠵᠢᠭᠤᠯᠣᠨ ᠵᠢᠯᠣᠭᠤᠳᠴᠣ᠂ ᠴᠢᠬᠤᠯᠠ ᠶᠡᠭᠡ ᠲᠦᠷᠥᠯ ᠵᠣᠶᠢᠯ ᠤᠨ ᠬᠦᠭᠵᠢᠯᠳᠡ ᠶᠢᠨ ᠳᠣᠭᠤᠷᠢᠨ ᠳᠤ ᠬᠦᠮᠦᠷᠬᠡᠯᠡᠯᠳᠡ᠂ ᠪᠠᠷᠠᠭᠠᠨ ᠬᠦᠢᠯᠬᠡᠬᠡ ᠵᠡᠷᠬᠡ | ᠲᠦᠬᠦᠷᠵᠢᠭᠰᠡᠨ ᠣᠶᠢᠯᠡᠴᠢᠯᠡᠭᠡ ᠶᠢ ᠬᠠᠩᠭᠠᠨ᠎ᠠ᠃ | ᠪᠦᠳᠦᠬᠡᠨ ᠪᠠᠶᠢᠭᠤᠯᠵᠣ ᠪᠠᠶᠢᠭ᠎ᠠ ᠲᠦᠷᠥᠯ ᠵᠣᠶᠢᠯ ᠠᠰᠢᠭᠯᠠᠯᠳᠠ ᠳᠤ ᠣᠷᠣᠬᠤ ᠶᠢ ᠠᠬᠢᠭᠤᠯᠣᠨ᠎ᠠ᠃ ᠬᠤᠷᠸ᠎ᠠ ᠲᠦᠷᠦ ᠶᠢᠨ ᠪᠣᠳᠣᠯᠭ᠎ᠠ ᠶᠢᠨ ᠠᠰᠢᠭᠳᠠᠢ | ᠳᠣᠬᠢᠶᠠᠯ ᠢ ᠡᠵᠡᠮᠳᠡᠨ ᠳᠠᠪᠠᠭᠤᠯᠢᠭ ᠣᠶᠢᠯᠡᠳᠪᠣᠷᠢᠯᠡᠯ ᠤᠨ ᠴᠢᠳᠠᠪᠬᠢ ᠶᠢ ᠢᠳᠡᠪᠬᠢᠳᠡᠢ ᠪᠠᠳᠠᠷᠠᠭᠤᠯᠣᠨ ᠨᠡᠬᠦᠷᠠᠰᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ | ᠪᠠᠶᠠᠯᠢᠭ ᠢ ᠨᠡᠬᠡᠬᠡᠨ ᠠᠰᠢᠭᠯᠠᠬᠤ ᠴᠢᠨᠡᠷ ᠪᠦᠳᠣᠮᠵᠢ ᠶᠢ ᠳᠡᠬᠡᠭᠰᠢᠯᠡᠬᠦᠯᠥᠨ᠎ᠠ᠃ ᠨᠡᠬᠦᠷᠠᠰᠣᠨ ᠠᠭᠤᠷᠬᠠᠢ ᠶᠢᠨ ᠭᠠᠭᠴᠠ ᠬᠤᠳᠳᠤᠭ ᠤᠨ ᠭᠠᠷ ᠬᠦᠢᠴᠡᠳᠬᠡᠯ ᠤᠨ | ᠬᠦᠢᠴᠡᠳᠬᠡᠯᠳᠡ ᠶᠢ ᠲᠦᠷᠬᠡᠳᠬᠡᠵᠣ ᠬᠤᠯᠣᠰᠣ ᠨᠡᠬᠦᠷᠠᠰᠣᠨ ᠠᠭᠤᠷᠬᠠᠢ ᠶᠢᠨ ᠠᠭᠤᠷᠬᠠᠢ ᠮᠠᠯᠳᠠᠬᠤ ᠵᠦᠪᠰᠢᠶᠠᠷᠠᠯ ᠢ ᠣᠯᠬᠤ ᠪᠠᠷ ᠴᠢᠷᠮᠡᠶᠢᠵᠣ ᠮᠣᠳᠣᠨᠴᠠᠶᠢᠳᠠᠮ | ᠨᠡᠬᠦᠷᠠᠰᠣᠨ ᠠᠭᠤᠷᠬᠠᠢ᠂ ᠨᠠᠷᠢᠠᠭᠤᠣᠯ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠶᠢᠨ ᠬᠠᠮᠳᠣᠷᠠᠨ ᠳᠣᠷᠰᠢᠨ ᠠᠵᠢᠯᠯᠠᠭᠤᠯᠬᠤ ᠶᠢ ᠪᠠᠶᠡᠯᠡᠬᠦᠯᠵᠣ᠂ ᠶᠢᠩ | ᠫᠠᠨ ᠬᠤᠣ ᠨᠡᠬᠦᠷᠠᠰᠣᠨ ᠠᠭᠤᠷᠬᠠᠢ ᠶᠢᠨ ᠬᠢᠨᠡᠨ ᠵᠦᠪᠰᠢᠶᠠᠷᠠᠯ ᠢ ᠣᠯᠵᠣ᠂ ᠪᠦᠬᠦ ᠵᠢᠯ ᠤᠨ ᠨᠡᠬᠦᠷᠠᠰᠣᠨ ᠭᠠᠷᠣᠯᠳᠠ ᠶᠢ 5000 ᠲᠦᠮᠡᠨ ᠳᠣᠨᠨ᠋ᠨ ᠬᠦᠷᠭᠡᠬᠦ ᠪᠠᠷ | ᠴᠢᠷᠮᠠᠶᠢᠨ᠎ᠠ᠃ ᠳᠣᠮᠳᠠᠳᠣ ᠣᠯᠣᠰ ᠤᠨ ᠴᠢᠯᠠᠭᠤᠨ ᠳᠣᠰᠣᠨ ᠤ ᠪᠦᠯᠥᠭᠯᠡᠯ᠂ ᠳᠣᠮᠳᠠᠳᠣ ᠣᠯᠣᠰ ᠤᠨ ᠴᠢᠯᠠᠭᠤᠨ ᠳᠣᠰᠣ ᠬᠢᠮᠢ ᠶᠢᠨ ᠠᠵᠣ ᠣᠶᠢᠯᠡᠳᠪᠣᠷᠢ ᠶᠢᠨ | ᠪᠦᠯᠥᠭᠯᠡᠯ ᠤᠨ ᠪᠠᠶᠢᠭᠠᠯᠢ ᠶᠢᠨ ᠰᠢᠳᠠᠮᠠᠬᠠᠢ ᠬᠡᠢ ᠨᠡᠭᠡᠭᠡᠬᠦ ᠶᠢ ᠳᠠᠮᠵᠢᠵᠣ ᠵᠢᠯ ᠤᠨ ᠲᠣᠳᠣᠷ᠎ᠠ 500 ᠢᠯᠡᠬᠦᠣ ᠬᠡᠢ ᠶᠢᠨ ᠬᠤᠳᠳᠤᠭ ᠰᠢᠨ᠎ᠡ ᠪᠠᠷ ᠮᠠᠯᠳᠠᠵᠣ᠂ | ᠪᠠᠶᠢᠭᠠᠯᠢ ᠶᠢᠨ ᠰᠢᠳᠠᠮᠠᠬᠠᠢ ᠬᠡᠢ ᠶᠢᠨ ᠭᠠᠷᠣᠯᠳᠠ ᠶᠢᠨ ᠬᠡᠮᠵᠢᠶ᠎ᠠ ᠳᠣᠭᠳᠠᠭᠤᠨ ᠨᠡᠮᠡᠭᠳᠡᠬᠦ ᠶᠢ ᠪᠠᠳᠣᠯᠠᠨ᠎ᠠ᠃ ᠲᠦᠷᠥᠯ ᠵᠣᠶᠢᠯ ᠤᠨ ᠳᠣᠬᠢᠷᠠᠭᠤᠯᠣᠯᠳᠠ ᠶᠢ | ᠴᠢᠩᠭᠠᠳᠬᠠᠵᠣ ᠪᠥᠸᠧ ᠷᠦᠢ ᠳ᠋ᠠ ᠪᠠᠷᠠᠭᠠᠨ ᠬᠦᠢᠯᠬᠡᠬᠡᠨ ᠤ ᠺᠣᠮᠫᠠᠨᠢ ᠶᠢᠨ ᠬᠦᠮᠦᠷᠬᠡᠯᠡᠯᠳᠡ᠂ ᠴᠠᠩ ᠬᠤᠩ ᠰᠦᠯᠢᠶᠣᠣ ᠶᠢᠨ ᠣᠶᠢᠯᠡᠰ ᠤᠨ ᠺᠣᠮᠫᠠᠨᠢ ᠶᠢᠨ | ᠬᠦᠨᠳᠣ ᠠᠴᠢᠶ᠎ᠠ ᠶᠢ ᠪᠣᠭᠤᠳᠠᠯᠯᠠᠬᠤ 2000 ᠲᠦᠮᠡᠨ ᠬᠡᠰᠡᠭ ᠪᠦᠷᠬᠦᠪᠴᠢ ᠤᠭᠤᠲᠠ ᠵᠡᠷᠬᠡ 7 ᠲᠦᠷᠥᠯ ᠵᠣᠶᠢᠯ ᠤᠨ ᠪᠠᠷᠢᠯᠭ᠎ᠠ ᠶᠢ ᠳᠠᠭᠤᠰᠬᠠᠵᠣ | ᠠᠰᠢᠭᠯᠠᠯᠳᠠ ᠳᠤ ᠣᠷᠣᠭᠤᠯᠣᠨ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠢ ᠰᠢᠨ᠎ᠡ ᠪᠠᠷ 2 ᠨᠡᠮᠡᠭᠳᠡᠬᠦᠯᠥᠨ᠎ᠠ᠃ | ᠬᠦᠷᠢᠶᠠᠯᠠᠩ ᠳᠣᠭᠤᠷᠢᠭ ᠢ ᠬᠦᠭᠵᠢᠬᠦᠯᠥᠨ ᠮᠠᠨᠳᠣᠭᠤᠯᠬᠤ ᠲᠥᠯᠥᠪᠯᠡᠭᠡ ᠶᠢ ᠬᠡᠷᠡᠭᠵᠢᠬᠦᠯᠣᠨ᠎ᠠ᠃ ᠬᠦᠷᠢᠶᠡᠯᠡᠩ ᠲᠣᠭᠤᠷᠢᠭ ᠶᠢᠨ ᠥᠨᠳᠦᠷ ᠴᠢᠨᠠᠷᠲᠤ | ᠬᠥᠭᠵᠢᠯᠲᠠ ᠶᠢ ᠠᠬᠢᠭᠤᠯᠬᠤ ᠪᠠᠶᠢᠭᠤᠯᠤᠮᠵᠢ ᠲᠣᠭᠲᠠᠯᠴᠠᠭ᠎ᠠ ᠶᠢ ᠪᠥᠷᠢᠨᠰᠢᠭᠦᠯᠵᠤ᠂ ᠥᠨᠳᠦᠷ ᠪᠥᠲᠥᠮᠵᠢᠲᠠᠢ᠂ ᠡᠷᠴᠢᠮᠵᠢᠭᠰᠡᠨ᠂ ᠪᠣᠬᠢᠷᠳᠤᠯ ᠦᠭᠡᠢ᠂ | ᠣᠶᠣᠨᠴᠢᠯᠠᠭᠰᠠᠨ᠂ ᠰᠢᠨ᠎ᠡ ᠶᠢ ᠡᠭᠦᠳᠴᠦ ᠵᠢᠯᠣᠭᠤᠳᠣᠭᠰᠠᠨ ᠬᠥᠭᠵᠢᠯᠲᠡ ᠶᠢᠨ ᠠᠷᠭ᠎ᠠ ᠶᠢ ᠪᠠᠷᠢᠮᠲᠠᠯᠠᠵᠤ ᠠᠮᠢ ᠠᠬᠤᠶᠢᠵᠢᠭᠰᠠᠨ᠂ ᠰᠢᠨ᠎ᠡ ᠶᠢ ᠡᠭᠦᠳᠦᠭᠰᠡᠨ᠂ | ᠣᠶᠣᠨᠴᠢᠯᠠᠭᠰᠠᠨ ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ᠃ ᠬᠦᠷᠢᠶᠠᠯᠠᠩ ᠳᠣᠭᠤᠷᠢᠭ ᠤᠨ ᠵᠠᠮ᠂ | ᠬᠤᠭᠤᠯᠠᠢ ᠳᠣᠣᠷ ᠵᠡᠷᠬᠡ ᠰᠠᠭᠤᠷᠢ ᠲᠦᠬᠦᠬᠡᠷᠣᠮᠵᠢ ᠶᠢ ᠳᠡᠬᠦᠯᠳᠡᠷᠵᠢᠬᠦᠯᠵᠣ ᠰᠣᠷᠭᠠᠨ ᠬᠦᠮᠦᠵᠢᠯ᠂ ᠡᠮ ᠡᠮᠨᠡᠯᠬᠡ᠂ ᠰᠣᠶᠣᠯ ᠳᠠᠮᠢᠷ᠂ ᠵᠤᠭ᠎ᠠ ᠴᠡᠩᠬᠡᠯ ᠵᠡᠷᠬᠡ | ᠶᠢᠨ ᠲᠦᠬᠦᠷᠵᠢᠭᠰᠡᠨ ᠴᠢᠳᠠᠪᠬᠢ ᠶᠢ ᠬᠦᠢᠴᠡᠳ ᠪᠣᠯᠭᠠᠵᠣ ᠰᠤᠪᠤᠷᠭ᠎ᠠ ᠠᠵᠤ ᠠᠬᠤᠢ ᠶᠢᠨ ᠨᠡᠭᠡᠭᠡᠯᠲᠠ ᠶᠢᠨ ᠲᠣᠭᠤᠷᠢᠭ ᠤᠨ ᠴᠠᠬᠢᠯᠭᠠᠨ ᠢ ᠨᠢᠬᠡᠳᠣᠯᠳᠡᠢ | ᠲᠣᠬᠢᠷᠠᠭᠤᠯᠵᠣ ᠬᠦᠷᠭᠡᠬᠦ ᠠᠵᠢᠯ ᠤᠨ ᠥᠭᠡᠷᠡᠴᠢᠯᠡᠯᠲᠠ ᠶᠢ ᠭᠦᠨᠵᠡᠭᠡᠶᠢᠷᠡᠭᠦᠯᠵᠤ᠂ ᠬᠦᠷᠢᠶᠠᠯᠠᠩ ᠳᠣᠭᠤᠷᠢᠭ ᠤᠨ ᠬᠦᠴᠦᠨ ᠵᠦᠢᠯ ᠤᠨ ᠲᠤᠯᠭᠠᠭᠤᠷᠢᠯᠠᠯ ᠲᠦᠷᠥᠯ | ᠵᠣᠶᠢᠯ ᠤᠨ ᠵᠠᠯᠭᠠᠯᠳᠣᠯ᠂ ᠠᠵᠣ ᠣᠶᠢᠯᠡᠰ ᠤᠨ ᠴᠣᠭᠯᠠᠷᠠᠯ ᠤᠨ ᠣᠶᠢᠯᠡᠳᠣᠯ ᠢ ᠪᠠᠳᠠᠷᠠᠭᠤᠯᠣᠨ᠎ᠠ᠃ ᠬᠤᠳᠠᠯᠳᠣᠭᠠᠴᠢᠨ ᠣᠷᠢᠬᠤ ᠳᠣᠰᠬᠠᠢ ᠪᠦᠯᠬᠦᠮ ᠢ ᠵᠣᠬᠢᠶᠠᠨ | ᠪᠠᠶᠢᠭᠤᠯᠵᠣ ᠠᠵᠣ ᠣᠶᠢᠯᠡᠰ ᠤᠨ ᠬᠡᠯᠬᠢᠶᠠᠵᠢᠯ᠂ ᠠᠵᠣ ᠠᠬᠤᠶᠢᠯᠡᠯ᠂ ᠲᠣᠭᠲᠠᠭᠰᠠᠨ ᠴᠢᠭᠯᠡᠯ ᠢᠶᠠᠷ ᠬᠤᠳᠠᠯᠳᠣᠭᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ | ᠳᠠᠮᠵᠢᠨ ᠬᠦᠷᠢᠶᠠᠯᠠᠩ ᠳᠣᠭᠤᠷᠢᠭ ᠤᠨ ᠪᠠᠶᠢᠷᠢ ᠲᠣᠭᠲᠠᠭᠠᠯᠲᠠ ᠳᠤ ᠲᠣᠬᠢᠷᠠᠭᠰᠠᠨ ᠣᠷᠳᠣᠳᠬᠠᠵᠣ ᠨᠦᠬᠦᠪᠦᠷᠢᠯᠡᠬᠦ ᠲᠦᠷᠥᠯ ᠵᠣᠶᠢᠯ ᠢ ᠬᠦᠴᠦᠯᠡᠨ ᠣᠷᠣᠭᠤᠯᠵᠣ | ᠦᠪᠡᠷᠮᠢᠴᠡ ᠣᠨᠴᠠᠯᠢᠭ ᠢᠶᠠᠷ ᠳᠣᠳᠣ᠂ ᠨᠥᠯᠤᠭᠡᠯᠡᠯ ᠶᠡᠬᠡᠲᠠᠢ᠂ ᠦᠷᠢᠰᠣᠯᠳᠣᠬᠦ ᠬᠦᠴᠦᠨ ᠢᠶᠠᠷ ᠴᠢᠩᠭ᠎ᠠ ᠠᠵᠣ ᠣᠶᠢᠯᠡᠰ ᠤᠨ ᠴᠣᠭᠯᠠᠷᠠᠯ ᠣᠷᠣᠨ ᠪᠦᠷᠢᠯᠳᠦᠬᠦ | ᠶᠢ ᠲᠦᠯᠬᠢᠨ ᠠᠬᠢᠭᠤᠯᠣᠨ᠎ᠠ᠃ | ︵ᠬᠤᠶᠠᠷ︶ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾ ᠢ ᠰᠠᠶᠢᠳᠣᠷ ᠬᠢᠵᠣ ᠬᠦᠭᠵᠢᠯᠳᠡ ᠶᠢᠨ ᠳᠠᠩᠴᠡᠬᠦᠷᠢᠳᠣ ᠴᠢᠨᠡᠷ ᠢ | ᠴᠢᠩᠭᠠᠷᠠᠭᠤᠯᠣᠨ᠎ᠠ᠃ ᠬᠢᠵᠠᠭᠠᠷ ᠱᠤᠭᠤᠮ ᠤᠨ ᠰᠡᠳᠬᠢᠬᠦᠢ ᠪᠠ ᠬᠤᠷᠢᠭ᠎ᠠ ᠱᠤᠭᠤᠮ ᠤᠨ ᠦᠵᠡᠯ ᠣᠬᠠᠮᠰᠠᠷ ᠢ ᠪᠠᠳᠣ ᠪᠠᠬᠢ ᠪᠣᠢ ᠪᠣᠯᠭᠠᠵᠣ ᠳᠡᠬᠡᠳᠣ | ᠬᠡᠮᠵᠢᠶᠡᠨ ᠤ ᠣᠯᠣᠰ ᠲᠦᠷᠦ ᠶᠢᠨ ᠬᠠᠷᠢᠭᠤᠴᠠᠯᠭᠠᠳᠣ ᠰᠠᠳᠬᠢᠯᠬᠡ ᠪᠠ ᠡᠷᠡᠰ ᠴᠢᠩᠭ᠎ᠠ ᠡᠬᠦᠷᠬᠡᠯᠡᠯ ᠤᠨ ᠵᠣᠷᠢᠭ ᠰᠠᠨᠠᠭ᠎ᠠ ᠪᠠᠷ ᠴᠢᠨᠡᠬᠡᠯᠢᠭ ᠨᠡᠶᠢᠬᠡᠮ ᠢ ᠪᠦᠬᠦ | ᠳᠠᠯ᠎ᠠ ᠪᠠᠷ ᠪᠡᠶᠡᠯᠡᠬᠦᠯᠬᠦ ᠠᠵᠢᠯ ᠤᠨ ᠢᠯᠠᠭᠳᠠᠵᠤ ᠪᠣᠯᠤᠰᠢ ᠦᠭᠡᠢ ︽ᠪᠣᠭᠤᠮᠲᠠ ᠰᠢᠪᠳᠣᠯᠬᠤ ᠭᠤᠷᠪᠠᠨ ᠶᠡᠭᠡ ᠳᠠᠶᠢᠯᠠᠯᠳᠣᠭᠠᠨ︾ ᠢ ᠰᠠᠶᠢᠳᠣᠷ ᠬᠢᠨ᠎ᠠ᠃ | ᠴᠢᠬᠤᠯᠠ ᠶᠡᠭᠡ ᠲᠦᠭᠰᠢᠬᠦᠷᠢ ᠶᠢ ᠰᠠᠷᠬᠡᠶᠢᠯᠡᠨ ᠰᠢᠢᠳᠪᠣᠷᠢᠯᠡᠬᠦ ᠪᠣᠭᠤᠮᠲᠠ ᠰᠢᠪᠳᠣᠯᠬᠤ ᠳᠠᠶᠢᠯᠠᠯᠳᠣᠭᠠᠨ ᠢ ᠡᠷᠡᠰ ᠴᠢᠩᠭ᠎ᠠ ᠰᠠᠶᠢᠳᠣᠷ ᠬᠢᠨ᠎ᠡ᠃ ᠵᠠᠰᠠᠭ | ᠤᠨ ᠣᠷᠳᠣᠨ ᠤ ᠦᠷᠢ ᠰᠢᠷᠢ ᠶᠢ ᠢᠯᠭᠠᠷᠠᠭᠤᠯᠬᠤ ᠠᠵᠢᠯ ᠢ ᠳᠣᠪᠣᠶᠢᠯᠭᠠᠨ ᠰᠠᠶᠢᠳᠣᠷ ᠠᠳᠬᠤᠨ᠎ᠠ᠃ ᠬᠢᠨᠠᠨ ᠪᠣᠳᠣᠬᠤ ᠠᠵᠢᠯ ᠶᠢᠨ ᠬᠢᠨᠠᠨ ᠬᠠᠰᠤᠯᠲᠠ᠂ | ᠲᠦᠰᠦᠪ ᠤᠨ ᠲᠣᠬᠢᠷᠠᠭᠤᠯᠤᠯᠲᠠ᠂ ᠤᠯᠤᠰ ᠤᠨ ᠥᠮᠴᠢᠯᠡᠯᠲᠤ ᠬᠦᠷᠦᠩᠬᠡ ᠶᠢᠨ ᠰᠢᠢᠳᠪᠦᠷᠢᠯᠡᠯᠲᠠ᠂ ᠡᠩ ᠤᠨ ᠵᠠᠷᠣᠯᠭ᠎ᠠ ᠶᠢᠨ ᠪᠠᠭᠠᠰᠬᠠᠯᠲᠠ ᠵᠡᠷᠬᠡ ᠠᠷᠭ᠎ᠠ | ᠪᠠᠷᠢᠯ ᠢ ᠶᠡᠷᠦᠩᠬᠡᠶᠢᠯᠡᠨ ᠬᠡᠷᠡᠭᠯᠡᠵᠣ ᠥᠷᠢ ᠰᠢᠷᠢ ᠶᠢ ᠰᠢᠢᠳᠪᠣᠷᠢᠯᠡᠬᠦ ᠠᠵᠢᠯ ᠢ ᠲᠥᠯᠥᠪᠯᠡᠭᠡ ᠶᠣᠰᠣᠭᠠᠷ ᠠᠬᠢᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠵᠣ | ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠪᠡᠯᠡ ᠣᠷᠣᠭᠤᠯᠣᠯᠳᠠ ᠶᠢᠨ ᠲᠦᠷᠥᠯ ᠵᠣᠶᠢᠯ ᠢ ᠪᠦᠬᠦ ᠳᠠᠯ᠎ᠠ ᠪᠠᠷ ᠡᠮᠬᠢᠯᠡᠵᠤ ᠬᠡᠳᠣᠷᠬᠡᠢ ᠣᠷᠢᠳᠴᠢᠯᠠᠭᠰᠠᠨ᠂ ᠦᠷᠢ | ᠳᠠᠯᠪᠢᠵᠣ ᠪᠠᠶᠢᠭᠤᠯᠣᠭᠰᠠᠨ ᠲᠦᠷᠥᠯ ᠵᠣᠶᠢᠯ ᠢ ᠡᠷᠡᠰ ᠵᠣᠭᠰᠣᠭᠠᠵᠣ᠂ ᠠᠵᠣ ᠠᠬᠤᠢ ᠨᠡᠶᠢᠬᠡᠮ ᠤᠨ ᠬᠦᠭᠵᠢᠯᠳᠡ ᠳᠤ ᠳᠣᠯᠭᠠᠮ᠎ᠠ ᠱᠠᠭᠠᠷᠳᠠᠭᠳᠠᠵᠤ ᠪᠠᠶᠢᠭ᠎ᠠ | ᠮᠦᠷᠳᠡᠬᠡᠨ ᠰᠢᠨᠵᠢᠯᠡᠬᠦ ᠣᠬᠠᠭᠠᠨᠴᠢ ᠨᠣᠲᠠᠯᠠᠯᠲᠠ ᠶᠢ ᠳᠠᠮᠵᠢᠭᠰᠠᠨ ᠡᠳ᠋ ᠤᠨ ᠬᠦᠴᠦᠨ ᠤ ᠪᠠᠳᠣᠯᠠᠭ᠎ᠠ ᠲᠠᠢ ᠲᠦᠷᠥᠯ ᠵᠣᠶᠢᠯ ᠢ ᠯᠠᠪᠳᠠᠭᠤᠨ ᠠᠬᠢᠭᠤᠯᠣᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢᠨ ᠲᠦᠷᠥᠯ ᠵᠣᠶᠢᠯ ᠤᠨ ᠨᠠᠷᠢᠨ ᠳᠠᠩᠰᠠ ᠪᠠᠶᠢᠭᠤᠯᠵᠣ᠂ ᠬᠤᠶᠢᠰᠢᠳᠠ ᠨᠠᠷᠢᠨ ᠳᠠᠩᠰᠠ ᠳᠤ ᠣᠷᠣᠭᠤᠯᠣᠭᠰᠠᠨ | ᠦᠬᠡᠢ ᠲᠦᠷᠥᠯ ᠵᠣᠶᠢᠯ ᠳᠤ ᠡᠳ᠋ ᠤᠨ ᠵᠠᠰᠠᠭ ᠤᠨ ᠲᠦᠰᠦᠪ ᠤᠨ ᠪᠡᠯᠡ ᠮᠦᠩᠬᠦ ᠳᠣᠬᠢᠷᠠᠭᠤᠯᠬᠤ ᠦᠬᠡᠢ᠃ ᠵᠠᠰᠠᠭ ᠤᠨ ᠣᠷᠳᠣᠨ ᠤ ᠦᠷᠢ ᠰᠢᠷᠢ ᠶᠢᠨ | ᠬᠡᠪᠴᠢᠶᠠᠵᠢᠯ ᠢ ᠡᠵᠡᠮᠳᠡᠬᠦ ᠪᠠ ᠲᠦᠭᠰᠢᠬᠦᠷᠢ ᠶᠢ ᠰᠡᠷᠡᠮᠵᠢᠯᠡᠭᠦᠯᠵᠦ ᠬᠢᠨᠡᠨ ᠬᠡᠮᠵᠢᠬᠦ ᠳᠣᠭᠳᠠᠯᠴᠠᠭ᠎ᠠ ᠶᠢ ᠪᠦᠷᠢᠨᠰᠢᠬᠦᠯᠵᠣ ᠦᠷᠢ ᠶᠢᠨ ᠳᠤᠭ᠎ᠠ ᠶᠢ ᠬᠢᠵᠠᠭᠠᠷᠯᠠᠬᠤ | ᠪᠠ ᠲᠦᠰᠦᠪ ᠤᠨ ᠬᠠᠮᠢᠶᠠᠷᠣᠯᠳᠠ ᠶᠢᠨ ᠲᠦᠷᠢᠮ ᠢ ᠴᠢᠩᠭᠠᠳᠬᠠᠵᠣ᠂ ᠦᠷᠢ ᠲᠠᠯᠪᠢᠬᠤ ᠠᠵᠢᠯᠯᠠᠭ᠎ᠠ ᠶᠢ ᠲᠦᠷᠢᠮᠵᠢᠬᠦᠯᠥᠨᠠ᠃ ᠬᠠᠣᠯᠢ ᠪᠣᠰᠣ ᠪᠠᠷ ᠪᠡᠯᠡ | ᠴᠣᠭᠯᠠᠭᠤᠯᠣᠭᠰᠠᠨ ᠬᠡᠷᠡᠭ ᠪᠠ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠮᠠᠭᠤ ᠨᠦᠯᠦᠬᠡ ᠲᠠᠢ ᠵᠢᠬᠡᠯᠡᠯᠬᠡ ᠵᠡᠷᠬᠡ ᠲᠦᠭᠰᠢᠬᠦᠷᠢ ᠶᠢᠨ ᠳᠠᠯᠳᠡ ᠬᠡᠮ ᠢ | ᠰᠡᠷᠬᠡᠶᠢᠯᠡᠵᠣ ᠰᠢᠢᠳᠪᠣᠷᠢᠯᠡᠬᠦ ᠠᠵᠢᠯ ᠢ ᠲᠥᠯᠥᠪᠵᠢᠬᠦᠯᠥᠨ ᠰᠠᠶᠢᠳᠣᠷ ᠬᠢᠵᠣ ᠮᠦᠩᠬᠦᠨ ᠬᠦᠢᠯᠬᠡᠬᠡᠨ ᠤ ᠬᠠᠣᠯᠢ ᠵᠦᠷᠢᠴᠡᠭᠰᠡᠨ ᠠᠵᠢᠯᠯᠠᠭᠠᠨ ᠳᠤ ᠴᠢᠩᠭ᠎ᠠ | ᠴᠣᠬᠢᠯᠳᠠ ᠦᠭᠴᠣ ᠮᠦᠩᠬᠦᠨ ᠬᠦᠢᠯᠬᠡᠬᠡᠨ ᠤ ᠰᠢᠰᠲ᠋ᠧᠮᠳᠣ ᠴᠢᠨᠡᠷᠳᠡᠢ ᠲᠦᠭᠰᠢᠬᠦᠷᠢ ᠡᠬᠦᠰᠬᠦ ᠦᠬᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃ | ᠶᠠᠳᠠᠭᠤ ᠠᠴᠠ ᠨᠠᠷᠢᠯᠢᠭ ᠣᠨᠣᠪᠴᠢᠳᠠᠢ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠴᠢᠩᠭ᠎ᠠ ᠰᠠᠶᠢᠳᠣᠷ ᠬᠢᠨ᠎ᠠ᠃ ᠶᠠᠳᠠᠭᠤ | ᠠᠴᠠ ᠨᠠᠷᠢᠯᠢᠭ ᠣᠨᠣᠪᠴᠢᠳᠠᠢ ᠠᠩᠬᠢᠵᠢᠷᠠᠭᠤᠯᠬᠤ ᠭᠤᠷᠪᠠᠨ ᠵᠢᠯ ᠤᠨ ᠠᠵᠢᠯ ᠤᠨ ᠲᠦᠯᠦᠪᠵᠢᠭᠦᠯᠭᠡ ᠲᠤᠭᠳᠠᠭᠠᠵᠤ᠂ ︽ᠵᠢᠷᠭᠤᠭᠠᠨ ᠤᠨᠤᠪᠴᠢᠳᠠᠢ ᠪᠠᠶᠢᠬᠤ︾ | ᠱᠠᠭᠠᠷᠳᠠᠯᠭ᠎ᠠ ᠶᠤᠰᠤᠭᠠᠷ ᠲᠦᠷᠦ ᠶᠢᠨ ᠪᠤᠳᠤᠯᠭ᠎ᠠ ᠦᠯᠦ ᠬᠤᠪᠢᠷᠠᠬᠤ᠂ ᠪᠠᠷᠢᠮᠵᠢᠶ᠎ᠠ ᠦᠯᠦ ᠪᠠᠭᠤᠷᠠᠬᠤ᠂ ᠤᠷᠤᠭᠤᠯᠤᠯᠳᠠ ᠦᠯᠦ ᠪᠠᠭᠠᠰᠬᠤ ᠶᠢ ᠪᠠᠷᠢᠮᠳᠠᠯᠠᠨ | ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠲᠠᠷᠢᠶᠠᠨ ᠭᠠᠵᠠᠷ᠂ ᠤᠰᠤᠨ ᠠᠰᠢᠭᠯᠠᠯᠳᠠ ᠵᠡᠷᠬᠡ ᠰᠠᠭᠤᠷᠢ ᠲᠦᠭᠦᠬᠡᠷᠦᠮᠵᠢ ᠶᠢᠨ | ᠪᠦᠳᠦᠭᠡᠨ ᠪᠠᠶᠢᠭᠤᠯᠤᠯᠳᠠ ᠪᠠ ᠮᠠᠯᠴᠢᠨ ᠲᠠᠷᠢᠶᠠᠴᠢᠨ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠶᠠᠳᠠᠭᠤ ᠬᠦᠴᠢᠷᠳᠡᠯᠳᠡᠢ ᠡᠷᠦᠬᠡ ᠲᠠᠰᠢ ᠬᠡᠯᠪᠠᠶᠢᠯᠬᠡᠵᠣ᠂ | 12 ᠡᠷᠦᠬᠡ 40 ᠨᠡᠷ᠎ᠡ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠯᠠᠪᠳᠠᠭᠤᠨ ᠠᠩᠬᠢᠵᠢᠷᠠᠬᠤ ᠶᠢ ᠪᠠᠳᠤᠯᠠᠬᠤ ᠶᠢᠨ | ᠬᠠᠮᠳᠤ ᠨᠢᠭᠡᠨᠳᠡ ᠶᠠᠳᠠᠭᠤ ᠠᠴᠠ ᠠᠩᠬᠢᠵᠢᠷᠠᠭᠰᠠᠨ ᠬᠦᠮᠦᠨ ᠠᠮᠠ ᠶᠢ ᠪᠠᠳᠤᠳᠬᠠᠨ ᠲᠡᠳᠬᠦᠬᠦ ᠠᠵᠢᠯ ᠢᠶᠠᠨ ᠬᠠᠮᠲᠤ ᠳᠤᠨᠢ ᠰᠠᠶᠢᠳᠤᠷ ᠠᠳᠬᠤᠨ᠎ᠠ᠃ ᠶᠠᠳᠠᠭᠤ | ᠬᠦᠴᠢᠷᠳᠡᠯᠳᠡᠢ ᠬᠦᠮᠦᠨ ᠠᠮᠠ ᠶᠢᠨ ᠬᠦᠳᠡᠯᠦᠩᠬᠦᠢ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠵᠤ᠂ ᠦᠪᠡᠷᠮᠢᠴᠡ ᠤᠨᠴᠠᠯᠢᠭᠳᠤ ᠲᠡᠳᠬᠦᠨ ᠲᠡᠮᠵᠢᠬᠦ ︽ | ᠲᠤᠪᠶᠤᠭ︾ ᠲᠤᠭᠳᠠᠭᠠᠵᠤ᠂ ᠲᠡᠳᠬᠦᠨ ᠲᠡᠮᠵᠢᠬᠦ ᠠᠷᠭ᠎ᠠ ᠠᠪᠴᠠᠯ ᠤᠨ ᠬᠠᠨᠳᠤᠯᠭᠠᠳᠤ ᠴᠢᠨᠠᠷ ᠢᠶᠠᠨ ᠴᠢᠩᠭᠠᠳᠬᠠᠨ᠎ᠠ᠃ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠬᠦᠴᠦᠯᠡᠴᠡ ᠪᠠᠨ ᠴᠢᠩᠭᠠᠳᠬᠠᠨ᠂ ᠶᠠᠳᠠᠭᠤ ᠬᠦᠴᠢᠷᠳᠡᠯᠲᠠᠢ 80 ᠡᠷᠦᠬᠡ ᠳᠤ ᠲᠥᠯᠦᠪᠥᠷᠢ ᠦᠭᠡᠢ ᠪᠠᠷ ᠪᠠᠶᠢᠰᠢᠩ ᠪᠠᠷᠢᠵᠤ᠂ ᠰᠤᠷᠭᠠᠨ ᠬᠦᠮᠦᠵᠢᠯ | ᠢᠶᠠᠷ ᠶᠠᠳᠠᠭᠤ ᠶᠢ ᠲᠡᠳᠬᠦᠬᠦ ᠶᠢ ᠪᠡᠶᠡᠯᠡᠬᠦᠯᠵᠦ᠂ ︽ᠭᠤᠷᠪᠠᠨ ᠨᠢᠭᠡ ᠪᠦᠯᠦᠭ︾ ᠡᠷᠡᠭᠦᠯ ᠮᠡᠨᠳᠤ ᠶᠢᠨ ᠲᠠᠯ᠎ᠠ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ | ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠲᠠᠭᠠᠳᠬᠠᠯ᠂ ᠬᠦᠨᠳᠦ ᠡᠪᠡᠳᠴᠢᠨ ᠤ ᠬᠤᠳᠠᠯᠳᠤᠭᠠᠨ ᠤ ᠲᠠᠭᠠᠳᠬᠠᠯ᠂ ᠠᠷᠠᠳ ᠤᠨ ᠶᠠᠪᠤᠳᠠᠯ ᠤᠨ | ᠡᠮ ᠡᠮᠨᠡᠯᠭᠡ ᠶᠢᠨ ᠲᠤᠰᠠᠯᠠᠮᠵᠢ᠂ ᠡᠷᠡᠬᠦᠯ ᠮᠡᠨᠳᠤ ᠶᠢᠨ ᠬᠤᠳᠠᠯᠳᠤᠭᠠᠨ ᠤ ᠨᠦᠬᠦᠪᠤᠷᠢᠯᠡᠬᠦ ᠲᠠᠭᠠᠳᠬᠠᠯ᠂ ᠶᠠᠳᠠᠭᠤ ᠠᠴᠠ ᠠᠩᠬᠢᠵᠢᠷᠠᠭᠤᠯᠬᠤ ᠡᠮ ᠡᠮᠨᠡᠯᠭᠡ ᠶᠢᠨ | ᠨᠦᠬᠦᠪᠤᠷᠢ᠂ ᠨᠡᠶᠢᠭᠡᠮ ᠤᠨ ᠲᠤᠰᠠᠯᠠᠮᠵᠢ ᠵᠡᠷᠬᠡ ︽ᠵᠢᠷᠭᠤᠭᠠᠨ ᠲᠠᠪᠬᠤᠷᠭ᠎ᠠ︾ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠪᠠᠳᠤᠯᠠᠭ᠎ᠠ ᠶᠢᠨ | ᠲᠤᠤᠷ ᠢᠶᠠᠨ ᠨᠢᠭᠲᠠᠷᠠᠭᠤᠯᠵᠤ᠂ ᠵᠠᠪᠰᠠᠷ ᠤᠨ ᠡᠷᠦᠬᠡ᠂ ᠪᠠᠳᠤᠳᠬᠠᠨ ᠲᠡᠮᠵᠢᠬᠦ ᠡᠷᠦᠬᠡ ᠶᠢᠨ ᠬᠢᠨ ᠤ ᠡᠪᠡᠳᠴᠢᠨ ᠭᠠᠮᠰᠢᠭ ᠠᠴᠠ ᠪᠤᠯᠵᠤ ᠶᠠᠳᠠᠭᠤᠷᠠᠬᠤ᠂ | ᠲᠠᠬᠢᠨ ᠶᠠᠳᠠᠭᠤᠷᠠᠬᠤ ᠶᠢ ᠰᠡᠷᠬᠡᠶᠢᠯᠡᠨ᠎ᠡ᠃ ᠠᠰᠢᠭ ᠤᠷᠤᠯᠭ᠎ᠠ ᠶᠢᠨ ᠬᠠᠮᠲᠤᠷᠠᠭᠰᠠᠨ ᠲᠤᠭᠳᠠᠴᠠᠳᠤ ᠲᠦᠷᠦᠯ ᠵᠦᠢᠯ ᠤᠨ ᠪᠡᠯᠡ ᠮᠦᠩᠬᠦ ᠲᠤᠬᠢᠷᠠᠭᠤᠯᠵᠤ | ᠬᠤᠷᠰᠢᠶ᠎ᠠ᠂ ᠲᠡᠵᠢᠭᠡᠨ ᠦᠷᠡᠵᠢᠬᠦᠯᠬᠦ ᠲᠤᠮᠤ ᠡᠷᠦᠬᠡ ᠪᠤᠯᠤᠨ ᠶᠠᠳᠠᠭᠤ ᠬᠦᠴᠢᠷᠳᠡᠯᠲᠠᠢ ᠡᠷᠦᠬᠡ ᠶᠢᠨ ᠬᠤᠭᠤᠷᠣᠨᠳᠣᠬᠢ ᠠᠰᠢᠭ ᠤᠷᠤᠯᠭ᠎ᠠ ᠪᠠᠨ | ᠬᠠᠮᠳᠤᠳᠬᠠᠭᠰᠠᠨ ᠬᠠᠷᠢᠴᠠᠭ᠎ᠠ ᠪᠦᠷᠢᠯᠳᠦᠬᠦ ᠶᠢ ᠠᠬᠢᠭᠤᠯᠤᠨ ᠶᠠᠳᠠᠭᠤ ᠬᠦᠴᠢᠷᠳᠡᠯᠲᠠᠢ ᠬᠦᠮᠦᠨ ᠠᠮᠠ ᠶᠢ ᠲᠠᠭᠠᠭᠤᠯᠤᠨ ᠬᠦᠭᠵᠢᠬᠦᠯᠥᠨ᠎ᠠ᠃ ᠶᠠᠳᠠᠭᠤ ᠶᠢ | ᠲᠡᠳᠬᠦᠬᠦ ᠠᠵᠢᠯ ᠢ ᠵᠤᠷᠢᠭ ᠰᠥᠰᠥ ᠬᠦᠪᠴᠢᠯᠡᠬᠦ᠂ ᠤᠢ ᠪᠢᠯᠢᠭ ᠬᠤᠷᠴᠠᠯᠠᠬᠤ ᠲᠠᠢ ᠤᠶᠠᠯᠳᠤᠭᠤᠯᠵᠤ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ 1000 | ᠬᠦᠮᠦᠨ ᠤᠳᠠᠭ᠎ᠠ ᠠᠴᠠ ᠲᠡᠭᠡᠭᠰᠢ ᠡᠷᠬᠢᠯᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠵᠤ ᠪᠠᠶᠠᠵᠢᠯ ᠢᠶᠠᠷ ᠵᠠᠮᠨᠠᠬᠤ ᠲᠤᠳᠤᠭᠠᠳᠤ | ᠬᠦᠳᠡᠯᠭᠡᠭᠴᠢ ᠬᠦᠴᠦᠨ ᠪᠠ ᠦᠪᠡᠷᠳᠡᠭᠡᠨ ᠬᠦᠭᠵᠢᠬᠦ ᠴᠢᠳᠠᠪᠤᠷᠢ ᠶᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠤ ᠲᠤᠰᠬᠠᠢ ᠲᠦᠷᠥᠯ ᠤᠨ | ᠬᠢᠨᠠᠨ ᠪᠤᠳᠤᠯᠳᠠ ᠶᠢ ᠦᠷᠨᠢᠬᠦᠯᠵᠦ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠡᠷᠡᠭᠯᠡᠭᠡ ᠶᠢ ᠲᠦᠷᠢᠮᠵᠢᠬᠦᠯᠵᠦ᠂ ᠪᠦᠬᠦᠶᠢᠯᠡ ᠪᠡᠯᠡ ᠮᠦᠩᠬᠦ ᠪᠠ ᠲᠦᠷᠦᠯ | ᠵᠦᠢᠯ ᠤᠨ ᠲᠤᠬᠢᠷᠠᠭᠤᠯᠤᠯᠳᠠ ᠶᠢ ᠨᠡᠶᠢᠬᠡᠮ ᠲᠠᠶᠠᠭᠠᠷ ᠲᠤ ᠨᠡᠶᠢᠳᠡᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠬᠦᠯᠢᠶᠡᠨ ᠶᠠᠳᠠᠭᠤ ᠶᠢ ᠲᠡᠳᠬᠦᠬᠦ ᠦᠷ᠎ᠡ | ᠪᠦᠳᠦᠮᠵᠢ ᠶᠢᠨ ᠰᠢᠯᠭᠠᠯᠳᠠ ᠶᠢ ᠲᠠᠭᠠᠭᠠᠵᠤ ᠭᠠᠷᠬᠤ ᠶᠢ ᠪᠠᠳᠤᠯᠠᠨ᠎ᠠ᠃ | ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ ᠬᠦᠬᠡᠮᠳᠦᠭ ᠨᠤᠭᠤᠭᠠᠨ ᠠᠭᠤᠯᠠ ᠤᠰᠤ ᠠᠯᠳᠠ | ᠠᠴᠠ ᠦᠨᠡᠳᠡᠢ ᠠᠮᠢᠨ ᠡᠷᠳᠡᠨᠢ ᠬᠡᠬᠦ ᠣᠶᠢᠯᠠᠭᠠᠭᠳᠠᠬᠤᠨ ᠢ ᠪᠠᠲᠤ ᠪᠥᠷᠢᠯᠳᠤᠭᠦᠯᠵᠤ᠂ ᠪᠡᠬᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠢᠷᠡᠯᠲᠠ ᠶᠢ | ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠪᠠᠶᠢᠭᠠᠯᠢᠭ ᠤᠢ ᠰᠢᠭᠤᠢ ᠶᠢᠨ ᠬᠠᠮᠠᠭᠠᠯᠠᠯᠳᠠ ᠵᠡᠷᠬᠡ ᠠᠮᠢ ᠠᠬᠤᠢ ᠶᠢᠨ ᠢᠨᠵᠧᠨᠧᠷᠢᠩ ᠢ ᠰᠠᠶᠢᠳᠤᠷ | ᠵᠤᠬᠢᠶᠠᠨ ᠪᠠᠶᠢᠭᠤᠯᠵᠤ ᠬᠡᠷᠡᠭᠵᠢᠭᠦᠯᠦᠨ ᠨᠤᠳᠤᠭ ᠤᠰᠤ ᠪᠠᠨ ᠨᠤᠭᠤᠭᠠᠷᠠᠭᠤᠯᠬᠤ ᠠᠵᠢᠯᠯᠠᠭᠠᠨ ᠦᠷᠨᠢᠬᠦᠯᠵᠦ᠂ ᠤᠷᠴᠢᠨ ᠲᠤᠭᠤᠷᠢᠨ ᠤ ᠰᠠᠭᠤᠷᠢ ᠪᠠᠭᠳᠠᠭᠠᠮᠵᠢ | ᠶᠢ ᠨᠡᠮᠡᠭᠳᠡᠬᠦᠯᠦᠨ ᠵᠢᠯ ᠤᠨ ᠲᠤᠳᠤᠷ᠎ᠠ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 12 ᠲᠦᠮᠡᠨ ᠮᠤ᠋᠂ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ 128 ᠲᠦᠮᠡᠨ ᠮᠤ᠋᠂ ᠤᠰᠤ ᠬᠦᠷᠦᠰᠦᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ | 21 ᠲᠦᠮᠡᠨ ᠮᠤ᠋ ᠪᠡᠶᠡᠯᠡᠬᠦᠯᠦᠨ᠎ᠡ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ | ᠦᠷᠨᠢᠬᠦᠯᠵᠦ ᠡᠯ᠎ᠡ ᠲᠦᠷᠦᠯ ᠤᠨ ᠪᠤᠬᠢᠷᠳᠤᠯ ᠤᠨ ᠰᠤᠷᠪᠤᠯᠵᠢ᠂ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠦᠬᠦᠭᠡᠷᠦᠮᠵᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠤᠶᠢᠯᠠᠭᠠᠨ᠎ᠠ᠃ ︽ᠦᠦᠰᠢᠨ ᠬᠤᠰᠢᠭᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ | ᠤᠨ ᠠᠵᠢᠯ ᠤᠨ ᠲᠦᠯᠦᠪᠵᠢᠭᠦᠯᠬᠡ︾ ᠶᠢ ᠡᠷᠡᠰ ᠲᠤᠤᠱᠯᠠᠭᠤᠯᠤᠨ ᠠᠭᠠᠷ ᠮᠠᠨᠳᠠᠯ᠂ ᠤᠰᠤ᠂ ᠬᠦᠷᠦᠰᠦᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠦᠯᠡᠴᠡ | ᠪᠠᠨ ᠴᠢᠩᠭᠠᠳᠬᠠᠨ ᠭᠤᠤᠯᠳᠠᠯᠭᠠᠳᠤ ᠠᠵᠤ ᠠᠬᠤᠶᠢᠯᠠᠯ᠂ ᠬᠦᠷᠢᠶ᠎ᠡ ᠴᠠᠷᠠᠭᠠᠨ ᠤ ᠲᠤᠰᠬᠠᠢ ᠴᠡᠭᠴᠡᠯᠡᠯᠳᠡ ᠶᠢ ᠦᠷᠨᠢᠬᠦᠯᠵᠦ ᠡᠯ᠎ᠡ ᠬᠦᠷᠢᠶᠡᠯᠡᠩ ᠲᠤᠭᠤᠷᠢᠭ᠂ | ᠰᠤᠮᠤ ᠪᠠᠯᠭᠠᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠦᠭᠦᠬᠡᠷᠦᠮᠵᠢ ᠶᠢ ᠲᠡᠭᠦᠯᠳᠡᠷᠵᠢᠬᠦᠯᠦᠨ ᠵᠥᠩ ᠲᠢᠶᠡᠨ ᠾᠧ ᠴᠤᠸᠠᠩ ᠺᠣᠮᠫᠠᠨᠢ | ᠶᠢᠨ ᠠᠭᠤᠷᠬᠠᠢ ᠶᠢᠨ ᠬᠤᠳᠳᠤᠭ ᠤᠨ ᠤᠰᠤ ᠶᠢ ᠬᠦᠨᠵᠡᠬᠡᠢ ᠰᠢᠢᠳᠪᠤᠷᠢᠯᠡᠬᠦ ᠦᠢᠯᠡᠳᠪᠤᠷᠢ ᠵᠡᠷᠬᠡ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠦᠯ ᠵᠦᠢᠯ | ᠢ ᠪᠠᠶᠢᠭᠤᠯᠤᠨ᠎ᠠ᠃ ᠲᠤᠮᠤ ᠬᠡᠯᠪᠡᠷᠢ ᠶᠢᠨ ᠠᠵᠤ ᠠᠬᠤᠶᠢᠯᠠᠯ ᠦᠪᠡᠷ ᠤᠨ ᠮᠡᠷᠭᠡᠵᠢᠯ ᠤᠨ ᠲᠠᠪᠠᠭᠤᠯᠢᠭ ᠲᠤ ᠪᠠᠨ ᠲᠦᠰᠢᠭᠯᠡᠨ ᠭᠤᠷᠪᠠᠳᠤᠭᠠᠷ ᠡᠳᠡᠭᠡᠳ ᠤᠨ | ᠪᠤᠬᠢᠷᠳᠤᠯ ᠢ ᠵᠠᠰᠠᠬᠤ ᠺᠤᠮᠫᠠᠨᠢ ᠪᠠᠶᠢᠭᠤᠯᠤᠨ ᠲᠤᠰᠬᠠᠢ ᠮᠡᠷᠭᠡᠵᠢᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠬᠠᠮᠢᠶᠠᠷᠤᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢᠨ ᠲᠤᠭᠳᠠᠴᠠ ᠶᠢᠨ | ᠪᠠᠶᠢᠭᠤᠯᠤᠯᠳᠠ ᠪᠠᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢ ᠦᠭᠴᠡᠭᠡᠨ ᠤ ᠬᠦᠰᠦᠨᠦᠭᠳᠦ ᠶᠢ ᠲᠣᠭᠤᠷᠪᠢᠨ | ᠨᠠᠶᠢᠷᠠᠭᠤᠯᠬᠤ ᠪᠤᠯᠤᠨ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠪᠤᠳᠠᠳᠤ ᠬᠡᠮᠵᠢᠶᠡᠨ ᠤ | ᠪᠦᠷᠢᠳᠭᠡᠯ ᠢ ᠪᠡᠶᠡᠯᠡᠬᠦᠯᠦᠨ᠎ᠡ᠃ ︽ᠭᠤᠤᠯ ᠤᠨ ᠳᠠᠷᠤᠭ᠎ᠠ ᠶᠢᠨ ᠲᠥᠷᠢᠮ︾᠂ ︽ᠨᠠᠭᠤᠷ ᠤᠨ ᠳᠠᠷᠤᠭ᠎ᠠ ᠶᠢᠨ ᠲᠥᠷᠢᠮ︾ ᠪᠤᠯᠤᠨ ᠲᠤᠰᠢᠶᠠᠯ ᠠᠴᠠ ᠪᠠᠨ | ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠪᠤᠳᠤᠯᠳᠠ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠡᠷᠬᠡ ᠲᠦᠷᠢᠮ ᠲᠤᠭᠳᠠᠭᠠᠯ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ ᠪᠡᠯᠴᠢᠭᠡᠷᠯᠡᠬᠦᠯᠬᠦ ᠶᠢ ᠬᠤᠷᠢᠭᠯᠠᠬᠤ᠂ ᠣᠷᠣᠨ ᠬᠤᠪᠢᠶᠠᠨ ᠡᠬᠡᠯᠵᠢᠯᠡᠨ ᠮᠠᠯᠵᠢᠬᠤ᠂ ᠰᠡᠯᠭᠦᠨ ᠮᠠᠯᠵᠢᠬᠤ ᠲᠦᠷᠢᠮ ᠢ ᠴᠢᠩᠭ᠎ᠠ | ᠬᠡᠷᠡᠭᠵᠢᠬᠦᠯᠵᠦ᠂ ᠬᠠᠮᠳᠤᠷᠠᠨ ᠬᠠᠤᠯᠢ ᠬᠡᠷᠡᠭᠵᠢᠬᠦᠯᠬᠦ ᠶᠢ ᠴᠢᠩᠭᠠᠳᠬᠠᠨ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ | ᠦᠭᠬᠦᠨ᠎ᠡ᠃ | ︵ᠭᠤᠷᠪᠠ︶ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠬᠦᠨᠵᠡᠭᠡᠢ ᠲᠦᠯᠬᠢᠨ ᠠᠬᠢᠭᠤᠯᠵᠤ᠂ ᠦᠨᠳᠦᠷ ᠴᠢᠨᠰᠠᠭᠠᠳᠤ ᠬᠦᠭᠵᠢᠯᠳᠡ ᠶᠢ | ᠠᠬᠢᠭᠤᠯᠤᠨ᠎ᠠ᠃ ᠦᠬᠡᠷᠡᠴᠢᠯᠡᠯᠳᠡ ᠶᠢᠨ ᠵᠤᠷᠢᠭ ᠰᠠᠨᠠᠭ᠎ᠠ ᠪᠠ ᠰᠠᠳᠬᠢᠬᠦᠢ ᠪᠠᠷ ᠠᠵᠢᠯ ᠢᠶᠠᠨ ᠪᠠᠶᠢᠷᠢᠯᠠᠭᠤᠯᠤᠨ ᠶᠠᠪᠤᠭᠳᠠᠭᠤᠯᠵᠤ ᠬᠦᠭᠵᠢᠯᠳᠡ ᠶᠢᠨ ᠬᠦᠴᠢᠷ | ᠠᠰᠠᠭᠤᠳᠠᠯ ᠢ ᠰᠢᠢᠳᠪᠤᠷᠢᠯᠡᠬᠦ ᠶᠢ ᠪᠠᠷᠢᠮᠳᠠᠯᠠᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠳᠡᠯᠭᠡᠭᠴᠢ ᠬᠦᠴᠦᠨ᠂ ᠠᠮᠢᠵᠢᠷᠠᠯ ᠤᠨ ᠬᠦᠴᠦᠨ ᠨᠠᠮᠠᠷᠢᠯᠠᠨ᠎ᠠ᠃ | | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠬᠡᠷᠡᠭᠴᠡᠭᠡ ᠦᠭᠡᠢ ᠬᠠᠩᠭᠠᠯᠭ᠎ᠠ ᠶᠢ ᠡᠪᠳᠡᠨ | ᠰᠢᠯᠵᠢᠬᠦᠯᠦᠨ ᠵᠠᠯᠭᠠᠵᠤ ᠦᠬᠡᠷᠡᠴᠢᠯᠡᠬᠦ᠂ ᠨᠡᠶᠢᠯᠡᠬᠦᠯᠵᠦ ᠲᠠᠬᠢᠨ ᠴᠤᠭᠴᠠᠯᠠᠬᠤ᠂ ᠦᠮᠴᠢᠯᠡᠬᠦ ᠡᠷᠬᠡ ᠶᠢ ᠰᠢᠯᠵᠢᠬᠦᠯᠦᠨ ᠦᠭᠬᠦ ᠵᠡᠷᠬᠡ ᠠᠷᠭ᠎ᠠ ᠪᠠᠷᠢᠯ ᠢᠶᠠᠷ | ᠲᠠᠮᠵᠢᠨ ᠨᠢᠭᠡ ᠪᠦᠯᠦᠭ ᠦᠢᠯᠡᠳᠪᠤᠷᠢᠯᠡᠯ ᠵᠤᠭᠰᠤᠭᠰᠠᠨ᠂ ᠪᠠᠶᠢᠭᠤᠯᠤᠯᠳᠠ ᠵᠤᠭᠰᠤᠭᠰᠠᠨ ᠲᠦᠷᠦᠯ ᠵᠦᠢᠯ ᠳᠤ ᠠᠮᠢᠵᠢᠷᠠᠯ ᠤᠷᠤᠭᠤᠯᠵᠤ᠂ ᠡᠬᠢ ᠪᠠᠶᠠᠯᠢᠭ ᠤᠨ | ᠴᠢᠬᠤᠯᠠ ᠡᠯᠧᠮᠧᠨ᠋ᠲ ᠤᠨ ᠠᠰᠢᠭᠯᠠᠮᠵᠢ ᠶᠢ ᠲᠡᠭᠡᠭᠰᠢᠯᠡᠬᠦᠯᠦᠨ᠎ᠡ᠃ ᠰᠤᠯᠠ ᠤᠷᠬᠢᠭᠰᠠᠨ ᠠᠯᠪᠠᠯᠠᠬᠤ ᠲᠠᠯᠠᠪᠤᠷ ᠢ ᠰᠤᠯᠠᠳᠬᠠᠨ ᠪᠤᠴᠠᠭᠠᠵᠤ ᠨᠡᠶᠢᠭᠡᠮ ᠲᠤᠭᠤᠷᠢᠭ | ᠤᠨ ᠬᠦᠳᠡᠯᠭᠡᠭᠡᠨ ᠤ ᠲᠦᠪ ᠵᠡᠷᠬᠡ ᠤᠯᠠᠨ ᠨᠡᠶᠢᠳᠡ ᠶᠢᠨ ᠦᠢᠯᠡᠴᠢᠯᠡᠭᠡᠨ ᠤ ᠲᠠᠯᠠᠪᠤᠷ ᠪᠤᠯᠭᠠᠨ ᠦᠬᠡᠷᠡᠴᠢᠯᠡᠨ ᠪᠠᠶᠢᠭᠤᠯᠵᠤ᠂ ᠤᠯᠠᠨ ᠠᠷᠭ᠎ᠠ ᠶᠢ ᠬᠠᠮᠳᠤ ᠳᠤᠨᠢ | ᠬᠡᠷᠡᠭᠯᠡᠨ ᠬᠡᠷ ᠪᠠᠶᠢᠰᠢᠩ ᠭᠠᠵᠠᠷ ᠬᠦᠷᠦᠩᠭᠡ ᠶᠢᠨ ᠬᠦᠮᠦᠷᠬᠡᠯᠡᠯᠳᠡ ᠶᠢ ᠰᠢᠢᠳᠪᠣᠷᠢᠯᠡᠬᠦ ᠭᠤᠷᠪᠠᠨ ᠵᠢᠯ ᠤᠨ ᠡᠬᠦᠷᠬᠡ ᠶᠢ ᠪᠡᠶᠡᠯᠡᠬᠦᠯᠵᠦ ᠬᠡᠷ ᠪᠠᠶᠢᠰᠢᠩ ᠭᠠᠵᠠᠷ | ᠬᠦᠷᠦᠩᠬᠡ ᠶᠢᠨ ᠵᠠᠬ᠎ᠠ ᠲᠡᠯᠭᠡᠭᠦᠷ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠰᠢᠨ᠎ᠡ ᠬᠦᠳᠡᠯᠭᠡᠭᠴᠢ ᠬᠦᠴᠦᠨ ᠢ ᠪᠤᠶᠢᠵᠢᠭᠤᠯᠤᠨ ᠬᠦᠭᠵᠢᠬᠦᠯᠵᠦ᠂ ᠰᠢᠨ᠎ᠡ ᠶᠢ | ᠡᠬᠦᠳᠬᠦ ᠪᠠᠷ ᠬᠦᠳᠡᠯᠭᠡᠭᠴᠢ ᠪᠤᠯᠭᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ ᠠᠵᠤ ᠦᠢᠯᠡᠳᠪᠤᠷᠢᠵᠢᠯᠡᠯᠳᠡ ᠪᠤᠯᠤᠨ ᠮᠡᠳᠡᠭᠡ ᠵᠠᠩᠬᠢᠴᠢᠯᠠᠯᠳᠡ | ᠬᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠵᠤ ᠨᠡᠭᠦᠷᠡᠰᠦ ᠮᠠᠯᠳᠠᠬᠤ᠂ ᠮᠠᠯ ᠲᠠᠷᠢᠶᠠᠯᠠᠩ ᠤᠨ ᠦᠢᠯᠡᠳᠪᠤᠷᠢᠯᠡᠯ ᠵᠡᠷᠬᠡ ᠬᠦᠷᠢᠶ᠎ᠡ ᠴᠠᠷᠠᠭᠠᠨ ᠳᠤ ᠰᠢᠨ᠎ᠡ | ᠮᠡᠷᠭᠡᠵᠢᠯ᠂ ᠰᠢᠨ᠎ᠡ ᠪᠦᠳᠦᠭᠡᠭᠳᠡᠬᠦᠨ ᠬᠡᠷᠡᠭᠯᠡᠬᠦ ᠶᠢ ᠦᠷᠭᠡᠨ ᠢᠶᠠᠷ ᠲᠡᠯᠭᠡᠷᠡᠬᠦᠯᠦᠨ᠎ᠡ᠃ ᠪᠤᠳᠠᠳᠤ ᠴᠤᠭᠴᠠᠳᠤ ᠠᠵᠤ ᠠᠬᠤᠢ ᠶᠢᠨ ᠦᠪᠡᠷ ᠤᠨ ᠦᠷᠳᠡᠭ ᠢ | ᠪᠠᠭᠤᠷᠠᠭᠤᠯᠵᠤ᠂ ᠠᠵᠤ ᠠᠬᠤᠶᠢᠯᠠᠯ ᠠᠴᠠ ᠰᠦᠢᠳᠭᠡᠯ ᠬᠤᠷᠢᠶᠠᠬᠤ ᠶᠢ ᠴᠡᠭᠴᠡᠯᠡᠨ ᠲᠦᠷᠢᠮᠵᠢᠬᠦᠯᠵᠦ ᠭᠠᠶᠢᠯᠢ ᠶᠢ ᠪᠠᠭᠠᠰᠬᠠᠨ ᠰᠦᠢᠳᠬᠡᠯ ᠢ ᠪᠠᠭᠤᠷᠠᠭᠤᠯᠬᠤ | ᠵᠡᠷᠬᠡ ᠦᠪᠡᠷ ᠤᠨ ᠦᠷᠳᠡᠭ ᠢ ᠪᠠᠭᠠᠰᠬᠠᠨ ᠠᠰᠢᠭ ᠤᠷᠤᠯᠭ᠎ᠠ ᠶᠢ ᠨᠡᠮᠡᠭᠳᠡᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ | ᠴᠠᠬᠢᠯᠭᠠᠨ ᠬᠦᠴᠦᠨ ᠤ ᠤᠯᠠᠨ ᠲᠠᠯᠠᠳᠤ ᠠᠷᠠᠯᠵᠢᠶ᠎ᠠ ᠳᠤ ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠤᠨ ᠪᠠᠷᠠᠭᠠᠨ ᠭᠦᠢᠯᠭᠡᠭᠡ᠂ ᠪᠡᠯᠡ ᠬᠤᠷᠠᠮᠳᠣᠭᠤᠯᠭ᠎ᠠ᠂ | ᠡᠨᠧᠷᠬᠢ ᠶᠢᠨ ᠬᠡᠷᠡᠭᠯᠡᠯᠳᠡ ᠵᠡᠷᠬᠡ ᠦᠢᠯᠡᠳᠪᠤᠷᠢᠯᠡᠯ ᠤᠨ ᠴᠢᠨᠠᠷᠳᠠᠢ ᠦᠪᠡᠷ ᠤᠨ ᠦᠷᠳᠡᠭ ᠢ ᠦᠷᠬᠦᠯᠵᠢᠯᠡᠨ ᠪᠠᠭᠠᠰᠬᠠᠵᠣ ᠠᠵᠤ ᠠᠬᠤᠶᠢᠯᠠᠯ ᠤᠨ ᠬᠥᠭᠵᠢᠯᠲᠠ | ᠶᠢᠨ ᠬᠡᠯᠪᠡᠷᠢ ᠪᠠᠨ ᠦᠭᠡᠷᠡᠴᠢᠯᠡᠨ ᠲᠡᠰ ᠲᠡᠪᠰᠢᠬᠦ ᠦᠷᠢᠰᠦᠯᠳᠦᠭᠴᠢ ᠬᠦᠴᠦᠨ ᠢ ᠨᠡᠮᠡᠭᠳᠡᠬᠦᠯᠦᠨ᠎ᠡ᠃ | ᠭᠤᠤᠯᠳᠠᠯᠭᠠᠳᠤ ᠬᠦᠷᠢᠶ᠎ᠠ ᠴᠠᠷᠠᠭᠠᠨ ᠤ ᠦᠬᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ ᠪᠦᠬᠦ ᠤᠯᠤᠰ ᠤᠨ ᠠᠵᠤ ᠠᠬᠤᠢ ᠶᠢᠨ ᠲᠦᠷᠪᠡᠳᠦᠭᠡᠷ | ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠵᠦ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠤᠶᠢᠯᠠᠭᠠᠨ᠎ᠠ᠃ ᠠᠮᠢ | ᠠᠬᠤᠢ ᠶᠢᠨ ᠪᠤᠯᠪᠠᠰᠤᠨ ᠤ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠪᠡᠶᠡᠴᠢ ᠴᠤᠭᠴᠠ ᠶᠢᠨ ᠴᠢᠳᠠᠮᠵᠢᠳᠤ ᠤᠷᠤᠨ ᠤ ᠲᠦᠯᠦᠪᠵᠢᠭᠦᠯᠭᠡ | ᠶᠢ ᠨᠠᠶᠢᠳᠠᠪᠤᠷᠢᠵᠢᠭᠤᠯᠤᠨ ︽ᠤᠯᠠᠨ ᠲᠥᠯᠤᠪᠵᠢᠭᠦᠯᠭᠡ ᠶᠢ ᠨᠢᠭᠡᠳᠬᠡᠬᠦ︾ ᠶᠢ ᠲᠦᠯᠬᠢᠨ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ | ᠪᠠᠶᠢᠭᠤᠯᠤᠯᠳᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ ᠰᠤᠷᠭᠠᠭᠤᠯᠢ ᠶᠢᠨ ᠲᠠᠷᠤᠭ᠎ᠠ᠂ ᠴᠡᠴᠡᠷᠯᠢᠭ ᠤᠨ ᠲᠠᠷᠤᠭ᠎ᠠ ᠶᠢᠨ ᠡᠩᠨᠡᠭᠡᠨ ᠤ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠪᠠᠭᠰᠢ ᠶᠢᠨ ᠮᠤᠷᠠᠯ ᠰᠤᠷᠳᠠᠯ ᠤᠨ ᠬᠦᠮᠦᠵᠢᠯ ᠪᠠ ᠲᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠤᠨ ᠪᠠᠭᠰᠢ ᠶᠢᠨ | ᠲᠤᠰᠬᠠᠢ ᠮᠡᠷᠬᠡᠵᠢᠯ ᠤᠨ ᠬᠡᠪ ᠰᠣᠷᠳᠠᠯ ᠤᠨ ᠪᠤᠯᠪᠠᠰᠤᠷᠠᠯ ᠢ ᠴᠢᠩᠭᠠᠳᠬᠠᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ | ᠨᠡᠶᠢᠬᠡᠮ ᠤᠨ ᠬᠦᠷᠦᠩᠬᠡ ᠪᠠᠷ ᠡᠷᠬᠢᠯᠡᠬᠦ ᠶᠢ ᠵᠤᠷᠢᠭᠵᠢᠭᠤᠯᠵᠤ᠂ ᠴᠡᠴᠡᠷᠯᠢᠭ ᠲᠤ ᠤᠷᠤᠬᠤ ᠳᠤ ᠬᠦᠴᠢᠷᠳᠡᠢ ᠵᠡᠷᠬᠡ ᠠᠰᠠᠭᠤᠳᠠᠯ ᠢ ᠰᠢᠢᠳᠪᠤᠷᠢᠯᠡᠨ᠎ᠡ᠃ ᠡᠮ | ᠡᠮᠨᠡᠯᠭᠡ ᠡᠷᠡᠬᠦᠯ ᠬᠠᠮᠠᠭᠠᠯᠠᠯ ᠤᠨ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ ᠡᠮᠴᠢᠯᠡᠭᠡ᠂ ᠡᠮᠨᠡᠯᠭᠡ ᠶᠢᠨ ᠲᠠᠭᠠᠳᠬᠠᠯ᠂ ᠡᠮ ᠤᠨ ᠵᠦᠢᠯᠡᠰ ᠤᠨ | ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠲᠦᠷᠭᠡᠳᠭᠡᠨ ᠪᠦᠷᠢᠨᠰᠢᠬᠦᠯᠦᠨ᠎ᠡ᠃ | ᠠᠮᠤ ᠪᠤᠳᠠᠭ᠎ᠠ ᠬᠤᠷᠢᠶᠠᠵᠤ ᠨᠦᠬᠡᠴᠡᠯᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠬᠢ ᠰᠢᠯᠢᠳᠡᠭ ᠠᠮᠤ ᠪᠤᠳᠠᠭᠠᠨ ᠤ ᠢᠨᠵᠧᠨᠧᠷᠢᠩ ᠢ | ᠬᠡᠷᠡᠭᠵᠢᠭᠦᠯᠦᠨ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ ᠮᠠᠯᠴᠢᠨ | ᠲᠠᠷᠢᠶᠠᠴᠢᠨ ᠤ ︽ᠠᠮᠤ ᠪᠤᠳᠠᠭ᠎ᠠ ᠪᠠᠨ ᠪᠤᠷᠤᠯᠠᠭᠤᠯᠬᠤ ᠳᠤ ᠬᠦᠴᠢᠷ︾᠂ ︽ᠠᠮᠤ ᠪᠤᠳᠠᠭ᠎ᠠ ᠪᠠᠨ ᠨᠦᠬᠡᠴᠡᠯᠡᠬᠦ ᠳᠤ ᠬᠦᠴᠢᠷ︾ ᠠᠰᠠᠭᠤᠳᠠᠯ ᠢ | ᠰᠢᠢᠳᠪᠤᠷᠢᠯᠡᠨ᠎ᠡ᠃ ᠭᠠᠴᠠᠭ᠎ᠠ ᠳᠤᠰᠬᠤᠨ ᠢ ᠳᠡᠳᠬᠦᠨ ᠳᠡᠮᠵᠢᠬᠦ ᠪᠠ ᠵᠢᠯᠣᠭᠤᠳᠣᠨ ᠦᠵᠡᠯ ᠰᠠᠨᠠᠭᠠᠨ ᠤ ᠬᠦᠯᠢᠶᠡᠰᠦᠯᠡᠯ᠂ ᠣᠷᠣᠨ ᠪᠥᠰᠡ ᠪᠠ ᠠᠵᠢᠯ ᠲᠥᠷᠥᠯ | ᠤᠨ ᠬᠢᠵᠠᠭᠠᠷᠯᠠᠯ ᠢ ᠡᠪᠳᠡᠵᠤ ᠬᠦᠷᠦᠩᠭᠡ ᠶᠢᠨ ᠨᠠᠶᠢᠯᠡᠯ ᠢ ᠲᠣᠪᠥᠶᠢᠯᠭᠠᠨ ᠠᠵᠤ ᠠᠬᠤᠶᠢᠯᠠᠯ ᠤᠨ ᠠᠭᠤᠰᠣᠯᠴᠠᠯ ᠢ ᠴᠢᠩᠭᠠᠳᠬᠠᠵᠣ ᠠᠵᠣ ᠣᠶᠢᠯᠡᠰ ᠤᠨ | ᠬᠠᠮᠳᠣᠷᠠᠯ ᠴᠣᠭᠴᠠ᠂ ᠳᠣᠮᠣ ᠳᠠᠷᠢᠶᠠᠯᠠᠩ ᠮᠠᠯᠵᠢᠯ ᠤᠨ ᠳᠠᠯᠠᠪᠠᠢ ᠵᠡᠷᠬᠡ ᠣᠯᠠᠨ ᠲᠦᠷᠥᠯ ᠤᠨ ᠬᠠᠮᠳᠣ ᠶᠢᠨ ᠠᠵᠣ ᠠᠬᠤᠢ ᠶᠢᠨ ᠪᠡᠶᠡᠯᠡᠭᠳᠡᠬᠦ ᠬᠡᠯᠪᠠᠷᠢ ᠶᠢ | ᠰᠦᠪᠡᠭᠴᠢᠯᠡᠨ ᠬᠦᠭᠵᠢᠬᠦᠯᠥᠨ᠎ᠠ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ ᠨᠡᠶᠢᠳᠡ ᠶᠢᠨ ᠪᠤᠰᠤ | ᠦᠮᠴᠢᠯᠡᠯᠳᠦ ᠠᠵᠤ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ ᠠᠵᠢᠯᠴᠢᠨ ᠤ ᠡᠪᠯᠡᠯ᠂ ᠡᠮᠡᠭᠳᠡᠶᠢᠴᠦᠳ ᠤᠨ ᠬᠤᠯᠪᠤᠭ᠎ᠠ ᠵᠡᠷᠬᠡ ᠤᠯᠠᠨ ᠲᠦᠮᠡᠨᠴᠢ | ᠵᠤᠬᠢᠶᠠᠨ ᠪᠠᠶᠢᠭᠤᠯᠤᠯᠳᠠ ᠶᠢᠨ ᠦᠬᠡᠷᠡᠴᠢᠯᠡᠯᠳᠡ ᠶᠢ ᠲᠡᠮᠵᠢᠵᠦ ᠨᠡᠶᠢᠭᠡᠮ ᠤᠨ ᠨᠦᠯᠦᠭᠡᠯᠡᠬᠦ ᠬᠦᠴᠦᠨ ᠢ ᠦᠷᠭᠡᠳᠭᠡᠨ᠎ᠡ᠃ ᠠᠮᠤᠷ ᠲᠥᠪᠰᠢᠨ ᠦᠢᠯᠡᠳᠪᠤᠷᠢᠯᠡᠯ | ᠤᠨ ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠥᠪᠰᠢᠨ ᠦᠢᠯᠡᠳᠪᠤᠷᠢᠯᠡᠯ ᠤᠨ ᠢᠳᠡᠭᠡᠮᠵᠢ ᠶᠢᠨ ᠲᠠᠩᠰᠠ | ᠶᠢ ᠪᠠᠶᠢᠭᠤᠯᠤᠨ ᠪᠦᠷᠢᠨᠰᠢᠬᠦᠯᠵᠦ ᠬᠠᠤᠯᠢ ᠲᠦᠷᠢᠮ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠬᠦᠴᠦᠯᠡᠴᠡ ᠪᠠᠨ ᠴᠢᠩᠭᠠᠳᠬᠠᠨ᠎ᠠ᠃ ᠲᠤᠳᠤᠭᠠᠳᠤ ᠶᠢ | ᠬᠠᠮᠠᠭᠠᠯᠠᠬᠤ ᠶᠡᠷᠦᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠪᠠ ᠰᠦᠯᠳᠡ ᠰᠤᠮᠤᠨ ᠳᠠᠬᠢ ᠲᠤᠮᠢᠯᠠᠭᠰᠠᠨ ᠰᠠᠯᠪᠤᠷᠢ ᠶᠢᠨ ᠠᠯᠪᠠᠯᠠᠬᠤ ᠭᠠᠵᠠᠷ ᠢ ᠰᠢᠨ᠎ᠡ | ᠪᠠᠷ ᠪᠠᠶᠢᠭᠤᠯᠵᠤ᠂ ᠬᠠᠷᠠᠭᠠᠨ ᠳᠡᠪᠳᠡᠮᠵᠢᠲᠤ ᠬᠢᠨᠠᠨ ᠡᠵᠡᠮᠰᠢᠯ ᠢᠶᠠᠷ ᠭᠤᠣᠯᠯᠠᠭᠤᠯᠣᠭᠰᠠᠨ ᠮᠡᠷᠬᠡᠵᠢᠯ ᠤᠨ ᠰᠡᠷᠬᠡᠶᠢᠯᠡᠯᠳᠡ ᠶᠢᠨ ᠰᠢᠰᠲ᠋ᠧᠮ ᠢ ᠲᠡᠭᠦᠯᠳᠡᠷᠵᠢᠬᠦᠯᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠨ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠣᠰᠤ ᠠᠵᠢᠯᠯᠠᠭ᠎ᠠ᠂ | ᠠᠯᠪᠠᠳᠠᠯᠭ᠎ᠠ ᠪᠠᠷ ᠠᠷᠠᠯᠵᠢᠶᠠᠯᠠᠬᠤ ᠵᠢᠴᠢ ᠬᠡᠪ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠳᠠ ᠶᠢᠨ ᠡᠮᠬᠢ ᠲᠢᠭᠯᠢᠮ ᠢ ᠨᠦᠯᠦᠭᠡᠯᠡᠭᠰᠡᠨ ᠬᠠᠤᠯᠢ ᠵᠦᠷᠢᠴᠡᠭᠰᠡᠨ | ᠠᠵᠢᠯᠯᠠᠭ᠎ᠠ ᠳᠤ ᠬᠠᠤᠯᠢ ᠶᠤᠰᠤᠭᠠᠷ ᠬᠦᠨᠳᠦ ᠴᠤᠬᠢᠯᠳᠠ ᠦᠭᠴᠦ᠂ ᠤᠯᠠᠨ ᠲᠦᠮᠡᠨ ᠤ ᠤᠯᠠᠨ ᠨᠡᠶᠢᠳᠡ ᠶᠢᠨ ᠠᠮᠤᠷ ᠲᠦᠪᠰᠢᠨ ᠤ ᠤᠯᠤᠯᠳᠠ ᠲᠦᠷᠦᠭᠳᠡᠯ ᠢ | ᠲᠠᠰᠤᠷᠠᠯᠳᠠ ᠦᠭᠡᠢ ᠨᠡᠮᠡᠭᠳᠡᠬᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠬᠦᠯᠦᠨ᠎ᠡ᠃ ᠰᠣᠶᠣᠯ ᠣᠷᠠᠨ ᠰᠠᠳᠬᠢᠮᠵᠢ ᠶᠢᠨ ᠣᠶᠢᠯᠡᠰᠵᠢᠬᠦᠯᠥᠯᠳᠡ ᠶᠢᠨ ᠬᠦᠷᠢᠶᠡᠯᠡᠩ ᠤᠨ | ᠡᠵᠡᠩᠨᠡᠯᠳᠡ ᠶᠢ ᠰᠠᠶᠢᠳᠤᠷ ᠠᠳᠬᠤᠵᠤ᠂ ᠨᠡᠩ ᠤᠯᠠᠨ ᠰᠣᠶᠣᠯ ᠤᠨ ᠪᠦᠳᠦᠬᠡᠭᠳᠡᠬᠦᠨ ᠤ ᠦᠢᠯᠡᠳᠪᠤᠷᠢᠯᠡᠭᠴᠢ ᠶᠢ ᠳᠠᠶᠢᠴᠢᠯᠡᠨ ᠲᠠᠭᠠᠭᠤᠯᠵᠤ ᠬᠦᠷᠢᠶᠡᠯᠡᠩ | ᠲᠤᠭᠤᠷᠢᠭ ᠲᠤ ᠲᠦᠪᠯᠡᠷᠡᠭᠦᠯᠦᠨ ᠬᠦᠷᠢᠶᠠᠯᠠᠯ ᠪᠠ ᠨᠦᠯᠥᠬᠡᠯᠡᠯ ᠤᠨ ᠳᠠᠶᠢᠴᠢᠯᠡᠨ ᠳᠠᠭᠠᠭᠤᠯᠬᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠎ᠠ᠃ ᠤᠯᠠᠭᠠᠨᠮᠦ᠋ᠴᠢᠷ | ᠤᠨ ᠦᠭᠡᠷᠡᠴᠢᠯᠡᠯᠳᠡ ᠬᠦᠭᠵᠢᠯᠳᠡ ᠶᠢ ᠬᠦᠨᠳᠦᠳᠭᠡᠨ ᠦᠵᠡᠵᠦ ᠡᠯ᠎ᠡ ᠲᠦᠷᠦᠯ ᠤᠨ ᠰᠤᠶᠤᠯ ᠤᠷᠠᠯᠢᠭ ᠤᠨ ᠪᠦᠯᠬᠦᠮ ᠬᠦᠭᠵᠢᠨ ᠪᠤᠵᠠᠭᠠᠶᠢᠷᠠᠬᠤ ᠶᠢ ᠲᠡᠮᠵᠢᠵᠦ | ᠨᠢᠭᠡ ᠪᠦᠯᠦᠭ ᠰᠤᠶᠤᠯ ᠤᠷᠠᠯᠢᠭ ᠤᠨ ᠰᠤᠳᠤᠨ ᠪᠦᠳᠦᠭᠡᠯ ᠭᠠᠷᠭᠠᠵᠤ᠂ ᠭᠠᠳᠠᠭᠠᠳᠤ ᠯᠤᠭ᠎ᠠ ᠶᠢᠨ ᠰᠤᠯᠢᠯᠴᠠᠭ᠎ᠠ ᠶᠢ ᠢᠳᠡᠪᠬᠢᠳᠡᠢ ᠦᠷᠨᠢᠬᠦᠯᠦᠨ ᠦᠨᠳᠦᠰᠦᠳᠡᠨ | ᠤ ᠤᠯᠠᠮᠵᠢᠯᠠᠯᠳᠤ ᠰᠢᠯᠢᠳᠡᠭ ᠰᠤᠶᠤᠯ ᠢ ᠲᠡᠯᠭᠡᠷᠡᠭᠦᠯᠦᠨ᠎ᠡ᠃ ︽ᠪᠦᠬᠦ ᠣᠷᠣᠨ ᠪᠦᠰᠠ ᠶᠢᠨ ᠵᠢᠭᠤᠯᠴᠢᠯᠠᠯ︾ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ | ᠬᠦᠨᠵᠡᠭᠡᠢ ᠨᠠᠶᠢᠳᠠᠪᠤᠷᠢᠵᠢᠭᠤᠯᠵᠤ᠂ ᠰᠢᠷᠬᠤᠰᠤᠨ ᠭᠤᠤᠯ᠂ ᠪᠠᠶᠠᠨᠨᠠᠭᠤᠷ ᠤᠨ ᠲᠠᠯ᠎ᠠ ᠨᠤᠳᠤᠭ ᠵᠡᠷᠬᠡ ᠦᠵᠡᠮᠵᠢᠳᠤ ᠤᠷᠤᠨ ᠢ ᠨᠢᠭᠡ ᠴᠤᠭᠴᠠᠵᠢᠭᠤᠯᠤᠨ | ᠪᠠᠶᠢᠭᠤᠯᠵᠤ᠂ ᠤᠩᠭᠤᠨ ᠮᠠᠩᠬ᠎ᠠ ᠤᠯᠤᠰ ᠤᠨ ᠲᠡᠰ ᠤᠨ ᠡᠯᠡᠰᠣ ᠮᠠᠩᠬᠠᠨ ᠤᠨ ᠴᠡᠴᠡᠷᠯᠢᠭ ᠢ ᠨᠡᠭᠡᠭᠡᠨ ᠬᠦᠭᠵᠢᠬᠦᠯᠵᠦ᠂ ᠰᠢᠷᠬᠤᠰᠤ ᠤᠯᠤᠰ ᠤᠨ ᠲᠡᠰ ᠤᠨ | ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠦᠽᠸᠢ ᠶᠢᠨ ᠭᠤᠤᠯ ᠴᠤᠭᠴᠠ ᠶᠢᠨ ᠪᠠᠷᠢᠯᠭ᠎ᠠ ᠲᠠᠭᠤᠰᠬᠤ ᠶᠢ ᠪᠠᠳᠤᠯᠠᠨ᠎ᠠ︔ ᠦᠵᠡᠮᠵᠢ ᠶᠢᠨ ᠴᠢᠭ | ᠤᠨ ᠪᠡᠶᠡᠴᠢᠯᠡᠨ ᠤᠶᠢᠯᠠᠭᠠᠬᠤ ᠵᠢᠭᠤᠯᠴᠢᠯᠠᠯ ᠤᠨ ᠲᠦᠷᠦᠯ ᠵᠦᠢᠯ ᠢ ᠡᠯᠪᠡᠭᠵᠢᠬᠦᠯᠵᠦ ᠦᠨᠳᠦᠷ ᠴᠢᠨᠰᠠᠭᠠᠳᠤ ᠵᠢᠭᠤᠯᠴᠢᠯᠠᠯ ᠤᠨ ᠲᠠᠭᠤᠷᠢᠶᠠᠯ ᠡᠷᠦᠬᠡ ᠪᠠ | ᠰᠡᠯᠡᠬᠦᠴᠡᠨ ᠵᠢᠭᠤᠯᠴᠢᠯᠠᠬᠤ ᠮᠠᠯ ᠲᠠᠷᠢᠶᠠᠯᠠᠩ ᠤᠨ ᠳᠠᠯᠠᠪᠠᠢ ᠶᠢ 10 ᠡᠷᠦᠬᠡ ᠰᠢᠨ᠎ᠡ ᠪᠠᠷ ᠦᠭᠡᠷᠡᠴᠢᠯᠡᠨ ᠪᠠᠶᠢᠭᠤᠯᠵᠤ ᠮᠤᠩᠭᠤᠯ ᠬᠢᠳᠠᠳ ᠡᠮ ᠡᠮᠨᠡᠯᠭᠡ ᠡᠷᠡᠬᠦᠯ | ᠡᠩᠬᠡ ᠶᠢᠨ ᠵᠢᠭᠤᠯᠴᠢᠯᠠᠯ ᠤᠨ ᠲᠠᠭᠤᠷᠢᠶᠠᠯ ᠴᠢᠭ ᠶᠢ 1᠂ ᠦᠪᠡᠰᠦᠪᠡᠨ ᠲᠡᠷᠬᠡ ᠵᠢᠯᠤᠭᠤᠳᠴᠦ ᠵᠤᠭᠠᠴᠠᠬᠤ ᠪᠠᠭᠤᠴᠠ ᠦᠷᠳᠡᠭᠡ ᠶᠢ 5 ᠪᠠᠶᠢᠭᠤᠯᠵᠤ | ᠦᠪᠡᠷᠮᠢᠴᠡ ᠤᠨᠴᠠᠯᠢᠭᠳᠤ ᠬᠦᠳᠡᠭᠡ ᠨᠤᠳᠤᠭ ᠤᠨ ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠤᠰᠬᠤᠨ ᠢ 2 ᠪᠠᠶᠢᠭᠤᠯᠤᠨ ᠪᠦᠳᠦᠭᠡᠵᠦ᠂ ᠬᠦᠳᠡᠭᠡ ᠲᠤᠰᠬᠤᠨ | ᠤ ᠰᠤᠶᠤᠯ ᠵᠢᠭᠤᠯᠴᠢᠯᠠᠯ ᠠᠭᠤᠰᠤᠯᠴᠠᠨ ᠬᠦᠭᠵᠢᠬᠦ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠪᠣᠷᠣᠯᠠᠭᠤᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ | ᠤᠶᠢᠷ᠎ᠠ ᠬᠠᠪᠢ ᠶᠢᠨ ᠤᠷᠤᠨ ᠤ ᠵᠠᠬ᠎ᠠ ᠲᠡᠯᠭᠡᠬᠦᠷ ᠲᠤ ᠴᠢᠭᠯᠡᠬᠦᠯᠦᠨ ᠤᠨᠤᠪᠴᠢᠳᠠᠢ ᠪᠤᠷᠤᠯᠠᠭᠤᠯᠭ᠎ᠠ ᠦᠷᠨᠢᠬᠦᠯᠵᠦ᠂ ᠨᠦᠯᠦᠬᠡᠯᠡᠬᠦ ᠬᠦᠴᠦᠨ ᠪᠠ ᠨᠡᠷ᠎ᠡ ᠠᠯᠳᠠᠷ | ᠢᠶᠠᠨ ᠲᠡᠭᠡᠭᠰᠢᠯᠡᠬᠦᠯᠦᠨ᠎ᠡ᠃ ᠨᠡᠭᠦᠷᠡᠰᠦᠨ ᠤ ᠪᠠᠷᠠᠭᠠᠨ ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠤ ᠲᠡᠮᠦᠷ ᠵᠠᠮ᠂ ᠲᠡᠭᠡᠭᠡᠪᠦᠷᠢ ᠶᠢᠨ | ᠦᠷᠳᠡᠭᠡ ᠶᠢ ᠵᠤᠬᠢᠰᠳᠠᠢ ᠪᠠᠶᠢᠷᠢᠯᠠᠭᠤᠯᠤᠨ᠎ᠠ᠃ ᠢᠨᠲ᠋ᠧᠷ ᠰᠦᠯᠵᠢᠶ᠎ᠡ ᠪᠠ ᠤᠯᠠᠮᠵᠢᠯᠠᠯᠳᠤ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠯᠦᠭᠡ ᠶᠢᠨ ᠠᠭᠤᠰᠤᠯᠴᠠᠯ ᠢ ᠲᠦᠯᠬᠢᠨ ᠠᠬᠢᠭᠤᠯᠵᠤ᠂ ᠪᠦᠬᠦ ᠦᠢᠯᠡᠰ ᠢᠶᠠᠨ ᠬᠡᠷᠡᠭᠯᠡᠭᠡᠨ ᠤ ᠠᠮᠣᠷ ᠲᠦᠪᠰᠢᠨ ᠬᠤᠳᠠ ᠶᠢ ᠡᠬᠦᠳᠦᠨ ᠪᠠᠶᠢᠭᠤᠯᠬᠤ ᠪᠠᠷ | ᠲᠦᠯᠬᠢᠨ ᠠᠬᠢᠭᠤᠯᠵᠤ᠂ ᠨᠡᠶᠢᠬᠡᠮᠴᠢᠯᠡᠭᠰᠡᠨ ᠠᠰᠠᠷᠠᠮᠵᠢ ᠵᠡᠷᠬᠡ ᠰᠢᠨ᠎ᠡ ᠪᠠᠷ ᠮᠠᠨᠳᠤᠵᠤ ᠪᠠᠶᠢᠭ᠎ᠠ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠬᠦᠯᠦᠨ᠎ᠡ᠃ | ︵ᠲᠦᠷᠪᠡ︶ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ | ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠵᠤ ᠦᠢᠯᠡᠰ ᠴᠡᠴᠡᠭᠯᠡᠨ ᠬᠦᠭᠵᠢᠵᠦ᠂ ᠤᠷᠤᠰᠢᠨ ᠰᠠᠭᠤᠷᠢᠰᠢᠬᠤ ᠳᠤ ᠲᠤᠬᠢᠳᠠᠢ᠂ | ᠪᠤᠯᠪᠠᠰᠤᠨ ᠰᠤᠷᠳᠠᠯ ᠲᠠᠢ᠂ ᠴᠡᠭᠴᠡᠯᠡᠯᠳᠡ ᠪᠦᠳᠦᠮᠵᠢᠳᠡᠢ᠂ ᠠᠮᠢᠳᠤᠷᠠᠯ ᠪᠠᠶᠠᠨ ᠲᠠᠩᠰᠤᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ ᠬᠦᠳᠡᠭᠡ ᠲᠤᠰᠬᠤᠨ ᠢ | ᠰᠡᠷᠬᠦᠬᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠲᠤᠭᠳᠠᠭᠠᠵᠤ᠂ ᠬᠤᠳᠠ ᠬᠦᠳᠡᠭᠡ ᠠᠭᠤᠰᠤᠯᠴᠠᠨ ᠭᠦᠭᠵᠢᠬᠦ | ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠠᠵᠤ ᠦᠢᠯᠡᠰ | ᠢ ᠠᠭᠤᠰᠣᠯᠴᠠᠭᠤᠯᠣᠨ ᠬᠦᠭᠵᠢᠬᠦᠯᠵᠣ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠠᠶᠢᠭᠤᠯᠤᠨ᠎ᠠ᠃ | ᠤᠳᠤ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠤᠨ ᠭᠦᠭᠵᠢᠯᠳᠡ ᠶᠢᠨ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ ᠵᠠᠬ᠎ᠠ | ᠲᠡᠯᠭᠡᠭᠦᠷ ᠤᠨ ᠬᠡᠷᠡᠭᠴᠡᠭᠡ ᠪᠠᠷ ᠵᠢᠯᠤᠭᠤᠳᠤᠮᠵᠢ ᠪᠤᠯᠭᠠᠵᠤ ᠮᠠᠯᠴᠢᠨ ᠲᠠᠷᠢᠶᠠᠴᠢᠨ ᠢ ᠵᠢᠯᠤᠭᠤᠳᠤᠨ ᠲᠠᠷᠢᠵᠤ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ | ᠰᠢᠨ᠎ᠡ ᠡᠭᠦᠯᠳᠡᠷ ᠤᠨ ᠤᠷᠤᠭᠤᠯᠤᠯᠳᠠ ᠪᠠ ᠬᠡᠷᠡᠭᠯᠡᠭᠡᠨ ᠤ ᠮᠡᠷᠭᠡᠵᠢᠯ ᠤᠨ ᠲᠦᠭᠡᠮᠡᠯᠵᠢᠬᠦᠯᠦᠯᠳᠡ ᠶᠢ ᠴᠢᠩᠭᠠᠳᠬᠠᠵᠤ᠂ ᠮᠦᠬᠦᠯᠢᠭᠳᠦ ᠡᠷᠳᠡᠨᠢ ᠰᠢᠰᠢ ᠶᠢᠨ | ᠲᠠᠷᠢᠶ᠎ᠠ ᠶᠢ 2 ᠲᠦᠮᠡᠨ ᠮᠤ᠋ ᠬᠠᠰᠤᠵᠤ᠂ ᠵᠠᠳᠠᠭᠠᠢ ᠲᠠᠷᠢᠭᠰᠠᠨ ᠢᠳᠡᠰᠢᠨ ᠨᠤᠭᠤᠭ᠎ᠠ᠂ ᠲᠡᠵᠢᠭᠡᠯ ᠪᠤᠷᠳᠤᠭ᠎ᠠ ᠶᠢᠨ ᠲᠠᠷᠢᠮᠠᠯ ᠲᠠᠷᠢᠬᠤ ᠪᠠᠨ ᠨᠡᠮᠡᠭᠳᠡᠬᠦᠯᠦᠨ᠎ᠡ᠃ | ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢᠳᠤ ᠤᠷᠤᠨ ᠢ 30 ᠲᠦᠮᠡᠨ ᠮᠤ᠋ ᠲᠦᠯᠦᠪᠯᠡᠨ ᠲᠤᠭᠳᠠᠭᠠᠵᠤ ᠡᠭᠡᠯᠵᠢᠯᠡᠬᠦᠯᠦᠨ ᠲᠠᠷᠢᠬᠤ ᠲᠠᠷᠢᠶᠠᠨ ᠭᠠᠵᠠᠷ ᠢ | 3 ᠲᠦᠮᠡᠨ ᠮᠤ᠋ ᠪᠠᠶᠢᠯᠭᠠᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ ᠤᠨ ᠬᠡᠷᠡᠭᠯᠡᠯᠳᠡ ᠶᠢ ᠪᠠᠭᠠᠰᠬᠠᠬᠤ ᠮᠡᠷᠭᠡᠵᠢᠯ ᠢ ᠲᠡᠯᠭᠡᠷᠡᠬᠦᠯᠦᠨ ᠲᠠᠷᠢᠶᠠᠨ ᠭᠠᠵᠠᠷ ᠤᠨ | ᠴᠢᠨᠠᠷ ᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ 3 ᠲᠦᠮᠡᠨ ᠮᠤ᠋ ᠪᠠᠶᠢᠭᠤᠯᠵᠤ ᠲᠦᠬᠦᠭᠡᠷᠤᠮᠵᠢᠳᠤ ᠲᠠᠷᠢᠶᠠᠯᠠᠩ ᠢ | 200 ᠮᠤ᠋ ᠬᠦᠭᠵᠢᠬᠦᠯᠵᠦ ᠦᠨᠳᠦᠷ ᠠᠰᠢᠭᠯᠠᠮᠵᠢᠳᠤ ᠤᠰᠤ ᠠᠷᠪᠢᠯᠠᠬᠤ ᠤᠰᠤᠯᠠᠯᠭ᠎ᠠ ᠶᠢ 1 ᠲᠦᠮᠡᠨ ᠮᠤ᠋ ᠲᠡᠯᠭᠡᠷᠡᠬᠦᠯᠦᠨ᠎ᠡ᠃ ᠤᠷᠳᠤᠰ ᠤᠨ ᠨᠠᠷᠢᠨ | ᠨᠤᠤᠰᠤᠳᠤ ᠬᠤᠨᠢ᠂ ᠠᠯᠠᠰᠢᠨ ᠦᠬᠡᠷ᠂ ᠭᠠᠭ᠋ᠠᠢ ᠵᠡᠷᠬᠡ ᠭᠤᠷᠪᠠᠨ ᠭᠤᠣᠯᠯᠠᠭᠴᠢ ᠠᠵᠤ ᠦᠢᠯᠡᠰ ᠤᠨ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠬᠦᠯᠬᠦ ᠶᠢ | ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠤᠳᠤ ᠦᠶ᠎ᠡ ᠶᠢᠨ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ 160 ᠡᠷᠦᠬᠡ᠂ ᠠᠯᠠᠰᠢᠨ ᠦᠬᠡᠷ ᠤᠨ ᠠᠵᠤ | ᠦᠢᠯᠡᠰ ᠤᠨ ᠰᠠᠭᠤᠷᠢᠨ ᠭᠠᠵᠠᠷ ᠢ 3᠂ 300 ᠲᠤᠯᠤᠭᠠᠢ ᠠᠴᠠ ᠲᠡᠭᠡᠭᠰᠢ ᠭᠠᠭ᠋ᠠᠢ ᠲᠡᠵᠢᠭᠡᠨ ᠠᠷᠠᠴᠢᠯᠠᠬᠤ ᠲᠤᠮᠤ ᠡᠷᠦᠬᠡ ᠶᠢ 8 ᠪᠣᠢ ᠪᠣᠯᠭᠠᠵᠣ᠂ ᠮᠠᠯᠵᠢᠯ | ᠤᠨ ᠣᠨ ᠤ ᠲᠡᠵᠢᠭᠡᠨ ᠮᠠᠯᠵᠢᠬᠤ ᠮᠠᠯ ᠤᠨ ᠲᠤᠭ᠎ᠠ ᠲᠤᠯᠤᠭᠠᠢ ᠶᠢ 210 ᠲᠦᠮᠡ ᠠᠴᠠ ᠲᠡᠭᠡᠭᠰᠢ ᠪᠠᠶᠢᠯᠭᠠᠬᠤ ᠶᠢ ᠪᠠᠳᠤᠯᠠᠨ᠎ᠠ᠃ ᠰᠢᠷᠬᠤᠰᠣᠨ ᠪᠠᠯᠭᠠᠰᠤ᠂ | ᠲᠤᠭ ᠪᠠᠯᠭᠠᠰᠤᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠪᠡᠷᠮᠢᠴᠡ | ᠣᠨᠴᠠᠯᠢᠭᠳᠣ ᠮᠠᠯ ᠲᠠᠷᠢᠶᠠᠯᠠᠩ ᠤᠨ ᠦᠢᠯᠡᠰ᠂ ᠲᠠᠷᠢᠶᠠᠨ ᠠᠵᠢᠯ ᠢ ᠪᠡᠶᠡᠴᠢᠯᠡᠨ ᠤᠶᠢᠯᠠᠭᠠᠬᠤ᠂ ᠬᠦᠳᠡᠭᠡ ᠲᠤᠰᠬᠤᠨ ᠤ ᠵᠢᠭᠤᠯᠴᠢᠯᠠᠯ ᠵᠡᠷᠬᠡ ᠲᠦᠭᠦᠬᠡᠷᠦᠮᠵᠢ ᠶᠢ | ᠲᠡᠭᠦᠯᠳᠡᠷᠵᠢᠬᠦᠯᠵᠦ᠂ ᠮᠠᠯᠴᠢᠨ ᠲᠠᠷᠢᠶᠠᠴᠢᠨ ᠢ ᠲᠠᠭᠠᠭᠤᠯᠤᠨ ᠤᠯᠠᠨ ᠡᠰᠢᠵᠢᠭᠰᠡᠨ ᠡᠵᠡᠩᠨᠡᠯᠳᠡ ᠬᠢᠯᠬᠡᠵᠦ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ | ᠰᠢᠨ᠎ᠡ ᠲᠦᠷᠢ ᠲᠦᠷᠬᠦ ᠶᠢ ᠪᠣᠢ ᠪᠣᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠨᠡᠶᠢᠳᠡ ᠶᠢᠨ ᠦᠮᠴᠢᠯᠡᠬᠦ ᠡᠷᠬᠡ ᠶᠢᠨ ᠲᠦᠷᠢᠮ ᠤᠨ ᠦᠭᠡᠷᠡᠴᠢᠯᠡᠯᠳᠡ | ᠶᠢ ᠬᠠᠶᠢᠨ ᠰᠦᠪᠡᠭᠴᠢᠯᠡᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠷᠬᠡ ᠶᠢ ᠲᠤᠭᠳᠠᠭᠠᠵᠤ ᠲᠠᠩᠰᠠᠯᠠᠬᠤ ᠶᠢ ᠪᠡᠶᠡᠯᠡᠬᠦᠯᠦᠨ ᠭᠠᠵᠠᠷ ᠰᠢᠷᠤᠢ ᠨᠤᠳᠤᠭ | ᠪᠡᠯᠴᠢᠭᠡᠷ ᠤᠨ ᠡᠵᠡᠩᠨᠡᠬᠦ ᠡᠷᠬᠡ ᠶᠢᠨ ᠡᠷᠬᠢᠯᠳᠤᠯ᠂ ᠪᠠᠷᠢᠴᠠᠭᠠᠯᠠᠬᠤ ᠰᠤᠯᠢᠯᠴᠠᠭᠠᠨ ᠤ ᠲᠠᠪᠴᠠᠩ ᠪᠠᠶᠢᠭᠤᠯᠵᠤ᠂ ᠲᠤᠬᠢᠷᠠᠮᠵᠢᠳᠠᠢ ᠬᠡᠪᠴᠢᠶᠡᠵᠢᠯ ᠤᠨ ᠡᠵᠡᠩᠨᠡᠯᠳᠡ | ᠬᠢᠬᠦ ᠶᠢ ᠵᠤᠷᠢᠭᠵᠢᠭᠤᠯᠤᠨ ᠬᠦᠭᠵᠢᠬᠦᠯᠦᠨ᠎ᠡ᠃ ᠤᠯᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ ᠴᠢᠳᠠᠮᠵᠢ ᠶᠢ 4 ᠲᠦᠮᠡᠨ ᠲᠤᠨᠨᠠ ᠨᠡᠮᠡᠭᠳᠡᠬᠦᠯᠵᠦ ᠰᠢᠨ᠎ᠡ | ᠰᠤᠷᠭᠤᠭ ᠢ ᠪᠠᠳᠤᠯᠠᠬᠤ ᠪᠠ ᠨᠦᠭᠡᠴᠡᠯᠡᠨ ᠬᠠᠳᠠᠭᠠᠯᠠᠬᠤ ᠵᠡᠷᠬᠡ ᠲᠦᠭᠦᠭᠡᠷᠦᠮᠵᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠮᠠᠯ ᠲᠠᠷᠢᠶᠠᠯᠠᠩ ᠤᠨ | ᠪᠦᠳᠦᠭᠡᠭᠳᠡᠬᠦᠨ ᠤ ᠴᠠᠭ ᠰᠤᠯᠢᠪᠴᠢᠨ ᠦᠨ᠎ᠡ ᠲᠤᠭᠳᠠᠭᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠪᠦᠬᠦ ᠣᠯᠣᠰ ᠤᠨ ᠣᠷᠭᠠᠨᠢᠭ ᠢᠳᠡᠬᠡᠨ ᠤ ᠳᠠᠭᠤᠷᠢᠶᠠᠯ | ᠬᠤᠰᠢᠭᠤ ᠶᠢ ᠡᠬᠦᠳᠣᠨ ᠪᠠᠶᠢᠭᠤᠯᠬᠤ ᠠᠵᠢᠯ ᠢ ᠡᠬᠢᠯᠡᠬᠦᠯᠵᠣ ᠮᠠᠯ ᠲᠠᠷᠢᠶᠠᠯᠠᠩ ᠤᠨ ᠪᠦᠳᠦᠭᠡᠭᠳᠡᠬᠦᠨ ᠤ ᠲᠠᠸᠠᠷ ᠤᠨ ᠲᠡᠮᠳᠡᠭ ᠢ ᠰᠢᠯᠢᠳᠡᠭᠵᠢᠬᠦᠯᠬᠦ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠵᠦ᠂ ᠤᠷᠤᠨ ᠨᠤᠳᠤᠭ ᠤᠨ ᠲᠦᠯᠦᠭᠡᠯᠡᠭᠴᠢ ᠪᠦᠳᠦᠭᠡᠭᠳᠡᠬᠦᠨ ᠢ 1᠂ ᠪᠤᠬᠢᠷᠳᠤᠯ ᠦᠬᠡᠢ ᠢᠳᠡᠭᠡᠨ ᠢ 4 ᠰᠢᠨ᠎ᠡ ᠪᠠᠷ | ᠭᠤᠶᠤᠪᠴᠢᠯᠠᠵᠤ᠂ ᠦᠪᠡᠷᠳᠡᠭᠡᠨ ᠵᠠᠰᠠᠬᠤ ᠤᠷᠤᠨ ᠤ ᠨᠡᠷᠡᠳᠦ ᠰᠢᠯᠢᠳᠡᠭ ᠤᠨᠴᠠ ᠪᠦᠳᠦᠭᠡᠭᠳᠡᠬᠦᠨ ᠢ 2 ᠪᠣᠢ ᠪᠣᠯᠭᠠᠵᠣ᠂ ︽ᠦᠦᠰᠢᠨ ᠭᠠᠷᠣᠯᠳᠠ︾ ᠶᠢ | ᠲᠦᠮᠡ ᠮᠢᠩᠭᠠᠨ ᠡᠷᠦᠬᠡ ᠳᠤ ᠮᠡᠳᠡᠬᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠭᠦᠭᠵᠢᠯᠳᠡ ᠶᠢᠨ ᠤᠷᠴᠢᠨ ᠢ ᠰᠢᠯᠢᠳᠡᠭᠵᠢᠬᠦᠯᠦᠨ᠎ᠡ᠃ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ | ᠲᠦᠰᠦᠪᠯᠡᠬᠦ ᠲᠤᠭᠳᠠᠴᠠ ᠶᠢ ᠪᠠᠶᠢᠭᠤᠯᠤᠨ ᠡᠯ᠎ᠡ ᠰᠤᠮᠤ ᠪᠠᠯᠭᠠᠰᠤᠨ ᠤ ᠬᠤᠭᠤᠯᠠᠢ ᠲᠤᠤᠷ᠂ ᠪᠤᠬᠢᠷ ᠭᠠᠳᠠᠭᠰᠢᠯᠠᠭᠤᠯᠬᠤ᠂ ᠵᠡᠬᠡᠯᠢ ᠭᠤᠳᠤᠮᠵᠢ᠂ ᠠᠮᠢᠳᠤᠷᠠᠯ ᠤᠨ | ᠬᠠᠶᠠᠭᠳᠠᠮᠠᠯ ᠢ ᠠᠶᠤᠯᠬᠦᠢ ᠰᠢᠢᠳᠪᠤᠷᠢᠯᠡᠬᠦ ᠵᠡᠷᠬᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠦ᠂ ᠰᠤᠮᠤ ᠪᠠᠯᠭᠠᠰᠤᠨ ᠤ ᠪᠣᠷᠣ ᠬᠡᠷᠳᠣ ᠳᠣᠭᠤᠷᠢᠭ ᠤᠨ | ᠦᠬᠡᠷᠡᠴᠢᠯᠡᠯᠳᠡ ᠶᠢ ᠬᠡᠷᠡᠭᠵᠢᠬᠦᠯᠵᠦ᠂ ᠠᠭᠤᠷᠬᠠᠢ ᠶᠢᠨ ᠤᠷᠤᠨ ᠤ ᠠᠩᠬ᠎ᠠ ᠮᠠᠯᠳᠠᠬᠤ ᠭᠠᠵᠠᠷ ᠪᠤᠯᠤᠨ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠣᠷᠣᠨ ᠤ | ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠢ ᠡᠬᠢᠯᠡᠬᠦᠯᠵᠦ᠂ ᠦᠪᠡᠷᠮᠢᠴᠡ ᠤᠨᠴᠠᠯᠢᠭᠳᠤ ᠵᠢᠵᠢᠭ ᠪᠠᠯᠭᠠᠰᠤ ᠶᠢ ᠪᠦᠳᠦᠭᠡᠨ ᠪᠠᠶᠢᠭᠤᠯᠤᠨ᠎ᠠ᠃ ᠤᠷᠤᠨ | ᠰᠠᠭᠤᠴᠠ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠦᠷᠨᠢᠬᠦᠯᠵᠦ ᠪᠠᠯᠭᠠᠰᠤᠨ ᠲᠤᠭᠤᠷᠢᠭ᠂ ᠰᠠᠭᠤᠭᠠᠯᠢ ᠠᠷᠠᠳ | ᠤᠨ ᠲᠦᠪᠯᠡᠷᠡᠯ ᠤᠨ ᠴᠢᠭ ᠪᠤᠯᠤᠨ ᠵᠠᠮ ᠱᠤᠭᠤᠮ ᠲᠠᠭᠠᠤ ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ︽ᠵᠤᠷᠯᠤᠩ ᠤᠨ | ᠬᠤᠪᠢᠰᠬᠠᠯ︾ ᠢ ᠠᠬᠢᠭᠤᠯᠤᠨ ᠰᠤᠮᠤ ᠪᠠᠯᠭᠠᠰᠤ᠂ ᠦᠵᠡᠮᠵᠢ ᠶᠢᠨ ᠤᠷᠤᠨ᠂ ᠮᠠᠯᠴᠢᠨ ᠲᠠᠷᠢᠶᠠᠴᠢᠨ ᠡᠷᠦᠬᠡ ᠳᠤ ᠤᠰᠤ ᠪᠠᠷ ᠵᠠᠶᠢᠯᠬᠤ ᠬᠡᠯᠪᠠᠷᠢ ᠶᠢᠨ ᠵᠤᠷᠯᠤᠩ | ᠪᠠᠶᠢᠭᠤᠯᠬᠤ ᠶᠢ ᠲᠡᠯᠭᠡᠷᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠲᠡᠪᠢᠰᠬᠦ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠲᠤᠤᠷ ᠢ 680 ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ | ᠪᠠᠶᠢᠭᠤᠯᠵᠤ᠂ ᠮᠣᠣᠪᠣᠯᠠᠭ ᠤᠨ 35 ᠺᠢᠯᠤᠸᠤᠯᠲ ᠵᠡᠷᠬᠡ 5 ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ | ︽ᠰᠢᠳᠠᠮᠠᠬᠠᠢ ᠬᠡᠢ ᠶᠢ ᠲᠦᠬᠡᠮᠡᠯᠵᠢᠬᠦᠯᠦᠭᠰᠡᠨ ᠦᠦᠰᠢᠨ︾ ᠢ ᠲᠦᠯᠬᠢᠨ ᠠᠬᠢᠭᠤᠯᠵᠤ᠂ ᠠᠭᠠᠷ ᠰᠠᠯᠬᠢᠨ ᠤ ᠡᠨᠧᠷᠬᠢ᠂ ᠨᠠᠷᠠᠨ ᠡᠨᠧᠷᠬᠢ ᠵᠡᠷᠬᠡ ᠰᠢᠨ᠎ᠡ ᠬᠡᠯᠪᠡᠷᠢ | ᠶᠢᠨ ᠡᠨᠧᠷᠬᠢ ᠶᠢᠨ ᠬᠡᠷᠡᠭᠯᠡᠯᠳᠡ ᠶᠢ ᠲᠡᠯᠭᠡᠷᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠴᠡᠪᠡᠷ ᠡᠨᠧᠷᠬᠢ ᠶᠢᠨ ᠬᠡᠷᠡᠭᠯᠡᠬᠦ ᠨᠤᠷᠮ᠎ᠠ ᠶᠢ ᠨᠡᠮᠡᠭᠳᠡᠬᠦᠯᠦᠨ᠎ᠡ᠃ | ᠲᠤᠭᠠᠴᠠᠯᠠᠭᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠰᠤᠷᠠᠭ ᠵᠠᠩᠬᠢ ᠶᠢᠨ ᠲᠤᠤᠷ | ᠰᠦᠯᠵᠢᠶᠡᠨ ᠤ ᠪᠦᠷᠬᠦᠴᠡ ᠶᠢ ᠠᠬᠢᠭᠤᠯᠤᠨ᠎ᠠ᠃ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠤᠭᠳᠠᠴᠠ ᠶᠢ ᠪᠦᠷᠢᠨᠰᠢᠬᠦᠯᠵᠦ ᠮᠦᠩᠭᠦᠨ ᠬᠦᠢᠯᠭᠡᠭᠡ᠂ | ᠲᠠᠭᠠᠳᠬᠠᠯ᠂ ᠲᠦᠷᠬᠡᠨ ᠬᠦᠷᠭᠡᠯᠳᠡ ᠵᠡᠷᠬᠡ ᠶᠢᠨ ᠬᠦᠳᠡᠭᠡ ᠪᠠᠭᠤᠵᠤ ᠭᠠᠴᠠᠭ᠎ᠠ ᠲᠤᠰᠬᠤᠨ ᠳᠤ ᠤᠷᠤᠬᠤ ᠶᠢ ᠵᠤᠷᠢᠭᠵᠢᠭᠤᠯᠤᠨ ᠲᠡᠮᠵᠢᠵᠤ ᠮᠠᠯᠴᠢᠨ ᠲᠠᠷᠢᠶᠠᠴᠢᠨ | ᠳᠤ ᠤᠯᠠᠨ ᠶᠠᠩᠵᠤᠳᠤ ᠦᠢᠯᠡᠴᠢᠯᠡᠭᠡ ᠬᠠᠩᠭᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠨᠡᠶᠢᠬᠡᠮ ᠤᠨ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠭᠠᠴᠠᠭ᠎ᠠ ᠲᠤᠰᠬᠤᠨ ᠤ ᠬᠤᠭᠤᠴᠠᠭ᠎ᠠ | ᠰᠤᠯᠢᠬᠤ ᠰᠣᠩᠭᠤᠭᠤᠯᠢ ᠶᠢᠨ ᠠᠵᠢᠯ ᠢ ᠪᠠᠳᠤᠳᠠᠢ ᠰᠠᠶᠢᠨ ᠬᠢᠵᠦ ᠤᠯᠤᠰ ᠲᠦᠷᠦ ᠶᠢᠨ ᠢᠳᠡᠭᠡᠯ ᠪᠢᠰᠢᠷᠡᠯ ᠪᠠᠳᠤ᠂ ᠤᠯᠠᠨ ᠲᠥᠮᠡᠨᠴᠢ ᠰᠠᠭᠤᠷᠢ ᠰᠠᠶᠢᠨ᠂ | ᠤᠯᠠᠨ ᠢ ᠲᠠᠶᠢᠴᠢᠯᠠᠨ ᠪᠠᠶᠠᠵᠢᠯ ᠢᠶᠠᠷ ᠵᠠᠮᠨᠠᠵᠤ ᠲᠡᠶᠢᠯᠬᠦ ᠭᠠᠴᠠᠭ᠎ᠠ ᠲᠤᠰᠬᠤᠨ ᠤ ︽ᠭᠤᠷᠪᠠᠨ ᠵᠦᠪᠯᠡᠯ︾ ᠤᠨ ᠪᠠᠭ ᠢ ᠵᠣᠬᠢᠶᠠᠨ ᠪᠠᠶᠢᠭᠤᠯᠤᠨ᠎ᠠ᠃ ᠭᠠᠴᠠᠭ᠎ᠠ | ᠲᠤᠰᠬᠤᠨ ᠱᠠᠳᠣᠨ ᠤ ᠡᠷᠬᠡ ᠶᠢᠨ ᠲᠠᠩᠰᠠ ᠶᠢᠨ ᠲᠦᠷᠢᠮ ᠢ ᠬᠠᠶᠢᠨ ᠰᠦᠪᠡᠭᠴᠢᠯᠡᠵᠦ᠂ ᠭᠠᠴᠠᠭ᠎ᠠ ᠲᠤᠰᠬᠤᠨ ᠤ ᠡᠷᠬᠡ ᠶᠢ ᠲᠦᠷᠢᠮᠵᠢᠬᠦᠯᠦᠨ᠎ᠡ᠃ ᠰᠢᠨ᠎ᠡ | ᠬᠡᠯᠪᠡᠷᠢ ᠶᠢᠨ ᠲᠤᠰᠬᠠᠶᠢᠵᠢᠭᠰᠠᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠦ ᠤᠳᠤᠬᠢᠴᠢᠯᠠᠭᠰᠠᠨ ᠦᠢᠯᠡᠳᠪᠤᠷᠢᠯᠡᠯ ᠡᠵᠡᠩᠨᠡᠯᠳᠡ | ᠳᠤ ᠲᠤᠬᠢᠷᠠᠭᠰᠠᠨ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ ᠡᠩᠨᠡᠭᠡ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠬᠦᠳᠡᠭᠡ ᠲᠤᠰᠬᠤᠨ ᠤ ᠪᠤᠯᠪᠠᠰᠤᠨ | ᠰᠤᠷᠳᠠᠯ ᠢ ᠲᠡᠭᠡᠭᠰᠢᠯᠡᠬᠦᠯᠬᠦ ᠠᠵᠢᠯᠯᠠᠭᠠᠨ ᠢ ᠬᠦᠨᠵᠡᠭᠡᠢ ᠨᠠᠶᠢᠳᠠᠪᠤᠷᠢᠵᠢᠭᠤᠯᠵᠤ ᠪᠤᠯᠪᠠᠰᠤᠨ ᠬᠡᠷ ᠪᠦᠯᠢ ᠵᠡᠷᠬᠡ ᠤᠯᠠᠨ ᠲᠦᠮᠡᠨᠴᠢ ᠴᠢᠨᠠᠷᠳᠠᠢ ᠤᠶᠤᠨ ᠤ | ᠪᠤᠯᠪᠠᠰᠤᠨ ᠢ ᠡᠬᠦᠳᠬᠦ ᠠᠵᠢᠯᠯᠠᠭᠠᠨ ᠦᠷᠨᠢᠬᠦᠯᠵᠦ᠂ ᠶᠡᠬᠡᠪᠡᠷ ᠲᠡᠪᠵᠢᠶᠡᠷᠡᠬᠦᠯᠦᠨ ᠵᠤᠴᠢᠯᠠᠬᠤ᠂ ᠪᠦᠷᠢᠯᠭᠡᠨ ᠰᠦᠢᠳᠭᠡᠬᠦ ᠵᠡᠷᠬᠡ ᠬᠤᠴᠣᠷᠣᠩᠭᠤᠢ ᠪᠣᠯᠬᠢ ᠵᠠᠩᠰᠢᠯ | ᠢ ᠲᠠᠶᠠᠭᠳᠠᠵᠤ᠂ ᠬᠡᠪ ᠰᠣᠷᠳᠠᠯ ᠢᠶᠠᠨ ᠦᠬᠡᠷᠡᠴᠢᠯᠡᠬᠦ ᠶᠢ ᠲᠦᠯᠬᠢᠨ ᠠᠬᠢᠭᠤᠯᠵᠤ᠂ ᠬᠦᠳᠡᠭᠡ ᠨᠤᠳᠤᠭ ᠤᠨ ᠪᠤᠯᠪᠠᠰᠤᠨ ᠰᠤᠷᠳᠠᠯ᠂ ᠬᠡᠷ ᠤᠨ ᠰᠢᠯᠢᠳᠡᠭ ᠰᠤᠷᠳᠠᠯ | ᠂ ᠠᠷᠠᠳ ᠤᠨ ᠪᠤᠷᠤᠭᠵᠢᠭᠤᠨ ᠰᠤᠷᠳᠠᠯ ᠢ ᠶᠡᠭᠡ ᠬᠦᠴᠦᠨ ᠢᠶᠠᠷ ᠬᠦᠮᠦᠵᠢᠬᠦᠯᠦᠨ᠎ᠡ᠃ | ︵ᠲᠠᠪᠤ︶ ᠬᠤᠲᠠ ᠪᠠᠯᠭᠠᠰᠤᠨ ᠤ ᠴᠢᠳᠠᠪᠬᠢ ᠲᠣᠨᠤᠭ ᠲᠥᠬᠦᠭᠡᠷᠤᠮᠵᠢ ᠶᠢ ᠲᠡᠭᠦᠯᠳᠡᠷᠵᠢᠭᠦᠯᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠲᠥᠪᠰᠢᠨ ᠢ ᠳᠡᠭᠡᠭᠰᠢᠯᠡᠭᠦᠯᠤᠨ᠎ᠡ᠃ ᠪᠥᠬᠦ ᠤᠯᠤᠰ ᠤᠨ ᠪᠤᠯᠪᠠᠰᠤᠨ ᠬᠤᠲᠠ ᠶᠢ ᠪᠠᠶᠢᠭᠤᠯᠬᠤ ᠪᠠᠷ ᠭᠠᠷᠳᠠᠴᠠ ᠪᠣᠯᠭᠠᠨ ᠬᠤᠲᠠ ᠶᠢᠨ ᠬᠥᠭᠵᠢᠯᠲᠡ ᠶᠢᠨ ᠣᠷᠴᠢᠨ | ᠪᠠ ᠣᠯᠠᠨ ᠲᠥᠮᠡᠨ ᠤ ᠠᠮᠢᠳᠤᠷᠠᠯ ᠤᠨ ᠣᠷᠴᠢᠨ ᠢ ᠬᠦᠴᠦᠯᠡᠨ ᠰᠢᠯᠢᠳᠡᠭᠵᠢᠭᠦᠯᠵᠦ ᠬᠤᠲᠠ ᠶᠢᠨ ᠪᠤᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ | ᠪᠣᠯᠪᠠᠰᠤᠨ ᠬᠡᠪ ᠰᠣᠷᠳᠠᠯ ᠤᠨ ᠬᠤᠣᠰ ᠳᠡᠭᠡᠭᠰᠢᠯᠡᠭᠦᠯᠦᠯᠲᠡ ᠶᠢ ᠪᠡᠶᠡᠯᠡᠭᠦᠯᠤᠨ᠎ᠡ᠃ | ᠬᠤᠲᠠ ᠶᠢᠨ ᠴᠢᠳᠠᠪᠬᠢ ᠶᠢ ᠲᠥᠬᠦᠷᠵᠢᠭᠦᠯᠦᠨ ᠲᠡᠭᠦᠯᠳᠡᠷᠵᠢᠭᠦᠯᠦᠨ᠎ᠡ᠃ ᠰᠤᠪᠤᠷᠭ᠎ᠠ ᠵᠡᠭᠡᠯᠢ ᠪᠠ ᠣᠢ ᠶᠢᠨ ᠰᠡᠬᠦᠳᠡᠷᠳᠣ ᠵᠠᠮ ᠢ ᠥᠭᠡᠷᠡᠴᠢᠯᠡᠨ | ᠪᠠᠶᠢᠭᠤᠯᠵᠤ ᠭᠠᠯᠠᠭᠤᠲᠤ ᠶᠡᠷᠥᠩᠬᠡᠶᠢᠯᠡᠭᠰᠡᠨ ᠪᠠᠷᠠᠭᠠᠨ ᠭᠦᠢᠯᠭᠡᠭᠡᠨ ᠤ ᠲᠣᠭᠤᠷᠢᠭ ᠠᠴᠠ ᠭᠠᠯᠲᠤ ᠲᠡᠷᠭᠡᠨ ᠥᠷᠲᠡᠭᠡ ᠬᠦᠷᠬᠦ ᠱᠤᠭᠤᠮ ᠤᠨ ᠪᠠᠶᠢᠭᠤᠯᠤᠯᠲᠠ ᠶᠢ | ᠡᠬᠢᠯᠡᠭᠦᠯᠦᠨ᠎ᠡ᠃ ᠭᠠᠯᠠᠭᠤᠲᠤ ᠪᠠᠯᠭᠠᠰᠤᠨ ᠤ ᠪᠣᠬᠢᠷ ᠤᠰᠤ ᠰᠢᠢᠳᠪᠥᠷᠢᠯᠡᠬᠦ ᠲᠠᠯᠠᠪᠦᠷ ᠤᠨ ᠪᠣᠬᠢᠷ ᠤᠰᠤ ᠶᠢ ᠴᠡᠪᠡᠷᠰᠢᠭᠦᠯᠦᠨ ᠳᠠᠬᠢᠨ ᠠᠰᠢᠭᠯᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠥᠭᠡᠷᠡᠴᠢᠯᠡᠯᠲᠠ ᠶᠢ ᠪᠡᠶᠠᠯᠡᠭᠦᠯᠵᠤ ᠶᠥᠩ ᠲᠠᠢ ᠪᠥᠯᠦᠭᠯᠡᠯ ᠤᠨ ᠢᠯᠴᠢ ᠴᠠᠬᠢᠯᠭᠠᠨ ᠬᠠᠮᠲᠤᠷᠠᠭᠰᠠᠨ ᠲᠥᠷᠦᠯ ᠵᠦᠢᠯ ᠢ ᠠᠰᠢᠭᠯᠠᠯᠲᠠ ᠳᠤ | ᠣᠷᠣᠭᠤᠯᠵᠤ᠂ ᠡᠯ᠎ᠡ ᠲᠥᠷᠥᠯ ᠤᠨ ᠬᠤᠭᠤᠯᠠᠢ ᠲᠣᠣᠷ ᠢ 36 ᠺᠢᠯᠣᠮᠧᠲᠷ ᠲᠡᠪᠢᠰᠴᠦ᠂ ᠰᠢᠨ᠎ᠡ ᠪᠠᠷ 18 ᠲᠥᠮᠡᠨ ᠲᠡᠭᠰᠢ ᠲᠥᠷᠪᠡᠯᠵᠢᠨ ᠮᠧᠲᠷ | ᠲᠥᠪᠯᠡᠷᠡᠭᠦᠯᠤᠨ ᠳᠤᠯᠠᠭᠠᠯᠠᠯᠭ᠎ᠠ ᠬᠠᠩᠭᠠᠵᠤ᠂ ᠪᠠᠯᠭᠠᠰᠣᠨ ᠳᠣᠭᠤᠷᠢᠭ ᠤᠨ 21 ᠲᠥᠮᠡᠨ ᠲᠡᠭᠰᠢ ᠲᠥᠷᠪᠡᠯᠵᠢᠨ ᠮᠧᠲᠷ ᠭᠠᠵᠠᠷ ᠢ ᠰᠢᠨ᠎ᠡ ᠪᠠᠷ | ᠬᠠᠲᠠᠭᠤᠵᠢᠭᠤᠯᠤᠨ ᠲᠡᠪᠢᠰᠴᠦ᠂ ᠤᠰᠤ ᠪᠠᠷ ᠵᠠᠶᠢᠯᠬᠤ ᠬᠡᠯᠪᠡᠷᠢ ᠶᠢᠨ ᠵᠣᠷᠯᠣᠩ ᠢ 26 ᠰᠢᠨ᠎ᠡ ᠪᠠᠷ ᠪᠠᠶᠢᠭᠤᠯᠵᠤ᠂ ᠵᠠᠮ ᠤᠨ ᠳ᠋ᠧᠩ ᠢ 230 ᠤᠭᠰᠠᠷᠠᠵᠤ | ᠳᠤᠯᠠᠭᠠᠯᠠᠯᠭ᠎ᠠ ᠬᠠᠩᠭᠠᠯᠲᠠ᠂ ᠪᠣᠬᠢᠷ ᠭᠠᠳᠠᠭᠰᠢᠭᠤᠯᠤᠯᠲᠠ᠂ ᠭᠡᠷᠡᠯᠲᠦᠭᠦᠯᠦᠯᠭᠡ ᠵᠡᠷᠭᠡ ᠲᠥᠬᠦᠭᠡᠷᠥᠮᠵᠢ ᠶᠢ ᠨᠠᠷᠢᠨ ᠵᠡᠭᠡᠯᠢ ᠭᠤᠳᠤᠮᠵᠢ ᠬᠦᠷᠳᠡᠯ᠎ᠡ ᠦᠷᠬᠡᠳᠬᠡᠨ᠎ᠠ᠃ | ᠭᠤᠣᠯᠳᠠᠯᠭᠠᠲᠤ ᠣᠷᠣᠨ ᠪᠠ ᠠᠭᠤᠯᠵᠠᠷ ᠴᠡᠭ ᠤᠨ ᠭᠤᠶᠣᠵᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ 24 ᠲᠥᠮᠡᠨ ᠲᠡᠭᠰᠢ ᠲᠥᠷᠪᠡᠯᠵᠢᠨ | ᠮᠧᠲᠷ ᠭᠠᠵᠠᠷ ᠢ ᠰᠢᠨ᠎ᠡ ᠪᠠᠷ ᠨᠣᠭᠤᠭᠠᠷᠠᠭᠤᠯᠣᠨ᠎ᠠ᠃ ᠬᠥᠮᠥᠨ ᠠᠮᠠ ᠶᠢ ᠵᠠᠶᠢᠯᠠᠭᠤᠯᠤᠨ ᠲᠠᠷᠬᠠᠭᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠡᠬᠢᠯᠡᠭᠦᠯᠵᠤ | ᠬᠠᠭᠤᠴᠢᠨ ᠵᠢᠵᠢᠭ ᠲᠣᠭᠤᠷᠢᠭ ᠢ 10 ᠥᠭᠡᠷᠡᠴᠢᠯᠡᠨ ᠵᠠᠰᠠᠵᠤ ᠬᠤᠲᠠ ᠪᠠᠯᠭᠠᠰᠤᠨ ᠤ ᠪᠣᠷᠣ ᠭᠡᠷᠲᠤ ᠲᠣᠭᠤᠷᠢᠭ ᠤᠨ ᠥᠭᠡᠷᠡᠴᠢᠯᠡᠯᠲᠠ ᠶᠢ 470 ᠢᠵᠢ | ᠣᠷᠣᠨ ᠰᠠᠭᠤᠴᠠ ᠪᠡᠶᠡᠯᠡᠭᠦᠯᠤᠨ᠎ᠡ᠃ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠶᠢ | ᠵᠠᠰᠠᠪᠤᠷᠢᠯᠠᠨ ᠨᠠᠶᠢᠷᠠᠭᠤᠯᠵᠤ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠲᠣᠭᠤᠷᠢᠭ ᠤᠨ ᠤᠯᠤᠰ ᠤᠨ ᠥᠮᠴᠢᠯᠡᠯᠲᠤ ᠭᠠᠵᠠᠷ ᠰᠢᠷᠤᠢ ᠳᠡᠭᠡᠷᠡᠬᠢ ᠭᠡᠷ | ᠪᠠᠶᠢᠰᠢᠩ ᠤᠨ ᠥᠮᠴᠢᠯᠡᠯ ᠤᠨ ᠡᠷᠬᠡ ᠶᠢ ᠲᠥᠪᠯᠡᠷᠡᠭᠦᠯᠦᠨ ᠵᠠᠰᠠᠬᠤ ᠶᠢ ᠠᠬᠢᠭᠤᠯᠤᠨ᠎ᠠ᠃ ᠬᠤᠲᠠ ᠶᠢᠨ ᠥᠨᠳᠦᠷ ᠪᠥᠲᠥᠮᠵᠢᠲᠤ ᠶᠡᠷᠥᠩᠬᠡᠶᠢᠯᠡᠭᠰᠡᠨ | ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠤᠢ ᠪᠣᠯᠭᠠᠵᠤ ᠣᠶᠣᠨᠲᠤ ᠬᠤᠲᠠ ᠶᠢᠨ ᠶᠠᠪᠤᠳᠠᠯ᠂ ᠣᠶᠣᠨᠲᠤ ᠬᠤᠲᠠ ᠶᠢᠨ ᠬᠠᠮᠢᠶᠠᠷᠤᠯᠲᠠ᠂ ᠣᠶᠣᠨᠲᠣ | ᠴᠡᠴᠡᠷᠯᠢᠭᠵᠢᠭᠦᠯᠦᠯᠲᠡ ᠵᠢᠴᠢ ᠡᠯ᠎ᠡ ᠲᠥᠷᠥᠯ ᠤᠨ ᠬᠤᠲᠠ ᠶᠢᠨ ᠶᠠᠪᠣᠳᠠᠯ ᠤᠨ ᠬᠢᠨᠠᠨ ᠡᠵᠡᠮᠰᠢᠯ ᠤᠨ ᠰᠢᠰᠲ᠋ᠧᠮ ᠢ ᠴᠣᠮᠬᠤᠳᠬᠠᠨ ᠬᠠᠮᠲᠣᠪᠠᠷ ᠬᠡᠷᠡᠭᠯᠡᠵᠣ᠂ | ᠣᠶᠣᠨᠲᠤ ᠬᠤᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠠᠪᠴᠠᠩ ᠪᠠᠶᠢᠭᠤᠯᠣᠨ᠎ᠠ︔ ᠣᠷᠴᠢᠨ ᠲᠣᠭᠤᠷᠢᠨ ᠤ ᠠᠷᠢᠭᠤᠨ ᠴᠡᠪᠡᠷ᠂ ᠠᠳᠠᠯ ᠠᠬᠤᠢ ᠶᠢᠨ | ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠷᠢᠮ ᠪᠠᠷᠢᠮᠵᠢᠶ᠎ᠠ ᠪᠠ ᠰᠢᠰᠲ᠋ᠧᠮ ᠢ ᠲᠡᠭᠦᠯᠳᠠᠷᠵᠢᠭᠦᠯᠵᠤ ᠵᠠᠰᠠᠯᠲᠠ | ᠬᠢᠬᠦ ᠡᠬᠢ ᠰᠤᠷᠪᠤᠯᠵᠢ ᠶᠢ ᠰᠢᠯᠢᠳᠡᠭᠵᠢᠭᠦᠯᠦᠨ ᠴᠣᠮᠬᠤᠳᠬᠠᠵᠤ ᠬᠠᠤᠯᠢ ᠬᠡᠷᠡᠭᠵᠢᠭᠦᠯᠬᠦ᠂ ᠦᠢᠯᠡᠴᠢᠯᠡᠭᠡᠨ ᠤ ᠴᠣᠪᠣᠷᠠᠯ ᠢ ᠰᠢᠨᠵᠢᠯᠡᠬᠦ ᠤᠬᠠᠭᠠᠨᠴᠢ ᠪᠠᠷ | ᠲᠥᠷᠢᠮᠵᠢᠭᠦᠯᠵᠦ ᠬᠤᠲᠠ ᠪᠠᠯᠭᠠᠰᠤᠨ ᠤ ᠬᠠᠮᠢᠶᠠᠷᠤᠯᠲᠠ ᠶᠢᠨ ᠣᠶᠣᠨᠴᠢᠯᠠᠭᠰᠠᠨ᠂ ᠪᠠᠷᠢᠮᠵᠢᠶᠠᠴᠢᠯᠠᠭᠰᠠᠨ᠂ ᠲᠦᠷᠢᠮᠵᠢᠭᠰᠡᠨ ᠬᠢᠷᠢ ᠲᠥᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠨᠠᠶᠢᠬᠡᠮ ᠤᠨ ᠰᠠᠶᠢᠨ ᠰᠠᠶᠢᠬᠠᠨ ᠰᠢᠨ᠎ᠡ ᠬᠡᠪ ᠰᠤᠷᠲᠠᠯ ᠢ ᠬᠥᠮᠤᠵᠢᠭᠦᠯᠤᠨᠡ᠃ ᠬᠤᠲᠠ ᠶᠢᠨ ᠳᠥᠷᠢ ᠲᠥᠷᠬᠦ ᠶᠢᠨ ᠳᠤᠰᠬᠠᠢ ᠲᠥᠷᠦᠯ ᠤᠨ ᠵᠠᠰᠠᠯᠲᠠ ᠶᠢ | ᠥᠷᠨᠢᠭᠦᠯᠵᠤ ᠴᠡᠪᠡᠷ ᠴᠡᠮᠴᠡᠭᠡᠷ᠂ ᠳᠡᠷᠢ ᠲᠡᠭᠰᠢ᠂ ᠡᠮᠬᠢ ᠵᠢᠷᠤᠮ ᠲᠠᠢ ᠬᠤᠲᠠ ᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃ ᠶᠤᠰᠤ ᠰᠤᠷᠲᠠᠬᠤᠨ ᠤ | ᠵᠢᠱᠢᠶᠡᠴᠢ᠂ ᠪᠢᠳᠠᠨ ᠤ ᠳᠡᠷᠭᠡᠳᠡᠬᠢ ᠰᠠᠶᠢᠴᠤᠳ ᠵᠡᠷᠭᠡ ᠰᠢᠯᠢᠳᠡᠭ ᠦᠢᠯᠡ ᠠᠵᠢᠯᠯᠠᠭ᠎ᠠ ᠶᠢ ᠥᠷᠭᠡᠨ ᠳᠡᠯᠭᠡᠷ ᠤᠬᠠᠭᠤᠯᠵᠤ ᠪᠥᠬᠦ ᠨᠡᠶᠢᠬᠡᠮ ᠳᠡᠭᠡᠷ᠎ᠡ ᠡᠷᠬᠢᠮ | ᠳᠡᠭᠡᠳᠤ ᠶᠤᠰᠤ ᠰᠤᠷᠳᠠᠬᠤᠨ ᠲᠠᠢ ᠵᠢᠱᠢᠶᠡᠴᠢ ᠠᠴᠠ ᠲᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠵᠠᠯᠭᠠᠯᠳᠤᠯ᠂ | ᠮᠠᠭᠲᠠᠭᠠᠯ ᠰᠠᠶᠢᠰᠢᠶᠠᠯ ᠤᠨ ᠬᠠᠷᠢᠭᠤ ᠳᠤᠰᠬᠠᠯ ᠵᠡᠷᠭᠡ ᠲᠥᠷᠢᠮ ᠢ ᠪᠥᠷᠢᠨᠰᠢᠭᠦᠯᠵᠦ ᠰᠠᠶᠢᠨ ᠳᠤᠷᠠᠴᠤᠳ ᠤᠨ ᠦᠢᠯᠡᠴᠢᠯᠡᠭᠡ ᠶᠢᠨ ᠪᠠᠶᠢᠩᠭᠤᠵᠢᠬᠤ ᠶᠢ | ᠠᠬᠢᠭᠤᠯᠤᠨ᠎ᠠ᠃ ᠤᠯᠤᠰ ᠤᠨ ᠪᠠᠲᠣᠯᠠᠨ ᠬᠠᠮᠠᠭᠠᠯᠠᠯᠲᠠ ᠶᠢᠨ ᠬᠥᠮᠥᠵᠢᠯ ᠢ ᠴᠢᠩᠭᠠᠳᠬᠠᠵᠤ᠂ ᠪᠥᠬᠦ ᠤᠯᠤᠰ ᠤᠨ ︽ᠬᠤᠶᠡᠷ ᠢ ᠬᠦᠷᠢᠶᠠᠯᠡᠬᠦ︾ ᠵᠢᠱᠢᠶᠡᠴᠢ | ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠭᠤᠯᠭ᠎ᠠ ᠪᠠᠷ ᠪᠠᠶᠠᠯᠢᠭ | ᠣᠯᠠᠨ ᠲᠥᠮᠡᠨᠴᠢ ᠴᠢᠨᠠᠷᠲᠠᠢ ᠰᠤᠶᠣᠯ ᠲᠠᠮᠢᠷ ᠤᠨ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠤ᠂ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ | ᠰᠢᠨ᠎ᠠ ᠣᠷᠣᠰᠬᠠᠯ ᠪᠦᠷᠢᠯᠳᠤᠭᠦ ᠶᠢ ᠠᠭᠢᠭᠤᠯᠵᠤ᠂ ᠡᠷᠡᠭᠦᠯ ᠴᠢᠭᠢᠷᠠᠭ ᠦᠭᠡᠳᠡᠷᠭᠡᠭ ᠠᠮᠢᠳᠤᠷᠠᠯ ᠤᠨ ᠲᠤᠷ᠎ᠠ ᠪᠠᠬ᠎ᠠ ᠶᠢ ᠭᠦᠮᠤᠵᠢᠭᠦᠯᠦᠨᠠ᠃ ᠨᠠᠶᠢᠭᠡᠮ ᠤᠨ | ᠦᠨᠡᠨᠴᠢ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ︽ᠨᠢᠭᠡ ᠶᠠᠪᠤᠳᠠᠯ ᠲᠡᠭᠡᠷ᠎ᠠ ᠢᠳᠡᠭᠡᠯ ᠠᠯᠳᠠᠪᠠᠯ ᠶᠠᠪᠤᠳᠠᠯ ᠪᠤᠯᠭᠠᠨ ᠰᠠᠭᠠᠳ | ᠲᠠᠢ ᠪᠤᠯᠤᠨ᠎ᠠ︾ ᠭᠡᠭᠦ ᠢᠳᠡᠭᠡᠮᠵᠢ ᠶᠢᠨ ᠭᠢᠨᠠᠯᠳᠠ᠂ ᠰᠡᠷᠡᠮᠵᠢᠭᠦᠯᠦᠯ ᠪᠠ ᠵᠠᠯᠬᠠᠭᠠᠯ ᠤᠨ ᠰᠢᠰᠲ᠋ᠧᠮ ᠢ ᠪᠦᠷᠢᠨᠰᠢᠭᠦᠯᠵᠤ᠂ ᠦᠨᠡᠨᠴᠢ ᠢᠳᠡᠭᠡᠮᠵᠢ ᠶᠢ ᠡᠷᠭᠢᠮᠯᠠᠨ | ᠠᠮᠠᠯᠠᠬᠰᠠᠨ ᠳᠤ ᠪᠠᠨ ᠭᠦᠷᠭᠦ ᠡᠷᠭᠢᠮ ᠨᠠᠨᠳᠢᠨ ᠮᠤᠷᠠᠯ ᠰᠤᠷᠳᠠᠯ ᠢ ᠪᠠᠳᠠᠷᠠᠭᠤᠯᠤᠨ᠎ᠠ᠃ | ︵ᠵᠢᠷᠭᠤᠭ᠎ᠠ︶ ᠠᠵᠢᠯ ᠤᠨ ᠬᠠᠨᠳᠤᠯᠭᠠᠳᠤ ᠴᠢᠨᠠᠷ ᠢ ᠴᠢᠩᠭᠠᠷᠠᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠨᠠᠷ ᠪᠦᠳᠤᠮᠵᠢ ᠶᠢ | ᠲᠡᠭᠡᠭᠰᠢᠯᠡᠭᠦᠯᠦᠨ᠎ᠠ᠃ ᠠᠷᠠᠳ ᠲᠦᠮᠡᠨ ᠢᠶᠠᠷ ᠭᠤᠤᠯ ᠪᠣᠯᠭᠠᠭᠰᠠᠨ ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠪᠦᠭᠦ ᠴᠢᠳᠠᠯ ᠢᠶᠠᠷ ᠢᠶᠠᠨ ᠮᠠᠷᠠᠶᠢᠨ | ᠴᠢᠷᠮᠠᠶᠢᠵᠤ᠂ ᠰᠠᠭᠤᠷᠢ ᠶᠢ ᠪᠠᠳᠤᠯᠠᠵᠤ᠂ ᠳᠣᠳᠠᠭᠤᠳᠠᠯ ᠢ ᠨᠦᠭᠦᠪᠤᠷᠢᠯᠠᠨ ᠠᠷᠠᠳ ᠤᠨ ᠠᠮᠢᠳᠤᠷᠠᠯ ᠤᠨ ᠵᠢᠱᠢᠯᠳᠠ ᠶᠢ ᠪᠡᠶᠡᠯᠠᠭᠦᠯᠦᠨᠠ᠃ ᠵᠢᠯ ᠤᠨ ᠲᠤᠳᠤᠷ᠎ᠠ 8 | ᠵᠦᠢᠯ ᠤᠨ ᠠᠷᠠᠳ ᠢ ᠬᠠᠷᠠᠭᠠᠯᠵᠠᠬᠤ ᠪᠤᠳᠠᠳᠤ ᠠᠵᠢᠯ ᠢ ᠭᠤᠤᠯᠳᠠᠯᠭ᠎ᠠ ᠲᠠᠢ ᠭᠡᠷᠡᠭᠵᠢᠭᠦᠯᠦᠨ᠎ᠠ᠃ | ᠨᠢᠭᠡ ᠳᠤ ᠦᠢᠯᠡᠰ ᠪᠤᠰᠬᠠᠵᠤ ᠠᠵᠢᠯ ᠤᠯᠭᠤᠬᠤ ᠶᠢ ᠠᠭᠢᠭᠤᠯᠤᠨ᠎ᠠ᠃ ᠰᠢᠨ᠎ᠠ ᠶᠢ ᠡᠭᠦᠳᠤᠨ ᠦᠢᠯᠡᠰ ᠪᠤᠰᠬᠠᠬᠤ ᠲᠠᠪᠴᠠᠩ ᠤᠨ ᠬᠠᠮᠢᠶᠠᠷᠤᠯᠳᠠ ᠶᠢ | ᠴᠢᠩᠭᠠᠳᠬᠠᠵᠤ᠂ ᠦᠢᠯᠡᠰ ᠪᠤᠰᠬᠠᠨ ᠠᠵᠢᠯ ᠤᠯᠭᠤᠬᠤ ᠵᠢᠭᠡᠯᠡᠯᠭᠡ ᠶᠢ 1000 ᠲᠦᠮᠡᠨ ᠲᠦᠭᠦᠷᠢᠭ ᠲᠠᠯᠪᠢᠵᠤ᠂ ᠰᠢᠨ᠎ᠠ ᠶᠢ ᠡᠭᠦᠳᠴᠤ ᠦᠢᠯᠡᠰ ᠪᠤᠰᠬᠠᠬᠤ | ᠲᠦᠷᠦᠯ ᠵᠦᠢᠯ ᠢ ᠵᠠᠰᠠᠭ ᠤᠨ ᠤᠷᠳᠤᠨ ᠠᠴᠠ ᠤᠯᠠᠨ ᠨᠠᠶᠢᠳᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠭᠡᠪᠴᠢᠶᠠᠨ ᠳᠤ ᠤᠷᠢᠳᠠᠪᠠᠷ ᠤᠷᠤᠭᠤᠯᠵᠤ᠂ | ᠦᠢᠯᠡᠰ ᠪᠤᠰᠬᠠᠬᠴᠢᠳ ᠲᠤ ᠨᠡᠩ ᠭᠦᠴᠦᠳᠠᠢ ᠲᠡᠮᠵᠢᠯᠭᠡ ᠶᠢ ᠬᠠᠩᠭᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ 100 ᠠᠴᠠ | ᠢᠯᠡᠭᠦᠤ ᠭᠠᠷᠭᠠᠵᠤ᠂ ᠶᠡᠭᠡ ᠲᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢᠳ ᠢ 100 ᠨᠡᠷ᠎ᠡ ᠨᠠᠶᠢᠳᠠᠨ ᠭᠦᠮᠤᠵᠢᠭᠦᠯᠵᠤ᠂ ᠠᠵᠢᠯ ᠮᠡᠷᠭᠡᠵᠢᠯ ᠤᠨ | ᠪᠤᠯᠪᠠᠰᠤᠷᠠᠯ ᠢ 2000 ᠭᠦᠮᠤᠨ ᠳᠤ ᠭᠦᠷᠳᠡᠭᠡᠨ᠎ᠠ᠃ ᠬᠤᠶᠠᠷ ᠲᠤ ᠰᠤᠷᠭᠠᠨ ᠭᠦᠮᠤᠵᠢᠯ ᠤᠨ ᠰᠠᠭᠤᠷᠢ ᠪᠠᠶᠢᠭᠤᠯᠤᠯᠳᠠ ᠶᠢ ᠴᠢᠩᠭᠠᠳᠬᠠᠨ᠎ᠠ᠃ ᠬᠤᠳᠠ ᠶᠢᠨ | ᠮᠤᠩᠭᠤᠯ ᠦᠨᠳᠤᠰᠤᠳᠡᠨ ᠤ ᠬᠤᠶᠠᠳᠤᠭᠠᠷ ᠳᠣᠮᠳᠠᠳᠤ ᠰᠤᠷᠭᠠᠭᠤᠯᠢ᠂ ᠦᠤᠰᠢᠨᠵᠤᠤ ᠪᠠᠭ᠎ᠠ ᠰᠤᠷᠭᠠᠭᠤᠯᠢ᠂ ᠲᠦᠷᠪᠡᠳᠤᠭᠡᠷ ᠭᠡᠤᠭᠡᠳ ᠤᠨ ᠴᠡᠴᠡᠷᠯᠢᠭ ᠪᠠ | ᠨᠠᠰᠤᠳᠠᠶᠢᠴᠤᠳ ᠤᠨ ᠶᠡᠭᠡ ᠰᠤᠷᠭᠠᠭᠤᠯᠢ ︵ᠠᠬᠠᠮᠠᠳ ᠺᠠᠳ᠋ᠷᠴᠤᠳ ᠤᠨ ᠭᠦᠳᠡᠯᠭᠡᠭᠡᠨ ᠤ ᠲᠦᠪ︶ ᠶᠢᠨ ᠪᠠᠶᠢᠭᠤᠯᠤᠯᠳᠠ ᠶᠢ ᠡᠭᠢᠯᠡᠭᠦᠯᠵᠤ᠂ ᠲᠤᠭ ᠪᠠᠭ᠎ᠠ | ᠰᠤᠷᠭᠠᠭᠤᠯᠢ᠂ ᠭᠠᠯᠠᠭᠤᠲᠤ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠱᠠᠷᠯᠢᠭ ᠪᠠᠭ᠎ᠠ ᠰᠤᠷᠭᠠᠭᠤᠯᠢ ᠶᠢᠨ ᠶᠡᠷᠦᠩᠭᠡᠶᠢᠯᠡᠭᠰᠡᠨ ᠠᠰᠠᠷ ᠪᠠ ᠪᠠᠭᠰᠢᠨᠡᠷ | ᠤᠨ ᠪᠠᠶᠢᠷᠢ ᠶᠢ 5 ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠨᠢᠭᠡ ᠪᠦᠯᠦᠭ ᠰᠤᠷᠭᠠᠭᠤᠯᠢ ᠶᠢ ᠦᠷᠭᠡᠳᠭᠡᠨ ᠪᠠᠶᠢᠭᠤᠯᠬᠤ ᠪᠠ ᠰᠡᠯᠪᠢᠨ ᠵᠠᠰᠠᠵᠤ | ᠦᠭᠡᠷᠡᠴᠢᠯᠡᠭᠦ ᠢᠨᠵᠧᠨᠧᠷᠢᠩ ᠢ ᠭᠡᠷᠡᠭᠵᠢᠭᠦᠯᠵᠤ᠂ ᠦᠨᠳᠤᠷ ᠭᠢᠷᠢ ᠲᠦᠪᠰᠢᠨ ᠲᠠᠢ ᠪᠠᠭᠰᠢᠨᠡᠷ ᠢ ᠤᠷᠢᠨ ᠠᠪᠴᠢᠷᠠᠵᠤ ᠰᠤᠷᠭᠠᠭᠤᠯᠢ ᠡᠷᠭᠢᠯᠡᠭᠦ ᠨᠦᠭᠦᠴᠡᠯ ᠢ | ᠦᠷᠭᠦᠯᠵᠢᠯᠠᠨ ᠰᠠᠶᠢᠵᠢᠷᠠᠭᠤᠯᠵᠤ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠠ᠃ ᠭᠤᠷᠪᠠ ᠳᠤ ᠡᠷᠡᠭᠦᠯ ᠡᠩᠭᠡ ᠦᠤᠰᠢᠨ ᠤ ᠪᠠᠶᠢᠭᠤᠯᠤᠯᠳᠠ | ᠶᠢ ᠲᠦᠯᠭᠢᠨ ᠠᠭᠢᠭᠤᠯᠤᠨ᠎ᠠ᠃ ᠬᠤᠰᠢᠭᠤ ᠭᠢᠵᠢᠭ ᠢ ᠰᠡᠷᠭᠡᠶᠢᠯᠡᠭᠦ ᠲᠦᠪ ᠤᠨ ᠬᠠᠯᠳᠠᠪᠣᠷᠢᠳᠣ ᠡᠪᠡᠳᠴᠢᠨ ᠤ ᠪᠠᠴᠢᠮ ᠡᠮᠴᠢᠯᠡᠬᠡᠨ ᠤ ᠳᠣᠷᠰᠢᠯᠳᠠ ᠶᠢᠨ ᠠᠰᠠᠷ ᠢ | ᠰᠢᠨ᠎ᠠ ᠪᠠᠷ ᠪᠠᠶᠢᠭᠤᠯᠵᠤ᠂ ᠬᠤᠰᠢᠭᠤ ᠡᠭᠡ ᠨᠢᠯᠬᠠᠰ ᠤᠨ ᠡᠷᠡᠭᠦᠯᠵᠢᠯ ᠤᠨ ᠲᠦᠯᠤᠪᠯᠡᠭᠡᠳᠤ ᠭᠦᠩᠭᠡᠵᠢᠯ ᠤᠨ ᠠᠵᠢᠯ ᠤᠨ ᠦᠢᠯᠡᠴᠢᠯᠡᠭᠡᠨ ᠤ ᠲᠦᠪ ᠢ | ᠦᠷᠭᠡᠳᠭᠡᠨ ᠪᠠᠶᠢᠭᠤᠯᠬᠤ ᠢᠨᠵᠧᠨᠧᠷᠢᠩ ᠢ ᠡᠭᠢᠯᠡᠭᠦᠯᠦᠨ᠎ᠠ᠃ ᠤᠯᠠᠨ ᠨᠠᠶᠢᠳᠠ ᠶᠢᠨ ᠡᠷᠡᠭᠦᠯ ᠮᠠᠨᠳᠣ ᠶᠢᠨ ᠮᠡᠳᠡᠯᠭᠡ ᠶᠢᠨ ᠲᠦᠭᠡᠮᠡᠯᠵᠢᠭᠦᠯᠦᠯᠳᠡ ᠵᠢᠴᠢ ᠡᠮ | ᠡᠮᠨᠡᠯᠭᠡ᠂ ᠡᠷᠡᠭᠦᠯ ᠬᠠᠮᠠᠭᠠᠯᠠᠯ ᠤᠨ ᠲᠤᠰᠬᠠᠢ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠭᠦᠮᠤᠵᠢᠭᠦᠯᠭᠦ ᠠᠵᠢᠯ ᠢ ᠴᠢᠩᠭᠠᠳᠬᠠᠵᠤ᠂ ᠪᠦᠭᠦ ᠬᠤᠰᠢᠭᠤᠨ ᠤ | ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠨᠢᠭᠡᠳᠤᠯᠳᠠᠢ ᠲᠠᠩᠰᠠ ᠡᠪᠭᠡᠮᠡᠯ ᠤᠨ ᠲᠤᠭ᠎ᠠ ᠮᠠᠭᠠᠳ ᠤᠨ ᠭᠦᠮᠤᠷᠭᠡ ᠶᠢ ᠪᠠᠶᠢᠭᠤᠯᠵᠤ᠂ ᠤᠳᠠᠭᠠᠨ ᠴᠢᠨᠠᠷᠳᠠᠢ | ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠭᠦ ᠠᠵᠢᠯ ᠢ ᠠᠭᠢᠭᠤᠯᠵᠤ᠂ 65 ᠪᠦᠭᠦᠯᠢ ᠨᠠᠰᠤᠨ ᠠᠴᠠ ᠦᠨᠳᠤᠷ ᠨᠠᠰᠤᠳᠠᠶᠢᠴᠤᠳ ᠲᠤ ᠰᠦᠢᠳᠭᠡᠯ ᠬᠤᠷᠢᠶᠠᠬᠤ | ᠦᠭᠡᠢ ᠪᠠᠷ ᠠᠭᠤᠰᠭᠢᠨ ᠦᠷᠪᠢᠰᠤᠯ᠂ ᠬᠠᠯᠳᠠᠪᠤᠷᠢᠳᠤ ᠲᠠᠭᠰᠢᠭᠤᠷ ᠰᠠᠷᠬᠡᠶᠢᠯᠡᠬᠦ ᠵᠠᠬᠦᠦ ᠲᠠᠷᠢᠵᠤ᠂ ᠬᠤᠰᠢᠭᠤᠨ ᠳᠣᠳᠣᠷᠠᠬᠢ ᠡᠮᠨᠡᠯᠭᠡ ᠶᠢᠨ ᠬᠤᠷᠢᠶ᠎ᠠ ᠨᠢ | ᠪᠠᠶᠢᠩᠭᠤ ᠬᠡᠷᠡᠭᠯᠡᠭᠳᠡᠬᠦ ᠮᠤᠩᠭᠤᠯ ᠭᠢᠳᠠᠳ ᠡᠮ ᠡᠮᠨᠡᠯᠭᠡ ᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠤᠰᠤᠨ ᠡᠮᠨᠡᠯᠭᠡ ᠶᠢᠨ ᠲᠠᠭᠠᠳᠬᠠᠯ ᠤᠨ | ᠲᠠᠩᠰᠠᠨ ᠠᠴᠠ ᠲᠠᠶᠢᠯᠬᠤ ᠭᠦᠷᠢᠶᠠᠨ ᠳᠤ ᠤᠷᠤᠭᠤᠯᠤᠨ᠎ᠠ᠃ ᠲᠦᠷᠪᠡ ᠳᠤ ᠤᠳᠤ ᠦᠶ᠎ᠠ ᠶᠢᠨ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ | ᠬᠠᠩᠭᠠᠯᠭ᠎ᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠲᠣᠭᠠᠴᠠᠯᠠᠭᠰᠠᠨ ᠰᠤᠶᠤᠯ ᠢ ᠬᠥᠳᠡᠭᠡ ᠨᠤᠲᠤᠭ ᠲᠤ ᠬᠥᠷᠭᠡᠬᠦ ᠦᠢᠯᠡᠴᠢᠯᠡᠭᠡᠨ ᠤ ᠳᠠᠪᠴᠠᠩ ᠤᠨ | ᠪᠠᠶᠢᠭᠤᠯᠤᠯᠲᠠ ᠶᠢ ᠡᠬᠢᠯᠡᠭᠦᠯᠵᠤ ︽ᠨᠣᠮ ᠤᠨ ᠪᠣᠶᠠᠨᠲᠣ ᠦᠤᠰᠢᠨ︾ ᠵᠡᠷᠭᠡ ᠰᠤᠶᠤᠯ ᠤᠨ ᠲᠣᠮᠦ ᠬᠡᠯᠪᠡᠷᠢ ᠶᠢᠨ ᠰᠢᠷᠢᠰ ᠠᠵᠢᠯᠯᠠᠭᠠᠨ ᠢ ᠨᠠᠷᠢᠯᠢᠭ ᠵᠣᠬᠢᠶᠠᠨ | ᠪᠠᠶᠢᠭᠤᠯᠵᠤ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠠ ᠶᠢ ᠦᠢᠯᠡᠳᠦᠯᠭᠡᠵᠢᠭᠦᠯᠦᠨ ᠣᠯᠠᠨ ᠲᠥᠮᠡᠨ ᠤ ᠣᠶᠣᠨ ᠰᠠᠨᠠᠭᠠᠨ ᠤ ᠰᠤᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ᠃ ᠲᠠᠪᠦ ᠳᠤ ᠰᠠᠭᠤᠷᠢ ᠱᠤᠭᠤᠮ ᠢ ᠯᠠᠪᠳᠠᠭᠤᠨ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ | ᠠᠬᠢᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠲᠤᠰᠪᠤᠷᠢ 611 ᠲᠥᠭᠦᠷᠢᠭ ᠪᠠ 476 ᠲᠥᠭᠦᠷᠢᠭ ᠪᠣᠯᠭᠠᠵᠦ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ ᠶᠢ 50 ᠲᠥᠭᠦᠷᠢᠭ ᠳᠡᠭᠡᠭᠰᠢᠯᠡᠭᠦᠯᠵᠦ᠂ ᠠᠵᠤ ᠦᠢᠯᠡᠰ | ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠮᠦᠩᠬᠦ ᠶᠢ 5% ᠳᠡᠭᠡᠭᠰᠢᠯᠡᠭᠦᠯᠵᠦ ︽ᠲᠠᠪᠤᠨ ᠪᠠᠲᠤᠯᠭᠠᠨᠲᠤ︾ ᠡᠷᠦᠬᠡ ᠶᠢ ᠲᠦᠪᠯᠡᠷᠡᠭᠦᠯᠭᠦ ᠪᠠ ᠳᠠᠷᠬᠠᠢ ᠪᠣᠲᠠᠷᠬᠠᠢ ᠪᠠᠷ ᠠᠰᠠᠷᠠᠨ ᠲᠡᠵᠢᠭᠡᠭᠦ ᠪᠠᠷᠢᠮᠵᠢᠶ᠎ᠠ ᠶᠢ | ᠲᠤᠰᠪᠤᠷᠢ 1000 ᠲᠦᠭᠦᠷᠢᠭ ᠪᠠ 588 ᠲᠦᠭᠦᠷᠢᠭ ᠲᠡᠭᠡᠭᠰᠢᠯᠡᠭᠦᠯᠪᠡ᠃ ᠵᠢᠷᠭᠤᠭ᠎ᠠ ᠳᠤ ᠪᠦᠭᠦ ᠤᠯᠤᠰ ᠤᠨ ᠦᠨᠳᠤᠰᠤᠳᠡᠨ ᠤ ᠪᠦᠯᠭᠦᠮᠳᠡᠯ ᠲᠠᠪᠰᠢᠯᠳᠠ | ᠶᠢᠨ ᠵᠢᠱᠢᠶᠡᠴᠢ ᠬᠤᠰᠢᠭᠤ ᠶᠢ ᠪᠦᠭᠦ ᠬᠦᠴᠦ ᠪᠠᠷ ᠢᠶᠠᠨ ᠡᠭᠦᠳᠤᠨ ᠪᠠᠶᠢᠭᠤᠯᠤᠨ᠎ᠠ᠃ ᠦᠪᠡᠷᠮᠢᠴᠡ ᠤᠨᠴᠠᠯᠢᠬᠳᠤ ᠭᠠᠴᠠᠭ᠎ᠠ ᠲᠤᠰᠬᠤᠨ ᠪᠠ ᠬᠠᠭᠤᠴᠢᠨ ᠨᠤᠮ | ᠪᠢᠴᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠ ᠶᠢᠨ ᠠᠮᠢᠳᠤᠷᠠᠯ ᠭᠦᠴᠢᠷᠳᠡᠯᠳᠠᠢ ᠴᠦᠭᠡᠨ ᠲᠤᠭᠠᠳᠤ ᠦᠨᠳᠤᠰᠤᠳᠡᠨ ᠤ ᠤᠯᠠᠨ ᠲᠦᠮᠡᠨ ᠢ ᠲᠤᠰᠠᠯᠠᠨ | ᠲᠡᠮᠵᠢᠭᠦ ᠲᠤᠭᠳᠠᠯᠴᠠᠭ᠎ᠠ ᠶᠢ ᠪᠠᠶᠢᠭᠤᠯᠵᠤ᠂ ᠮᠤᠩᠭᠤᠯ ᠭᠢᠳᠠᠳ ᠬᠤᠤᠰ ᠭᠡᠯᠡᠨ ᠤ ᠠᠵᠢᠯᠳᠠᠳ ᠢ 30 ᠨᠠᠷᠠ ᠡᠯᠰᠡᠵᠤ ᠦᠨᠳᠤᠰᠤᠳᠡᠨ ᠤ ᠪᠦᠯᠭᠦᠮᠳᠡᠯ | ᠲᠠᠪᠰᠢᠯᠳᠠ ᠶᠢᠨ ᠰᠤᠷᠭᠠᠨ ᠭᠦᠮᠤᠵᠢᠯ ᠤᠨ ᠵᠢᠱᠢᠶᠡᠴᠢ ᠰᠠᠭᠤᠷᠢᠨ ᠭᠠᠵᠠᠷ ᠢ 2 ᠪᠠᠶᠢᠭᠤᠯᠵᠤ᠂ ᠡᠯ᠎ᠠ ᠦᠨᠳᠤᠰᠤᠳᠡᠨ ᠤ ᠬᠠᠮᠳᠤ ᠪᠠᠷ ᠪᠦᠯᠭᠦᠮᠳᠡᠨ ᠲᠡᠮᠡᠴᠡᠵᠤ᠂ | ᠬᠠᠮᠳᠤ ᠪᠠᠷ ᠴᠡᠴᠡᠭᠯᠡᠨ ᠭᠦᠭᠵᠢᠭᠦ ᠶᠢ ᠠᠭᠢᠭᠤᠯᠤᠨ᠎ᠠ᠃ ᠲᠤᠯᠤᠭ᠎ᠠ ᠳᠤ ᠤᠯᠠᠨ ᠲᠦᠮᠡᠨ ᠤ ᠢᠳᠡᠵᠤ ᠤᠤᠭᠤᠬᠤ ᠲᠠᠯ᠎ᠠ ᠶᠢᠨ ᠠᠮᠤᠷ ᠲᠦᠪᠰᠢᠨ ᠢ ᠪᠠᠳᠤᠯᠠᠨ᠎ᠠ᠃ | ᠡᠭᠢ ᠢᠷᠡᠯᠳᠡ ᠠᠴᠠ ᠰᠡᠷᠭᠡᠶᠢᠯᠡᠭᠦ ᠪᠤᠯᠤᠨ ᠦᠩᠭᠡᠷᠡᠯᠳᠡ ᠶᠠᠪᠤᠴᠠ ᠳᠤᠨᠢ ᠭᠢᠨᠠᠨ ᠬᠠᠮᠢᠶᠠᠷᠬᠤ ᠶᠢ ᠬᠠᠮᠳᠤ ᠳᠤᠨᠢ ᠴᠢᠬᠤᠯᠠᠴᠢᠯᠠᠨ ᠢᠨᠲ᠋ᠧᠷ ᠰᠦᠯᠵᠢᠶ᠎ᠠ᠂ ᠲᠤᠮᠤ | ᠳᠤᠭ᠎ᠠ ᠪᠠᠷᠢᠮᠳᠠ ᠶᠢᠨ ᠮᠡᠷᠭᠡᠵᠢᠯ ᠢ ᠭᠡᠷᠡᠭᠯᠡᠨ ᠭᠢᠨᠠᠨ ᠬᠠᠮᠢᠶᠠᠷᠤᠯᠳᠠ ᠶᠢᠨ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠳᠤᠭᠡᠭᠳᠡᠭᠦᠨ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠤ ᠪᠦᠭᠦ ᠬᠡᠯᠬᠢᠶᠡᠵᠢᠯ ᠳᠤ ᠮᠦᠷᠳᠡᠯᠳᠡ ᠭᠢᠭᠦ ᠰᠢᠰᠲ᠋ᠧᠮ | ᠤᠨ ᠪᠠᠶᠢᠭᠤᠯᠤᠯᠳᠠ ᠶᠢ ᠬᠠᠮᠳᠤ ᠪᠠᠷ ᠠᠭᠢᠭᠤᠯᠤᠨ᠎ᠠ᠃ ᠨᠠᠢᠮᠠ ᠳᠤ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭ᠎ᠠ ᠶᠢ ᠭᠦᠭᠵᠢᠭᠦᠯᠦᠨ᠎ᠠ᠃ | ᠨᠢᠭᠡ ᠪᠦᠯᠦᠭ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠠᠵᠤ ᠦᠢᠯᠡᠰ ᠢ ᠤᠷᠢᠨ ᠠᠪᠴᠢᠷᠠᠬᠤ ᠪᠠ ᠭᠦᠮᠤᠵᠢᠭᠦᠯᠵᠤ ᠰᠣᠮᠣ ᠪᠠᠯᠭᠠᠰᠤ᠂ ᠭᠠᠴᠠᠭ᠎ᠠ | ᠲᠤᠰᠬᠤᠨ ︵ᠨᠠᠶᠢᠭᠡᠮ ᠲᠤᠭᠤᠷᠢᠭ︶ ᠤ ᠦᠢᠯᠡᠴᠢᠯᠡᠭᠡᠨ ᠤ ᠲᠤᠤᠷ ᠴᠡᠭ ᠢ 10 ᠠᠴᠠ ᠳᠡᠭᠡᠭᠰᠢ ᠦᠭᠡᠷᠡᠴᠢᠯᠠᠨ ᠲᠡᠭᠡᠭᠰᠢᠯᠡᠭᠦᠯᠵᠤ᠂ ᠴᠢᠨᠡᠷ ᠰᠠᠶᠢᠳᠡᠢ ᠨᠤᠳᠤᠭ | ᠤᠨ ᠤᠨᠴᠠ ᠭᠠᠷᠤᠯᠳᠠ ᠶᠢ ᠰᠦᠯᠵᠢᠶᠠᠨ ᠲᠡᠭᠡᠷ᠎ᠠ ᠦᠨ᠎ᠠ ᠰᠠᠶᠢᠳᠠᠢ ᠪᠤᠷᠤᠯᠠᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠳᠣᠰ ᠪᠠᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ | 2018 ᠣᠨ ᠪᠣᠯ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠪᠥᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ | ᠵᠢᠯ ᠮᠦᠨ᠃ ᠪᠢᠳᠠ ᠳᠣᠰ ᠪᠠᠶ᠎ᠠ ᠶᠢᠨ ᠪᠠᠶᠢᠭᠤᠯᠤᠯᠲᠠ ᠪᠠᠨ ᠭᠦᠴᠦᠯᠡᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠭᠦᠯᠵᠤ᠂ ᠠᠷᠠᠳ | ᠲᠥᠮᠡᠨ ᠬᠠᠨᠤᠮᠵᠢᠲᠠᠢ ᠦᠢᠯᠡᠴᠢᠯᠡᠭᠡᠨ ᠤ ᠬᠡᠯᠪᠡᠷᠢᠲᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ︵ᠨᠢᠬᠡ︶ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠭᠦᠢᠴᠡᠳᠬᠡᠬᠦ ᠶᠢ ᠪᠠᠷᠢᠮᠳᠠᠯᠠᠨ᠎ᠠ᠃ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠠᠯᠪᠢᠵᠤ᠂ ᠨᠠᠮ ᠤᠨ ᠠᠷᠪᠠ ᠶᠢᠰᠤᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠤᠯᠤᠰ ᠲᠥᠷᠥ | ᠶᠢᠨ ᠵᠣᠭᠰᠣᠯᠳᠠ ᠲᠣᠲᠣᠷᠬᠠᠢ ᠪᠠᠶᠢᠵᠣ᠂ ᠨᠠᠮ ᠳᠠᠭᠠᠨ ᠴᠢᠩ ᠦᠨᠡᠨᠴᠢ ᠪᠠᠶᠢᠬᠤ ᠤᠯᠤᠰ ᠲᠥᠷᠥ ᠶᠢᠨ ᠣᠪᠣᠷ ᠰᠣᠷᠳᠠᠯ ᠲᠠᠢ ᠪᠠᠶᠢᠬᠤ ᠶᠢ ᠪᠠᠷᠢᠮᠳᠠᠯᠠᠵᠣ᠂ ︽ | ᠲᠥᠷᠪᠡᠨ ᠤᠬᠠᠮᠰᠠᠷ︾ ᠢ ᠪᠠᠲᠤᠳᠬᠠᠵᠤ ︽ᠲᠥᠷᠪᠡᠨ ᠢᠲᠡᠭᠡᠯ︾ ᠢ ᠪᠠᠬᠢᠵᠢᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠦᠪᠯᠡᠷᠡᠬᠦᠯᠥᠭᠰᠡᠨ ᠨᠢᠭᠡᠳᠤᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠣ᠂ ᠦᠵᠡᠯ ᠰᠠᠨᠠᠭ᠎ᠠ᠂ ᠤᠯᠤᠰ ᠲᠥᠷᠥ᠂ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠤᠯᠲᠠᠢ ᠪᠠᠶᠢᠯᠭᠠᠵᠣ᠂ ᠲᠥᠪ ᠤᠨ ᠲᠦᠷᠦ ᠶᠢᠨ ᠪᠣᠳᠣᠯᠭ᠎ᠠ ᠴᠢᠭᠯᠡᠯᠳᠠ ᠪᠠ | ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠰᠢᠢᠳᠪᠤᠷᠢᠲᠤ ᠪᠣᠳᠤᠯᠭ᠎ᠠ ᠶᠢᠨ | ᠪᠠᠶᠢᠷᠢᠯᠠᠭᠤᠯᠣᠯᠳᠠ ᠶᠢ ᠨᠠᠶᠢᠳᠠᠪᠤᠷᠢᠵᠢᠭᠤᠯᠤᠨ ᠥᠷ᠎ᠡ ᠪᠥᠲᠤᠮᠵᠢ ᠣᠯᠬᠤ ᠶᠢ ᠪᠠᠳᠣᠯᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠦᠮᠤᠵᠢᠯ ᠤᠨ ᠠᠵᠢᠯ ᠢ ᠪᠠᠶᠢᠩᠭᠤᠵᠢᠭᠤᠯᠣᠨ ᠲᠥᠷᠢᠮᠵᠢᠭᠦᠯᠬᠦ ᠶᠢ ᠠᠬᠢᠭᠤᠯᠵᠤ᠂ ︽ | ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠲᠤᠪᠲᠤ ᠬᠦᠮᠤᠵᠢᠯ ᠢ ᠭᠦᠨᠵᠡᠭᠡᠢ ᠥᠷᠨᠢᠭᠦᠯᠵᠤ᠂ | ᠲᠣᠭᠤᠷᠢᠨ ᠴᠠᠭᠳᠠᠨ ᠪᠠᠶᠢᠴᠠᠭᠠᠬᠤ ᠳᠤ ᠬᠠᠷᠢᠭᠤ ᠳᠤᠰᠬᠠᠭᠰᠠᠨ ᠠᠰᠠᠭᠤᠳᠠᠯ ᠤᠨ ᠴᠡᠭᠴᠡᠯᠡᠯᠳᠡ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ | ᠰᠢᠨ᠎ᠡ ᠥᠷ᠎ᠡ ᠪᠥᠲᠤᠮᠵᠢ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠰᠢᠨ᠎ᠡ ᠬᠢᠷᠢ ᠲᠥᠪᠰᠢᠨ ᠳᠤ ᠬᠦᠷᠬᠡᠭᠦ ᠶᠢ ᠲᠦᠯᠬᠢᠨ | ᠠᠬᠢᠭᠤᠯᠣᠨ᠎ᠠ᠃ | ︵ᠬᠤᠶᠡᠷ︶ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ᠦᠨᠳᠣᠰᠣᠨ ᠬᠠᠣᠯᠢ ᠪᠠ ᠬᠠᠣᠯᠢ ᠴᠠᠭᠠᠵᠠ ᠶᠢ ᠴᠢᠩᠭ᠎ᠠ ᠵᠢᠷᠣᠮᠯᠠᠨ ᠰᠠᠬᠢᠵᠣ | ᠬᠠᠣᠯᠢᠵᠢᠯ ᠵᠠᠰᠠᠭ ᠤᠨ ᠣᠷᠳᠣᠨ ᠤ ᠪᠠᠶᠢᠭᠤᠯᠣᠯᠳᠠ ᠶᠢᠨ ᠬᠡᠷᠡᠭᠵᠢᠬᠦᠯᠬᠦ ᠲᠥᠯᠥᠪᠵᠢᠬᠦᠯᠬᠡ ᠶᠢ ᠬᠦᠨᠵᠡᠬᠡᠢ ᠳᠣᠣᠱᠯᠠᠭᠤᠯᠣᠨ ᠨᠠᠶᠢᠳᠠᠪᠣᠷᠢᠵᠢᠭᠤᠯᠵᠣ ᠬᠠᠣᠯᠢ ᠳᠤ | ᠳᠣᠭᠳᠠᠭᠠᠭᠰᠠᠨ ᠡᠷᠬᠡ ᠪᠠ ᠶᠠᠪᠣᠴᠠ ᠪᠠᠷ ᠡᠷᠬᠡ ᠪᠠᠨ ᠬᠡᠷᠡᠭᠵᠢᠬᠦᠯᠣᠨ ᠡᠬᠦᠷᠬᠡ ᠪᠠᠨ ᠬᠦᠢᠴᠡᠳᠬᠡᠵᠣ᠂ ᠵᠠᠰᠠᠭ ᠤᠨ ᠣᠷᠳᠣᠨ ᠤ ᠠᠵᠢᠯ ᠢ ᠪᠦᠬᠦ ᠳᠠᠯ᠎ᠠ ᠪᠠᠷ | ᠬᠠᠣᠯᠢᠵᠢᠭᠰᠡᠨ ᠵᠠᠮ ᠳᠤ ᠣᠷᠣᠭᠤᠯᠣᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ | ᠴᠠᠭᠠᠵᠠ ᠶᠢᠨ ᠬᠢᠨᠠᠯᠳᠠ ᠪᠠ ᠬᠤᠰᠢᠭᠤ ᠣᠯᠣᠰ ᠲᠦᠷᠥ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠵᠠᠰᠠᠭ ᠤᠨ | ᠣᠷᠳᠣᠨ ᠤ ᠵᠦᠪᠯᠡᠯᠬᠡ ᠶᠢ ᠦᠷᠬᠡᠨ ᠢᠶᠠᠷ ᠦᠷᠨᠢᠬᠦᠯᠵᠣ ᠠᠷᠠᠳ ᠤᠨ ᠲᠥᠯᠦᠬᠡᠯᠡᠭᠴᠢᠳ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ᠂ ᠨᠡᠶᠢᠬᠡᠮ ᠤᠨ | ᠡᠯ᠎ᠡ ᠡᠳᠡᠬᠡᠳ ᠤᠨ ᠬᠢᠨ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠣ ᠡᠯ᠎ᠡ ᠲᠦᠷᠥᠯ ᠤᠨ ᠰᠠᠨᠠᠯ ᠰᠠᠨᠠᠭᠤᠯᠭ᠎ᠠ ᠪᠠ ᠰᠠᠨᠠᠯ | ᠳᠣᠷᠠᠳᠣᠯᠭ᠎ᠠ ᠶᠢ ᠰᠠᠶᠢᠳᠣᠷ ᠭᠦᠢᠴᠡᠳᠬᠡᠨ᠎ᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠣᠷᠢᠳᠣ ᠪᠣᠳᠣᠯᠭ᠎ᠠ ᠳᠣᠭᠳᠠᠭᠠᠬᠤ ᠶᠠᠪᠣᠴᠠ ᠶᠢ ᠴᠢᠨᠠᠭᠰᠢᠳᠠ | ᠳᠡᠬᠦᠯᠳᠡᠷᠵᠢᠬᠦᠯᠵᠣ ᠭᠤᠣᠯᠳᠠᠯᠭᠠᠳᠣ ᠬᠦᠷᠢᠶ᠎ᠠ ᠴᠠᠷᠠᠭ᠎ᠠ᠂ ᠴᠢᠬᠤᠯᠠ ᠶᠡᠭᠡ ᠬᠡᠷᠡᠭ ᠣᠴᠢᠷ ᠤᠨ ᠬᠡᠷᠡᠭᠵᠢᠬᠦᠯᠥᠯᠳᠡ᠂ ᠬᠠᠮᠢᠶᠠᠷᠣᠯᠳᠠ᠂ ᠣᠶᠢᠯᠡᠴᠢᠯᠡᠭᠡ᠂ ᠦᠷ᠎ᠡ | ᠳ᠋ᠦᠩ ᠨᠠᠶᠢᠳᠠᠯᠠᠬᠦ ᠶᠢ ᠠᠬᠢᠭᠤᠯᠵᠣ᠂ ᠵᠠᠰᠠᠭ ᠵᠠᠬᠢᠷᠠᠭᠠᠨ ᠤ ᠬᠠᠣᠯᠢ ᠬᠡᠷᠡᠭᠵᠢᠬᠦᠯᠥᠯᠳᠡ ᠶᠢᠨ ᠨᠠᠶᠢᠳᠠᠯᠠᠯ ᠪᠠ ᠬᠠᠣᠯᠢ ᠬᠡᠷᠡᠭᠵᠢᠬᠦᠯᠬᠦ ᠪᠦᠬᠦ ᠶᠠᠪᠣᠴᠠ ᠶᠢ | ᠳᠡᠮᠳᠡᠭᠯᠡᠬᠦ ᠲᠦᠷᠢᠮ ᠢ ᠬᠡᠷᠡᠭᠵᠢᠬᠦᠯᠵᠣ ᠣᠯᠠᠨ ᠲᠦᠮᠡᠨ ᠪᠠ ᠵᠠᠭᠤᠴᠢᠯᠠᠭᠤᠷ ᠬᠢᠨ ᠤ ᠬᠢᠨᠠᠯᠳᠠ ᠶᠢ ᠰᠠᠨᠠᠭᠠᠴᠢᠯᠠᠭᠠᠳᠠᠢ ᠬᠦᠯᠢᠶᠠᠨ᠎ᠠ᠃ ︽ᠬᠡᠨ ᠬᠠᠣᠯᠢ | ᠬᠡᠷᠡᠭᠵᠢᠬᠦᠯᠪᠠᠯ ᠬᠡᠨ ᠬᠠᠣᠯᠢ ᠲᠦᠬᠡᠮᠡᠯᠵᠢᠬᠦᠯᠬᠦ︾ ᠠᠵᠢᠯ ᠤᠨ ᠬᠠᠷᠢᠭᠤᠴᠠᠯᠭᠠᠳᠣ ᠲᠦᠷᠢᠮ ᠢ ᠨᠠᠶᠢᠳᠠᠪᠣᠷᠢᠵᠢᠭᠤᠯᠵᠣ ᠣᠯᠣᠰ ᠤᠨ ᠠᠵᠢᠯᠳᠠᠨ ᠤ ᠬᠠᠣᠯᠢ | ᠰᠣᠷᠴᠣ ᠬᠡᠷᠡᠭᠯᠡᠬᠦ ᠲᠦᠷᠢᠮ ᠢ ᠪᠠᠷᠢᠮᠳᠠᠯᠠᠨ ᠬᠠᠣᠯᠢᠵᠢᠯ ᠰᠠᠳᠬᠢᠬᠦᠢ ᠶᠢ ᠵᠠᠰᠠᠭ ᠤᠨ ᠣᠷᠳᠣᠨ ᠤ ᠺᠠᠳ᠋ᠷ ᠪᠣᠯᠭᠠᠨ ᠤ ᠡᠳᠦᠷ ᠳᠣᠳᠣᠮ ᠤᠨ ᠠᠵᠢᠯ ᠳᠤ | ᠠᠭᠤᠰᠬᠠᠨ᠎ᠠ᠃ | ︵ᠭᠤᠷᠪᠠ︶ ᠦᠨᠳᠣᠷ ᠪᠦᠳᠣᠮᠵᠢᠳᠣ ᠣᠶᠢᠯᠡᠴᠢᠯᠡᠭᠡ ᠶᠢ ᠪᠠᠷᠢᠮᠳᠠᠯᠠᠨ᠎ᠠ᠃ ᠣᠯᠣᠰ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢᠨ ᠰᠢᠢᠳᠪᠣᠷᠢᠳᠣ ᠪᠣᠳᠣᠯᠭ᠎ᠠ | ᠶᠢᠨ ᠪᠠᠶᠢᠷᠢᠯᠠᠭᠤᠯᠣᠯᠳᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠡᠶᠢᠳᠠᠪᠣᠷᠢᠵᠢᠭᠤᠯᠵᠣ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠬᠦᠷᠬᠡ ᠴᠢᠳᠠᠪᠬᠢ | ᠶᠢᠨ ᠰᠢᠯᠢᠳᠡᠭᠵᠢᠬᠦ ᠪᠠ ᠬᠠᠮᠳᠣᠷᠠᠯᠴᠠᠨ ᠦᠨᠳᠣᠷ ᠪᠦᠳᠣᠮᠵᠢᠳᠡᠢ ᠪᠠᠷ ᠳᠣᠰᠢᠶᠠᠯ ᠬᠦᠢᠴᠡᠳᠬᠡᠬᠦ ᠶᠢ ᠠᠬᠢᠭᠤᠯᠣᠨ᠎ᠠ᠃ ᠲᠦᠬᠦᠮ ᠬᠤᠷᠠᠯ ᠬᠢᠵᠣ ᠠᠪᠰᠠᠷᠬᠠᠨ | ᠶᠠᠷᠢᠶ᠎ᠠ ᠳᠠᠯᠪᠢᠨ ᠳᠣᠪᠴᠢ ᠪᠢᠴᠢᠭ ᠮᠠᠲ᠋ᠧᠷᠢᠶᠠᠯ ᠢ ᠪᠠᠭᠤᠯᠭᠠᠵᠣ ᠪᠣᠳᠠᠳᠠᠢ ᠶᠢ ᠡᠷᠬᠢᠮᠯᠡᠨ ᠪᠦᠳᠣᠮᠵᠢ ᠶᠢ ᠰᠠᠨᠠᠭᠠᠴᠢᠯᠠᠵᠣ ᠲᠦᠬᠦᠮ ᠲᠦᠳᠡ ᠶᠢ ᠬᠦᠬᠡᠬᠡᠴᠠᠯᠳᠣᠵᠣ | ᠣᠶᠣᠨ ᠴᠢᠳᠠᠯ ᠢᠶᠠᠨ ᠨᠡᠩ ᠢᠯᠡᠬᠦᠦ ᠰᠢᠪᠬᠠᠨ ᠠᠵᠢᠯ ᠤᠨ ᠨᠠᠶᠢᠳᠠᠪᠣᠷᠢᠵᠢᠭᠤᠯᠣᠯᠳᠠ ᠶᠢ ᠠᠳᠬᠤᠵᠣ ᠠᠵᠣ ᠠᠬᠤᠶᠢᠯᠡᠯ ᠳᠤ ᠣᠶᠢᠯᠠᠴᠢᠯᠡᠨ ᠠᠷᠠᠳ ᠲᠦᠮᠡᠨ ᠤ | ᠬᠦᠴᠢᠷ ᠠᠰᠠᠭᠤᠳᠠᠯ ᠢ ᠰᠢᠢᠳᠪᠣᠷᠢᠯᠡᠨ᠎ᠠ᠃ ᠬᠦᠭᠵᠢᠯᠳᠡ ᠶᠢ ᠬᠢᠵᠠᠭᠠᠷᠯᠠᠬᠤ ᠪᠣᠭᠤᠮᠢ ᠶᠢᠨ ᠠᠰᠠᠭᠤᠳᠠᠯ᠂ ᠣᠯᠠᠨ ᠲᠦᠮᠡᠨ ᠤ ᠠᠵᠣ ᠠᠮᠢᠳᠣᠷᠠᠯ ᠲᠠᠢ ᠨᠢᠭᠳᠠ | ᠬᠤᠯᠪᠣᠭᠠᠳᠠᠢ ᠪᠣᠳᠠᠳᠣ ᠠᠰᠠᠭᠤᠳᠠᠯ᠂ ᠨᠡᠶᠢᠬᠡᠮ ᠪᠦᠬᠦᠳᠡᠬᠡᠷ ᠢᠶᠠᠨ ᠬᠠᠯᠠᠮᠵᠢᠯᠠᠵᠣ ᠪᠠᠶᠢᠭ᠎ᠠ ᠬᠠᠯᠠᠮᠰᠢᠯ ᠠᠰᠠᠭᠤᠳᠠᠯ ᠢ ᠴᠢᠬᠤᠯᠠᠴᠢᠯᠠᠵᠣ ᠪᠠᠶᠢᠴᠠᠭᠠᠨ | ᠰᠣᠳᠣᠯᠣᠯᠳᠠ ᠶᠢᠨ ᠦᠨᠡᠨ ᠪᠣᠳᠠᠳᠣ ᠴᠢᠨᠡᠷ ᠪᠠ ᠴᠢᠭᠯᠡᠯᠳᠣ ᠴᠢᠨᠡᠷ ᠢ ᠨᠡᠮᠡᠭᠳᠡᠬᠦᠯᠥᠨ ᠬᠦᠭᠵᠢᠯᠳᠡ ᠶᠢ ᠠᠬᠢᠭᠤᠯᠬᠤ ᠰᠢᠨ᠎ᠡ ᠰᠠᠳᠬᠢᠬᠦᠢ᠂ ᠠᠵᠢᠯ ᠢ ᠠᠬᠢᠭᠤᠯᠬᠤ | ᠰᠢᠨ᠎ᠠ ᠠᠷᠭ᠎ᠠ ᠪᠠᠷᠢᠯ᠂ ᠬᠦᠴᠢᠷ ᠢ ᠰᠢᠢᠳᠪᠣᠷᠢᠯᠡᠬᠦ ᠰᠢᠨ᠎ᠡ ᠠᠷᠭ᠎ᠠ ᠶᠢ ᠪᠣᠢ ᠪᠣᠯᠭᠠᠨ᠎ᠠ᠃ ᠭᠤᠣᠯᠳᠠᠯᠭᠠᠳᠣ ᠠᠵᠢᠯ ᠤᠨ ᠳᠠᠩᠰᠠ ᠡᠪᠬᠡᠮᠡᠯ ᠢ ᠪᠠᠶᠢᠭᠤᠯᠵᠣ | ᠬᠠᠷᠠᠯᠳᠠ᠂ ᠬᠠᠷᠢᠭᠤᠴᠠᠯᠭ᠎ᠠ᠂ ᠴᠠᠭ ᠬᠤᠭᠤᠴᠠᠭ᠎ᠠ ᠶᠢ ᠳᠣᠳᠣᠳᠬᠠᠨ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠣ ᠴᠠᠭ ᠤᠨ ᠳᠠᠷᠠᠭᠠᠯᠠᠯ ᠢᠶᠠᠷ ᠠᠵᠢᠯ ᠤᠨ | ᠠᠬᠢᠭᠤᠯᠣᠯᠳᠠ ᠶᠢ ᠴᠢᠩᠭ᠎ᠠ ᠠᠳᠬᠤᠵᠣ᠂ ᠬᠢᠬᠦ ᠪᠠᠷ ᠳᠣᠭᠳᠠᠭᠰᠠᠨ ᠠᠵᠢᠯ ᠢ ᠳᠠᠷᠦᠢ ᠳᠤᠨᠢ ᠡᠬᠢᠯᠡᠬᠦᠯᠵᠣ ᠬᠢᠨ᠎ᠠ᠃ ᠰᠦᠯᠵᠢᠶ᠎ᠠ ᠪᠠᠷ ᠵᠠᠰᠠᠭ ᠤᠨ ᠠᠵᠢᠯ ᠢ | ᠡᠷᠬᠢᠯᠡᠵᠣ ᠣᠯᠠᠨ ᠲᠦᠮᠡᠨ ᠤ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠳᠠᠷᠣᠶᠢᠬᠠᠨ ᠬᠠᠷᠢᠭᠤᠯᠳᠠ ᠦᠭᠴᠣ ᠰᠢᠢᠳᠪᠣᠷᠢᠯᠠᠨ᠎ᠠ᠃ ︽ᠵᠠᠰᠠᠭ ᠢ ᠴᠣᠮᠬᠤᠳᠬᠠᠨ | ᠡᠷᠬᠡ ᠶᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠳᠡ ᠶᠢ ᠬᠦᠠᠵᠡᠬᠡᠶᠢᠷᠡᠬᠦᠯᠵᠣ | ᠵᠠᠰᠠᠭ ᠵᠠᠬᠢᠷᠭᠠᠨ ᠤ ᠬᠢᠨᠡᠨ ᠵᠦᠪᠰᠢᠶᠠᠷᠠᠯ ᠤᠨ ᠣᠶᠢᠯᠡᠴᠢᠯᠡᠬᠡᠨ ᠤ ᠣᠴᠢᠷ ᠶᠠᠪᠣᠳᠠᠯ ᠢ ᠵᠠᠰᠠᠭ ᠤᠨ ᠶᠠᠪᠣᠳᠠᠯ ᠤᠨ ᠣᠶᠢᠯᠡᠴᠢᠯᠡᠬᠡᠨ ᠤ ᠲᠦᠪ ᠲᠤ | ᠲᠦᠪᠯᠡᠷᠡᠬᠦᠯᠤᠨ ᠬᠦᠢᠴᠡᠳᠬᠡᠬᠦ ᠠᠵᠢᠯ ᠢ ᠠᠬᠢᠭᠤᠯᠵᠣ ᠢᠨᠲ᠋ᠧᠷ ᠰᠦᠯᠵᠢᠶ᠎ᠠ ᠪᠠᠷ ᠭᠠᠶᠢᠯᠢ ᠶᠢᠨ ᠠᠵᠢᠯ ᠢ ᠬᠦᠢᠴᠡᠳᠬᠡᠬᠦ ᠵᠡᠷᠬᠡ ᠣᠶᠢᠯᠡᠴᠢᠯᠡᠭᠡ ᠶᠢ | ᠬᠡᠷᠡᠭᠵᠢᠬᠦᠯᠵᠣ ᠭᠠᠷ ᠣᠳᠠᠰᠣᠨAPP ᠪᠠᠷ ᠬᠢᠨᠠᠨ ᠵᠦᠪᠰᠢᠶᠡᠷᠡᠬᠦ ᠶᠢ ᠳᠡᠯᠬᠡᠷᠡᠬᠦᠯᠵᠣ ᠣᠯᠠᠨ ᠲᠦᠮᠡᠨ ᠪᠠ ᠠᠵᠣ ᠠᠬᠤᠶᠢᠯᠡᠯ ᠤᠨ ᠠᠵᠢᠯ ᠬᠦᠢᠴᠡᠳᠬᠡᠬᠦ | ᠶᠠᠪᠣᠴᠠ ᠳᠠᠬᠢ ᠡᠯ᠎ᠡ ᠲᠦᠷᠥᠯ ᠤᠨ ᠬᠡᠷᠡᠴᠢ ᠶᠢ ᠴᠡᠭᠴᠡᠯᠡᠵᠤ ︽ᠨᠢᠬᠡ ᠴᠣᠩᠬᠤᠪᠴᠢ ᠪᠠᠷ ᠬᠦᠯᠢᠶᠠᠨ ᠠᠪᠬᠤ᠂ ᠪᠦᠬᠦᠨ ᠢ ᠰᠦᠯᠵᠢᠶ᠎ᠠ ᠪᠠᠷ ᠬᠦᠢᠴᠡᠳᠬᠡᠬᠦ᠂ | ᠨᠢᠬᠡ ᠦᠷᠳᠡᠭᠡ ᠪᠠᠷ ᠬᠦᠢᠴᠡᠳᠬᠡᠬᠦ᠂ ᠴᠠᠭ ᠬᠢᠵᠠᠭᠠᠷᠯᠠᠨ ᠬᠦᠢᠴᠡᠳᠬᠡᠬᠦ᠂ ᠨᠢᠬᠡᠯᠡ ᠣᠳᠠᠭ᠎ᠠ ᠳᠤ ᠬᠦᠢᠴᠡᠳᠬᠡᠬᠦ︾ ᠬᠠᠷᠠᠯᠳᠠ ᠶᠢ ᠡᠷᠳᠡᠬᠡᠨ ᠪᠠᠶᠠᠯᠡᠬᠦᠯᠥᠨ᠎ᠠ᠃ | ︵ᠲᠦᠷᠪᠠ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠬᠦᠷᠢᠶ᠎ᠠ ᠴᠠᠷᠠᠭᠠᠨ ᠳᠤ ᠨᠠᠪᠳᠠᠷᠠᠬᠦᠯᠵᠣ ᠠᠵᠣ ᠠᠬᠤᠢ ᠨᠡᠶᠢᠬᠡᠮ ᠤᠨ ᠬᠦᠭᠵᠢᠯᠳᠡ ᠶᠢ ᠲᠦᠯᠬᠢᠨ ᠠᠬᠢᠭᠤᠯᠬᠤ ᠪᠦᠬᠦ ᠶᠠᠪᠣᠴᠠ ᠶᠢ | ᠨᠠᠶᠢᠳᠠᠪᠣᠷᠢᠵᠢᠭᠤᠯᠵᠣ ᠠᠷᠢᠭᠤᠨ ᠴᠢᠬᠡᠴᠢ ᠵᠠᠰᠠᠭ ᠤᠨ ᠣᠷᠳᠣᠨ ᠤ ᠰᠢᠨ᠎ᠡ ᠲᠦᠷᠢ ᠲᠦᠷᠬᠦ ᠶᠢ ᠪᠣᠢ ᠪᠣᠯᠭᠠᠨ᠎ᠠ᠃ ᠬᠢᠨᠡᠨ ᠪᠣᠳᠣᠯᠳᠠ ᠶᠢᠨ ᠬᠢᠨᠠᠯᠳᠠ ᠳᠠᠯᠪᠢᠬᠤ | ᠶᠢ ᠴᠢᠩᠭᠠᠳᠬᠠᠵᠣ᠂ ᠲᠦᠷᠥᠯ ᠵᠣᠶᠢᠯ ᠤᠨ ᠳᠠᠭᠠᠭᠠᠴᠢᠯᠠᠯᠳᠠ ᠵᠡᠷᠯᠡᠵᠣ ᠬᠦᠯᠢᠶᠡᠬᠦ᠂ ᠵᠠᠰᠠᠭ ᠤᠨ ᠣᠷᠳᠣᠨ ᠬᠤᠳᠠᠯᠳᠣᠨ ᠠᠪᠬᠤ᠂ ᠪᠡᠯᠡ ᠮᠦᠩᠬᠦᠨ ᠤ | ᠬᠡᠷᠡᠭᠯᠡᠯᠳᠡ ᠬᠤᠪᠢᠶᠠᠷᠢᠯᠠᠯᠳᠠ ᠵᠡᠷᠬᠡ ᠲᠦᠷᠢᠮ ᠤᠨ ᠪᠠᠶᠢᠭᠤᠯᠣᠯᠳᠠ ᠶᠢ ᠴᠢᠩᠭᠠᠳᠬᠠᠵᠣ ᠬᠢᠨᠠᠯᠳᠠ ᠳᠠᠯᠪᠢᠨ ᠰᠠᠬᠢᠯᠭ᠎ᠠ ᠪᠠᠳᠣ ᠶᠢ ᠬᠡᠷᠡᠭᠵᠢᠬᠦᠯᠬᠦ ︽ᠲᠦᠷᠪᠡᠨ | ᠬᠡᠯᠪᠠᠷᠢ ᠪᠠᠶᠢᠳᠠᠯ︾ ᠢ ᠰᠠᠶᠢᠳᠣᠷ ᠬᠡᠷᠡᠭᠯᠡᠵᠣ ᠺᠠᠳ᠋ᠷᠴᠣᠳ ᠤᠨ ᠰᠠᠬᠢᠯᠭ᠎ᠠ ᠪᠠᠳᠣ ᠵᠦᠷᠢᠴᠡᠬᠦ ᠶᠢ ᠡᠬᠢ ᠢᠷᠡᠯᠳᠡ ᠠᠴᠠ ᠨᠢ ᠰᠠᠷᠬᠡᠶᠢᠯᠡᠨᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ᠂ ᠵᠠᠰᠠᠭ ᠤᠨ ᠣᠷᠳᠣᠨ ᠤ ᠦᠷᠢ ᠰᠢᠷᠢ ᠶᠢᠨ ᠢᠯᠭᠠᠷᠠᠭᠤᠯᠤᠯᠲᠠ᠂ ᠵᠠᠰᠠᠭ ᠤᠨ ᠣᠷᠳᠣᠨ ᠤ ᠪᠡᠯᠡ ᠮᠦᠩᠬᠦᠨ | ᠬᠠᠮᠢᠶᠠᠷᠣᠯᠳᠠ᠂ ᠨᠠᠮ ᠤᠨ ᠳᠣᠳᠣᠭᠠᠳᠣᠬᠢ ᠣᠯᠣᠰ ᠲᠦᠷᠥ ᠶᠢᠨ ᠠᠮᠢᠳᠣᠷᠠᠯ᠂ ᠦᠨᠳᠣᠰᠣᠨ ᠱᠠᠳᠣᠨ ᠤ ᠨᠡᠶᠢᠬᠡᠮ ᠤᠨ ᠬᠠᠮᠢᠶᠠᠷᠣᠯᠳᠠ ᠵᠡᠷᠬᠡ ᠭᠤᠣᠯᠳᠠᠯᠭᠠᠳᠠᠢ | 5 ᠬᠦᠷᠢᠶ᠎ᠠ ᠴᠠᠷᠠᠭᠠᠨ ᠤ ︽ᠬᠢᠬᠦ ᠦᠬᠡᠢ᠂ ᠬᠠᠭᠤᠷᠮᠠᠭᠯᠠᠨ ᠬᠢᠬᠦ᠂ ᠳᠣᠷ᠎ᠠ ᠳᠠᠪᠠ ᠪᠠᠷ ᠢᠶᠠᠨ ᠣᠶᠢᠯᠡᠳᠬᠦ᠂ ᠠᠯᠵᠠᠭᠤᠷᠠᠨ ᠬᠤᠶᠢᠷᠭᠤᠰᠢᠬᠤ︾ ᠠᠵᠢᠯᠯᠠᠭᠠᠨ ᠢ | ᠲᠦᠪᠯᠡᠷᠡᠬᠦᠯᠥᠨ ᠴᠡᠭᠴᠡᠯᠡᠨ᠎ᠠ᠃ ᠲᠦᠪ ᠤᠨ ᠨᠠᠢᠮᠠᠨ ᠵᠣᠶᠢᠯ ᠤᠨ ᠳᠣᠭᠳᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠣᠨ ᠠᠷᠪᠢᠴᠢ ᠭᠠᠮᠳᠠᠢ | ᠠᠮᠢᠳᠣᠷᠠᠬᠤ ᠦᠵᠡᠯ ᠰᠠᠨᠠᠭ᠎ᠠ ᠶᠢ ᠪᠠᠳᠣ ᠪᠣᠢ ᠪᠣᠯᠭᠠᠵᠣ ︽ᠲᠦᠷᠪᠡᠨ ᠰᠣᠷᠳᠠᠯ︾ ᠤᠨ ᠠᠰᠠᠭᠤᠳᠠᠯ ᠳᠠᠬᠢᠨ ᠪᠣᠢ ᠪᠣᠯᠬᠤ ᠶᠢ ᠡᠷᠡᠰ ᠰᠡᠷᠬᠡᠶᠢᠯᠡᠨ᠎ᠠ᠃ | ᠲᠥᠯᠥᠭᠡᠯᠡᠭᠴᠢᠳ ᠡ︕ ᠵᠣᠯ ᠵᠢᠷᠭᠠᠯ ᠢ ᠪᠣᠯ ᠳᠠᠮᠠᠴᠠᠨ ᠣᠯᠳᠠᠭ ᠶᠣᠮᠰᠠᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ | ᠬᠤᠷᠢᠶᠠᠨ ᠤ ᠳᠣᠭᠤᠷᠢᠨ ᠳᠤ ᠪᠢᠳᠠ ᠨᠠᠩ ᠨᠢᠭᠳᠠᠷᠠᠨ ᠪᠦᠯᠬᠦᠮᠳᠠᠵᠣ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠠᠷᠠᠳ ᠲᠦᠮᠡᠨ ᠳᠤ | ᠴᠢᠩᠭ᠎ᠠ ᠳᠦᠰᠢᠭᠯᠡᠨ ᠣᠭ ᠰᠠᠨᠠᠭ᠎ᠠ ᠪᠠᠨ ᠦᠯᠣ ᠮᠡᠷᠳᠡᠨ ᠡᠬᠦᠷᠬᠡ ᠬᠠᠷᠢᠭᠤᠴᠠᠯᠭ᠎ᠠ ᠪᠠᠨ ᠪᠠᠳᠣ ᠴᠠᠬᠡᠵᠢᠯᠠᠵᠣ᠂ ᠰᠠᠳᠬᠢᠯ ᠵᠢᠷᠦᠬᠡ ᠪᠠᠨ ᠨᠢᠬᠡᠳᠬᠡᠨ ᠬᠠᠮᠳᠣ ᠪᠠᠷ | ᠴᠢᠷᠮᠡᠶᠢᠨ ᠣᠷᠣᠭᠰᠢᠯᠡᠵᠣ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠡᠯᠡᠬᠦᠯᠬᠦ ᠰᠢᠢᠳᠪᠣᠷᠢᠳᠣ ᠢᠯᠡᠯᠳᠡ ᠶᠢ ᠣᠯᠵᠣ ᠦᠣᠰᠢᠨ ᠤ ᠬᠦᠴᠦᠨ ᠳᠡᠬᠦᠯᠳᠡᠷ | ᠢᠶᠠᠷ ᠳᠡᠷᠢᠬᠦᠯᠡᠨ ᠳᠠᠪᠰᠢᠵᠣ᠂ ᠨᠣᠮᠢᠨ ᠳᠠᠩᠰᠤᠭ ᠢᠶᠠᠷ ᠬᠦᠭᠵᠢᠨ ᠮᠠᠨᠳᠣᠬᠤ ᠶᠢᠨ ᠲᠥᠯᠥᠬᠡ ᠴᠢᠷᠮᠠᠶᠢᠨ ᠳᠠᠮᠠᠴᠠᠵᠠᠬᠡᠶᠠ︕ | ᠨᠠᠷᠠᠰ ᠤᠨ ᠳᠠᠶᠢᠯᠪᠣᠷᠢ | ᠭᠤᠣᠯ ᠤᠨ ᠳᠠᠷᠤᠭ᠎ᠠ ᠶᠢᠨ ᠳᠥᠷᠢᠮ᠄ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ︽ᠭᠤᠣᠯ ᠤᠨ ᠳᠠᠷᠤᠭ᠎ᠠ︾ ︽ᠨᠠᠭᠤᠷ ᠤᠨ | ᠳᠠᠷᠤᠭ᠎ᠠ︾ ᠶᠢᠨ ᠲᠣᠰᠢᠶᠠᠯ ᠢ ᠬᠠᠷᠢᠭᠤᠴᠠᠵᠤ᠂ ᠬᠤᠯᠪᠣᠭᠳᠠᠯ ᠪᠦᠬᠦᠢ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠵᠤ ᠣᠳᠣᠷᠢᠳᠣᠨ᠎ᠠ᠃ | ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ᠄ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠲᠦᠯᠦᠭᠡᠨ ᠨᠣᠮᠧᠷ ᠵᠡᠷᠭᠡ ︽ᠲᠠᠪᠤᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠲᠦᠯᠦᠭᠡᠨ ᠨᠣᠮᠧᠷ︾ ᠳᠠᠩᠰᠠᠯᠠᠭᠤᠯᠬᠤ | ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠰᠠᠭᠤᠷᠢᠨ ᠳᠡᠭᠡᠷ᠎ᠡ ᠠᠵᠤ ᠠᠬᠤᠶᠢᠯᠠᠯ ᠤᠨ ᠪᠡᠯᠡ ᠣᠷᠣᠭᠤᠯᠬᠤ ᠲᠦᠷᠦᠯ ᠵᠦᠢᠯ ᠢ ᠳᠠᠩᠰᠠᠯᠠᠭᠤᠯᠬᠤ ᠵᠡᠷᠭᠡ | 22 ᠲᠦᠷᠦᠯ ᠤᠨ ᠪᠦᠷᠢᠳᠬᠡᠬᠦ᠂ ᠬᠡᠷᠡᠭ ᠳᠠᠩᠰᠠᠯᠠᠭᠤᠯᠬᠤ ᠤᠴᠢᠷ ᠶᠠᠪᠤᠳᠠᠯ ᠢ ᠨᠢᠭᠡᠳᠬᠡᠨ᠂ ᠬᠠᠮᠤᠭ ᠡᠴᠦᠰ ᠲᠡᠭᠡᠨ ᠨᠡᠶᠢᠭᠡᠮ ᠤᠨ ᠢᠲᠡᠬᠡᠮᠵᠢᠲᠠᠢ ᠨᠢᠬᠡᠲᠦᠯᠲᠠᠢ | ᠲᠦᠯᠦᠭᠡᠨ ᠨᠣᠮᠧᠷ ᠢ ᠠᠴᠢᠶᠠᠯᠠᠭᠰᠠᠨ ︽ᠬᠤᠷᠢᠨ ᠲᠤᠯᠤᠭᠠᠨ ᠦᠨᠡᠮᠯᠡᠯ ᠢ ᠨᠢᠭᠡᠳᠬᠡᠭᠰᠡᠨ᠂ ᠨᠢᠭᠡ ᠦᠨᠡᠮᠯᠡᠯ ᠨᠢᠭᠡ ᠲᠥᠯᠥᠭᠡᠨ ᠨᠣᠮᠧᠷ︾ ᠤᠨ | ᠡᠵᠡᠩᠨᠡᠯᠲᠡ ᠶᠢᠨ ᠦᠨᠡᠮᠯᠡᠯ ᠢ ᠪᠦᠷᠢᠯᠳᠦᠭᠦᠯᠦᠨ᠎ᠡ᠃ | ︽ᠬᠤᠣᠰ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠶᠠᠪᠤᠴᠠ ᠳᠤᠮᠳᠠ ᠪᠠᠶᠢᠴᠠᠭᠠᠬᠤ ᠡᠲᠡᠭᠡᠳ ᠢᠶᠠᠨ ᠲᠣᠬᠢᠶᠠᠯᠳᠤᠮᠵᠢ | ᠪᠠᠷ ᠰᠤᠩᠭᠤᠬᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠬᠦᠮᠦᠨ ᠢᠶᠠᠨ ᠲᠣᠬᠢᠶᠠᠯᠳᠤᠮᠵᠢ ᠪᠠᠷ ᠰᠣᠩᠭᠤᠨ ᠲᠣᠮᠢᠯᠠᠬᠤ᠂ ᠰᠤᠭᠤᠯᠤᠨ ᠪᠠᠶᠢᠴᠠᠭᠠᠭᠰᠠᠨ ᠪᠠᠶᠢᠳᠠᠯ | ᠪᠣᠯᠣᠨ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠴᠠᠭ ᠲᠣᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠨ᠎ᠡ᠃ | ︽ᠭᠤᠷᠪᠠᠨ ᠨᠢᠭᠡ ᠪᠦᠯᠦᠭ︾ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ᠄ ᠨᠢᠭᠡᠨᠲᠡ ᠬᠢᠨᠠᠨ ᠬᠠᠷᠠᠭᠤᠯᠤᠭᠰᠠᠨ ᠬᠦᠨᠳᠦ ᠡᠪᠡᠳᠴᠢᠨ᠂ | ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠬᠥᠳᠡᠭᠡ ᠳᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ︵ᠳᠠᠩᠰᠠ ᠪᠤᠰᠬᠠᠨ ᠺᠠᠷᠲ | ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠪᠠ ᠬᠥᠳᠡᠭᠡ ᠳᠤᠰᠬᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠤ ᠡᠲᠡᠭᠡᠳ᠂ | ᠤᠨᠴᠠᠭᠠᠢ ᠬᠦᠴᠢᠷᠳᠡᠯᠲᠡᠢ ᠬᠦᠮᠦᠨ᠂ ᠶᠠᠳᠠᠭᠤ ᠬᠦᠴᠢᠷᠳᠡᠯᠲᠡᠢ ᠵᠡᠮᠳᠡᠭᠴᠦᠳ ᠢ ᠪᠠᠭᠲᠠᠭᠠᠨ᠎ᠠ︶ ᠳᠤ ︽ᠨᠢᠭᠡ ᠪᠦᠯᠦᠭ ᠬᠦᠨᠳᠦ ᠡᠪᠡᠳᠴᠢᠲᠡᠨ ᠢ | ᠲᠦᠪᠯᠡᠷᠡᠭᠦᠯᠦᠨ ᠡᠮᠨᠡᠵᠦ᠂ ᠨᠢᠭᠡ ᠪᠦᠯᠦᠭ ᠤᠳᠠᠭᠠᠨ ᠴᠢᠨᠠᠷᠲᠠᠢ ᠡᠪᠡᠳᠴᠢᠨ ᠣᠯᠣᠭᠰᠠᠨ ᠬᠦᠮᠦᠰ ᠲᠠᠢ ᠭᠡᠷ᠎ᠡ ᠲᠤᠭᠲᠠᠨ ᠦᠢᠯᠡᠴᠢᠯᠡᠵᠦ᠂ ᠨᠢᠭᠡ ᠪᠦᠯᠦᠭ | ᠬᠦᠨᠳᠦ ᠡᠪᠡᠳᠴᠢᠲᠠᠨ ᠤ ᠦᠨᠳᠦᠰᠦᠨ ᠠᠮᠢᠳᠤᠷᠠᠯ ᠢ ᠪᠠᠲᠤᠯᠠᠬᠤ︾ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠤᠯᠠᠨ ᠲᠥᠯᠥᠪᠵᠢᠭᠦᠯᠭᠡ ᠶᠢ ᠨᠢᠭᠡᠳᠬᠡᠬᠦ᠄ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠲᠠ | ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠦᠢ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ ᠵᠡᠷᠭᠡ ᠤᠯᠠᠨ ᠲᠥᠯᠥᠪᠵᠢᠭᠦᠯᠭᠡ ᠶᠢ ᠨᠢᠭᠡ ᠬᠦᠷᠢᠶ᠎ᠡ ᠴᠠᠷᠠᠭᠠᠨ ᠳᠤ ᠠᠭᠤᠰᠤᠯᠴᠠᠭᠤᠯᠵᠤ᠂ ᠨᠢᠭᠡ ᠬᠤᠲᠠ ᠰᠢᠶᠠᠨ ︵ᠬᠤᠰᠢᠭᠤ︶ ᠳᠤ ᠨᠢᠭᠡ | ᠲᠥᠯᠥᠪᠵᠢᠭᠦᠯᠭᠡ ᠶᠢ ᠪᠡᠶᠡᠯᠡᠭᠦᠯᠦᠨ᠂ ᠣᠳᠣᠬᠠᠨ ᠤ ᠡᠯ᠎ᠡ ᠲᠥᠷᠥᠯ ᠤᠨ ᠲᠥᠯᠥᠪᠵᠢᠭᠦᠯᠭᠡ ᠶᠢᠨ ᠦᠪᠡᠷ ᠤᠨ ᠲᠣᠭᠲᠠᠯᠴᠠᠭ᠎ᠠ᠂ ᠠᠭᠤᠯᠭ᠎ᠠ ᠶᠢᠨ ᠳᠠᠪᠬᠤᠴᠠᠯ᠂ | ᠵᠠᠯᠭᠠᠯᠳᠤᠯ ᠤᠨ ᠲᠤᠲᠠᠮᠠᠭ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠪᠥᠬᠦ ᠣᠷᠣᠨ ᠪᠥᠰᠡ ᠶᠢᠨ ᠵᠢᠭᠤᠯᠴᠢᠯᠠᠯ᠄ ᠵᠣᠬᠢᠬᠤ ᠣᠷᠣᠨ ᠪᠦᠰᠠ ᠶᠢᠨ ᠵᠢᠭᠤᠯᠴᠢᠯᠠᠯ ᠤᠨ ᠳᠠᠪᠠᠭᠤᠯᠢᠭ ᠠᠵᠤ ᠦᠢᠯᠡᠰ ᠢᠶᠠᠷ ᠲᠣᠰ ᠣᠷᠣᠨ ᠤ ᠠᠵᠤ | ᠠᠬᠤᠢ ᠨᠡᠶᠢᠬᠡᠮ ᠤᠨ ᠡᠬᠢ ᠪᠠᠶᠠᠯᠢᠭ ᠣᠨᠴᠠᠭᠠᠶᠢᠯᠠᠨ ᠦᠢᠯᠡᠴᠢᠯᠡᠭᠡᠨ ᠤ ᠵᠢᠭᠤᠯᠴᠢᠯᠠᠯ ᠤᠨ ᠡᠬᠢ ᠰᠤᠷᠪᠣᠯᠵᠢ᠂ ᠬᠤᠯᠪᠣᠭᠳᠠᠯ ᠪᠥᠬᠦᠢ ᠠᠵᠤ ᠦᠢᠯᠡᠰ᠂ ᠠᠮᠢ | ᠠᠬᠤᠢ ᠣᠷᠴᠢᠨ ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ᠂ ᠪᠠᠶᠢᠭᠤᠯᠤᠮᠵᠢ ᠲᠣᠭᠲᠠᠯᠴᠠᠭ᠎ᠠ ᠵᠡᠷᠭᠡ ᠶᠢᠨ ᠪᠥᠬᠦ ᠲᠠᠯ᠎ᠠ ᠶᠢᠨ ᠰᠢᠰᠲ᠋ᠧᠮᠵᠢᠬᠦᠯᠥᠯᠳᠡ ᠶᠢ | ᠰᠢᠯᠢᠳᠡᠭᠵᠢᠭᠦᠯᠵᠦ᠂ ᠣᠷᠣᠨ ᠪᠥᠰᠡ ᠶᠢᠨ ᠡᠬᠢ ᠰᠤᠷᠪᠤᠯᠵᠢ ᠶᠢ ᠤᠷᠭᠠᠨᠢᠭ ᠢᠶᠠᠷ ᠨᠢᠬᠡᠳᠬᠡᠬᠦ᠂ ᠠᠵᠤ ᠦᠢᠯᠡᠰ ᠢ ᠠᠭᠤᠰᠣᠯᠴᠠᠭᠤᠯᠣᠨ ᠬᠦᠭᠵᠢᠬᠦᠯᠬᠦ᠂ ᠨᠡᠶᠢᠬᠡᠮ | ᠳᠠᠶᠠᠭᠠᠷ ᠬᠠᠮᠲᠤᠪᠠᠷ ᠪᠠᠶᠢᠭᠤᠯᠣᠨ ᠡᠳ᠋ᠯᠡᠬᠦ ᠶᠢ ᠪᠡᠶᠡᠯᠡᠭᠦᠯᠵᠤ᠂ ᠵᠢᠭᠤᠯᠴᠢᠯᠡᠯ ᠤᠨ ᠣᠶᠢᠯᠡᠰ ᠢᠶᠠᠷ ᠠᠵᠤ ᠠᠬᠤᠢ ᠨᠡᠶᠢᠬᠡᠮ ᠤᠨ ᠠᠭᠤᠰᠣᠯᠴᠠᠯ ᠬᠥᠭᠵᠢᠯᠲᠡ ᠶᠢ | ᠳᠠᠶᠢᠴᠢᠯᠡᠨ ᠠᠬᠢᠭᠤᠯᠬᠤ ᠨᠢᠭᠡ ᠲᠥᠷᠥᠯ ᠤᠨ ᠣᠷᠣᠨ ᠪᠥᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠪᠠ ᠬᠡᠯᠪᠡᠷᠢ ᠮᠥᠨ᠃ | ᠬᠥᠳᠡᠭᠡ ᠳᠤᠰᠬᠤᠨ ᠤ ᠶᠡᠷᠥᠩᠬᠡᠶᠢᠯᠡᠭᠰᠡᠨ ᠴᠣᠭᠴᠠ᠄ ᠣᠳᠣ ᠦᠶ᠎ᠡ ᠶᠢᠨ ᠲᠠᠷᠢᠶᠠᠯᠠᠩ ᠠᠵᠤ ᠠᠬᠤᠢ᠂ ᠰᠡᠯᠡᠭᠦᠴᠡᠯ ᠵᠢᠭᠤᠯᠴᠢᠯᠠᠯ᠂ ᠬᠥᠳᠡᠭᠡ | ᠳᠤᠰᠬᠤᠨ ᠤ ᠨᠡᠶᠢᠬᠡᠮ ᠲᠣᠭᠤᠷᠢᠭ ᠤᠨ ᠨᠢᠭᠡ ᠴᠣᠭᠴᠠᠵᠢᠭᠰᠠᠨ ᠥᠪᠡᠷᠮᠢᠴᠡ ᠣᠨᠴᠠᠯᠢᠭᠲᠤ ᠵᠢᠵᠢᠭ ᠪᠠᠯᠭᠠᠰᠤ ᠪᠠ ᠬᠥᠳᠡᠭᠡ ᠳᠤᠰᠬᠤᠨ ᠤ ᠶᠡᠷᠥᠩᠬᠡᠶᠢᠯᠡᠭᠰᠡᠨ | ᠬᠥᠭᠵᠢᠯᠲᠡ ᠶᠢᠨ ᠬᠡᠯᠪᠡᠷᠢ ᠮᠥᠨ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠪᠠᠶᠢᠷᠢᠯᠠᠭᠤᠯᠤᠯᠲᠠ ᠳᠣᠣᠷ᠎ᠠ ᠬᠠᠩᠭᠠᠯᠭ᠎ᠠ ᠶᠢᠨ ᠲᠠᠯ᠎ᠠ ᠶᠢᠨ ᠪᠥᠲᠥᠴᠡ ᠶᠢᠨ | ᠴᠢᠨᠠᠷᠲᠠᠢ ᠥᠭᠡᠷᠡᠴᠢᠯᠡᠯᠲᠡ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠲᠠᠢ ᠲᠣᠬᠢᠷᠠᠯᠴᠠᠭᠰᠠᠨ ᠥᠮᠴᠢᠯᠡᠯ ᠤᠨ ᠡᠷᠬᠡ ᠶᠢᠨ ᠲᠥᠷᠢᠮ ᠤᠨ | ᠥᠭᠡᠷᠡᠴᠢᠯᠡᠯᠲᠡ ᠲᠠᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠬᠥᠳᠡᠭᠡ ᠳᠤᠰᠬᠤᠨ ᠤ ᠣᠳᠣᠬᠢᠴᠢᠯᠠᠯᠲᠠ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ᠂ ᠨᠡᠶᠢᠬᠡᠮ ᠠᠵᠤ ᠠᠬᠤᠢ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠨᠢᠭᠡ ᠵᠦᠢᠯ ᠤᠨ ᠦᠷᠭᠦᠯᠵᠢᠯᠡᠬᠦ ᠬᠡᠯᠪᠡᠷᠢ ᠪᠣᠯᠤᠨ᠎ᠠ᠃ | ᠬᠡᠢ ᠠᠭᠠᠷ ᠤᠨ ᠢᠯᠴᠢ ᠡᠨᠧᠷᠬᠢ᠄ ᠬᠡᠢ ᠠᠭᠠᠷ ᠲᠤ ᠠᠭᠤᠯᠣᠭᠳᠠᠵᠤ ᠪᠠᠶᠢᠭ᠎ᠠ ᠳᠣᠣᠷ᠎ᠠ ᠳᠡᠰ ᠤᠨ ᠢᠯᠴᠢ ᠡᠨᠧᠷᠬᠢ ᠶᠢ ᠵᠢᠭᠠᠵᠣ ᠪᠣᠢ᠂ ᠣᠰᠣᠨ ᠡᠨᠧᠷᠬᠢ | ᠂ ᠰᠠᠯᠬᠢᠨ ᠡᠨᠧᠷᠬᠢ᠂ ᠨᠠᠷᠠᠨ ᠤ ᠡᠨᠧᠷᠬᠢ᠂ ᠲᠥᠯᠬᠢᠯᠳᠡ ᠳᠠᠲᠠᠯᠳᠠ ᠶᠢᠨ ᠡᠨᠧᠷᠬᠢ ᠵᠡᠷᠬᠡ ᠲᠠᠢ ᠠᠳᠠᠯᠢᠬᠠᠨ ᠴᠡᠪᠡᠷ ᠡᠨᠧᠷᠬᠢ ᠤᠨ ᠨᠢᠭᠡ ᠲᠦᠷᠥᠯ ᠪᠣᠯᠣᠨ᠎ᠠ᠃ | ᠭᠠᠷ ᠣᠳᠠᠰᠣᠨAPP᠄ ᠣᠶᠣᠨᠳᠣ ᠭᠠᠷ ᠣᠳᠠᠰᠣᠨ ᠤ ᠭᠤᠷᠪᠠᠳᠣᠭᠠᠷ ᠲᠠᠯ᠎ᠠ ᠶᠢᠨ ᠬᠡᠷᠡᠭᠯᠡᠯᠳᠡ ᠶᠢᠨ ᠫᠷᠦᠭᠷᠡᠮ ᠢ ᠵᠢᠭᠠᠨ᠎ᠠ᠃ | ᠬᠢᠨᠠᠯᠳᠠ ᠳᠠᠯᠪᠢᠵᠣ ᠰᠠᠬᠢᠯᠭ᠎ᠠ ᠪᠠᠲᠦ ᠶᠢ ᠬᠡᠷᠡᠭᠵᠢᠬᠦᠯᠬᠦ ︽ᠲᠦᠷᠪᠠᠨ ᠬᠡᠯᠪᠠᠷᠢ ᠪᠠᠶᠢᠳᠠᠯ︾᠄ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠦᠷᠬᠦᠯᠵᠢ | ᠦᠷᠨᠢᠬᠦᠯᠥᠨ ᠴᠢᠷᠡᠢ ᠣᠯᠠᠶᠢᠯᠭᠠᠨ ᠪᠣᠷᠣᠭᠤ ᠶᠢ ᠳᠠᠨᠢᠭᠤᠯᠬᠤ ᠶᠢ ᠡᠩ ᠤᠨ ᠪᠠᠶᠢᠳᠠᠯ ᠲᠠᠢ ᠪᠣᠯᠭᠠᠨ᠎ᠠ︔ ᠨᠠᠮ ᠤᠨ ᠰᠠᠬᠢᠯᠭ᠎ᠠ ᠪᠠᠲᠦ ᠶᠢᠨ ᠬᠦᠩᠬᠡᠨ ᠰᠢᠢᠳᠬᠡᠯ | ᠪᠣᠯᠣᠨ ᠵᠣᠬᠢᠶᠠᠨ ᠪᠠᠶᠢᠭᠤᠯᠣᠯᠳᠠ ᠶᠢᠨ ᠲᠠᠯ᠎ᠠ ᠠᠴᠠ ᠰᠢᠢᠳᠬᠡᠬᠦ ᠶᠢ ᠣᠯᠠᠨ ᠳᠣᠭᠠᠨ ᠤ ᠬᠢ ᠪᠣᠯᠭᠠᠨ᠎ᠠ᠃ ᠰᠠᠬᠢᠯᠭ᠎ᠠ ᠪᠠᠲᠤ ᠶᠢ ᠬᠦᠨᠳᠣ ᠡᠪᠳᠡᠭᠰᠡᠳ ᠢ ᠬᠦᠨᠳᠣ | ᠪᠠᠷ ᠰᠢᠢᠳᠬᠡᠬᠦ᠂ ᠲᠣᠰᠢᠶᠠᠯ ᠬᠠᠷᠢᠭᠤᠴᠠᠯᠭ᠎ᠠ ᠶᠢᠨ ᠲᠠᠯ᠎ᠠ ᠶᠢᠨ ᠴᠢᠬᠤᠯᠠ ᠳᠣᠬᠢᠷᠠᠭᠤᠯᠣᠯᠳᠠ ᠶᠢ ᠴᠦᠬᠡᠨ ᠳᠣᠭᠠᠨ ᠤ ᠬᠢ ᠪᠣᠯᠭᠠᠨ᠎ᠠ︔ ᠬᠦᠨᠳᠣ ᠨᠣᠴᠢᠳᠡᠢ ᠪᠠᠷ | ᠰᠠᠬᠢᠯᠭ᠎ᠠ ᠪᠠᠲᠦ ᠬᠠᠣᠯᠢ ᠴᠠᠭᠠᠵᠠ ᠶᠢ ᠵᠦᠷᠢᠴᠡᠵᠣ ᠬᠡᠷᠡᠭ ᠳᠠᠩᠰᠠᠯᠠᠨ ᠬᠢᠨᠡᠨ ᠪᠠᠶᠢᠴᠠᠭᠠᠬᠤ ᠶᠢ ᠲᠤᠩ ᠴᠦᠬᠡᠨ ᠪᠣᠯᠭᠠᠨ᠎ᠠ᠃ |