【2017.12.6 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠠᠩᠬᠠᠳᠣᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ | | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— 2017 ᠣᠨ ᠤ 12 ᠰᠠᠷ᠎ᠠ ᠶᠢᠨ 6 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ | ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠴᠢᠶᠤᠤ ᠶᠦᠨ ᠯᠢ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠳᠣᠰ ᠬᠤᠭᠤᠴᠠᠭᠠᠨ ᠤ ᠵᠠᠰᠠᠭ ᠤᠨ ᠣᠷᠳᠣᠨ ᠤ | ᠦᠩᠬᠡᠷᠡᠭᠰᠡᠨ ᠳᠠᠪᠣᠨ ᠵᠢᠯ ᠤᠨ ᠠᠵᠢᠯ ᠢᠶᠠᠨ ᠮᠡᠳᠡᠬᠦᠯᠵᠣ ᠬᠤᠶᠢᠰᠢᠳᠠ ᠶᠢᠨ ᠳᠠᠪᠣᠨ ᠵᠢᠯ ᠤᠨ ᠠᠵᠢᠯ ᠳᠤ ᠰᠠᠨᠠᠭᠤᠯᠭ᠎ᠠ ᠳᠣᠷᠠᠳᠣᠶ᠎ᠠ᠂ ᠳᠠᠨᠠᠷ ᠬᠢᠨᠠᠨ ᠵᠦᠪᠯᠡᠬᠦ | ᠶᠢᠨ ᠲᠠᠭᠠᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃ | ᠨᠢᠬᠡ᠂ ᠦᠩᠬᠡᠷᠡᠭᠰᠡᠨ ᠳᠠᠪᠣᠨ ᠵᠢᠯ ᠤᠨ ᠠᠵᠢᠯ ᠤᠨ ᠡᠷᠬᠢᠴᠡᠬᠦᠯᠥᠯ | 2012 ᠣᠨ ᠠᠴᠠ ᠨᠠᠰᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ | ᠣᠨᠣᠪᠴᠢᠳᠠᠢ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ | ᠳᠡᠮᠵᠢᠯᠬᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠢ ᠪᠦᠯᠬᠦᠮᠳᠠᠬᠦᠯᠥᠨ | ᠳᠠᠶᠢᠴᠢᠯᠠᠵᠣ ᠳᠣᠭᠳᠠᠭᠤᠨ ᠪᠠᠶᠢᠯᠭᠠᠬᠤ ᠶᠢᠨ ᠵᠡᠷᠬᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠨᠡᠮᠡᠭᠳᠡᠯ ᠢ | ᠳᠣᠭᠳᠠᠪᠣᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠬᠦᠷᠢ ᠶᠢ | ᠰᠠᠷᠬᠡᠶᠢᠯᠡᠬᠦ ᠡᠯ᠎ᠡ ᠲᠦᠷᠥᠯ ᠤᠨ ᠠᠵᠢᠯ ᠢ ᠨᠢᠬᠡᠳᠣᠯᠳᠡᠢ ᠲᠥᠯᠥᠪᠵᠢᠬᠦᠯᠥᠨ ᠠᠬᠢᠭᠤᠯᠵᠣ᠂ ︽ᠠᠷᠪᠠᠨ ᠬᠤᠶᠠᠳᠣᠭᠠᠷ ᠳᠠᠪᠣᠨ ᠵᠢᠯ︾ ᠤᠨ ᠲᠥᠯᠥᠪᠵᠢᠬᠦᠯᠬᠡ | ᠤᠨ ᠬᠠᠷᠠᠯᠳᠠ ᠶᠢ ᠵᠢᠱᠢᠭᠰᠡᠨ ᠬᠤᠭᠤᠴᠠᠭ᠎ᠠ ᠶᠣᠰᠣᠭᠠᠷ ᠪᠠᠶᠡᠯᠡᠬᠦᠯᠵᠣ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠬᠦᠯᠬᠡ ᠶᠢ ᠡᠮᠬᠢ ᠴᠡᠭᠴᠡᠳᠡᠢ | ᠬᠡᠷᠡᠭᠵᠢᠬᠦᠯᠪᠠ᠃ ᠡᠯ᠎ᠡ ᠲᠦᠷᠥᠯ ᠤᠨ ᠭᠤᠣᠯ ᠪᠣᠯᠬᠤ ᠠᠵᠣ ᠠᠬᠤᠢ ᠶᠢᠨ ᠬᠦᠢᠴᠡᠳᠬᠡᠯ ᠳᠤᠭ᠎ᠠ ᠶᠢ ᠳᠣᠭᠳᠠᠭᠤᠨ ᠪᠠᠶᠢᠯᠭᠠᠬᠤ ᠶᠢᠨ ᠵᠡᠷᠬᠡ ᠳᠤ ᠨᠡᠮᠡᠭᠳᠡᠬᠦᠯᠵᠣ᠂ | 2017 ᠣᠨ ᠳᠤ ᠲᠦᠰᠦᠬᠡᠯᠡᠪᠠᠯ ᠪᠦᠬᠦ ᠬᠤᠰᠢᠭᠤᠨ ᠤ ᠣᠷᠣᠨ ᠨᠣᠳᠤᠭ ᠤᠨ ᠣᠶᠢᠯᠡᠳᠪᠣᠷᠢᠯᠡᠯ ᠤᠨ ᠶᠡᠷᠦᠩᠬᠡᠢ ᠦᠷᠳᠡᠭ ᠢ 446 ᠳ᠋ᠦᠩᠰᠢᠭᠤᠷ ᠲᠦᠬᠦᠷᠢᠭ | ᠬᠦᠷᠬᠡᠵᠣ᠂ ᠣᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 16 ᠳ᠋ᠦᠩᠰᠢᠭᠤᠷ ᠲᠦᠬᠦᠷᠢᠭ ᠬᠦᠷᠬᠡᠵᠣ᠂ ᠨᠡᠶᠢᠬᠡᠮ ᠤᠨ ᠬᠡᠷᠡᠭᠯᠡᠬᠡᠨ ᠤ | ᠵᠣᠶᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 46 ᠳ᠋ᠦᠩᠰᠢᠭᠤᠷ ᠲᠦᠬᠦᠷᠢᠭ ᠬᠦᠷᠬᠡᠵᠣ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ ᠳᠣᠰᠪᠣᠷᠢ 41700 ᠲᠦᠬᠦᠷᠢᠭ ᠪᠠ 17000 ᠲᠦᠬᠦᠷᠢᠭ | ᠬᠦᠷᠬᠡᠵᠣ᠂ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ ᠳᠠᠪᠣᠨ ᠵᠢᠯ ᠨᠡᠶᠢᠳᠠ 1983 ᠳ᠋ᠦᠩᠰᠢᠭᠤᠷ ᠲᠦᠬᠦᠷᠢᠭ ᠪᠡᠶᠡᠯᠡᠬᠦᠯᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠵᠣ ᠠᠬᠤᠢ ᠶᠢᠨ ᠪᠣᠳᠠᠳᠣ ᠬᠦᠴᠦᠨ ᠢᠶᠠᠨ ᠳᠠᠰᠣᠷᠠᠯᠳᠡ ᠦᠬᠡᠢ ᠨᠡᠮᠡᠭᠳᠡᠬᠦᠯᠵᠣ ᠠᠵᠣ | ᠣᠶᠢᠯᠡᠰ ᠤᠨ ᠪᠦᠳᠦᠴᠡ ᠶᠢ ᠦᠷᠬᠦᠯᠵᠢᠯᠡᠨ ᠰᠢᠯᠢᠳᠡᠭᠵᠢᠬᠦᠯᠥᠭᠰᠡᠨ ᠳᠠᠪᠣᠨ ᠵᠢᠯ ᠪᠣᠯᠣᠨ᠎ᠠ᠃ ︽ᠳᠣᠯᠣᠭᠠᠨ ᠣᠶᠢᠯᠡᠰ︾ ᠢ ᠬᠠᠮᠳᠣᠪᠠᠷ ᠬᠦᠭᠵᠢᠬᠦᠯᠬᠦ | ᠳᠣᠭᠤᠷᠢᠨ ᠳᠤ ᠲᠦᠷᠥᠯ ᠵᠣᠶᠢᠯ ᠢ ᠠᠳᠬᠤᠬᠤ᠂ ᠪᠡᠯᠡ ᠣᠷᠣᠭᠤᠯᠣᠯᠳᠠ ᠶᠢ ᠦᠷᠬᠡᠳᠬᠡᠬᠦ ᠶᠢ ᠪᠡᠷᠢᠮᠳᠠᠯᠠᠵᠣ ᠰᠢᠨ᠎ᠡ ᠬᠡᠯᠪᠠᠷᠢ ᠶᠢᠨ ᠠᠵᠣ ᠣᠶᠢᠯᠡᠳᠪᠣᠷᠢᠵᠢᠯᠳᠠ | ᠶᠢᠨ ᠠᠬᠢᠴᠠ ᠶᠢ ᠲᠦᠷᠬᠡᠳᠬᠡᠪᠠ᠃ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠲᠦᠷᠥᠯ ᠵᠣᠶᠢᠯ ᠢ ᠨᠡᠶᠢᠳᠠ 51 ᠬᠡᠷᠡᠭᠵᠢᠬᠦᠯᠵᠤ᠂ | ᠵᠦᠩ ᠲᠢᠶᠠᠨ ᠾᠧ ᠴᠤᠸᠠᠩ ᠺᠣᠮᠫᠠᠨᠢ ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ᠂ ᠵᠦᠩ ᠮᠧᠢ ᠮᠧᠩ ᠳ᠋ᠠ ᠺᠣᠮᠫᠠᠨᠢ ᠶᠢᠨ ᠪᠠᠷᠢᠯᠭ᠎ᠠ ᠶᠢᠨ ᠰᠣᠯᠢᠶᠣᠣ | ᠣᠶᠢᠯᠡᠳᠪᠣᠷᠢᠯᠡᠬᠦ᠂ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ᠂ ᠪᠥᠸᠧ ᠳ᠋ᠠ ᠱᠢ ᠳ᠋ᠢ ᠺᠣᠮᠫᠠᠨᠢ ᠶᠢᠨ ᠰᠢᠬᠡᠰᠦᠯᠢᠭ ᠡᠳ᠋ ᠤᠨ ᠲᠦᠷᠥᠯ ᠵᠣᠶᠢᠯ᠂ ᠵᠦᠩ | ᠮᠧᠢ ᠶᠤᠸᠠᠨ ᠰᠢᠩ ᠺᠣᠮᠫᠠᠨᠢ ᠶᠢᠨ ᠮᠧᠲ᠋ᠢᠯ ᠠᠯᠺᠦᠦᠯ᠂ ᠬᠤᠩ ᠵᠢᠢ ᠢ ᠲᠠᠢ ᠺᠣᠮᠫᠠᠨᠢ ᠶᠢᠨ ᠰᠢᠩᠬᠡᠨᠵᠢᠬᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ᠵᠡᠷᠬᠡ 18 | ᠲᠦᠷᠥᠯ ᠵᠣᠶᠢᠯ ᠢ ᠠᠰᠢᠭᠯᠠᠯᠳᠠ ᠳᠤ ᠣᠷᠣᠭᠤᠯᠵᠣ᠂ ᠪᠦᠬᠦ ᠬᠤᠰᠢᠭᠤᠨ ᠤ ᠮᠧᠲ᠋ᠢᠯ ᠠᠯᠺᠦᠦᠯ᠂ ᠠᠯᠺᠧᠨ ᠨᠡᠬᠦᠷᠣᠭ᠍ᠴᠢ᠂ ᠬᠢᠮᠢ ᠶᠢᠨ ᠪᠣᠷᠳᠣᠭᠤᠷ᠂ | ᠰᠢᠩᠬᠡᠨᠵᠢᠬᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ᠶᠢᠨ ᠣᠶᠢᠯᠡᠳᠪᠣᠷᠢᠯᠡᠯ ᠤᠨ ᠴᠢᠳᠠᠪᠬᠢ ᠶᠢ ᠳᠣᠰᠪᠣᠷᠢ 480 ᠲᠦᠮᠡᠨ ᠳᠣᠠᠨ᠋ᠨ᠂ 197 ᠲᠦᠮᠡᠨ ᠳᠣᠠᠨ᠋ᠨ | ᠂ 255 ᠲᠦᠮᠡᠨ ᠳᠣᠠᠨ᠋ᠨ᠂ 58 ᠲᠦᠮᠡᠨ ᠳᠣᠠᠨ᠋ᠨ ᠰᠢᠨ᠎ᠡ ᠪᠠᠷ ᠨᠡᠮᠡᠭᠳᠡᠬᠦᠯᠪᠠ᠃ ᠮᠦᠩᠬᠡᠴᠢ᠂ ᠬᠤᠯᠣᠰᠣ ᠵᠡᠷᠬᠡ ᠨᠡᠬᠦᠷᠠᠰᠣᠨ ᠠᠭᠤᠷᠬᠠᠢ ᠶᠢᠨ ᠬᠠᠮᠳᠣᠷᠠᠵᠣ | ᠳᠣᠷᠰᠢᠨ ᠠᠵᠢᠯᠯᠠᠬᠤ ᠶᠢ ᠪᠠᠶᠠᠯᠡᠬᠦᠯᠪᠠ᠃ ᠠᠵᠣ ᠣᠶᠢᠯᠡᠰ ᠢ ᠢᠵᠢ ᠪᠦᠷᠢᠳᠦᠬᠦᠯᠥᠨ ᠬᠦᠭᠵᠢᠬᠦᠯᠬᠦ ᠶᠢ ᠴᠢᠩᠭᠠᠳᠬᠠᠵᠣ᠂ ᠵᠢᠶᠧ ᠯᠢᠨ ᠰᠣᠯᠢᠶᠣᠣ | ᠣᠶᠢᠯᠡᠳᠪᠣᠷᠢᠯᠡᠬᠦ ᠺᠣᠮᠫᠠᠨᠢ ᠶᠢᠨ 2 ᠲᠦᠮᠡᠨ ᠳᠣᠠᠨ᠋ᠨ ᠬᠦᠨᠳᠣ ᠠᠴᠢᠶ᠎ᠠ ᠶᠢ ᠪᠣᠭᠤᠳᠠᠯᠯᠠᠬᠤ ᠪᠦᠷᠬᠦᠪᠴᠢ ᠵᠡᠷᠬᠡ ᠨᠢᠬᠡ ᠪᠦᠯᠥᠭ ᠬᠡᠯᠬᠢᠶᠠᠵᠢᠯ ᠢ ᠣᠷᠳᠣᠳᠬᠠᠵᠣ | ᠨᠦᠬᠦᠪᠦᠷᠢᠯᠡᠬᠦ ᠲᠦᠷᠥᠯ ᠵᠣᠶᠢᠯ ᠢ ᠣᠷᠣᠭᠤᠯᠣᠨ ᠠᠪᠴᠢᠷᠠᠪᠠ᠃ ᠳᠠᠷᠢᠶᠠᠯᠠᠩ ᠮᠠᠯ ᠠᠵᠣ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ | ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠣ᠂ ᠳᠣᠬᠢᠷᠠᠮᠵᠢᠳᠣ ᠬᠡᠪᠴᠢᠶᠠᠨ ᠤ ᠡᠵᠡᠩᠨᠡᠯᠳᠡ ᠶᠢᠨ ᠡᠷᠦᠬᠡ ᠶᠢ 2702 ᠬᠦᠮᠦᠵᠢᠬᠦᠯᠵᠣ᠂ ᠦᠨᠳᠣᠷ | ᠪᠠᠷᠢᠮᠵᠢᠶᠠᠳᠣ ᠰᠠᠭᠤᠷᠢ ᠳᠠᠷᠢᠶᠠᠨ ᠭᠠᠵᠠᠷ ᠢ 7 ᠲᠦᠮᠡᠨ ᠮᠣ᠋ ᠪᠠᠶᠢᠭᠤᠯᠣᠨ ᠣᠰᠣ ᠠᠷᠪᠢᠯᠠᠬᠤ ᠣᠰᠣᠯᠠᠯᠳᠠ ᠶᠢᠨ ᠳᠠᠯᠠᠪᠠᠢ ᠶᠢ 26 ᠲᠦᠮᠡᠨ ᠮᠣ᠋ ᠳᠤ ᠬᠦᠷᠬᠡᠵᠣ | ᠂ ᠳᠠᠷᠢᠶᠠᠯᠠᠩ ᠮᠠᠯ ᠠᠵᠣ ᠣᠶᠢᠯᠡᠰ ᠤᠨ ᠣᠰᠣ ᠠᠷᠪᠢᠯᠠᠬᠤ ᠶᠢ ᠲᠦᠬᠡᠮᠡᠯᠵᠢᠬᠦᠯᠥᠭᠰᠡᠨ ᠨᠣᠷᠮ᠎ᠠ ᠶᠢ 2012 ᠣᠨ ᠤ ᠬᠢ ᠠᠴᠠ 15 ᠵᠠᠭᠤᠨ ᠤ ᠨᠢᠬᠡᠴᠢ | ᠳᠡᠬᠡᠭᠰᠢᠯᠡᠬᠦᠯᠥᠨ᠂ ᠢᠳᠡᠰᠢᠨ ᠨᠣᠭᠤᠭᠠᠨ ᠤ ᠬᠦᠯᠡᠮᠵᠢ ᠶᠢ 1734 ᠰᠢᠨ᠎ᠡ ᠪᠠᠷ ᠨᠡᠮᠡᠭᠳᠡᠬᠦᠯᠪᠠ᠃ ᠠᠮᠣ ᠪᠣᠳᠠᠭ᠎ᠠ᠂ ᠠᠵᠣ ᠠᠬᠤᠢ ᠶᠢᠨ ᠳᠠᠷᠢᠮᠠᠯ᠂ ᠡᠪᠠᠰᠣ | ᠪᠣᠷᠳᠤᠭ᠎ᠠ ᠶᠢᠨ ᠬᠠᠷᠢᠴᠠᠯ ᠢ 2012 ᠣᠨ ᠤ 79᠄ 6᠄ 15 ᠪᠠᠶᠢᠭᠰᠠᠨ ᠠᠴᠠ 2017 ᠣᠨ ᠤ 60᠄ 10᠄ 30 ᠪᠣᠯᠭᠠᠭᠰᠠᠨ ᠪᠠᠶᠢᠨ᠎ᠠ᠃ ᠰᠢᠷᠬᠤᠰᠣ | ᠂ ᠴᠠᠭᠠᠨ ᠰᠦᠯᠳᠡ᠂ ᠪᠠᠶᠠᠠᠨᠠᠭᠤᠷ ᠵᠡᠷᠬᠡ ᠦᠵᠡᠮᠵᠢ ᠶᠢᠨ ᠣᠷᠣᠨ ᠤ ᠰᠠᠭᠤᠷᠢ ᠲᠦᠬᠦᠬᠡᠷᠣᠮᠵᠢ ᠶᠢ ᠳᠡᠬᠦᠯᠳᠡᠷᠵᠢᠬᠦᠯᠵᠣ᠂ AAAA ᠳᠠᠰ ᠤᠨ ᠦᠵᠡᠮᠵᠢ ᠶᠢᠨ | ᠣᠷᠣᠨ ᠢ 1 ᠰᠢᠨ᠎ᠡ ᠪᠠᠷ ᠨᠡᠮᠡᠭᠳᠡᠬᠦᠯᠵᠣ᠂ ᠣᠳᠣᠨ ᠳᠠᠰ ᠤᠨ ᠮᠠᠯᠴᠢᠨ ᠳᠠᠷᠢᠶᠠᠴᠢᠨ ᠠᠶᠢᠯ ᠤᠨ ᠵᠣᠴᠢᠯᠠᠭ᠎ᠠ ᠶᠢ 41 ᠡᠷᠦᠬᠡ ᠬᠦᠭᠵᠢᠬᠦᠯᠵᠣ ᠳᠣᠮᠣ ᠬᠡᠯᠪᠠᠷᠢ | ᠶᠢᠨ ᠰᠣᠶᠣᠯ ᠵᠢᠭᠤᠯᠴᠢᠯᠡᠯ ᠤᠨ ᠠᠵᠢᠯᠯᠠᠭᠠᠨ ᠢ 140 ᠭᠠᠷᠦᠢ ᠳᠠᠯᠠᠪᠣᠷ ᠣᠳᠠᠭ᠎ᠠ ᠡᠷᠬᠢᠯᠡᠨ ᠳᠠᠪᠣᠨ ᠵᠢᠯ ᠳᠤ ᠨᠡᠶᠢᠳᠠ 340 ᠲᠦᠮᠡᠨ ᠬᠦᠮᠦᠨ ᠣᠳᠠᠭ᠎ᠠ | ᠶᠢᠨ ᠵᠢᠭᠤᠯᠴᠢᠯᠠᠭᠰᠠᠳ ᠢ ᠬᠦᠯᠢᠶᠠᠨ ᠵᠣᠴᠢᠯᠠᠵᠣ ᠵᠢᠭᠤᠯᠴᠢᠯᠡᠯ ᠤᠨ ᠶᠡᠷᠦᠩᠬᠡᠶᠢᠯᠡᠭᠰᠡᠨ ᠣᠷᠣᠯᠭ᠎ᠠ ᠶᠢ 106 ᠳ᠋ᠦᠩᠰᠢᠭᠤᠷ ᠲᠦᠬᠦᠷᠢᠭ ᠪᠠᠶᠡᠯᠡᠬᠦᠯᠪᠠ᠃ | ᠪᠠᠷᠠᠭᠠᠨ ᠬᠦᠢᠯᠬᠡᠬᠡᠨ ᠤ ᠠᠵᠣ ᠠᠬᠤᠶᠢᠯᠡᠯ ᠢ 80 ᠰᠢᠨ᠎ᠡ ᠪᠠᠷ ᠨᠡᠮᠡᠭᠳᠡᠬᠦᠯᠵᠣ᠂ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠬᠡᠬᠦᠷ ᠢ 2 ᠰᠢᠨ᠎ᠡ ᠪᠠᠷ | ᠪᠠᠶᠢᠭᠤᠯᠵᠣ᠂ ᠠᠭᠤᠷᠬᠠᠢ ᠶᠢᠨ ᠣᠷᠣᠨ᠂ ᠬᠦᠷᠢᠶᠠᠯᠠᠩ ᠳᠣᠭᠤᠷᠢᠭ᠂ ᠭᠤᠣᠯ ᠪᠣᠯᠬᠤ ᠡᠳ᠋ ᠪᠠᠷᠠᠭᠠᠨ ᠤ ᠲᠦᠪᠯᠡᠷᠡᠬᠦᠯᠵᠣ ᠳᠠᠷᠬᠠᠭᠠᠬᠤ ᠴᠡᠭ ᠢ ᠬᠠᠮᠣᠷᠠᠭᠰᠠᠨ | ᠲᠦᠪᠯᠡᠷᠡᠬᠦᠯᠥᠨ ᠨᠡᠪᠳᠠᠷᠠᠬᠦᠯᠬᠦ ᠰᠢᠰᠲ᠋ᠧᠮ ᠪᠠ ᠰᠣᠮᠣ ᠪᠠᠯᠭᠠᠰᠣ᠂ ᠭᠤᠣᠯᠳᠠᠯᠭᠠᠳᠣ ᠭᠠᠴᠠᠭ᠎ᠠ ᠳᠣᠰᠬᠤᠨ ᠢ ᠬᠠᠮᠣᠷᠠᠭᠰᠠᠨ ᠲᠦᠷᠬᠡᠨ ᠬᠦᠷᠬᠡᠯᠳᠡ ᠶᠢᠨ | ᠳᠣᠬᠢᠷᠠᠭᠤᠯᠣᠨ ᠬᠦᠷᠬᠡᠬᠦ ᠰᠢᠰᠲ᠋ᠧᠮ ᠢ ᠪᠠᠶᠢᠭᠤᠯᠪᠠ᠃ ᠭᠤᠷᠪᠠᠨ ᠠᠵᠣ ᠣᠶᠢᠯᠡᠰ ᠤᠨ ᠪᠦᠳᠦᠴᠡ ᠶᠢ 2012 ᠣᠨ ᠤ 3᠄ 75᠄ 22 ᠪᠠᠶᠢᠭᠰᠠᠨ ᠠᠴᠠ | 2017 ᠣᠨ ᠤ 4᠄ 73᠄ 23 ᠪᠣᠯᠭᠠᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠰᠠᠭᠤᠷᠢ ᠳᠣᠨᠤᠭ ᠲᠦᠬᠦᠬᠡᠷᠣᠮᠵᠢ ᠶᠢ ᠪᠦᠬᠦ ᠳᠠᠯ᠎ᠠ ᠪᠠᠷ ᠰᠠᠶᠢᠵᠢᠷᠠᠭᠤᠯᠵᠣ᠂ ᠬᠤᠳᠠ | ᠬᠦᠳᠡᠭᠡ ᠶᠢᠨ ᠲᠦᠷᠢ ᠲᠦᠷᠬᠦ ᠳᠤ ᠴᠢᠬᠤᠯᠠ ᠶᠡᠭᠡ ᠬᠤᠪᠢᠷᠠᠯᠳᠡ ᠭᠠᠷᠣᠭᠰᠠᠨ ᠳᠠᠪᠣᠨ ᠵᠢᠯ ᠪᠣᠯᠣᠨ᠎ᠠ᠃ ᠬᠤᠳᠠ ᠬᠦᠳᠡᠭᠡ ᠶᠢᠨ ᠳᠠᠩᠴᠡᠬᠦᠷᠢᠳᠣ ᠬᠦᠭᠵᠢᠯᠳᠡ | ᠶᠢ ᠪᠠᠷᠢᠮᠳᠠᠯᠠᠨ ᠣᠯᠠᠨ ᠨᠠᠶᠢᠳᠠ ᠶᠢᠨ ᠦᠨᠳᠣᠰᠣᠨ ᠣᠶᠢᠯᠡᠴᠢᠯᠡᠭᠡ ᠪᠠᠷ ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠷᠠᠭᠠᠯᠵᠠᠭᠰᠠᠨ ᠪᠠᠶᠢᠨ᠎ᠠ᠃ ᠬᠤᠳᠠ | ᠪᠠᠯᠭᠠᠰᠣᠨ ᠤ ᠴᠢᠳᠠᠪᠬᠢ ᠶᠢ ᠳᠠᠰᠣᠷᠠᠯᠳᠡ ᠦᠬᠡᠢ ᠳᠠᠬᠦᠯᠳᠡᠷᠵᠢᠬᠦᠯᠵᠣ᠂ ᠭᠠᠯᠠᠭᠤᠳᠣ ᠪᠠᠯᠭᠠᠰᠣᠨ ᠤ ᠳᠣᠭᠤᠷᠢᠭ ᠤᠨ ᠡᠯ᠎ᠡ ᠲᠦᠷᠥᠯ ᠤᠨ ᠬᠤᠭᠤᠯᠠᠢ ᠳᠣᠣᠷ ᠢ | 309 ᠺᠢᠯᠣᠮᠧᠲᠷ᠂ ᠢᠯᠴᠢ ᠰᠣᠯᠢᠯᠴᠠᠭᠤᠯᠬᠤ ᠦᠷᠳᠡᠭᠡ ᠶᠢ 10᠂ ᠣᠰᠣ ᠪᠠᠷ ᠵᠠᠶᠢᠯᠠᠬᠤ ᠬᠡᠯᠪᠠᠷᠢ ᠶᠢᠨ ᠵᠣᠷᠯᠣᠩ ᠢ 104 ᠰᠢᠨ᠎ᠡ ᠪᠠᠷ ᠪᠠᠶᠢᠭᠤᠯᠣᠭᠰᠠᠨ ᠪᠠ | ᠦᠬᠡᠷᠡᠴᠢᠯᠡᠨ ᠪᠠᠶᠢᠭᠤᠯᠵᠣ᠂ 33 ᠲᠦᠮᠡᠨ ᠳᠡᠭᠰᠢ ᠲᠦᠷᠪᠠᠯᠵᠢᠨ ᠮᠧᠲᠷ ᠤᠨ ᠵᠠᠮ ᠢ ᠰᠢᠨ᠎ᠡ ᠪᠠᠷ ᠵᠠᠰᠠᠪᠠ᠃ ᠰᠣᠶᠣᠯ ᠳᠠᠮᠢᠷ ᠤᠨ ᠣᠷᠳᠣᠨ᠂ ᠦᠳᠦᠨ | ᠪᠦᠮᠪᠦᠭᠡ ᠫᠢᠩᠫᠠᠩ ᠪᠦᠮᠪᠦᠭᠡ ᠶᠢᠨ ᠣᠷᠳᠣᠨ᠂ ᠣᠮᠪᠠᠯᠳᠠ ᠶᠢᠨ ᠣᠷᠳᠣᠨ ᠢ ᠪᠠᠶᠢᠭᠤᠯᠪᠠ᠃ ᠪᠠᠳᠣᠯᠠᠪᠣᠷᠢ ᠶᠢᠨ ᠣᠷᠣᠨ ᠰᠠᠭᠤᠴᠠ ᠶᠢ 1735 ᠢᠵᠢ᠂ | ᠠᠷᠠᠳ ᠲᠤ ᠲᠦᠬᠦᠮ ᠦᠵᠡᠬᠦᠯᠬᠦ ᠳᠣᠭᠤᠢ ᠳᠡᠷᠬᠡᠨ ᠴᠡᠭ ᠢ 25 ᠭᠠᠵᠠᠷ ᠰᠢᠨ᠎ᠡ ᠪᠠᠷ ᠪᠠᠶᠢᠭᠤᠯᠣᠨ ᠭᠤᠣᠯᠳᠠᠯᠭᠠᠳᠣ ᠳᠣᠭᠤᠷᠢᠭ ᠲᠤ WiFi ᠶᠢ | ᠨᠡᠶᠢᠳᠡᠮᠵᠢᠬᠦᠯᠪᠠ᠃ 34 ᠲᠦᠮᠡᠨ ᠳᠡᠭᠰᠢ ᠲᠦᠷᠪᠠᠯᠵᠢᠨ ᠮᠧᠲᠷ ᠤᠨ ᠵᠡᠬᠡᠯᠢ ᠭᠤᠳᠣᠮᠵᠢ ᠶᠢᠨ ᠬᠠᠳᠠᠭᠤᠵᠢᠭᠤᠯᠣᠯᠳᠠ ᠶᠢ ᠪᠠᠶᠠᠯᠡᠬᠦᠯᠵᠣ᠂ ᠵᠡᠬᠡᠯᠢ ᠭᠤᠳᠣᠮᠵᠢ | ᠶᠢᠨ ᠳ᠋ᠧᠩ ᠢ 520 ᠣᠭᠰᠠᠷᠠᠨ ᠬᠤᠳᠠ ᠶᠢᠨ ᠭᠤᠣᠯ ᠳᠣᠭᠤᠷᠢᠭ ᠤᠨ ᠨᠣᠭᠤᠭᠠᠷᠠᠭᠤᠯᠣᠭᠰᠠᠨ ᠭᠠᠵᠠᠷ ᠤᠨ ᠳᠠᠯᠠᠪᠠᠢ ᠶᠢ 1235 ᠡᠾᠧᠺᠲ᠋ᠡᠷ ᠬᠦᠷᠬᠡᠵᠣ᠂ | ᠣᠷᠣᠨ ᠳᠣᠭᠤᠷᠢᠭ ᠤᠨ ᠨᠣᠭᠤᠭᠠᠷᠠᠭᠤᠯᠣᠯᠳᠠ ᠶᠢᠨ ᠪᠦᠷᠬᠦᠴᠡ ᠨᠣᠷᠮ᠎ᠠ ᠪᠠ ᠨᠣᠭᠤᠭᠠᠷᠠᠭᠤᠯᠣᠭᠰᠠᠨ ᠭᠠᠵᠠᠷ ᠤᠨ ᠨᠣᠷᠮ᠎ᠠ ᠶᠢ ᠳᠣᠰᠪᠣᠷᠢ 47% ᠪᠠ 44% | ᠳᠤ ᠬᠦᠷᠬᠡᠵᠣ᠂ ᠬᠦᠮᠦᠨ ᠳᠣᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠣᠭᠰᠠᠨ ᠭᠠᠵᠠᠷ ᠤᠨ ᠳᠠᠯᠠᠪᠠᠢ ᠶᠢ 26 ᠳᠡᠭᠰᠢ ᠲᠦᠷᠪᠠᠯᠵᠢᠨ ᠮᠧᠲᠷ ᠳᠤ ᠬᠦᠷᠬᠡᠪᠠ᠃ | ᠣᠶᠣᠨᠴᠢ ᠬᠤᠳᠠ ᠶᠢᠨ ᠵᠠᠰᠠᠭ ᠤᠨ ᠶᠠᠪᠣᠳᠠᠯ ᠤᠨ ᠳᠠᠪᠴᠠᠩ ᠢ ᠪᠦᠳᠦᠬᠡᠨ ᠪᠠᠶᠢᠭᠤᠯᠪᠠ᠃ ᠳᠤᠭ ᠪᠠᠯᠭᠠᠰᠣ᠂ ᠰᠢᠷᠬᠤᠰᠣ ᠪᠠᠯᠭᠠᠰᠣ ᠵᠡᠷᠬᠡ ᠭᠠᠵᠠᠷ ᠲᠤ | ᠲᠦᠪᠯᠡᠷᠡᠬᠦᠯᠥᠭᠰᠡᠨ ᠳᠣᠯᠠᠭᠠᠯᠠᠯᠭ᠎ᠠ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ᠂ ᠨᠣᠭᠤᠭᠠᠷᠠᠭᠤᠯᠬᠤ᠂ ᠬᠡᠷᠡᠯᠳᠦᠬᠦᠯᠬᠦ ᠵᠡᠷᠬᠡ ᠢᠨᠵᠧᠨᠧᠷᠢᠩ ᠢ | ᠬᠡᠷᠡᠭᠵᠢᠬᠦᠯᠵᠣ ᠵᠢᠵᠢᠭ ᠬᠤᠳᠠ ᠪᠠᠯᠭᠠᠰᠣᠨ ᠤ ᠳᠠᠭᠠᠭᠤᠯᠥᠨ ᠳᠠᠶᠢᠴᠢᠯᠠᠬᠤ ᠴᠢᠳᠠᠪᠣᠷᠢ ᠶᠢ ᠳᠠᠰᠣᠷᠠᠯᠳᠡ ᠦᠬᠡᠢ ᠴᠢᠩᠭᠠᠳᠬᠠᠪᠠ᠃ ᠦᠵᠡᠰᠬᠦᠯᠡᠩᠳᠣ ᠰᠠᠶᠢᠬᠠᠨ | ᠬᠦᠳᠡᠭᠡ ᠳᠣᠰᠬᠤᠨ ᠤ ᠪᠠᠶᠢᠭᠤᠯᠣᠯᠳᠠ ᠶᠢ ᠯᠠᠪᠳᠠᠭᠤᠨ ᠠᠬᠢᠭᠤᠯᠵᠣ ᠬᠦᠳᠡᠭᠡ ᠳᠣᠰᠬᠤᠨ ᠤ ᠵᠠᠰᠠᠮᠠᠯ ᠵᠠᠮ ᠢ 1203 ᠺᠢᠯᠣᠮᠧᠲᠷ ᠳᠠᠪᠢᠰᠴᠣ᠂ 17799 | ᠡᠷᠦᠬᠡ ᠶᠢᠨ ᠨᠣᠷᠠᠬᠤ ᠠᠶᠣᠯᠳᠡᠢ ᠬᠡᠷ ᠪᠠᠶᠢᠰᠢᠩ ᠢ ᠦᠬᠡᠷᠡᠴᠢᠯᠡᠨ ᠵᠠᠰᠠᠵᠣ᠂ 1506 ᠺᠢᠯᠣᠮᠧᠲᠷ ᠤᠨ ᠴᠠᠬᠢᠯᠭᠠᠨ ᠣᠳᠠᠰᠣ ᠶᠢ ᠳᠠᠳᠠᠵᠣ᠂ ᠠᠮᠣᠷ ᠲᠦᠪᠰᠢᠨ | ᠣᠣᠭᠤᠬᠤ ᠣᠰᠣᠨ ᠤ ᠢᠨᠵᠧᠨᠧᠷᠢᠩ ᠢ 101 ᠬᠡᠷᠡᠭᠵᠢᠬᠦᠯᠵᠤ᠂ ᠰᠠᠭᠤᠭᠠᠯᠢ ᠠᠷᠠᠳ ᠤᠨ ᠲᠦᠪᠯᠡᠷᠡᠯ ᠤᠨ ᠴᠡᠭ ᠢ 14 ᠪᠦᠳᠦᠬᠡᠨ ᠪᠠᠶᠢᠭᠤᠯᠵᠣ ᠮᠠᠯᠵᠢᠬᠤ | ᠳᠠᠷᠢᠶᠠᠯᠠᠬᠤ ᠣᠷᠣᠨ ᠤ ᠰᠣᠶᠣᠯ᠂ ᠰᠣᠷᠭᠠᠨ ᠬᠦᠮᠦᠵᠢᠯ᠂ ᠡᠷᠡᠬᠦᠯ ᠬᠠᠮᠠᠭᠠᠯᠠᠯ ᠵᠡᠷᠬᠡ ᠣᠯᠠᠨ ᠨᠠᠶᠢᠳᠠ ᠶᠢᠨ ᠣᠶᠢᠯᠡᠴᠢᠯᠡᠬᠡᠨ ᠤ ᠬᠢᠷᠢ ᠲᠦᠪᠰᠢᠨ ᠢ ᠶᠡᠬᠡᠪᠡᠷ | ᠳᠡᠬᠡᠭᠰᠢᠯᠡᠬᠦᠯᠥᠭᠰᠡᠨ ᠪᠠᠶᠢᠨ᠎ᠠ᠃ ᠰᠠᠭᠤᠷᠢ ᠠᠴᠢᠶᠠᠯᠠᠪᠣᠷᠢ ᠶᠢᠨ ᠲᠦᠪᠰᠢᠨ ᠢ ᠢᠯᠡᠳᠳᠡ ᠳᠡᠬᠡᠭᠰᠢᠯᠡᠬᠦᠯᠵᠣ ︽ᠳᠣᠯᠣᠭᠠᠨ ᠳᠣᠣᠷ︾ ᠤᠨ ᠢᠨᠵᠧᠨᠧᠷᠢᠩ ᠤᠨ | ᠪᠠᠶᠢᠭᠤᠯᠣᠯᠳᠠ ᠶᠢ ᠠᠬᠢᠭᠤᠯᠣᠨ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠳᠠᠮᠣᠷ ᠵᠠᠮ ︵ᠦᠪᠣᠷ ᠮᠣᠩᠭᠤᠯ ᠤᠨ | ᠬᠡᠰᠡᠭ︶ ᠤᠨ ᠪᠠᠷᠢᠯᠭ᠎ᠠ ᠶᠢ ᠡᠬᠢᠯᠡᠬᠦᠯᠥᠨ ᠳᠣᠯᠢ ᠠᠴᠠ ᠣᠳᠤᠭ ᠤᠨ ᠡᠮᠣᠨᠡᠳᠣ ᠬᠤᠰᠢᠭᠤ ᠬᠦᠷᠬᠦ ᠳᠠᠮᠣᠷ ᠵᠠᠮ ᠤᠨ ᠪᠠᠷᠢᠯᠭ᠎ᠠ ᠶᠢ ᠳᠠᠭᠤᠰᠬᠠᠨ 7 ᠵᠣᠷᠪᠣᠰ | ᠳᠠᠮᠣᠷ ᠵᠠᠮ ᠤᠨ ᠱᠤᠭᠤᠮ ᠪᠠ ᠦᠣᠰᠢᠨᠵᠣᠣ ᠠᠴᠠ ᠭᠠᠯᠠᠭᠤᠳᠣ ᠬᠦᠷᠬᠦ ᠨᠢᠬᠡᠳᠣᠬᠡᠷ ᠳᠠᠰ ᠤᠨ ᠵᠠᠰᠠᠮᠠᠯ ᠵᠠᠮ ᠪᠠᠶᠢᠭᠤᠯᠣᠭᠳᠠᠵᠣ᠂ ᠳᠠᠮᠣᠷ ᠵᠠᠮ ᠪᠠ ᠳᠡᠬᠡᠳᠣ | ᠳᠠᠰ ᠤᠨ ᠵᠠᠰᠠᠮᠠᠯ ᠵᠠᠮ ᠤᠨ ᠳᠡᠷᠬᠡ ᠨᠠᠪᠳᠡᠷᠡᠭᠰᠡᠨ ᠵᠠᠮ ᠤᠨ ᠣᠷᠳᠣ ᠨᠢ ᠳᠣᠰᠪᠣᠷᠢ 259 ᠺᠢᠯᠣᠮᠧᠲᠷ ᠪᠠ 470 ᠺᠢᠯᠣᠮᠧᠲᠷ ᠲᠤ ᠬᠦᠷᠪᠠ︔ 110 | ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠶᠢ 3᠂ 35 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠶᠢ 8 | ᠰᠢᠨ᠎ᠡ ᠪᠠᠷ ᠪᠠᠶᠢᠭᠤᠯᠵᠣ᠂ ᠦᠣᠰᠢᠨ ᠤ 220 ᠺᠢᠯᠣᠸᠣᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠠᠴᠠ ᠳᠣᠯᠢ ᠶᠢᠨ 110 ᠺᠢᠯᠣᠸᠣᠯᠲ ᠤᠨ | ᠴᠠᠬᠢᠯᠭᠠᠨ ᠬᠦᠷᠬᠡᠵᠣ ᠬᠤᠪᠢᠰᠬᠠᠬᠤ ᠦᠷᠳᠡᠭᠡ ᠬᠦᠷᠬᠦ ᠵᠡᠷᠬᠡ 16 ᠵᠣᠷᠪᠣᠰ ᠴᠠᠬᠢᠯᠭᠠᠨ ᠬᠦᠷᠬᠡᠬᠦ ᠰᠣᠭᠤᠮ ᠢ ᠠᠰᠢᠭᠯᠠᠯᠳᠠ ᠳᠤ ᠣᠷᠣᠭᠤᠯᠪᠠ᠃ ᠨᠠᠷᠢᠠᠭᠤᠣᠯ | — ᠳᠤᠭ — ᠦᠳᠰᠢᠨᠵᠣᠣ ᠬᠦᠷᠬᠦ ᠣᠰᠣ ᠳᠠᠮᠵᠢᠭᠤᠯᠬᠤ ᠬᠤᠭᠤᠯᠠᠢ ᠱᠤᠭᠤᠮ ᠤᠨ ᠪᠠᠷᠢᠯᠭ᠎ᠠ ᠶᠢ ᠳᠠᠭᠤᠰᠬᠠᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠮᠢ ᠠᠬᠤᠢ ᠶᠢᠨ ᠣᠷᠴᠢᠨ ᠳᠣᠭᠤᠷᠢᠨ ᠢᠶᠠᠨ ᠳᠠᠰᠣᠷᠠᠯᠳᠡ ᠦᠬᠡᠢ ᠰᠢᠯᠢᠳᠡᠭᠵᠢᠬᠦᠯᠥᠨ᠂ | ᠠᠮᠢ ᠠᠬᠤᠢ ᠶᠢᠨ ᠪᠣᠯᠪᠠᠰᠣᠨ ᠪᠠᠶᠢᠭᠤᠯᠣᠯᠳᠠ ᠳᠣᠪᠣᠶᠢᠮ᠎ᠠ ᠠᠮᠵᠢᠯᠳᠠ ᠣᠯᠣᠭᠰᠠᠨ ᠳᠠᠪᠣᠨ ᠵᠢᠯ ᠪᠣᠯᠣᠨ᠎ᠠ᠃ ᠠᠮᠢ ᠠᠬᠤᠢ ᠶᠢᠨ ᠪᠠᠶᠢᠭᠤᠯᠣᠯᠳᠠ ᠶᠢ ᠢᠮᠠᠭᠳᠠ | ᠳᠡᠷᠢᠬᠦᠨ ᠪᠠᠶᠢᠷᠢᠨ ᠳᠤ ᠳᠠᠯᠪᠢᠨ ᠰᠢᠢᠳᠪᠣᠷᠢ ᠪᠣᠳᠣᠯᠭ᠎ᠠ ᠶᠢ ᠶᠡᠷᠦᠩᠬᠡᠶᠢᠯᠡᠨ ᠶᠠᠪᠣᠭᠤᠯᠵᠣ᠂ ᠪᠠᠶᠢᠭᠤᠯᠵᠣ ᠬᠠᠮᠢᠶᠠᠷᠬᠤ ᠶᠢ ᠬᠠᠮᠳᠣ ᠳᠤᠨᠢ ᠴᠢᠬᠤᠯᠠᠴᠢᠯᠠᠵᠣ ᠠᠮᠢ | ᠠᠬᠤᠢ ᠶᠢ ᠦᠷᠡᠭᠳᠡᠬᠦᠯᠬᠦ ᠪᠠᠷ ᠨᠢᠬᠡᠨ ᠴᠠᠭ ᠤᠨ ᠬᠦᠭᠵᠢᠯᠳᠡ ᠶᠢ ᠰᠣᠯᠢᠭᠰᠠᠨ ᠦᠬᠡᠢ᠃ ᠭᠤᠣᠯᠳᠠᠯᠭᠠᠳᠣ ᠣᠷᠣᠨ ᠪᠦᠰᠠ ᠶᠢᠨ ᠨᠣᠭᠤᠭᠠᠷᠠᠭᠤᠯᠣᠯᠳᠠ ᠶᠢ | ᠶᠡᠬᠡᠪᠡᠷ ᠠᠬᠢᠭᠤᠯᠵᠣ ᠳᠠᠪᠣᠨ ᠵᠢᠯ ᠳᠤ ᠨᠠᠶᠢᠳᠠ 127 ᠲᠦᠮᠡᠨ ᠮᠣ᠋ ᠶᠢᠨ ᠣᠢ ᠰᠢᠭᠤᠢ ᠶᠢᠨ ᠠᠮᠢ ᠠᠬᠤᠢ ᠶᠢ ᠪᠦᠳᠦᠬᠡᠨ ᠪᠠᠶᠢᠭᠤᠯᠵᠣ᠂ 41 ᠲᠦᠮᠡᠨ ᠮᠣ᠋ | ᠶᠢᠨ ᠨᠣᠳᠤᠭ ᠪᠠᠯᠴᠢᠬᠡᠷ ᠢ ᠪᠢᠳᠡᠬᠦᠮᠵᠢᠯᠡᠨ ᠰᠡᠷᠬᠦᠬᠡᠵᠣ᠂ 140 ᠲᠦᠮᠡᠨ ᠮᠣ᠋ ᠣᠰᠣ ᠬᠦᠷᠦᠰᠦᠨ ᠤ ᠢᠳᠡᠭᠳᠡᠯ ᠢ ᠶᠡᠷᠦᠩᠬᠡᠶᠢᠯᠡᠨ ᠵᠠᠰᠠᠭᠠᠳ ᠣᠢ ᠰᠢᠭᠤᠢ ᠶᠢᠨ | ᠪᠦᠷᠬᠦᠴᠡ ᠶᠢᠨ ᠨᠣᠷᠮ᠎ᠠ ᠪᠠ ᠣᠷᠭᠤᠮᠠᠯ ᠤᠨ ᠪᠦᠷᠬᠦᠴᠡ ᠶᠢᠨ ᠨᠣᠷᠮ᠎ᠠ ᠶᠢ ᠳᠣᠰᠪᠣᠷᠢ 32.9% ᠪᠠ 80% ᠬᠦᠷᠬᠡᠪᠠ᠃ ᠣᠷᠴᠢᠨ ᠳᠣᠭᠤᠷᠢᠨ ᠤ | ᠬᠠᠮᠠᠭᠠᠯᠠᠯᠳᠠ ᠶᠢᠨ ᠡᠷᠴᠢᠮ ᠢ ᠦᠷᠬᠦᠯᠵᠢᠯᠡᠨ ᠶᠡᠬᠡᠰᠬᠡᠵᠣ᠂ 60 ᠭᠠᠷᠦᠢ ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ ᠡᠯ᠎ᠡ ᠬᠦᠷᠢᠶᠠᠯᠠᠩ ᠳᠣᠭᠤᠷᠢᠭ | ᠤᠨ ᠪᠣᠬᠢᠷ ᠣᠰᠣ ᠰᠢᠢᠳᠪᠣᠷᠢᠯᠡᠬᠦ ᠭᠠᠵᠠᠷ᠂ ᠰᠢᠭᠠᠷᠣ ᠰᠢᠢᠳᠪᠣᠷᠢᠯᠡᠬᠦ ᠳᠠᠯᠠᠪᠣᠷ᠂ ᠬᠤᠭ ᠨᠣᠪᠰᠢ ᠪᠣᠯᠠᠵᠣ ᠰᠢᠢᠳᠪᠣᠷᠢᠯᠡᠬᠦ ᠳᠠᠯᠠᠪᠣᠷ᠂ ᠣᠨᠴᠠ ᠡᠬᠦᠷᠬᠡᠳᠣ ᠭᠠᠯ | ᠣᠨᠳᠠᠷᠠᠭᠠᠬᠤ ᠦᠷᠳᠡᠭᠡ ᠵᠡᠷᠬᠡ ᠲᠦᠷᠥᠯ ᠵᠣᠶᠢᠯ ᠢ ᠬᠡᠷᠡᠭᠵᠢᠬᠦᠯᠵᠣ ᠵᠦᠩ ᠮᠧᠢ ᠺᠣᠮᠫᠠᠨᠢ ᠶᠢᠨ ᠬᠢᠮᠢ ᠶᠢᠨ ᠪᠣᠷᠳᠣᠭᠤᠷ ᠤᠨ ᠲᠦᠷᠥᠯ ᠵᠣᠶᠢᠯ ᠤᠨ ᠠᠭᠤᠷᠬᠠᠢ | ᠶᠢᠨ ᠬᠤᠣᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠵᠡᠷᠬᠡ ᠨᠢᠬᠡ ᠪᠦᠯᠥᠭ ᠰᠠᠭᠤᠷᠢ ᠢᠨᠵᠧᠨᠧᠷᠢᠩ ᠢ ᠬᠡᠷᠡᠭᠯᠡᠯᠳᠡ ᠳᠤ ᠣᠷᠣᠭᠤᠯᠪᠠ᠃ ᠪᠣᠬᠢᠷᠳᠣᠯ | ᠲᠠᠢ ᠪᠣᠳᠠᠰ ᠤᠨ ᠰᠦᠯᠵᠢᠶᠠᠨ ᠳᠡᠬᠡᠷᠡᠬᠢ ᠬᠢᠨᠡᠨ ᠡᠵᠡᠮᠰᠢᠯ ᠤᠨ ᠲᠦᠪ ᠪᠠ 5 ᠰᠣᠮᠣ ᠪᠠᠯᠭᠠᠰᠣᠨ ᠤ ᠠᠭᠠᠷ ᠮᠠᠨᠳᠠᠯ ᠤᠨ ᠴᠡᠪᠡᠷᠴᠠ ᠶᠢᠨ ᠠᠦ᠋ᠲ᠋ᠤ᠋ ᠬᠢᠨᠡᠨ | ᠬᠡᠮᠵᠢᠯᠳᠡ ᠶᠢᠨ ᠦᠷᠳᠡᠭᠡ ᠶᠢ ᠰᠦᠯᠵᠢᠶᠠᠵᠢᠬᠦᠯᠥᠨ ᠠᠵᠢᠯᠯᠠᠭᠤᠯᠵᠣ᠂ ᠪᠦᠬᠦ ᠬᠤᠰᠢᠭᠤᠨ ᠤ ᠣᠷᠴᠢᠨ ᠳᠣᠭᠤᠷᠢᠨ ᠤ ᠶᠠᠰᠣ ᠴᠢᠨᠡᠷ ᠤᠨ ᠬᠢᠨᠠᠯᠳᠠ ᠶᠢ | ᠨᠡᠶᠢᠳᠠᠮᠵᠢᠬᠦᠯᠪᠠ᠃ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠭᠳᠠᠴᠠ ᠶᠢ ᠪᠦᠷᠢᠨᠰᠢᠬᠦᠯᠪᠠ᠃ ᠣᠷᠴᠢᠨ ᠳᠣᠭᠤᠷᠢᠨ ᠤ ᠪᠣᠬᠢᠷᠳᠣᠯ | ᠤᠨ ᠭᠤᠷᠪᠠᠳᠣᠭᠠᠷ ᠡᠳᠡᠬᠡᠳ ᠤᠨ ᠵᠠᠰᠠᠯᠳᠡ ᠶᠢ ᠬᠡᠷᠡᠭᠵᠢᠬᠦᠯᠵᠣ᠂ ᠪᠠᠶᠢᠭᠠᠯᠢ ᠶᠢᠨ ᠰᠢᠳᠠᠮᠠᠬᠠᠢ ᠬᠡᠢ ᠦᠷᠣᠮᠳᠠᠬᠦ ᠳᠤ ︽ᠠᠵᠣ ᠣᠶᠢᠯᠡᠳᠪᠣᠷᠢ ᠶᠢᠨ ᠬᠡᠷᠡᠭᠯᠡᠬᠡᠨ ᠤ | ᠰᠢᠩᠬᠡᠨ ᠰᠢᠪᠡᠷ ᠢ ᠭᠠᠵᠠᠷ ᠲᠤ ᠬᠦᠷᠬᠡᠬᠦ ᠦᠬᠡᠢ︾ ᠪᠠᠶᠢᠬᠤ ᠶᠢ ᠪᠠᠶᠠᠯᠡᠬᠦᠯᠪᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢᠳᠣ ᠬᠦᠰᠦᠨᠦᠭᠳᠣ | ᠶᠢ ᠨᠠᠶᠢᠷᠠᠭᠤᠯᠣᠨ ᠳᠣᠭᠳᠠᠭᠠᠬᠤ ᠠᠵᠢᠯ ᠢ ᠦᠷᠨᠢᠬᠦᠯᠵᠣ᠂ ᠣᠰᠣᠨ ᠰᠣᠷᠪᠣᠯᠵᠢ ᠶᠢᠨ ᠣᠷᠣᠨ ᠤ ᠬᠠᠮᠠᠭᠠᠯᠠᠯᠳᠠ ᠶᠢ ᠴᠢᠩᠭᠠᠳᠬᠠᠵᠣ ᠣᠰᠣᠨ ᠡᠬᠢ ᠰᠣᠷᠪᠣᠯᠵᠢ | ᠶᠢᠨ ᠬᠠᠮᠢᠶᠠᠷᠣᠯᠳᠠ ᠶᠢᠨ ᠬᠠᠮᠤᠭ ᠴᠢᠩᠭ᠎ᠠ ᠲᠦᠷᠢᠮ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠪᠠ᠃ ᠪᠣᠬᠢᠷᠳᠣᠯ ᠦᠬᠡᠢ ᠣᠶᠢᠯᠡᠳᠪᠣᠷᠢᠯᠡᠯ ᠤᠨ ᠮᠡᠷᠬᠡᠵᠢᠯ ᠤᠨ | ᠬᠡᠷᠡᠭᠯᠡᠯᠳᠡ ᠶᠢᠨ ᠬᠡᠪᠴᠢᠶ᠎ᠠ ᠶᠢ ᠦᠷᠬᠡᠳᠬᠡᠵᠣ ᠳᠡᠭᠡᠳᠣ ᠱᠠᠳᠣᠨ ᠠᠴᠠ ᠪᠠᠭᠤᠯᠭᠠᠭᠰᠠᠨ ᠲᠦᠮᠡᠨ ᠲᠦᠬᠦᠷᠢᠭ ᠤᠨ GDP ᠤᠨ ᠡᠨᠧᠷᠬᠢ ᠶᠢᠨ ᠬᠤᠷᠣᠭᠳᠠᠯ᠂ | ᠣᠰᠣᠨ ᠤ ᠬᠤᠷᠣᠭᠳᠠᠯ ᠢ ᠡᠵᠡᠮᠳᠡᠬᠦ ᠬᠠᠷᠠᠯᠳᠠ ᠶᠢ ᠪᠠᠶᠠᠯᠡᠬᠦᠯᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠠᠷᠠᠳ ᠤᠨ ᠠᠮᠢᠳᠣᠷᠠᠯ ᠤᠨ ᠴᠢᠨᠡᠷ ᠪᠦᠳᠣᠮᠵᠢ ᠶᠢ ᠢᠯᠡᠷᠬᠡᠢ ᠳᠡᠬᠡᠭᠰᠢᠯᠡᠬᠦᠯᠵᠣ᠂ ᠨᠡᠶᠢᠬᠡᠮ | ᠤᠨ ᠪᠠᠳᠣᠯᠠᠪᠣᠷᠢ ᠶᠢᠨ ᠰᠢᠰᠲ᠋ᠧᠮ ᠢ ᠳᠠᠰᠣᠷᠠᠯᠳᠡ ᠦᠬᠡᠢ ᠳᠡᠬᠦᠯᠳᠡᠷᠵᠢᠬᠦᠯᠥᠭᠰᠡᠨ ᠳᠠᠪᠣᠨ ᠵᠢᠯ ᠪᠣᠯᠣᠨ᠎ᠠ᠃ ᠨᠠᠶᠢᠳᠠ 145 ᠳ᠋ᠦᠩᠰᠢᠭᠤᠷ ᠲᠦᠬᠦᠷᠢᠭ ᠤᠨ | ᠪᠡᠯᠡ ᠣᠷᠣᠭᠤᠯᠵᠣ᠂ ᠨᠡᠶᠢᠬᠡᠮ ᠤᠨ ᠪᠠᠳᠣᠯᠠᠭ᠎ᠠ ᠶᠢᠨ ᠳᠣᠣᠷ ᠢ ᠨᠢᠭᠳᠠ ᠰᠦᠯᠵᠢᠵᠣ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠵᠤᠯ ᠵᠢᠷᠭᠠᠯ ᠢ | ᠨᠡᠮᠡᠭᠳᠡᠬᠦᠯᠪᠠ᠃ ᠶᠠᠳᠠᠭᠤ ᠶᠢ ᠳᠡᠳᠬᠦᠬᠦ ᠡᠬᠢ ᠪᠠᠶᠠᠯᠢᠭ ᠢ ᠨᠢᠬᠡᠳᠬᠡᠨ ᠨᠠᠷᠢᠯᠢᠭ ᠣᠨᠣᠪᠴᠢᠳᠠᠢ ᠪᠠᠷ ᠶᠠᠳᠠᠭᠤ ᠶᠢ ᠳᠡᠳᠬᠦᠬᠦ ᠶᠢ ᠬᠡᠷᠡᠭᠵᠢᠬᠦᠯᠵᠣ᠂ ᠶᠠᠳᠠᠭᠤ | ᠬᠦᠴᠢᠷᠳᠡᠯᠳᠡᠢ ᠬᠦᠮᠦᠨ ᠠᠮᠠ ᠶᠢ ᠨᠠᠶᠢᠳᠠ 10538 ᠬᠦᠮᠦᠨ ᠴᠦᠬᠡᠳᠬᠡᠵᠣ᠂ ᠳᠣᠬᠢᠳᠠᠢ ᠣᠷᠣᠨ ᠳᠤᠨᠢ ᠨᠡᠬᠦᠯᠬᠡᠨ ᠰᠢᠯᠵᠢᠬᠦᠯᠬᠦ ᠠᠵᠢᠯ ᠢ 169 ᠡᠷᠦᠬᠡ | ᠪᠠᠶᠡᠯᠡᠬᠦᠯᠵᠣ᠂ 752 ᠡᠷᠦᠬᠡ ᠠᠮᠢᠳᠣᠷᠠᠯ ᠳᠤ ᠪᠠᠨ ᠳᠣᠶᠢᠯ ᠤᠨ ᠬᠦᠴᠢᠷᠳᠡᠯᠳᠡᠢ ᠣᠯᠠᠨ ᠲᠦᠮᠡᠨ ᠳᠤ ᠬᠡᠷ ᠪᠠᠶᠢᠰᠢᠩ ᠪᠠᠷᠢᠵᠣ᠂ ᠡᠬᠦᠨ ᠳᠤ ᠴᠦᠬᠡᠨ | ᠳᠣᠭᠠᠳᠣ ᠦᠨᠳᠣᠰᠣᠳᠠᠨ 574 ᠡᠷᠦᠬᠡ ᠪᠣᠢ᠃ 11940 ᠬᠦᠮᠦᠰ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠵᠣ᠂ ᠨᠠᠶᠢᠳᠠ ᠶᠢᠨ ᠠᠰᠠᠷᠠᠮᠵᠢ | ᠶᠢᠨ ᠴᠢᠨᠡᠷᠳᠡᠢ ᠠᠵᠢᠯ ᠤᠨ ᠪᠠᠶᠢᠷᠢ ᠶᠢ 400 ᠭᠠᠷᠭᠠᠵᠣ᠂ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ 501 ᠰᠣᠷᠣᠭᠴᠢ ᠶᠢ ᠨᠠᠶᠢᠳᠠᠨ ᠬᠦᠮᠦᠵᠢᠬᠦᠯᠵᠣ᠂ | ᠠᠵᠢᠯ ᠣᠯᠭᠤᠵᠣ ᠣᠶᠢᠯᠡᠰ ᠪᠣᠰᠬᠠᠬᠤ ᠠᠵᠢᠯ ᠤᠨ ᠵᠢᠬᠡᠯᠡᠯᠬᠡ ᠶᠢ 9671 ᠲᠦᠮᠡᠨ ᠲᠦᠬᠦᠷᠢᠭ ᠳᠠᠯᠪᠢᠵᠣ᠂ ᠶᠡᠭᠡ ᠰᠣᠷᠭᠠᠭᠤᠯᠢ ᠶᠢᠨ ᠰᠣᠷᠣᠭᠴᠢᠳ ᠤᠨ | ᠣᠶᠢᠯᠡᠰ ᠪᠣᠰᠬᠠᠬᠤ ᠬᠦᠷᠢᠶᠠᠯᠠᠩ ᠪᠠ ᠮᠠᠯᠴᠢᠨ ᠳᠠᠷᠢᠶᠠᠴᠢᠳ ᠨᠣᠳᠤᠭ ᠲᠠᠭᠠᠨ ᠪᠣᠴᠠᠨ ᠣᠶᠢᠯᠡᠰ ᠪᠣᠰᠬᠠᠬᠤ ᠬᠦᠷᠢᠶᠠᠯᠠᠩ ᠢ ᠪᠠᠶᠢᠭᠤᠯᠪᠠ᠃ ᠭᠤᠷᠪᠠᠳᠣᠭᠠᠷ | ᠳᠣᠷᠰᠢᠯᠳᠠ ᠶᠢᠨ ᠪᠠᠭ᠎ᠠ ᠰᠣᠷᠭᠠᠭᠤᠯᠢ᠂ ᠮᠣᠩᠭᠤᠯ ᠦᠨᠳᠣᠰᠣᠳᠠᠨ ᠤ ᠬᠡᠣᠬᠡᠳ ᠤᠨ ᠴᠡᠴᠡᠷᠯᠢᠭ ᠵᠡᠷᠬᠡ 24 ᠰᠣᠷᠭᠠᠭᠤᠯᠢ ᠶᠢ ᠰᠢᠨ᠎ᠡ ᠪᠠᠷ ᠪᠠᠶᠢᠭᠤᠯᠣᠭᠰᠠᠨ ᠪᠠ | ᠨᠡᠬᠦᠯᠬᠡᠨ ᠪᠠᠶᠢᠭᠤᠯᠵᠣ ᠦᠬᠡᠷᠡᠴᠢᠯᠡᠨ ᠪᠠᠶᠢᠭᠤᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠶᠡᠬᠡᠪᠡᠷ ᠰᠠᠶᠢᠵᠢᠷᠠᠭᠤᠯᠪᠠ︔ ᠨᠠᠷᠠᠳᠣ ᠪᠠᠭᠰᠢᠨᠡᠷ ᠤᠨ ᠱᠠᠳᠣᠴᠢ | ᠡᠩᠨᠡᠬᠡᠨ ᠤ ᠪᠠᠶᠢᠭᠤᠯᠣᠯᠳᠠ ᠶᠢᠨ ᠢᠨᠵᠧᠨᠧᠷᠢᠩ ᠢ ᠠᠬᠢᠭᠤᠯᠵᠣ᠂ ᠪᠠᠭᠰᠢᠨᠡᠷ ᠤᠨ ᠦᠷ᠎ᠡ ᠪᠦᠳᠣᠮᠵᠢ ᠶᠢᠨ ᠴᠡᠯᠢᠩ ᠢ ᠬᠦᠢᠴᠡᠳ ᠳᠤᠭ᠎ᠠ ᠪᠠᠷ ᠨᠢ ᠣᠯᠭᠤᠵᠣ᠂ | 450 ᠨᠠᠷᠠᠰ ᠪᠠᠭᠰᠢ ᠣᠷᠢᠨ ᠠᠪᠴᠢᠷᠠᠪᠠ︔ ᠦᠨᠳᠣᠰᠣᠳᠠᠨ ᠤ ᠰᠣᠷᠭᠠᠨ ᠬᠦᠮᠦᠵᠢᠯ ᠤᠨ ᠪᠦᠬᠦ ᠬᠤᠳᠠ ᠳᠤ ᠣᠷᠣᠶᠢᠯᠠᠭᠰᠠᠨ ᠬᠢᠷᠢ ᠲᠦᠪᠰᠢᠨ ᠢ ᠪᠠᠳᠣᠯᠠᠪᠠ︔ | ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠬᠦᠭᠵᠢᠯᠳᠡ ᠦᠨᠳᠣᠰᠣᠨ ᠳᠡᠭᠡᠨ ᠳᠡᠩᠴᠡᠬᠦᠷᠢᠳᠡᠢ ᠪᠠᠶᠢᠬᠤ ᠬᠤᠰᠢᠭᠤᠨ ᠤ ᠰᠢᠯᠭᠠᠨ | ᠬᠤᠷᠢᠶᠠᠯᠳᠠ ᠶᠢ ᠳᠣᠭᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠪᠠ ᠠᠯᠪᠠᠨ ᠠᠴᠠ ᠡᠷᠬᠢᠯᠡᠭᠰᠠᠨ ᠡᠮᠨᠡᠯᠬᠡ ᠶᠢᠨ | ᠬᠤᠷᠢᠶᠠᠨ ᠤ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠣ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠶᠢ ᠨᠡᠬᠦᠯᠬᠡᠨ ᠰᠢᠯᠵᠢᠬᠦᠯᠬᠦ ᠠᠵᠢᠯ ᠢ | ᠪᠠᠶᠠᠯᠡᠬᠦᠯᠵᠣ ᠠᠯᠪᠠᠨ ᠠᠴᠠ ᠡᠷᠬᠢᠯᠡᠭᠰᠠᠨ ᠡᠮᠨᠡᠯᠬᠡ ᠶᠢᠨ ᠪᠠᠶᠢᠭᠤᠯᠣᠮᠵᠢ ᠳᠤ 157 ᠡᠪᠡᠳᠴᠢᠳᠠᠨ ᠤ ᠤᠷᠣ ᠶᠢ ᠰᠢᠨ᠎ᠡ ᠨᠡᠮᠡᠵᠣ᠂ ︽ᠡᠷᠡᠬᠦᠯ ᠡᠩᠬᠡ ᠦᠣᠰᠢᠨ︾ | ᠤ ᠪᠠᠶᠢᠭᠤᠯᠣᠯᠳᠠ ᠶᠢᠨ ᠬᠢᠷᠢ ᠲᠦᠪᠰᠢᠨ ᠢ ᠢᠯᠡᠳᠳᠡ ᠳᠡᠬᠡᠭᠰᠢᠯᠡᠬᠦᠯᠪᠠ᠃ ︽4334︾ ᠰᠣᠶᠣᠯ ᠢᠶᠠᠷ ᠠᠷᠠᠳ ᠲᠤ ᠠᠰᠢᠭ ᠬᠦᠷᠳᠡᠬᠡᠬᠦ ᠢᠨᠵᠧᠨᠧᠷᠢᠩ ᠢ | ᠬᠡᠷᠡᠭᠵᠢᠬᠦᠯᠥᠨ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ᠪᠠᠷᠢᠮᠵᠢᠶᠠᠴᠢᠯᠠᠭᠰᠠᠨ ᠪᠠᠶᠢᠭᠤᠯᠣᠯᠳᠠ ᠶᠢ ᠠᠬᠢᠭᠤᠯᠵᠣ᠂ ᠮᠠᠯᠴᠢᠨ ᠳᠠᠷᠢᠶᠠᠴᠢᠳ ᠲᠤ | ᠲᠧᠯᠸᠢᠰ ᠤᠨ 30 ᠫᠷᠦᠭᠷᠡᠮ ᠢ ᠲᠥᠯᠥᠪᠣᠷᠢ ᠦᠬᠡᠢ ᠬᠦᠯᠢᠶᠠᠨ ᠦᠵᠡᠬᠦᠯᠵᠣ᠂ ᠬᠤᠳᠠ ᠪᠠᠯᠭᠠᠰᠣᠨ ᠤ ᠠᠷᠪᠠᠨ ᠮᠢᠨᠦ᠋ᠲ ᠲᠤ ᠬᠦᠷᠬᠦ᠂ ᠳᠠᠷᠢᠶᠠᠯᠠᠬᠤ ᠣᠷᠣᠨ | ᠤ ᠬᠤᠶᠠᠷ ᠺᠢᠯᠣᠮᠧᠲᠷ ᠵᠠᠶᠢᠳᠠᠢ᠂ ᠮᠠᠯᠵᠢᠬᠤ ᠣᠷᠣᠨ ᠤ ᠠᠷᠪᠠᠨ ᠺᠢᠯᠣᠮᠧᠲᠷ ᠵᠠᠶᠢᠳᠠᠢ ᠣᠯᠠᠨ ᠨᠠᠶᠢᠳᠠ ᠶᠢᠨ ᠰᠣᠶᠣᠯ ᠤᠨ ᠳᠣᠭᠤᠷᠢᠭ ᠢ ᠦᠨᠳᠣᠰᠣᠨ ᠳᠡᠭᠡᠨ | ᠪᠦᠷᠢᠯᠳᠦᠬᠦᠯᠪᠠ᠃ ᠨᠠᠰᠣᠳᠠᠨ ᠤ ᠬᠦᠷᠢᠶᠠᠯᠠᠩ 2᠂ ᠨᠠᠰᠣᠳᠠᠨ ᠢ ᠠᠰᠠᠷᠠᠨ ᠰᠣᠪᠢᠯᠠᠬᠤ ᠬᠦᠷᠢᠶᠠᠯᠠᠩ 1᠂ ᠵᠣᠯ ᠵᠢᠷᠭᠠᠯᠳᠣ ᠬᠠᠷᠢᠯᠴᠠᠨ ᠬᠠᠪᠰᠣᠷᠣᠯᠴᠠᠬᠤ | ᠨᠠᠰᠣᠳᠠᠨ ᠤ ᠠᠰᠠᠷᠠᠮᠵᠢ ᠶᠢᠨ ᠬᠦᠷᠢᠶᠠᠯᠡᠩ 12 ᠢ ᠪᠦᠳᠦᠬᠡᠨ ᠪᠠᠶᠢᠭᠤᠯᠣᠭᠰᠠᠨ ᠪᠠᠶᠢᠨ᠎ᠠ᠃ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ | ᠪᠠᠳᠣᠯᠠᠭ᠎ᠠ ᠶᠢᠨ ᠪᠠᠷᠢᠮᠵᠢᠶ᠎ᠠ ᠶᠢ 2012 ᠣᠨ ᠤ ᠬᠦᠮᠦᠨ ᠪᠣᠯᠭᠠᠨ ᠰᠠᠷ᠎ᠠ ᠪᠦᠷᠢ 500 ᠲᠦᠬᠦᠷᠢᠭ ᠪᠠ 360 ᠲᠦᠬᠦᠷᠢᠭ ᠠᠴᠠ ᠳᠡᠬᠡᠭᠰᠢᠯᠡᠬᠦᠯᠥᠬᠡᠳ | ᠬᠦᠮᠦᠨ ᠪᠣᠯᠭᠠᠨ ᠰᠠᠷ᠎ᠠ ᠪᠦᠷᠢ 584 ᠲᠦᠬᠦᠷᠢᠭ ᠪᠠ 439 ᠲᠦᠬᠦᠷᠢᠭ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ | ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ 2012 ᠣᠨ ᠤ ᠬᠦᠮᠦᠨ ᠪᠣᠯᠭᠠᠨ ᠰᠠᠷ᠎ᠠ ᠪᠦᠷᠢ 260 ᠲᠦᠬᠦᠷᠢᠭ ᠪᠠ 450 ᠲᠦᠬᠦᠷᠢᠭ ᠠᠴᠠ | ᠳᠡᠬᠡᠭᠰᠢᠯᠡᠬᠦᠯᠥᠬᠡᠳ ᠬᠦᠮᠦᠨ ᠪᠣᠯᠭᠠᠨ ᠰᠠᠷ᠎ᠠ ᠪᠦᠷᠢ 340 ᠲᠦᠬᠦᠷᠢᠭ ᠪᠠ 580 ᠲᠦᠬᠦᠷᠢᠭ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠣᠰᠣᠨ ᠡᠮᠨᠡᠯᠬᠡ ᠶᠢᠨ ᠳᠠᠭᠠᠳᠬᠠᠯ ᠤᠨ ᠬᠤᠷᠰᠢᠭᠰᠠᠨ ᠡᠮᠨᠡᠯᠬᠡ ᠳᠤ ᠣᠷᠣᠯᠴᠠᠬᠰᠠᠨ ᠨᠣᠷᠮ᠎ᠠ ᠶᠢ 97.5% ᠬᠦᠷᠬᠡᠵᠣ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠵᠠᠭᠤᠨ ᠡᠷᠦᠬᠡ ᠳᠠᠬᠢ ᠬᠡᠷ ᠪᠦᠯᠢ ᠶᠢᠨ ᠬᠡᠷᠡᠭᠯᠡᠬᠡᠨ ᠤ ᠮᠠᠰᠢᠨ ᠳᠡᠷᠬᠡ 67 ᠪᠠ 58 ᠪᠠᠶᠢᠵᠣ᠂ 2012 ᠣᠨ ᠤ ᠬᠢ ᠠᠴᠠ 7 ᠪᠠ | 35 ᠨᠡᠮᠡᠭᠳᠡᠪᠠ᠃ ᠬᠠᠯᠢᠭᠤᠳᠣ ᠶᠢᠨ ᠰᠦᠮ᠎ᠡ ᠵᠡᠷᠬᠡ ᠶᠢ ᠬᠠᠮᠠᠭᠠᠯᠠᠨ ᠵᠠᠰᠠᠬᠤ ᠢᠨᠵᠧᠨᠧᠷᠢᠩ ᠢ ᠪᠠᠶᠠᠯᠡᠬᠦᠯᠵᠣ᠂ ᠵᠠᠮ᠂ ᠴᠠᠬᠢᠯᠭᠠᠨ ᠨᠡᠪᠳᠡᠷᠡᠬᠦ ᠪᠠᠷᠢᠯᠭ᠎ᠠ ᠶᠢ | ᠬᠡᠷᠡᠭᠵᠢᠬᠦᠯᠥᠨ ᠪᠦᠢᠳᠠ ᠪᠦᠭᠯᠡᠬᠦᠦ ᠠᠯᠣᠰ ᠬᠤᠯᠠ ᠭᠠᠵᠠᠷ ᠣᠷᠣᠨ ᠤ ᠴᠦᠬᠡᠨ ᠳᠣᠭᠠᠳᠣ ᠦᠨᠳᠣᠰᠣᠳᠠᠨ ᠤ ᠭᠠᠳᠠᠭᠰᠢ ᠳᠣᠳᠣᠭᠰᠢ ᠶᠠᠪᠣᠬᠤ ᠪᠠ ᠴᠠᠬᠢᠯᠭᠠᠨ | ᠬᠡᠷᠡᠭᠯᠡᠬᠦ ᠠᠰᠠᠭᠤᠳᠠᠯ ᠢ ᠦᠨᠳᠣᠰᠣᠨ ᠳᠡᠭᠡᠨ ᠰᠢᠢᠳᠪᠣᠷᠢᠯᠡᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠦᠬᠡᠷᠡᠴᠢᠯᠡᠯᠳᠡ ᠶᠢᠨ ᠠᠬᠢᠴᠠ ᠪᠠᠨ ᠳᠠᠰᠣᠷᠠᠯᠳᠠ ᠦᠬᠡᠢ ᠲᠦᠷᠬᠡᠳᠬᠡᠵᠣ᠂ ᠪᠠᠶᠢᠭᠤᠯᠣᠮᠵᠢ | ᠳᠣᠭᠳᠠᠴᠠ ᠶᠢ ᠳᠠᠰᠣᠷᠠᠯᠳᠡ ᠦᠬᠡᠢ ᠰᠢᠨ᠎ᠡ ᠪᠠᠷ ᠡᠬᠦᠳᠣᠭ᠍ᠰᠠᠨ ᠳᠠᠪᠣᠨ ᠵᠢᠯ ᠪᠣᠯᠣᠨ᠎ᠠ᠃ ᠬᠦᠭᠵᠢᠯᠳᠡ ᠶᠢᠨ ᠰᠢᠨ᠎ᠡ ᠣᠶᠢᠯᠡᠭᠠᠭᠳᠠᠬᠤᠨ ᠢ ᠬᠦᠨᠵᠡᠬᠡᠢ | ᠳᠣᠣᠱᠯᠠᠭᠤᠯᠣᠨ ᠨᠠᠶᠢᠳᠠᠪᠣᠷᠢᠵᠢᠭᠤᠯᠵᠣ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠣ᠂ ᠵᠢᠵᠢᠭ ᠪᠢᠴᠢᠯ | ᠠᠵᠣ ᠠᠬᠤᠶᠢᠯᠡᠯ ᠢ ᠳᠡᠮᠵᠢᠬᠦ ᠲᠦᠷᠦ ᠶᠢᠨ ᠪᠣᠳᠣᠯᠭ᠎ᠠ᠂ ᠠᠷᠭ᠎ᠠ ᠪᠠᠷᠢᠯ ᠢ ᠨᠠᠶᠢᠳᠠᠪᠣᠷᠢᠵᠢᠭᠤᠯᠣᠨ ᠡᠵᠡᠩᠨᠡᠯᠳᠡ ᠶᠢᠨ ᠭᠠᠶᠢᠯᠢ ᠶᠢ ᠦᠬᠡᠷᠡᠴᠢᠯᠡᠬᠡᠳ ᠨᠡᠮᠡᠭᠳᠡᠯ ᠤᠨ | ᠭᠠᠶᠢᠯᠢ ᠪᠣᠯᠭᠠᠨ ᠬᠤᠷᠢᠶᠠᠬᠤ ᠲᠦᠷᠢᠮ ᠤᠨ ᠦᠬᠡᠷᠡᠴᠢᠯᠡᠯᠳᠡ ᠶᠢ ᠪᠠᠶᠠᠯᠡᠬᠦᠯᠵᠣ᠂ ᠴᠠᠬᠢᠯᠭᠠᠨ ᠬᠦᠴᠦᠨ ᠢ ᠣᠯᠠᠨ ᠳᠠᠯ᠎ᠠ ᠳᠤ ᠠᠷᠠᠯᠵᠢᠶᠠᠯᠠᠬᠤ ᠪᠠᠷ ᠳᠡᠮᠵᠢᠨ | ᠠᠵᠣ ᠠᠬᠤᠶᠢᠯᠡᠯ ᠤᠨ ᠳᠠᠷᠣᠭᠠᠰᠣ ᠶᠢ 3 ᠳ᠋ᠦᠩᠰᠢᠭᠤᠷ ᠲᠦᠬᠦᠷᠢᠭ ᠬᠦᠩᠬᠡᠷᠡᠬᠦᠯᠪᠠ᠃ ᠳᠠᠪᠣᠨ ᠵᠢᠯ ᠳᠤ ᠨᠠᠶᠢᠳᠠ ᠳᠣᠮᠳᠠ ᠵᠢᠵᠢᠭ ᠪᠢᠴᠢᠯ ᠠᠵᠣ ᠠᠬᠤᠶᠢᠯᠡᠯ | ᠢ 1900᠂ ᠬᠤᠪᠢ ᠡᠵᠡᠩᠨᠡᠯᠳᠡ ᠶᠢᠨ ᠣᠶᠢᠯᠡᠳᠪᠣᠷᠢ ᠬᠤᠳᠠᠯᠳᠣᠭᠠᠨ ᠤ ᠡᠷᠦᠬᠡ ᠶᠢ 7000᠂ ᠡᠬᠦᠳᠣᠯᠳᠠ ᠶᠢᠨ ᠳᠣᠰᠬᠠᠢ ᠠᠰᠢᠭ ᠤᠨ ᠡᠷᠬᠡ ᠶᠢᠨ | ᠬᠡᠷᠡᠭᠯᠡᠬᠡᠨ ᠪᠠ ᠰᠢᠨ᠎ᠡ ᠬᠡᠯᠪᠠᠷᠢ ᠶᠢᠨ ᠳᠣᠰᠬᠠᠢ ᠠᠰᠢᠭ ᠤᠨ ᠡᠷᠬᠡ ᠶᠢ ᠰᠢᠨ᠎ᠡ ᠪᠠᠷ 48 ᠨᠡᠮᠡᠭᠳᠡᠬᠦᠯᠪᠠ᠃ 34 ᠲᠦᠮᠡᠨ ᠳᠡᠭᠰᠢ ᠲᠦᠷᠪᠡᠯᠵᠢᠨ ᠮᠧᠲᠷ ᠤᠨ | ᠬᠦᠮᠦᠷᠬᠡᠯᠡᠭᠳᠡᠵᠣ ᠪᠠᠶᠢᠬᠤ ᠣᠷᠣᠨ ᠰᠠᠭᠤᠴᠠ ᠢ ᠰᠢᠢᠳᠪᠣᠷᠢᠯᠡᠭᠰᠡᠨ ᠪᠠᠶᠢᠨ᠎ᠠ᠃ ᠡᠷᠬᠡ ᠶᠢᠨ ᠨᠠᠷᠢᠨ ᠳᠠᠩᠰᠠ ᠪᠠ ᠬᠢᠨᠠᠨ ᠬᠠᠮᠢᠶᠠᠷᠣᠯᠳᠠ ᠶᠢᠨ ᠨᠠᠷᠢᠨ ᠳᠠᠩᠰᠠ | ᠶᠢ ᠬᠠᠣᠯᠢ ᠶᠣᠰᠣᠭᠠᠷ ᠨᠡᠶᠢᠳᠠᠯᠠᠵᠣ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠯ ᠤᠨ ︽ᠭᠤᠷᠪᠠ ᠶᠢ ᠲᠦᠪᠯᠡᠷᠡᠬᠦᠯᠵᠣ᠂ ᠭᠤᠷᠪᠠ ᠶᠢ ᠨᠠᠶᠢᠳᠠᠪᠣᠷᠢᠵᠢᠭᠤᠯᠬᠤ︾ ᠶᠢ | ᠠᠬᠢᠭᠤᠯᠪᠠ︔ ᠣᠶᠣᠨᠴᠢ ᠵᠠᠰᠠᠭ ᠤᠨ ᠶᠠᠪᠣᠳᠠᠯ ᠢ ᠰᠦᠯᠵᠢᠶᠠᠵᠢᠬᠦᠯᠥᠨ ᠠᠵᠢᠯᠯᠠᠭᠤᠯᠵᠣ ᠦᠯᠣ ᠬᠦᠳᠡᠯᠬᠦ ᠬᠦᠷᠦᠩᠬᠡ ᠢ ᠨᠢᠬᠡᠳᠣᠯᠳᠡᠢ ᠳᠠᠩᠰᠠᠯᠠᠬᠤ ᠶᠢ | ᠪᠠᠶᠠᠯᠡᠬᠦᠯᠵᠣ ᠣᠯᠠᠨ ᠲᠦᠮᠡᠨ ᠤ ᠠᠵᠢᠯ ᠶᠠᠪᠣᠳᠠᠯ ᠢᠶᠠᠨ ᠬᠦᠢᠴᠡᠳᠬᠡᠬᠦ ᠳᠤ ᠨᠡᠩ ᠲᠦᠬᠦᠮ ᠳᠦᠳᠡ ᠪᠣᠯᠭᠠᠪᠠ᠃ ᠳᠣᠮᠳᠠ ᠬᠤᠭᠤᠴᠠᠭᠠᠨ ᠤ ᠡᠳ᠋ ᠤᠨ ᠵᠠᠰᠠᠭ | ᠤᠨ ᠲᠥᠯᠥᠪᠯᠡᠭᠡ ᠶᠢᠨ ᠬᠠᠮᠢᠶᠠᠷᠣᠯᠳᠠ ᠶᠢ ᠬᠡᠷᠡᠭᠵᠢᠬᠦᠯᠵᠣ᠂ ᠣᠨ ᠠᠯᠣᠰᠯᠠᠭᠰᠠᠨ ᠲᠦᠰᠦᠪ ᠤᠨ ᠳᠡᠩᠴᠡᠬᠦᠷᠢᠳᠣ ᠳᠣᠭᠳᠠᠴᠠ ᠶᠢ ᠪᠠᠶᠢᠭᠤᠯᠪᠠ᠃ ᠠᠮᠣ | ᠪᠣᠳᠠᠭᠠᠨ ᠤ ᠠᠵᠢᠯ ᠤᠨ ᠬᠦᠷᠢᠶᠠᠨ ᠳᠠᠬᠢ ᠬᠤᠯᠢᠮᠠᠭ ᠦᠮᠴᠢᠯᠡᠯ ᠤᠨ ᠦᠬᠡᠷᠡᠴᠢᠯᠡᠯᠳᠡ ᠶᠢᠨ ᠦᠷ᠎ᠡ ᠪᠦᠳᠣᠮᠵᠢ ᠢᠯᠡᠷᠬᠡᠢ ᠪᠠᠶᠢᠵᠣ᠂ ᠠᠮᠣ ᠪᠣᠳᠠᠭᠠᠨ ᠤ | ᠬᠦᠮᠦᠷᠬᠡ ᠶᠢᠨ ᠪᠠᠭᠳᠠᠭᠠᠮᠵᠢ ᠶᠢ ᠰᠢᠨ᠎ᠡ ᠪᠠᠷ 7.5 ᠲᠦᠮᠡᠨ ᠳᠣᠠᠨ᠋ᠨ ᠨᠡᠮᠡᠭᠳᠡᠬᠦᠯᠪᠠ᠃ ᠡᠷᠦᠬᠡ ᠠᠮᠠ ᠶᠢᠨ ᠳᠠᠩᠰᠠᠨ ᠲᠦᠷᠢᠮ᠂ ᠬᠦᠯ ᠪᠦᠮᠪᠦᠭᠡ᠂ ᠮᠦᠩᠬᠦᠨ | ᠬᠦᠢᠯᠬᠡᠬᠡ ᠵᠡᠷᠬᠡ ᠬᠦᠷᠢᠶᠠᠨ ᠤ ᠦᠬᠡᠷᠡᠴᠢᠯᠡᠯᠳᠡ ᠶᠢ ᠯᠠᠪᠳᠠᠭᠤᠨ ᠠᠬᠢᠭᠤᠯᠵᠣ᠂ ᠣᠯᠠᠨ ᠨᠠᠶᠢᠳᠠ ᠶᠢᠨ ᠡᠬᠢ ᠪᠠᠶᠠᠯᠢᠭ ᠤᠨ ᠰᠣᠯᠢᠯᠴᠠᠭᠠᠨ ᠤ ᠳᠠᠪᠴᠠᠩ ᠢ | ᠬᠤᠪᠢᠶᠠᠷᠢᠯᠠᠨ ᠰᠢᠯᠵᠢᠬᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠤᠨ ᠲᠦᠷᠢᠮ ᠢ ᠨᠢᠬᠡᠳᠬᠡᠬᠦ᠂ ᠨᠠᠮ ᠵᠠᠰᠠᠭ ᠤᠨ | ᠪᠠᠶᠢᠭᠤᠯᠣᠯᠭ᠎ᠠ ᠪᠠ ᠠᠯᠪᠠᠳᠠᠨ ᠤ ᠬᠠᠮᠢᠶᠠᠷᠣᠯᠳᠠ ᠶᠢᠨ ᠠᠷᠭ᠎ᠠ ᠶᠢ ᠦᠨᠳᠣᠰᠣᠯᠡᠭᠰᠡᠨ ᠠᠵᠢᠯ ᠣᠶᠢᠯᠡᠰ ᠤᠨ ᠨᠢᠬᠡᠴᠡ ᠶᠢᠨ ᠠᠯᠪᠠᠨ ᠬᠡᠷᠡᠭᠯᠡᠬᠡᠨ ᠤ ᠳᠡᠷᠬᠡ ᠵᠡᠷᠬᠡ | ᠶᠢᠨ ᠦᠬᠡᠷᠡᠴᠢᠯᠡᠯᠳᠡ ᠶᠢ ᠪᠠᠶᠡᠯᠡᠬᠦᠯᠪᠠ᠃ | — ᠦᠩᠬᠡᠷᠡᠭᠰᠡᠨ ᠳᠠᠪᠣᠨ ᠵᠢᠯ ᠪᠣᠯ ᠮᠠᠨ ᠤ ᠬᠤᠰᠢᠭᠤ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠦᠨᠡᠨᠬᠦ ᠴᠢᠩᠭᠠᠳᠬᠠᠵᠣ᠂ ᠨᠡᠶᠢᠬᠡᠮ ᠤᠨ | ᠵᠠᠰᠠᠯᠳᠠ ᠶᠢᠨ ᠰᠢᠰᠲ᠋ᠧᠮ ᠪᠠ ᠵᠠᠰᠠᠬᠤ ᠴᠢᠳᠠᠪᠣᠷᠢ ᠶᠢᠨ ᠣᠳᠣᠬᠢᠴᠢᠯᠠᠭᠰᠠᠨ ᠬᠢᠷᠢ ᠲᠦᠪᠰᠢᠨ ᠢ ᠳᠠᠰᠣᠷᠠᠯᠳᠡ ᠦᠬᠡᠢ ᠳᠡᠬᠡᠭᠰᠢᠯᠡᠬᠦᠯᠥᠭᠰᠡᠨ ᠳᠠᠪᠣᠨ ᠵᠢᠯ | ᠪᠣᠯᠣᠨ᠎ᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠣᠶᠢᠯᠡᠳᠣᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠳᠣᠰᠬᠠᠢ | ᠰᠠᠳᠣᠪᠳᠣ ᠬᠦᠮᠦᠵᠢᠯ᠂ ︽ᠬᠤᠶᠡᠷ ᠢ ᠰᠣᠷᠣᠯᠴᠠᠵᠣ ᠨᠢᠬᠡ ᠳᠤ ᠳᠠᠩᠴᠡᠬᠦᠯᠬᠦ︾ ᠰᠣᠷᠣᠯᠴᠠᠯᠭ᠎ᠠ ᠬᠦᠮᠦᠵᠢᠯ ᠢ ᠯᠠᠪᠳᠠᠭᠤᠨ ᠦᠷᠨᠢᠬᠦᠯᠵᠤ᠂ ︽ᠲᠦᠷᠪᠠᠨ | ᠰᠣᠷᠳᠠᠯ︾ ᠢ ᠴᠦᠬᠦᠷᠡᠰᠢ ᠦᠬᠡᠢ ᠵᠠᠯᠠᠷᠠᠭᠤᠯᠵᠣ᠂ ᠭᠤᠷᠪᠠᠨ ᠠᠯᠪᠠᠨ ᠤ ᠵᠠᠷᠣᠳᠠᠯ ᠢ ᠦᠷᠬᠦᠯᠵᠢᠯᠡᠨ ᠳᠣᠷᠣᠭᠰᠢᠯᠠᠭᠤᠯᠪᠠ᠃ ᠬᠠᠣᠯᠢ ᠴᠠᠭᠠᠵᠠ ᠶᠢᠨ | ᠵᠦᠪᠳᠡᠭᠴᠢ ᠶᠢᠨ ᠲᠦᠷᠢᠮ ᠢ ᠬᠡᠷᠡᠭᠵᠢᠬᠦᠯᠵᠣ᠂ ᠴᠢᠬᠤᠯᠠ ᠶᠡᠭᠡ ᠣᠴᠢᠷ ᠶᠠᠪᠣᠳᠠᠯ ᠳᠤ ᠣᠯᠠᠨ ᠲᠦᠮᠡᠨ ᠣᠷᠣᠯᠴᠠᠬᠤ᠂ ᠳᠣᠰᠬᠠᠢ ᠮᠡᠷᠬᠡᠵᠢᠯᠳᠡᠨ ᠨᠣᠳᠠᠯᠠᠬᠤ᠂ | ᠠᠶᠣᠯ ᠲᠦᠭᠰᠢᠬᠦᠷᠢ ᠶᠢ ᠦᠨᠡᠯᠡᠬᠦ᠂ ᠬᠠᠣᠯᠢ ᠶᠣᠰᠣᠭᠠᠷ ᠬᠢᠨᠠᠨ ᠪᠠᠶᠢᠴᠠᠭᠠᠬᠤ ᠪᠠ ᠬᠠᠮᠳᠣ ᠪᠠᠷ ᠶᠠᠷᠢᠯᠴᠠᠨ ᠳᠣᠭᠳᠠᠭᠠᠬᠤ ᠶᠠᠪᠣᠴᠠ ᠶᠢ ᠴᠢᠩᠭ᠎ᠠ ᠬᠡᠷᠡᠭᠵᠢᠬᠦᠯᠵᠣ᠂ | ᠳᠣᠭᠳᠠᠭᠰᠠᠨ ᠬᠤᠭᠤᠴᠠᠭ᠎ᠠ ᠲᠠᠢ ᠪᠠᠷ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠬᠦᠯᠬᠦ ᠪᠠ ᠣᠯᠣᠰ ᠲᠦᠷᠦ ᠶᠢᠨ ᠵᠦᠪᠯᠡᠯᠬᠡᠨ | ᠤ ᠵᠦᠪᠯᠡᠬᠦ ᠠᠷᠠᠳᠴᠢᠯᠡᠯ ᠤᠨ ᠲᠦᠷᠢᠮ ᠢ ᠪᠦᠷᠢᠨᠰᠢᠬᠦᠯᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ᠂ ᠰᠢᠨᠵᠢᠯᠡᠬᠦ ᠣᠬᠠᠭᠠᠨᠴᠢ ᠪᠠᠷ ᠰᠢᠢᠳᠪᠣᠷᠢ ᠳᠣᠭᠳᠠᠭᠠᠬᠤ | ᠴᠢᠳᠠᠪᠣᠷᠢ ᠪᠠ ᠬᠢᠷᠢ ᠲᠦᠪᠰᠢᠨ ᠢ ᠢᠯᠡᠳᠳᠡ ᠳᠡᠬᠡᠭᠰᠢᠯᠡᠬᠦᠯᠪᠠ᠃ ᠳᠣᠰᠬᠠᠢ ᠮᠡᠷᠬᠡᠵᠢᠯᠳᠠᠨ ᠠᠴᠠ ᠬᠡᠮ ᠰᠣᠭᠤᠭ ᠢ ᠪᠠᠶᠢᠴᠠᠭᠠᠬᠤ ᠪᠠ ᠠᠮᠣᠷ ᠲᠦᠪᠰᠢᠨ | ᠣᠶᠢᠯᠡᠳᠪᠣᠷᠢᠯᠡᠯ ᠤᠨ ᠨᠢᠬᠡᠳᠣᠬᠡᠷ ᠹᠷᠣᠨᠲ ᠤᠨ ᠬᠠᠮᠢᠶᠠᠷᠣᠯᠳᠠ ᠶᠢᠨ ᠪᠠᠷᠢᠮᠵᠢᠶᠠᠴᠢᠯᠠᠭᠰᠠᠨ ᠲᠦᠷᠢᠮ ᠢ ᠪᠠᠶᠢᠭᠤᠯᠵᠣ ᠠᠶᠣᠯᠬᠦᠢ ᠣᠶᠢᠯᠡᠳᠪᠣᠷᠢᠯᠡᠯ ᠤᠨ ᠪᠠᠶᠢᠳᠠᠯ | ᠢ ᠦᠷᠬᠦᠯᠵᠢᠯᠡᠨ ᠳᠣᠭᠳᠠᠭᠤᠨ ᠪᠣᠯᠭᠠᠪᠠ᠃ ᠢᠳᠡᠬᠡᠨ ᠣᠮᠳᠠᠭᠠᠨ ᠡᠮ ᠤᠨ ᠵᠣᠶᠢᠯᠡᠰ ᠢ ᠲᠦᠷᠬᠡᠨ ᠰᠢᠯᠭᠠᠨ ᠪᠠᠶᠢᠴᠠᠭᠠᠬᠤ ᠪᠠ ᠢᠳᠡᠬᠡᠨ ᠣᠮᠳᠠᠭᠠᠨ ᠤ ᠶᠠᠰᠣ | ᠴᠢᠨᠡᠷ ᠤᠨ ᠠᠮᠣᠷ ᠲᠦᠪᠰᠢᠨ ᠳᠤ ᠮᠦᠷᠳᠡᠯᠳᠡ ᠬᠢᠬᠦ ᠰᠢᠰᠲ᠋ᠧᠮ ᠤᠨ ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠵᠣ ᠣᠷᠣᠨ ᠨᠣᠳᠤᠭ ᠤᠨ ᠢᠳᠡᠬᠡᠨ | ᠣᠮᠳᠠᠭᠠᠨ ᠤ ᠵᠣᠶᠢᠯᠡᠰ ᠤᠨ ᠬᠦᠷᠢᠶᠠᠯᠠᠩ᠂ ᠢᠳᠡᠬᠡᠨ ᠣᠮᠳᠠᠭᠠᠨ ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠪᠠ ᠵᠠᠬ᠎ᠠ ᠳᠡᠯᠬᠡᠬᠦᠷ ᠤᠨ | ᠬᠢᠨᠠᠯᠳᠠ ᠬᠠᠮᠢᠶᠠᠷᠣᠯᠳᠠ ᠶᠢᠨ ᠦᠷᠳᠡᠭᠡ ᠶᠢ 6 ᠪᠠᠶᠢᠭᠤᠯᠪᠠ᠃ ᠠᠷᠠᠳ ᠲᠦᠮᠡᠨ ᠪᠠ ᠨᠡᠶᠢᠬᠡᠮ ᠤᠨ ᠠᠰᠢᠭ ᠳᠣᠰᠠ ᠶᠢ ᠬᠦᠨᠳᠣ ᠨᠣᠴᠢᠳᠠᠢ ᠬᠤᠬᠢᠷᠠᠭᠤᠯᠣᠭᠰᠠᠨ | ᠬᠠᠣᠯᠢ ᠵᠦᠷᠢᠴᠡᠭᠰᠡᠨ ᠡᠯ᠎ᠡ ᠲᠥᠷᠥᠯ ᠤᠨ ᠶᠡᠯᠡᠳᠣ ᠠᠵᠢᠯᠯᠠᠭ᠎ᠠ ᠳᠤ ᠴᠢᠩᠭ᠎ᠠ ᠴᠣᠬᠢᠯᠳᠡ ᠦᠭᠪᠠ᠃ ᠦᠨᠳᠣᠰᠣᠨ ᠱᠠᠳᠣᠨ ᠤ ᠳᠣᠮᠢᠯᠠᠭᠰᠠᠨ ᠰᠠᠯᠪᠣᠷᠢ ᠪᠠ | ᠳᠣᠳᠣᠭᠠᠳᠣ ᠶᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ ᠶᠢ 5 ᠰᠢᠨ᠎ᠡ ᠪᠠᠷ ᠪᠠᠶᠢᠭᠤᠯᠣᠭᠰᠠᠨ ᠪᠡ ᠦᠬᠡᠷᠡᠴᠢᠯᠡᠨ ᠪᠠᠶᠢᠭᠤᠯᠵᠣ ᠣᠯᠠᠨ ᠲᠦᠮᠡᠨᠴᠢ ᠠᠵᠢᠯ | ᠤᠨ ︽ᠲᠦᠷᠪᠠᠨ ᠳᠠᠰ ᠤᠨ ᠳᠣᠣᠷ︾ ᠤᠨ ᠰᠢᠰᠲ᠋ᠧᠮ ᠢ ᠪᠠᠶᠢᠭᠤᠯᠪᠠ᠃ ︽ᠬᠦᠳᠡᠭᠡ ᠨᠣᠳᠤᠭ ᠤᠨ ᠪᠣᠯᠪᠠᠰᠣᠨ ᠰᠣᠷᠳᠠᠯ ᠤᠨ ᠠᠵᠢᠯᠯᠠᠭᠠᠨ︾ ᠢ ᠬᠦᠨᠵᠡᠬᠡᠢ | ᠦᠷᠨᠢᠬᠦᠯᠵᠣ ︽ᠬᠡᠨ ᠬᠠᠣᠯᠢ ᠬᠡᠷᠡᠭᠵᠢᠬᠦᠯᠪᠠᠯ ᠬᠠᠣᠯᠢ ᠶᠢ ᠬᠡᠨ ᠲᠦᠬᠡᠮᠡᠯᠵᠢᠬᠦᠯᠬᠦ︾ ᠲᠦᠷᠢᠮ ᠢ ᠨᠠᠶᠢᠳᠠᠪᠣᠷᠢᠵᠢᠭᠤᠯᠣᠨ ᠣᠯᠠᠨ ᠲᠦᠮᠡᠨ ᠤ ᠬᠠᠣᠯᠢ ᠶᠣᠰᠣᠭᠠᠷ | ᠠᠵᠢᠯᠯᠠᠬᠤ᠂ ᠣᠴᠢᠷ ᠶᠠᠪᠣᠳᠠᠯ ᠳᠣᠬᠢᠶᠠᠯᠳᠣᠪᠠᠯ ᠬᠠᠣᠯᠢ ᠶᠢ ᠬᠠᠶᠢᠬᠤ᠂ ᠠᠰᠠᠭᠤᠳᠠᠯ ᠢ ᠬᠠᠣᠯᠢ ᠪᠠᠷ ᠰᠢᠢᠳᠪᠣᠷᠢᠯᠡᠬᠦ᠂ ᠵᠦᠷᠢᠴᠡᠯ ᠵᠢᠭᠤᠷᠠᠭᠠᠨ ᠢ ᠬᠠᠣᠯᠢ ᠪᠠᠷ | ᠡᠶᠡᠳᠡᠬᠦᠯᠥᠨ ᠰᠢᠢᠳᠪᠣᠷᠢᠯᠡᠬᠦ ᠠᠭᠤᠷ ᠠᠮᠢᠰᠬᠤᠯ ᠢ ᠡᠳᠦᠷ ᠢᠷᠡᠬᠦᠶ᠎ᠠ ᠵᠣᠵᠠᠭᠠᠳᠬᠠᠪᠠ᠃ ᠠᠷᠠᠳ ᠲᠦᠮᠡᠨ ᠤ ᠵᠡᠪᠰᠡᠭᠳᠣ ᠬᠡᠯᠳᠡᠰ᠂ ᠳᠠᠩᠰᠠ ᠡᠪᠬᠡᠮᠡᠯ ᠪᠠ | ᠳᠡᠣᠬᠡ ᠳᠡᠮᠳᠡᠭᠯᠡᠯ᠂ ᠡᠮᠡᠭᠳᠡᠶᠢᠴᠣᠳ ᠪᠠ ᠬᠡᠣᠬᠡᠳ᠂ ᠨᠠᠰᠣᠵᠢᠯ ᠪᠠ ᠨᠢᠬᠦᠯᠡᠰᠦᠩᠬᠦᠢ ᠶᠢᠨ ᠣᠶᠢᠯᠡᠰ ᠵᠡᠷᠬᠡ ᠠᠵᠢᠯ ᠢ ᠰᠢᠨ᠎ᠡ ᠳᠠᠪᠰᠢᠯᠳᠡ ᠲᠠᠢ ᠪᠣᠯᠭᠠᠪᠠ᠃ | ᠲᠥᠯᠥᠬᠡᠯᠡᠭᠴᠢᠳ ᠡ᠂ ᠦᠩᠬᠡᠷᠡᠨ ᠣᠳᠬᠤ ᠬᠡᠵᠣ ᠪᠠᠶᠢᠭ᠎ᠠ 2017 ᠣᠨ ᠳᠤ ᠪᠢᠳᠡ ᠲᠦᠷᠦ ᠶᠢᠨ ᠪᠣᠳᠣᠯᠭ᠎ᠠ ᠶᠢᠨ ᠠᠵᠠ ᠳᠣᠬᠢᠶᠠᠯ ᠢ ᠠᠳᠬᠤᠨ | ᠡᠯ᠎ᠡ ᠲᠦᠷᠥᠯ ᠤᠨ ᠠᠶᠣᠯ ᠲᠦᠭᠰᠢᠬᠦᠷᠢ ᠢ ᠪᠦᠳᠣᠮᠵᠢᠳᠠᠢ ᠰᠢᠢᠳᠪᠣᠷᠢᠯᠡᠵᠣ ᠡᠯ᠎ᠡ ᠲᠦᠷᠥᠯ ᠤᠨ ᠠᠵᠢᠯ ᠢ ᠦᠷᠬᠦᠯᠵᠢᠯᠡᠨ ᠠᠬᠢᠭᠤᠯᠵᠣ ᠠᠵᠣ ᠠᠬᠤᠢ ᠨᠡᠶᠢᠬᠡᠮ | ᠢ ᠳᠣᠭᠳᠠᠭᠤᠨ ᠪᠠᠶᠢᠯᠭᠠᠬᠤ ᠶᠢᠨ ᠵᠡᠷᠬᠡ ᠳᠤ ᠣᠷᠣᠭᠰᠢᠯᠠᠭᠤᠯᠬᠤ ᠶᠢ ᠪᠠᠶᠠᠯᠡᠬᠦᠯᠪᠠ᠃ | ︵ᠨᠢᠬᠡ︶ ᠠᠵᠣ ᠣᠶᠢᠯᠡᠳᠪᠣᠷᠢ ᠶᠢᠨ ᠠᠵᠣ ᠠᠬᠤᠢ ᠶᠢ ᠳᠣᠭᠳᠠᠭᠤᠨ ᠪᠠᠶᠢᠯᠭᠠᠬᠤ ᠵᠡᠷᠬᠡ ᠳᠤ ᠰᠠᠶᠢᠨ ᠳᠠᠰᠢ ᠬᠦᠭᠵᠢᠬᠦᠯᠪᠠ᠃ ᠨᠠᠷᠢᠠᠭᠤᠣᠯ ᠠᠭᠤᠷᠬᠠᠢ | ᠶᠢᠨ ᠳᠣᠭᠤᠷᠢᠭ ᠤᠨ ᠶᠡᠷᠦᠩᠬᠡᠢ ᠲᠥᠯᠥᠪᠵᠢᠬᠦᠯᠬᠡ ᠵᠦᠪᠰᠢᠶᠠᠷᠡᠭᠳᠠᠵᠣ ᠪᠠᠶᠠᠠᠭᠤᠣᠯ ᠨᠠᠬᠦᠷᠠᠰᠣᠨ ᠠᠭᠤᠷᠬᠠᠢ ᠨᠢ ᠠᠭᠤᠷᠬᠠᠢ ᠮᠠᠯᠳᠠᠬᠤ ᠵᠦᠪᠰᠢᠶᠠᠷᠠᠯ ᠢ ᠣᠯᠵᠣ᠂ | ᠮᠣᠳᠣᠨᠴᠠᠶᠢᠳᠠᠮ᠂ ᠨᠠᠷᠢᠠᠭᠤᠣᠯ ᠤᠨ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠬᠢᠨᠠᠨ ᠵᠦᠪᠰᠢᠶᠠᠷᠠᠯ ᠢ ᠣᠯᠪᠠ᠃ ᠵᠦᠩ ᠲᠢᠶᠠᠨ ᠾᠧ ᠴᠤᠸᠠᠩ ᠺᠣᠮᠫᠠᠨᠢ | ᠶᠢᠨ ᠨᠡᠬᠦᠷᠠᠰᠣ ᠶᠢ ᠨᠠᠷᠢᠯᠢᠭ ᠪᠣᠯᠪᠠᠰᠣᠷᠠᠭᠤᠯᠬᠤ ᠳᠠᠭᠤᠷᠢᠶᠠᠯ ᠲᠦᠷᠥᠯ ᠵᠣᠶᠢᠯ ᠨᠢ ᠬᠤᠳᠠᠯᠳᠣᠭᠠᠴᠢᠯᠡᠯ ᠤᠨ ᠡᠵᠡᠩᠨᠡᠯᠳᠡ ᠳᠤ ᠣᠷᠣᠵᠣ᠂ ᠱᠢ ᠯᠢᠨ ᠬᠢᠮᠢ ᠶᠢᠨ | ᠠᠵᠣ ᠣᠶᠢᠯᠡᠳᠪᠣᠷᠢ ᠶᠢᠨ ᠺᠣᠮᠫᠠᠨᠢ ᠶᠢᠨ 30 ᠲᠦᠮᠡᠨ ᠳᠣᠨᠨ᠋ᠨ ᠨᠡᠬᠦᠷᠠᠰᠣ ᠪᠠᠷ ᠮᠧᠲ᠋ᠢᠯ ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠥᠯ | ᠵᠣᠶᠢᠯ ᠤᠨ ᠪᠠᠷᠢᠯᠭ᠎ᠠ ᠶᠢ ᠳᠠᠭᠤᠰᠬᠠᠵᠣ᠂ ᠶᠥᠩ ᠲᠠᠢ ᠪᠦᠯᠥᠭᠯᠡᠯ ᠤᠨ 2×25MW ᠢᠯᠴᠢ ᠴᠠᠬᠢᠯᠭᠠᠨ ᠤ ᠬᠠᠮᠳᠣᠷᠠᠭᠰᠠᠨ ᠣᠶᠢᠯᠡᠳᠪᠣᠷᠢᠯᠡᠯ ᠵᠡᠷᠬᠡ | ᠲᠦᠷᠥᠯ ᠵᠣᠶᠢᠯ ᠢ ᠡᠮᠬᠢ ᠴᠡᠭᠴᠡᠳᠡᠢ ᠠᠬᠢᠭᠤᠯᠪᠠ᠃ 22 ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠤᠨ ᠠᠵᠣ ᠠᠬᠤᠶᠢᠯᠡᠯ ᠤᠨ ᠠᠵᠣ | ᠣᠶᠢᠯᠡᠳᠪᠣᠷᠢ ᠶᠢᠨ ᠶᠡᠷᠦᠩᠬᠡᠢ ᠣᠶᠢᠯᠡᠳᠪᠣᠷᠢᠯᠡᠯ ᠤᠨ ᠦᠷᠳᠡᠭ ᠢ ᠲᠦᠰᠣᠬᠡᠯᠡᠪᠠᠯ 900 ᠳ᠋ᠦᠩᠰᠢᠭᠤᠷ ᠲᠦᠬᠦᠷᠢᠭ ᠪᠠᠶᠡᠯᠡᠬᠦᠯᠥᠭᠰᠡᠨ ᠪᠠᠶᠢᠨ᠎ᠠ᠃ ᠮᠧᠲ᠋ᠢᠯ | ᠠᠯᠺᠦᠦᠯ᠂ ᠰᠢᠩᠬᠡᠨᠵᠢᠬᠦᠯᠦᠭᠰᠡᠨ ᠪᠠᠶᠢᠭᠠᠯᠢ ᠶᠢᠨ ᠰᠢᠳᠠᠮᠠᠬᠠᠢ ᠬᠡᠢ᠂ ᠠᠯᠺᠧᠨ ᠨᠡᠬᠦᠷᠣᠭ᠍ᠴᠢ᠂ ᠰᠢᠬᠡᠰᠦᠯᠢᠭ ᠡᠳ᠋᠂ ᠨᠡᠬᠦᠷᠠᠰᠣᠨ ᠤ ᠭᠠᠷᠣᠯᠳᠠ ᠨᠢ ᠴᠦᠮ ᠶᠡᠬᠡᠪᠡᠷ | ᠨᠡᠮᠡᠭᠳᠡᠪᠠ᠃ | ︵ᠬᠤᠶᠡᠷ︶ ᠣᠳᠣ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢᠨ ᠶᠠᠰᠣ ᠴᠢᠨᠡᠷ ᠢᠶᠠᠨ ᠳᠡᠬᠡᠭᠰᠢᠯᠡᠬᠦᠯᠥᠨ ᠦᠷ᠎ᠡ ᠪᠦᠳᠣᠮᠵᠢ ᠶᠢ ᠨᠡᠮᠡᠭᠳᠡᠬᠦᠯᠪᠠ᠃ | ᠠᠵᠣ ᠣᠶᠢᠯᠡᠰ ᠤᠨ ᠪᠦᠳᠦᠴᠡ ᠶᠢ ᠳᠣᠬᠢᠷᠠᠭᠤᠯᠬᠤ ᠪᠠᠷ ᠭᠠᠷᠳᠠᠴᠠ ᠪᠣᠯᠭᠠᠨ ᠰᠢᠨ᠎ᠡ ᠮᠡᠷᠬᠡᠵᠢᠯ ᠢ ᠬᠡᠷᠡᠭᠯᠡᠬᠦ ᠪᠠ ᠨᠠᠷᠠᠳᠣ ᠳᠡᠮᠳᠡᠭᠳᠣ ᠶᠢ ᠬᠦᠮᠦᠵᠢᠬᠦᠯᠬᠦ ᠶᠢ | ᠴᠢᠩᠭᠠᠳᠬᠠᠵᠣ ᠰᠢᠨ᠎ᠡ ᠡᠬᠦᠯᠳᠡᠷ ᠢ 63 ᠲᠦᠷᠥᠯ ᠣᠷᠣᠭᠤᠯᠵᠣ ᠠᠮᠣ ᠪᠣᠳᠠᠭᠠᠨ ᠤ ᠳᠠᠷᠢᠮᠠᠯ ᠢ 5 ᠲᠦᠮᠡᠨ ᠮᠣ᠋ ᠳᠣᠬᠢᠷᠠᠭᠤᠯᠣᠨ ᠪᠠᠭᠠᠰᠬᠠᠵᠣ᠂ ᠵᠠᠳᠠᠭᠠᠢ | ᠭᠠᠵᠠᠷ ᠤᠨ ᠢᠳᠡᠰᠢᠨ ᠨᠣᠭᠤᠭ᠎ᠠ ᠶᠢ 1.5 ᠲᠦᠮᠡᠨ ᠮᠣ᠋ ᠰᠢᠨ᠎ᠡ ᠨᠠᠮᠠᠵᠣ ᠳᠠᠷᠢᠨ ᠪᠣᠷᠣ ᠴᠡᠷᠭᠠᠰᠣ ᠶᠢ 4 ᠲᠦᠮᠡᠨ ᠮᠣ᠋ ᠳᠠᠷᠢᠪᠠ︔ ᠣᠰᠣ ᠠᠷᠪᠢᠯᠠᠬᠤ | ᠣᠰᠣᠯᠠᠯᠳᠠ ᠶᠢ 5 ᠲᠦᠮᠡᠨ ᠮᠣ᠋ ᠬᠦᠭᠵᠢᠬᠦᠯᠵᠣ᠂ 980 ᠢᠵᠢ ᠳᠠᠷᠢᠶᠠᠯᠠᠩ ᠤᠨ ᠮᠠᠰᠢᠨ ᠬᠡᠷᠡᠭᠰᠡᠯ ᠳᠤ ᠨᠦᠬᠦᠪᠦᠷᠢ ᠣᠯᠭᠤᠵᠣ᠂ ᠳᠠᠷᠢᠶᠠᠯᠠᠩ ᠤᠨ | ᠮᠠᠰᠢᠨᠴᠢᠯᠠᠯᠳᠠ ᠶᠢᠨ ᠨᠣᠷᠮ᠎ᠠ ᠶᠢ 90% ᠳᠤ ᠬᠦᠷᠬᠡᠪᠠ᠃ ᠣᠷᠳᠣᠰ ᠤᠨ ᠨᠠᠷᠢᠨ ᠨᠣᠣᠰᠣᠳᠣ ᠬᠤᠨᠢᠨ ᠮᠢᠬ᠎ᠠ᠂ ᠰᠢᠷᠬᠤᠰᠣ ᠶᠢᠨ ᠳᠣᠳᠣᠷᠭ᠎ᠠ᠂ ᠪᠠᠳᠣ ᠶᠢᠨ | ᠳᠣᠬᠤᠢ ᠶᠢᠨ ᠬᠤᠶᠠᠭᠳᠣ ᠮᠡᠯᠡᠬᠡᠢ ᠨᠢ ᠠᠷᠪᠠᠨ ᠨᠠᠢᠮᠠᠳᠣᠭᠠᠷ ᠬᠤᠭᠤᠴᠠᠭᠠᠨ ᠤ ᠳᠣᠮᠳᠠᠳᠣ ᠣᠯᠣᠰ ᠤᠨ ᠪᠣᠬᠢᠷᠳᠣᠯ ᠦᠬᠡᠢ ᠢᠳᠡᠬᠡᠨ ᠤ ᠦᠵᠡᠰᠬᠦᠯᠡᠩ ᠳᠤ | ᠠᠯᠳᠠᠨ ᠮᠧᠳᠠᠯ ᠬᠦᠷᠳᠡᠵᠣ᠂ ᠦᠣᠰᠢᠨ ᠤ ᠳᠠᠯ᠎ᠠ ᠨᠣᠳᠤᠭ ᠤᠨ ᠣᠯᠠᠭᠠᠨ ᠦᠬᠡᠷ ᠨᠢ ᠭᠠᠵᠠᠷ ᠵᠦᠢ ᠶᠢᠨ ᠪᠡᠯᠬᠡ ᠳᠡᠮᠳᠡᠭᠳᠣ ᠪᠦᠳᠦᠭᠡᠭᠳᠠᠬᠦᠨ ᠢᠶᠠᠷ | ᠳᠣᠭᠳᠠᠭᠠᠭᠳᠠᠵᠣ᠂ ᠬᠤᠸᠠᠩ ᠰᠢᠶᠠᠩ ᠳᠡᠮᠳᠡᠭᠳᠣ ᠴᠡᠷᠭᠠᠰᠣ ᠪᠠᠷ ᠳᠡᠵᠢᠬᠡᠭᠰᠡᠨ ᠭᠠᠭ᠋ᠠᠢ ᠶᠢᠨ ᠮᠢᠬ᠎ᠠ ᠵᠡᠷᠬᠡ 3 ᠲᠦᠷᠥᠯ ᠤᠨ ᠮᠠᠯ ᠲᠠᠷᠢᠶᠠᠯᠡᠩ ᠤᠨ | ᠪᠦᠳᠦᠭᠡᠭᠳᠠᠬᠦᠨ ᠨᠢ ᠦᠪᠣᠷ ᠮᠣᠩᠭᠤᠯ ᠤᠨ ᠨᠠᠷᠠᠳᠣ ᠰᠢᠯᠢᠳᠡᠭ ᠣᠨᠴᠠᠯᠢᠭᠳᠣ ᠪᠦᠳᠦᠬᠡᠭᠳᠡᠬᠦᠨ︾ ᠢᠶᠠᠷ ᠬᠡᠷᠡᠴᠢᠯᠡᠭᠳᠡᠪᠠ᠃ ᠪᠦᠬᠦ ᠬᠤᠰᠢᠭᠤᠨ ᠤ ᠮᠠᠯᠵᠢᠯ ᠤᠨ | ᠣᠨ ᠤ ᠮᠠᠯᠵᠢᠵᠣ ᠪᠠᠶᠢᠭ᠎ᠠ ᠮᠠᠯ ᠨᠢ 214 ᠲᠦᠮᠡᠨ ᠳᠣᠯᠣᠭᠠᠢ ᠬᠦᠷᠪᠠ᠃ ᠳᠣᠯᠣᠭᠠᠶᠢᠯᠠᠭᠴᠢ ᠠᠵᠣ ᠠᠬᠤᠶᠢᠯᠡᠯ ᠪᠣᠯᠣᠨ ᠮᠠᠯᠴᠢᠨ ᠳᠠᠷᠢᠶᠠᠴᠢᠨ ᠤ ᠠᠰᠢᠭ | ᠳᠣᠰᠠ ᠲᠠᠢ ᠬᠤᠯᠪᠣᠭᠳᠠᠭᠰᠠᠨ ᠳᠣᠭᠳᠠᠴᠠ ᠶᠢ ᠪᠦᠷᠢᠨᠰᠢᠬᠦᠯᠵᠣ᠂ ᠮᠧᠩ ᠧ ᠡᠯᠵᠢᠬᠡᠨ ᠠᠷᠠᠰᠣᠨ ᠴᠡᠪᠠᠣ᠂ ᠦ᠋ ᠶᠤᠸᠠᠨ ᠮᠢᠬᠠᠨ ᠲᠦᠷᠥᠯ ᠤᠨ ᠢᠳᠡᠬᠡᠨ ᠢ | ᠪᠣᠯᠪᠠᠰᠣᠷᠠᠭᠤᠯᠬᠤ ᠵᠡᠷᠬᠡ ᠲᠦᠷᠥᠯ ᠵᠣᠶᠢᠯ ᠢ ᠪᠠᠶᠢᠭᠤᠯᠵᠣ᠂ ᠳᠠᠷᠢᠶᠠᠯᠠᠩ ᠮᠠᠯ ᠠᠵᠣ ᠠᠬᠤᠢ ᠶᠢᠨ ᠳᠣᠯᠣᠭᠠᠶᠢᠯᠠᠭᠴᠢ ᠠᠵᠣ ᠠᠬᠤᠶᠢᠯᠡᠯ ᠢ 5᠂ ᠮᠠᠯᠴᠢᠨ | ᠳᠠᠷᠢᠶᠠᠴᠢᠨ ᠤ ᠳᠣᠰᠬᠠᠢ ᠬᠤᠷᠰᠢᠶᠠᠵᠢᠯ ᠢ 37᠂ ᠬᠡᠷ ᠪᠦᠯᠢ ᠶᠢᠨ ᠮᠠᠯᠵᠢᠯ ᠤᠨ ᠳᠠᠯᠠᠪᠣᠷ ᠢ 160 ᠪᠣᠢ ᠪᠣᠯᠭᠠᠵᠣ᠂ ᠺᠣᠮᠫᠠᠨᠢᠴᠢᠯᠠᠭᠰᠠᠨ ᠳᠡᠵᠢᠬᠡᠨ | ᠦᠷᠡᠵᠢᠬᠦᠯᠬᠦ ᠬᠦᠷᠢᠶᠠᠯᠠᠩ ᠳᠣᠭᠤᠷᠢᠭ ᠢ 1 ᠡᠬᠢᠯᠡᠬᠦᠯᠥᠨ ᠪᠠᠶᠢᠭᠤᠯᠪᠠ᠃ | ︵ᠭᠤᠷᠪᠠ︶ ᠣᠳᠣ ᠦᠶ᠎ᠡ ᠶᠢᠨ ᠣᠶᠢᠯᠡᠴᠢᠯᠡᠬᠡᠨ ᠤ ᠠᠮᠢᠵᠢᠷᠠᠯ ᠤᠨ ᠬᠦᠴᠦᠨ ᠳᠣᠪᠣᠶᠢᠮ᠎ᠠ ᠪᠣᠯᠪᠠ᠃ ᠪᠦᠬᠦ ᠣᠷᠣᠨ ᠪᠦᠰᠠ ᠶᠢᠨ ᠵᠢᠭᠤᠯᠴᠢᠯᠡᠯ ᠤᠨ | ᠳᠣᠰᠬᠠᠢ ᠲᠦᠷᠥᠯ ᠤᠨ ᠬᠦᠭᠵᠢᠯᠳᠡ ᠶᠢᠨ ᠪᠡᠯᠡ ᠮᠦᠩᠬᠦ ᠶᠢ ᠳᠣᠬᠢᠷᠠᠭᠤᠯᠵᠣ᠂ ᠰᠣᠶᠣᠯ ᠤᠨ ᠪᠦᠳᠦᠬᠡᠯᠴᠢ ᠰᠠᠳᠬᠢᠮᠵᠢ ᠲᠠᠢ ᠠᠵᠣ ᠣᠶᠢᠯᠡᠰ ᠤᠨ ᠬᠦᠷᠢᠶᠠᠯᠩ | ᠢ ᠪᠠᠶᠢᠭᠤᠯᠵᠣ ᠰᠢᠷᠬᠤᠰᠣ ᠣᠯᠣᠰ ᠤᠨ ᠬᠠᠭᠤᠴᠢ ᠰᠣᠳᠣᠯᠣᠯ ᠤᠨ ᠴᠡᠴᠡᠷᠯᠢᠭ ᠤᠨ ᠮᠦᠽᠸᠢ ᠶᠢ ᠡᠬᠢᠯᠡᠬᠦᠯᠥᠨ ᠪᠠᠶᠢᠭᠤᠯᠪᠠ︔ ᠬᠡᠬᠡᠷ᠎ᠡ ᠪᠠᠭᠤᠳᠠᠯᠯᠠᠬᠤ ᠭᠠᠵᠠᠷ | ᠢ 2᠂ ᠵᠢᠭᠤᠯᠴᠢᠯᠡᠯ ᠤᠨ ᠣᠶᠢᠯᠡᠴᠢᠯᠡᠬᠡᠨ ᠤ ᠦᠷᠳᠡᠭᠡ ᠶᠢ 10 ᠪᠠᠶᠢᠭᠤᠯᠪᠠ︔ ᠬᠤᠶᠠᠳᠣᠭᠠᠷ ᠬᠤᠭᠤᠴᠠᠭᠠᠨ ᠤ ᠣᠷᠳᠣᠰ ᠤᠨ ᠦᠵᠡᠰᠬᠦᠯᠡᠩᠳᠣ ᠰᠠᠶᠢᠬᠠᠨ | ᠬᠦᠳᠡᠭᠡ ᠳᠣᠰᠬᠤᠨ ᠤ ᠵᠢᠭᠤᠯᠴᠢᠯᠡᠯ ᠤᠨ ᠨᠠᠶᠢᠷ ᠵᠡᠷᠬᠡ ᠪᠠᠶᠠᠷ ᠳᠣᠷᠠᠰᠬᠠᠯ ᠤᠨ ᠠᠵᠢᠯᠯᠠᠭᠠᠨ ᠢ ᠡᠷᠬᠢᠯᠡᠨ ᠬᠢᠪᠠ᠃ ᠳᠦᠰᠦᠬᠡᠯᠡᠪᠠᠯ ᠪᠦᠬᠦ ᠵᠢᠯ ᠤᠨ ᠬᠦᠯᠢᠶᠠᠨ | ᠵᠣᠴᠢᠯᠠᠭᠰᠠᠨ ᠵᠢᠭᠤᠯᠴᠢᠯᠠᠭᠰᠠᠳ ᠢ 96 ᠲᠦᠮᠡᠨ ᠬᠦᠮᠦᠨ ᠣᠳᠠᠭ᠎ᠠ ᠶᠢ ᠳᠠᠪᠠᠵᠣ᠂ 32 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ | ᠣᠷᠣᠯᠭ᠎ᠠ ᠶᠢ ᠪᠠᠶᠠᠯᠡᠬᠦᠯᠪᠠ᠃ 1949 ᠤᠠ ᠤ ᠨᠠᠮᠤᠷ ᠤᠨ ᠰᠡᠭᠦᠯᠴᠢ ᠶᠢᠨ ᠦᠣᠰᠢᠨ ᠬᠤᠰᠢᠭᠤᠨ ᠤ ᠬᠤᠷᠢᠶ᠎ᠠ ᠶᠢᠨ ᠠᠯᠪᠠᠯᠠᠨ ᠠᠵᠢᠯᠯᠠᠵᠣ ᠪᠠᠶᠢᠭᠰᠠᠨ | ᠬᠠᠭᠤᠴᠢᠠ ᠪᠠᠭᠤᠷᠢ ᠶᠢ ᠵᠠᠰᠠᠨ ᠬᠠᠮᠠᠭᠠᠯᠠᠬᠤ ᠠᠵᠢᠯ ᠢ ᠳᠠᠭᠤᠰᠬᠠᠪᠠ᠃ ︽ᠦᠷᠡᠵᠢᠨ ᠨᠡᠮᠡᠭᠳᠡᠭᠰᠡᠬᠡᠷ︾᠂ ︽ᠰᠠᠳᠬᠢᠯ ᠳᠤ ᠬᠤᠨᠣᠭᠰᠢᠭᠰᠠᠨ ᠰᠢᠷᠬᠤᠰᠣ︾ | ᠬᠡᠬᠦ ᠺᠢᠨᠤ᠋ ᠶᠢᠨ ᠰᠡᠬᠦᠳᠡᠷᠯᠡᠬᠦ ᠠᠵᠢᠯ ᠢ ᠡᠬᠢᠯᠡᠬᠦᠯᠪᠠ᠃ ᠳᠠᠮᠣᠷ ᠵᠠᠮ ᠤᠨ ᠪᠠᠷᠠᠭ᠎ᠠ ᠳᠡᠬᠡᠬᠡᠪᠣᠷᠢᠯᠡᠭᠰᠡᠨ ᠬᠡᠮᠵᠢᠶ᠎ᠠ ᠨᠢ ᠲᠦᠰᠦᠬᠡᠯᠡᠪᠠᠯ 910 ᠲᠦᠮᠡᠨ ᠳᠣᠨᠨ᠋ᠨ | ᠬᠦᠷᠴᠣ ᠠᠳᠠᠯᠢ ᠬᠤᠭᠤᠴᠠᠭᠠᠨ ᠤ ᠬᠢ ᠠᠴᠠ ᠪᠠᠨ 91% ᠨᠡᠮᠡᠭᠳᠡᠪᠠ︔ ᠵᠠᠰᠠᠮᠠᠯ ᠵᠠᠮ ᠤᠨ ᠪᠠᠷᠠᠭ᠎ᠠ ᠳᠡᠬᠡᠬᠡᠪᠣᠷᠢᠯᠡᠭᠰᠡᠨ ᠬᠡᠮᠵᠢᠶ᠎ᠠ ᠶᠢ ᠲᠦᠰᠦᠬᠡᠯᠡᠪᠠᠯ | 1789 ᠲᠦᠮᠡᠨ ᠳᠣᠨᠨ᠋ᠨ ᠬᠦᠷᠴᠣ ᠠᠳᠠᠯᠢ ᠬᠤᠭᠤᠴᠠᠭᠠᠨ ᠤ ᠬᠢ ᠠᠴᠠ ᠪᠠᠨ 10% ᠨᠡᠮᠡᠭᠳᠡᠪᠠ︔ ᠰᠢᠨ ᠺᠠᠩ ᠬᠢᠳᠠᠳ ᠡᠮᠨᠡᠯᠬᠡ ᠶᠢᠨ ᠬᠤᠷᠢᠶ᠎ᠠ᠂ ᠡᠮᠨᠡᠯᠬᠡ | ᠰᠣᠪᠢᠯᠠᠯᠳᠠ ᠶᠢᠨ ᠬᠤᠷᠢᠶ᠎ᠠ ᠶᠢ ᠬᠡᠷᠡᠭᠯᠡᠯᠳᠡ ᠣᠷᠣᠭᠤᠯᠵᠣ ᠨᠡᠶᠢᠬᠡᠮᠴᠢᠯᠡᠭᠰᠡᠨ ᠡᠮᠨᠡᠯᠬᠡ ᠨᠠᠰᠣᠵᠢᠯ ᠤᠨ ᠠᠰᠠᠷᠠᠮᠵᠢ ᠶᠢᠨ ᠠᠵᠢᠯ ᠰᠢᠪᠳᠣᠯᠣᠯᠳᠠ ᠲᠠᠢ ᠪᠣᠯᠪᠠ︔ | ᠡᠯᠺᠲᠷᠣᠨ ᠠᠵᠣ ᠠᠬᠤᠶᠢᠯᠡᠯ ᠢ 19 ᠰᠢᠨ᠎ᠡ ᠪᠠᠷ ᠪᠠᠶᠢᠭᠤᠯᠵᠣ᠂ ᠣᠶᠢᠯᠡᠴᠢᠯᠡᠬᠡᠨ ᠤ ᠣᠶᠢᠯᠡᠰ ᠤᠨ ᠠᠭᠤᠯᠣᠭᠳᠠᠬᠤᠨ ᠢ ᠨᠡᠩ ᠪᠠᠶᠠᠯᠢᠭᠵᠢᠭᠤᠯᠣᠨ | ᠬᠤᠪᠢᠶᠠᠷᠢᠯᠠᠯᠳᠠ ᠶᠢ ᠨᠡᠩ ᠨᠠᠷᠢᠯᠢᠭ ᠪᠣᠯᠭᠠᠪᠠ᠃ | ︵ᠲᠦᠷᠪᠠ︶ ᠰᠠᠭᠤᠷᠢ ᠳᠣᠨᠤᠭ ᠲᠦᠬᠦᠬᠡᠷᠣᠮᠵᠢ ᠶᠢ ᠡᠳᠦᠷ ᠢᠷᠡᠬᠦᠶ᠎ᠠ ᠳᠡᠬᠦᠯᠳᠡᠷᠵᠢᠬᠦᠯᠪᠠ᠃ ᠣᠯᠣᠰ ᠤᠨ ᠵᠠᠰᠠᠮᠠᠯ ᠵᠠᠮ ᠤᠨ 338 ᠱᠤᠭᠤᠮ ᠤᠨ | ᠭᠠᠯᠠᠭᠤᠳᠣ ᠠᠴᠠ ᠰᠤᠪᠤᠷᠭ᠎ᠠ ᠪᠡᠶᠢᠭᠠᠯᠢ ᠶᠢᠨ ᠰᠢᠳᠠᠮᠠᠬᠠᠢ ᠭᠡᠢ ᠰᠢᠢᠳᠪᠤᠷᠢᠯᠡᠭᠦ ᠭᠤᠷᠪᠠᠳᠤᠭᠠᠷ ᠥᠢᠯᠡᠳᠪᠤᠷᠢ ᠬᠥᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ | ᠪᠠᠷᠢᠯᠭ᠎ᠠ ᠶᠢ ᠡᠬᠢᠯᠡᠭᠦᠯᠵᠤ᠂ ᠮᠣᠵᠢ ᠶᠢᠨ ᠳᠠᠰ ᠤᠨ ᠵᠠᠰᠠᠮᠠᠯ ᠵᠠᠮ ᠤᠨ 215 ᠱᠤᠭᠤᠮ ᠤᠨ ᠰᠦᠯᠳᠡ ᠠᠴᠠ ᠬᠤᠨᠴᠢᠨ ᠴᠠᠶᠢᠳᠠᠮ ᠬᠦᠷᠬᠦ ᠵᠠᠮ ᠢ ᠶᠡᠬᠡᠪᠡᠷ | ᠰᠠᠯᠪᠢᠨ ᠵᠠᠰᠠᠬᠤ ᠪᠠᠷᠢᠯᠭ᠎ᠠ ᠶᠢ ᠳᠠᠭᠤᠰᠬᠠᠵᠣ᠂ ᠮᠣᠵᠢ ᠶᠢᠨ ᠳᠠᠰ ᠤᠨ ᠵᠠᠰᠠᠮᠠᠯ ᠵᠠᠮ ᠤᠨ 216 ᠱᠤᠭᠤᠮ ᠤᠨ ᠦᠣᠰᠢᠨ ᠤ ᠬᠡᠰᠡᠭ ︵ᠰᠢᠷᠬᠤᠰᠣᠨ | ᠪᠠᠯᠭᠠᠰᠣᠨ ᠤ ᠰᠢᠷᠬᠤᠰᠣᠨ ᠳᠣᠰᠬᠤᠨ ᠠᠴᠠ ᠵᠢᠩᠪᠢᠶᠠᠨ ᠰᠢᠶᠠᠨ ᠤ ᠵᠠᠩᠭᠤᠳᠣ ᠳᠣᠰᠬᠤᠨ︶ ᠤᠨ ᠪᠠᠷᠢᠯᠭ᠎ᠠ ᠶᠢ ᠦᠨᠳᠣᠰᠣᠨ ᠳᠡᠭᠡᠨ ᠳᠠᠭᠤᠰᠬᠠᠵᠣ᠂ | ᠲᠦᠩᠽᠢ ᠠᠴᠠ ᠪᠤᠷᠤᠪᠠᠯᠭᠠᠰᠣ ᠭᠥᠷᠭᠦ ᠬᠤᠶᠠᠳᠣᠭᠠᠷ ᠳᠠᠰ ᠤᠨ ᠵᠠᠰᠠᠮᠠᠯ ᠵᠠᠮ ᠢ ᠳᠡᠷᠬᠡ ᠨᠡᠪᠳᠡᠷᠡᠬᠦᠯᠪᠠ᠃ ᠪᠠᠶᠠᠠᠭᠤᠣᠯ ᠵᠡᠷᠬᠡ 3 ᠵᠣᠷᠪᠣᠰ ᠳᠠᠮᠣᠷ ᠵᠠᠮ ᠤᠨ | ᠳᠣᠰᠬᠠᠢ ᠬᠡᠷᠡᠭᠯᠡᠬᠡᠨ ᠤ ᠱᠤᠭᠤᠮ ᠢ ᠠᠰᠢᠭᠯᠠᠯᠳᠠ ᠳᠤ ᠣᠷᠣᠭᠤᠯᠪᠠ᠃ ᠨᠠᠶᠢᠳᠠᠮ ᠬᠡᠷᠡᠭᠯᠡᠬᠡᠨ ᠤ ᠨᠢᠰᠬᠡᠯ ᠤᠨ ᠳᠠᠯᠠᠪᠣᠷ ᠤᠨ ᠣᠷᠣᠨ ᠪᠠᠶᠢᠷᠢ ᠰᠣᠩᠭᠤᠬᠤ | ᠠᠵᠢᠯ ᠢ ᠳᠠᠭᠤᠰᠬᠠᠪᠠ᠃ ᠱᠠᠩᠬᠠᠢ ᠶᠢᠨ ᠰᠥᠮ᠎ᠠ ᠠᠴᠠ ᠱᠠᠨᠳᠦ᠋ᠩ ᠭᠥᠷᠭᠦ ᠤᠡᠴᠠ ᠥᠡᠳᠤᠷ ᠬᠦᠴᠦᠳᠠᠯᠳᠣ ᠴᠠᠬᠢᠯᠭᠠᠠ ᠬᠦᠷᠬᠡᠬᠦ ᠱᠤᠭᠤᠮ ︵ᠦᠣᠰᠢᠨ ᠤ | ᠬᠡᠰᠡᠭ︶ ᠪᠠ ᠮᠠᠰᠢᠨ ᠴᠠᠬᠢᠯᠭᠠᠨ ᠬᠤᠳᠳᠤᠭ ᠲᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠤᠨ ᠠᠵᠢᠯ ᠢ ᠳᠠᠭᠤᠰᠬᠠᠪᠠ᠃ ᠴᠢᠮᠡᠭᠡ ᠬᠤᠯᠪᠣᠭᠠᠨ ᠤ ᠰᠠᠭᠤᠷᠢ | ᠦᠷᠳᠡᠭᠡ ᠶᠢ 18 ᠰᠢᠨ᠎ᠡ ᠪᠠᠷ ᠪᠠᠶᠢᠭᠤᠯᠪᠠ᠃ ᠬᠤᠨᠴᠢᠨ ᠨᠠᠭᠤᠷ ᠤᠨ ᠴᠡᠴᠡᠷᠯᠢᠭ᠂ ᠳᠠᠪᠴᠠᠭ ᠴᠡᠴᠡᠷᠯᠢᠭ ᠵᠡᠷᠬᠡ ᠶᠢᠨ ᠳᠡᠬᠡᠭᠰᠢᠯᠡᠬᠦᠯᠥᠯᠳᠡ ᠶᠢᠨ ᠢᠨᠵᠧᠨᠧᠷᠢᠩ | ᠢ ᠪᠠᠶᠠᠯᠡᠬᠦᠯᠵᠣ᠂ ᠨᠤᠭᠤᠭᠠᠷᠠᠭᠤᠯᠣᠯᠳᠠ ᠶᠢᠨ ᠳᠠᠯᠠᠪᠡᠢ ᠶᠢ 21 ᠲᠥᠮᠠᠠ ᠳᠡᠭᠰᠢ ᠳᠥᠷᠪᠡᠯᠵᠢᠠ ᠮᠧᠲᠷ ᠰᠢᠨ᠎ᠠ ᠪᠠᠷ ᠨᠡᠮᠡᠭᠳᠡᠬᠦᠯᠵᠤ᠂ ᠬᠤᠭᠤᠯᠠᠢ ᠳᠣᠣᠷ ᠢ 12 | ᠺᠢᠯᠣᠮᠧᠲᠷ ᠳᠠᠪᠢᠰᠴᠣ᠂ ᠤᠰᠤ ᠪᠠᠷ ᠵᠡᠶᠢᠯᠠᠬᠤ ᠭᠡᠯᠪᠡᠷᠢ ᠶᠢᠨ ᠵᠤᠷᠯᠤᠩ ᠢ 11 ᠰᠢᠨ᠎ᠡ ᠪᠠᠷ ᠪᠠᠶᠢᠭᠤᠯᠣᠨ ᠬᠤᠳᠠ ᠶᠢᠨ ᠶᠠᠪᠣᠳᠠᠯ ᠪᠠ ᠵᠡᠬᠡᠯᠢ ᠭᠤᠳᠤᠮᠵᠢ ᠶᠢ | 17 ᠲᠥᠮᠠᠠ ᠳᠡᠭᠰᠢ ᠲᠥᠷᠪᠡᠯᠵᠢᠠ ᠮᠧᠲᠷ ᠬᠠᠳᠠᠭᠤᠵᠢᠭᠤᠯᠵᠤ᠂ ᠬᠠᠭᠤᠴᠢᠠ ᠰᠠᠭᠤᠭᠠᠯᠢ ᠠᠷᠠᠳ ᠤᠨ ᠳᠤᠭᠤᠷᠢᠭ ᠢ 10 ᠦᠬᠡᠷᠡᠴᠢᠯᠡᠨ ᠵᠠᠰᠠᠪᠠ᠃ ᠪᠣᠰᠣᠳ | ᠰᠣᠮᠣ ᠪᠠᠯᠭᠠᠰᠣᠨ ᠤ ᠵᠠᠮ᠂ ᠬᠤᠭᠤᠯᠠᠢ ᠳᠣᠣᠷ᠂ ᠨᠣᠭᠤᠭᠠᠷᠠᠭᠤᠯᠬᠤ᠂ ᠬᠠᠳᠠᠭᠤᠵᠢᠭᠤᠯᠬᠤ᠂ ᠬᠤᠭ ᠨᠣᠪᠰᠢ ᠰᠢᠢᠳᠪᠣᠷᠢᠯᠡᠬᠦ᠂ ᠪᠣᠬᠢᠷ ᠣᠰᠣ ᠰᠢᠢᠳᠪᠣᠷᠢᠯᠡᠬᠦ | ᠵᠡᠷᠬᠡ ᠰᠠᠭᠤᠷᠢ ᠳᠣᠨᠤᠭ ᠲᠦᠬᠦᠬᠡᠷᠣᠮᠵᠢ ᠶᠢᠨ ᠪᠠᠶᠢᠭᠤᠯᠣᠯᠳᠠ ᠶᠢ ᠲᠦᠯᠬᠢᠨ ᠠᠬᠢᠭᠤᠯᠪᠠ᠃ ᠠᠮᠢ ᠠᠬᠤᠢ ᠶᠢᠨ ᠪᠠᠶᠢᠭᠤᠯᠣᠯᠳᠠ ᠪᠠ ᠬᠠᠮᠠᠭᠠᠯᠠᠯᠳᠠ ᠶᠢᠨ | ᠡᠷᠴᠢᠮ ᠢ ᠶᠡᠬᠡᠰᠬᠡᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠣᠯᠳᠠ ᠶᠢ 17 ᠲᠦᠮᠡᠨ ᠮᠣ᠋᠂ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ | 71 ᠲᠦᠮᠡᠨ ᠮᠣ᠋᠂ ᠬᠦᠷᠣᠰᠣ ᠰᠢᠷᠦᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 24 ᠲᠦᠮᠡᠨ ᠮᠣ᠋ ᠪᠠᠶᠠᠯᠡᠬᠦᠯᠪᠠ᠃ ᠭᠤᠣᠯ ᠤᠨ ᠳᠠᠷᠤᠭ᠎ᠠ ᠶᠢᠨ | ᠲᠦᠷᠢᠮ ᠢ ᠪᠦᠬᠦ ᠳᠡᠯ᠎ᠡ ᠪᠠᠷ ᠬᠡᠷᠡᠭᠵᠢᠬᠦᠯᠵᠣ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠳᠠᠬᠢ ᠬᠢᠨᠠᠨ ᠪᠣᠳᠣᠯᠳᠠ ᠶᠢᠨ ᠠᠵᠢᠯ ᠢ ᠦᠷᠨᠢᠬᠦᠯᠪᠠ᠃ ᠵᠦᠩ | ᠮᠧᠢ ᠶᠤᠸᠠᠨ ᠰᠢᠩ ᠺᠣᠮᠫᠠᠨᠢ ᠶᠢᠨ ᠣᠰᠣ ᠶᠢ ᠬᠦᠨᠵᠡᠬᠡᠢ ᠰᠢᠢᠳᠪᠣᠷᠢᠯᠡᠬᠦ ᠲᠦᠷᠥᠯ ᠵᠣᠶᠢᠯ ︵ᠬᠤᠶᠠᠳᠣᠭᠠᠷ ᠬᠤᠭᠤᠴᠠᠭ᠎ᠠ︶ ᠢ ᠬᠡᠷᠡᠭᠯᠡᠯᠳᠡ ᠳᠤ ᠣᠷᠣᠭᠤᠯᠵᠣ᠂ | ᠣᠯᠣᠰ ᠤᠨ ᠳᠣᠳᠣᠭᠠᠳᠣ ᠳᠤ ᠣᠳᠣ ᠪᠠᠶᠢᠭᠤᠯᠵᠣ ᠪᠠᠶᠢᠭ᠎ᠠ ᠬᠡᠪᠴᠢᠶᠠᠵᠢᠯ ᠢᠶᠠᠷ ᠬᠠᠮᠤᠭ ᠶᠡᠭᠡ ᠠᠭᠤᠷᠬᠠᠢ ᠶᠢᠨ ᠬᠤᠳᠳᠤᠭ ᠤᠨ ᠣᠰᠣ ᠶᠢ ᠰᠢᠢᠳᠪᠣᠷᠢᠯᠡᠬᠦ | ᠲᠦᠷᠥᠯ ᠵᠣᠶᠢᠯ — ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠣᠶᠢᠯᠡᠳᠪᠣᠷᠢ ᠶᠢᠨ | ᠪᠠᠷᠢᠯᠭ᠎ᠠ ᠶᠢ ᠡᠬᠢᠯᠡᠬᠦᠯᠪᠠ᠃ ᠬᠤᠰᠢᠭᠤ ᠱᠠᠳᠣᠨ ᠤ ᠴᠢᠮᠡᠭᠡ ᠵᠠᠩᠬᠢᠵᠢᠯᠳᠠ ᠶᠢᠨ ᠳᠠᠪᠴᠠᠩ ᠢ ᠪᠠᠶᠢᠭᠤᠯᠵᠣ ᠬᠤᠰᠢᠭᠤ᠂ ᠬᠦᠷᠢᠶᠠᠯᠡᠩ ᠳᠣᠭᠤᠷᠢᠭ᠂ ᠰᠣᠮᠣ | ᠪᠠᠯᠭᠠᠰᠣ᠂ ᠭᠠᠴᠠᠭ᠎ᠠ ᠳᠣᠰᠬᠤᠨ ᠳᠤ ᠨᠡᠶᠢᠳᠡᠮᠵᠢᠭᠰᠡᠨ ᠴᠢᠮᠡᠭᠡ ᠵᠠᠩᠬᠢ ᠶᠢᠨ ᠳᠣᠣᠷ ᠢ ᠪᠣᠢ ᠪᠣᠯᠭᠠᠵᠣ ᠠᠨᠣᠷ ᠲᠦᠪᠰᠢᠨ ᠣᠶᠢᠯᠡᠳᠪᠣᠷᠢᠯᠡᠯ᠂ ᠢᠳᠡᠬᠡᠨ | ᠣᠮᠳᠠᠭᠠᠨ ᠡᠮ ᠤᠨ ᠵᠣᠶᠢᠯᠡᠰ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠬᠡ ᠬᠦᠷᠢᠶᠠᠨ ᠤ ᠳᠤᠭ᠎ᠠ ᠮᠠᠭᠠᠳ ᠤᠨ ᠡᠬᠢ ᠪᠠᠶᠠᠯᠢᠭ ᠢ ᠰᠦᠯᠵᠢᠶᠠᠵᠢᠬᠦᠯᠥᠨ | ᠨᠡᠪᠳᠡᠷᠡᠬᠦᠯᠬᠦ ᠶᠢ ᠪᠠᠶᠠᠯᠡᠬᠦᠯᠪᠠ᠃ | ︵ᠳᠠᠪᠤ︶ ᠠᠷᠠᠳ ᠣᠯᠠᠨ ᠤ ᠬᠦᠷᠳᠡᠮᠵᠢ ᠶᠢᠨ ᠲᠦᠷᠦᠭᠳᠡᠯ ᠢ ᠦᠷᠬᠦᠯᠵᠢᠯᠡᠨ ᠴᠢᠩᠭᠠᠳᠬᠠᠪᠠ᠃ ᠪᠦᠬᠦ ᠵᠢᠯ ᠳᠤ ᠡᠯ᠎ᠡ ᠲᠦᠷᠥᠯ ᠤᠨ ᠶᠠᠳᠠᠭᠤ ᠶᠢ | ᠳᠡᠳᠬᠦᠬᠦ ᠪᠡᠯᠡ ᠮᠦᠩᠬᠦ ᠶᠢ 1 ᠳ᠋ᠦᠩᠰᠢᠭᠤᠷ ᠲᠦᠬᠦᠷᠢᠭ ᠪᠡᠯᠡ ᠣᠷᠣᠭᠤᠯᠣᠨ 39 ᠡᠷᠦᠬᠡ 104 ᠨᠠᠷᠠᠰ ᠣᠯᠣᠰ ᠤᠨ ᠳᠠᠰ ᠤᠨ ᠶᠠᠳᠠᠭᠤ ᠬᠦᠴᠢᠷᠳᠡᠯᠳᠡᠢ | ᠬᠦᠮᠦᠨ ᠠᠮᠠ ᠶᠢ ᠶᠠᠳᠠᠭᠤ ᠠᠴᠠ ᠳᠣᠭᠳᠠᠭᠤᠨ ᠠᠩᠬᠢᠵᠢᠷᠠᠭᠤᠯᠵᠣ᠂ 854 ᠡᠷᠦᠬᠡ 2351 ᠨᠠᠷᠠᠰ ᠬᠤᠳᠠ ᠶᠢᠨ ᠳᠠᠰ ᠤᠨ ᠪᠠᠭ᠎ᠠ ᠣᠷᠣᠯᠭ᠎ᠠ ᠲᠠᠢ ᠬᠦᠮᠦᠨ | ᠠᠮᠠ ᠶᠢᠨ ᠬᠦᠮᠦᠨ ᠳᠣᠮᠳᠠᠴᠢ ᠶᠢᠨ ᠣᠷᠣᠯᠭ᠎ᠠ ᠶᠢ 20% ᠠᠴᠠ ᠳᠡᠬᠡᠭᠰᠢ ᠨᠡᠮᠡᠭᠳᠡᠬᠦᠯᠪᠠ᠃ ᠮᠡᠷᠬᠡᠵᠢᠯ ᠴᠢᠳᠠᠪᠣᠷᠢ ᠶᠢᠨ ᠪᠣᠯᠪᠠᠰᠣᠷᠠᠯ ᠢ 1487 ᠬᠦᠮᠦᠰ | ᠲᠤ ᠬᠦᠷᠳᠡᠬᠡᠵᠣ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ 75 ᠭᠠᠷᠭᠠᠵᠣ᠂ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ 186 | ᠰᠣᠷᠣᠭᠴᠢ ᠶᠢ ᠨᠠᠶᠢᠳᠠᠨ ᠬᠦᠮᠦᠵᠢᠬᠦᠯᠵᠣ᠂ 2300 ᠬᠦᠮᠦᠰ ᠢ ᠬᠤᠳᠠ ᠪᠠᠯᠭᠠᠰᠣᠨ ᠳᠤ ᠰᠢᠨ᠎ᠡ ᠪᠠᠷ ᠠᠵᠢᠯ ᠣᠯᠭᠤᠵᠣ᠂ ᠬᠤᠳᠠ ᠪᠠᠯᠭᠠᠰᠣᠨ ᠤ | ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠣᠷᠮ᠎ᠠ ᠶᠢ 3.1% ᠳᠣᠳᠣᠷ᠎ᠠ ᠬᠢᠵᠠᠭᠠᠷᠯᠠᠪᠠ᠃ ᠬᠤᠰᠢᠭᠤ ᠨᠠᠮ ᠤᠨ ᠰᠣᠷᠭᠠᠭᠤᠯᠢ ᠶᠢᠨ ᠰᠢᠨ᠎ᠡ ᠰᠣᠷᠭᠠᠭᠤᠯᠢ | ᠶᠢᠨ ᠳᠣᠭᠤᠷᠢᠭ᠂ ᠴᠢᠬᠡᠴᠢ ᠵᠠᠰᠠᠭ ᠤᠨ ᠰᠣᠶᠣᠯ ᠬᠦᠮᠦᠵᠢᠯ ᠤᠨ ᠲᠦᠪ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠵᠣ᠂ ᠪᠣᠷᠣ ᠬᠡᠷᠳᠣ ᠳᠣᠭᠤᠷᠢᠭ ᠤᠨ | ᠦᠬᠡᠷᠡᠴᠢᠯᠡᠯᠳᠡ ᠶᠢ 704 ᠢᠵᠢ ᠪᠠᠶᠠᠯᠡᠬᠦᠯᠵᠣ᠂ ᠬᠦᠮᠦᠷᠬᠡᠯᠡᠭᠳᠡᠵᠣ ᠪᠠᠶᠢᠬᠤ ᠳᠠᠸᠠᠷ ᠤᠨ ᠬᠡᠷ ᠪᠠᠶᠢᠰᠢᠩ ᠢ 10 ᠲᠦᠮᠡᠨ ᠳᠡᠭᠰᠢ ᠲᠦᠷᠪᠡᠯᠵᠢᠨ ᠮᠧᠲᠷ | ᠰᠢᠢᠳᠪᠣᠷᠢᠯᠡᠪᠠ᠃ ᠬᠠᠳᠠᠭᠤᠴᠠᠶᠢᠳᠠᠮ ᠣᠰᠣᠨ ᠰᠣᠷᠪᠣᠯᠵᠢ ᠶᠢᠨ ᠣᠷᠣᠨ ᠤ ᠨᠢᠬᠡᠳᠣᠬᠡᠷ ᠳᠠᠰ ᠤᠨ ᠬᠠᠮᠠᠭᠠᠯᠠᠯᠳᠠ ᠶᠢᠨ ᠳᠣᠭᠤᠷᠢᠭ ᠤᠨ ᠨᠠᠬᠦᠳᠡᠯ ᠠᠷᠠᠳ ᠢ | ᠲᠦᠪᠬᠢᠨᠡᠬᠦᠯᠬᠦ ᠢᠨᠵᠧᠨᠧᠷᠢᠩ ᠢ ᠪᠠᠶᠢᠭᠤᠯᠪᠠ᠃ ᠳᠤᠭ ᠬᠡᠣᠬᠡᠳ ᠤᠨ ᠴᠡᠴᠡᠷᠯᠢᠭ᠂ ᠮᠣᠩᠭᠤᠯ ᠦᠨᠳᠣᠰᠣᠳᠠᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠣᠷᠣᠭᠤᠯᠵᠣ᠂ ᠬᠤᠳᠠ ᠶᠢᠨ ᠮᠣᠩᠭᠤᠯ ᠦᠨᠳᠣᠰᠣᠳᠠᠨ ᠤ ᠬᠤᠶᠠᠳᠣᠭᠠᠷ ᠳᠣᠮᠳᠠᠳᠣ ᠰᠣᠷᠭᠠᠭᠤᠯᠢ ᠵᠡᠷᠬᠡ ᠰᠢᠨ᠎ᠡ | ᠪᠠᠷ ᠪᠡᠶᠢᠭᠤᠯᠬᠤ ᠪᠠ ᠦᠬᠡᠷᠡᠴᠢᠯᠡᠨ ᠪᠠᠶᠢᠭᠤᠯᠬᠤ 4 ᠰᠣᠷᠭᠠᠭᠤᠯᠢ ︵ᠬᠡᠣᠬᠡᠳ ᠤᠨ ᠴᠡᠴᠡᠷᠯᠢᠭ︶ ᠤᠨ ᠲᠥᠯᠥᠪᠯᠡᠨ ᠵᠢᠷᠣᠬᠤ ᠠᠵᠢᠯ ᠢ ᠳᠠᠭᠤᠰᠬᠠᠵᠣ᠂ 125 | ᠨᠠᠷᠠᠰ ᠪᠠᠭᠰᠢ ᠶᠢ ᠣᠷᠣᠭᠤᠯᠣᠨ ᠠᠪᠴᠢᠷᠠᠪᠠ︔ ᠮᠣᠩᠭᠤᠯ ᠡᠮᠨᠡᠯᠬᠡ ᠶᠢᠨ ᠬᠤᠷᠢᠶ᠎ᠠ ᠶᠢ ᠣᠳᠠᠯ ᠦᠬᠡᠢ ᠨᠡᠬᠦᠯᠬᠡᠨ ᠰᠢᠯᠵᠢᠬᠦᠯᠵᠣ᠂ ︽ᠪᠦᠬᠦ ᠣᠯᠣᠰ ᠤᠨ | ᠦᠨᠳᠣᠰᠣᠨ ᠱᠠᠳᠣᠨ ᠤ ᠮᠣᠩᠭᠤᠯ ᠬᠢᠳᠡᠳ ᠡᠮ ᠡᠮᠨᠡᠯᠬᠡ ᠶᠢᠨ ᠠᠵᠢᠯ ᠤᠨ ᠳᠠᠷᠢᠬᠦᠨ ᠤ ᠬᠤᠰᠢᠭᠤ︾ ᠶᠢ ᠡᠬᠦᠳᠣᠨ ᠴᠣᠭᠴᠠᠯᠠᠬᠤ ᠠᠵᠢᠯ ᠨᠢ ᠰᠢᠯᠭᠠᠨ | ᠬᠤᠷᠢᠶᠠᠯᠳᠠ ᠶᠢ ᠳᠣᠭᠤᠯᠪᠠ᠃ ᠣᠯᠠᠭᠠᠨᠳᠣᠯᠣᠭᠠᠢ ᠵᠠᠬ᠎ᠠ ᠳᠡᠯᠬᠡᠬᠦᠷ ᠤᠨ ᠬᠢᠨᠠᠨ ᠪᠠᠶᠢᠴᠠᠭᠠᠬᠤ ᠭᠠᠵᠠᠷ ᠤᠨ ᠪᠠᠷᠢᠯᠭ᠎ᠠ ᠶᠢ ᠳᠠᠭᠤᠰᠬᠠᠪᠠ᠃ ᠢᠳᠡᠬᠡᠨ ᠣᠮᠳᠠᠭᠠᠨ | ᠡᠮ ᠤᠨ ᠵᠣᠶᠢᠯᠡᠰ ᠤᠨ ᠰᠢᠯᠭᠠᠨ ᠪᠠᠶᠢᠴᠠᠭᠠᠯᠳᠠ ᠶᠢᠨ ᠲᠦᠪ ᠨᠢ ᠦᠪᠡᠷᠳᠡᠬᠡᠨ ᠵᠠᠰᠠᠬᠤ ᠣᠷᠣᠨ ᠤ ᠳᠠᠰ ᠤᠨ ᠬᠢᠷᠢ ᠬᠡᠮ ᠤᠨ ᠬᠡᠷᠡᠴᠢᠯᠡᠯᠳᠡ ᠶᠢ ᠳᠠᠮᠵᠢᠵᠣ | ᠪᠦᠬᠦ ᠬᠤᠰᠢᠭᠤᠨ ᠳᠤ ᠨᠡᠶᠢᠳᠡᠮᠵᠢᠭᠰᠡᠨ ᠲᠦᠷᠬᠡᠨ ᠰᠢᠯᠭᠠᠨ ᠪᠠᠶᠢᠴᠠᠭᠠᠬᠤ ᠰᠢᠰᠲ᠋ᠧᠮ ᠢ ᠪᠦᠷᠢᠯᠳᠣᠬᠦᠯᠪᠠ᠃ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ | ᠠᠵᠢᠯ ᠣᠶᠢᠯᠡᠰ ᠢ ᠯᠠᠪᠳᠠᠭᠤᠨ ᠠᠬᠢᠭᠤᠯᠵᠠᠢ᠃ ︽ᠪᠦᠬᠦ ᠣᠷᠣᠨ ᠤ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢ ᠡᠬᠦᠳᠣᠨ ᠪᠠᠶᠢᠭᠤᠯᠬᠤ ᠠᠵᠢᠯᠯᠠᠭᠠᠨ ᠤ | ᠳᠠᠭᠤᠷᠢᠶᠠᠯ ᠬᠤᠰᠢᠭᠤ︾ ᠪᠠᠷ ᠨᠡᠷᠡᠶᠢᠳᠣᠭ᠍ᠳᠠᠵᠣ᠂ ᠳᠣᠭᠤᠷᠢᠮ ᠭᠠᠴᠠᠭ᠎ᠠ ᠨᠢ ︽ᠬᠤᠶᠠᠳᠣᠭᠠᠷ ᠪᠦᠯᠥᠭ ᠳᠣᠮᠳᠠᠳᠣ ᠣᠯᠣᠰ ᠤᠨ ᠴᠦᠬᠡᠨ ᠳᠣᠭᠠᠳᠣ | ᠦᠨᠳᠣᠰᠣᠳᠠᠨ ᠤ ᠣᠨᠴᠠᠯᠢᠭᠳᠣ ᠭᠠᠴᠠᠭ᠎ᠠ ᠳᠣᠰᠬᠤᠨ︾ ᠢᠶᠠᠷ ᠦᠨᠡᠯᠡᠭᠳᠡᠪᠠ᠃ | ︵ᠵᠢᠷᠭᠤᠭ᠎ᠠ︶ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠥᠨ ᠠᠬᠢᠭᠤᠯᠪᠠ᠃ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢᠯᠡᠷᠬᠡᠢ | ᠴᠢᠩᠭᠠᠷᠠᠵᠣ ᠪᠦᠬᠦ ᠬᠤᠰᠢᠭᠤᠨ ᠤ ᠴᠠᠬᠢᠯᠭᠠᠨ ᠬᠦᠴᠦᠨ ᠤ ᠣᠯᠠᠨ ᠳᠠᠯᠠᠳᠣ ᠠᠷᠠᠯᠵᠢᠶᠠᠨ ᠤ 14 ᠠᠵᠣ ᠠᠬᠤᠶᠢᠯᠡᠯ ᠤᠨ ᠬᠡᠷᠡᠭᠯᠡᠭᠰᠡᠨ ᠴᠠᠬᠢᠯᠭᠠᠨ ᠤ ᠦᠪᠡᠷ | ᠤᠨ ᠦᠷᠳᠡᠭ ᠢ ᠨᠠᠶᠢᠳᠠ 1 ᠳ᠋ᠦᠩᠰᠢᠭᠤᠷ ᠲᠦᠬᠦᠷᠢᠭ ᠠᠷᠪᠢᠯᠠᠪᠠ︔ ᠭᠠᠵᠠᠷ ᠰᠢᠷᠦᠢ ᠨᠣᠳᠤᠭ ᠪᠡᠯᠴᠢᠬᠡᠷ ᠤᠨ ︽ᠭᠤᠷᠪᠠᠨ ᠡᠷᠬᠡ︾ ᠶᠢ ᠰᠠᠯᠭᠠᠬᠤ ᠠᠵᠢᠯ ᠢ | ᠠᠬᠢᠭᠤᠯᠵᠣ᠂ ᠨᠣᠳᠤᠭ ᠪᠡᠯᠴᠢᠬᠡᠷ ᠤᠨ ᠡᠷᠬᠡ ᠶᠢ ᠳᠣᠭᠳᠠᠭᠠᠬᠤ ᠠᠵᠢᠯ ᠢ ᠦᠨᠳᠣᠰᠣᠨ ᠳᠡᠭᠡᠨ ᠳᠠᠭᠤᠰᠬᠠᠵᠣ᠂ ᠭᠠᠵᠠᠷ ᠰᠢᠷᠦᠢ ᠶᠢᠨ ᠡᠷᠬᠡ ᠶᠢ ᠳᠣᠭᠳᠠᠭᠠᠬᠤ | ᠠᠵᠢᠯ ᠢ ᠯᠠᠪᠳᠠᠭᠤᠨ ᠦᠷᠨᠢᠬᠦᠯᠪᠠ᠃ ︽ᠵᠠᠰᠠᠭ ᠢ ᠴᠣᠮᠬᠤᠳᠬᠠᠨ ᠡᠷᠬᠡ ᠶᠢ ᠳᠣᠷᠣᠭᠰᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ | ᠣᠶᠢᠯᠡᠴᠢᠯᠡᠭᠡ ᠶᠢ ᠰᠢᠯᠢᠳᠡᠭᠵᠢᠬᠦᠯᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ ︽ᠬᠤᠷᠢᠨ ᠳᠣᠯᠣᠭᠠᠨ ᠦᠨᠡᠮᠯᠡᠯ ᠢ ᠨᠢᠬᠡ ᠪᠣᠯᠭᠠᠨ ᠨᠢᠬᠡᠳᠬᠡᠬᠦ︾ ᠶᠢ | ᠬᠡᠷᠡᠭᠵᠢᠬᠦᠯᠵᠣ᠂ ᠭᠠᠷ ᠣᠳᠠᠰᠣᠨ ᠤ APP ᠤᠨ ᠬᠢᠨᠠᠨ ᠵᠦᠪᠰᠢᠶᠠᠷᠠᠯ ᠢ ᠳᠡᠯᠬᠡᠷᠡᠬᠦᠯᠵᠣ᠂ ᠵᠠᠰᠠᠭ ᠤᠨ ᠶᠠᠪᠣᠳᠠᠯ ᠤᠨ ᠣᠶᠢᠯᠡᠴᠢᠯᠡᠬᠡᠨ ᠤ ᠲᠦᠪ ᠢ ᠰᠢᠨ᠎ᠠ | ᠪᠠᠶᠢᠷᠢᠨ ᠳᠤ ᠰᠢᠯᠵᠢᠬᠦᠯᠥᠨ ᠬᠡᠷᠡᠭᠯᠡᠯᠳᠡ ᠳᠤ ᠣᠷᠣᠭᠤᠯᠪᠠ︔ ︽ᠬᠤᠣᠰ ᠰᠣᠭᠤᠴᠢᠵᠣ᠂ ᠨᠢᠬᠡ ᠶᠢ ᠢᠯᠡ ᠪᠣᠯᠭᠠᠬᠤ︾ ᠬᠢᠨᠡᠨ ᠬᠠᠮᠢᠶᠠᠷᠣᠯᠳᠠ ᠶᠢ ᠪᠦᠬᠦ | ᠳᠠᠯ᠎ᠠ ᠪᠠᠷ ᠬᠡᠷᠡᠭᠵᠢᠬᠦᠯᠪᠠ᠃ ᠬᠤᠰᠢᠭᠤ ᠱᠠᠳᠣᠨ ᠤ ᠬᠠᠣᠯᠢ ᠬᠡᠷᠡᠭᠵᠢᠬᠦᠯᠬᠦ ᠡᠩᠨᠡᠭᠡ ᠪᠠ ᠰᠣᠮᠣ ᠪᠠᠯᠭᠠᠰᠣᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ | ᠳᠣᠪᠴᠢᠶ᠎ᠠ ᠶᠢ 9 ᠵᠣᠬᠢᠶᠠᠨ ᠪᠠᠶᠢᠭᠤᠯᠵᠣ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠥᠯᠳᠡ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ | ᠪᠠᠶᠡᠯᠡᠬᠦᠯᠪᠠ᠃ ᠠᠮᠤᠷ ᠲᠦᠪᠰᠢᠨ ᠣᠶᠢᠯᠡᠳᠪᠣᠷᠢᠯᠡᠯ ᠤᠨ ︽ᠳᠣᠯᠣᠭᠠᠨ ᠠᠵᠢᠯ ᠢ ᠨᠢᠬᠡᠳᠣᠬᠡᠷ ᠹᠷᠣᠨᠲ︾ ᠲᠤ ᠨᠠᠶᠢᠳᠠᠪᠣᠷᠢᠵᠢᠭᠤᠯᠬᠤ ᠪᠦᠳᠣᠮᠵᠢᠳᠣ | ᠳᠣᠭᠳᠠᠯᠴᠠᠭ᠎ᠠ ᠶᠢ ᠬᠦᠨᠵᠡᠬᠡᠢ ᠨᠠᠶᠢᠳᠠᠪᠣᠷᠢᠵᠢᠭᠤᠯᠵᠣ ᠠᠮᠣᠷ ᠲᠦᠪᠰᠢᠨ ᠣᠶᠢᠯᠡᠳᠪᠣᠷᠢᠯᠡᠯ ᠤᠨ ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠵᠣ ᠠᠮᠣᠷ | ᠲᠦᠪᠰᠢᠨ ᠣᠶᠢᠯᠡᠳᠪᠣᠷᠢᠯᠡᠯ ᠤᠨ ᠳᠣᠭᠳᠠᠭᠤᠨ ᠪᠠᠶᠢᠳᠠᠯ ᠢ ᠪᠠᠳᠣᠯᠠᠪᠠ᠃ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠡᠶᠡᠳᠡᠬᠦᠯᠥᠨ ᠰᠢᠢᠳᠪᠣᠷᠢᠯᠡᠬᠦ ᠶᠢ | ᠴᠢᠩᠭᠠᠳᠬᠠᠵᠣ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠲᠦᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠣᠯᠠᠨ ᠲᠦᠮᠡᠨ ᠤ ᠵᠦᠢ ᠵᠣᠬᠢᠰᠳᠡᠢ | ᠬᠠᠣᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠣᠷᠢᠯᠠᠪᠠ᠃ ︽ᠳᠣᠯᠣᠳᠣᠭᠠᠷ ᠳᠠᠪᠣᠨ ᠵᠢᠯ︾ ᠤᠨ ᠬᠠᠣᠯᠢ ᠲᠦᠬᠡᠮᠡᠯᠵᠢᠬᠦᠯᠣᠯᠳᠠ ᠶᠢᠨ ᠠᠵᠢᠯ ᠢ | ᠬᠦᠨᠵᠡᠬᠡᠢ ᠦᠷᠨᠢᠬᠦᠯᠵᠣ ᠪᠦᠬᠦ ᠠᠷᠠᠳ ᠤᠨ ᠬᠠᠣᠯᠢᠵᠢᠯ ᠤᠨ ᠦᠵᠡᠯ ᠣᠬᠠᠮᠰᠠᠷ ᠢ ᠴᠢᠩᠭᠠᠳᠬᠠᠪᠠ᠃ ᠬᠤᠰᠢᠭᠤ ᠪᠠᠴᠢᠮ ᠪᠠᠶᠢᠳᠠᠯ ᠢ ᠰᠢᠢᠳᠪᠣᠷᠢᠯᠡᠬᠦ ᠶᠢ | ᠵᠢᠯᠣᠭᠤᠳᠬᠤ ᠠᠵᠢᠯ ᠤᠨ ᠲᠦᠪ ᠢ ᠪᠠᠶᠢᠭᠤᠯᠵᠣ ᠬᠠᠷᠠᠭᠠᠨ ᠳᠠᠪᠳᠠᠮᠵᠢᠳᠣ ᠬᠢᠨᠡᠨ ᠡᠵᠡᠮᠰᠢᠯ ᠢᠶᠠᠷ ᠭᠤᠣᠯᠯᠠᠭᠤᠯᠣᠭᠰᠠᠨ ᠣᠯᠠᠨ ᠨᠡᠶᠢᠳᠠ ᠶᠢᠨ ᠠᠶᠣᠯᠬᠦᠢ ᠶᠢᠨ | ᠮᠡᠷᠬᠡᠵᠢᠯ ᠤᠨ ᠰᠠᠷᠬᠡᠶᠢᠯᠡᠯᠳᠡ ᠶᠢᠨ ᠰᠢᠰᠲ᠋ᠧᠮ ᠢ ᠳᠡᠬᠦᠯᠳᠡᠷᠵᠢᠬᠦᠯᠥᠨ ᠠᠮᠣᠷ ᠬᠠᠮᠠᠭᠠᠯᠠᠯᠳᠠ ᠪᠠ ᠡᠷᠡᠬᠦᠦ ᠶᠢᠨ ᠬᠡᠷᠡᠭ ᠤᠨ ᠬᠤᠣᠰ ᠳᠣᠷᠣᠭᠰᠢᠯᠠᠭᠤᠯᠣᠯᠳᠠ ᠶᠢ | ᠪᠠᠶᠠᠯᠡᠬᠦᠯᠵᠣ᠂ ᠠᠷᠠᠳ ᠣᠯᠠᠨ ᠤ ᠠᠮᠣᠷ ᠲᠦᠪᠰᠢᠨ ᠤ ᠲᠦᠷᠥᠭᠳᠡᠯ ᠢ ᠳᠠᠰᠣᠷᠠᠯᠳᠡ ᠦᠬᠡᠢ ᠳᠡᠬᠡᠭᠰᠢᠯᠡᠬᠦᠯᠪᠠ᠃ | ︵ᠳᠣᠯᠤᠭ᠎ᠠ︶ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠣᠯᠳᠠ ᠶᠢ ᠳᠠᠰᠣᠷᠠᠯᠳᠡ ᠦᠬᠡᠢ ᠴᠢᠩᠭᠠᠳᠬᠠᠪᠠ᠃ ᠪᠦᠬᠦ ᠳᠠᠯ᠎ᠠ ᠪᠠᠷ ᠨᠠᠮ ᠢ | ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ ᠣᠯᠠᠨ ᠲᠦᠮᠡᠨ ᠤ ᠠᠰᠢᠭ ᠳᠣᠰᠠ ᠶᠢ ᠬᠤᠭᠢᠷᠠᠭᠤᠯᠬᠤ ᠲᠦᠪ ᠪᠣᠰᠣ ᠰᠣᠷᠳᠠᠯ ᠢ ᠡᠷᠡᠰ | ᠵᠠᠯᠠᠷᠠᠭᠤᠯᠣᠨ ︽ᠣᠭᠳᠣ ᠬᠦᠯᠢᠴᠡᠬᠦ ᠦᠬᠡᠢ︾ ᠣᠪᠣᠷ ᠢᠶᠠᠷ ᠢᠯᠵᠢᠷᠠᠮᠠᠯ ᠤᠨ ᠠᠵᠢᠯᠯᠠᠭ᠎ᠠ ᠶᠢ ᠵᠠᠯᠬᠠᠭᠠᠨ ᠰᠢᠳᠬᠡᠪᠠ᠃ ᠬᠠᠣᠯᠢ ᠳᠤ ᠳᠣᠭᠳᠠᠭᠠᠭᠰᠠᠨ ᠡᠷᠬᠡ | ᠶᠢᠨ ᠬᠢᠵᠠᠭᠠᠷᠯᠠᠯ ᠪᠠ ᠶᠠᠪᠣᠴᠠ ᠶᠢ ᠴᠢᠩᠭ᠎ᠠ ᠦᠨᠳᠣᠰᠣᠯᠡᠨ ᠡᠷᠬᠡ ᠪᠠᠨ ᠬᠡᠷᠡᠭᠵᠢᠬᠦᠯᠵᠣ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠪᠠ᠃ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠯᠡᠬᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ | ᠠᠴᠠ ᠪᠠᠨ ᠬᠦᠯᠢᠶᠠᠵᠣ ᠠᠷᠠᠳ ᠤᠨ ᠲᠥᠯᠥᠬᠡᠯᠡᠭᠴᠢᠳ ᠤᠨ ᠰᠠᠨᠠᠭᠠᠣᠯᠭᠠ ᠶᠢ 45 ᠬᠤᠪᠢ᠂ ᠣᠯᠣᠰ ᠲᠦᠷᠦ ᠶᠢᠨ ᠵᠦᠪᠯᠡᠯᠬᠡᠨ ᠤ ᠰᠠᠨᠠᠯ ᠳᠣᠷᠠᠳᠣᠯᠭ᠎ᠠ ᠶᠢ | 37 ᠬᠤᠪᠢ ᠬᠦᠢᠴᠡᠳᠬᠡᠪᠠ᠃ ︽ᠬᠤᠶᠡᠷ ᠢ ᠰᠣᠷᠣᠯᠴᠠᠵᠣ ᠨᠢᠬᠡ ᠳᠤ ᠳᠡᠩᠴᠡᠬᠦᠯᠬᠦ︾ ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠣᠨ ᠲᠦᠷᠢᠮᠵᠢᠬᠦᠯᠬᠦ ᠶᠢ | ᠲᠦᠯᠬᠢᠨ ᠠᠬᠢᠭᠤᠯᠵᠣ ᠳᠣᠭᠤᠷᠢᠨ ᠪᠠᠶᠢᠴᠠᠭᠠᠯᠳᠠ ᠪᠠ ᠴᠠᠭᠳᠠᠨ ᠪᠠᠶᠢᠴᠠᠭᠠᠯᠳᠠ ᠶᠢᠨ ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠳᠡᠬᠡᠳᠣ | ᠬᠡᠮᠵᠢᠶ᠎ᠠ ᠪᠠᠷ ᠴᠢᠬᠤᠯᠠᠴᠢᠯᠠᠵᠣ᠂ ᠬᠢᠨᠡᠨ ᠪᠣᠳᠣᠯᠳᠠ ᠶᠢᠨ ᠦᠷ᠎ᠡ ᠳ᠋ᠦᠩ ᠤᠨ ᠬᠡᠷᠡᠭᠯᠡᠯᠳᠡ ᠶᠢ ᠴᠢᠩᠭᠠᠳᠬᠠᠵᠣ ᠴᠢᠬᠡᠴᠢ ᠵᠠᠰᠠᠭ ᠤᠨ ᠪᠠᠶᠢᠭᠤᠯᠣᠯᠳᠠ ᠪᠠ | ᠢᠯᠵᠢᠷᠡᠮᠠᠯ ᠢ ᠡᠰᠡᠷᠬᠦᠴᠡᠬᠦ ᠳᠠᠮᠠᠴᠡᠯ ᠰᠢᠨ᠎ᠡ ᠦᠷ᠎ᠡ ᠠᠰᠢᠭ ᠤᠯᠪᠠ᠃ | ᠲᠦᠯᠦᠭᠡᠯᠡᠭᠴᠢᠳ ᠡ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠦᠢᠯᠡᠳᠦᠯᠭᠡ ᠶᠢ ᠡᠷᠬᠢᠴᠡᠭᠦᠯᠪᠡᠯ ᠮᠠᠨ ᠤ ᠬᠤᠰᠢᠭᠤᠨ ᠤ ᠲᠦᠷᠦᠯ | ᠵᠦᠢᠯ ᠤᠨ ᠪᠦᠳᠦᠭᠡᠨ ᠪᠠᠶᠢᠭᠤᠯᠤᠯᠳᠠ ᠦᠷᠬᠦᠯᠵᠢᠯᠡᠨ ᠪᠦᠳᠦᠮᠵᠢᠳᠡᠢ ᠶᠠᠪᠤᠭᠳᠠᠨ ᠬᠤᠳᠠ ᠬᠦᠳᠡᠭᠡᠨ ᠤ ᠲᠦᠷᠢ ᠲᠦᠷᠬᠦ ᠦᠨᠳᠦᠰᠦᠨ ᠠᠴᠠ ᠪᠠᠨ ᠬᠤᠪᠢᠷᠠᠯᠳᠠ | ᠲᠠᠢ ᠪᠤᠯᠵᠤ ᠠᠷᠠᠳ ᠲᠦᠮᠡᠨ ᠤ ᠠᠮᠢᠳᠤᠷᠠᠯ ᠶᠡᠷᠦᠩᠬᠡᠢ ᠳᠤ ᠪᠠᠨ ᠰᠠᠶᠢᠵᠢᠷᠠᠭᠰᠠᠨ ᠲᠠᠪᠤᠨ ᠵᠢᠯ ᠪᠠᠶᠢᠵᠤ᠂ ᠨᠤᠮᠢᠨ ᠲᠠᠩᠰᠤᠭ ᠦᠦᠰᠢᠨ ᠤ ᠬᠦᠭᠵᠢᠯᠳᠡ ᠶᠢᠨ | ᠲᠡᠦᠬᠡᠨ ᠳᠠᠬᠢ ᠬᠡᠷᠡᠯ ᠰᠠᠴᠣᠷᠡᠩᠭᠤᠢ ᠨᠢᠭᠡᠨ ᠬᠠᠭᠤᠳᠠᠰᠤ ᠪᠤᠯᠤᠨ ᠲᠡᠮᠳᠡᠭᠯᠡᠭᠳᠡᠵᠡᠢ᠃ ᠤᠷᠢᠳ ᠬᠤᠵᠢᠳ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ | ᠰᠢᠶᠠᠨ︾᠂ ︽ᠤᠯᠤᠰ ᠤᠨ ᠲᠡᠰ ᠤᠨ ᠴᠡᠴᠡᠷᠯᠢᠭᠵᠢᠬᠦᠯᠥᠯᠳᠡ ᠶᠢᠨ ᠰᠢᠶᠠᠨ︾᠂ ᠤᠯᠤᠰ ᠤᠨ ᠰᠢᠶᠠᠨ ᠲᠤᠭᠤᠷᠢᠭ ᠤᠨ ᠲᠡᠰ ᠤᠨ ︽ᠨᠤᠮ ᠤᠨ ᠪᠤᠶᠠᠨᠳᠤ | ᠬᠤᠳᠠ ︵ᠳᠣᠭᠤᠷᠢᠭ ᠬᠤᠰᠢᠭᠤ ᠰᠢᠶᠠᠨ︶︾᠂ ︽ᠪᠦᠬᠦ ᠤᠯᠤᠰ ᠤᠨ ᠰᠡᠯᠡᠭᠦᠴᠡᠯ ᠮᠠᠯ ᠲᠠᠷᠢᠶᠠᠯᠠᠩ ᠤᠨ ᠦᠢᠯᠡᠰ ᠪᠤᠯᠤᠨ ᠮᠠᠯᠵᠢᠬᠤ ᠲᠠᠷᠢᠶᠠᠯᠠᠬᠤ ᠤᠷᠤᠨ ᠤ | ᠵᠢᠭᠤᠯᠴᠢᠯᠠᠯ ᠤᠨ ᠲᠠᠭᠤᠷᠢᠶᠠᠯ ᠬᠤᠰᠢᠭᠤ︾ ᠵᠡᠷᠬᠡ ᠢᠷᠠᠭᠤ ᠠᠯᠳᠠᠷ ᠢ ᠬᠦᠷᠳᠡᠵᠣ᠂ ᠪᠦᠬᠦ ᠣᠯᠣᠰ ᠤᠨ ᠬᠤᠰᠢᠭᠤ ᠰᠢᠶᠠᠨ ᠤ ᠠᠵᠣ ᠠᠬᠤᠢ ᠶᠢᠨ ᠵᠠᠭᠤᠨ | ᠬᠦᠴᠦᠷᠬᠡᠭ ᠬᠤᠰᠢᠭᠤ ᠰᠢᠶᠠᠨ ᠤ ᠳᠠᠯᠠᠨ ᠳᠠᠪᠣᠳᠣᠭᠠᠷ ᠲᠤ ᠪᠠᠶᠢᠷᠢᠯᠠᠪᠠ᠃ ᠡᠳᠡᠭᠡᠷ ᠬᠢᠷᠢ ᠪᠦᠳᠦᠮᠵᠢ ᠶᠢ ᠤᠯᠤᠭᠰᠠᠨ ᠨᠢ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠶᠢᠨ ᠦᠷ᠎ᠡ ᠳ᠋ᠦᠩ ᠮᠦᠨ᠂ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠲᠦᠪᠯᠡᠷᠡᠬᠦᠯᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ | ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠨ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ᠂ ᠠᠵᠢᠯ ᠤᠨ | ᠠᠮᠠᠷᠠᠯᠳᠠ ᠪᠠᠨ ᠠᠪᠤᠭᠰᠠᠨ ᠠᠬᠠᠮᠠᠳ ᠺᠠᠳ᠋ᠷᠴᠤᠳ ᠪᠤᠯᠤᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠪᠠᠶᠠᠷ ᠲᠠᠯᠠᠷᠬᠠᠯ ᠪᠤᠯᠤᠨ ᠡᠷᠬᠢᠮ | ᠲᠡᠭᠡᠳᠦ ᠬᠦᠨᠳᠦᠳᠭᠡᠯ ᠢᠶᠠᠨ ᠲᠡᠪᠰᠢᠬᠦᠯᠦᠶ᠎ᠡ︕ | ᠲᠠᠪᠤᠨ ᠵᠢᠯ ᠤᠨ ᠲᠤᠷᠰᠢ᠂ ᠡᠯ᠎ᠡ ᠲᠦᠷᠦᠯ ᠤᠨ ᠠᠵᠢᠯ ᠴᠦᠮ ᠵᠤᠬᠢᠬᠤ ᠬᠢᠷᠢ ᠪᠦᠳᠦᠮᠵᠢ ᠤᠯᠤᠭᠰᠠᠨ ᠪᠣᠯᠪᠠᠴᠣ ᠲᠡᠭᠡᠷ᠎ᠡ ᠱᠠᠳᠤᠨ ᠤ ᠱᠠᠭᠠᠷᠳᠠᠯᠭ᠎ᠠ | ᠪᠤᠯᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠬᠠᠷᠠᠬᠠᠨ ᠵᠠᠶᠢᠳᠠᠢ ᠪᠠᠶᠢᠭᠰᠠᠭᠠᠷ᠂ | ᠭᠤᠤᠯ ᠢᠯᠡᠷᠡᠯ ᠨᠢ᠄ ᠠᠵᠤ ᠦᠢᠯᠡᠰ ᠤᠨ ᠬᠦᠭᠵᠢᠯᠳᠡ ᠲᠡᠩᠴᠡᠭᠦᠷᠢ ᠦᠭᠡᠢ᠂ ᠴᠢᠳᠠᠪᠬᠢ ᠨᠢ ᠬᠠᠷᠢᠯᠴᠠᠨ ᠨᠦᠬᠦᠪᠦᠷᠢᠯᠡᠵᠦ᠂ ᠭᠤᠣᠯ ᠪᠣᠯᠬᠤ ᠪᠠ ᠳᠠᠭᠠᠯᠳᠠ | ᠪᠣᠯᠬᠤ ᠠᠵᠤ ᠦᠢᠯᠡᠰ ᠴᠢᠩᠭ᠎ᠠ ᠠᠪᠤᠴᠠᠯᠳᠤᠭᠰᠠᠨ ᠠᠵᠤ ᠦᠢᠯᠡᠰ ᠤᠨ ᠬᠡᠯᠬᠢᠶᠡᠵᠢᠯ ᠬᠠᠷᠠᠬᠠᠨ ᠪᠦᠷᠢᠯᠳᠦᠬᠡᠳᠦᠢ︔ ᠡᠳ᠋ ᠤᠨ ᠵᠠᠰᠠᠭ ᠤᠨ ᠵᠠᠶᠢᠯᠠᠰᠢ ᠦᠬᠡᠢ | ᠵᠠᠷᠣᠯᠭ᠎ᠠ ᠨᠡᠯᠢᠶᠡᠳ ᠤᠯᠠᠨ᠂ ᠤᠷᠤᠯᠭ᠎ᠠ ᠵᠠᠷᠤᠯᠭ᠎ᠠ ᠶᠢᠨ ᠵᠦᠷᠢᠴᠡᠯ ᠨᠡᠯᠢᠶᠡᠳ ᠲᠤᠪᠤᠶᠢᠮ᠎ᠠ ᠪᠤᠢ︔ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ | ᠰᠤᠶᠤᠯ᠂ ᠡᠷᠡᠭᠦᠯ ᠬᠠᠮᠠᠭᠠᠯᠠᠯ ᠵᠡᠷᠭᠡ ᠨᠡᠶᠢᠬᠡᠮ ᠤᠨ ᠦᠢᠯᠡᠰ ᠤᠨ ᠬᠦᠭᠵᠢᠯᠳᠡ ᠬᠦᠢᠴᠡᠳ ᠪᠤᠰᠤ ᠪᠠᠶᠢᠵᠤ᠂ ᠠᠷᠠᠳ ᠤᠨ ᠠᠮᠢᠳᠤᠷᠠᠯ ᠢ ᠪᠠᠳᠤᠯᠠᠬᠤ ᠪᠠ | ᠰᠠᠶᠢᠵᠢᠷᠠᠭᠤᠯᠬᠤ ᠳᠤ ᠦᠷᠬᠦᠯᠵᠢᠯᠡᠨ ᠬᠦᠴᠦ ᠲᠠᠯᠪᠢᠬᠤ ᠬᠡᠷᠡᠭᠳᠡᠢ︔ ᠵᠠᠷᠢᠮ ᠺᠠᠳ᠋ᠷ ᠠᠵᠢᠯᠳᠠᠨ ᠤ ᠬᠡᠪ ᠰᠤᠷᠳᠠᠯ ᠪᠤᠳᠠᠳᠠᠢ ᠠᠴᠠ ᠵᠠᠶᠢᠳᠠᠵᠤ᠂ ᠬᠠᠷᠢᠭᠤᠴᠠᠯᠭᠠᠳᠤ | ᠴᠢᠨᠠᠷ ᠬᠦᠷᠦᠯᠴᠡᠬᠦ ᠦᠭᠡᠢ᠂ ᠴᠢᠳᠠᠪᠤᠷᠢ ᠬᠦᠷᠦᠯᠴᠡᠬᠦ ᠦᠭᠡᠢ ᠪᠠᠶᠢᠳᠠᠯ ᠮᠦᠨ ᠤᠷᠤᠰᠢᠵᠤ ᠪᠠᠶᠢᠭ᠎ᠠ ᠵᠡᠷᠭᠡ ᠪᠤᠢ᠃ ᠡᠳᠡᠭᠡᠷ ᠠᠰᠠᠭᠤᠳᠠᠯ ᠳᠤ ᠴᠢᠭᠯᠡᠬᠦᠯᠦᠨ | ᠪᠢᠳᠡ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠨᠡᠩ ᠪᠦᠳᠦᠮᠵᠢᠳᠠᠢ ᠠᠷᠭ᠎ᠠ ᠬᠡᠮᠵᠢᠶ᠎ᠡ ᠠᠪᠤᠨ ᠨᠠᠷᠢᠨ ᠬᠢᠨᠠᠮᠠᠭᠠᠢ ᠰᠢᠢᠳᠪᠣᠷᠢᠯᠡᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ | ᠲᠦᠯᠦᠭᠡᠯᠡᠭᠴᠢᠳ ᠡ᠂ ᠨᠠᠮ ᠤᠨ ᠠᠷᠪᠠ ᠶᠢᠰᠦᠳᠤᠬᠡᠷ ᠶᠡᠭᠡ ᠬᠤᠷᠠᠯ ᠨᠢ ᠨᠡᠶᠢᠬᠡᠮ ᠵᠢᠷᠤᠮᠳᠤ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ | ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠵᠣ ᠠᠭᠤᠤ ᠶᠡᠭᠡ ᠬᠦᠰᠡᠯ ᠡᠷᠡᠮᠡᠯᠵᠡᠯ ᠢᠶᠠᠨ ᠪᠡᠶᠡᠯᠡᠬᠦᠯᠬᠦ ᠠᠤᠭ᠎ᠠ ᠲᠦᠯᠦᠪ ᠢ ᠵᠢᠷᠤᠭᠯᠠᠭᠰᠠᠨ ᠶᠤᠮ᠃ | ᠤᠳᠤᠬᠠᠨ ᠳᠤ ᠪᠦᠬᠦ ᠬᠤᠰᠢᠭᠤ ᠪᠠᠷ ᠢᠶᠠᠨ ᠤᠷᠤᠭᠰᠢᠯᠠᠨ ᠲᠠᠪᠰᠢᠬᠤ ᠶᠢ ᠰᠦᠪᠡᠭᠴᠢᠯᠡᠵᠦ᠂ ᠠᠵᠤ ᠦᠢᠯᠡᠰ ᠤᠨ ᠰᠠᠭᠤᠷᠢ᠂ ᠠᠵᠤ ᠦᠢᠯᠡᠰ ᠤᠨ ᠬᠡᠪᠴᠢᠶᠡᠵᠢᠯ | ᠂ ᠠᠵᠤ ᠦᠢᠯᠡᠰ ᠤᠨ ᠬᠡᠯᠪᠡᠷᠢ ᠵᠡᠷᠬᠡ ᠲᠠᠯ᠎ᠠ ᠶᠢᠨ ᠲᠠᠪᠠᠭᠤᠯᠢᠭ ᠡᠳᠦᠷ ᠢᠷᠡᠬᠦᠶ᠎ᠡ ᠲᠤᠪᠤᠶᠢᠵᠤ᠂ ᠣᠷᠣᠨ ᠳᠠᠪᠰᠢᠵᠣ ᠳᠠᠪᠠᠭ᠋ᠣ ᠰᠠᠭᠤᠷᠢ ᠪᠤᠯᠤᠨ ᠨᠦᠬᠦᠴᠡᠯ | ᠪᠦᠷᠢᠯᠳᠦᠭᠰᠡᠨ ᠪᠠᠶᠢᠨ᠎ᠠ᠃ ᠰᠢᠨ᠎ᠡ ᠴᠠᠭ ᠦᠶ᠎ᠡ ᠳᠤ ᠤᠷᠤᠭᠠᠳ ᠪᠢᠳᠡ ︽ᠲᠦᠷᠪᠡᠨ ᠤᠬᠠᠮᠰᠠᠷ︾ ᠢ ᠪᠤᠢ ᠪᠤᠯᠭᠠᠨ ︽ᠲᠦᠷᠪᠡᠨ ᠢᠳᠡᠭᠡᠯ︾ ᠢ | ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠯᠣᠰ ᠲᠦᠷᠦ ᠶᠢᠨ ᠳᠠᠷᠢᠬᠦᠨ ᠤ | ᠡᠬᠦᠷᠭᠡ ᠪᠠᠨ ᠪᠤᠯᠭᠠᠵᠤ᠂ ᠨᠡᠶᠢᠬᠡᠮ ᠤᠨ ᠭᠤᠤᠯ ᠵᠦᠷᠢᠴᠡᠯ ᠬᠤᠪᠢᠷᠠᠯᠳᠠ ᠭᠠᠷᠤᠭᠰᠠᠨ ᠰᠢᠨ᠎ᠡ ᠤᠨᠴᠠᠯᠢᠭ ᠢ ᠴᠢᠩᠭ᠎ᠠ ᠠᠳᠬᠤᠵᠤ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ | ᠲᠦᠷᠪᠡᠳᠦᠬᠡᠷ ᠬᠤᠭᠤᠴᠠᠭᠠᠨ ᠤ ᠲᠦᠷᠪᠡᠳᠦᠬᠡᠷ ᠤᠳᠠᠭᠠᠨ ᠤ ᠪᠦᠬᠦᠳᠡ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠲᠠᠪᠤᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠣᠷᠢᠵᠢᠭᠤᠯᠣᠨ ᠦᠷᠭᠡᠨ ᠤᠯᠠᠨ ᠺᠠᠳ᠋ᠷ ᠤᠯᠠᠨ ᠲᠦᠮᠡᠨ ᠤ | ᠢᠳᠡᠪᠬᠢᠵᠢᠯ᠂ ᠰᠠᠨᠠᠭᠠᠴᠢᠯᠠᠭᠠᠳᠤ ᠴᠢᠨᠠᠷ ᠪᠤᠯᠤᠨ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠤᠷᠤᠭᠰᠢ | ᠲᠠᠪᠰᠢᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠦᠷᠭᠡᠳᠬᠡᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠠᠬᠢᠭᠤᠯᠵᠤ᠂ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠤ᠂ ᠨᠤᠮᠢᠨ ᠲᠠᠩᠰᠤᠭ ᠦᠦᠰᠢᠨ ᠤ ᠠᠵᠤ ᠠᠬᠤᠢ ᠶᠢᠨ ᠪᠤᠳᠠᠳᠤ ᠬᠦᠴᠦᠨ ᠢ | ᠤᠯᠠᠮ ᠬᠦᠴᠦᠷᠬᠡᠭᠵᠢᠬᠦᠯᠦᠨ ᠠᠷᠠᠳ ᠲᠦᠮᠡᠨ ᠳᠤ ᠨᠡᠩ ᠤᠯᠠᠨ ᠵᠤᠯ ᠵᠢᠷᠭᠠᠯ ᠢ ᠤᠯᠭᠤᠨ ᠪᠤᠯᠪᠠᠰᠤᠨ ᠤ ᠬᠢᠷᠢ ᠲᠦᠪᠰᠢᠨ ᠢ ᠤᠯᠠᠮ ᠦᠨᠳᠦᠷᠵᠢᠬᠦᠯᠵᠦ᠂ ᠠᠮᠢ | ᠠᠬᠤᠢ ᠶᠢᠨ ᠤᠷᠴᠢᠨ ᠲᠤᠭᠤᠷᠢᠨ ᠢ ᠨᠡᠩ ᠦᠵᠡᠰᠬᠦᠯᠡᠩ ᠰᠠᠶᠢᠬᠠᠨ ᠪᠤᠯᠭᠠᠬᠤ ᠪᠠᠷ ᠴᠢᠷᠮᠠᠶᠢᠵᠤ ᠨᠤᠮᠢᠨ ᠲᠠᠩᠰᠤᠭ ᠦᠦᠰᠢᠨ ᠳᠤ ᠪᠡᠯᠡ ᠤᠷᠤᠭᠤᠯᠤᠨ ᠠᠳᠠᠯ | ᠪᠤᠰᠬᠠᠵᠤ ᠠᠵᠢᠯᠯᠠᠵᠤ ᠠᠮᠢᠳᠤᠷᠠᠵᠤ ᠪᠠᠶᠢᠭ᠎ᠠ ᠬᠦᠮᠦᠨ ᠪᠦᠬᠦᠨ ᠤ ᠬᠦᠷᠳᠡᠮᠵᠢ ᠶᠢᠨ ᠲᠦᠷᠦᠭᠳᠡᠯ ᠪᠠ ᠠᠮᠵᠢᠯᠳᠠ ᠶᠢᠨ ᠲᠦᠷᠦᠭᠳᠡᠯ᠂ ᠠᠵᠠ ᠵᠢᠷᠭᠠᠯ ᠤᠨ | ᠲᠦᠷᠦᠭᠳᠡᠯ ᠢ ᠨᠡᠩ ᠨᠡᠮᠡᠭᠳᠡᠬᠦᠯᠥᠨ᠎ᠠ︕ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠦᠷᠢᠯᠳᠦᠬᠦᠯᠥᠨ ᠪᠠᠳᠣᠳᠬᠠᠵᠣ᠂ ︽ | ᠲᠤᠭᠳᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ︾ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠬᠦᠭᠵᠢᠯᠳᠡ᠂ ᠠᠷᠠᠳ | ᠤᠨ ᠠᠮᠢᠳᠤᠷᠠᠯ᠂ ᠠᠮᠢ ᠠᠬᠤᠢ ︽ᠭᠤᠷᠪᠠᠨ ᠬᠤᠷᠢᠭ᠎ᠠ ᠱᠤᠭᠤᠮ︾ ᠢ ᠪᠠᠳᠤ ᠰᠠᠬᠢᠵᠤ ᠬᠦᠬᠡᠬᠤᠳᠠ᠂ ᠪᠤᠭᠤᠳᠤ᠂ ᠤᠷᠳᠤᠰ ᠵᠤᠬᠢᠴᠠᠯᠳᠤᠨ ᠬᠦᠭᠵᠢᠬᠦ ᠪᠤᠯᠤᠨ | ᠬᠦᠬᠡᠬᠤᠳᠠ᠂ ᠪᠤᠭᠤᠳᠤ᠂ ᠢᠷᠭᠠᠢ᠂ ᠲᠡᠮᠡᠭᠡᠳᠤ ᠶᠢᠨ ᠬᠤᠳᠠ ᠶᠢᠨ ᠴᠤᠭᠯᠠᠷᠠᠯ ᠲᠠᠢ ᠢᠳᠡᠪᠬᠢᠳᠡᠢ ᠠᠭᠤᠰᠤᠯᠴᠠᠵᠤ ᠬᠦᠭᠵᠢᠯᠳᠡ ᠶᠢᠨ ᠴᠢᠨᠠᠷ ᠴᠢᠨᠰᠠᠭ᠎ᠠ ᠪᠠ | ᠦᠷ᠎ᠡ ᠪᠦᠳᠦᠮᠵᠢ ᠶᠢ ᠲᠡᠭᠡᠭᠰᠢᠯᠡᠬᠦᠯᠬᠦ ᠪᠠᠷ ᠭᠤᠤᠯ ᠪᠤᠯᠭᠠᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠠᠴᠢᠯᠡᠯᠳᠡ ᠶᠢ ᠲᠦᠯᠬᠢᠨ | ᠠᠬᠢᠭᠤᠯᠬᠤ ᠪᠠᠷ ᠭᠤᠤᠯ ᠰᠢᠵᠢᠮ ᠪᠤᠯᠭᠠᠵᠤ᠂ ᠪᠦᠬᠦ ᠲᠠᠯ᠎ᠠ ᠪᠠᠷ ᠴᠢᠨᠡᠭᠡᠯᠢᠭ ᠨᠠᠶᠢᠭᠡᠮ ᠢ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠲᠡᠮᠡᠴᠡᠨ ᠤᠯᠵᠤ | ᠤᠳᠤᠬᠢᠴᠢᠯᠠᠭᠰᠠᠨ ᠦᠦᠰᠢᠨ ᠬᠤᠰᠢᠭᠤ ᠶᠢ ᠪᠦᠬᠦ ᠲᠠᠯ᠎ᠠ ᠪᠠᠷ ᠪᠡᠶᠡᠯᠡᠬᠦᠯᠬᠦ ᠰᠢᠨ᠎ᠡ ᠠᠶᠠᠨ ᠢ ᠡᠬᠢᠯᠡᠬᠦᠯᠵᠣ ᠨᠤᠮᠢᠨ ᠲᠠᠩᠰᠤᠭ ᠦᠦᠰᠢᠨ ᠢᠶᠠᠨ ᠬᠡᠯᠪᠡᠷᠢ ᠪᠠᠨ | ᠬᠤᠪᠢᠷᠠᠭᠤᠯᠤᠨ ᠲᠡᠰ ᠲᠡᠪᠰᠢᠬᠦᠯᠬᠦ ᠮᠠᠩᠯᠠᠶᠢᠯᠠᠭᠴᠢ᠂ ᠰᠤᠶᠤᠯ ᠵᠢᠭᠤᠯᠴᠢᠯᠠᠯ ᠠᠭᠤᠰᠤᠯᠴᠠᠭᠰᠠᠨ ᠲᠠᠭᠤᠷᠢᠶᠠᠯ ᠤᠷᠤᠨ᠂ ᠠᠮᠢ ᠠᠬᠤᠢ ᠶᠢᠨ ᠪᠤᠯᠪᠠᠰᠤᠨ ᠤ | ᠬᠦᠳᠦᠯᠦᠨ ᠲᠠᠭᠠᠭᠤᠯᠤᠭᠴᠢ᠂ ᠡᠮᠦᠨᠡᠰᠢ ᠪᠠᠨ ᠨᠡᠭᠡᠭᠡᠯᠳᠡ ᠬᠢᠬᠦ ᠪᠠᠬᠢᠯᠡᠯᠳᠡ᠂ ᠵᠤᠯ ᠵᠢᠷᠭᠠᠯᠳᠤ ᠠᠮᠢᠳᠤᠷᠠᠯ ᠢ ᠬᠠᠮᠳᠤᠪᠠᠷ ᠡᠳ᠋ᠯᠡᠬᠦ ᠤᠷᠤᠨ ᠪᠤᠯᠭᠠᠬᠤ ᠶᠢ | ᠠᠬᠢᠭᠤᠯᠵᠤ᠂ ᠦᠵᠡᠰᠬᠦᠯᠡᠩᠳᠦ ᠰᠠᠶᠢᠬᠠᠨ ᠴᠢᠨᠠᠷᠵᠢᠭᠤᠨ ᠪᠦᠬᠦᠢ ᠵᠤᠯ ᠵᠢᠷᠭᠠᠯᠳᠤ ᠤᠷᠳᠤᠰ ᠢ ᠪᠦᠳᠦᠭᠡᠨ ᠪᠠᠶᠢᠭᠤᠯᠬᠤ ᠪᠠ ︽ᠦᠵᠡᠰᠬᠦᠯᠡᠩᠳᠦ ᠰᠠᠶᠢᠬᠠᠨ | ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠶᠢ ᠬᠠᠮᠳᠤᠪᠠᠷ ᠲᠡᠷᠭᠡᠯᠰᠢᠬᠦᠯᠬᠦ︾ ᠳᠤ ᠨᠡᠩ ᠶᠡᠭᠡ ᠬᠤᠪᠢ ᠨᠡᠮᠡᠷᠢ ᠪᠠᠨ | ᠦᠵᠡᠬᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ ᠤᠷᠤᠨ ᠨᠤᠳᠤᠭ | ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ ᠢ ᠵᠢᠯ ᠲᠤᠮᠳᠠᠴᠢ ᠪᠠᠷ 7.5% ᠨᠡᠮᠡᠭᠳᠡᠬᠦᠯᠵᠣ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ ᠵᠢᠯ ᠲᠤᠮᠳᠠᠴᠢ ᠪᠠᠷ 10% ᠨᠡᠮᠡᠭᠳᠡᠬᠦᠯᠵᠣ᠂ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ ᠪᠠᠷ 8% ᠨᠡᠮᠡᠭᠳᠡᠬᠦᠯᠥᠨ | ᠨᠡᠶᠢᠭᠡᠮ ᠤᠨ ᠬᠡᠷᠡᠭᠯᠡᠭᠡᠨ ᠤ ᠵᠣᠶᠢᠯᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ ᠵᠢᠯ ᠲᠤᠮᠳᠠᠴᠢ ᠪᠠᠷ 10.5% ᠨᠡᠮᠡᠭᠳᠡᠬᠦᠯᠵᠣ᠂ ᠬᠤᠳᠠ ᠬᠦᠳᠡᠭᠡ | ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠤᠯᠬᠤ ᠤᠷᠤᠯᠭ᠎ᠠ ᠶᠢ ᠵᠢᠯ ᠲᠤᠮᠳᠠᠴᠢ ᠪᠠᠷ ᠳᠣᠰᠪᠣᠷᠢ 9%᠂10% ᠨᠡᠮᠡᠭᠳᠡᠬᠦᠯᠵᠣ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠯ᠎ᠡ ᠲᠦᠷᠦᠯ ᠤᠨ ᠬᠠᠷᠠᠯᠳᠠ ᠶᠢ ᠠᠮᠵᠢᠯᠳᠠᠳᠠᠢ ᠪᠡᠶᠡᠯᠡᠬᠦᠯᠵᠦ ᠴᠢᠨᠡᠭᠡᠯᠢᠭ ᠨᠡᠶᠢᠬᠡᠮ ᠢ | ᠪᠦᠬᠦ ᠲᠠᠯ᠎ᠠ ᠪᠠᠷ ᠪᠡᠶᠡᠯᠡᠬᠦᠯᠦᠨ᠎ᠡ᠃ | ᠲᠡᠭᠡᠷᠡᠬᠢ ᠬᠠᠷᠠᠯᠳᠠ ᠶᠢ ᠪᠡᠶᠡᠯᠡᠬᠦᠯᠬᠦ ᠳᠤ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠨᠢ ᠲᠤᠤᠷᠠᠬᠢ ᠳᠣᠯᠣᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠠᠳᠬᠤᠬᠤ ᠬᠡᠷᠡᠭᠳᠡᠢ᠃ | ︵ᠨᠢᠭᠡ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠡ ᠶᠢ ᠲᠦᠷᠬᠡᠨ ᠮᠦᠷᠳᠡᠬᠡᠨ ᠯᠠᠪᠳᠠᠭᠤᠨ ᠠᠬᠢᠭᠤᠯᠵᠣ᠂ ᠬᠡᠯᠪᠡᠷᠢ ᠪᠠᠨ ᠬᠤᠪᠢᠷᠠᠭᠤᠯᠤᠨ ᠲᠡᠰ | ᠲᠡᠪᠰᠢᠬᠦ ᠶᠢ ᠤᠯᠠᠮ ᠴᠢᠨᠠᠷᠵᠢᠭᠤᠨ ᠪᠤᠯᠭᠠᠨ᠎ᠠ᠃ ᠰᠢᠨ᠎ᠡ ᠶᠢ ᠡᠬᠦᠳᠬᠦ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ︽ᠲᠤᠯᠤᠭᠠᠨ ᠦᠢᠯᠡᠰ | ︾ ᠢ ᠬᠠᠮᠳᠤᠪᠠᠷ ᠴᠡᠴᠡᠭᠯᠡᠬᠦᠯᠥᠨ ᠬᠦᠭᠵᠢᠬᠦᠯᠬᠦ ᠶᠢᠨ ᠲᠣᠭᠤᠷᠢᠨ ᠳᠤ ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠠᠵᠢᠯ ᠢ ᠦᠷᠨᠢᠬᠦᠯᠵᠦ ᠬᠦᠴᠦ ᠪᠠᠨ | ᠲᠦᠪᠯᠡᠷᠡᠭᠦᠯᠦᠨ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠴᠦᠯᠡᠨ ᠪᠤᠶᠢᠵᠢᠭᠤᠯᠤᠨ᠎ᠠ᠃ ᠬᠦᠷᠢᠶᠡᠯᠡᠩ ᠲᠤᠭᠤᠷᠢᠭ ᠢᠶᠠᠷ ᠴᠢᠬᠤᠯᠠ ᠬᠦᠴᠦᠨ | ᠵᠣᠶᠢᠯ ᠪᠠ ᠠᠵᠤ ᠦᠢᠯᠡᠰ ᠤᠨ ᠲᠦᠪᠯᠡᠷᠡᠯ ᠤᠨ ᠠᠴᠢᠶᠠᠯᠠᠭᠴᠢ ᠪᠤᠯᠭᠠᠬᠤ ᠶᠢ ᠪᠠᠷᠢᠮᠳᠠᠯᠠᠵᠤ᠂ ᠰᠠᠭᠤᠷᠢ ᠲᠦᠭᠦᠭᠡᠷᠦᠮᠵᠢ ᠪᠤᠯᠤᠨ ᠨᠡᠶᠢᠳᠡ ᠶᠢᠨ ᠦᠢᠯᠡᠴᠢᠯᠡᠭᠡᠨ | ᠤ ᠢᠵᠢ ᠪᠦᠷᠢᠳᠬᠦ ᠶᠢ ᠲᠦᠷᠭᠡᠳᠭᠡᠨ ᠪᠦᠷᠢᠨᠰᠢᠬᠦᠯᠵᠦ ᠰᠢᠰᠲ᠋ᠧᠮ ᠲᠤᠭᠳᠠᠴᠠ ᠪᠤᠯᠤᠨ ᠲᠦᠷᠦ ᠶᠢᠨ ᠪᠤᠳᠤᠯᠭ᠎ᠠ ᠶᠢᠨ ᠤᠷᠴᠢᠨ ᠠᠬᠤᠢ ᠶᠢᠨ ᠰᠢᠨ᠎ᠡ ᠶᠢ | ᠡᠬᠦᠳᠬᠦ ᠶᠢ ᠬᠦᠨᠵᠡᠭᠡᠶᠢᠷᠡᠬᠦᠯᠵᠦ᠂ ᠮᠡᠷᠭᠡᠵᠢᠯ ᠤᠨ ᠰᠢᠨ᠎ᠡ ᠶᠢ ᠡᠬᠦᠳᠬᠦ᠂ ᠪᠣᠶᠢᠵᠢᠭᠤᠯᠣᠨ ᠬᠦᠭᠵᠢᠬᠦᠯᠬᠦ ᠲᠠᠪᠴᠠᠩ ᠢ ᠪᠠᠶᠢᠭᠤᠯᠤᠨ ᠡᠯ᠎ᠡ ᠲᠦᠷᠦᠯ ᠤᠨ ᠠᠵᠤ | ᠠᠬᠤᠶᠢᠯᠠᠯ ᠢ ᠨᠤᠮᠢᠨ ᠲᠠᠩᠰᠤᠭ ᠦᠦᠰᠢᠨ ᠤ ᠦᠷᠭᠡᠨ ᠠᠭᠤᠳᠠᠮ ᠨᠤᠳᠤᠭ ᠲᠡᠪᠢᠰᠭᠡᠷ ᠲᠡᠭᠡᠷ᠎ᠡ ᠦᠷᠨᠢᠩᠬᠦᠢ ᠬᠦᠭᠵᠢᠬᠦᠯᠦᠨ᠎ᠡ᠃ ᠠᠮᠣᠷ ᠲᠦᠪᠰᠢᠨ᠂ | ᠪᠤᠬᠢᠷᠳᠤᠯ ᠦᠭᠡᠢ᠂ ᠤᠶᠤᠨᠴᠢᠯᠠᠭᠰᠠᠨ ᠮᠠᠶ᠋ᠢᠭ ᠢᠶᠠᠷ ᠨᠡᠬᠦᠷᠡᠰᠦ ᠶᠢ ᠨᠡᠭᠡᠭᠡᠨ ᠮᠠᠯᠳᠠᠬᠤ ᠪᠠ ᠠᠷᠢᠭᠤᠨ ᠴᠡᠪᠡᠷ᠂ ᠦᠨᠳᠦᠷ ᠪᠦᠳᠦᠮᠵᠢᠳᠡᠢ᠂ ᠲᠤᠤᠷ᠎ᠠ | ᠨᠡᠬᠦᠷᠡᠰᠦᠳᠦ᠋ᠷᠦᠭᠴᠢᠳᠤ ᠮᠠᠶ᠋ᠢᠭ ᠢᠶᠠᠷ ᠠᠰᠢᠭᠯᠠᠬᠤ ᠪᠠᠷ ᠭᠤᠤᠯ ᠰᠢᠪᠳᠤᠯᠤᠯᠳᠠ ᠪᠤᠯᠭᠠᠵᠤ ᠪᠦᠭᠯᠡᠵᠦ ᠲᠦᠭᠦᠷᠭᠡᠬᠦ᠂ ᠤᠰᠤ ᠶᠢ ᠬᠠᠮᠠᠭᠠᠯᠠᠬᠤ ᠵᠡᠷᠬᠡ ᠶᠢᠨ | ᠪᠤᠬᠢᠷᠳᠤᠯ ᠦᠭᠡᠢ ᠨᠡᠭᠡᠭᠡᠨ ᠮᠠᠯᠳᠠᠬᠤ ᠮᠡᠷᠬᠡᠵᠢᠯ ᠢ ᠲᠡᠯᠭᠡᠷᠡᠭᠦᠯᠦᠨ ᠴᠢᠨᠠᠷ ᠪᠠ ᠲᠡᠰ ᠬᠤᠪᠢᠶᠠᠨ ᠠᠰᠢᠭᠯᠠᠬᠤ ᠶᠢ ᠦᠷᠨᠢᠬᠦᠯᠵᠦ᠂ ᠨᠡᠬᠦᠷᠡᠰᠦᠨ ᠤ ᠠᠵᠦ ᠦᠢᠯᠡᠰ | ᠴᠢᠨᠠᠷ ᠢᠶᠠᠨ ᠰᠠᠶᠢᠵᠢᠷᠠᠭᠤᠯᠤᠨ ᠪᠦᠳᠦᠮᠵᠢ ᠪᠠᠨ ᠲᠡᠭᠡᠭᠰᠢᠯᠡᠬᠦᠯᠬᠦ ᠶᠢ ᠠᠬᠢᠭᠤᠯᠤᠨ᠎ᠠ᠃ 2022 ᠤᠨ ᠪᠤᠯᠬᠤ ᠳᠤ ᠨᠡᠭᠦᠷᠡᠰᠦᠨ ᠤ ᠭᠠᠷᠭᠠᠯᠳᠠ ᠶᠢ 7000 | ᠲᠦᠮᠡᠨ ᠳᠣᠨᠨ᠋ᠨ ᠢ ᠳᠠᠪᠠᠭᠤᠯᠬᠤ ᠪᠠᠷ ᠴᠢᠷᠮᠠᠶᠢᠵᠤ᠂ ᠲᠤᠬᠠᠢ ᠶᠢᠨ ᠭᠠᠵᠠᠷ ᠲᠤ ᠨᠠᠷᠢᠯᠢᠭ ᠪᠤᠯᠪᠠᠰᠤᠷᠠᠭᠤᠯᠬᠤ ᠨᠤᠷᠮ᠎ᠠ ᠶᠢ 40% ᠠᠴᠠ ᠲᠡᠭᠡᠭᠰᠢ ᠪᠠᠶᠢᠯᠭᠠᠨ᠎ᠠ᠃ | ᠪᠠᠶᠢᠭᠠᠯᠢ ᠶᠢᠨ ᠰᠢᠳᠠᠮᠠᠬᠠᠢ ᠬᠡᠢ ᠶᠢᠨ ᠭᠡᠪ ᠤᠨ ᠨᠡᠭᠡᠭᠡᠨ ᠠᠰᠢᠭᠯᠠᠯᠳᠠ ᠶᠢᠨ ᠬᠡᠪᠴᠢᠶ᠎ᠡ ᠶᠢ ᠲᠤᠭᠳᠠᠪᠤᠷᠢᠵᠢᠭᠤᠯᠵᠤ ᠪᠠᠶᠢᠭᠠᠯᠢ ᠶᠢᠨ ᠰᠢᠳᠠᠮᠠᠬᠠᠢ ᠬᠡᠢ ᠦᠷᠦᠮᠳᠦᠨ | ᠮᠠᠯᠳᠠᠬᠤ᠂ ᠲᠦᠪᠯᠡᠷᠡᠭᠦᠯᠦᠨ ᠬᠦᠷᠬᠡᠬᠦ ᠴᠢᠳᠠᠮᠵᠢ ᠶᠢ ᠲᠡᠭᠡᠭᠰᠢᠯᠡᠬᠦᠯᠦᠨ᠎ᠡ᠃ ᠠᠵᠤ ᠦᠢᠯᠡᠰ ᠤᠨ ᠬᠡᠯᠬᠢᠶᠡᠵᠢᠯ ᠢᠶᠠᠨ ᠤᠷᠳᠤᠳᠬᠠᠵᠤ᠂ ᠨᠡᠮᠡᠯᠳᠡ ᠦᠷᠳᠡᠭ ᠢ | ᠨᠡᠮᠡᠭᠳᠡᠬᠦᠯᠦᠨ ᠰᠢᠨ᠎ᠡ ᠬᠡᠯᠪᠡᠷᠢ ᠶᠢᠨ ᠨᠡᠬᠦᠷᠡᠰᠦ ᠬᠢᠮᠢ ᠶᠢᠨ ᠠᠵᠤ ᠦᠢᠯᠡᠳᠪᠤᠷᠢ᠂ ᠨᠠᠷᠢᠯᠢᠭ ᠪᠤᠯᠪᠠᠰᠤᠷᠠᠭᠤᠯᠬᠤ ᠬᠢᠮᠢ ᠶᠢᠨ ᠠᠵᠤ ᠣᠶᠢᠯᠡᠳᠪᠣᠷᠢ᠂ ᠴᠡᠪᠡᠷ | ᠡᠨᠧᠷᠬᠢ᠂ ᠰᠢᠨ᠎ᠡ ᠮᠡᠲ᠋ᠧᠷᠢᠶᠠᠯ ᠤᠨ ᠠᠵᠤ ᠦᠢᠯᠡᠰ ᠵᠡᠷᠬᠡ ᠵᠠᠭᠤᠨ ᠳ᠋ᠦᠩᠰᠢᠭᠤᠷ ᠲᠡᠰ ᠤᠨ ᠲᠦᠷᠪᠡᠨ ᠲᠤᠮᠤ ᠠᠵᠤ ᠦᠢᠯᠡᠰ ᠤᠨ ᠴᠤᠭᠯᠠᠷᠠᠯ ᠢ ᠪᠦᠳᠦᠭᠡᠨ | ᠪᠠᠶᠢᠭᠤᠯᠵᠤ ᠬᠦᠨᠳᠡᠯᠡᠨ ᠢᠶᠠᠷ ᠢᠵᠢ ᠪᠦᠷᠢᠳᠴᠦ᠂ ᠭᠤᠯᠳᠤ ᠪᠠᠷ ᠭᠦᠨᠵᠡᠭᠡᠶᠢᠷᠡᠬᠦ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠪᠦᠷᠢᠯᠳᠦᠬᠦᠯᠦᠨ᠎ᠠ᠃ | ᠠᠵᠤ ᠦᠢᠯᠡᠰ ᠤᠨ ᠬᠡᠯᠬᠢᠶᠡᠵᠢᠯ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠴᠢᠭᠯᠡᠯᠳᠦ ᠴᠢᠨᠠᠷᠳᠠᠢ ᠪᠠᠷ | ᠬᠤᠳᠠᠯᠳᠤᠭᠠᠴᠢᠨ ᠤᠷᠢᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠡᠨᠧᠷᠬᠢ ᠳᠤ ᠠᠷᠪᠢᠳᠠᠢ ᠪᠤᠬᠢᠷᠳᠤᠯ ᠦᠭᠡᠢ ᠠᠵᠤ ᠦᠢᠯᠡᠰ᠂ ᠮᠤᠩᠭᠤᠯ ᠬᠢᠳᠠᠳ ᠡᠮ ᠡᠮᠨᠡᠯᠭᠡ | ᠵᠡᠷᠬᠡ ᠰᠢᠨ᠎ᠡ ᠪᠠᠷ ᠦᠷᠨᠢᠵᠦ ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠤ ᠦᠢᠯᠡᠰ ᠢ ᠶᠡᠭᠡ ᠬᠦᠴᠦ ᠪᠠᠷ ᠤᠷᠢᠨ ᠠᠪᠴᠢᠷᠠᠵᠤ᠂ ᠠᠵᠤ ᠦᠢᠯᠡᠰ | ᠤᠨ ᠤᠯᠠᠨ ᠡᠰᠢᠳᠤ ᠲᠤᠯᠭᠠᠭᠤᠷᠢᠯᠠᠨ ᠬᠦᠭᠵᠢᠬᠦ ᠬᠦᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃ ᠪᠠᠷᠢᠮᠵᠢᠶᠠᠵᠢᠭᠰᠠᠨ ᠦᠢᠯᠡᠳᠪᠤᠷᠢ ᠶᠢᠨ ᠲᠠᠰᠤᠭ ᠢ | ᠪᠦᠳᠦᠭᠡᠨ ᠪᠠᠶᠢᠭᠤᠯᠵᠤ᠂ ᠨᠡᠬᠦᠷᠡᠰᠦᠨ ᠠᠭᠤᠷᠬᠠᠢ᠂ ᠨᠡᠬᠦᠷᠡᠰᠦ ᠬᠢᠮᠢ ᠶᠢᠨ ᠠᠵᠤ ᠦᠢᠯᠡᠳᠪᠤᠷᠢ ᠲᠠᠢ ᠢᠵᠢ ᠪᠦᠷᠢᠳᠦᠭᠰᠡᠨ ᠲᠤᠮᠳᠠ ᠵᠢᠵᠢᠭ ᠠᠵᠤ ᠠᠬᠤᠶᠢᠯᠠᠯ | ᠤᠨ ᠰᠠᠭᠤᠷᠢᠰᠢᠨ ᠨᠣᠳᠣᠭᠰᠢᠬᠤ ᠶᠢ ᠠᠬᠢᠭᠤᠯᠵᠣ ᠲᠤᠮᠤ ᠲᠤᠮᠳᠠ ᠵᠢᠵᠢᠭ ᠠᠵᠤ ᠠᠬᠤᠶᠢᠯᠠᠯ ᠤᠨ ᠱᠠᠳᠣᠴᠢ ᠦᠷᠢᠰᠣᠯᠳᠦᠬᠡᠨ ᠤ ᠬᠦᠭᠵᠢᠯᠳᠡ ᠶᠢᠨ ᠰᠢᠨ᠎ᠡ | ᠪᠠᠶᠢᠳᠠᠯ ᠢ ᠡᠬᠦᠳᠦᠨ᠎ᠡ᠃ ᠠᠵᠤ ᠠᠬᠤᠶᠢᠯᠠᠯ ᠢ ᠲᠡᠳᠬᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠦᠢᠯᠳᠪᠤᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠢ ᠪᠠᠭᠤᠷᠠᠭᠤᠯᠣᠨ ᠨᠢᠭᠡ ᠪᠦᠯᠦᠭ ᠪᠣᠷᠣᠯᠠᠭᠤᠯᠣᠯᠳᠠ ᠶᠢᠨ ᠤᠷᠤᠯᠭ᠎ᠠ ᠨᠢ ᠵᠠᠭᠤᠨ ᠳ᠋ᠦᠩᠰᠢᠭᠤᠷ | ᠲᠦᠭᠦᠷᠢᠭ ᠢ ᠳᠠᠪᠠᠭᠰᠠᠨ ᠪᠠ ᠤᠷᠤᠨ ᠨᠤᠳᠤᠭ ᠤᠨ ᠡᠳ᠋ ᠤᠨ ᠵᠠᠰᠠᠭ ᠲᠤ ᠦᠵᠡᠬᠦᠯᠬᠦ ᠬᠤᠪᠢ ᠨᠡᠮᠡᠷᠢ ᠨᠢ ᠳ᠋ᠦᠩᠰᠢᠭᠤᠷ ᠲᠦᠭᠦᠷᠢᠭ ᠢ ᠲᠠᠪᠠᠭᠰᠠᠨ | ᠭᠤᠤᠯᠳᠠᠯᠭᠠᠳᠤ ᠠᠵᠤ ᠠᠬᠤᠶᠢᠯᠠᠯ ᠢ ᠪᠤᠶᠢᠵᠢᠭᠤᠯᠵᠤ ᠭᠤᠤᠯ ᠪᠤᠯᠬᠤ ᠠᠵᠤ ᠠᠬᠤᠢ ᠶᠢᠨ ᠬᠦᠢᠴᠡᠳᠬᠡᠯ ᠲᠤᠭᠠᠨ ᠤ ᠨᠡᠮᠡᠭᠳᠡᠯ ᠢ ᠪᠦᠬᠦ ᠬᠤᠳᠠ ᠶᠢᠨ | ᠲᠤᠮᠳᠠᠴᠢᠯᠠᠭᠰᠠᠨ ᠬᠢᠷᠢ ᠲᠦᠪᠰᠢᠨ ᠠᠴᠠ ᠪᠠᠶᠢᠩᠭᠤ ᠦᠨᠳᠦᠷ ᠪᠠᠶᠢᠯᠭᠠᠵᠤ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠬᠦᠭᠵᠢᠯᠳᠡ ᠶᠢᠨ ᠴᠢᠨᠠᠷ ᠴᠢᠨᠰᠠᠭ᠎ᠠ ᠪᠦᠬᠦ | ᠬᠤᠳᠠ ᠶᠢᠨ ᠲᠡᠷᠢᠬᠦᠨ ᠡᠩᠨᠡᠭᠡᠨ ᠳᠤ ᠤᠷᠤᠬᠤ ᠶᠢ ᠪᠠᠳᠤᠯᠠᠨ᠎ᠠ᠃ | ︵ᠬᠤᠶᠠᠷ︶ ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠪᠠᠨ ᠰᠡᠳᠬᠢᠯ ᠨᠢᠭᠡᠳᠦᠨ | ᠪᠡᠷᠬᠡᠰᠢᠶᠡᠯ ᠢ ᠳᠣᠭᠤᠯᠵᠣ᠂ ᠬᠤᠳᠠ ᠬᠦᠳᠡᠭᠡ ᠶᠢᠨ ᠬᠦᠭᠵᠢᠯᠳᠡ ᠶᠢ ᠤᠯᠠᠮ ᠲᠡᠩᠴᠡᠭᠦᠷᠢᠳᠡᠢ ᠪᠤᠯᠭᠠᠨ᠎ᠠ᠃ ᠠᠵᠤ ᠦᠢᠯᠡᠰ ᠴᠡᠴᠡᠭᠯᠡᠨ ᠬᠦᠭᠵᠢᠭᠰᠡᠨ᠂ ᠠᠮᠢ | ᠠᠬᠤᠢ ᠰᠠᠭᠤᠷᠢᠰᠢᠬᠤ ᠳᠤ ᠲᠤᠬᠢᠳᠠᠢ᠂ ᠨᠤᠳᠤᠭ ᠤᠨ ᠰᠣᠷᠳᠠᠯ ᠪᠤᠯᠪᠠᠰᠤᠨ᠂ ᠵᠠᠰᠠᠯᠳᠠ ᠪᠦᠳᠦᠮᠵᠢᠳᠡᠢ᠂ ᠠᠮᠢᠳᠤᠷᠠᠯ ᠴᠢᠨᠡᠭᠡᠯᠢᠭ ᠪᠠᠶᠢᠬᠤ ᠶᠡᠷᠦᠩᠬᠡᠢ | ᠱᠠᠭᠠᠷᠳᠠᠯᠭ᠎ᠠ ᠳᠤ ᠨᠡᠶᠢᠴᠡᠬᠦᠯᠦᠨ ᠮᠠᠯ ᠲᠠᠷᠢᠶᠠᠯᠠᠩ ᠤᠨ ᠠᠵᠣ ᠠᠬᠤᠢ ᠶᠢᠨ ᠦᠷ᠎ᠡ ᠠᠰᠢᠭ ᠢ ᠨᠡᠮᠡᠭᠳᠡᠬᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ | ᠨᠡᠮᠡᠭᠳᠡᠬᠦᠯᠬᠦ ᠳᠤ ᠬᠦᠴᠦ ᠲᠠᠯᠪᠢᠵᠤ᠂ ᠬᠦᠳᠡᠭᠡ ᠨᠤᠳᠤᠭ ᠤᠨ ᠶᠡᠷᠦᠩᠬᠡᠶᠢᠯᠡᠭᠰᠡᠨ ᠴᠤᠭᠴᠠ ᠶᠢᠨ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢᠨ | ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ ᠪᠦᠳᠦᠭᠡᠯᠴᠢ ᠰᠡᠳᠬᠢᠮᠵᠢ ᠲᠠᠢ ᠣᠶᠣᠨᠴᠢᠯᠠᠭᠰᠠᠨ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠵᠦ᠂ ᠳᠠᠷᠢᠶᠠᠯᠠᠩ | ᠢ ᠪᠡᠶᠡᠴᠢᠯᠡᠨ ᠤᠶᠢᠯᠠᠭᠠᠬᠤ᠂ ᠬᠦᠳᠡᠭᠡ ᠲᠤᠰᠬᠤᠨ ᠤ ᠵᠢᠭᠤᠯᠴᠢᠯᠠᠯ ᠵᠡᠷᠬᠡ ᠶᠢᠨ ᠲᠦᠭᠦᠭᠡᠷᠦᠮᠵᠢ ᠶᠢ ᠪᠦᠷᠢᠨᠰᠢᠬᠦᠯᠵᠦ ᠬᠦᠳᠡᠭᠡ ᠨᠤᠳᠤᠭ ᠤᠨ ᠶᠡᠷᠦᠩᠬᠡᠶᠢᠯᠡᠭᠰᠡᠨ | ᠴᠤᠭᠴᠠ ᠶᠢ ᠪᠠᠶᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ | ᠲᠠᠭᠠᠭᠠᠴᠢᠯᠠᠭᠰᠠᠨ ᠭᠠᠵᠠᠷ ᠰᠢᠷᠦᠢ ᠶᠢᠨ ︽ᠭᠤᠷᠪᠠᠨ ᠡᠷᠬᠡ︾ ᠶᠢ ᠰᠠᠯᠭᠠᠬᠤ ᠲᠦᠷᠢᠮ ᠢ ᠲᠡᠭᠦᠯᠳᠡᠷᠵᠢᠬᠦᠯᠦᠨ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ | ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ ᠬᠠᠶᠢᠨ ᠰᠦᠪᠡᠭᠴᠢᠯᠡᠵᠦ ᠭᠠᠵᠠᠷ ᠰᠢᠷᠤᠢ᠂ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢᠨ | ᠡᠷᠬᠢᠯᠳᠦᠯ᠂ ᠪᠠᠷᠢᠴᠠᠭᠠᠯᠠᠨ ᠠᠷᠠᠯᠵᠢᠶᠠᠯᠠᠬᠤ ᠲᠠᠪᠴᠠᠩ ᠢ ᠪᠠᠶᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠵᠤᠬᠢᠬᠤ ᠬᠡᠪᠴᠢᠶᠡᠵᠢᠭᠰᠡᠨ | ᠡᠵᠡᠩᠨᠡᠯᠳᠡ ᠶᠢᠨ ᠭᠤᠤᠯ ᠴᠤᠭᠴᠠ᠂ ᠮᠠᠯᠴᠢᠨ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠪᠤᠷᠤᠯᠠᠭᠤᠯᠭ᠎ᠠ ᠶᠢ ᠵᠠᠯᠭᠠᠯᠳᠣᠭᠤᠯᠬᠤ ᠪᠤᠯᠤᠨ ᠬᠤᠷᠰᠢᠨ | ᠠᠵᠢᠯᠯᠠᠭᠤᠯᠬᠤ ᠶᠢ ᠠᠬᠢᠭᠤᠯᠵᠤ᠂ ᠴᠢᠭᠯᠡᠯᠳᠤ ᠴᠢᠨᠠᠷᠳᠠᠢ ᠪᠡᠯᠡ ᠤᠷᠤᠭᠤᠯᠤᠯᠳᠠ᠂ ᠰᠢᠯᠢᠳᠡᠭ ᠡᠬᠦᠯᠳᠡᠷ ᠪᠤᠶᠢᠵᠢᠭᠤᠯᠬᠤ᠂ ᠲᠤᠰᠬᠠᠢ ᠲᠦᠷᠦᠯ ᠤᠨ ᠦᠢᠯᠡᠴᠢᠯᠡᠭᠡ | ᠂ ᠵᠠᠬᠢᠶᠠᠯᠠᠭ᠎ᠠ ᠪᠠᠷ ᠬᠤᠳᠠᠯᠳᠣᠨ ᠠᠪᠬᠤ ᠵᠡᠷᠬᠡ ᠠᠷᠭ᠎ᠠ ᠪᠠᠷᠢᠯ ᠢᠶᠠᠷ ᠲᠠᠮᠵᠢᠨ ᠦᠷ᠎ᠡ ᠠᠰᠢᠭ ᠤᠨ ᠬᠤᠯᠪᠤᠯᠳᠤᠯ ᠤᠨ ᠲᠤᠭᠳᠠᠴᠠ ᠶᠢ ᠲᠡᠬᠦᠯᠳᠡᠷᠵᠢᠬᠦᠯᠦᠨ | ᠬᠡᠪᠴᠢᠶᠡᠵᠢᠭᠰᠡᠨ ᠡᠵᠡᠩᠨᠡᠯᠳᠡ ᠶᠢᠨ ᠳᠠᠯᠠᠪᠠᠢ ᠶᠢ ᠦᠷᠬᠡᠳᠬᠡᠨ᠎ᠠ᠃ ᠮᠠᠯᠴᠢᠨ ᠲᠠᠷᠢᠶᠠᠴᠢᠳ ᠤᠨ ᠰᠢᠨ᠎ᠡ ᠶᠢ ᠡᠬᠦᠳᠦᠨ ᠦᠢᠯᠡᠰ ᠪᠤᠰᠬᠠᠬᠤ ᠶᠢ ᠵᠤᠷᠢᠭᠵᠢᠭᠤᠯᠵᠤ | ᠮᠡᠷᠭᠡᠵᠢᠯ ᠲᠠᠢ ᠮᠠᠯᠴᠢᠨ ᠲᠠᠷᠢᠶᠠᠴᠢᠨ ᠢ ᠬᠦᠮᠦᠵᠢᠬᠦᠯᠦᠨ ︽ᠢᠨᠲ᠋ᠧᠷ ᠰᠦᠯᠵᠢᠶ᠎ᠡ +︾ ᠳᠤ ᠰᠠᠭᠤᠷᠢᠯᠠᠨ ᠪᠤᠬᠢᠷᠳᠤᠯ ᠦᠭᠡᠢ᠂ ᠦᠪᠡᠷᠮᠢᠴᠡ ᠤᠨᠴᠠᠯᠢᠭ ᠪᠦᠬᠦᠢ | ᠦᠢᠯᠠᠳᠪᠤᠷᠢᠯᠡᠯ ᠢ ᠦᠷᠨᠢᠬᠦᠯᠵᠦ᠂ ᠨᠢᠭᠡ ᠪᠦᠯᠦᠭ ᠨᠠᠷᠢᠯᠢᠭ ᠰᠠᠶᠢᠬᠠᠨ᠂ ᠤᠨᠴᠠᠯᠢᠭ ᠢᠶᠠᠷ ᠳᠣᠳᠣ ᠮᠠᠯ ᠲᠠᠷᠢᠶᠠᠯᠠᠩ ᠤᠨ ᠦᠢᠯᠡᠰ ᠤᠨ ᠰᠠᠭᠤᠷᠢᠨ ᠭᠠᠵᠠᠷ ᠪᠠ | ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠵᠤ᠂ ᠤᠯᠤᠰ ᠤᠨ ᠲᠡᠰ ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ ᠴᠢᠨᠰᠠᠭ᠎ᠠ ᠠᠮᠤᠷ ᠲᠦᠪᠰᠢᠨ | ᠬᠤᠰᠢᠭᠤ ᠶᠢ ᠪᠦᠳᠦᠭᠡᠨ ᠪᠠᠶᠢᠭᠤᠯᠤᠨ᠎ᠠ᠃ ᠤᠷᠳᠤᠰ ᠤᠨ ᠨᠠᠷᠢᠨ ᠨᠤᠤᠰᠤᠳᠤ ᠬᠤᠨᠢ᠂ ᠦᠦᠰᠢᠨ ᠤ ᠲᠠᠯ᠎ᠠ ᠨᠤᠳᠤᠭ ᠤᠨ ᠤᠯᠠᠭᠠᠨ ᠦᠬᠡᠷ᠂ ᠦᠦᠰᠢᠨ | ᠬᠤᠰᠢᠭᠤᠨ ᠤ ᠬᠤᠸᠠᠩ ᠰᠢᠶᠠᠩ ᠳᠡᠮᠳᠡᠭᠳᠣ ᠭᠠᠭ᠋ᠠᠢ ᠵᠡᠷᠬᠡ ᠭᠠᠵᠠᠷ ᠵᠦᠢ ᠶᠢᠨ ᠪᠡᠯᠬᠡ ᠲᠡᠮᠳᠡᠭᠳᠦ ᠪᠦᠳᠦᠬᠡᠭᠳᠡᠬᠦᠨ ᠤ ᠠᠭᠤᠯᠬᠤᠨ ᠢ ᠴᠢᠨᠠᠭᠰᠢᠳᠠ | ᠰᠦᠪᠡᠭᠴᠢᠯᠡᠵᠦ᠂ ᠲᠡᠵᠢᠭᠡᠨ ᠦᠷᠡᠵᠢᠬᠦᠯᠬᠦ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ ᠮᠢᠬᠠᠨ ᠲᠦᠷᠥᠯ ᠤᠨ ᠲᠤᠮᠳᠠ ᠦᠨᠳᠣᠷ | ᠵᠡᠷᠬᠡ ᠶᠢᠨ ᠬᠠᠩᠭᠠᠯᠭ᠎ᠠ ᠶᠢᠨ ᠤᠷᠤᠨ ᠢ ᠪᠠᠶᠢᠭᠤᠯᠤᠨ᠎ᠠ᠃ ᠨᠡᠷᠡᠳᠦ ᠪᠠ ᠠᠯᠳᠠᠷᠳᠤ ᠲᠡᠮᠳᠡᠭᠳᠦ ᠶᠢ ᠬᠦᠴᠦ ᠲᠠᠯᠪᠢᠨ ᠬᠦᠮᠦᠵᠢᠬᠦᠯᠵᠦ ᠮᠠᠯ ᠲᠠᠷᠢᠶᠠᠯᠠᠩ ᠤᠨ | ᠪᠦᠳᠦᠬᠡᠭᠳᠡᠬᠦᠨ ᠢ ︽ᠰᠠᠶᠢᠨ ᠳᠠᠷᠢᠵᠣ᠂ ᠰᠠᠶᠢᠨ ᠮᠠᠯᠵᠢᠵᠣ︾ ᠪᠠᠶᠢᠭᠰᠠᠨ ᠠᠴᠠ ᠪᠠᠨ ︽ᠪᠤᠷᠤᠯᠠᠭᠤᠯᠭ᠎ᠠ ᠰᠠᠶᠢᠳᠠᠢ︾ ᠪᠤᠯᠭᠠᠨ᠎ᠠ᠃ ᠨᠢᠭᠡ ᠪᠦᠯᠦᠭ ᠮᠠᠯ | ᠲᠠᠷᠢᠶᠠᠯᠠᠩ ᠤᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ᠂ ᠬᠦᠢᠳᠡᠨ ᠬᠡᠯᠬᠢᠶᠡᠵᠢᠯ ᠤᠨ ᠪᠤᠳᠠᠰ ᠤᠨ ᠭᠦᠢᠯᠭᠡᠭᠡᠨ ᠤ ᠲᠦᠷᠦᠯ ᠵᠦᠢᠯ ᠢ ᠤᠷᠤᠭᠤᠯᠵᠤ | ᠮᠠᠯ ᠲᠠᠷᠢᠶᠠᠯᠠᠩ ᠤᠨ ᠪᠦᠳᠦᠬᠡᠭᠳᠡᠬᠦᠨ ᠤ ᠲᠤᠬᠠᠢ ᠶᠢᠨ ᠭᠠᠵᠠᠷ ᠲᠤᠨᠢ ᠣᠨᠳᠣᠣᠰᠢᠭᠤᠯᠬᠤ ᠨᠤᠷᠮ᠎ᠠ ᠪᠠ ᠨᠡᠮᠡᠯᠳᠡ ᠦᠷᠳᠡᠭ ᠢ ᠲᠡᠭᠡᠭᠰᠢᠯᠡᠬᠦᠯᠦᠨ ᠮᠠᠯᠴᠢᠨ | ᠳᠠᠷᠢᠶᠠᠴᠢᠨ ᠤ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠬᠦᠯᠬᠦ ᠶᠢ ᠠᠬᠢᠭᠤᠯᠣᠨ᠎ᠠ᠃ 2022 ᠤᠨ ᠪᠤᠯᠬᠤ ᠳᠤ ᠮᠠᠯᠴᠢᠨ ᠲᠠᠷᠢᠶᠠᠴᠢᠨ ᠤ ᠮᠠᠯ | ᠲᠠᠷᠢᠶᠠᠯᠠᠩ ᠤᠨ ᠪᠤᠰᠤ ᠠᠵᠤ ᠦᠢᠯᠡᠰ ᠤᠨ ᠤᠷᠤᠯᠭ᠎ᠠ ᠶᠢ 10% ᠲᠡᠭᠡᠭᠰᠢᠯᠡᠬᠦᠯᠦᠨ᠎ᠡ᠃ ᠬᠤᠳᠠ ᠬᠦᠳᠡᠭᠡ ᠶᠢᠨ ᠴᠢᠬᠤᠯᠠ ᠬᠦᠴᠦᠨ ᠵᠣᠶᠢᠯ ᠤᠨ ᠢᠵᠢ | ᠪᠦᠷᠢᠳᠦᠬᠦ ᠶᠢ ᠨᠢᠭᠡᠳᠦᠯᠳᠡᠢ ᠲᠦᠯᠦᠪᠯᠡᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭᠠᠨ ᠢ ᠬᠦᠨᠵᠡᠭᠡᠢ ᠦᠷᠨᠢᠬᠦᠯᠵᠣ ︽ᠰᠢᠳᠠᠮᠠᠬᠠᠢ ᠬᠡᠢ ᠶᠢ ᠨᠡᠶᠢᠳᠡᠮᠵᠢᠬᠦᠯᠥᠭᠰᠡᠨ ᠦᠦᠰᠢᠨ︾ ᠤ ᠢᠨᠵᠧᠨᠧᠷᠢᠩ ᠢ ᠠᠬᠢᠭᠤᠯᠵᠤ᠂ ᠵᠢᠵᠢᠭ | ᠬᠤᠳᠠ ᠪᠠᠯᠭᠠᠰᠤ ᠪᠠ ᠬᠦᠳᠡᠭᠡ ᠲᠤᠰᠬᠤᠨ ᠤ ᠳᠣᠯᠠᠭᠠᠯᠠᠯᠭ᠎ᠠ ᠬᠠᠩᠭᠠᠬᠤ᠂ ᠪᠤᠬᠢᠷ ᠤᠰᠤ᠂ ᠬᠤᠭ ᠨᠣᠪᠰᠢ ᠰᠢᠢᠳᠪᠤᠷᠢᠯᠡᠬᠦ ᠵᠡᠷᠬᠡ ᠴᠢᠳᠡᠪᠬᠢ ᠶᠢ | ᠲᠦᠬᠦᠷᠵᠢᠬᠦᠯᠥᠨ ᠮᠠᠯᠵᠢᠬᠤ ᠳᠠᠷᠢᠶᠠᠯᠠᠬᠤ ᠣᠷᠣᠨ ᠤ ᠴᠠᠬᠢᠯᠭᠠᠨ ᠬᠦᠴᠦᠨ᠂ ᠵᠠᠮ᠂ ᠣᠰᠣᠨ ᠠᠰᠢᠭᠯᠠᠯᠳᠠ᠂ ᠴᠢᠮᠡᠭᠡ ᠬᠤᠯᠪᠣᠭ᠎ᠠ ᠵᠡᠷᠬᠡ ᠰᠠᠭᠤᠷᠢ | ᠲᠦᠭᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠣ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠳᠣᠳᠠᠭᠤᠳᠠᠯ ᠢ | ᠨᠦᠬᠦᠪᠦᠷᠢᠯᠡᠨ᠂ ᠨᠢᠭᠡ ᠪᠦᠯᠦᠭ ᠭᠤᠶᠢᠳᠠ ᠦᠵᠡᠰᠬᠦᠯᠡᠩᠳᠣ ᠰᠠᠶᠢᠬᠠᠨ ᠵᠢᠵᠢᠭ ᠪᠠᠯᠭᠠᠰᠤ ᠪᠠ ᠤᠷᠤᠰᠢᠨ ᠰᠠᠭᠤᠷᠢᠰᠢᠬᠤ ᠳᠤ ᠲᠤᠬᠢᠳᠠᠢ ᠬᠦᠳᠡᠭᠡ ᠲᠤᠰᠬᠤᠨ ᠤ | ᠲᠠᠭᠤᠷᠢᠶᠠᠯ ᠴᠢᠭ ᠢ ᠪᠣᠢ ᠪᠣᠯᠭᠠᠵᠣ᠂ ᠮᠠᠯᠵᠢᠬᠤ ᠲᠠᠷᠢᠶᠠᠯᠠᠬᠤ ᠤᠷᠤᠨ ᠢ ᠨᠡᠩ ᠦᠵᠡᠰᠬᠦᠯᠡᠩᠳᠣ ᠰᠠᠶᠢᠬᠠᠨ᠂ ᠮᠠᠯᠴᠢᠨ ᠲᠠᠷᠢᠶᠠᠴᠢᠨ ᠤ ᠠᠮᠢᠳᠤᠷᠠᠯ ᠢ ᠨᠡᠩ ᠵᠤᠯ | ᠵᠢᠷᠭᠠᠯᠳᠠᠢ ᠪᠤᠯᠭᠠᠨ᠎ᠠ᠃ | ︵ᠭᠤᠷᠪᠠ︶ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠡᠭᠡᠷ᠎ᠡ ᠤᠯᠠᠨ ᠡᠰᠢ ᠪᠠᠷ ᠬᠦᠴᠦᠯᠡᠵᠦ᠂ ᠰᠢᠨ᠎ᠡ ᠬᠡᠯᠪᠡᠷᠢ ᠶᠢᠨ ᠦᠢᠯᠡᠰ ᠢ | ᠤᠯᠠᠮ ᠠᠮᠢᠵᠢᠷᠠᠯ ᠤᠨ ᠬᠦᠴᠦᠨ ᠪᠢᠯᠬᠠᠭᠤᠯᠤᠨ᠎ᠠ᠃ ᠨᠡᠶᠢᠭᠡᠮ ᠵᠢᠷᠤᠮᠲᠤ ᠭᠤᠣᠯᠯᠠᠭᠴᠢ ᠥᠷᠳᠡᠭ ᠤᠨ ᠦᠵᠡᠯᠲᠡ ᠶᠢ ᠬᠥᠮᠥᠵᠢᠭᠦᠯᠵᠦ ᠣᠶᠢᠯᠡᠳᠣᠯᠬᠡᠵᠢᠬᠦᠯᠥᠨ | ᠬᠦᠰᠡᠯ ᠢᠲᠡᠭᠡᠯ ᠤᠨ ᠬᠦᠮᠦᠵᠢᠯ ᠢ ᠭᠦᠨᠵᠡᠭᠡᠢ ᠥᠷᠨᠢᠭᠦᠯᠵᠦ ᠰᠤᠶᠤᠯ ᠤᠨ ᠢᠲᠡᠭᠡᠯ ᠢ ᠴᠢᠩᠭᠠᠳᠬᠠᠨ᠎ᠠ᠃ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ | ᠪᠠᠷᠢᠮᠵᠢᠶᠠᠴᠢᠯᠠᠯ ᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ ᠳᠣᠭᠠᠴᠠᠯᠠᠭᠰᠠᠨ ᠨᠣᠮ ᠤᠨ ᠰᠠᠩ | ᠂ ᠳᠣᠭᠠᠴᠠᠯᠠᠭᠰᠠᠨ ᠮᠦᠽᠧᠢ᠂ ᠳᠣᠭᠠᠴᠠᠯᠠᠭᠰᠠᠨ ᠰᠤᠶᠤᠯ ᠤᠨ ᠣᠷᠳᠣᠨ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠣᠶᠣᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠪᠦᠬᠦ ᠤᠯᠤᠰ ᠤᠨ ᠬᠤᠰᠢᠭᠤ ᠰᠢᠶᠡᠨ ᠳᠡᠰ ᠤᠨ ᠪᠤᠯᠪᠠᠰᠤᠨ ᠬᠤᠲᠠ ᠶᠢᠨ ᠨᠠᠷᠠᠰ ᠤᠨ ᠳᠣᠷᠠᠳᠣᠯᠭ᠎ᠠ | ᠶᠢᠨ ᠬᠢᠷᠢ ᠬᠡᠮ ᠢ ᠳᠡᠮᠡᠴᠡᠨ ᠤᠯᠤᠨ᠎ᠠ᠃ ᠰᠣᠶᠣᠯ ᠤᠨ ᠪᠦᠲᠦᠭᠡᠯᠴᠢ ᠰᠡᠳᠬᠢᠮᠵᠢ ᠲᠠᠢ ᠠᠵᠤ ᠦᠢᠯᠡᠰ ᠤᠨ ᠬᠦᠷᠢᠶᠡᠯᠡᠩ ᠢ ᠰᠠᠶᠢᠳᠣᠷ ᠠᠳᠬᠤᠨ | ᠠᠵᠢᠯᠯᠠᠭᠤᠯᠵᠣ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠨᠡᠩ ᠤᠯᠠᠨ ᠰᠤᠶᠤᠯ ᠤᠨ ᠦᠢᠯᠡᠰᠴᠢᠨ ᠢ ᠬᠦᠳᠦᠯᠥᠨ | ᠳᠠᠭᠠᠭᠤᠯᠵᠣ ᠬᠦᠷᠢᠶᠡᠯᠡᠩ ᠲᠤᠭᠤᠷᠢᠭ ᠲᠤ ᠲᠥᠪᠯᠡᠷᠡᠭᠦᠯᠦᠨ ᠣᠯᠠᠨ ᠤ ᠬᠦᠷᠢᠶᠡᠯᠡᠯ᠂ ᠠᠷᠠᠯᠵᠢᠶᠠᠨ ᠤ ᠠᠮᠢᠰᠬᠤᠯ ᠢ ᠬᠤᠷᠠᠮᠳᠤᠭᠤᠯᠤᠨ᠎ᠠ᠃ ᠪᠦᠬᠦ ᠣᠷᠣᠨ | ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠵᠤ ᠰᠢᠷᠬᠤᠰᠤᠨ ᠰᠤᠶᠤᠯ᠂ ᠠᠮᠢ ᠠᠬᠤᠢ ᠶᠢᠨ ᠰᠣᠶᠣᠯ᠂ ᠲᠠᠯ᠎ᠠ ᠨᠤᠲᠤᠭ ᠤᠨ | ᠰᠤᠶᠤᠯ ᠤᠨ ᠠᠭᠤᠯᠬᠤᠨ ᠢ ᠭᠦᠨ ᠠᠭᠤᠳᠠᠯᠤᠨ ᠰᠤᠶᠤᠯ ᠵᠢᠭᠤᠯᠴᠢᠯᠠᠯ ᠤᠨ ᠦᠢᠯᠡᠰ ᠢ ᠠᠵᠤ ᠦᠢᠯᠡᠳᠪᠦᠷᠢ᠂ ᠲᠠᠷᠢᠶᠠᠯᠠᠩ ᠮᠠᠯ ᠠᠵᠣ ᠠᠬᠤᠢ᠂ ᠰᠤᠶᠤᠯ | ᠲᠠᠮᠢᠷ ᠵᠡᠷᠭᠡ ᠠᠵᠤ ᠦᠢᠯᠡᠰ ᠲᠠᠢ ᠠᠭᠤᠰᠤᠯᠴᠠᠭᠤᠯᠤᠨ ᠰᠢᠷᠬᠤᠰᠤᠨ ᠭᠤᠣᠯ ᠪᠠ ᠪᠠᠶᠠᠨᠨᠠᠭᠤᠷ ᠤᠨ ᠲᠠᠯ᠎ᠠ ᠨᠤᠲᠤᠭ ᠵᠡᠷᠭᠡ ᠦᠵᠡᠮᠵᠢ ᠶᠢᠨ ᠣᠷᠣᠨ ᠢ ᠨᠢᠬᠡ | ᠴᠣᠭᠴᠠᠵᠢᠭᠤᠯᠣᠨ ᠪᠦᠲᠦᠭᠡᠨ ᠪᠠᠶᠢᠭᠤᠯᠵᠤ᠂ ᠭᠤᠣᠯ ᠦᠵᠡᠮᠵᠢ ᠶᠢᠨ ᠣᠷᠣᠨ᠂ ᠵᠢᠭᠤᠯᠴᠢᠯᠠᠯ ᠤᠨ ᠵᠠᠮ ᠱᠤᠭᠤᠮ ᠤᠨ ᠠᠭᠤᠯᠵᠡᠷ ᠴᠡᠭ ᠤᠨ ᠲᠤᠨᠤᠭ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠮᠠᠯᠴᠢᠨ ᠲᠠᠷᠢᠶᠠᠴᠢᠨ ᠠᠶᠢᠯ ᠤᠨ ᠵᠣᠴᠢᠯᠠᠭ᠎ᠠ᠂ ᠬᠤᠪᠢ ᠶᠢᠨ ᠮᠠᠰᠢᠨ ᠢᠶᠠᠷ ᠵᠤᠭᠠᠴᠠᠬᠤ | ᠪᠠᠭᠤᠴᠠ ︵ᠥᠷᠲᠡᠭᠡ︶ ᠶᠢᠨ ᠵᠢᠭᠤᠯᠴᠢᠯᠡᠯ ᠤᠨ ᠪᠠᠶᠠᠴᠢᠯᠡᠨ ᠣᠶᠢᠯᠠᠭᠠᠬᠤ ᠲᠦᠷᠥᠯ ᠵᠣᠶᠢᠯ ᠢ ᠭᠦᠢᠴᠡᠳ ᠪᠣᠯᠭᠠᠵᠤ᠂ ᠵᠢᠭᠤᠯᠴᠢᠯᠠᠯ ᠤᠨ ᠴᠡᠭ ᠢ | ᠵᠢᠭᠤᠯᠴᠢᠯᠠᠯ ᠤᠨ ᠱᠣᠭᠤᠮ ᠪᠣᠯᠭᠠᠨ ᠵᠡᠷᠬᠡ ᠳᠠᠰ ᠢ ᠳᠡᠭᠡᠭᠰᠢᠯᠡᠭᠦᠯᠵᠦ ᠪᠠᠶᠢᠭᠠᠯᠢ ᠶᠢᠨ ᠦᠵᠡᠮᠵᠢ ᠨᠡᠩ ᠦᠵᠡᠰᠬᠦᠯᠡᠩ ᠰᠠᠶᠢᠬᠠᠨ ᠪᠦᠬᠦ ᠣᠷᠣᠨ ᠪᠦᠰᠠ ᠶᠢᠨ | ᠵᠢᠭᠤᠯᠴᠢᠯᠠᠯ ᠤᠨ ᠬᠠᠷᠠᠯᠳᠠᠳᠣ ᠣᠷᠣᠨ ᠪᠠ ᠰᠤᠶᠤᠯ ᠵᠢᠭᠤᠯᠴᠢᠯᠠᠯ ᠠᠭᠤᠰᠤᠯᠴᠠᠭᠰᠠᠨ ᠳᠠᠭᠤᠷᠢᠶᠠᠯ ᠣᠷᠣᠨ ᠢ ᠪᠦᠲᠦᠭᠡᠨ ᠪᠠᠶᠢᠭᠤᠯᠵᠣ ᠵᠢᠭᠤᠯᠴᠢᠯᠡᠯ ᠤᠨ | ᠶᠡᠷᠦᠩᠬᠡᠶᠢᠯᠡᠭᠰᠠᠨ ᠣᠷᠣᠯᠭ᠎ᠠ ᠶᠢ ᠵᠢᠯ ᠳᠣᠮᠳᠠᠴᠢ ᠪᠠᠷ 10% ᠨᠡᠮᠡᠭᠳᠡᠬᠦᠯᠥᠨ᠎ᠠ᠃ ︽ᠣᠯᠠᠨ ᠬᠤᠷᠠᠬᠤ︾ ᠵᠡᠷᠭᠡ ᠪᠠᠶᠠᠷ ᠳᠤᠷᠠᠰᠬᠠᠯ ᠤᠨ ᠨᠡᠷ᠎ᠡ ᠳᠡᠮᠳᠡᠭᠲᠦ ᠳᠤ | ᠳᠦᠰᠢᠭᠯᠡᠨ ᠦᠨᠳᠦᠰᠦᠲᠡᠨ᠂ ᠵᠠᠩ ᠣᠶᠢᠯᠡ ᠶᠢᠨ ᠰᠤᠶᠤᠯ ᠢᠶᠠᠷ ᠭᠤᠣᠯ ᠰᠡᠳᠦᠪ ᠪᠣᠯᠭᠠᠭᠰᠠᠨ ᠥᠪᠡᠷᠮᠢᠴᠡ ᠣᠨᠴᠠᠯᠢᠭᠳᠣ ᠰᠤᠶᠤᠯ ᠤᠨ ᠪᠦᠳᠦᠬᠡᠭᠳᠡᠬᠦᠨ ᠤ | ᠪᠣᠷᠣᠯᠠᠭᠤᠯᠣᠯᠳᠠ ᠶᠢᠨ ᠵᠠᠬ᠎ᠠ ᠳᠡᠯᠭᠡᠬᠦᠷ ᠢ ᠥᠷᠭᠡᠳᠬᠡᠵᠦ᠂ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠵᠤ ᠬᠠᠮᠠᠭᠠᠯᠠᠬᠤ ᠶᠢ ᠵᠢᠭᠤᠯᠴᠢᠯᠠᠯ᠂ ᠭᠠᠷ | ᠤᠷᠠᠯᠠᠯ ᠤᠨ ᠪᠦᠳᠦᠬᠡᠭᠳᠡᠬᠦᠨ ᠤ ᠦᠢᠯᠡᠳᠪᠦᠷᠢᠯᠡᠯ ᠲᠠᠢ ᠬᠠᠷᠢᠯᠴᠠᠨ ᠠᠬᠢᠭᠤᠯᠵᠤ ᠬᠠᠮᠲᠤ ᠪᠠᠷ ᠬᠦᠭᠵᠢᠬᠦᠯᠥᠭᠰᠡᠨ ᠪᠠᠶᠢᠳᠠᠯ ᠢ ᠪᠦᠷᠢᠯᠳᠦᠬᠦᠯᠥᠨ᠎ᠠ᠃ ᠠᠷᠠᠯᠵᠢᠶ᠎ᠠ | ᠬᠤᠳᠠᠯᠳᠤᠭ᠎ᠠ᠂ ᠭᠦᠢᠯᠭᠡᠭᠡ ᠵᠡᠷᠭᠡ ᠠᠵᠢᠯ ᠲᠦᠷᠦᠯ ᠢ ᠰᠦᠯᠵᠢᠶᠡᠨ ᠤ ᠭᠠᠳᠠᠨ᠎ᠠ ᠳᠣᠲᠤᠨ᠎ᠠ ᠭᠦᠨ ᠤᠶᠠᠯᠳᠤᠭᠤᠯᠤᠨ ᠠᠮᠢᠳᠤᠷᠠᠯ ᠤᠨ ᠴᠢᠨᠠᠷ ᠲᠠᠢ | ᠦᠢᠯᠡᠴᠢᠯᠡᠭᠡᠨ ᠤ ᠲᠥᠷᠥᠯ ᠤᠨ ᠨᠠᠷᠢᠯᠢᠭᠵᠢᠭᠤᠯᠣᠯᠳᠠ ᠪᠠ ᠴᠢᠨᠡᠷᠵᠢᠭᠤᠯᠣᠯᠳᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠠᠯ᠎ᠠ ᠶᠢᠨ | ᠪᠤᠳᠠᠰ ᠤᠨ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠲᠠᠸᠠᠷ ᠤᠨ ᠪᠦᠭᠡᠮ ᠠᠷᠠᠯᠵᠢᠶ᠎ᠠ᠂ ᠲᠦᠪᠯᠡᠷᠡᠬᠦᠯᠵᠣ ᠲᠠᠷᠬᠠᠭᠠᠵᠣ ᠵᠥᠭᠡᠭᠡᠪᠦᠷᠢᠯᠡᠬᠦ ᠲᠣᠣᠷ᠂ ᠴᠢᠮᠡᠭᠡ | ᠵᠠᠩᠭᠢ ᠶᠢᠨ ᠮᠥᠩᠭᠦᠨ ᠭᠦᠢᠯᠭᠡᠭᠡ ᠪᠠᠷ ᠲᠤᠯᠭᠠᠭᠤᠷᠢᠯᠠᠭᠤᠯᠤᠭᠰᠠᠨ ︽ᠭᠤᠷᠪᠠ ᠶᠢ ᠨᠢᠬᠡ ᠴᠣᠭᠴᠠᠵᠢᠭᠤᠯᠬᠤ︾ ᠲᠠᠪᠴᠠᠩ ᠢ ᠪᠦᠲᠦᠭᠡᠨ ᠪᠠᠶᠢᠭᠤᠯᠵᠤ᠂ | ᠪᠤᠳᠠᠰ ᠤᠨ ᠭᠦᠢᠯᠭᠡᠭᠡ ᠶᠢ ᠨᠡᠩ ᠰᠢᠯᠣᠭᠤᠨ ᠨᠡᠪᠲᠡᠷᠡᠭᠦᠯᠦᠨ ᠲᠦᠬᠦᠷᠵᠢᠭᠰᠡᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠣ ᠪᠤᠭᠤᠲᠤ ᠬᠥᠬᠡᠬᠤᠲᠠ | ᠢᠷᠭᠠᠢ ᠲᠡᠮᠡᠭᠡᠲᠦ ᠵᠡᠷᠭᠡ ᠶᠢᠨ ᠭᠠᠵᠠᠷ ᠣᠷᠣᠨ ᠤ ᠴᠢᠨᠠᠷᠲᠠᠢ ᠪᠤᠳᠠᠰ ᠤᠨ ᠭᠦᠢᠯᠭᠡᠭᠡ ᠶᠢᠨ ᠠᠭᠤᠯᠵᠠᠷ ᠴᠡᠭ ᠪᠠ ᠤᠮᠠᠷᠠᠲᠤ ᠶᠢᠨ ᠨᠡᠭᠦᠷᠡᠰᠦ ᠶᠢ ᠡᠮᠦᠨᠡᠰᠢ | ᠲᠡᠭᠡᠭᠡᠪᠦᠷᠢᠯᠡᠬᠦ ᠠᠵᠢᠯ ᠤᠨ ᠲᠦᠪᠯᠡᠷᠡᠬᠦᠯᠵᠣ ᠬᠦᠷᠬᠡᠬᠦ ᠴᠡᠭ ᠢ ᠴᠣᠭᠴᠠᠯᠠᠨ ᠪᠠᠶᠢᠭᠤᠯᠤᠨ᠎ᠠ᠃ 2022 ᠣᠨ ᠪᠣᠯᠬᠤ ᠳᠤ ᠲᠡᠮᠦᠷ ᠵᠠᠮ ᠤᠨ ᠲᠡᠭᠡᠭᠡᠪᠦᠷᠢ ᠶᠢᠨ | ᠴᠢᠳᠠᠪᠤᠷᠢ ᠶᠢ 1.2 ᠳ᠋ᠦᠩᠰᠢᠭᠤᠷ ᠳᠣᠨᠨ᠋ᠨ ᠭᠦᠷᠭᠡᠵᠦ᠂ ᠦᠢᠯᠡᠴᠢᠯᠡᠭᠡᠨ ᠤ ᠲᠦᠷᠦᠯ ᠤᠨ GDP ᠳᠠᠬᠢ ᠡᠵᠡᠯᠡᠬᠦ ᠬᠠᠷᠢᠴᠠᠯ ᠢ 27% ᠠᠴᠠ ᠳᠡᠭᠡᠭᠰᠢ | ᠪᠣᠯᠭᠠᠨ᠎ᠠ᠃ | ︵ᠳᠥᠷᠪᠡ︶ ᠨᠠᠷᠢᠯᠢᠭᠵᠢᠭᠤᠯᠣᠭᠰᠠᠨ ᠬᠠᠮᠢᠶᠠᠷᠤᠯᠲᠠ ᠳᠡᠭᠡᠷ᠎ᠡ ᠶᠡᠭᠡ ᠬᠦᠴᠦ ᠲᠠᠯᠪᠢᠵᠦ᠂ ᠰᠠᠭᠤᠷᠢ ᠳᠠᠭᠠᠭᠠᠴᠠ ᠶᠢ ᠨᠡᠩ ᠵᠣᠬᠢᠴᠠᠩᠭᠤᠢ ᠪᠣᠯᠭᠠᠨ᠎ᠠ᠃ | ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠠᠷᠢ ᠶᠢᠨ ᠬᠤᠲᠠ ᠪᠠᠯᠭᠠᠰᠣᠵᠢᠯᠳᠡ ᠶᠢ ᠯᠠᠪᠳᠠᠭᠤᠨ ᠠᠬᠢᠭᠤᠯᠵᠤ᠂ ᠬᠤᠲᠠ ᠪᠠᠯᠭᠠᠰᠤᠨ ᠤ ᠵᠡᠷᠬᠡ ᠳᠠᠰ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ ᠪᠤᠷᠤᠭᠠᠨ ᠤᠰᠤ ᠶᠢ ᠳᠠᠬᠢᠨ ᠠᠰᠢᠭᠯᠠᠨ ᠦᠶᠡᠷ ᠤᠰᠤᠳᠤᠯ ᠢ ᠰᠡᠷᠭᠡᠶᠢᠯᠡᠬᠦ᠂ ᠰᠠᠭᠠᠳ ᠦᠬᠡᠢ ᠨᠡᠪᠳᠡᠷᠡᠬᠦ᠂ | ᠬᠤᠲᠠ ᠪᠠᠯᠭᠠᠰᠤᠨ ᠤ ᠬᠤᠭᠤᠯᠠᠢ ᠲᠣᠣᠷ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠵᠡᠷᠭᠡ ᠲᠠᠯ᠎ᠠ ᠳᠡᠭᠡᠷ᠎ᠡ ᠨᠢᠭᠡ ᠪᠦᠯᠦᠭ ᠲᠦᠷᠦᠯ ᠵᠦᠢᠯ ᠢ | ᠰᠦᠪᠡᠭᠴᠢᠯᠡᠨ᠎ᠡ᠃ ᠳᠣᠯᠠᠭᠠᠯᠠᠯᠭ᠎ᠠ ᠬᠠᠩᠭᠠᠬᠤ᠂ ᠪᠣᠬᠢᠷᠳᠤᠯ ᠭᠠᠳᠠᠭᠰᠢᠯᠠᠭᠤᠯᠬᠤ᠂ ᠬᠡᠷᠡᠯᠳᠦᠬᠦᠯᠥᠯᠬᠡ ᠵᠡᠷᠭᠡ ᠲᠥᠬᠦᠭᠡᠷᠦᠮᠵᠢ ᠶᠢ ᠵᠢᠵᠢᠭ ᠵᠡᠭᠡᠯᠢ ᠭᠤᠳᠤᠮᠵᠢ | ᠳᠠᠰᠢ ᠥᠷᠭᠡᠳᠬᠡᠨ᠎ᠡ᠃ ᠭᠤᠣᠯᠳᠠᠯᠭᠠᠳᠣ ᠣᠷᠣᠨ ᠪᠦᠰᠡ᠂ ᠭᠤᠣᠯ ᠪᠣᠯᠬᠤ ᠠᠭᠤᠯᠵᠠᠷ ᠤᠨ ᠴᠡᠭ ᠤᠨ ᠦᠵᠡᠮᠵᠢ ᠶᠢᠨ ᠳᠡᠭᠡᠭᠰᠢᠯᠡᠭᠦᠯᠦᠯᠲᠡ ᠶᠢ ᠰᠠᠶᠢᠲᠤᠷ | ᠠᠳᠬᠤᠵᠤ᠂ ᠪᠣᠷᠣ ᠭᠡᠷᠲᠣ ᠲᠤᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠴᠠᠭ ᠳᠣᠬᠠᠢ ᠳᠤᠨᠢ ᠬᠢᠨᠠᠨ ᠡᠵᠡᠮᠳᠡᠭᠰᠡᠨ᠂ ᠬᠤᠲᠠ ᠪᠠᠯᠭᠠᠰᠣ ᠶᠢᠨ | ᠬᠠᠮᠢᠶᠠᠷᠤᠯᠲᠠ ᠶᠢᠨ ᠥᠳᠲᠦᠷ ᠲᠦᠷᠭᠡᠨ ᠦᠨᠳᠦᠷ ᠪᠦᠲᠦᠮᠵᠢ ᠲᠠᠢ ᠲᠣᠭᠠᠴᠠᠯᠠᠭᠰᠠᠨ ᠣᠶᠣᠨᠴᠢ ᠴᠢᠮᠡᠭᠡ ᠵᠠᠩᠭᠢ ᠶᠢᠨ ᠳᠠᠪᠴᠠᠩ ᠢ ᠪᠦᠲᠦᠭᠡᠨ ᠪᠠᠶᠢᠭᠤᠯᠵᠤ᠂ | ᠬᠤᠲᠠ ᠪᠠᠯᠭᠠᠰᠤ ᠶᠢᠨ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠳᠥᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠶᠤᠯ᠂ ᠰᠤᠷᠭᠠᠨ ᠬᠦᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠦᠢᠯᠡᠰ ᠪᠣᠰᠬᠠᠵᠣ ᠠᠵᠢᠯ ᠣᠯᠬᠤ | ᠵᠡᠷᠭᠡ ᠲᠠᠯ᠎ᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ ᠰᠠᠭᠤᠭᠠᠯᠢ ᠠᠷᠠᠳ ᠲᠤ ᠣᠬᠢ ᠰᠠᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ ᠬᠤᠲᠠ | ᠪᠠᠯᠭᠠᠰᠤ ᠶᠢ ᠤᠯᠠᠮ ᠲᠣᠬᠢᠯᠢᠭ ᠰᠠᠶᠢᠬᠠᠨ᠂ ᠠᠵᠢᠯᠯᠠᠵᠤ ᠠᠮᠢᠳᠤᠷᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠪᠦᠬᠦ ᠬᠤᠰᠢᠭᠤᠨ ᠤ ᠡᠷᠦᠬᠡ ᠠᠮᠠ ᠶᠢᠨ | ᠬᠤᠲᠠ ᠪᠠᠯᠭᠠᠰᠣᠵᠢᠯᠳᠡ ᠶᠢᠨ ᠨᠣᠷᠮ᠎ᠠ ᠶᠢ 63% ᠠᠴᠠ ᠳᠡᠬᠡᠭᠰᠢ ᠬᠦᠷᠭᠡᠨ᠎ᠡ᠃ ︽ᠳᠤᠯᠤᠭᠠᠨ ᠲᠣᠣᠷ︾ ᠢ ᠬᠠᠮᠳᠣᠪᠠᠷ ᠪᠠᠶᠢᠭᠤᠯᠬᠤ ᠶᠢ ᠪᠠᠷᠢᠮᠲᠠᠯᠠᠵᠤ᠂ | ᠬᠤᠲᠠ ᠬᠦᠳᠡᠭᠡ ᠶᠢᠨ ᠨᠢᠬᠡ ᠴᠣᠭᠴᠠᠵᠢᠭᠤᠯᠣᠭᠰᠠᠨ ᠬᠦᠭᠵᠢᠯᠳᠡ ᠲᠠᠢ ᠵᠣᠬᠢᠴᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ ᠲᠡᠮᠦᠷ | ᠵᠠᠮ ᠤᠨ ᠭᠤᠣᠯ ᠱᠤᠭᠤᠮ ᠢ ᠨᠠᠪᠳᠠᠷᠠᠬᠦᠯᠵᠣ ᠳᠠᠮᠣᠷ ᠵᠠᠮ ᠤᠨ ᠳᠠᠬᠡᠬᠡᠪᠣᠷᠢ ᠶᠢᠨ ᠲᠣᠣᠷ ᠢ ᠲᠡᠭᠦᠯᠳᠡᠷᠵᠢᠭᠦᠯᠵᠦ᠂ ᠵᠠᠰᠠᠮᠠᠯ ᠵᠠᠮ ᠤᠨ ᠭᠠᠷᠴᠠ ᠶᠢ ᠬᠤᠯᠪᠤᠵᠤ | ᠨᠠᠪᠳᠠᠷᠠᠬᠦᠯᠬᠦ ᠢ ᠰᠠᠶᠢᠳᠣᠷ ᠠᠳᠬᠤᠵᠣ ᠨᠡᠶᠢᠲᠡᠮ ᠬᠡᠷᠡᠭᠯᠡᠭᠡᠨ ᠤ ᠨᠢᠰᠭᠡᠯ ᠤᠨ ᠳᠠᠯᠠᠪᠣᠷ ᠢ ᠪᠦᠲᠦᠭᠡᠨ ᠪᠠᠶᠢᠭᠤᠯᠵᠤ᠂ ᠭᠠᠳᠠᠨ᠎ᠠ ᠳᠤᠳᠤᠨ᠎ᠠ ᠶᠢ ᠬᠤᠯᠪᠣᠨ ᠬᠤᠲᠠ | ᠬᠦᠳᠡᠭᠡ ᠶᠢ ᠪᠦᠷᠬᠦᠭᠰᠡᠨ ᠪᠤᠰᠤᠭ᠎ᠠ ᠴᠤᠭᠴᠠᠲᠤ ᠵᠠᠮ ᠬᠠᠷᠢᠯᠴᠠᠭᠠᠨ ᠤ ᠳᠡᠭᠡᠭᠡᠪᠦᠷᠢ ᠶᠢᠨ ᠲᠣᠣᠷ ᠢ ᠪᠦᠲᠦᠭᠡᠨ ᠪᠠᠶᠢᠭᠤᠯᠤᠨ᠎ᠠ᠃ 500 ᠺᠢᠯᠣᠸᠠᠲ ᠢᠶᠠᠷ | ᠲᠤᠯᠭᠠᠭᠤᠷᠢᠯᠠᠭᠤᠯᠤᠭᠰᠠᠨ ᠳᠠᠩᠴᠡᠬᠦᠷᠢᠳᠣ ᠲᠠᠷᠬᠠᠯᠲᠠ ᠲᠠᠢ ᠬᠤᠣᠰ ᠬᠠᠷᠢᠯᠲᠠ ᠶᠢᠨ ᠵᠠᠮ ᠲᠠᠢ ᠴᠠᠬᠢᠯᠭᠠᠨ ᠬᠦᠴᠦᠨ ᠤ ᠲᠣᠣᠷ ᠢ ᠪᠦᠲᠦᠭᠡᠨ ᠪᠠᠶᠢᠭᠤᠯᠤᠨ᠎ᠠ᠃ | ︽ᠣᠶᠣᠨᠴᠢ ᠦᠥᠰᠢᠨ︾ ᠢ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠡᠬᠢ ᠪᠠᠶᠠᠯᠢᠭ ᠤᠨ | ᠬᠦᠮᠦᠷᠬᠡ ᠪᠦᠷᠢᠨ ᠬᠠᠩᠭᠠᠯᠲᠠ ᠲᠠᠢ ᠪᠠ ᠣᠶᠣᠨᠴᠢ ᠬᠡᠷᠡᠭᠯᠡᠭᠡ ᠬᠤᠷᠠᠮᠳᠤᠭᠰᠠᠨ ᠴᠢᠮᠡᠭᠡ ᠵᠠᠩᠭᠢᠴᠢᠯᠠᠯᠲᠠ ᠶᠢᠨ ᠳᠠᠪᠴᠠᠩ ᠢ ᠪᠦᠲᠦᠭᠡᠨ ᠪᠠᠶᠢᠭᠤᠯᠤᠨ᠎ᠠ᠃ | ᠣᠰᠣᠨ ᠤ ᠡᠩ ᠤᠨ ᠪᠣᠰᠣ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠬᠤ ᠶᠢ ᠯᠠᠪᠳᠠᠭᠤᠨ ᠠᠬᠢᠭᠤᠯᠵᠤ ᠨᠡᠶᠢᠭᠡᠮ ᠤᠨ ᠪᠡᠯᠡ ᠬᠥᠷᠥᠩᠭᠡ ᠶᠢ ᠵᠢᠯᠣᠭᠤᠳᠣᠨ | ᠣᠰᠣᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠳᠤ ᠣᠷᠣᠯᠴᠠᠭᠤᠯᠤᠨ ᠣᠰᠣᠨ ᠠᠰᠢᠭᠯᠠᠯᠲᠠ ᠪᠠᠷ ᠨᠡᠶᠢᠭᠡᠮ ᠠᠵᠤ ᠠᠬᠤᠢ ᠶᠢᠨ | ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠪᠤᠬᠢᠷᠳᠣᠯ ᠦᠭᠡᠢ ᠬᠥᠭᠵᠢᠯᠲᠡ ᠶᠢ ᠳᠦᠯᠬᠢᠨ ᠠᠬᠢᠭᠤᠯᠬᠤ ᠳᠡᠭᠡᠷ᠎ᠡ ᠲᠤᠭᠲᠠᠭᠤᠨ ᠪᠦᠭᠡᠳ ᠤᠷᠲᠤ ᠤᠳᠠᠭᠠᠨ ᠪᠣᠳᠣᠯᠭ᠎ᠠ ᠶᠠᠪᠤᠭᠤᠯᠵᠤ᠂ | ᠠᠮᠢ ᠠᠬᠤᠢ ᠶᠢᠨ ᠣᠷᠴᠢᠨ ᠲᠤᠭᠤᠷᠢᠨ ᠢ ᠤᠯᠠᠮ ᠥᠵᠡᠰᠭᠦᠯᠡᠩ ᠰᠠᠶᠢᠬᠠᠨ ᠪᠣᠯᠭᠠᠨ᠎ᠠ᠃ ︽ᠬᠥᠬᠡ ᠣᠭᠲᠤᠷᠭᠤᠢ ᠨᠣᠮᠢᠨ ᠲᠠᠯ᠎ᠠ ᠨᠢ ᠠᠯᠲᠠ ᠮᠥᠩᠭᠦ ᠠᠴᠠ | ᠦᠨᠠᠳᠠᠢ︾ ᠭᠡᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠲᠠᠯ᠎ᠠ ᠪᠣᠯᠣᠨ ᠪᠦᠬᠦ ᠲᠠᠯ᠎ᠠ ᠳᠤ ᠲᠣᠣᠱᠯᠠᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠶᠢᠭᠠᠯᠢ ᠶᠢᠨ ᠨᠦᠬᠦᠴᠡᠯ ᠪᠣᠯᠣᠨ | ᠡᠬᠢ ᠪᠠᠶᠠᠯᠢᠭ ᠣᠷᠴᠢᠨ ᠠᠬᠤᠢ ᠶᠢᠨ ᠳᠠᠭᠠᠭᠠᠴᠠ ᠬᠦᠴᠦᠨ ᠳᠡᠭᠡᠷ᠎ᠡ ᠰᠠᠭᠤᠷᠢᠯᠠᠭᠤᠯᠤᠨ᠎ᠠ᠃ ᠲᠠᠯ᠎ᠠ ᠨᠤᠲᠤᠭ ᠪᠣᠯᠣᠨ ᠨᠣᠭᠤ ᠭᠠᠵᠠᠷ ᠤᠨ ᠬᠠᠮᠠᠭᠠᠯᠠᠯᠲᠠ᠂ | ᠬᠦᠷᠦᠰᠣ ᠰᠢᠷᠦᠢ ᠶᠢᠨ ᠬᠠᠮᠠᠭᠠᠯᠠᠯᠳᠠ ᠵᠡᠷᠭᠡ ᠭᠤᠣᠯ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ ᠴᠢᠨᠠᠷ ᠮᠠᠭᠤᠳᠠᠢ ᠦᠷ᠎ᠡ ᠠᠰᠢᠭ ᠳᠣᠣᠷ᠎ᠠ 50 | ᠲᠦᠮᠡᠨ ᠮᠦ ᠣᠢ ᠰᠢᠭᠤᠢ ᠶᠢ ᠥᠭᠡᠷᠡᠴᠢᠯᠡᠨ 100 ᠲᠦᠮᠡᠨ ᠮᠦ ᠠᠴᠠ ᠳᠡᠭᠡᠭᠰᠢ ᠨᠤᠲᠤᠭ ᠪᠡᠯᠴᠢᠭᠡᠷ ᠢ ᠬᠠᠮᠠᠭᠠᠯᠠᠵᠣ᠂ ᠠᠮᠢ ᠠᠬᠤᠢ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠢ ᠢᠯᠡᠳᠳᠡ ᠰᠠᠶᠢᠵᠢᠷᠠᠭᠤᠯᠤᠨ᠎ᠠ᠃ ᠦᠨᠳᠦᠰᠦᠨ ᠠᠴᠠ ᠨᠢ ᠬᠢᠵᠠᠭᠠᠷᠯᠠᠬᠤ᠂ ᠶᠠᠪᠤᠴᠠ ᠳᠤᠨᠢ ᠰᠠᠷᠬᠡᠶᠢᠯᠡᠨ ᠡᠵᠡᠮᠳᠡᠬᠦ ᠶᠢ ᠳᠣᠪᠣᠶᠢᠯᠭᠠᠵᠤ | ᠠᠭᠠᠷ ᠮᠠᠨᠳᠠᠯ᠂ ᠣᠰᠣ ᠬᠦᠷᠣᠰᠣ ᠰᠢᠷᠦᠢ ᠶᠢᠨ ᠪᠤᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ ᠮᠠᠯ ᠳᠠᠷᠢᠶᠠᠯᠠᠩ ᠤᠨ | ᠦᠢᠯᠡᠰ ᠲᠤ ᠡᠯᠧᠺᠲᠷᠣᠨ ᠮᠥᠷᠳᠡᠯᠭᠡ ᠶᠢᠨ ᠳᠥᠷᠢᠮ ᠢ ᠬᠡᠷᠡᠭᠯᠡᠵᠦ᠂ ᠣᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠦᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠵᠢᠯ ᠠᠴᠠ ᠵᠢᠯ ᠰᠠᠶᠢᠵᠢᠷᠠᠭᠤᠯᠬᠤ ᠶᠢ ᠪᠠᠳᠣᠯᠠᠨ᠎ᠠ᠃ ᠣᠷᠴᠢᠨ | ᠲᠤᠭᠤᠷᠢᠨ ᠤ ᠪᠣᠬᠢᠷᠳᠤᠯ ᠢ ᠵᠠᠬ᠎ᠠ ᠳᠡᠯᠭᠡᠭᠦᠷᠴᠢᠯᠡᠨ ᠵᠠᠰᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠪᠣᠶᠢᠵᠢᠭᠤᠯᠤᠨ ᠦᠨᠳᠦᠷ ᠳᠠᠪᠤᠰᠤᠲᠤ | ᠤᠰᠤ᠂ ᠠᠭᠤᠷᠬᠠᠢ ᠶᠢᠨ ᠬᠤᠳᠳᠤᠭ ᠤᠨ ᠤᠰᠤ᠂ ᠬᠠᠲᠠᠭᠤ ᠬᠠᠶᠠᠭᠳᠠᠮᠠᠯ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ | ᠨᠢᠬᠡᠴᠡ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠣᠰᠤ᠂ ᠡᠨᠧᠷᠭᠢ ᠶᠢᠨ ᠶᠡᠷᠦᠩᠬᠡᠢ ᠬᠤᠷᠣᠭᠳᠠᠯ ᠢ ᠳᠣᠷᠣᠭᠰᠢᠯᠠᠭᠤᠯᠤᠨ᠎ᠠ᠃ ᠠᠭᠤᠷᠬᠠᠢ ᠶᠢᠨ ᠣᠷᠣᠨ ᠤ | ᠡᠶ᠎ᠡ ᠵᠣᠬᠢᠴᠠᠩᠭᠤᠢ᠂ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠭᠦᠨᠵᠡᠭᠡᠢ ᠳᠦᠯᠬᠢᠨ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠬᠦᠯᠵᠣ | ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠶᠢ ᠨᠦᠬᠦᠪᠦᠷᠢᠯᠡᠬᠦ ᠲᠤᠭᠲᠠᠴᠠ ᠶᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠦᠢ ᠶᠢᠨ | ᠤᠷᠤᠨ ᠵᠠᠢ ᠶᠢᠨ ᠬᠡᠷᠡᠭᠯᠡᠯᠳᠡ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ ᠠᠮᠢ ᠠᠬᠤᠢ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠢ ᠴᠢᠩᠭ᠎ᠠ ᠰᠠᠬᠢᠨ᠎ᠠ᠃ | ᠮᠠᠯ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤ ᠪᠠᠷ ᠲᠦᠷᠦᠯ ᠵᠦᠢᠯ᠂ | ᠬᠡᠪᠴᠢᠶ᠎ᠡ ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠢᠶᠠᠷᠬᠤ ᠬᠠᠮᠤᠭ ᠴᠢᠩᠭ᠎ᠠ ᠳᠥᠷᠢᠮ ᠢ ᠨᠠᠶᠢᠳᠠᠪᠣᠷᠢᠵᠢᠭᠤᠯᠵᠣ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠠᠮᠢ ᠠᠬᠤᠢ ᠶᠢᠨ ᠠᠮᠤᠷ ᠳᠥᠪᠰᠢᠨ ᠤ ᠬᠠᠷᠢᠭᠤᠴᠠᠯᠭ᠎ᠠ ᠶᠢᠨ ᠳᠥᠷᠢᠮ ᠢ ᠲᠡᠭᠦᠯᠳᠡᠷᠵᠢᠭᠦᠯᠵᠦ᠂ ᠠᠮᠢ | ᠠᠬᠤᠢ ᠶᠢ ᠡᠪᠳᠡᠭᠰᠡᠨ ᠬᠠᠷᠢᠭᠤᠴᠠᠯᠭ᠎ᠠ ᠶᠢᠨ ᠨᠡᠬᠡᠮᠵᠢᠯᠡᠯ ᠢ ᠴᠢᠩᠭᠠᠳᠬᠠᠨ᠎ᠠ᠃ ᠠᠮᠢ ᠠᠬᠤᠢ ᠶᠢᠨ ᠵᠢᠭᠤᠯᠴᠢᠯᠠᠯ᠂ ᠠᠵᠤ ᠠᠬᠤᠢ ᠶᠢᠨ ᠤᠢ ᠪᠣᠯᠣᠨ ᠣᠢ ᠮᠤᠳᠤ | ᠡᠯᠡᠰᠦᠨ ᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠠᠬᠤᠢ᠂ ᠨᠡᠶᠢᠭᠡᠮ᠂ ᠠᠮᠢ ᠠᠬᠤᠢ ᠶᠢᠨ ᠥᠷ᠎ᠡ ᠠᠰᠢᠭ ᠬᠠᠮᠳᠣᠪᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ | ᠠᠷᠪᠢᠯᠠᠨ ᠭᠠᠮᠨᠠᠬᠤ ᠬᠡᠯᠪᠡᠷᠢ ᠶᠢᠨ ᠠᠯᠪᠠᠨ ᠪᠠᠶᠢᠭᠤᠯᠭ᠎ᠠ᠂ ᠪᠣᠬᠢᠷᠳᠣᠯ ᠦᠭᠡᠢ ᠰᠤᠷᠭᠠᠭᠤᠯᠢ᠂ ᠪᠣᠬᠢᠷᠳᠣᠯ ᠦᠭᠡᠢ ᠨᠡᠶᠢᠭᠡᠮ ᠲᠤᠭᠤᠷᠢᠭ ᠵᠡᠷᠭᠡ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠨᠢᠬᠦᠯᠥᠨ ᠪᠦᠬᠦ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠴᠢᠨ ᠲᠤᠭᠤᠷᠢᠨ ᠢ ᠬᠠᠮᠠᠭᠠᠯᠠᠬᠤ | ᠤᠬᠠᠮᠰᠠᠷ ᠢ ᠳᠡᠭᠡᠭᠰᠢᠯᠡᠭᠦᠯᠦᠨ ᠠᠭᠠᠷ ᠲᠡᠭᠷᠢ ᠢ ᠨᠢ ᠴᠡᠯᠮᠡᠭ᠂ ᠲᠠᠯ᠎ᠠ ᠨᠤᠳᠤᠭ ᠢ ᠨᠢ ᠨᠤᠭᠤᠭᠠᠨ᠂ ᠤᠰᠤ ᠮᠦᠷᠡᠨ ᠢ ᠨᠢ ᠳᠣᠩᠭᠠᠯᠠᠭ ᠪᠠᠶᠢᠯᠭᠠᠨ᠎ᠠ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠳᠡᠬᠡᠷ᠎ᠡ ᠡᠷᠡᠰ ᠵᠣᠷᠢᠭᠳᠡᠢ ᠣᠷᠣᠭᠰᠢᠯᠡᠵᠣ᠂ ᠨᠡᠶᠢᠭᠡᠮ ᠤᠨ ᠵᠠᠰᠠᠯᠲᠠ ᠶᠢ ᠤᠯᠠᠮ | ᠪᠦᠲᠦᠮᠵᠢ ᠲᠠᠢ ᠪᠣᠯᠭᠠᠨ᠎ᠠ᠃ ᠰᠢᠰᠲ᠋ᠧᠮᠴᠢ ᠰᠡᠳᠬᠢᠴᠡ ᠪᠠᠷ ᠥᠭᠡᠷᠡᠴᠢᠯᠡᠯᠲᠡ ᠶᠢ ᠰᠦᠪᠡᠭᠴᠢᠯᠡᠨ ᠪᠠᠶᠢᠭᠤᠯᠤᠮᠵᠢ ᠲᠤᠭᠲᠠᠴᠠ ᠶᠢᠨ ᠬᠠᠷᠰᠢ ᠰᠠᠭᠠᠳ ᠢ | ᠠᠷᠢᠯᠭᠠᠵᠤ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠴᠦ ᠨᠡᠭᠡᠭᠡᠯᠲᠡ ᠲᠠᠢ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠡᠷᠳᠡᠢ ᠥᠭᠡᠷᠡᠴᠢᠯᠡᠯᠲᠡ ᠶᠢ ᠭᠦᠨᠵᠡᠭᠡᠢ ᠳᠦᠯᠬᠢᠨ ᠠᠬᠢᠭᠤᠯᠵᠤ ᠵᠠᠬ᠎ᠠ ᠳᠡᠯᠭᠡᠭᠦᠷ᠂ ᠪᠠᠷᠢᠮᠵᠢᠶ᠎ᠠ᠂ ᠬᠠᠣᠯᠢ ᠪᠠᠷ ᠵᠠᠰᠠᠬᠤ ᠵᠡᠷᠭᠡ ᠠᠷᠭ᠎ᠠ ᠪᠠᠷᠢᠯ ᠢ ᠬᠡᠷᠡᠭᠯᠡᠨ | ᠠᠵᠤ ᠦᠢᠯᠡᠰ ᠤᠨ ᠳᠠᠰ ᠳᠡᠪᠰᠢᠬᠦ ᠶᠢ ᠳᠦᠯᠬᠢᠨ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠱᠠᠩᠨᠠᠯ ᠬᠥᠬᠢᠭᠦᠯᠦᠯ ᠤᠨ ᠳᠥᠷᠢᠮ ᠢ ᠲᠡᠭᠦᠯᠳᠡᠷᠵᠢᠭᠦᠯᠵᠦ | ᠡᠵᠡᠨ ᠮᠡᠳᠡᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠶᠠᠰᠣ ᠴᠢᠨᠠᠷ ᠢᠶᠠᠷ ᠠᠵᠤ ᠠᠬᠤᠶᠢᠯᠠᠯ ᠢ ᠬᠦᠭᠵᠢᠬᠦᠯᠥᠨ ᠬᠦᠴᠦᠷᠬᠡᠭᠵᠢᠭᠦᠯᠬᠦ ᠶᠢ ᠳᠦᠯᠬᠢᠨ | ᠠᠬᠢᠭᠤᠯᠵᠤ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠵᠡᠷᠭᠡ ᠠᠵᠤ ᠦᠢᠯᠡᠰ ᠤᠨ ᠳᠣᠮᠳᠠᠬᠢ ᠦᠨᠳᠦᠷ ᠳᠡᠰ ᠤᠨ ᠬᠠᠩᠭᠠᠯᠭ᠎ᠠ ᠶᠢ ᠥᠷᠭᠡᠳᠬᠡᠨ ᠬᠥᠬᠡᠬᠤᠲᠠ | ᠪᠣᠭᠤᠳᠤ ᠣᠷᠳᠤᠰ ᠤᠨ ᠬᠠᠮᠳᠣᠷᠠᠭᠰᠠᠨ ᠬᠥᠭᠵᠢᠯᠲᠡ ᠶᠢᠨ ᠳᠤᠮᠳᠠ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠵᠤ᠂ ᠲᠦᠷᠦᠭᠦᠴᠢ ᠲᠤᠬᠢᠶᠠᠯ ᠢ ᠡᠵᠡᠮᠳᠡᠨ᠎ᠠ᠃ | ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠡᠳ᠋ ᠤᠨ ᠵᠠᠰᠠᠭ ᠤᠨ ᠳᠠᠮ ᠬᠦᠦ ᠮᠥᠩᠭᠦ᠂ ᠪᠡᠯᠡ ᠬᠤᠷᠠᠮᠳᠣᠭᠤᠯᠭ᠎ᠠ ᠶᠢᠨ ᠪᠠᠳᠣᠯᠠᠪᠣᠷᠢ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠵᠡᠷᠭᠡ ᠠᠷᠭ᠎ᠠ ᠪᠠᠷᠢᠯ ᠢ | ᠶᠡᠷᠦᠩᠬᠡᠶᠢᠯᠡᠨ ᠬᠡᠷᠡᠭᠯᠡᠵᠦ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠡᠳ᠋ ᠤᠨ ᠵᠠᠰᠠᠭ ᠤᠨ ᠪᠡᠯᠡ ᠮᠥᠩᠭᠦᠨ ᠤ ᠵᠢᠯᠣᠭᠤᠳᠤᠨ ᠳᠠᠭᠠᠭᠤᠯᠬᠤ | ᠦᠢᠯᠡᠳᠦᠯ ᠢ ᠰᠠᠶᠢᠨ ᠪᠠᠳᠠᠷᠠᠭᠤᠯᠤᠨ᠎ᠠ᠃ ᠠᠯᠪᠡᠨ ᠤ ᠪᠠ ᠬᠤᠪᠢ ᠶᠢᠨ ᠬᠠᠮᠲᠤᠷᠠᠨ ᠠᠵᠢᠯᠯᠠᠬᠤ ᠬᠦᠷᠢᠶ᠎ᠡ ᠴᠠᠷ᠎ᠠ ᠶᠢ ᠥᠷᠭᠡᠳᠬᠡᠵᠦ ᠨᠢᠭᠡ ᠪᠦᠯᠦᠭ PPP | ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ ᠠᠵᠤ ᠠᠬᠤᠶᠢᠯᠡᠯᠳᠠᠨ ᠤ ᠵᠣᠷᠢᠭ ᠰᠠᠨᠠᠭ᠎ᠠ ᠶᠢ ᠣᠷᠮᠠᠰᠢᠭᠤᠯᠣᠨ ᠬᠠᠮᠠᠭᠠᠯᠠᠵᠤ᠂ ᠠᠷᠠᠳ ᠤᠨ ᠳᠤᠮᠳᠠᠬᠢ | ᠬᠦᠷᠦᠩᠬᠡ ᠮᠦᠩᠬᠦ ᠶᠢ ᠰᠠᠭᠤᠷᠢ ᠲᠥᠬᠦᠭᠡᠷᠦᠮᠵᠢ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠪᠣᠯᠣᠨ ᠨᠠᠶᠢᠭᠡᠮ ᠤᠨ ᠠᠵᠢᠯ ᠦᠢᠯᠡᠰ ᠵᠡᠷᠭᠡ | ᠬᠦᠷᠢᠶᠠᠨ ᠳᠤ ᠪᠡᠯᠡ ᠣᠷᠣᠭᠤᠯᠤᠨ ᠣᠷᠣᠯᠴᠠᠭᠤᠯᠬᠤ ᠶᠢ ᠵᠣᠷᠢᠭᠵᠢᠭᠤᠯᠵᠣ ᠨᠡᠶᠢᠲᠡ ᠶᠢᠨ ᠪᠤᠰᠣ ᠥᠮᠴᠢᠯᠡᠯᠲᠤ ᠠᠵᠤ ᠠᠬᠤᠢ ᠶᠢᠨ ᠡᠵᠡᠯᠡᠬᠦ ᠬᠠᠷᠢᠴᠠᠯ ᠢ | ᠳᠡᠭᠡᠭᠰᠢᠯᠡᠭᠦᠯᠦᠨ᠎ᠡ᠃ ︽ᠡᠵᠡᠩᠨᠡᠯᠲᠡ ᠶᠢᠨ ᠵᠥᠪᠰᠢᠶᠡᠷᠡᠯ ᠤᠨ ᠥᠨᠡᠮᠯᠡᠯ ᠪᠠ ᠡᠵᠡᠩᠨᠡᠯᠲᠡ ᠶᠢᠨ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢ | ᠨᠡᠩ ᠥᠷᠭᠡᠨ ᠬᠡᠪᠴᠢᠶᠡᠨ ᠳᠤ ᠳᠦᠯᠬᠢᠨ ᠠᠬᠢᠭᠤᠯᠵᠤ᠂ ᠲᠥᠪ ᠭᠤᠣᠯᠴᠢ ᠥᠷᠢᠰᠦᠯᠳᠦᠬᠦ ᠬᠢᠨᠠᠨ ᠪᠠᠶᠢᠴᠠᠭᠠᠯᠲᠠ ᠶᠢᠨ ᠲᠥᠷᠢᠮ ᠢ ᠨᠠᠶᠢᠳᠠᠪᠤᠷᠢᠵᠢᠭᠤᠯᠤᠨ | ᠲᠤᠭᠲᠠᠭᠤᠨ᠂ ᠡᠷᠬᠡ ᠲᠡᠭᠰᠢ᠂ ᠢᠯᠡ ᠳᠣᠳᠣ᠂ ᠵᠢᠱᠢᠵᠦ ᠪᠣᠯᠬᠤᠶᠢᠴᠠ ᠡᠵᠡᠩᠨᠡᠵᠦ ᠪᠣᠷᠣᠯᠠᠭᠤᠯᠬᠤ ᠣᠷᠴᠢᠨ ᠠᠬᠤᠢ ᠶᠢ ᠪᠣᠢ ᠪᠣᠯᠭᠠᠨ᠎ᠠ᠃ ᠶᠡᠷᠦᠩᠬᠡᠶᠢᠯᠡᠨ | ᠬᠢᠨᠠᠨ ᠬᠠᠮᠢᠶᠠᠷᠬᠤ ᠬᠡᠯᠪᠡᠷᠢ ᠶᠢ ᠪᠠᠶᠢᠭᠤᠯᠵᠤ᠂ ᠲᠣᠮᠣ ᠳᠤᠭ᠎ᠠ ᠪᠠᠷᠢᠮᠳᠠ ᠵᠡᠷᠭᠡ ᠣᠳᠣ ᠦᠶ᠎ᠡ ᠶᠢᠨ ᠴᠢᠮᠡᠭᠡ ᠵᠠᠩᠬᠢ ᠶᠢᠨ ᠮᠡᠷᠭᠡᠵᠢᠯ ᠢ ᠭᠦᠢᠴᠡᠳ ᠬᠡᠷᠡᠭᠯᠡᠨ | ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠢᠨ᠋ᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠥᠭᠵᠢᠯᠲᠡ ᠶᠢ | ᠲᠥᠷᠭᠡᠳᠬᠡᠵᠦ᠂ ᠬᠠᠷᠢᠯᠴᠠᠨ ᠨᠡᠪᠲᠡᠷᠡᠵᠦ ᠬᠠᠮᠲᠤᠪᠠᠷ ᠡᠳ᠋ᠯᠡᠬᠦ ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠳᠠᠪᠴᠠᠩ ᠢ ᠪᠦᠲᠦᠭᠡᠨ | ᠪᠠᠶᠢᠭᠤᠯᠤᠨ ᠰᠠᠭᠤᠷᠢ ᠴᠢᠮᠡᠭᠡ ᠵᠠᠩᠬᠢ ᠶᠢ ᠬᠠᠮᠲᠤᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠢ ᠵᠣᠬᠢᠴᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠬᠠᠮᠤᠭ ᠤᠯᠠᠨ ᠳᠠᠭᠠᠨ ᠨᠢᠭᠡ ᠤᠳᠠᠭ᠎ᠠ ᠶᠠᠪᠤᠬᠤ︾ ᠶᠢ ᠡᠷᠲᠡ ᠨᠢᠭᠡ ᠡᠳᠦᠷ ᠪᠡᠶᠡᠯᠡᠭᠦᠯᠦᠨ᠎ᠡ᠃ | ᠦᠨᠳᠦᠰᠦᠨ ᠱᠠᠲᠤᠨ ᠤ ᠠᠷᠠᠳᠴᠢᠯᠠᠯ ᠬᠠᠤᠯᠢ ᠲᠥᠷᠢᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠦᠪᠯᠡᠬᠦ ᠠᠷᠠᠳᠴᠢᠯᠠᠯ ᠢ ᠳᠦᠯᠬᠢᠨ ᠠᠬᠢᠭᠤᠯᠵᠣ | ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠳᠠ ᠲᠠᠯᠪᠢᠬᠤ ᠡᠷᠬᠡ ᠶᠢ ᠪᠠᠲᠤᠯᠠᠨ᠎ᠠ᠃ ︽ᠴᠡᠷᠢᠭ ᠢᠶᠠᠨ | ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠵᠤ᠂ ᠵᠠᠰᠠᠭ ᠢᠶᠠᠨ ᠬᠦᠷᠢᠶᠡᠯᠡᠨ ᠠᠷᠠᠳ ᠲᠦᠮᠡᠨ ᠢ ᠬᠠᠶᠢᠷᠠᠯᠠᠬᠤ︾ ᠳᠠᠭᠤᠷᠢᠶᠠᠯ ᠬᠤᠰᠢᠭᠤᠨ ᠤ ᠡᠭᠦᠳᠦᠨ | ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ ᠴᠡᠷᠢᠭ ᠠᠷᠠᠳ ᠤᠨ ᠬᠡᠷᠡᠭᠯᠡᠭᠡ ᠶᠢ ᠠᠭᠤᠰᠣᠯᠴᠠᠭᠤᠯᠣᠨ ᠬᠦᠭᠵᠢᠬᠦᠯᠬᠦ ᠶᠢ ᠲᠦᠷᠭᠡᠳᠬᠡᠨ᠎ᠡ᠃ ᠠᠮᠣᠷ ᠲᠦᠪᠰᠢᠨ | ᠦᠢᠯᠡᠳᠪᠦᠷᠢᠯᠡᠯ ᠤᠨ ᠬᠦᠷᠢᠶᠠᠨ ᠳᠠᠬᠢ ᠥᠭᠡᠷᠡᠴᠢᠯᠡᠯᠲᠡ ᠶᠢ ᠳᠦᠯᠬᠢᠨ ᠠᠬᠢᠭᠤᠯᠵᠤ ᠠᠶᠤᠯ ᠳᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠪᠠ | ᠳᠠᠯᠳᠠ ᠬᠡᠮ ᠰᠣᠭᠤᠭ ᠢ ᠪᠠᠶᠢᠴᠠᠭᠠᠵᠤ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ | ᠡᠯ᠎ᠡ ᠲᠦᠷᠦᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠤᠯᠠᠨ ᠨᠡᠶᠢᠲᠡ ᠶᠢᠨ ᠠᠮᠤᠷ ᠲᠥᠪᠰᠢᠨ ᠤ ᠰᠢᠰᠲ᠋ᠧᠮ ᠢ | ᠪᠦᠷᠢᠨᠰᠢᠬᠦᠯᠵᠣ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠥᠨ ᠰᠢᠢᠳᠪᠣᠷᠢᠯᠡᠬᠦ ᠲᠤᠭᠲᠠᠴᠠ ᠶᠢ ᠲᠡᠭᠦᠯᠳᠡᠷᠵᠢᠭᠦᠯᠵᠦ ᠨᠡᠶᠢᠭᠡᠮ ᠤᠨ ᠵᠠᠰᠠᠯᠲᠠ ᠶᠢᠨ | ᠨᠡᠶᠢᠭᠡᠮᠴᠢᠯᠡᠭᠰᠡᠨ᠂ ᠬᠠᠣᠯᠢᠵᠢᠭᠰᠡᠨ᠂ ᠣᠶᠣᠨᠴᠢᠯᠠᠭᠰᠠᠨ᠂ ᠳᠣᠰᠬᠠᠢ ᠮᠡᠷᠭᠡᠵᠢᠭᠰᠡᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ | ᠥᠭᠡᠷᠡᠴᠢᠯᠡᠯᠲᠡ ᠶᠢᠨ ᠥᠷ᠎ᠡ ᠪᠦᠲᠦᠭᠡᠯ ᠢ ᠡᠷᠢᠯᠬᠢᠯᠡᠨ ᠳᠠᠭᠤᠷᠢᠶᠠᠵᠣ ᠳᠡᠯᠭᠡᠷᠡᠭᠦᠯᠣᠬᠡᠳ ᠬᠥᠭᠵᠢᠯᠲᠡ ᠶᠢᠨ ᠬᠥᠳᠡᠯᠭᠡᠭᠴᠢ ᠬᠦᠴᠦᠨ ᠢ ᠬᠥᠭᠵᠢᠭᠡᠨ | ᠥᠭᠡᠷᠡᠴᠢᠯᠡᠯᠲᠡ ᠨᠡᠭᠡᠭᠡᠯᠲᠡ ᠰᠢᠨ᠎ᠡ ᠡᠭᠦᠳᠦᠯᠲᠡ ᠶᠢᠨ ᠠᠵᠢᠯ ᠤᠨ ᠡᠮᠦᠨ᠎ᠡ ᠡᠩᠨᠡᠬᠡᠨ ᠳᠤ ᠵᠠᠮᠨᠠᠨ᠎ᠠ᠃ | ︵ᠳᠣᠯᠤᠭ᠎ᠠ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠡᠭᠡᠷ᠎ᠡ ᠰᠡᠳᠬᠢᠯ ᠳᠠᠯᠪᠢᠨ ᠴᠢᠳᠠᠯ ᠢᠶᠠᠷ ᠢᠶᠠᠨ ᠴᠢᠷᠮᠡᠶᠢᠵᠣ᠂ ᠠᠷᠠᠳ ᠤᠨ ᠠᠮᠢᠳᠤᠷᠠᠯ ᠢ | ᠦᠷᠬᠦᠯᠵᠢᠯᠡᠨ ᠪᠠᠳᠣᠯᠠᠨ᠎ᠠ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠤ ᠡᠵᠡᠯᠡᠬᠦ ᠬᠠᠷᠢᠴᠠᠯ ᠢ ᠯᠠᠪᠳᠠᠭᠤᠨ ᠨᠡᠮᠡᠭᠳᠡᠭᠦᠯᠵᠦ | ᠂ ᠤᠯᠠᠨ ᠨᠡᠶᠢᠲᠡ ᠶᠢᠨ ᠬᠡᠷᠡᠭᠯᠡᠬᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠲᠤᠪᠠᠷ ᠪᠠᠶᠢᠭᠤᠯᠬᠤ ᠪᠠ ᠬᠠᠮᠲᠤᠪᠠᠷ | ᠡᠳ᠋ᠯᠡᠬᠦ ᠲᠥᠪᠰᠢᠨ ᠢ ᠳᠡᠭᠡᠭᠰᠢᠯᠡᠭᠦᠯᠦᠨ᠎ᠡ᠃ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠲᠣᠣᠱᠯᠠᠭᠤᠯᠤᠨ᠂ ᠰᠣᠷᠭᠠᠨ | ᠬᠦᠮᠦᠵᠢᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ᠂ ᠰᠣᠷᠭᠠᠭᠤᠯᠢ ᠰᠠᠭᠤᠬᠤ ᠨᠠᠰᠤᠨ | ᠠᠴᠠ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠣᠮ ᠤᠨ ᠰᠤᠷᠭᠠᠨ ᠬᠦᠮᠦᠵᠢᠯ ᠨᠢᠭᠡᠳᠦᠯᠲᠡᠢ ᠲᠥᠯᠥᠪᠯᠡᠨ ᠰᠠᠶᠢᠳᠤᠷ ᠠᠳᠬᠤᠵᠤ᠂ ᠡᠩ ᠤᠨ ᠳᠡᠭᠡᠳᠦ | ᠳᠤᠮᠳᠠᠳᠤ ᠶᠢᠨ ᠰᠤᠷᠭᠠᠨ ᠬᠦᠮᠦᠵᠢᠯ ᠢ ᠨᠡᠶᠢᠳᠠᠮᠵᠢᠬᠦᠯᠵᠣ ᠠᠵᠢᠯ ᠮᠡᠷᠬᠡᠵᠢᠯ ᠤᠨ ᠰᠣᠷᠭᠠᠨ ᠬᠦᠮᠦᠵᠢᠯ ᠳᠠᠬᠢ ᠠᠵᠣ ᠣᠶᠢᠯᠡᠰ ᠪᠣᠯᠣᠨ ᠵᠢᠭᠠᠨ ᠰᠤᠷᠭᠠᠯᠲᠠ ᠶᠢᠨ | ᠠᠭᠤᠰᠣᠯᠴᠠᠯ᠂ ᠰᠣᠷᠭᠠᠭᠤᠯᠢ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠦᠭᠡᠳ | ᠴᠢᠨᠠᠷᠵᠢᠭᠤᠨ ᠰᠣᠷᠭᠠᠨ ᠬᠦᠮᠦᠵᠢᠯ ᠬᠦᠷᠲᠡᠭᠡᠬᠦ ᠪᠠᠷ ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠵᠣ ᠪᠠᠬᠢᠯᠡᠯᠳᠡ ᠰᠢᠪᠳᠣᠯᠬᠤ ᠳᠠᠶᠢᠨ ᠤ ᠢᠯᠠᠯᠲᠠ ᠶᠢ ᠪᠦᠬᠦ | ᠲᠠᠯ᠎ᠠ ᠪᠠᠷ ᠲᠡᠮᠡᠴᠡᠨ ᠣᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠵᠢᠯ ᠤᠨ ᠠᠬᠢᠴᠠ ᠳᠤᠮᠳᠠ ᠨᠢᠭᠡ ᠨᠡᠷ᠎ᠡ ᠶᠠᠳᠠᠭᠤ ᠬᠦᠴᠢᠷᠳᠡᠯᠲᠡᠢ | ᠣᠯᠠᠨ ᠲᠦᠮᠡᠨ ᠢ ᠴᠦ ᠡᠩᠨᠡᠭᠡᠨ ᠠᠴᠠ ᠨᠢ ᠬᠤᠴᠣᠷᠤᠭᠤᠯᠬᠤ ᠦᠭᠡᠢ᠃ ᠦᠢᠯᠡᠰ ᠪᠣᠰᠬᠠᠬᠤ ᠪᠤᠯᠪᠠᠰᠤᠷᠠᠯ᠂ ᠠᠵᠢᠯ ᠮᠡᠷᠭᠡᠵᠢᠯ ᠤᠨ ᠪᠤᠯᠪᠠᠰᠤᠷᠠᠯ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ ᠬᠠᠮᠳᠣᠪᠠᠷ ᠰᠢᠨ᠎ᠡ ᠶᠢ ᠡᠭᠦᠳᠬᠦ ᠶᠢ ᠳᠦᠯᠬᠢᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠪᠦᠬᠦ ᠠᠷᠠᠳ ᠢᠶᠠᠷ ᠳᠠᠭᠠᠳᠬᠠᠯ ᠳᠤ ᠣᠷᠣᠬᠤ ᠶᠢ ᠳᠦᠯᠬᠢᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ | ᠠᠷᠠᠳ ᠲᠤ ᠨᠡᠶᠢᠳᠡᠮᠵᠢᠬᠦᠯᠦᠭᠰᠡᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠤᠨ᠎ᠠ᠃ ᠥᠲᠡᠯᠦᠭᠰᠡᠨ᠂ ᠪᠭᠤᠷᠠᠢ᠂ ᠡᠪᠡᠳᠴᠢᠳᠠᠢ᠂ ᠵᠡᠮᠳᠡᠭ ᠵᠡᠷᠭᠡ | ᠣᠨᠴᠠᠭᠠᠢ ᠣᠯᠠᠨ ᠲᠦᠮᠡᠨ ᠪᠣᠯᠣᠨ ᠠᠮᠢᠳᠤᠷᠠᠯ ᠳᠠᠭᠠᠨ ᠬᠦᠴᠢᠷᠳᠡᠯᠲᠡᠢ ᠣᠯᠠᠨ ᠲᠦᠮᠡᠨ ᠢ ᠤᠨᠤᠪᠴᠢᠲᠠᠢ ᠠᠪᠣᠷᠠᠨ ᠳᠡᠳᠬᠦᠵᠣ ᠰᠠᠭᠤᠷᠢ ᠪᠠᠳᠣᠯᠠᠭ᠎ᠠ ᠶᠢᠨ | ᠠᠵᠢᠯ ᠢ ᠰᠠᠶᠢᠳᠣᠷ ᠯᠠᠪᠳᠠᠭᠤᠨ ᠪᠠᠳᠣᠳᠠᠢ ᠬᠢᠨ᠎ᠠ᠃ ᠴᠦᠭᠡᠨ ᠲᠤᠭᠠᠲᠤ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠦᠷᠭᠦᠯᠵᠢᠯᠡᠨ | ᠰᠠᠶᠢᠵᠢᠷᠠᠭᠤᠯᠵᠤ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠢ ᠲᠡᠳᠬᠦᠵᠦ ᠬᠦᠴᠦᠷᠬᠡᠭᠵᠢᠭᠦᠯᠦᠨ ᠴᠦᠭᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ | ᠰᠤᠶᠤᠯ ᠢ ᠬᠦᠭᠵᠢᠬᠡᠨ ᠮᠠᠨᠳᠣᠭᠤᠯᠬᠤ ᠪᠠ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠷᠢᠭᠦᠨ ᠤ ᠳᠠᠭᠤᠷᠢᠶᠠᠯ | ᠬᠤᠰᠢᠭᠤ ᠶᠢ ᠡᠭᠦᠳᠦᠨ ᠪᠠᠶᠢᠭᠤᠯᠤᠨ᠎ᠠ᠃ ︽ᠡᠷᠡᠭᠦᠯ ᠡᠩᠬᠡ ᠦᠥᠰᠢᠨ︾ ᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠣ ᠢᠲᠡᠭᠡᠨ ᠤᠮᠳᠠᠭᠠᠨ ᠤ ᠠᠮᠤᠷ ᠳᠥᠪᠰᠢᠨ ᠤ ᠪᠠᠶᠢᠯᠳᠣᠬᠤ | ᠪᠣᠳᠣᠯᠭ᠎ᠠ ᠶᠢ ᠬᠡᠷᠡᠭᠵᠢᠬᠦᠯᠵᠣ᠂ ᠡᠮ ᠡᠮᠨᠡᠯᠭᠡ ᠶᠢᠨ ᠰᠢᠰᠲ᠋ᠧᠮ ᠤᠨ ᠮᠡᠳᠡᠭᠡ ᠵᠠᠩᠬᠢᠵᠢᠯᠳᠡ ᠪᠠ ᠡᠮ ᠡᠮᠨᠡᠯᠭᠡ ᠶᠢᠨ ᠬᠤᠯᠪᠤᠭᠠᠲᠤ ᠴᠤᠭᠴᠠ ᠶᠢᠨ ᠪᠦᠲᠦᠭᠡᠨ | ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠡᠷᠡᠭᠦᠯ ᠮᠡᠨᠳᠦ ᠶᠢᠨ ᠲᠥᠭᠦᠮ ᠳᠦᠲᠡ᠂ ᠣᠬᠢ ᠰᠢᠯᠢᠳᠡᠭ ᠦᠢᠯᠡᠴᠢᠯᠡᠭᠡ ᠶᠢ ᠬᠤᠳᠠ ᠬᠥᠳᠡᠭᠡ ᠶᠢᠨ ᠰᠠᠭᠤᠭᠠᠯᠢ | ᠠᠷᠠᠳ ᠠᠴᠠ ᠬᠠᠮᠤᠭ ᠣᠶᠢᠷ᠎ᠠ ᠪᠠᠶᠢᠯᠭᠠᠵᠣ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠣᠯᠠᠨ ᠨᠡᠶᠢᠲᠡ ᠶᠢᠨ | ᠦᠢᠯᠡᠴᠢᠯᠡᠭᠡᠨ ᠤ ᠣᠬᠢ ᠰᠢᠯᠢᠳᠡᠭ ᠲᠡᠩᠴᠡᠬᠦᠷᠢᠰᠢᠯ᠂ ᠠᠷᠠᠳ ᠲᠦᠮᠡᠨ ᠤ ᠠᠮᠢᠳᠤᠷᠠᠯ ᠵᠣᠯ ᠵᠢᠷᠭᠠᠯ ᠲᠠᠢ ᠡᠶ᠎ᠡ ᠵᠣᠬᠢᠴᠠᠩᠭᠤᠢ᠂ ᠨᠡᠶᠢᠭᠡᠮ ᠤᠨ ᠲᠥᠪ | ᠭᠤᠣᠯᠴᠢ ᠰᠢᠳᠣᠷᠭᠤ ᠶᠣᠰᠣ ᠶᠢ ᠲᠦᠷᠭᠡᠪᠴᠢᠯᠡᠨ ᠪᠡᠶᠡᠯᠡᠭᠦᠯᠬᠦ ᠠᠵᠢᠯᠯᠠᠭᠠᠨ ᠳᠡᠭᠡᠷ᠎ᠡ ᠨᠠᠶᠢᠳᠠᠪᠣᠷᠢᠵᠢᠭᠤᠯᠣᠨ ᠵᠣᠯ ᠵᠢᠷᠭᠠᠯᠲᠤ ᠠᠮᠢᠳᠤᠷᠠᠯ ᠢ ᠬᠠᠮᠳᠣᠪᠠᠷ ᠡᠳ᠋ᠯᠡᠬᠦ | ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃ | 2018 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ ᠵᠢᠯ ᠪᠣᠯᠣᠨ᠎ᠠ᠂ ᠡᠯ᠎ᠡ ᠲᠦᠷᠥᠯ ᠤᠨ ᠠᠵᠢᠯ ᠢ | ᠰᠠᠶᠢᠨ ᠡᠬᠢᠯᠡᠭᠦᠯᠬᠦ ᠨᠢ ᠮᠠᠰᠢ ᠴᠢᠬᠤᠯᠠ ᠪᠢᠯᠡ᠃ ᠵᠢᠯ ᠤᠨ ᠳᠤᠳᠤᠷ᠎ᠠ ᠳᠤᠤᠷᠠᠬᠢ ᠬᠡᠲᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠨ᠎ᠡ᠄ ᠨᠢᠬᠡ | ᠳᠤ ᠬᠤᠷᠸ᠎ᠠ ᠲᠥᠷᠦ ᠶᠢᠨ ᠪᠣᠳᠣᠯᠭ᠎ᠠ ᠶᠢᠨ ᠠᠰᠢᠭᠲᠠᠢ ᠲᠣᠬᠢᠶᠠᠯ ᠢ ᠰᠠᠶᠢᠳᠣᠷ ᠠᠳᠬᠤᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠡᠷᠳᠡᠢ | ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ ᠨᠡᠭᠦᠷᠡᠰᠦᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠶᠢ ᠲᠦᠷᠭᠡᠳᠬᠡᠵᠦ ᠲᠡᠷᠢᠭᠦᠨ ᠤ | ᠦᠢᠯᠡᠳᠪᠦᠷᠢᠯᠡᠯ ᠤᠨ ᠴᠢᠳᠠᠪᠬᠢ ᠶᠢ ᠪᠦᠳᠦᠮᠵᠢᠳᠡᠢ ᠪᠠᠳᠠᠷᠠᠭᠤᠯᠵᠣ᠂ ᠠᠯᠺᠧᠨ ᠨᠠᠬᠦᠷᠣᠭ᠍ᠴᠢ ᠶᠢᠨ ᠳᠠᠭᠠᠯᠲᠠ ᠠᠵᠤ ᠦᠢᠯᠡᠰ ᠤᠨ ᠬᠡᠯᠬᠢᠶ᠎ᠡ ᠶᠢ ᠢᠵᠢ | ᠪᠦᠷᠢᠳᠦᠭᠦᠯᠬᠦ ᠲᠦᠷᠥᠯ ᠵᠣᠶᠢᠯ ᠢ ᠢᠳᠡᠪᠬᠢᠲᠡᠢ ᠣᠷᠣᠭᠤᠯᠵᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠮᠦᠵᠢᠭᠦᠯᠤᠨ ᠪᠠᠶᠢᠭᠤᠯᠵᠦ ᠠᠵᠤ ᠣᠶᠢᠯᠡᠳᠪᠣᠷᠢ | ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠠᠪᠰᠢᠬᠤ ᠠᠯᠬᠤᠴᠠ ᠶᠢ ᠲᠦᠷᠭᠡᠳᠬᠡᠨ᠎ᠡ᠃ ᠵᠢᠯ ᠤᠨ ᠳᠤᠳᠤᠷ᠎ᠠ ᠨᠠᠷᠢᠨᠭᠤᠣᠯ ᠠᠭᠤᠷᠬᠠᠢ ᠶᠢᠨ ᠤᠷᠣᠨ ᠤ | ᠲᠥᠯᠥᠪᠵᠢᠬᠦᠯᠬᠡ ᠶᠢᠨ ᠣᠷᠴᠢᠨ ᠲᠤᠭᠤᠷᠢᠨ ᠳᠤ ᠦᠵᠡᠭᠦᠯᠬᠦ ᠨᠥᠯᠦᠭᠡᠨ ᠤ ᠦᠨᠡᠯᠡᠯᠲᠡ ᠶᠢᠨ ᠵᠥᠪᠰᠢᠶᠡᠷᠡᠯ ᠢ ᠳᠠᠮᠠᠴᠠᠨ ᠣᠯᠵᠣ᠂ ᠨᠡᠭᠦᠷᠡᠰᠦᠨ ᠤ | ᠭᠠᠷᠭᠠᠯᠲᠠ ᠶᠢᠨ ᠬᠡᠮᠵᠢᠶ᠎ᠡ ᠶᠢ 5000 ᠲᠦᠮᠡᠨ ᠳᠣᠨᠨ᠋ᠨ ᠢ ᠳᠠᠪᠠᠭᠤᠯᠵᠣ᠂ ᠵᠦᠩ ᠮᠸᠢ ᠡᠨᠧᠷᠭᠢ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ ᠨᠡᠶᠢᠯᠡᠯ | ᠬᠡᠢ ᠪᠠᠷ ᠵᠢᠯ ᠪᠦᠷᠢ 100 ᠲᠦᠮᠡᠨ ᠳᠣᠨᠨ᠋ᠨ ᠮᠧᠲ᠋ᠢᠯ ᠠᠯᠺᠣᠣᠯ ᠦᠢᠯᠡᠳᠪᠦᠷᠢᠯᠡᠬᠦ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠦᠯ ᠵᠦᠢᠯ ᠢ ᠡᠬᠢᠯᠡᠭᠦᠯᠦᠨ᠎ᠡ᠃ | ᠬᠤᠶᠡᠷ ᠲᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠵᠢᠯᠣᠭᠤᠳᠤᠮᠵᠢ ᠪᠣᠯᠭᠠᠵᠤ ᠰᠢᠨ᠎ᠡ ᠡᠭᠦᠯᠳᠡᠷ ᠲᠦᠷᠦᠯ ᠢ ᠣᠷᠣᠭᠤᠯᠬᠤ ᠪᠠᠨ ᠴᠢᠩᠭᠠᠳᠬᠠᠬᠤ ᠪᠠ | ᠬᠡᠷᠡᠭᠯᠡᠭᠡᠨ ᠤ ᠮᠡᠷᠭᠡᠵᠢᠯ ᠢ ᠲᠦᠭᠡᠮᠡᠯᠵᠢᠭᠦᠯᠬᠦ ᠶᠢ ᠴᠢᠩᠭᠠᠳᠬᠠᠵᠣ ᠲᠠᠷᠢᠵᠦ ᠲᠡᠵᠢᠭᠡᠬᠦ ᠪᠦᠲᠦᠴᠡ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠤ | ᠬᠥᠭᠵᠢᠯᠲᠡ ᠶᠢᠨ ᠣᠯᠠᠨ ᠡᠰᠢᠵᠢᠯᠡᠯᠳᠡ᠂ ᠲᠣᠬᠢᠷᠠᠮᠵᠢᠲᠠᠢ ᠬᠡᠪᠴᠢᠶᠡᠨ ᠤ ᠡᠵᠡᠩᠨᠡᠯᠲᠡ ᠶᠢ ᠵᠢᠯᠣᠭᠤᠳᠤᠨ ᠮᠠᠯ ᠲᠠᠷᠢᠶᠠᠯᠠᠩ ᠤᠨ ᠠᠵᠤ ᠦᠢᠯᠡᠰ ᠪᠣᠯᠣᠨ ᠪᠤᠰᠤᠳ | ᠠᠵᠤ ᠦᠢᠯᠡᠰ ᠤᠨ ᠬᠠᠷᠢᠯᠴᠠᠨ ᠠᠭᠤᠰᠤᠯᠴᠠᠨ ᠬᠦᠭᠵᠢᠬᠦ ᠶᠢ ᠬᠦᠴᠦᠯᠡᠨ ᠭᠦᠨᠵᠡᠭᠡᠶᠢᠷᠡᠭᠦᠯᠵᠦ ᠮᠠᠯᠴᠢᠨ ᠲᠠᠷᠢᠶᠠᠴᠢᠨ ᠤ ᠥᠷᠭᠦᠯᠵᠢᠯᠡᠨ ᠣᠷᠣᠯᠭ᠎ᠠ ᠪᠠᠨ | ᠨᠡᠮᠡᠭᠳᠡᠭᠦᠯᠬᠦ ᠳᠤ ᠬᠥᠳᠡᠯᠭᠡᠭᠴᠢ ᠬᠦᠴᠦᠨ ᠨᠡᠮᠡᠷᠢᠯᠡᠵᠦ ᠠᠷᠭ᠎ᠠ ᠵᠠᠮ ᠢ ᠥᠷᠭᠡᠳᠭᠡᠨ᠎ᠡ᠃ ᠵᠢᠯ ᠤᠨ ᠳᠣᠳᠣᠷ᠎ᠠ 3 ᠲᠦᠮᠡᠨ ᠮᠦ ᠶᠢᠨ ᠣᠳᠣ ᠦᠶ᠎ᠡ ᠶᠢᠨ | ᠲᠠᠷᠢᠶᠠᠯᠠᠩ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠢ 200 ᠮᠦ ᠬᠦᠭᠵᠢᠬᠦᠯᠵᠣ᠂ 5 ᠲᠦᠮᠡᠨ ᠮᠦ ᠶᠢᠨ ᠤᠰᠤ | ᠠᠷᠪᠢᠯᠠᠬᠤ ᠣᠰᠣᠯᠠᠯᠲᠠ ᠶᠢ ᠪᠡᠶᠡᠯᠡᠭᠦᠯᠦᠨ᠎ᠡ︔ ᠪᠦᠬᠦ ᠤᠯᠤᠰ ᠤᠨ ᠣᠷᠭᠠᠨᠢᠭ ᠢᠳᠡᠭᠡᠨ ᠤ ᠳᠠᠭᠤᠷᠢᠶᠠᠯ ᠪᠠᠯᠭᠠᠰᠤᠨ ᠤ ᠡᠬᠦᠳᠣᠨ ᠪᠠᠶᠢᠭᠤᠯᠤᠯᠲᠠ ᠶᠢᠨ ᠠᠵᠢᠯ ᠢ | ᠡᠬᠢᠯᠡᠭᠦᠯᠵᠦ ︽ᠦᠥᠰᠢᠨ ᠤ ᠭᠠᠷᠣᠯᠳᠠᠳᠣ︾ ᠪᠦᠳᠦᠬᠡᠭᠳᠠᠬᠦᠨ ᠢ ᠲᠦᠮᠡ ᠮᠢᠩᠭᠠᠨ ᠡᠷᠦᠭᠡ ᠳᠤ ᠡᠳ᠋ᠯᠡᠬᠦᠯᠥᠨ ᠬᠡᠷᠡᠭᠯᠡᠬᠦᠯᠥᠨᠠ᠃ ᠭᠤᠷᠪᠠ ᠳᠤ ︽ᠪᠦᠬᠦ | ᠣᠷᠣᠨ ᠪᠦᠰᠠ ᠶᠢᠨ ᠵᠢᠭᠤᠯᠴᠢᠯᠠᠯ︾ ᠤᠨ ᠬᠥᠭᠵᠢᠭᠦᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠣᠩᠭᠤᠨ ᠮᠠᠩᠬ᠎ᠠ ᠣᠯᠣᠰ ᠤᠨ ᠡᠯᠡᠰᠣ | ᠮᠠᠩᠬᠠᠨ ᠤ ᠬᠦᠷᠢᠶᠠᠯᠠᠩ ᠵᠡᠷᠭᠡ ᠥᠪᠡᠷᠮᠢᠴᠡ ᠣᠨᠴᠠᠯᠢᠭᠳᠣ ᠪᠠᠶᠠᠴᠢᠯᠡᠨ ᠣᠶᠢᠯᠠᠭᠠᠬᠤ ᠲᠦᠷᠦᠯ ᠵᠦᠢᠯ ᠤᠨ ᠨᠡᠭᠡᠭᠡᠯᠲᠡ ᠶᠢ ᠰᠠᠶᠢᠳᠣᠷ ᠠᠳᠬᠤᠨ ᠲᠡᠮᠦᠷ | ᠵᠠᠮ ᠤᠨ ᠲᠥᠪᠯᠡᠷᠡᠬᠦᠯᠬᠦ ᠳᠠᠷᠬᠠᠭᠠᠬᠤ ᠳᠡᠬᠡᠬᠡᠪᠣᠷᠢᠯᠡᠬᠦ ᠰᠢᠰᠲ᠋ᠧᠮ ᠢ 2 ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠳᠡᠰ | ᠳᠠᠪᠰᠢᠯᠲᠠ ᠪᠠ ᠬᠡᠪᠴᠢᠶ᠎ᠡ ᠶᠢ ᠥᠷᠭᠡᠳᠬᠡᠨ ᠦᠷ᠎ᠡ ᠪᠦᠳᠣᠮᠵᠢ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠲᠦᠷᠪᠠ ᠳᠤ ᠬᠤᠲᠠ ᠪᠠᠯᠭᠠᠰᠤ ᠪᠣᠯᠣᠨ ᠬᠥᠳᠡᠭᠡ | ᠳᠤᠰᠬᠤᠨ ᠤ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ ᠪᠠᠯᠭᠠᠰᠣᠨ ᠲᠣᠭᠤᠷᠢᠭ᠂ ᠵᠠᠮ ᠱᠤᠭᠤᠮ ᠳᠠᠭᠠᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠷᠴᠢᠨ | ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠬᠦᠴᠦᠯᠡᠴᠡ ᠶᠢ ᠨᠡᠮᠡᠭᠳᠡᠭᠦᠯᠵᠦ ᠰᠠᠭᠤᠭᠠᠯᠢ ᠠᠷᠠᠳ ᠤᠨ ᠪᠤᠯᠪᠠᠰᠤᠨ ᠬᠡᠪ ᠪᠣᠯᠪᠠᠰᠣᠷᠠᠯ ᠢ ᠳᠡᠭᠡᠭᠰᠢᠯᠡᠭᠦᠯᠬᠦ | ᠠᠵᠢᠯᠯᠠᠭᠠᠨ ᠢ ᠥᠷᠨᠢᠭᠦᠯᠦᠨ ᠵᠡᠷᠬᠡ ᠳᠠᠰᠳᠣ ᠬᠤᠲᠠ ᠪᠠᠯᠭᠠᠰᠤ ᠪᠣᠯᠣᠨ ᠣᠷᠣᠰᠢᠨ ᠠᠮᠢᠳᠤᠷᠠᠬᠤ ᠳᠤ ᠳᠣᠬᠢᠷᠠᠮᠵᠢᠳᠠᠢ ᠦᠵᠡᠰᠬᠦᠯᠡᠩᠲᠦ ᠰᠠᠶᠢᠬᠠᠨ ᠬᠦᠳᠡᠭᠡ | ᠲᠤᠰᠬᠤᠨ ᠢ ᠪᠦᠲᠦᠭᠡᠨ ᠪᠠᠶᠢᠭᠤᠯᠤᠨ᠎ᠠ᠃ ᠵᠢᠯ ᠤᠨ ᠳᠣᠳᠣᠷ᠎ᠠ ᠵᠢᠩ ᠵᠢᠣ ᠡᠮᠣᠨ᠎ᠠ ᠵᠠᠮ ᠤᠨ ᠣᠷᠳᠣᠳᠬᠠᠯ ᠱᠤᠭᠤᠮ ᠵᠡᠷᠬᠡ 5 ᠵᠣᠷᠪᠣᠰ ᠬᠤᠲᠠ ᠶᠢᠨ | ᠶᠠᠪᠤᠳᠠᠯ ᠤᠨ ᠵᠠᠮ ᠢ ᠰᠢᠨ᠎ᠡ ᠪᠠᠷ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ 10 ᠬᠠᠭᠤᠴᠢᠨ ᠳᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠡᠬᠢᠯᠡᠭᠦᠯᠦᠨ᠎ᠡ᠃ ᠳᠠᠪᠤ ᠳᠤ ᠬᠥᠬᠡᠬᠤᠲᠠ ᠪᠤᠭᠤᠲᠤ ᠣᠷᠳᠣᠰ ᠤᠨ ᠬᠠᠮᠲᠤ ᠶᠢᠨ ᠬᠥᠭᠵᠢᠯᠲᠡ ᠶᠢᠨ ᠲᠤᠭᠤᠷᠢᠨ ᠳᠤ ᠲᠡᠭᠡᠳᠦ ᠵᠡᠷᠭᠡ ᠶᠢᠨ ᠵᠠᠰᠠᠮᠠᠯ ᠵᠠᠮ᠂ ᠲᠡᠮᠦᠷ | ᠵᠠᠮ᠂ ᠴᠢᠮᠡᠭᠡ ᠬᠤᠯᠪᠤᠭ᠎ᠠ᠂ ᠤᠰᠤᠨ ᠠᠰᠢᠭᠯᠠᠯᠲᠠ᠂ ᠠᠮᠢ ᠠᠬᠤᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ ᠬᠥᠭᠵᠢᠯᠲᠡ ᠶᠢᠨ | ᠠᠴᠢᠶᠠᠯᠠᠬᠤ ᠬᠦᠴᠦᠨ ᠢ ᠳᠠᠰᠣᠷᠠᠯᠳᠡ ᠦᠭᠡᠢ ᠪᠠᠲᠤᠵᠢᠭᠤᠯᠵᠣ᠂ ᠨᠤᠮᠢᠨ ᠲᠠᠩᠰᠤᠭ ᠭᠡᠷ ᠣᠷᠣᠨ ᠢᠶᠠᠨ ᠪᠦᠲᠦᠭᠡᠨ ᠪᠠᠶᠢᠭᠤᠯᠵᠤ ᠬᠠᠮᠠᠭᠠᠯᠠᠭᠠᠳ ᠤᠯᠠᠮ | ᠦᠵᠡᠰᠬᠦᠯᠡᠩ ᠰᠠᠶᠢᠬᠠᠨ ᠪᠣᠯᠭᠠᠨ᠎ᠠ᠃ ᠵᠢᠯ ᠤᠨ ᠲᠤᠳᠤᠷ᠎ᠠ 3 ᠵᠣᠷᠪᠣᠰ ᠳᠠᠰᠳᠣ ᠵᠠᠰᠠᠮᠠᠯ ᠵᠠᠮ ᠪᠠ ᠨᠡᠶᠢᠲᠡᠮ ᠬᠡᠷᠡᠭᠯᠡᠭᠡᠨ ᠤ ᠨᠢᠰᠬᠡᠯ ᠤᠨ ᠳᠠᠯᠠᠪᠣᠷ ᠢ | ᠡᠬᠢᠯᠡᠬᠦᠯᠥᠨ ᠪᠦᠲᠦᠭᠡᠨ ᠪᠠᠶᠢᠭᠤᠯᠵᠤ ᠦᠪᠣᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠠᠴᠠ ᠳᠣᠮᠳᠠᠳᠣ ᠣᠷᠣᠨ ᠬᠦᠷᠬᠦ ᠲᠡᠮᠦᠷ ᠵᠠᠮ ᠤᠨ ᠵᠠᠮ ᠳᠡᠪᠢᠰᠬᠦ | ᠠᠵᠢᠯ ᠢ ᠳᠠᠭᠤᠰᠬᠠᠨ ᠪᠤᠭᠤᠲᠤ ᠬᠦᠷᠬᠦ ᠴᠢᠭᠯᠡᠯ ᠤᠨ ᠠᠶᠠᠨᠴᠢᠳ ᠤᠨ ᠭᠠᠯ ᠲᠡᠷᠭᠡ ᠶᠢ ᠨᠡᠪᠲᠡᠷᠡᠭᠦᠯᠦᠨ᠎ᠡ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ | ᠡᠬᠢ ᠢᠷᠡᠯᠳᠠ ᠶᠢᠨ ᠣᠷᠣᠨ ᠤ ᠬᠤᠶᠠᠳᠤᠭᠠᠷ ᠬᠤᠭᠤᠴᠠᠭᠠᠨ ᠤ ᠵᠠᠰᠠᠯᠲᠠ ᠵᠡᠷᠭᠡ ᠭᠤᠣᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠦᠨ | ᠬᠡᠷᠡᠭᠵᠢᠭᠦᠯᠵᠤ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢ 12 ᠲᠦᠮᠡᠨ ᠮᠦ ᠪᠡᠶᠡᠯᠡᠭᠦᠯᠦᠨ᠎ᠡ︔ ᠠᠭᠠᠷ ᠮᠠᠨᠳᠠᠯ᠂ ᠤᠰᠤ᠂ ᠬᠦᠷᠣᠰᠣ ᠰᠢᠷᠦᠢ ᠶᠢᠨ | ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠠᠳᠬᠤᠵᠤ ᠭᠠᠯᠠᠭᠤᠲᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ | ᠤᠰᠤ ᠶᠢ ᠲᠠᠬᠢᠨ ᠬᠡᠷᠡᠭᠯᠡᠬᠦ ᠪᠠᠷᠢᠮᠵᠢᠶ᠎ᠠ ᠶᠢ ᠳᠡᠬᠡᠭᠰᠢᠯᠡᠬᠦᠯᠬᠦ ᠥᠭᠡᠷᠡᠴᠢᠯᠡᠯᠲᠡ ᠶᠢᠨ ᠲᠦᠷᠥᠯ ᠵᠣᠶᠢᠯ ᠢ ᠬᠡᠷᠡᠭᠵᠢᠭᠦᠯᠦᠨ ᠵᠥᠩ ᠲᠢᠶᠠᠨ ᠡᠾᠧ ᠴᠣᠸᠠᠩ ᠺᠣᠮᠫᠠᠨᠢ | ᠶᠢᠨ ᠠᠭᠤᠷᠬᠠᠢ ᠶᠢᠨ ᠤᠰᠤ ᠶᠢ ᠬᠦᠨᠵᠡᠬᠡᠢ ᠰᠢᠢᠳᠪᠦᠷᠢᠯᠡᠬᠦ ᠦᠢᠯᠡᠳᠪᠦᠷᠢ ᠶᠢ ᠪᠦᠲᠦᠭᠡᠨ ᠪᠠᠶᠢᠭᠤᠯᠵᠤ ᠬᠡᠷᠡᠭᠯᠡᠯᠲᠡ ᠣᠷᠣᠭᠤᠯᠬᠤ ᠶᠢ ᠪᠠᠳᠣᠯᠠᠨ᠎ᠠ᠃ ᠵᠢᠷᠭᠤᠭ᠎ᠠ | ᠳᠤ ᠰᠢᠨ᠎ᠡ ᠪᠠᠷ ᠨᠡᠮᠡᠭᠳᠡᠭᠰᠡᠨ ᠬᠡᠷᠡᠭᠯᠡᠵᠦ ᠪᠣᠯᠬᠤ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠬᠡᠷᠡᠭᠯᠡᠵᠣ | ᠶᠠᠳᠠᠭᠤ ᠠᠴᠠ ᠠᠩᠭᠢᠵᠢᠷᠠᠭᠤᠯᠤᠨ ᠪᠣᠭᠤᠮᠳᠠ ᠰᠢᠪᠳᠣᠯᠬᠤ ᠠᠵᠢᠯ ᠤᠨ ᠪᠦᠲᠦᠮᠵᠢ ᠶᠢ ᠪᠠᠲᠤᠵᠢᠭᠤᠯᠦᠨ ᠳᠡᠭᠡᠭᠰᠢᠯᠡᠭᠦᠯᠵᠤ ᠤᠯᠠᠨ ᠲᠦᠮᠡᠨ ᠢᠶᠠᠷ ᠢᠶᠠᠨ ᠨᠡᠶᠢᠲᠡᠮ | ᠬᠠᠯᠠᠮᠵᠢᠯᠠᠵᠤ ᠪᠠᠶᠢᠭ᠎ᠠ ᠰᠤᠷᠭᠠᠨ ᠬᠦᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠦᠢᠯᠡᠰ ᠪᠣᠰᠬᠠᠯᠲᠠ ᠠᠵᠢᠯ ᠣᠯᠭᠤᠯᠲᠠ᠂ ᠦᠨᠲᠦᠰᠦᠲᠡᠨ ᠤ | ᠪᠦᠯᠬᠦᠮᠳᠡᠯ ᠳᠠᠪᠰᠢᠯᠲᠠ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠥᠪᠰᠢᠨ ᠵᠡᠷᠭᠡ ᠲᠠᠯ᠎ᠠ ᠳᠤ ᠨᠢᠭᠡ ᠪᠦᠯᠦᠭ ᠰᠠᠭᠤᠷᠢ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠪᠣᠯᠣᠨ ᠬᠠᠨᠳᠤᠯᠭᠠᠲᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠠᠯ᠎ᠠ ᠶᠢᠨ ᠪᠤᠳᠠᠳᠤ ᠠᠵᠢᠯ ᠢ ᠦᠷᠭᠦᠯᠵᠢᠯᠡᠨ | ᠬᠢᠵᠦ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠤᠯᠠᠮ ᠳᠡᠭᠡᠭᠰᠢᠯᠡᠭᠦᠯᠦᠨ᠎ᠡ᠃ ᠵᠢᠯ ᠤᠨ ᠳᠤᠳᠤᠷ᠎ᠠ ᠰᠣᠷᠭᠠᠭᠤᠯᠢ ︵ᠬᠡᠦᠬᠡᠳ ᠤᠨ ᠴᠡᠴᠡᠷᠯᠢᠭ︶ ᠶᠢ | 4 ᠰᠢᠨ᠎ᠡ ᠪᠠᠷ ᠡᠬᠢᠯᠡᠬᠦᠯᠥᠨ ᠪᠦᠲᠦᠭᠡᠨ ᠪᠠᠶᠢᠭᠤᠯᠵᠤ᠂ ᠡᠬᠦᠨ ᠳᠤ 2 ᠰᠤᠷᠭᠠᠭᠤᠯᠢ ᠶᠢ ᠪᠦᠲᠦᠭᠡᠨ ᠪᠠᠶᠢᠭᠤᠯᠵᠤ ᠳᠠᠭᠤᠰᠬᠠᠨ᠎ᠠ︔ ᠨᠡᠶᠢᠲᠡ ᠶᠢᠨ | ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ 100 ᠭᠠᠷᠦᠢ ᠭᠠᠷᠭᠠᠵᠤ᠂ ᠮᠣᠩᠭᠤᠯ ᠬᠢᠲᠠᠳ ᠬᠡᠯᠡᠨ ᠤ ᠠᠵᠢᠯᠲᠠᠨ ᠢ 30 ᠨᠠᠷᠠᠰ ᠡᠯᠰᠡᠨ᠎ᠡ︔ ᠶᠠᠳᠠᠭᠤ | ᠬᠦᠴᠢᠷᠳᠡᠯᠲᠡᠢ ᠬᠦᠮᠦᠨ ᠠᠮᠠ ᠶᠢᠨ ᠣᠷᠣᠯᠭ᠎ᠠ ᠶᠢ ᠯᠠᠪᠳᠠᠭᠤᠨ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠤᠨ᠎ᠠ︔ ᠢᠲᠡᠭᠡᠨ ᠤᠮᠳᠠᠭᠠᠨ ᠤ ᠠᠮᠤᠷ | ᠲᠦᠪᠰᠢᠨ ᠤ ᠪᠦᠬᠦ ᠶᠠᠪᠤᠴᠠ ᠶᠢ ᠮᠥᠷᠳᠡᠬᠦ ᠰᠢᠰᠲ᠋ᠧᠮ ᠤᠨ ᠪᠠᠶᠢᠭᠤᠯᠣᠯᠳᠠ ᠶᠢ ᠡᠬᠢᠯᠡᠬᠦᠯᠥᠨ᠎ᠠ︔ ᠪᠦᠬᠦ ᠬᠤᠰᠢᠭᠤ ᠪᠠᠷ ᠢᠶᠠᠨ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠨᠢᠭᠡᠳᠦᠯᠲᠡᠢ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠦᠮᠦᠷᠭᠡ ᠶᠢ ᠪᠦᠲᠦᠭᠡᠨ ᠪᠠᠶᠢᠭᠤᠯᠤᠨ᠎ᠠ᠃ ᠳᠣᠯᠤᠭ᠎ᠠ ᠳᠤ ︽ᠵᠠᠰᠠᠭ ᠢ ᠴᠣᠮᠬᠤᠳᠬᠠᠨ | ᠡᠷᠬᠡ ᠶᠢ ᠳᠣᠷᠣᠭᠰᠢ ᠪᠠᠭᠤᠯᠭᠠᠵᠣ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠣᠨ ᠣᠶᠢᠯᠡᠴᠢᠯᠡᠭᠡ ᠶᠢ ᠰᠢᠯᠢᠳᠡᠭᠵᠢᠬᠦᠯᠬᠦ︾ ᠥᠭᠡᠷᠡᠴᠢᠯᠡᠯᠲᠡ ᠶᠢ | ᠯᠠᠪᠳᠠᠭᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠳᠠᠪᠴᠠᠩ ᠢ ᠪᠦᠬᠦ ᠲᠠᠯ᠎ᠠ ᠪᠠᠷ ᠠᠵᠢᠯᠯᠠᠭᠤᠯᠵᠣ ︽ᠨᠢᠭᠡ ᠬᠠᠳᠠᠪᠴᠢ ᠪᠠᠷ | ᠠᠯᠬᠤᠪᠠᠯ ᠮᠢᠩᠭᠠᠨ ᠶᠠᠪᠤᠳᠠᠯ ᠰᠢᠢᠳᠪᠤᠷᠢᠯᠡᠬᠦ︾ ᠶᠢ ᠪᠡᠶᠡᠯᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠤᠯᠠᠮ ᠳᠦᠭᠦᠮ ᠲᠥᠳᠡ | ᠪᠣᠯᠭᠠᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠬᠠᠷᠠᠯᠳᠠ ᠪᠢᠳᠠᠨ ᠢ ᠵᠣᠷᠢᠭᠵᠢᠭᠤᠯᠣᠨ ᠳᠠᠮᠠᠴᠡᠬᠦᠯᠬᠦ ᠶᠣᠮ᠂ ᠬᠤᠰᠢᠭᠤ ᠪᠠᠷ ᠢᠶᠠᠨ ᠰᠢᠷᠭᠠᠭᠤ | ᠠᠵᠢᠯᠯᠠᠨ ᠪᠣᠴᠠᠯᠳᠠ ᠦᠬᠡᠢ ᠣᠷᠣᠭᠰᠢᠯᠠᠳᠠᠭ ᠯᠡ ᠶᠣᠮ ᠪᠣᠯ ᠨᠣᠮᠢᠨ ᠳᠠᠩᠰᠤᠭ ᠦᠣᠰᠢᠨ ᠤ ᠬᠢᠯᠡᠯᠵᠡᠮᠠ ᠬᠠᠭᠤᠳᠠᠰᠣ ᠶᠢ ᠪᠢᠴᠢᠭᠯᠡᠵᠣ ᠪᠦᠬᠦ ᠬᠤᠰᠢᠭᠤᠨ ᠤ | ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠢ ᠬᠦᠬᠡᠬᠡᠴᠡᠯᠳᠦᠬᠦ ᠠᠶᠠᠨ ᠳᠤ ᠢᠳᠡᠷᠡᠬᠦᠨ ᠠᠯᠬᠤᠭ᠎ᠠ ᠪᠠᠷ ᠪᠠᠳᠣᠳᠠᠢ ᠣᠷᠣᠭᠰᠢᠯᠡᠨᠠ᠃ | ᠭᠤᠷᠪᠠ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠴᠠᠭ ᠦᠶ᠎ᠡ ᠠᠴᠠ ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠳᠤ ᠨᠡᠩ ᠦᠨᠳᠦᠷ ᠰᠢᠨ᠎ᠠ ᠱᠠᠭᠠᠷᠳᠠᠯᠭ᠎ᠠ ᠶᠢ ᠳᠤᠷᠠᠳᠪᠠ᠃ | ᠪᠢᠳᠠ ︽ᠲᠦᠷᠪᠡᠨ ᠤᠬᠠᠮᠰᠠᠷ︾ ᠢ ᠪᠠᠲᠤ ᠪᠦᠷᠢᠯᠳᠦᠭᠦᠯᠵᠦ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠰᠣᠷᠲᠠᠯ ᠢ | ᠦᠷᠭᠦᠯᠵᠢᠯᠡᠨ ᠬᠠᠯᠠᠨ ᠰᠠᠶᠢᠵᠢᠷᠠᠭᠤᠯᠵᠤ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠨᠢᠭᠡ︶ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠤᠨ᠎ᠠ᠃ ᠬᠠᠣᠯᠢᠵᠢᠯ ᠵᠠᠰᠠᠭ ᠤᠨ ᠣᠷᠳᠣᠨ ᠤ ᠪᠠᠶᠢᠭᠤᠯᠣᠯᠳᠠ ᠶᠢᠨ ᠬᠡᠷᠡᠭᠵᠢᠭᠦᠯᠬᠦ | ᠬᠦᠳᠥᠯᠪᠣᠷᠢ ᠶᠢ ᠭᠦᠨᠵᠡᠭᠡᠢ ᠲᠣᠣᠱᠯᠠᠭᠤᠯᠤᠨ ᠨᠠᠶᠢᠳᠠᠪᠣᠷᠢᠵᠢᠭᠤᠯᠵᠣ ︽ᠭᠤᠷᠪᠠᠨ ᠳᠠᠩᠰᠠ︾ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠣᠶᠣᠨᠴᠢᠯᠠᠭᠰᠠᠨ | ᠵᠠᠰᠠᠭ ᠤᠨ ᠶᠠᠪᠤᠳᠠᠯ ᠤᠨ ᠳᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦᠯᠬᠦ ᠶᠠᠪᠤᠴᠠ ᠶᠢ | ᠰᠢᠯᠢᠳᠡᠭᠵᠢᠭᠦᠯᠦᠨ ᠳᠠᠬᠢᠨ ᠪᠦᠲᠦᠭᠡᠬᠦ ᠶᠢ ᠦᠷᠨᠢᠬᠦᠯᠵᠦ ᠪᠠᠷᠢᠮᠵᠢᠶ᠎ᠠ ᠪᠣᠯᠣᠨ ᠳᠦᠷᠢᠮᠵᠢᠯ ᠢ ᠨᠢᠭᠡᠳᠬᠡᠨ ᠤᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠲᠠᠢ | ᠬᠤᠯᠪᠣᠭᠳᠠᠭᠰᠠᠨ ᠡᠯ᠎ᠡ ᠲᠦᠷᠦᠯ ᠤᠨ ᠭᠡᠷᠡᠴᠢ ᠪᠢᠴᠢᠭ ᠢ ᠴᠡᠪᠡᠷᠯᠡᠨ ᠴᠡᠭᠴᠡᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠣᠮᠵᠢ ᠶᠢ | ᠲᠡᠭᠦᠯᠳᠡᠷᠵᠢᠭᠦᠯᠵᠦ᠂ ᠰᠠᠯᠠᠭ᠎ᠠ ᠮᠦᠴᠢᠷ ᠪᠠ ᠬᠠᠮᠢᠶᠠᠷᠤᠯᠲᠠ ᠶᠢᠨ ᠬᠡᠪᠴᠢᠶ᠎ᠡ ᠠᠯᠤᠰᠯᠠᠭᠰᠠᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ | ᠦᠷᠨᠢᠬᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠳᠥᠷᠢᠮ ᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠰᠠᠯ ᠱᠠᠭᠠᠷᠳᠠᠯᠭ᠎ᠠ ᠶᠢ ᠬᠠᠤᠯᠢ ᠶᠤᠰᠤᠭᠠᠷ ᠲᠦᠷᠦᠯ ᠢᠯᠭᠠᠨ ᠰᠢᠢᠳᠪᠦᠷᠢᠯᠡᠬᠦ ᠠᠵᠢᠯ ᠢ | ᠪᠦᠬᠦ ᠲᠠᠯ᠎ᠠ ᠪᠠᠷ ᠳᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ | ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠥᠪᠡᠷ ᠤᠨ ᠤᠬᠠᠮᠰᠠᠷ ᠠᠴᠠ ᠪᠠᠨ ᠬᠦᠯᠢᠶᠡᠨ ᠰᠠᠨᠠᠭᠤᠯᠭ᠎ᠠ᠂ ᠰᠠᠨᠠᠯ | ᠳᠤᠷᠠᠳᠤᠯᠭ᠎ᠠ ᠶᠢ ᠭᠦᠢᠴᠡᠳᠭᠡᠬᠦ ᠠᠵᠢᠯ ᠢ ᠦᠨᠡᠨᠬᠦ ᠰᠠᠶᠢᠳᠤᠷ ᠬᠢᠵᠦ ᠤᠯᠠᠨ ᠲᠦᠮᠡᠨ ᠤ ᠬᠢᠨᠠᠯᠲᠠ ᠪᠣᠯᠣᠨ ᠵᠠᠭᠤᠴᠢᠯᠠᠭᠤᠷ ᠶᠢᠨ ᠬᠢᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | ︵ᠬᠤᠶᠠᠷ︶ ᠵᠠᠰᠠᠭ ᠢ ᠦᠨᠳᠦᠷ ᠪᠦᠲᠦᠮᠵᠢ ᠦᠨᠡᠨ ᠪᠤᠳᠠᠳᠠᠢ ᠪᠠᠷ ᠡᠷᠬᠢᠯᠡᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ | ᠲᠤᠭᠤᠷᠢᠨ ᠳᠤ ᠠᠵᠢᠯ ᠪᠠ ᠢᠨᠵᠧᠨᠧᠷᠢᠩ ᠨᠢᠭᠡᠪᠦᠷᠢ ᠳᠤ ᠳᠠᠩᠰᠠ ᠡᠪᠬᠡᠮᠡᠯ ᠪᠠᠶᠢᠭᠤᠯᠵᠤ ᠬᠠᠷᠠᠯᠲᠠ᠂ ᠬᠠᠷᠢᠭᠤᠴᠠᠯᠭ᠎ᠠ᠂ ᠴᠠᠭ ᠬᠤᠭᠤᠴᠠᠭ᠎ᠠ ᠲᠤᠭᠲᠠᠭᠠᠨ ︽ | ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠲᠦᠷᠦᠯ ᠤᠨ ᠠᠵᠢᠯ ᠢ ᠲᠦᠯᠬᠢᠨ ᠨᠠᠶᠢᠳᠠᠪᠣᠷᠢᠵᠢᠭᠤᠯᠣᠨ᠎ᠠ᠃ ᠠᠰᠠᠭᠤᠳᠠᠯ ᠤᠨ ᠵᠢᠯᠣᠭᠤᠳᠤᠮᠵᠢ ᠶᠢ | ᠪᠠᠷᠢᠮᠲᠠᠯᠠᠨ ᠲᠤᠭᠤᠷᠢᠨ ᠪᠠᠶᠢᠴᠠᠭᠠᠯᠳᠠ ᠪᠠ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠎ᠠ᠃ ᠬᠡᠪᠰᠢᠵᠢᠬᠦᠯᠥᠭᠰᠡᠨ ᠴᠢᠨᠡᠷᠳᠡᠢ ᠱᠠᠭᠠᠷᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠪᠠᠶᠢᠳᠠᠯ ᠤᠨ | ᠮᠡᠳᠡᠬᠡᠯᠡᠯ᠂ ᠲᠤᠰᠬᠠᠢ ᠲᠦᠷᠦᠯ ᠤᠨ ᠱᠠᠭᠠᠷᠳᠠᠨ ᠪᠠᠶᠢᠴᠠᠭᠠᠯᠳᠠ ᠵᠡᠷᠭᠡ ᠲᠥᠷᠢᠮ ᠢ ᠪᠦᠷᠢᠡᠰᠢᠬᠦᠯᠵᠣ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠢᠨᠠᠨ | ᠰᠢᠯᠭᠠᠯᠲᠠ ᠶᠢ ᠴᠢᠩᠭᠠᠳᠬᠠᠵᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠯᠠᠭᠤᠯᠣᠯᠳᠠ ᠢ ᠭᠦᠢᠴᠡᠳ ᠨᠠᠶᠢᠳᠠᠪᠣᠷᠢᠵᠢᠭᠤᠯᠬᠤ ᠶᠢ ᠪᠠᠲᠤᠯᠠᠨ᠎ᠠ᠃ | ᠰᠢᠯᠢᠳᠡᠭ ᠰᠠᠶᠢᠨ ᠢ ᠨᠢ ᠣᠷᠮᠠᠰᠢᠭᠤᠯᠣᠨ ᠵᠣᠷᠢᠭᠵᠢᠭᠤᠯᠵᠣ᠂ ᠰᠢᠭᠰᠢᠭᠳᠡᠭᠰᠡᠳ ᠢ ᠨᠢ ᠳᠠᠬᠢᠨ ᠬᠦᠮᠦᠵᠢᠬᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠠᠯᠪᠠᠨ ᠠᠵᠢᠯᠲᠠᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠬᠥᠭᠵᠢᠭᠡᠨ ᠣᠷᠣᠯᠳᠣᠯᠭ᠎ᠠ ᠲᠠᠢ ᠰᠠᠶᠢᠨ ᠵᠣᠷᠢᠭ ᠰᠠᠨᠠᠭᠠᠨ ᠤ ᠪᠠᠶᠢᠲᠠᠯ ᠢ ᠪᠠᠷᠢᠮᠲᠠᠯᠠᠨ | ᠠᠵᠢᠯ ᠤᠨ ᠰᠢᠯᠢᠳᠡᠭ ᠪᠦᠲᠦᠮᠵᠢ ᠶᠢ ᠡᠬᠦᠳᠬᠦ ᠪᠠᠷ ᠴᠢᠷᠮᠠᠶᠢᠨ᠎ᠠ᠃ | ︵ᠭᠤᠷᠪᠠ︶ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠣᠨ ᠨᠠᠶᠢᠳᠠᠪᠣᠷᠢᠵᠢᠭᠤᠯᠵᠣ᠂ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠦᠪᠲᠦ ᠬᠦᠮᠦᠵᠢᠯ ᠢ ᠦᠷᠨᠢᠬᠦᠯᠵᠣ᠂ ᠠᠯᠪᠠᠨ ᠠᠵᠢᠯᠲᠠᠳ ᠤᠨ ᠬᠦᠰᠡᠯ ᠢᠲᠡᠭᠡᠯ ᠤᠨ ᠬᠦᠮᠦᠵᠢᠯ ᠢ ᠴᠢᠩᠭᠠᠳᠬᠠᠨ ᠬᠥᠭᠵᠢᠯᠲᠡ ᠶᠢᠨ ᠡᠷᠴᠢ ᠬᠦᠴᠦ ᠶᠢ | ᠬᠤᠷᠠᠮᠳᠤᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ᠂ ᠢᠨᠵᠧᠨᠧᠷᠢᠩ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠭᠤᠣᠯᠳᠠᠯᠭᠠᠲᠤ ᠬᠦᠷᠢᠶᠠᠨ ᠳᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ | ᠳᠠᠭᠠᠭᠠᠴᠢᠯᠠᠯᠲᠠ ᠵᠠᠷᠯᠠᠬᠤ ᠪᠡ ᠳᠠᠭᠠᠭᠠᠴᠢᠯᠠᠯᠲᠠ ᠳᠤ ᠣᠷᠣᠯᠴᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠣᠯᠣᠨ ᠣᠳᠣᠷᠢᠳᠬᠤ ᠺᠠᠳ᠋ᠷ ᠤᠨ | ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠭᠡ ᠲᠥᠷᠢᠮ ᠢ ᠪᠦᠷᠢᠨᠰᠢᠬᠦᠯᠵᠣ ᠳᠥᠷᠢᠮ ᠲᠤᠭᠲᠠᠭᠠᠯ ᠢᠶᠠᠷ | ᠡᠷᠬᠡ᠂ ᠬᠡᠷᠡᠭ ᠣᠴᠢᠷ᠂ ᠬᠦᠮᠦᠨ ᠢ ᠬᠠᠮᠢᠶᠠᠷᠴᠤ ᠢᠯᠵᠠᠷᠠᠮᠠᠯ ᠢ ᠦᠨᠳᠦᠰᠦᠨ ᠠᠴᠠ ᠨᠢ ᠰᠡᠷᠭᠡᠶᠢᠯᠡᠬᠦ ᠪᠠ ᠵᠠᠰᠠᠨ᠎ᠠ᠃ ᠰᠠᠬᠢᠯᠭ᠎ᠠ ᠪᠠᠲᠤ ᠪᠠ ᠶᠤᠰᠤ ᠳᠦᠷᠢᠮ ᠢ | ᠢᠮᠠᠭᠳᠠ ᠳᠠᠷᠢᠬᠦᠨ ᠳᠤ ᠲᠠᠯᠪᠢᠵᠦ ︽ᠨᠢᠭᠡ ᠣᠳᠣᠷᠢᠳᠣᠯᠭ᠎ᠠ ᠬᠤᠣᠰ ᠬᠠᠷᠢᠭᠤᠴᠠᠯᠭ᠎ᠠ︾ ᠶᠢ ᠬᠢᠨᠠᠮᠠᠭᠠᠢ ᠲᠣᠣᠱᠯᠠᠭᠤᠯᠤᠨ ᠠᠷᠢᠭᠤᠨ ᠴᠢᠭᠡᠴᠢ ᠪᠠᠷ ᠪᠡᠶ᠎ᠡ ᠪᠠᠨ | ᠱᠠᠭᠠᠷᠳᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠥᠪ ᠤᠨ ᠨᠠᠢᠮᠠᠨ ᠵᠦᠢᠯ ᠤᠨ ᠲᠤᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠰᠠᠬᠢᠵᠣ ︽ | ᠳᠥᠷᠪᠡᠨ ᠰᠣᠷᠲᠠᠯ︾ ᠢ ᠡᠷᠡᠰ ᠡᠰᠡᠷᠭᠦᠴᠡᠨ᠎ᠡ᠃ ᠬᠢᠨᠠᠨ ᠪᠠᠶᠢᠴᠠᠭᠠᠬᠤ ᠰᠢᠰᠲ᠋ᠧᠮ ᠤᠨ ᠥᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠤᠨ ᠠᠵᠢᠯ ᠢ | ᠭᠦᠨᠵᠡᠭᠡᠶᠢᠷᠡᠭᠦᠯᠵᠦ ᠡᠯ᠎ᠡ ᠲᠦᠷᠦᠯ ᠤᠨ ᠢᠯᠵᠠᠷᠠᠨ ᠳᠣᠷᠣᠶᠢᠲᠠᠭᠰᠠᠨ ᠠᠰᠠᠭᠤᠳᠠᠯ ᠢ ᠡᠷᠡᠰ ᠵᠠᠯᠬᠠᠭᠠᠨ ᠵᠠᠰᠠᠭ ᠤᠨ ᠣᠷᠳᠣᠨ ᠤ ᠠᠷᠢᠭᠤᠨ ᠴᠢᠭᠡᠴᠢ ᠳᠦᠷᠢ | ᠲᠥᠷᠬᠦ ᠶᠢ ᠴᠣᠭᠴᠠᠯᠠᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠠᠶᠠᠯᠠᠯ ᠨᠢᠭᠡᠨᠲᠡ ᠡᠬᠢᠯᠡᠯ᠎ᠡ᠂ ᠪᠢᠳᠠ ᠰᠢ ᠶᠢᠨ ᠫᠢᠩ ᠶᠡᠷᠦᠩᠬᠡᠢ ᠱᠦᠵᠢ ᠪᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤ | ᠨᠠᠮ ᠤᠨ ᠬᠤᠷᠢᠶᠠᠨ ᠤ ᠡᠷᠡᠰ ᠣᠳᠣᠷᠢᠳᠤᠯᠭ᠎ᠠ ᠳᠤᠤᠷ᠎ᠠ ᠤᠭ ᠰᠠᠨᠠᠭ᠎ᠠ ᠪᠠᠨ ᠥᠯᠣ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠲᠠᠭᠤ | ᠵᠣᠷᠢᠭ ᠢ ᠪᠠᠷᠢᠵᠦ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠣᠷᠣᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠰᠢᠢᠳᠪᠣᠷᠢᠳᠣ ᠢᠯᠡᠯᠳᠡ | ᠶᠢ ᠣᠯᠵᠣ᠂ ᠣᠳᠣᠬᠢᠴᠢᠯᠠᠭᠰᠠᠨ ᠦᠥᠰᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠶᠠᠯᠠᠯ ᠢ ᠡᠬᠢᠯᠡᠭᠦᠯᠬᠦ ᠶᠢᠨ ᠲᠦᠯᠦᠭᠡ ᠴᠦᠬᠦᠷᠡᠰᠢ | ᠦᠭᠡᠢ ᠳᠡᠮᠡᠴᠡᠵᠡᠬᠡᠶᠠ︕ | |