ᠲᠦᠯᠦᠭᠡᠯᠡᠭᠴᠢ ᠹᠠᠨ ᠶᠠᠨ᠄  ᠠᠷᠠᠳ ᠲᠦᠮᠡᠨ ᠤ ᠵᠤᠯ ᠵᠢᠷᠭᠠᠯ ᠤᠨ ᠲᠦᠯᠦᠭᠡ ᠴᠢᠷᠮᠠᠶᠢᠨ ᠠᠵᠢᠯᠯᠠᠨ᠎ᠠ
ᠨᠡᠶᠢᠲᠡᠯᠡᠭᠰᠡᠨ ᠴᠠᠭ᠄
2018-04-24
     ᠦᠨᠦᠳᠦᠷ ᠬᠡᠲᠤᠨ ᠢᠯᠡᠳᠬᠡᠯ ᠢ ᠰᠤᠨᠤᠰᠤᠭᠠᠳ ᠶᠡᠬᠡᠳᠡ ᠵᠤᠷᠢᠭᠵᠢᠯ᠎ᠠ᠃ ᠨᠡᠩ ᠢᠯᠠᠩᠭᠤᠶ᠎ᠠ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠨᠢ ᠤᠯᠠᠨ ᠠᠷᠪᠢᠨ ᠪᠤᠳᠠᠲᠤ ᠤᠴᠢᠷ ᠪᠠ ᠲᠤᠭ᠎ᠠ ᠪᠠᠷᠢᠮᠳᠠ ᠪᠠᠷ ᠵᠠᠰᠠᠭ ᠤᠨ ᠤᠷᠳᠤᠨ ᠤ ᠦᠡᠭᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠢᠯᠡᠷᠡᠭᠦᠯᠦᠭᠰᠡᠨ ᠪᠠᠶᠢᠨ᠎ᠠ᠃ ᠢᠯᠡᠳᠬᠡᠯ ᠳᠤ 2018 ᠤᠨ ᠤ ᠠᠵᠢᠯ ᠢ ᠪᠠᠶᠢᠷᠢᠯᠠᠭᠤᠯᠬᠤ ᠳᠤ ᠪᠠᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠦᠮᠦᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠲᠡᠭᠡᠷ᠎ᠡ ᠲᠦᠪᠯᠡᠷᠡᠬᠦᠯᠵᠤ ᠂ ᠰᠡᠳᠬᠢᠴᠡ ᠲᠤᠳᠤ᠂ ᠬᠠᠷᠠᠯᠲᠠ ᠲᠤᠳᠤᠷᠬᠠᠢ᠂ ᠵᠢᠯᠤᠭᠤᠳᠬᠤ ᠴᠢᠨᠠᠷ ᠪᠠ ᠠᠵᠢᠯᠯᠠᠬᠤ ᠴᠢᠨᠠᠷ ᠢᠶᠠᠷ ᠲᠤᠩ ᠴᠢᠩᠭ᠎ᠠ ᠪᠠᠶᠢᠵᠤ᠂ ᠪᠦᠬᠦ ᠬᠤᠰᠢᠭᠤᠨ ᠤ ᠬᠦᠭᠵᠢᠯᠲᠡ ᠳᠤ ᠴᠢᠭᠯᠡᠯ ᠵᠢᠭᠠᠵᠤ᠂ ᠢᠳᠡᠭᠡᠯ ᠵᠤᠷᠢᠭ ᠢ ᠬᠦᠪᠴᠢᠯᠡᠨ ᠠᠵᠢᠯᠯᠠᠬᠤ ᠤᠷᠮ᠎ᠠ ᠵᠤᠷᠢᠭ ᠢ ᠤᠯᠠᠮ ᠬᠦᠪᠴᠢᠯᠡᠯ᠎ᠠ᠃ ᠨᠡᠩ ᠢᠯᠠᠩᠭᠤᠶ᠎ᠠ ᠨᠠᠷᠢᠯᠢᠭᠵᠢᠭᠰᠠᠨ ᠦᠢᠯᠡᠴᠢᠯᠡᠭᠡ ᠶᠢ ᠲᠡᠭᠡᠭᠰᠢᠯᠡᠬᠦᠯᠬᠦ ᠲᠤᠮᠳᠠ ᠠᠯᠪᠠᠨ ᠭᠠᠵᠠᠷ ᠢ ᠰᠤᠯᠠᠯᠠᠬᠤ᠂ ᠨᠡᠶᠢᠬᠡᠮ ᠲᠤᠭᠤᠷᠢᠭ ᠤᠨ ᠬᠦᠳᠡᠯᠭᠡᠭᠡᠨ ᠤ ᠲᠦᠪ ᠢ ᠰᠢᠨ᠎ᠡ ᠪᠠᠷ ᠪᠠᠶᠢᠭᠤᠯᠬᠤ ᠦᠷᠭᠡᠳᠭᠡᠨ ᠪᠠᠶᠢᠭᠤᠯᠬᠤ᠂ ᠬᠠᠮᠤᠭ ᠲᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ᠂ ᠠᠳᠠᠯ ᠠᠬᠤᠢ ᠶᠢᠨ ᠦᠢᠯᠡᠴᠢᠯᠡᠭᠡ ᠶᠢ ᠰᠠᠶᠢᠵᠢᠷᠠᠭᠤᠯᠬᠤ᠂ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠴᠢᠬᠤᠯᠠᠴᠢᠯᠠᠬᠤ᠂ ᠬᠠᠭᠤᠴᠢᠨ ᠭᠡᠷ ᠪᠠᠶᠢᠰᠢᠩ ᠢ ᠦᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠨᠢᠭᠡ ᠰᠢᠷᠢᠰ ᠢᠨᠵᠧᠨᠧᠷᠢᠩ ᠢ ᠲᠤᠷᠠᠳᠴᠤ ᠠᠷᠠᠳ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠰᠠᠶᠢᠲᠤᠷ ᠲᠦᠰᠦᠪᠯᠡᠭᠰᠡᠨ ᠪᠠᠶᠢᠨ᠎ᠠ᠃ ᠬᠤᠷᠠᠯ ᠤᠨ ᠲᠠᠷᠠᠭ᠎ᠠ ᠪᠢᠳᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠢ ᠵᠤᠬᠢᠶᠠᠨ ᠪᠠᠶᠢᠭᠤᠯᠵᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠵᠢᠯᠯᠠᠨ᠂ ᠠᠵᠢᠯ ᠤᠨ ᠨᠠᠶᠢᠲᠠᠪᠤᠷᠢᠵᠢᠭᠤᠯᠤᠯᠲᠠ ᠶᠢ ᠠᠳᠬᠤᠵᠤ᠂ ᠨᠡᠶᠢᠬᠡᠮ ᠲᠤᠭᠤᠷᠢᠭ ᠤᠨ ᠪᠦᠬᠦ ᠬᠦᠮᠦᠰ ᠢ ᠲᠠᠭᠠᠭᠤᠯᠤᠨ ᠬᠠᠮᠳᠤᠪᠡᠷ ᠦᠵᠡᠰᠬᠦᠯᠡᠩᠲᠤ ᠰᠠᠶᠢᠬᠠᠨ ᠡᠶ᠎ᠡ ᠵᠤᠬᠢᠴᠠᠯ ᠲᠠᠢ ᠨᠡᠶᠢᠬᠡᠮ ᠲᠤᠭᠤᠷᠢᠭ ᠢ ᠴᠤᠭᠴᠠᠯᠠᠨ᠂ ᠠᠷᠠᠳ ᠲᠦᠮᠡᠨ ᠤ ᠵᠤᠯ ᠵᠢᠷᠭᠠᠯᠲᠤ ᠠᠮᠢᠳᠤᠷᠠᠯ ᠢ ᠴᠤᠭᠴᠠᠯᠠᠬᠤ ᠪᠠ ᠬᠤᠷᠭᠤᠳᠠᠬᠤ ᠰᠡᠳᠬᠢᠯᠭᠡ ᠶᠢ ᠨᠡᠮᠡᠭᠳᠡᠬᠦᠯᠬᠦ ᠶᠢᠨ ᠲᠦᠯᠦᠭᠡ ᠴᠢᠷᠮᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号