ᠵᠢᠷᠭᠠᠯ ᠬᠡᠰᠢᠬᠦᠨ᠄ ᠮᠤᠩᠭᠤᠯ ᠬᠢᠳᠠᠳ ᠬᠤᠤᠰ ᠬᠡᠯᠡᠨ ᠤ ᠨᠡᠶᠢᠬᠡᠮ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2018-04-24
     ᠪᠢᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠤ ᠰᠢ ᠶᠢᠨ ᠫᠢᠩ ᠲᠡᠷᠢᠬᠦᠯᠡᠭᠴᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠦᠶᠡᠰ ᠤᠨ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠵᠢᠯᠤᠭᠤᠳᠤᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠬᠦᠯᠦᠨ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ᠂ ᠱᠠᠰᠢᠨ ᠰᠤᠷᠲᠠᠬᠤᠨ ᠤ ᠠᠵᠢᠯ ᠵᠡᠷᠭᠡ ᠶᠢ ᠰᠠᠶᠢᠲᠤᠷ ᠬᠢᠨ᠎ᠠ᠃      ᠪᠦᠬᠦ ᠬᠤᠰᠢᠭᠤᠨ ᠤ ︽ᠬᠤᠶᠠᠷ ᠬᠤᠷᠠᠯ︾ ᠲᠡᠭᠡᠷ᠎ᠡ ᠨᠢᠭᠡᠨ ᠴᠦᠭᠡᠨ ᠲᠤᠭᠠᠲᠤ ᠦᠨᠳᠦᠰᠦᠲᠡᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠤ ᠬᠤᠪᠢ ᠳᠤ ᠮᠤᠩᠭᠤᠯ ᠬᠢᠳᠠᠳ ᠬᠤᠤᠰ ᠬᠡᠯᠡᠨ ᠤ ᠨᠡᠶᠢᠬᠡᠮ ᠤᠨ ᠦᠢᠯᠡᠴᠢᠯᠡᠭᠡᠨ ᠤ ᠲᠠᠯ᠎ᠠ ᠪᠠᠷ ᠬᠢ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠵᠤ᠂ ᠮᠠᠨ ᠤ ᠬᠤᠰᠢᠭᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠬᠤᠰᠢᠭᠤ ᠶᠢ ᠴᠢᠷᠮᠠᠶᠢᠨ ᠡᠬᠦᠳᠤᠨ ᠪᠠᠶᠢᠭᠤᠯᠬᠤ ᠳᠤ ᠰᠠᠭᠤᠷᠢ ᠲᠠᠯᠪᠢᠵᠤ᠂ ᠮᠠᠨ ᠤ ᠬᠤᠰᠢᠭᠤᠨ ᠤ ᠡᠯ᠎ᠡ ᠦᠨᠳᠦᠰᠦᠲᠡᠨ ᠪᠦᠯᠬᠦᠮᠳᠡᠨ᠂ ᠠᠵᠤ ᠠᠬᠤᠢ ᠨᠡᠶᠢᠬᠡᠮ ᠴᠡᠴᠡᠭᠯᠡᠨ ᠬᠦᠭᠵᠢᠬᠦ ᠶᠢ ᠬᠦᠰᠡᠵᠤ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号