ᠵᠠᠩ ᠢᠤᠢ ᠲᠢᠩ ᠬᠡᠰᠢᠬᠦᠨ᠄  ᠪᠤᠳᠠᠲᠠᠢ ᠠᠵᠢᠯᠯᠠᠨ ᠡᠬᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠨ᠎ᠠ
ᠨᠡᠶᠢᠲᠡᠯᠡᠭᠰᠡᠨ ᠴᠠᠭ᠄
2018-04-24
     ᠪᠦᠬᠦ ᠤᠯᠤᠰ ᠤᠨ ︽ᠬᠤᠶᠠᠷ ᠬᠤᠷᠠᠯ︾ ᠲᠡᠭᠦᠰᠴᠤ ᠪᠠᠶᠢᠭ᠎ᠠ ᠲᠠᠰᠢᠷᠠᠮ ᠳᠤ ᠮᠠᠨ ᠤ ᠬᠤᠰᠢᠭᠤᠨ ᠤ ︽ᠬᠤᠶᠠᠷ ᠬᠤᠷᠠᠯ︾ ᠬᠤᠷᠠᠯᠳᠤᠵᠤ᠂ ᠡᠨᠡ ᠪᠤᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠲᠦᠷᠭᠡᠨ ᠬᠦᠭᠵᠢᠵᠤ ᠪᠠᠶᠢᠭ᠎ᠠ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠬᠤᠷᠠᠯ ᠪᠤᠯᠤᠨ᠎ᠠ᠃ ᠮᠠᠨ ᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠰᠤᠶᠤᠯ ᠤᠨ ᠲᠤᠮᠤ ᠬᠤᠰᠢᠭᠤ᠂ ᠰᠤᠶᠤᠯ ᠤᠨ ᠬᠦᠴᠦᠷᠭᠡᠭ ᠬᠤᠰᠢᠭᠤ ᠶᠢ ᠪᠠᠶᠢᠭᠤᠯᠬᠤ ᠠᠴᠠ ᠭᠠᠷᠳᠠᠵᠤ᠂ ᠦᠤᠰᠢᠨ ᠤ ᠰᠤᠶᠤᠯ ᠢ ᠰᠢᠨ᠎ᠠ ᠲᠡᠭᠳᠡᠷ ᠲᠤ ᠭᠠᠷᠭᠠᠬᠤ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃      ᠪᠢ ᠨᠢᠭᠡᠨ ᠰᠤᠶᠤᠯ ᠤᠨ ᠹᠷᠤᠨᠲ ᠲᠡᠭᠡᠷᠡᠬᠢ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠤ ᠬᠤᠪᠢ ᠳᠤ ᠬᠤᠶᠢᠰᠢᠳᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ᠂ ᠰᠠᠨᠠᠯ ᠲᠤᠷᠠᠳᠤᠯᠭ᠎ᠠ ᠶᠢᠨ ᠠᠵᠢᠯ ᠢᠶᠠᠨ ᠰᠠᠶᠢᠲᠤᠷ ᠬᠢᠵᠤ᠂ ᠲᠤᠬᠠᠢᠢᠯᠠᠭᠰᠠᠨ ᠠᠵᠢᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠤ ᠬᠤᠤᠰ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠤ᠂ ᠪᠦᠬᠦ ᠬᠤᠰᠢᠭᠤ ᠪᠠᠷ ᠢᠶᠠᠨ ᠴᠦᠬᠦᠷᠡᠰᠢ ᠦᠭᠡᠢ ᠴᠢᠷᠮᠠᠶᠢᠪᠠᠯ ᠦᠤᠰᠢᠨ ᠤ ᠮᠠᠷᠭᠠᠰᠢ ᠨᠡᠩ ᠪᠠᠶᠠᠨ ᠴᠢᠨᠡᠭᠡᠯᠢᠭ᠂ ᠡᠶ᠎ᠡ ᠵᠤᠬᠢᠴᠠᠩᠭᠤᠢ᠂ ᠭᠤᠶᠤ ᠦᠵᠡᠰᠬᠦᠯᠡᠩ ᠪᠤᠯᠬᠤ ᠶᠢ ᠢᠳᠡᠭᠡᠵᠤ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号