ᠹᠧᠩ ᠬᠠᠢ ᠶᠠᠨ ᠬᠡᠰᠢᠬᠦᠨ᠄ ᠦᠤᠰᠢᠨ ᠤ ᠤᠳᠬ᠎ᠠ ᠤᠷᠠᠯᠢᠭ ᠤᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2018-04-24
   
     ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠳᠤ ᠪᠠᠨ ᠪᠢ ᠮᠠᠰᠢ ᠪᠠᠶᠠᠷᠯᠠᠵᠤ ᠪᠠᠶᠢᠨ᠎ᠠ᠃ ᠬᠤᠶᠢᠰᠢᠲᠠ ᠪᠢ ᠯᠠᠪᠲᠠᠢ ᠰᠠᠶᠢᠲᠤᠷ ᠰᠤᠷᠤᠯᠴᠠᠵᠤ᠂ ᠬᠡᠪ ᠴᠢᠨᠠᠷ ᠢᠶᠠᠨ ᠲᠡᠭᠡᠭᠰᠢᠯᠡᠬᠦᠯᠦᠨ᠂ ᠡᠬᠦᠷᠭᠡ ᠲᠤᠰᠢᠶᠠᠯ ᠢᠶᠠᠨ ᠰᠠᠶᠢᠲᠤᠷ ᠬᠦᠢᠴᠡᠳᠬᠡᠨ᠎ᠡ᠃ ᠡᠬᠦᠷᠭᠡ ᠲᠤᠰᠢᠶᠠᠯ ᠢᠶᠠᠨ ᠬᠡᠷᠡᠭᠵᠢᠬᠦᠯᠬᠦ ᠶᠠᠪᠤᠴᠠ ᠳᠤ ᠦᠨᠳᠦᠰᠦᠨ ᠱᠠᠲᠤᠨ ᠳᠤ ᠬᠦᠷᠴᠤ᠂ ᠪᠠᠶᠢᠴᠠᠭᠠᠨ ᠤᠢᠢᠯᠠᠭᠠᠵᠤ᠂ ᠤᠬᠠᠭᠠᠨ ᠪᠤᠳᠤᠯᠭ᠎ᠠ ᠪᠠᠨ ᠡᠷᠬᠦᠨ᠂ ᠬᠡᠪ ᠪᠠᠶᠢᠳᠠᠯ ᠤᠨ ᠱᠠᠭᠠᠷᠳᠠᠯᠭ᠎ᠠ ᠶᠢ ᠲᠠᠭᠠᠵᠤ᠂ ᠵᠤᠬᠢᠶᠠᠨ ᠪᠠᠶᠢᠭᠤᠯᠤᠯᠲᠠ ᠪᠠ ᠴᠠᠭ ᠦᠶ᠎ᠠ ᠶᠢᠨ ᠰᠢᠯᠭᠠᠯᠲᠠ ᠶᠢ ᠯᠠᠪᠲᠠᠢ ᠲᠤᠭᠤᠯᠵᠤ ᠲᠠᠶᠢᠯᠦᠨ᠎ᠠ᠃      ᠤᠳᠬ᠎ᠠ ᠤᠷᠠᠯᠢᠭ ᠤᠨ ᠹᠷᠤᠨᠲ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠤ ᠬᠤᠪᠢ ᠳᠤ ᠪᠢᠳᠠ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠨ ᠱᠠᠲᠤᠨ ᠳᠤ ᠬᠦᠷᠴᠤ᠂ ᠠᠷᠠᠳ ᠲᠦᠮᠡᠨ ᠳᠤ ᠦᠢᠯᠡᠴᠢᠯᠡᠬᠦ ᠪᠠᠷ ᠤᠷᠠᠨ ᠪᠦᠲᠦᠭᠡᠬᠦ ᠤᠳᠤᠷᠢᠳᠤᠮᠵᠢ ᠪᠠᠨ ᠪᠤᠯᠭᠠᠵᠤ᠂ ᠪᠦᠬᠦ ᠬᠤᠰᠢᠭᠤᠨ ᠤ ᠦᠷᠭᠡᠨ ᠤᠯᠠᠨ ᠤᠳᠬ᠎ᠠ ᠤᠷᠠᠯᠢᠭᠴᠢᠳ ᠢ ᠪᠦᠯᠬᠦᠮᠳᠡᠬᠦᠯᠦᠨ ᠤᠳᠤᠷᠢᠳᠴᠤ᠂ ᠨᠤᠲᠤᠭ ᠤᠰᠤ ᠪᠠᠨ ᠰᠠᠨᠠᠬᠤ ᠤᠢᠢᠯᠠᠭᠠᠭᠳᠠᠬᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠦᠳᠡᠭᠡ ᠲᠤᠰᠬᠤᠨ ᠤ ᠪᠤᠯᠪᠠᠰᠤᠨ ᠰᠤᠷᠳᠠᠯ ᠢ ᠪᠦᠬᠦ ᠬᠦᠴᠦ ᠪᠠᠷ ᠢᠶᠠᠨ ᠪᠢᠴᠢᠭᠯᠡᠵᠤ᠂ ᠲᠡᠬᠡᠲᠦ ᠬᠡᠮᠵᠢᠶᠡᠨ ᠤ ᠰᠤᠶᠤᠯ ᠤᠨ ᠢᠳᠡᠭᠡᠯ ᠢᠶᠠᠷ ᠤᠷᠠᠨ ᠪᠦᠲᠦᠭᠡᠬᠦ ᠶᠠᠪᠤᠴᠠ ᠲᠤᠮᠳᠠ ᠠᠵᠤ ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠴᠢᠷᠮᠠᠶᠢᠨ ᠤᠷᠤᠭᠰᠢᠯᠠᠨ᠂ ᠦᠤᠰᠢᠨ ᠤ ᠤᠳᠬ᠎ᠠ ᠤᠷᠠᠯᠢᠭ ᠤᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠪᠠᠯ ᠵᠤᠬᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号