ᠭᠤᠤ ᠾᠧ ᠬᠡᠰᠢᠬᠦᠨ᠄ ᠪᠤᠬᠢᠷᠳᠤᠯ ᠦᠭᠡᠢ ᠠᠵᠤ ᠦᠢᠯᠡᠳᠪᠦᠷᠢ ᠶᠢᠨ ᠬᠦᠭᠵᠢᠯᠲᠡ ᠶᠢᠨ ᠵᠠᠮ ᠢᠶᠠᠷ ᠵᠠᠮᠨᠠᠪᠠᠯ ᠵᠤᠬᠢᠨ᠎ᠠ
ᠨᠡᠶᠢᠲᠡᠯᠡᠭᠰᠡᠨ ᠴᠠᠭ᠄
2018-04-24
     ᠪᠢ ᠡᠭᠦᠷᠭᠡ ᠲᠤᠰᠢᠶᠠᠯ ᠢᠶᠠᠨ ᠬᠦᠢᠴᠡᠳᠬᠡᠬᠦ ᠲᠤᠮᠳᠠ ᠤᠯᠤᠰ ᠲᠦᠷᠦ ᠶᠢᠨ ᠵᠦᠪᠯᠡᠯᠭᠡᠨ ᠢ ᠤᠢᠢᠯᠠᠭᠠᠵᠤ᠂ ᠵᠠᠰᠠᠭ ᠤᠨ ᠶᠠᠪᠤᠳᠠᠯ ᠢ ᠵᠦᠪᠯᠡᠨ᠂ ᠰᠠᠬᠢᠯᠭ᠎ᠠ ᠲᠦᠷᠢᠮ ᠢ ᠰᠠᠬᠢᠵᠤ᠂ ᠵᠠᠩ ᠰᠤᠷᠳᠠᠯ ᠢ ᠴᠢᠬᠤᠯᠠᠴᠢᠯᠠᠭᠰᠠᠨ ᠨᠢᠭᠡᠨ ᠬᠢᠷᠢ ᠲᠡᠩᠴᠡᠭᠰᠡᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠬᠤ ᠪᠠᠷ ᠴᠢᠷᠮᠠᠶᠢᠵᠤ᠂ ᠦᠪᠡᠷ ᠤᠨ ᠤᠯᠤᠰ ᠲᠦᠷᠦ ᠶᠢᠨ ᠬᠡᠪ ᠪᠤᠯᠪᠠᠰᠤᠷᠠᠯ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠤᠳᠤᠯᠭ᠎ᠠ ᠲᠤᠭᠲᠠᠭᠠᠬᠤ ᠳᠤ ᠤᠬᠠᠭᠠᠨ ᠴᠢᠳᠠᠯ ᠢᠶᠠᠨ ᠡᠷᠭᠦᠭᠦ ᠪᠠᠷ ᠴᠢᠷᠮᠠᠶᠢᠨ᠎ᠠ᠃ ᠮᠢᠨᠦ ᠪᠤᠳᠤᠬᠤ ᠪᠠᠷ ᠮᠠᠨ ᠤ ᠬᠤᠰᠢᠭᠤ ᠪᠤᠬᠢᠷᠳᠤᠯ ᠦᠭᠡᠢ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠠᠪᠤᠴᠠ ᠲᠤᠮᠳᠠ ᠦᠡᠭᠭᠡᠷᠡᠭᠰᠡᠨ ᠤ ᠤᠯᠠᠮᠵᠢᠯᠠᠯᠲᠤ ᠲᠠᠩ ᠴᠤᠯᠭᠤᠢ ᠪᠠᠶᠢᠳᠠᠯ ᠢᠶᠠᠨ ᠲᠠᠶᠠᠭᠳᠠᠪᠠᠯ ᠰᠠᠶ᠋ᠢ ᠵᠢᠩᠭᠢᠨᠢ ᠪᠠᠷ ᠬᠦᠭᠵᠢᠵᠤ ᠴᠢᠳᠠᠨ᠎ᠠ᠃ ᠪᠢᠳᠠᠨ ᠤ ᠠᠵᠤ ᠠᠬᠤᠢᠢᠯᠠᠯ ᠬᠤᠶᠢᠰᠢᠳᠠ ᠶᠢᠨ ᠬᠦᠭᠵᠢᠯᠲᠡ ᠶᠢᠨ ᠤᠢᠢᠯᠠᠭᠠᠭᠳᠠᠬᠤᠨ ᠲᠡᠭᠡᠷ᠎ᠡ ᠪᠠᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠦᠨᠳᠦᠷ᠂ ᠡᠬᠢ ᠪᠠᠶᠠᠯᠢᠭ ᠤᠨ ᠬᠤᠷᠤᠭᠳᠠᠯ ᠪᠠᠭ᠎ᠠ᠂ ᠤᠷᠴᠢᠨ ᠲᠤᠭᠤᠷᠢᠨ ᠤ ᠪᠤᠬᠢᠷᠳᠤᠯ ᠪᠠᠭ᠎ᠠ᠂ ᠠᠵᠤ ᠠᠬᠤᠢ ᠶᠢᠨ ᠠᠰᠢᠭ ᠤᠷᠤᠯᠭ᠎ᠠ ᠰᠠᠶᠢᠨ ᠪᠤᠬᠢᠷᠳᠤᠯ ᠦᠭᠡᠢ ᠬᠦᠭᠵᠢᠯᠲᠡ ᠶᠢᠨ ᠵᠠᠮ ᠢᠶᠠᠷ ᠵᠠᠮᠨᠠᠵᠤ᠂ ︽ᠬᠦᠭᠡᠮᠳᠦᠭ ᠠᠭᠤᠯᠠ ᠴᠡᠩᠭᠡᠭ ᠤᠰᠤ ᠪᠤᠯ ᠠᠯᠲᠠ ᠮᠦᠡᠭᠭᠦᠨ ᠠᠭᠤᠯᠠ︾ ᠬᠡᠬᠦ ᠬᠦᠭᠵᠢᠯᠲᠡ ᠶᠢᠨ ᠤᠢᠢᠯᠠᠭᠠᠭᠳᠠᠬᠤᠨ ᠢ ᠡᠷᠡᠰ ᠨᠠᠶᠢᠲᠠᠪᠤᠷᠢᠵᠢᠭᠤᠯᠵᠤ᠂ ᠨᠤᠮᠢᠨ ᠲᠠᠩᠰᠤᠭ ᠦᠤᠰᠢᠨ ᠢ ᠦᠨᠡᠨᠬᠦ ᠴᠡᠪᠡᠷ ᠡᠨᠧᠷᠬᠢ ᠶᠢᠨ ᠡᠬᠢ ᠪᠠᠶᠠᠯᠢᠭ ᠢ ᠭᠠᠷᠭᠠᠬᠤ ᠰᠠᠭᠤᠷᠢᠨ ᠭᠠᠵᠠᠷ ᠪᠤᠯᠭᠠᠨ ᠪᠦᠲᠦᠭᠡᠨ ᠪᠠᠶᠢᠭᠤᠯᠪᠠᠯ ᠵᠤᠬᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号