| ᠬᠤᠷᠠᠯ ᠲᠡᠭᠡᠷ᠎ᠡ ᠬᠡᠲᠦᠨ ᠠᠵᠢᠯ ᠤᠨ ᠢᠯᠡᠳᠬᠡᠯ ᠢ ᠰᠤᠨᠤᠰᠤᠯ᠎ᠠ᠂ ︽ᠵᠠᠰᠠᠭ ᠤᠨ ᠤᠷᠳᠤᠨ ᠤ ᠠᠵᠢᠯ ᠤᠨ | ᠢᠯᠡᠳᠬᠡᠯ︾ ᠲᠤᠮᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠢᠯᠡᠷᠡᠬᠦᠯᠵᠤ᠂ ᠢᠯᠡᠳᠬᠡᠯ ᠲᠤᠮᠳᠠ ᠲᠤᠷᠠᠳᠤᠭᠰᠠᠨ ᠰᠤᠷᠭᠠᠭᠤᠯᠢ ᠶᠢᠨ | ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠵᠠᠯᠠᠭᠤ ᠪᠠᠭᠰᠢ ᠶᠢ ᠤᠯᠠᠨ ᠬᠦᠮᠦᠵᠢᠬᠦᠯᠵᠤ᠂ ᠪᠠᠭᠰᠢ ᠶᠢᠨ | ᠡᠩᠨᠡᠭᠡ ᠶᠢᠨ ᠶᠠᠰᠤ ᠴᠢᠨᠡᠷ ᠢ ᠲᠡᠭᠡᠭᠰᠢᠯᠡᠬᠦᠯᠤᠨ᠎ᠠ ᠭᠡᠵᠤ ᠲᠤᠷᠠᠳᠴᠠᠢ᠃ ᠪᠢ ᠨᠢᠭᠡᠨ ᠰᠤᠷᠭᠠᠨ ᠬᠦᠮᠦᠵᠢᠯ ᠤᠨ | ᠹᠷᠤᠨᠲ ᠤᠨ ᠲᠦᠯᠦᠭᠡᠯᠡᠭᠴᠢ ᠪᠤᠯᠤᠭᠰᠠᠨ ᠤ ᠬᠤᠪᠢ ᠳᠤ ᠲᠤᠩ ᠵᠤᠷᠢᠭᠵᠢᠵᠤ᠂ ᠬᠤᠵᠢᠮ ᠤᠨ ᠠᠵᠢᠯ ᠳᠤ ᠪᠠᠨ ᠨᠡᠩ | ᠢᠳᠡᠭᠡᠯ ᠲᠠᠢ ᠪᠤᠯᠤᠯ᠎ᠠ᠃ | ᠲᠠᠷᠠᠭᠠᠴᠢ ᠪᠠᠷ ᠪᠢ ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ | ᠠᠷᠠᠳ ᠤᠨ ᠲᠦᠯᠦᠭᠡᠯᠡᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠬᠤᠷᠠᠯ ᠤᠨ ᠵᠤᠷᠢᠭ ᠰᠠᠨᠠᠭ᠎ᠠ ᠶᠢ | ᠠᠵᠢᠯ ᠤᠨ ᠲᠤᠮᠳᠠ ᠪᠠᠨ ᠲᠤᠤᠱᠯᠠᠭᠤᠯᠵᠤ᠂ ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠢ ᠰᠢᠨ᠎ᠡ | ᠲᠡᠭᠳᠡᠷ ᠲᠤ ᠭᠠᠷᠭᠠᠬᠤ ᠶᠢᠨ ᠲᠦᠯᠦᠭᠡ ᠦᠪᠡᠷ ᠤᠨ ᠬᠦᠴᠦᠨ ᠢᠶᠠᠨ ᠡᠷᠬᠦᠨ᠎ᠡ᠃ |