ᠤᠷᠳᠤᠰ ᠬᠤᠳᠠ ᠶᠢᠨ ᠮᠤᠩᠭᠤᠯ ᠥᠨᠳᠤᠰᠤᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ ︵ᠤᠤᠯ ᠤᠨ ᠦᠦᠰᠢᠨ | ᠬᠤᠰᠢᠭᠤᠨ ᠤ ᠮᠤᠩᠭᠤᠯ ᠨᠢᠭᠡᠳᠦᠭᠡᠷ ᠲᠤᠮᠳᠠᠳᠤ ᠰᠤᠷᠭᠠᠭᠤᠯᠢ︶ ᠨᠢ 1958 ᠤᠨ ᠳᠤ ᠪᠠᠶᠢᠭᠤᠯᠤᠭᠳᠠᠬᠤ ᠳᠤ ᠪᠠᠨ | ᠮᠤᠩᠭᠤᠯ ᠭᠢᠳᠠᠳ ᠬᠠᠮᠳᠤᠷᠠᠭᠰᠠᠨ ᠰᠤᠷᠭᠠᠭᠤᠯᠢ ᠪᠡᠶᠢᠭ᠌ᠰᠠᠨ ᠠᠴᠠ 1976 ᠤᠨ ᠳᠤ ᠲᠤᠰᠠᠭᠠᠷᠯᠠᠨ ᠭᠠᠷᠴᠤ ᠵᠢᠩᠭᠢᠨᠢ ᠪᠠᠷ | ︽ᠥᠤᠰᠢᠨ ᠬᠤᠰᠢᠭᠤᠨ ᠤ ᠮᠤᠩᠭᠤᠯ ᠥᠨᠳᠤᠰᠤᠳᠠᠨ ᠤ ᠨᠢᠭᠡᠳᠤᠭᠡᠷ ᠲᠤᠮᠳᠠᠳᠤ ᠰᠤᠷᠭᠠᠭᠤᠯᠢ︾ ᠭᠡᠵᠤ ᠨᠠᠷᠠᠶᠢᠳᠤᠭ᠍ᠳᠠᠪᠠ᠃ | 2002 ᠤᠨ ᠳᠤ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠥᠪᠰᠢᠶᠠᠷᠠᠯ ᠢᠶᠠᠷ ︽ᠤᠷᠳᠤᠰ ᠬᠤᠳᠠ | ᠶᠢᠨ ᠮᠤᠩᠭᠤᠯ ᠥᠨᠳᠤᠰᠤᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ︾ ᠭᠡᠮᠠᠨ ᠥᠭᠡᠷᠡᠴᠢᠯᠠᠨ ᠨᠠᠷᠠᠶᠢᠳᠪᠠ᠃ | ᠰᠤᠷᠭᠠᠭᠤᠯᠢ ᠶᠢᠨ ᠶᠠᠷᠤᠩᠭᠡᠢ ᠲᠠᠯᠠᠪᠡᠢ ᠵᠢᠷᠭᠤᠭᠠᠨ ᠲᠥᠮᠨ ᠭᠠᠷᠤᠢ ᠲᠡᠭᠰᠢ ᠲᠥᠷᠪᠠᠯᠵᠢᠨ ᠮᠧᠲᠷ᠂ ᠪᠠᠷᠢᠯᠭ᠎ᠠ ᠶᠢᠨ ᠲᠠᠯᠠᠪᠡᠢ | ᠨᠢ ᠭᠤᠷᠪᠠᠨ ᠲᠦᠮᠡ ᠭᠠᠷᠤᠢ ᠲᠡᠭᠰᠢ ᠲᠥᠷᠪᠠᠯᠵᠢᠨ ᠮᠧᠲᠷ ᠪᠤᠢ᠃ ᠤᠳᠤ ᠪᠠᠶᠢᠭ᠎ᠠ ᠪᠠᠭᠰᠢ ᠠᠵᠢᠯᠳᠠᠨ 199 ᠨᠡᠷ᠎ᠡ᠂ | ᠰᠤᠷᠤᠭᠴᠢ 935 ᠨᠡᠷ᠎ᠡ ︵ᠠᠩᠬ᠎ᠠ ᠲᠤᠮᠳᠠᠳᠤ ᠳᠤ 601 ᠨᠡᠷ᠎ᠠ᠂ ᠲᠡᠭᠡᠳᠤ ᠲᠤᠮᠳᠠᠳᠤ ᠳᠤ 334 ᠨᠡᠷ᠎ᠠ︶᠂ 33 | ᠠᠩᠬᠢ ᠪᠦᠯᠦᠭ ᠲᠠᠢ ︵ᠡᠬᠦᠨ ᠳᠤ ᠠᠩᠬ᠎ᠠ ᠲᠤᠮᠳᠠᠳᠤ 20 ᠠᠩᠬᠢ᠂ ᠲᠡᠭᠡᠳᠤ ᠲᠤᠮᠳᠠᠳᠤ 13 ᠠᠩᠬᠢ︶᠃ | ᠰᠤᠷᠭᠠᠭᠤᠯᠢ ᠨᠢ ︽ᠰᠤᠷᠤᠭᠴᠢ ᠶᠢᠨ ᠨᠠᠰᠤᠨ ᠲᠤᠷᠰᠢᠲᠡ ᠶᠢᠨ ᠭᠦᠭᠵᠢᠯᠲᠠ ᠳᠤ ᠰᠠᠭᠤᠷᠢ ᠲᠠᠯᠪᠢᠵᠤ᠂ ᠰᠤᠷᠤᠭᠴᠢ | ᠪᠤᠯᠭᠠᠨ ᠢ ᠰᠤᠷᠭᠠᠭᠤᠯᠢ ᠳᠠᠪᠰᠢᠭᠤᠯᠬᠤ ᠶᠢ ᠵᠤᠷᠢᠬᠤ ᠪᠢᠰᠢ᠂ ᠭᠡᠪᠡᠴᠦ ᠰᠤᠷᠤᠭᠴᠢ ᠪᠤᠯᠭᠠᠨ ᠢ ᠴᠢᠳᠠᠪᠤᠷᠢᠲᠠᠨ ᠪᠤᠯᠭᠠᠬᠤ ᠶᠢ | ᠵᠤᠷᠢᠬᠤ︾ ᠪᠠᠷ ᠰᠤᠷᠭᠠᠭᠤᠯᠢ ᠡᠷᠬᠢᠯᠡᠬᠦ ᠤᠨᠤᠯᠵᠢᠬᠤᠨ ᠪᠤᠯᠭᠠᠵᠤ᠂ ︽ᠬᠠᠷᠢᠭᠤᠴᠠᠯᠭᠠᠲᠤ ᠰᠡᠳᠭᠢᠯᠭᠡ ᠲᠠᠢ᠂ ᠬᠢᠷᠢ | ᠲᠡᠩᠴᠡᠭᠰᠡᠨ᠂ ᠤᠳᠤ ᠦᠶ᠎ᠡ ᠶᠢᠨ ᠢᠷᠭᠡᠨ ᠢ ᠬᠦᠮᠦᠵᠢᠭᠦᠯᠬᠦ︾ ᠪᠠᠷ ᠬᠦᠮᠦᠨ ᠢ ᠬᠦᠮᠦᠵᠢᠭᠦᠯᠬᠦ ᠬᠠᠷᠠᠯᠲᠠ ᠪᠠᠨ ᠪᠤᠯᠭᠠᠵᠤ᠂ | ︽ᠦᠪᠡᠷ ᠢ ᠪᠠᠨ ᠬᠦᠴᠦᠷᠭᠡᠭᠵᠢᠭᠦᠯᠵᠦ ᠠᠬᠢᠨ ᠳᠠᠪᠰᠢᠬᠤ︾ ᠪᠠᠷ ᠰᠤᠷᠭᠠᠭᠤᠯᠢ ᠶᠢᠨ ᠰᠤᠷᠭᠠᠯ ᠪᠤᠯᠭᠠᠨ᠂ ︽ᠦᠨᠡᠨ ᠢ | ᠪᠠᠷᠢᠮᠲᠠᠯᠠᠨ ᠰᠢᠨ᠎ᠡ ᠶᠢ ᠡᠭᠦᠳᠬᠦ︾ ᠪᠠᠷ ᠰᠤᠷᠭᠠᠭᠤᠯᠢ ᠶᠢᠨ ᠰᠤᠷᠲᠠᠯ ᠪᠤᠯᠭᠠᠵᠤ᠂ ︽ᠦᠢᠯᠡᠰ ᠢᠶᠠᠨ ᠬᠦᠨᠳᠦᠳᠭᠡᠨ᠂ | ᠴᠢᠩᠭ᠎ᠠ ᠬᠢᠨᠠᠮᠠᠭᠠᠢ ᠪᠠᠶᠢᠵᠤ᠂ ᠴᠢᠳᠠᠮᠠᠭᠠᠢ ᠵᠢᠭᠠᠨ᠂ ᠰᠢᠨ᠎ᠡ ᠶᠢ ᠡᠭᠦᠳᠬᠦ︾ ᠵᠢᠭᠠᠬᠤ ᠰᠤᠷᠲᠠᠯ ᠪᠠ ︽ᠪᠡᠶ᠎ᠡ ᠪᠠᠨ ᠳᠠᠭᠠᠭᠠᠨ᠂ | ᠬᠤᠷᠰᠢᠨ ᠬᠠᠮᠲᠤᠷᠠᠵᠤ᠂ ᠬᠠᠶᠢᠨ ᠰᠦᠪᠡᠭᠴᠢᠯᠠᠬᠦ︾ ᠰᠤᠷᠬᠤ ᠰᠤᠷᠲᠠᠯ ᠢ ᠶᠡᠭᠡ ᠪᠠᠷ ᠰᠤᠷᠲᠠᠯᠴᠢᠯᠠᠨ᠂ ︽ᠰᠤᠷᠤᠭᠴᠢ ᠶᠢᠨ | ᠬᠦᠭᠵᠢᠯᠲᠡ ᠪᠠᠷ ᠭᠤᠤᠯᠳᠠᠯᠭ᠎ᠠ︾ ᠪᠤᠯᠭᠠᠬᠤ ᠪᠠᠷ ᠰᠤᠷᠭᠠᠨ ᠬᠦᠮᠦᠵᠢᠯ ᠤᠨ ᠠᠵᠢᠯ ᠤᠨ ᠭᠤᠤᠯᠳᠠᠯᠭ᠎ᠠ ᠪᠤᠯᠭᠠᠵᠤ᠂ ︽ᠬᠡᠪ | ᠴᠢᠨᠠᠷ ᠤᠨ ᠰᠤᠷᠭᠠᠨ ᠬᠦᠮᠦᠵᠢᠯ ᠨᠢ ᠬᠢᠴᠢᠶᠡᠯ ᠤᠨ ᠲᠠᠩᠬᠢᠮ ᠳᠤ ᠪᠤᠢ ᠭᠡᠳᠡᠭ ᠢ ᠪᠠᠷᠢᠮᠲᠠᠯᠠᠬᠤ᠂ ᠵᠢᠭᠠᠬᠤ ᠨᠢ ᠰᠤᠷᠬᠤ ᠳᠤ | ᠦᠢᠯᠡᠴᠢᠯᠡᠬᠦ ᠶᠢ ᠪᠠᠷᠢᠮᠲᠠᠯᠠᠬᠤ︾ ᠬᠤᠶᠠᠷ ᠦᠨᠳᠦᠰᠦᠨ ᠴᠡᠭ ᠢ ᠠᠳᠬᠤᠨ᠂ ︽ᠪᠦᠬᠦ ᠲᠠᠯ᠎ᠠ ᠶᠢᠨ ᠮᠦᠷᠲᠡᠭᠡᠨ ᠤᠨᠴᠠᠯᠢᠭ | ᠲᠠᠢ᠂ ᠬᠢᠷᠢ ᠲᠡᠩᠴᠡᠭᠰᠡᠨ ᠮᠦᠷᠲᠡᠭᠡᠨ ᠴᠢᠳᠠᠪᠤᠷᠢ ᠲᠠᠢ︾ ᠴᠢᠳᠠᠪᠤᠷᠢᠲᠠᠨ ᠢ ᠬᠦᠮᠦᠵᠢᠭᠦᠯᠦᠨ᠎ᠡ᠃ | ᠰᠤᠷᠭᠠᠭᠤᠯᠢ ᠨᠢ ︽ᠶᠠᠰᠤ ᠴᠢᠨᠠᠷ ᠨᠢᠭᠡᠳᠦᠭᠡᠷ᠂ ᠬᠠᠮᠢᠶᠠᠷᠤᠯᠲᠠ ᠨᠢᠭᠡᠳᠦᠭᠡᠷ᠂ ᠠᠮᠤᠷ ᠲᠦᠪᠰᠢᠨ ᠨᠢᠭᠡᠳᠦᠭᠡᠷ︾ | ᠪᠠᠶᠢᠬᠤ ᠪᠠᠷ ᠠᠵᠢᠯ ᠤᠨ ᠭᠤᠤᠯᠳᠠᠯᠭ᠎ᠠ ᠪᠤᠯᠭᠠᠵᠤ᠂ ᠬᠢᠴᠢᠶᠡᠯ ᠤᠨ ᠲᠢᠩᠬᠢᠮ ᠤᠨ ᠵᠢᠭᠠᠨ ᠰᠤᠷᠭᠠᠬᠤ ᠬᠡᠪ ᠵᠠᠭᠪᠤᠷ ᠢ | ᠦᠭᠡᠷᠡᠴᠢᠯᠡᠨ᠂ ᠰᠤᠷᠤᠭᠴᠢᠳ ᠤᠨ ᠰᠤᠷᠬᠤ ᠢᠳᠡᠪᠬᠢᠵᠢᠯ ᠪᠠ ᠤᠷᠮ᠎ᠠ ᠪᠠᠬ᠎ᠠ ᠶᠢ ᠬᠦᠢᠴᠡᠳ ᠲᠠᠶᠢᠴᠢᠯᠠᠵᠤ᠂ ᠵᠢᠭᠠᠨ | ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠠ᠃ ᠪᠠᠭᠰᠢ ᠰᠤᠷᠤᠭᠴᠢᠳ ᠤᠨ ᠤᠯᠤᠰ ᠲᠦᠷᠦ ᠦᠵᠡᠯ | ᠰᠠᠨᠠᠭᠠᠨ ᠤ ᠬᠦᠮᠦᠵᠢᠯ ᠢ ᠴᠢᠩᠭᠠᠳᠬᠠᠵᠤ᠂ ᠲᠦᠷᠢᠮ ᠲᠤᠭᠳᠠᠭᠠᠯ ᠢ ᠲᠡᠬᠦᠯᠳᠡᠷᠵᠢᠬᠦᠯᠦᠨ᠂ ᠠᠵᠢᠯ ᠤᠨ ᠬᠠᠷᠢᠭᠤᠴᠠᠯᠭ᠎ᠠ ᠶᠢ | ᠲᠤᠳᠤᠷᠬᠠᠢ ᠪᠤᠯᠭᠠᠵᠤ᠂ ᠪᠠᠶᠢᠷᠢ ᠪᠠ ᠠᠩᠬᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠰᠢᠯᠢᠳᠡᠭ ᠰᠠᠶᠢᠨ ᠰᠤᠷᠤᠯᠴᠠᠬᠤ | ᠤᠷᠴᠢᠨ ᠠᠬᠤᠢ ᠶᠢ ᠪᠦᠷᠢᠯᠳᠦᠬᠦᠯᠦᠨ᠎ᠠ᠃ ᠪᠠᠭᠰᠢ ᠨᠠᠷ ᠢ ᠦᠨᠳᠦᠷ ᠬᠠᠷᠢᠭᠤᠴᠠᠯᠭᠠᠳᠤ ᠦᠵᠡᠯ ᠤᠬᠠᠮᠰᠠᠷ ᠲᠠᠢ ᠪᠤᠯᠭᠠᠵᠤ᠂ | ᠠᠮᠤᠷ ᠲᠦᠪᠰᠢᠨ ᠤ ᠠᠵᠢᠯ ᠢ ᠬᠦᠮᠦᠨ ᠪᠦᠬᠦᠨ ᠬᠢᠵᠤ᠂ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ | ᠬᠦᠢᠴᠡᠳ ᠪᠠᠳᠤᠯᠠᠨ᠎ᠠ᠃ | ᠤᠷᠴᠢᠮ ᠤᠨ ᠵᠢᠯ ᠠᠴᠠ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠬᠦᠭᠵᠢᠬᠦᠯᠬᠦ ᠲᠦᠷᠦ ᠶᠢᠨ | ᠪᠤᠳᠤᠯᠭ᠎ᠠ ᠶᠢᠨ ᠲᠤᠶᠠᠭᠠᠯᠠᠯ ᠲᠤᠤᠷ᠎ᠠ ᠤᠷᠳᠤᠰ ᠬᠤᠳᠠ ᠶᠢᠨ ᠮᠤᠩᠭᠤᠯ ᠥᠨᠳᠤᠰᠤᠳᠠᠨ ᠤ ᠬᠤᠶᠠᠳᠤᠭᠠᠷ ᠲᠤᠮᠳᠠᠳᠤ | ᠰᠤᠷᠭᠠᠭᠤᠯᠢ ᠨᠢ ᠢᠳᠡᠪᠬᠢᠯᠡᠨ ᠲᠠᠪᠰᠢᠵᠤ᠂ ᠰᠢᠨ᠎ᠡ ᠶᠢ ᠡᠬᠦᠳᠦᠨ᠂ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠳᠠ ᠶᠢᠨ | ᠦᠭᠡᠷᠡᠴᠢᠯᠡᠯᠳᠡ ᠶᠢ ᠰᠠᠶᠢᠳᠦᠷ ᠬᠢᠵᠤ᠂ ᠤᠬᠢ ᠰᠢᠯᠢᠳᠡᠭ ᠨᠦᠬᠦᠴᠡᠯ ᠲᠠᠢ᠂ ᠤᠬᠢ ᠰᠢᠯᠢᠳᠡᠭ ᠪᠠᠭᠰᠢ ᠶᠢᠨ ᠡᠩᠨᠡᠭᠡ ᠲᠠᠢ᠂ | ᠤᠬᠢ ᠰᠢᠯᠢᠳᠡᠭ ᠴᠢᠨᠠᠷ ᠴᠢᠨᠰᠠᠭ᠎ᠠ ᠲᠠᠢ ᠪᠤᠯᠤᠭᠰᠠᠨ ᠠᠴᠠ ᠦᠪᠡᠷᠳᠡᠭᠡᠨ ᠵᠠᠰᠠᠬᠤ ᠤᠷᠤᠨ ᠤ ︽ᠡᠩ ᠤᠨ ᠲᠡᠭᠡᠳᠤ | ᠲᠤᠮᠳᠠᠳᠤ ᠶᠢᠨ ᠬᠠᠮᠢᠶᠠᠷᠤᠯᠳᠠ ᠶᠢᠨ ᠲᠠᠷᠢᠭᠦᠨ ᠤ ᠰᠤᠷᠭᠠᠭᠤᠯᠢ︾᠂ ︽ᠤᠳᠤᠭᠢᠴᠢᠯᠠᠭᠰᠠᠨ ᠵᠢᠭᠠᠨ ᠰᠤᠷᠭᠠᠯᠳᠠ ᠶᠢᠨ | ᠮᠠᠷᠭᠡᠵᠢᠯ ᠤᠨ ᠰᠢᠯᠢᠳᠡᠭ ᠰᠤᠷᠭᠠᠭᠤᠯᠢ︾᠂ ︽ᠥᠨᠳᠤᠰᠤᠳᠠᠨ ᠤ ᠰᠤᠷᠭᠠᠨ ᠭᠥᠮᠤᠵᠢᠯ ᠤᠨ ᠲᠠᠷᠢᠭᠦᠨ ᠤ ᠰᠤᠷᠭᠠᠭᠤᠯᠢ︾᠂ | ︽ᠰᠤᠷᠭᠠᠨ ᠭᠥᠮᠤᠵᠢᠯ ᠤᠨ ᠰᠤᠳᠤᠯᠭᠠᠨ ᠤ ᠲᠠᠭᠤᠷᠢᠶᠠᠯ ᠰᠤᠷᠭᠠᠭᠤᠯᠢ︾ ᠪᠤᠯᠵᠦ᠂ 2009 ᠤᠨ ᠳᠤ ᠬᠤᠳᠠ ᠶᠢᠨ ᠲᠡᠰ | ᠤᠨ ︽ᠲᠡᠷᠢᠬᠦᠨ ᠤ ᠰᠤᠷᠭᠠᠨ ᠬᠦᠮᠦᠵᠢᠯ ᠤᠨ ᠬᠠᠮᠳᠤ ᠨᠢᠭᠡᠴᠢ︾ ᠪᠠᠷ ᠭᠦᠬᠢᠭᠦᠯᠦᠭᠳᠡᠵᠦ᠂ 2010 ᠤᠨ ᠳᠤ ᠪᠦᠭᠦ | ᠬᠤᠳᠠ ᠶᠢᠨ ᠡᠩ ᠤᠨ ᠲᠡᠭᠡᠳᠤ ᠲᠤᠮᠳᠠᠳᠤ ᠶᠢᠨ ᠰᠤᠷᠭᠠᠭᠤᠯᠢ ᠡᠷᠬᠢᠯᠡᠭᠦ ᠨᠦᠭᠦᠴᠡᠯ ᠤᠨ ᠬᠢᠨᠠᠯᠳᠠ ᠳᠤ ᠬᠤᠶᠠᠳᠤᠭᠠᠷ ᠲᠡᠰ | ᠲᠤ ᠤᠷᠤᠵᠦ᠂ 2013 ᠤᠨ ᠳᠤ ᠬᠤᠳᠠ ᠶᠢᠨ ᠲᠡᠰ ᠤᠨ ︽ᠲᠡᠷᠢᠬᠦᠨ ᠤ ᠰᠤᠷᠭᠠᠨ ᠬᠦᠮᠦᠵᠢᠯ ᠤᠨ ᠬᠠᠮᠳᠤ ᠨᠢᠭᠡᠴᠢ︾ | ᠪᠠᠷ ᠱᠠᠩᠨᠠᠭᠳᠠᠵᠦ᠂ 2014 ᠤᠨ ᠳᠤ ᠦᠪᠡᠷᠳᠡᠭᠡᠨ ᠵᠠᠰᠠᠬᠤ ᠤᠷᠤᠨ ᠤ ᠰᠢᠯᠢᠳᠡᠭ ᠲᠡᠭᠡᠳᠤ ᠲᠤᠮᠳᠠᠳᠤ ᠶᠢᠨ | ᠰᠤᠷᠭᠠᠭᠤᠯᠢ ᠪᠠᠷ ᠦᠨᠡᠯᠡᠭᠳᠡᠭᠰᠡᠨ ᠪᠠᠶᠢᠨ᠎ᠠ᠃ 2011 ᠤᠨ ᠤ ᠲᠤᠮᠳᠠᠳᠤ ᠰᠢᠯᠭᠠᠯᠳᠠ ᠳᠤ ᠶᠡᠷᠦᠩᠭᠡᠢ ᠠᠳᠠᠯᠢᠳᠬᠠᠯ ᠢᠶᠠᠷ | ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠲᠡᠷᠢᠭᠦᠯᠡᠵᠦ᠂ 5 ᠰᠤᠷᠤᠭᠴᠢ ᠬᠠᠷᠢᠶᠠᠳᠤ | ᠲᠤᠮᠳᠠᠳᠤ ᠰᠤᠷᠭᠠᠭᠤᠯᠢ ᠳᠤ ᠡᠯᠰᠡᠭᠳᠡᠪᠠ᠃ ᠲᠡᠭᠡᠳᠤ ᠰᠢᠯᠭᠠᠯᠳᠠ ᠳᠤ ᠶᠠᠷᠦᠩᠭᠡᠢ ᠠᠳᠠᠯᠢᠳᠬᠠᠯ ᠢᠶᠠᠷ ᠪᠦᠭᠦ ᠬᠤᠳᠠ ᠶᠢᠨ | ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠬᠤᠶᠠᠳᠤᠭᠠᠷ ᠲᠤ ᠤᠷᠤᠵᠦ᠂ ᠶᠡᠭᠡ ᠰᠤᠷᠭᠠᠭᠤᠯᠢ ᠶᠢᠨ | ᠵᠢᠩᠬᠢᠨᠢ ᠠᠩᠬᠢ ᠳᠤ ᠰᠢᠯᠭᠠᠭᠳᠠᠭᠰᠠᠨ ᠨᠤᠷᠮ᠎ᠠ 56.42 % ᠲᠤ ᠭᠦᠷᠪᠡ᠃ 2012 ᠤᠨ ᠤ ᠲᠤᠮᠳᠠᠳᠤ ᠰᠢᠯᠭᠠᠯᠳᠠ | ᠳᠤ ᠶᠡᠷᠦᠩᠭᠡᠢ ᠠᠳᠠᠯᠢᠳᠬᠠᠯ ᠢᠶᠠᠷ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ | ᠲᠡᠷᠢᠭᠦᠯᠡᠵᠦ᠂ 6 ᠰᠤᠷᠤᠭᠴᠢ ᠬᠠᠷᠢᠶᠠᠳᠤ ᠲᠤᠮᠳᠠᠳᠤ ᠰᠤᠷᠭᠠᠭᠤᠯᠢ ᠳᠤ ᠡᠯᠰᠡᠭᠳᠡᠪᠠ᠃ ᠲᠡᠭᠡᠳᠤ ᠰᠢᠯᠭᠠᠯᠳᠠ ᠳᠤ ᠶᠠᠷᠦᠩᠭᠡᠢ | ᠠᠳᠠᠯᠢᠳᠬᠠᠯ ᠢᠶᠠᠷ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠬᠤᠶᠠᠳᠤᠭᠠᠷ ᠲᠤ | ᠤᠷᠤᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠭᠰᠠᠨ ᠨᠤᠷᠮ᠎ᠠ 63.64 % ᠳᠤ ᠭᠦᠷᠪᠡ᠃ | 2013 ᠤᠨ ᠤ ᠲᠤᠮᠳᠠᠳᠤ ᠰᠢᠯᠭᠠᠯᠳᠠ ᠳᠤ ᠶᠡᠷᠦᠩᠭᠡᠢ ᠠᠳᠠᠯᠢᠳᠬᠠᠯ ᠢᠶᠠᠷ ᠪᠦᠭᠦ ᠬᠤᠳᠠ ᠶᠢᠨ ᠮᠤᠩᠭᠤᠯ ᠢᠶᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠲᠡᠷᠢᠭᠦᠯᠡᠵᠦ᠂ 5 ᠰᠤᠷᠤᠭᠴᠢ ᠬᠠᠷᠢᠶᠠᠳᠤ ᠲᠤᠮᠳᠠᠳᠤ ᠰᠤᠷᠭᠠᠭᠤᠯᠢ ᠳᠤ | ᠡᠯᠰᠡᠭᠳᠡᠪᠠ᠃ ᠲᠡᠭᠡᠳᠤ ᠰᠢᠯᠭᠠᠯᠳᠠ ᠳᠤ ᠶᠠᠷᠦᠩᠭᠡᠢ ᠠᠳᠠᠯᠢᠳᠬᠠᠯ ᠢᠶᠠᠷ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠳᠠᠭᠠᠨ ᠲᠡᠷᠢᠭᠦᠯᠡᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠭᠰᠠᠨ ᠨᠤᠷᠮ᠎ᠠ 74. | 32 % ᠭᠦᠷᠪᠡ᠃ 2014 ᠤᠨ ᠤ ᠲᠤᠮᠳᠠᠳᠤ ᠰᠢᠯᠭᠠᠯᠳᠠ ᠳᠤ ᠶᠡᠷᠦᠩᠭᠡᠢ ᠠᠳᠠᠯᠢᠳᠬᠠᠯ ᠢᠶᠠᠷ ᠪᠦᠭᠦ ᠬᠤᠳᠠ ᠶᠢᠨ | ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠲᠡᠷᠢᠭᠦᠯᠡᠵᠦ᠂ 7 ᠰᠤᠷᠤᠭᠴᠢ ᠬᠠᠷᠢᠶᠠᠳᠤ ᠲᠤᠮᠳᠠᠳᠤ | ᠰᠤᠷᠭᠠᠭᠤᠯᠢ ᠳᠤ ᠡᠯᠰᠡᠭᠳᠡᠪᠠ᠃ ᠲᠡᠭᠡᠳᠤ ᠰᠢᠯᠭᠠᠯᠳᠠ ᠳᠤ ᠶᠠᠷᠦᠩᠭᠡᠢ ᠠᠳᠠᠯᠢᠳᠬᠠᠯ ᠢᠶᠠᠷ ᠪᠦᠭᠦ ᠬᠤᠳᠠ ᠶᠢᠨ ᠮᠤᠩᠭᠤᠯ | ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠲᠡᠷᠢᠭᠦᠯᠡᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ | ᠰᠢᠯᠭᠠᠭᠳᠠᠭᠰᠠᠨ ᠨᠤᠷᠮ᠎ᠠ 95.58 % ᠳᠤ ᠭᠦᠷᠪᠡ᠃ 2015 ᠤᠨ ᠤ ᠲᠤᠮᠳᠠᠳᠤ ᠰᠢᠯᠭᠠᠯᠳᠠ ᠳᠤ ᠶᠡᠷᠦᠩᠭᠡᠢ | ᠠᠳᠠᠯᠢᠳᠬᠠᠯ ᠢᠶᠠᠷ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠠᠭᠠᠨ ᠬᠤᠶᠠᠳᠤᠭᠠᠷ ᠲᠤ | ᠤᠷᠤᠵᠦ᠂ 8 ᠰᠤᠷᠤᠭᠴᠢ ᠬᠠᠷᠢᠶᠠᠳᠤ ᠲᠤᠮᠳᠠᠳᠤ ᠰᠤᠷᠭᠠᠭᠤᠯᠢ ᠳᠤ ᠡᠯᠰᠡᠭᠳᠡᠪᠠ᠃ ᠲᠡᠭᠡᠳᠤ ᠰᠢᠯᠭᠠᠯᠳᠠ ᠳᠤ ᠶᠡᠭᠡ | ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠭᠰᠠᠨ ᠨᠤᠷᠮ᠎ᠠ 96.58 % ᠲᠤ ᠭᠦᠷᠪᠡ᠃ 2016 ᠤᠨ ᠳᠤ119 | ᠨᠡᠷ᠎ᠠ ᠰᠤᠷᠤᠭᠴᠢ ᠲᠡᠭᠡᠳᠤ ᠰᠢᠯᠭᠠᠯᠳᠠ ᠳᠤ ᠤᠷᠤᠯᠴᠠᠵᠦ᠂ 84 ᠰᠤᠷᠤᠭᠴᠢ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ | ᠰᠢᠯᠭᠠᠭᠳᠠᠨ ᠤᠷᠤᠵᠦ᠂ ᠵᠢᠩᠬᠢᠨᠢ ᠠᠩᠬᠢ ᠳᠤ ᠰᠢᠯᠭᠠᠭᠳᠠᠭᠰᠠᠨ ᠨᠤᠷᠮ᠎ᠠ 70.6 % ᠳᠤ ᠭᠦᠷᠪᠠ᠃ ᠰᠤᠷᠤᠭᠴᠢ ᠲᠠᠯ᠎ᠠ | 499 ᠬᠤᠪᠢ ᠪᠠᠷ 2008 ᠤᠨ ᠠᠴᠠ ᠨᠠᠰᠢᠬᠢ ᠮᠠᠨ ᠤ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠭᠡᠨ ᠤ ᠰᠢᠨ᠎ᠠ | ᠲᠡᠮᠳᠡᠭᠯᠡᠯ ᠢ ᠲᠡᠮᠳᠡᠭᠯᠡᠪᠠ᠃ ᠲᠤᠮᠳᠠᠳᠤ ᠰᠢᠯᠭᠠᠯᠳᠠ ᠳᠤ ᠲᠤᠮᠳᠠᠴᠢ ᠬᠤᠪᠢ᠂ ᠶᠠᠷᠦᠩᠭᠡᠶᠢᠯᠡᠭᠰᠡᠨ ᠠᠳᠠᠯᠢᠳᠬᠠᠯ ᠢᠶᠠᠷ ᠪᠦᠭᠦ | ᠬᠤᠳᠠ ᠶᠢᠨ ᠲᠦᠷᠦᠭᠦᠨ ᠳᠤ ᠤᠷᠤᠵᠦ᠂ ᠮᠤᠩᠭᠤᠯ ᠭᠡᠯᠡ᠂ ᠲᠤᠷᠰᠢᠯᠳᠠ ᠶᠢᠨ ᠵᠢᠭᠠᠨ ᠰᠤᠷᠭᠠᠯᠳᠠ᠂ ᠲᠡᠮᠢᠷ ᠤᠨ ᠬᠢᠷᠢ | ᠪᠦᠳᠦᠮᠵᠢ ᠨᠢ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠲᠤ ᠪᠠᠨ ᠲᠡᠷᠢᠭᠦᠯᠡᠵᠦ᠂ | ᠬᠠᠷᠢᠶᠠᠳᠤ ᠲᠤᠮᠳᠠᠳᠤ ᠰᠤᠷᠭᠠᠭᠤᠯᠢ ᠳᠤ 4 ᠰᠤᠷᠤᠭᠴᠢ ᠰᠢᠯᠭᠠᠭᠳᠠᠪᠠ᠃ 2017 ᠤᠨ ᠳᠤ 109 ᠰᠤᠷᠤᠭᠴᠢ ᠲᠡᠭᠡᠳᠤ | ᠰᠢᠯᠭᠠᠯᠳᠠ ᠳᠤ ᠤᠷᠤᠯᠴᠠᠵᠦ᠂ 87 ᠰᠤᠷᠤᠭᠴᠢ ᠶᠡᠭᠡ ᠰᠤᠷᠭᠠᠭᠤᠯᠢ ᠵᠢᠩᠬᠢᠨᠢ ᠠᠩᠬᠢ ᠳᠤ ᠰᠢᠯᠭᠠᠭᠳᠠᠨ᠂ ᠵᠢᠩᠬᠢᠨᠢ ᠠᠩᠬᠢ | ᠳᠤ ᠰᠢᠯᠭᠠᠭᠳᠠᠭᠰᠠᠨ ᠨᠤᠷᠮ᠎ᠠ 80 % ᠳᠤ ᠭᠦᠷᠪᠠ᠂ ᠰᠤᠷᠤᠭᠴᠢ ᠮᠡᠷᠭᠡᠨᠭᠦᠦ 509 ᠬᠤᠪᠢ ᠪᠠᠷ ᠪᠦᠭᠦ ᠬᠤᠳᠠ ᠶᠢᠨ | ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠨᠡᠶᠢᠭᠡᠮ ᠤᠨ ᠰᠢᠨᠵᠢᠯᠡᠭᠡᠨ ᠤ ᠬᠤᠶᠠᠳᠤᠭᠠᠷ ᠲᠤ ᠤᠷᠤᠪᠠ᠃ 188 ᠰᠤᠷᠤᠭᠴᠢ | ᠲᠤᠮᠳᠠᠳᠤ ᠰᠢᠯᠭᠠᠯᠳᠠ ᠳᠤ ᠤᠷᠤᠯᠴᠠᠵᠦ᠂ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ 500 ᠬᠤᠪᠢ ᠠᠴᠠ | ᠲᠡᠭᠡᠭᠰᠢᠭᠢ 90 ᠰᠤᠷᠤᠭᠴᠢ ᠶᠢᠨ ᠲᠤᠳᠤᠷ᠎ᠠ ᠮᠠᠨ ᠤ ᠰᠤᠷᠭᠠᠭᠤᠯᠢ ᠶᠢᠨ ᠬᠢᠨ 37 ᠰᠤᠷᠤᠭᠴᠢ ᠪᠠᠶᠢᠵᠦ᠂ ᠪᠦᠭᠦ ᠬᠤᠳᠠ | ᠶᠢᠨ ᠬᠠᠷᠢᠶᠠᠳᠤ ᠲᠤᠮᠳᠠᠳᠤ ᠰᠤᠷᠭᠠᠭᠤᠯᠢ ᠳᠤ ᠰᠢᠯᠭᠠᠭᠳᠠᠭᠰᠠᠨ 18 ᠰᠤᠷᠤᠭᠴᠢ ᠶᠢᠨ ᠲᠤᠳᠤᠷ᠎ᠠ ᠮᠠᠨ ᠤ ᠰᠤᠷᠭᠠᠭᠤᠯᠢ ᠶᠢᠨ | ᠬᠢᠨ 9 ᠰᠤᠷᠤᠭᠴᠢ ᠪᠠᠶᠢᠵᠦ᠂ ᠲᠤᠮᠳᠠᠳᠤ ᠰᠢᠯᠭᠠᠯᠳᠠ ᠳᠤ ᠪᠠᠨ ᠦᠷᠭᠦᠯᠵᠢᠯᠡᠨ ᠪᠦᠭᠦ ᠬᠤᠳᠠ ᠶᠢᠨ ᠲᠦᠷᠦᠭᠦᠦ ᠡᠩᠨᠡᠭᠡᠨ | ᠳᠤ ᠤᠷᠤᠵᠦ᠂ ᠰᠤᠷᠤᠭᠴᠢ ᠰᠢᠨᠳᠠ ᠪᠦᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠲᠤᠮᠳᠠᠳᠤ ᠰᠢᠯᠭᠠᠯᠳᠠ ᠶᠢᠨ | ᠨᠢᠭᠡᠳᠤᠭᠡᠷ ᠢ ᠲᠠᠮᠡᠴᠡᠨ ᠤᠯᠤᠭᠰᠠᠨ ᠪᠠᠶᠢᠨ᠎ᠠ᠃ | ᠰᠤᠷᠭᠠᠭᠤᠯᠢ ᠨᠢ ︽ᠦᠨᠳᠦᠷ ᠪᠦᠲᠦᠮᠵᠢᠲᠤ ᠬᠢᠴᠢᠶᠡᠯ ᠤᠨ ᠲᠠᠩᠬᠢᠮ — ᠲᠠᠪᠤᠨ ᠠᠯᠬᠤᠮ ᠭᠤᠷᠪᠠᠨᠲᠠ | ᠪᠠᠶᠢᠴᠠᠭᠠᠬᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠭᠡᠯᠪᠡᠷᠢ ᠶᠢ ᠭᠡᠷᠡᠭᠵᠢᠬᠦᠯᠵᠤ᠂ ᠰᠤᠷᠤᠭᠴᠢᠳ ᠤᠨ | ᠦᠪᠡᠷᠳᠡᠭᠡᠨ ᠰᠤᠷᠬᠤ ᠪᠠ ᠬᠤᠷᠰᠢᠨ ᠰᠤᠷᠤᠯᠴᠠᠬᠤ ᠪᠠᠷ ᠲᠠᠮᠵᠢᠨ ᠪᠦᠬᠦ ᠰᠤᠷᠤᠭᠴᠢᠳ ᠢ ᠲᠠᠶᠢᠴᠢᠯᠠᠨ ᠦᠢᠯᠡᠳᠦᠯᠭᠡᠵᠢᠬᠦᠯᠵᠤ | ᠂ ᠰᠡᠳᠬᠢᠨ ᠪᠤᠳᠤᠯᠬᠢᠯᠠᠬᠤ ᠪᠠ ᠶᠠᠷᠢᠵᠤ ᠢᠯᠡᠳᠭᠡᠭᠦ ᠤᠷᠮ᠎ᠠ ᠵᠤᠷᠢᠭ ᠢ ᠨᠢ ᠬᠦᠭᠵᠢᠭᠡᠵᠤ᠂ ᠦᠪᠡᠷ ᠤᠨ ᠪᠤᠳᠤᠯ ᠰᠠᠨᠠᠯ ᠢᠶᠠᠨ | ᠵᠤᠷᠢᠭᠳᠠᠢ ᠢᠯᠡᠳᠬᠡᠨ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠪᠠᠷ ᠲᠠᠮᠵᠢᠨ ᠦᠪᠡᠷ ᠤᠨ ᠤᠬᠠᠮᠰᠠᠷ ᠠᠴᠠ ᠪᠠᠨ | ᠰᠤᠷᠤᠯᠴᠠᠬᠤ ᠰᠢᠯᠢᠳᠡᠭ ᠰᠠᠶᠢᠬᠠᠨ ᠲᠠᠳᠬᠠᠯ ᠢ ᠪᠤᠢ ᠪᠤᠯᠭᠠᠬᠤ ᠪᠠᠷ ᠵᠤᠷᠢᠭᠰᠠᠨ ᠪᠠᠶᠢᠨ᠎ᠠ᠃ | ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ ᠰᠤᠷᠭᠠᠭᠤᠯᠢ ᠨᠢ ︽ᠰᠤᠷᠤᠭᠴᠢ ᠶᠢ | ᠪᠦᠬᠦ ᠲᠠᠯ᠎ᠠ ᠪᠠᠷ ᠬᠦᠭᠵᠢᠬᠦᠯᠬᠦ︾ ᠪᠠᠷ ᠵᠤᠷᠢᠯᠳᠠ ᠪᠠᠨ ᠪᠤᠯᠭᠠᠵᠤ᠂ ︽ᠠᠷᠠᠳ ᠤᠯᠠᠨ ᠤ ᠰᠡᠳᠬᠢᠯ ᠳᠤ ᠲᠠᠭᠠᠯᠠᠭᠳᠠᠭᠰᠠᠨ | ᠤᠨᠴᠠᠯᠢᠭᠳᠤ ᠰᠤᠷᠭᠠᠭᠤᠯᠢ︾ ᠶᠢ ᠪᠦᠳᠦᠭᠡᠨ ᠪᠠᠶᠢᠭᠤᠯᠬᠤ ᠬᠠᠷᠠᠯᠳᠠ ᠶᠢᠨ ᠲᠤᠤᠷ᠎ᠠ ᠢᠳᠡᠪᠬᠢᠳᠡᠢ ᠰᠢᠨᠵᠢᠯᠡᠨ ᠰᠤᠳᠤᠯᠵᠤ᠂ | ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠠᠬᠢᠭᠤᠯᠤᠨ᠂ ︽ᠦᠪᠡᠷᠳᠡᠭᠡᠨ ᠵᠠᠰᠠᠬᠤ ᠤᠷᠤᠨ ᠤ ᠬᠢᠴᠢᠶᠡᠯ | ᠤᠨ ᠲᠠᠩᠬᠢᠮ ᠤᠨ ᠵᠢᠭᠠᠨ ᠰᠤᠷᠭᠠᠯᠳᠠ ᠶᠢᠨ ᠦᠭᠡᠷᠡᠴᠢᠯᠠᠯᠳᠠ ᠶᠢᠨ ᠲᠡᠷᠢᠭᠦᠨ ᠤ ᠰᠤᠷᠭᠠᠭᠤᠯᠢ︾ ᠪᠠ ︽ ᠦᠪᠡᠷᠳᠡᠭᠡᠨ | ᠵᠠᠰᠠᠬᠤ ᠤᠷᠤᠨ ᠤ ᠲᠠᠭᠤᠷᠢᠶᠠᠯ ᠲᠡᠭᠡᠳᠤ ᠲᠤᠮᠳᠠᠳᠤ ᠶᠢᠨ ᠰᠤᠷᠭᠠᠭᠤᠯᠢ︾ ᠢ ᠲᠡᠮᠡᠴᠡᠨ ᠤᠯᠬᠤ ᠪᠠᠷ ᠤᠮᠤᠭ ᠲᠡᠬᠦᠯᠳᠡᠷ | ᠤᠷᠤᠭᠰᠢᠯᠠᠵᠤ ᠪᠠᠶᠢᠨ᠎ᠠ᠃ | | | | | | | |