ᠦᠦᠰᠢᠨ ᠬᠤᠰᠢᠭᠤᠨ ᠤ ᠭᠤᠷᠪᠠᠳᠣᠭᠠᠷ ᠬᠡᠤᠬᠡᠳ ᠤᠨ ᠴᠡᠴᠡᠷᠯᠢᠭ ᠨᠢ ᠦᠦᠰᠢᠨ ᠬᠤᠰᠢᠭᠤᠨ ᠤ ᠭᠠᠯᠠᠭᠤᠳᠤ | ᠪᠠᠯᠭᠠᠰᠤᠨ ᠤ ᠨᠠᠨᠳᠢᠨ ᠲᠤᠭᠤᠷᠢᠭ ᠲᠤ ᠪᠠᠶᠢᠷᠢᠯᠠᠵᠤ᠂ 2012 ᠣᠨ ᠤ 8 ᠰᠠᠷ᠎ᠠ ᠳᠤ ᠪᠠᠶᠢᠭᠤᠯᠤᠭᠳᠠᠭᠰᠠᠨ ᠦᠦᠰᠢᠨ | ᠬᠤᠰᠢᠭᠤᠨ ᠤ ᠰᠤᠷᠭᠠᠨ ᠭᠦᠮᠦᠵᠢᠯ ᠤᠨ ᠳᠣᠪᠴᠢᠶᠠᠨ ᠤ ᠪᠠᠶᠢᠭᠤᠯᠤᠭᠰᠠᠨ ᠪᠦᠭᠦᠯᠢ ᠡᠳᠦᠷ ᠤᠨ ᠲᠦᠷᠢᠮᠳᠤ ᠴᠡᠴᠡᠷᠯᠢᠭ | ᠪᠤᠯᠤᠨ᠎ᠠ᠃ ᠪᠦᠬᠦ ᠲᠠᠯᠠᠪᠠᠢ ᠨᠢ 5205.9 ᠲᠡᠭᠰᠢ ᠲᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 3524.8 | ᠺᠤᠧᠠᠳ᠋ ᠮᠧᠲᠷ᠂ ᠡᠯ᠎ᠡ ᠵᠦᠢᠯ ᠤᠨ ᠬᠠᠲᠠᠭᠤ ᠲᠤᠨᠤᠭ ᠲᠦᠭᠦᠬᠡᠷᠦᠮᠵᠢ ᠪᠦᠷᠢᠨ ᠲᠦᠭᠦᠷ᠂ ᠠᠯᠤᠰ ᠤᠨ ᠬᠦᠭᠵᠢᠯᠳᠡ ᠶᠢᠨ | ᠣᠷᠣᠨ ᠵᠠᠢ ᠲᠠᠢ ᠣᠳᠣᠬᠢᠴᠢᠯᠠᠭᠰᠠᠨ ᠴᠡᠴᠡᠷᠯᠢᠭ ᠪᠠᠶᠢᠵᠦ᠂ ᠴᠡᠴᠡᠷᠯᠢᠭ ᠤᠨ ᠣᠷᠴᠢᠨ ᠲᠤᠭᠤᠷᠢᠨ ᠨᠢ ᠠᠮᠢᠵᠢᠷᠠᠯ ᠤᠨ | ᠭᠦᠴᠤᠨ ᠢᠶᠠᠷ ᠪᠢᠯᠬᠠᠵᠤ᠂ ᠬᠥᠭᠡᠷᠦᠬᠦᠨ ᠴᠤᠪᠤᠭᠤᠯᠢᠭ ᠦᠩᠭᠡ ᠠᠶᠠᠰ ᠲᠦᠭᠦᠷᠡᠩ ᠪᠠᠶᠢᠭ᠎ᠠ ᠴᠡᠴᠡᠷᠯᠢᠩ ᠪᠤᠯᠤᠨ᠎ᠠ᠃ | ᠴᠡᠴᠡᠷᠯᠢᠭ ᠨᠢ ᠰᠤᠷᠬᠤ ᠠᠴᠠ ᠡᠮᠤᠨᠡᠭᠢ ᠬᠡᠤᠬᠡᠳ ᠤᠨ ᠨᠠᠰᠣᠨ ᠤ ᠵᠦᠷᠢᠶᠡᠨ ᠳᠤ ᠰᠠᠭᠤᠷᠢᠯᠠᠵᠤ ᠶᠡᠭᠡ᠂ ᠲᠤᠮᠳᠠ᠂ ᠪᠠᠭ᠎ᠠ | ᠬᠡᠵᠤ ᠭᠤᠷᠪᠠᠨ ᠳᠡᠰ ᠤᠨ ᠠᠩᠬᠢ ᠬᠤᠪᠢᠶᠠᠵᠤ᠂ ᠨᠡᠶᠢᠳᠡ 9 ᠠᠩᠭᠢ ᠭᠠᠷᠭᠠᠵᠤ᠂ ᠠᠩᠬᠢ ᠪᠦᠷᠢ ᠨᠢ ᠬᠤᠶᠠᠷ | ᠭᠡᠴᠢᠶᠠᠯᠯᠡᠭᠴᠢ ᠪᠠᠭᠰᠢ ᠨᠢᠬᠡ ᠠᠰᠠᠷᠠᠭᠴᠢ ᠪᠠᠭᠰᠢ ᠶᠢᠨ ᠪᠠᠷᠢᠮᠵᠢᠶᠠᠨ ᠳᠤ ᠬᠦᠷᠴᠦ᠂ ᠪᠠᠭᠰᠢ ᠶᠢᠨ ᠬᠢᠷᠢ ᠲᠡᠩᠴᠡᠯᠲᠡ ᠶᠢᠨ | ᠨᠤᠷᠮ᠎ᠠ 100% ᠬᠦᠷᠪᠡ᠃ ᠴᠡᠴᠡᠷᠯᠢᠭ ᠨᠢ ᠲᠤᠭᠯᠠᠭᠠᠮ ᠤᠨ ᠳᠠᠰᠤᠭ᠂ ᠤᠨᠳᠠᠯᠭ᠎ᠠ ᠶᠢᠨ ᠦᠷᠤᠭᠡ᠂ ᠠᠷᠢᠭᠤᠨ ᠴᠡᠪᠡᠷ | ᠤᠨ ᠳᠠᠰᠣᠯᠭ᠎ᠠ ᠪᠠᠷ ᠪᠦᠷᠢᠯᠳᠦᠭᠰᠠᠨ ᠪᠠᠷᠢᠮᠵᠢᠶᠠᠳᠤ ᠬᠡᠣᠬᠡᠳ ᠤᠨ ᠬᠦᠳᠡᠯᠬᠡᠬᠡᠨ ᠤ ᠲᠠᠯᠠᠪᠣᠷ ᠲᠠᠢ ᠪᠠᠶᠢᠳᠠᠭ ᠠᠴᠠ ᠭᠠᠳᠠᠨ᠎ᠠ | ᠪᠠᠰᠠ ᠬᠡᠤᠬᠡᠳ ᠤᠨ ᠲᠠᠭᠤᠤ ᠪᠦᠵᠢᠭ ᠤᠨ ᠲᠠᠰᠤᠭ᠂ ᠣᠷᠠᠨ ᠵᠢᠷᠤᠭ ᠤᠨ ᠲᠠᠰᠤᠭ᠂ ᠨᠤᠮ ᠤᠨ ᠦᠷᠦᠭᠡ᠂ ᠠᠮᠢᠳᠣᠷᠠᠯ ᠤᠨ | ᠤᠶᠢᠯᠠᠭᠠᠯᠳᠠ ᠶᠢᠨ ᠲᠠᠰᠤᠭ ᠭᠠᠷᠭᠠᠵᠤ᠂ ᠳᠦᠷᠢᠮᠵᠢᠭᠰᠡᠨ ᠲᠤᠭᠤᠭᠠᠨ ᠭᠡᠷ᠂ ᠡᠷᠡᠭᠦᠯ ᠮᠡᠨᠳᠦ ᠶᠢᠨ ᠬᠠᠮᠠᠭᠠᠯᠠᠯᠳᠠ ᠶᠢᠨ | ᠲᠠᠰᠤᠭ᠂ ᠭᠡᠷ ᠤᠨ ᠠᠬᠠᠮᠠᠳ ᠤᠨ ᠵᠤᠴᠢᠯᠠᠬᠤ ᠭᠡᠷ᠂ ᠰᠡᠳᠬᠢᠴᠡ ᠶᠢᠨ ᠯᠠᠪᠯᠠᠯᠳᠠ ᠶᠢᠨ ᠳᠠᠰᠤᠭ᠂ ᠠᠮᠤᠷ ᠢ ᠬᠠᠮᠠᠭᠠᠯᠠᠬᠤ | ᠳᠠᠰᠤᠭ ᠪᠤᠢ᠃ | ᠦᠦᠰᠢᠨ ᠬᠤᠰᠢᠭᠤᠨ ᠤ ᠭᠤᠷᠪᠠᠳᠣᠭᠠᠷ ᠬᠡᠤᠬᠡᠳ ᠤᠨ ᠴᠡᠴᠡᠷᠯᠢᠭ ᠨᠢ ᠦᠵᠡᠯ ᠰᠠᠨᠠᠭᠠᠨ ᠤ ᠰᠣᠷᠭᠠᠨ ᠭᠦᠮᠦᠵᠢᠯ | ᠤᠨ ᠦᠷᠭᠦᠯᠵᠢ ᠶᠢᠨ ᠴᠢᠨᠠᠷ᠂ ᠬᠡᠤᠬᠡᠳ ᠤᠨ ᠰᠣᠷᠭᠠᠨ ᠬᠦᠮᠦᠵᠢᠯ ᠤᠨ ᠰᠢᠨᠵᠢᠯᠡᠬᠦ ᠤᠬᠠᠭᠠᠨᠴᠢᠯᠠᠯᠳᠠ᠂ ᠠᠵᠢᠯ ᠤᠨ | ᠬᠠᠮᠢᠶᠠᠷᠤᠯᠳᠠ ᠶᠢᠨ ᠳᠦᠷᠢᠮᠵᠢᠯᠡᠯᠳᠡ ᠪᠠᠷ ᠠᠵᠢᠯ ᠤᠨ ᠴᠢᠭᠯᠡᠯᠳᠠ ᠪᠠᠨ ᠪᠤᠯᠭᠠᠨ᠂ ︽ᠨᠠᠭᠠᠳᠣᠮ ᠤᠨ ᠳᠣᠮᠳᠠ ᠠᠴᠠ | ᠣᠶᠢᠯᠠᠭᠠᠵᠤ᠂ ᠤᠶᠢᠯᠠᠭᠠᠯᠳᠠ ᠶᠢᠨ ᠳᠣᠮᠳᠠ ᠠᠴᠠ ᠤᠯᠵᠤ᠂ ᠤᠯᠤᠯᠳᠠ ᠶᠢᠨ ᠳᠤᠮᠳᠠ ᠠᠴᠠ ᠪᠤᠶᠢᠵᠢᠬᠤ︾ ᠪᠠᠷ ᠴᠡᠴᠡᠷᠯᠢᠭ | ᠡᠷᠬᠢᠯᠡᠬᠦ ᠣᠨᠣᠯᠵᠢᠭᠤᠨ ᠢᠶᠠᠨ ᠪᠤᠯᠭᠠᠨ᠂ ︽ᠲᠡᠷᠢᠭᠦᠨ ᠤ ᠴᠣᠯᠭᠤᠷᠠᠭᠰᠠᠨ ᠡᠩᠨᠡᠭᠡ ᠶᠢ ᠪᠤᠢ ᠪᠤᠯᠭᠠᠵᠤ᠂ ᠭᠡᠣᠭᠡᠳ | ᠭᠦᠮᠤᠵᠢᠭᠦᠯᠭᠦ ᠨᠡᠷᠡᠳᠤ ᠴᠡᠴᠡᠷᠯᠢᠭ ᠢ ᠪᠦᠳᠤᠭᠡᠨ ᠪᠠᠶᠢᠭᠤᠯᠬᠤ︾ ᠪᠠᠷ ᠴᠡᠴᠡᠷᠯᠢᠭ ᠡᠷᠭᠢᠯᠡᠭᠦ ᠬᠠᠷᠠᠯᠳᠠ ᠪᠠᠨ ᠪᠤᠯᠭᠠᠨ᠂ ︽ | ᠴᠢᠩ ᠦᠨᠡᠨᠴᠢ ᠰᠡᠳᠬᠢᠯ᠂ ᠭᠦᠴᠤᠨ ᠴᠢᠳᠠᠯ ᠢᠶᠠᠨ ᠬᠠᠷᠠᠮ ᠦᠭᠡᠢ ᠡᠷᠭᠦᠭᠦ ᠵᠤᠷᠢᠭ ᠰᠠᠨᠠᠭ᠎ᠠ᠂ ᠢᠳᠡᠪᠬᠢᠯᠡᠨ ᠴᠢᠷᠮᠠᠶᠢᠬᠤ | ᠤᠪᠤᠷ︾ ᠢᠶᠠᠷ ᠨᠢᠭᠡᠨ ︽ᠪᠠᠶᠠᠷ ᠬᠦᠷ ᠲᠠᠢ᠂ ᠡᠶ᠎ᠡ ᠵᠤᠬᠢᠴᠠᠯ ᠲᠠᠢ᠂ ᠪᠦᠯᠭᠦᠮᠳᠡᠯ ᠲᠠᠢ︾ ᠠᠵᠢᠯ ᠤᠨ ᠣᠷᠴᠢᠨ ᠢ ᠪᠤᠢ | ᠪᠤᠯᠭᠠᠵᠤ᠂ ᠦᠪᠡᠷ ᠤᠨ ᠳᠠᠪᠠᠭᠤᠯᠢᠭ ᠢᠶᠠᠨ ᠬᠠᠶᠢᠬᠤ ᠶᠢ ᠴᠢᠬᠤᠯᠠᠴᠢᠯᠠᠨ᠂ ᠤᠨᠴᠠᠯᠢᠭᠳᠤ ᠨᠡᠷᠡᠳᠦ ᠳᠡᠮᠳᠡᠭ ᠢ ᠡᠭᠦᠳᠬᠦ ᠪᠠᠷ | ᠴᠢᠷᠮᠠᠶᠢᠨ᠂ ᠤᠯᠠᠨ ᠡᠯᠧᠮᠧᠨ᠋ᠳᠡᠴᠢᠯᠡᠭᠰᠡᠨ ᠬᠢᠴᠢᠶᠡᠯ ᠳᠦᠷᠦᠯ ᠶᠢᠨ ᠰᠤᠳᠤᠯᠤᠯᠳᠠ ᠳᠤ ᠬᠦᠴᠦ ᠲᠠᠯᠪᠢᠨ᠂ ᠪᠠᠭᠰᠢ ᠶᠢᠨ | ᠡᠩᠨᠡᠭᠡᠨ ᠤ ᠪᠦᠳᠦᠭᠡᠨ ᠪᠠᠶᠢᠭᠤᠯᠤᠯᠲᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠤᠳᠤᠬᠢᠴᠢᠯᠠᠭᠰᠠᠨ ᠰᠤᠷᠭᠠᠨ | ᠬᠦᠮᠦᠵᠢᠯ ᠤᠨ ᠦᠵᠡᠯ ᠰᠠᠨᠠᠭᠠᠨ ᠳᠤ ᠳᠦᠰᠢᠭᠯᠡᠨ᠂ ᠬᠡᠣᠬᠡᠳ ᠲᠤ ᠠᠮᠢᠳᠦᠷᠠᠯ ᠢ ᠲᠠᠨᠢᠭᠤᠯᠵᠤ᠂ ᠭᠦᠮᠤᠨ ᠪᠤᠯᠬᠤ ᠶᠢᠨ | ᠶᠤᠰᠤ ᠣᠴᠢᠷ ᠢ ᠮᠡᠳᠡᠭᠦᠯᠵᠤ ᠭᠡᠣᠭᠡᠳ ᠤᠨ ᠪᠠᠶ᠎ᠠ ᠰᠡᠳᠭᠡᠴᠨ ᠶᠢᠨ ᠡᠷᠡᠭᠦᠯ ᠢᠶᠠᠷ ᠦᠰᠤᠨ ᠪᠤᠶᠢᠵᠢᠬᠤ ᠰᠤᠷᠭᠠᠨ ᠭᠦᠮᠤᠵᠢᠯ | ᠤᠨ ᠤᠷᠴᠢᠨ ᠲᠤᠭᠤᠷᠢᠨ ᠢ ᠪᠥᠷᠢᠯᠳᠦᠭᠦᠯᠬᠦ ᠪᠠᠷ ᠴᠢᠷᠮᠠᠶᠢᠨ᠎ᠠ᠃ | ᠮᠠᠨ ᠤ ᠦᠣᠰᠢᠨ ᠬᠤᠰᠢᠭᠤᠨ ᠤ ᠭᠤᠷᠪᠠᠳᠤᠭᠠᠷ ᠭᠡᠣᠭᠡᠳ ᠤᠨ ᠴᠡᠴᠡᠷᠯᠢᠭ ᠬᠤᠰᠢᠭᠤ ᠵᠠᠰᠠᠭ ᠤᠨ ᠣᠷᠳᠣᠨ᠂ | ᠰᠤᠷᠭᠠᠨ ᠭᠦᠮᠤᠵᠢᠯ ᠵᠠᠰᠠᠭ ᠵᠠᠬᠢᠷᠭᠠᠨ ᠤ ᠬᠠᠮᠢᠶ᠎ᠠ ᠪᠦᠬᠦᠢ ᠡᠯ᠎ᠠ ᠰᠠᠯᠠᠭ᠎ᠠ ᠮᠦᠴᠢᠷ ᠤᠨ ᠬᠠᠶᠢᠷ᠎ᠠ ᠬᠠᠯᠠᠮᠵᠢᠯᠠᠯ᠂ | ᠬᠠᠪᠰᠤᠷᠤᠯᠭ᠎ᠠ ᠳᠡᠮᠵᠢᠯᠭᠡ ᠳᠣᠣᠷ᠎ᠠ᠂ ᠴᠠᠭ ᠦᠶ᠎ᠡ ᠲᠠᠢ ᠵᠡᠷᠭᠡ ᠪᠠᠷ ᠣᠷᠤᠭᠰᠢᠯᠠᠨ᠂ ᠰᠢᠨ᠎ᠡ ᠶᠢ ᠡᠭᠦᠳᠦᠨ ᠬᠤᠰᠢᠭᠤᠨ ᠤ | ᠪᠠᠨ ᠴᠡᠴᠡᠷᠯᠢᠭ ᠤᠨ ᠬᠡᠤᠬᠡᠳ ᠤᠨ ᠰᠣᠷᠭᠠᠨ ᠬᠦᠮᠦᠵᠢᠯ ᠤᠨ ᠦᠢᠯᠡᠰ ᠲᠤ ᠦᠪᠡᠷ ᠤᠨ ᠨᠡᠮᠡᠷᠢ ᠬᠠᠨᠳᠢᠪ ᠢᠶᠠᠨ ᠦᠵᠡᠭᠦᠯᠵᠦ | ᠴᠢᠳᠠᠨ᠎ᠠ ᠭᠡᠳᠡᠭ ᠲᠤ ᠮᠠᠰᠢ ᠢᠳᠡᠬᠡᠯ ᠲᠠᠢ ᠪᠠᠶᠢᠨ᠎ᠠ᠃ | | | | | | | | | | |