ᠰᠢᠷᠬᠤᠰᠤᠨ ᠪᠠᠯᠭᠠᠰᠤᠨ ᠤ ᠸᠠᠩ ᠶᠤᠤ ᠸᠠᠨ ᠲᠤᠰᠬᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠎ ᠢᠶᠠᠨ ᠬᠢᠬᠡᠳ ᠶᠠᠭᠠᠷᠠᠨ᠎ᠠ
ᠨᠡᠶᠢᠲᠡᠯᠡᠭᠰᠡᠨ ᠴᠠᠭ᠄
2018-04-26
     ᠲᠦᠮᠡᠨ ᠪᠤᠳᠠᠰ ᠠᠮᠢᠯᠠᠵᠤ ᠬᠠᠪᠤᠷ ᠰᠠᠭᠠᠳᠠᠵᠣ ᠮᠠᠯ ᠲᠠᠷᠢᠶᠠᠯᠠᠩ ᠤᠨ ᠶᠠᠭᠠᠷᠠᠯᠳᠡᠢ ᠴᠠᠭ ᠬᠦᠷᠴᠣ ᠢᠷᠡᠬᠦ ᠪᠠᠷ᠂ ᠰᠢᠷᠬᠤᠰᠤᠨ ᠪᠠᠯᠭᠠᠰᠤᠨ ᠤ ᠸᠠᠩ ᠶᠤᠤ ᠸᠠᠨ ᠲᠤᠰᠬᠤᠨ ᠤ ᠲᠠᠷᠢᠶᠠᠴᠢᠳ ᠴᠠᠭ ᠢ ᠵᠠᠪᠲᠤᠨ ᠳᠠᠷᠢᠶᠠᠨ ᠠᠵᠢᠯ ᠢᠶᠠᠨ ᠪᠡᠯᠡᠳᠭᠡᠭᠡᠳ ᠶᠠᠭᠠᠷᠠᠯᠳᠤᠨ᠎ᠠ᠃        ᠵᠢᠯ ᠤᠨ ᠠᠵᠢᠯ ᠬᠠᠪᠤᠷ ᠲᠤ ᠪᠠᠨ ᠬᠡᠳᠡᠭᠴᠢᠯᠡᠨ᠂ ᠡᠨᠡ ᠬᠡᠳᠦᠨ ᠡᠳᠦᠷ᠂ ᠳᠡᠷᠢᠶᠠᠴᠢᠨ ᠵᠤ᠋ ᡁᠢ ᠶᠤᠸᠠᠨ ᠬᠦᠭᠰᠢᠨ ᠲᠠᠢ ᠪᠠᠨ ᠳᠣᠯᠠᠭᠠᠨ ᠬᠦᠯᠡᠮᠵᠢ ᠪᠠᠨ ᠰᠡᠯᠪᠢᠨ ᠵᠠᠰᠠᠵᠤ ᠡᠬᠢᠯᠡᠯ᠎ᠡ᠃ ᠤᠤᠯ ᠳᠤ ᠪᠠᠨ ᠲᠠᠷᠢᠶ᠎ᠠ ᠲᠠᠷᠢᠵᠤ ᠪᠠᠶᠢᠭᠰᠠᠨ ᠲᠡᠷᠡ ᠨᠢᠳᠤᠨᠤᠨ ᠢᠳᠡᠰᠢᠨ ᠨᠤᠭᠤᠭ᠎ᠠ ᠲᠤᠷᠰᠢᠨ ᠲᠠᠷᠢᠭᠠᠳ ᠤᠷᠤᠯᠭ᠎ᠠ ᠰᠠᠶᠢᠨ ᠪᠤᠯᠬᠤᠷ᠂ ᠡᠨᠡ ᠵᠢᠯ ᠦᠷᠬᠦᠯᠵᠢᠯᠡᠨ ᠭᠤᠰᠢᠭᠤᠨ ᠨᠤᠭᠤᠭ᠎ᠠ ᠲᠠᠷᠢᠬᠤ ᠪᠠᠷ ᠲᠦᠯᠦᠪᠯᠡᠵᠦ ᠪᠠᠶᠢᠯ᠎ᠠ᠃      ᠵᠤ᠋ ᡁᠢ ᠶᠤᠸᠠᠨ᠄ ︽ᠤᠤᠯ ᠲᠠᠢ ᠪᠠᠨ ᠠᠳᠠᠯᠢ ᠡᠷᠳᠡᠨᠢ ᠰᠢᠰᠢ ᠲᠠᠷᠢᠭᠠᠳ᠂ ᠨᠢᠬᠡ ᠮᠤ᠋ ᠭᠠᠵᠠᠷ ᠠᠴᠠ ᠲᠡᠮᠡᠢ ᠤᠷᠤᠯᠭ᠎ᠠ ᠤᠯᠬᠤ ᠦᠬᠡᠢ᠃ ᠨᠢᠳᠤᠨᠤᠨ ᠢᠳᠡᠰᠢᠨ ᠨᠤᠭᠤᠭ᠎ᠠ ᠲᠠᠷᠢᠭᠠᠳ ᠤᠷᠤᠯᠭ᠎ᠠ ᠨᠢ ᠡᠷᠳᠡᠨᠢ ᠰᠢᠰᠢ ᠠᠴᠠ ᠬᠡᠳᠦᠨ ᠠᠷᠪᠠᠨ ᠲᠠᠬᠢᠨ ᠢᠯᠡᠬᠦᠦ᠃ ᠡᠨᠡ ᠵᠢᠯ ᠪᠠᠰᠠ ᠬᠤᠶᠠᠷ ᠬᠦᠯᠡᠮᠵᠢ ᠨᠡᠮᠡᠨ ᠪᠠᠶᠢᠭᠤᠯᠵᠤ᠂ ᠡᠷᠳᠡᠭᠡᠨ ᠲᠠᠷᠢᠭᠠᠳ ᠡᠷᠳᠡᠭᠡᠨ ᠵᠠᠬ᠎ᠠ ᠳᠤ ᠭᠠᠷᠭᠠᠬᠤ ᠰᠠᠨᠠᠭᠠᠳᠠᠢ︾ ᠭᠡᠵᠤ ᠶᠠᠷᠢᠵᠤ ᠪᠠᠶᠢᠯ᠎ᠠ᠃      ᠤᠷᠴᠢᠮ ᠶᠢᠨ ᠬᠤᠶᠠᠷ ᠡᠳᠣᠷ᠂ ᠸᠠᠩ ᠶᠤᠤ ᠸᠠᠨ ᠲᠤᠰᠬᠤᠨ ᠤ ᠲᠠᠷᠢᠶᠠᠯᠠᠩ ᠤᠨ ᠳᠣᠰᠠᠯᠠᠬᠤ ᠠᠵᠣ ᠠᠬᠤᠢ ᠎ ᠶᠢᠨ ᠪᠦᠳᠣᠭᠡᠭᠳᠡᠬᠦᠨ ᠢ ᠪᠣᠷᠣᠯᠠᠭᠤᠯᠬᠤ ᠬᠢᠵᠠᠭᠠᠷᠲᠤ ᠺᠤᠮᠫᠠᠨᠢ ᠶᠢᠨ ᠠᠵᠢᠯᠳᠠᠨ ᠠᠴᠠ ᠲᠦᠴᠢ ᠭᠠᠷᠣᠢ ᠬᠤᠨᠤᠭ ᠰᠤᠶᠤᠭᠠᠯᠠᠭᠤᠯᠤᠭᠰᠠᠨ ᠴᠢᠨᠵᠤᠤ᠂ ᠦᠷᠭᠡᠰᠦᠲᠤ ᠬᠡᠮᠭᠡ᠂ ᠱᠠᠪᠳᠠᠯ᠎ᠠ ᠵᠡᠷᠭᠡ ᠶᠢᠨ ᠰᠤᠶᠤᠭᠠᠨ ᠤ ᠰᠠᠶᠢᠨ ᠰᠤᠶᠤᠭ᠎ᠠ ᠪᠣᠯᠣᠨ ᠰᠢᠮ᠎ᠡ ᠲᠡᠵᠢᠬᠡᠯ ᠲᠤᠳᠠᠭᠳᠠᠭᠰᠠᠨ ᠰᠤᠶᠤᠭ᠎ᠠ ᠶᠢ ᠶᠡᠭᠡ ᠪᠠᠭ᠎ᠠ ᠪᠠᠷ ᠢᠯᠭᠠᠨ ᠰᠠᠯᠭᠠᠵᠤ ᠪᠠᠭ᠎ᠠ ᠰᠤᠶᠤᠭ᠎ᠠ ᠳᠤ ᠎ ᠨᠢ ᠢᠯᠡᠬᠦᠦ ᠪᠤᠷᠳᠤᠭᠤᠷ ᠤᠰᠤ ᠨᠡᠮᠡᠵᠦ᠂ ᠰᠤᠶᠤᠭ᠎ᠠ ᠭᠠᠷᠭᠠᠬᠤ ᠳᠤ ᠪᠠᠨ ᠠᠳᠠᠯᠢᠬᠠᠨ ᠰᠤᠶᠤᠭ᠎ᠠ ᠭᠠᠷᠭᠠᠬᠤ ᠪᠠᠷ ᠶᠠᠭᠠᠷᠠᠯᠳᠤᠵᠤ ᠪᠠᠶᠢᠯ᠎ᠠ᠃      ᠸᠠᠩ ᠶᠤᠤ ᠸᠠᠨ ᠲᠤᠰᠬᠤᠨ ᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠬᠡᠭᠳᠡᠬᠦᠨ ᠢ ᠪᠣᠷᠣᠯᠠᠭᠤᠯᠬᠤ ᠬᠢᠵᠠᠭᠠᠷᠲᠤ ᠺᠤᠮᠫᠠᠨᠢ ᠤᠨ ᠬᠠᠷᠢᠭᠤᠴᠠᠯᠭᠠᠳᠠᠨ ᠯᠢ ᠽᠢ ᠯᠠᠨ ᠤ ᠬᠡᠯᠡᠬᠦ ᠳᠤ ᠪᠠᠨ᠄ ︽ᠡᠷᠳᠡᠭᠡᠨ ᠰᠢᠭ ᠰᠤᠶᠤᠭ᠎ᠠ ᠪᠠᠨ ᠭᠠᠷᠭᠠᠬᠤ ᠶᠢᠨ ᠲᠦᠯᠦᠬᠡ᠂ ᠦᠬᠡᠯᠵᠢᠨ ᠰᠠᠷ᠎ᠠ ᠶᠢᠨ ᠠᠷᠪᠠᠨ ᠲᠠᠪᠤᠨ ᠠᠴᠠ ᠡᠬᠢᠯᠡᠭᠡᠳ ᠪᠡᠯᠳᠭᠡᠯ ᠠᠵᠢᠯ ᠢᠶᠠᠨ ᠬᠢᠵᠦ᠂ ᠤᠳᠤ ᠲᠠᠪᠤᠨ ᠲᠤᠯᠠᠭᠠᠨ ᠬᠦᠯᠡᠮᠵᠢ ᠳᠤ 13 ᠲᠦᠷᠦᠯ ᠤᠨ ᠢᠳᠡᠰᠢᠨ ᠨᠤᠭᠤᠭ᠎ᠠ ᠲᠠᠷᠢᠵᠤ᠂ ᠠᠷᠪᠠᠭᠠᠳ ᠡᠳᠦᠷ ᠤᠨ ᠲᠠᠷᠠᠭ᠎ᠠ ᠪᠤᠷᠤᠯᠠᠭᠤᠯᠬᠤ ᠪᠤᠯᠤᠨ᠎ᠠ᠃ ᠤᠳᠤ ᠨᠢᠬᠡᠨᠳᠡ 200 ᠢᠯᠡᠬᠦᠦ ᠡᠷᠦᠬᠡ  ᠮᠠᠨ ᠤ ᠺᠤᠮᠫᠠᠨᠢ ᠲᠠᠢ ᠭᠡᠷ᠎ᠡ ᠲᠤᠭᠲᠠᠭᠰᠠᠨ︾ ᠬᠡᠵᠦ ᠪᠡᠶᠢᠯ᠎ᠠ᠃      ᠵᠢᠯ ᠳᠤ ᠲᠠᠷᠢᠬᠤ ᠬᠤᠭᠤᠴᠠᠭ᠎ᠠ ᠪᠠᠷᠤᠭ 60 ᠡᠳᠦᠷ ᠤᠷᠴᠢᠮ ᠪᠠᠶᠢᠳᠠᠭ᠃ ᠤᠳᠤ ᠸᠠᠩ ᠶᠤᠤ ᠸᠠᠨ ᠲᠤᠰᠬᠤᠨ ᠤ ᠲᠠᠷᠢᠶᠠᠴᠢᠳ ᠳᠣᠯᠠᠭᠠᠨ ᠬᠦᠯᠡᠮᠵᠢ ᠪᠠᠨ ᠵᠠᠰᠠᠨ ᠰᠡᠯᠪᠢᠵᠦ᠂ ᠨᠠᠪᠴᠢ ᠨᠤᠭᠤᠭ᠎ᠠ ᠶᠢᠨ ᠭᠠᠵᠠᠷ ᠢᠶᠠᠨ ᠬᠠᠭᠠᠯᠪᠣᠷᠢᠯᠠᠵᠣ᠂ ᠲᠤᠮᠳᠠ ᠲᠤᠤᠷ᠎ᠠ ᠭᠠᠷᠤᠯᠳᠠ ᠲᠠᠢ ᠲᠠᠷᠢᠶᠠᠨ ᠭᠠᠵᠠᠷ ᠲᠤ ᠪᠠᠨ ᠦᠭᠡᠷᠡᠴᠢᠯᠡᠯᠲᠡ ᠬᠢᠵᠦ᠂ ᠬᠠᠪᠤᠷ ᠎ ᠤᠨ ᠲᠠᠷᠢᠶᠠᠯᠠᠭ᠎ᠠ ᠳᠤ ᠪᠠᠨ ᠬᠦᠢᠴᠡᠳ ᠪᠡᠯᠡᠳᠭᠡᠯ ᠬᠢᠵᠦ ᠪᠠᠶᠢᠨ᠎ᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号