ᠮᠠᠨ ᠤ ᠬᠤᠰᠢᠭᠤᠨ ᠤ ᠭᠤᠷᠪᠠᠨ ᠱᠠᠲᠤᠨ ᠤ ᠨᠠᠰᠤᠳᠠᠶᠢᠴᠦᠳ ᠤᠨ ᠠᠰᠠᠷᠠᠮᠵᠢ ᠶᠢᠨ ᠦᠢᠯᠡᠴᠢᠯᠡᠭᠡ13000 ᠭᠠᠷᠤᠢ ᠨᠠᠰᠤᠳᠠᠨ ᠳᠤ ᠠᠰᠢᠭ ᠬᠦᠷᠲᠡᠭᠡᠯ᠎ᠡ
ᠨᠡᠶᠢᠲᠡᠯᠡᠭᠰᠡᠨ ᠴᠠᠭ᠄
2018-04-26
      ᠡᠳᠤᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠬᠦᠯ ᠴᠢᠬᠢᠷᠠᠭ ᠨᠠᠰᠤᠳᠠᠶᠢᠴᠦᠳ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠬᠡ᠂ ᠮᠠᠨ ᠤ ᠬᠤᠰᠢᠭᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠠᠳᠠᠯᠢ ᠪᠤᠰᠤ ᠣᠨᠴᠠᠯᠢᠭᠳᠤ ᠨᠠᠰᠤᠳᠠᠶᠢᠴᠦᠳ ᠤᠨ ᠠᠰᠠᠷᠠᠮᠵᠢ ᠶᠢᠨ ᠦᠢᠯᠡᠴᠢᠯᠡᠭᠡ ᠎ ᠶᠢ ᠲᠡᠬᠦᠯᠳᠡᠷᠵᠢᠬᠦᠯᠤᠨ ᠪᠦᠷᠢᠨᠰᠢᠬᠦᠯᠵᠦ᠂ ᠬᠤᠳᠠ ᠬᠦᠳᠡᠭᠡ ᠶᠢᠨ 13000 ᠭᠠᠷᠤᠢ ᠨᠠᠰᠤᠳᠠᠨ ᠳᠤ ᠪᠠᠶ᠎ᠠ ᠪᠠᠨ ᠰᠤᠪᠢᠯᠠᠵᠦ ᠠᠰᠠᠷᠠᠭᠤᠯᠬᠤ ᠰᠢᠯᠢᠳᠡᠭ ᠣᠷᠴᠢᠨ ᠢ ᠬᠠᠩᠭᠠᠯ᠎ᠠ᠃      ᠭᠠᠷᠠᠭ ᠲᠤ ᠨᠢᠭᠡ ᠣᠳᠠᠭ᠎ᠠ ᠭᠠᠯᠠᠭᠤᠳᠤ ᠪᠠᠯᠭᠠᠰᠤᠨ ᠳᠤ ᠪᠠᠶᠢᠷᠢᠰᠢᠭ᠎ᠠ ︽ᠠᠮᠢᠯᠠᠯ︾ ᠠᠷᠠᠳ ᠲᠤ ᠲᠦᠬᠦᠮ ᠦᠵᠡᠬᠦᠯᠬᠦ ᠲᠥᠪ ᠲᠤ ᠢᠷᠡᠵᠦ᠂ ᠢᠯᠢᠵᠦ ᠨᠤᠬᠤᠯᠠᠬᠤ ᠵᠠᠰᠠᠯ ᠬᠢᠯᠬᠡᠬᠦ ᠪᠤᠶᠤ ᠦᠰᠦ ᠬᠡᠵᠢᠬᠡ ᠪᠠᠨ ᠵᠠᠰᠠᠭᠤᠯᠬᠤ ᠨᠢ ᠨᠢᠭᠡᠨᠳᠡ ᠣᠷᠠᠠᠳᠤᠳᠢ ᠨᠠᠰᠤᠳᠠᠨ ᠤ ᠲᠠᠳᠬᠠᠯ ᠪᠤᠯᠵᠠᠢ᠃ ᠠᠳᠡ ᠣᠷᠠᠠᠳᠤᠳᠢ ᠨᠠᠰᠤᠳᠠᠨ ᠲᠠᠢ ᠠᠳᠠᠯᠢ ᠪᠠᠷ ᠣᠶᠢᠷ᠎ᠠ ᠬᠠᠪᠢ ᠶᠢᠨ ᠡᠯ᠎ᠡ ᠨᠡᠶᠢᠬᠡᠮ ᠲᠤᠭᠤᠷᠢᠭ ᠲᠤ ᠰᠠᠭᠤᠷᠢᠰᠢᠭ᠎ᠠ ᠨᠠᠰᠤᠳᠠᠶᠢᠴᠦᠳ ᠡᠳᠤᠷ ᠪᠦᠷᠢ ᠬᠤᠷᠠᠨ ᠴᠤᠭᠯᠠᠷᠠᠵᠦ ᠠᠳᠠᠯᠢ ᠪᠤᠰᠤ ᠦᠢᠯᠡᠴᠢᠯᠡᠭᠡ ᠬᠦᠷᠳᠡᠵᠡᠭᠡᠵᠤ ᠪᠠᠶᠢᠨ᠎ᠠ᠃      ᠤᠷᠠᠠᠳᠤᠳᠢ᠄ ︽ᠮᠠᠨᠤᠰ ᠡᠨᠡ ᠭᠠᠵᠠᠷ ᠲᠤ ᠢᠷᠡᠴᠢᠬᠡᠳ ᠡᠪᠡᠳᠴᠢᠨ ᠢᠶᠠᠨ ᠦᠵᠡᠬᠦᠯᠦᠬᠡᠳ ᠵᠤᠭᠤᠰ ᠮᠥᠩᠬᠦ ᠬᠡᠳ ᠶᠠᠭᠤ ᠴᠤ ᠦᠭᠴᠦ ᠦᠭᠡᠢ᠂ ᠣᠯᠠᠨ ᠲᠥᠮᠡᠨ ᠪᠦᠷ ᠴᠤᠭᠯᠠᠷᠠᠭᠠᠳ ᠶᠠᠷᠢᠯᠴᠠᠵᠦ ᠬᠦᠬᠡᠷᠤᠯᠳᠦᠬᠡᠳ ᠰᠠᠨᠠᠭ᠎ᠠ ᠰᠡᠳᠬᠢᠯ ᠢᠶᠠᠨ ᠰᠤᠯᠢᠯᠴᠠᠭᠠᠳ ᠶᠡᠭᠡ ᠰᠠᠶᠢᠬᠠᠨ ᠪᠠᠶᠢᠨ᠎ᠠ︾ ᠭᠡᠵᠤ ᠰᠡᠳᠬᠢᠯ ᠬᠠᠨᠤᠮᠵᠢᠲᠠᠢ ᠶᠠᠷᠢᠵᠤ ᠪᠠᠶᠢᠯ᠎ᠠ᠃      ᠣᠷᠠᠠᠳᠤᠳᠢ ᠶᠢᠨ ᠬᠡᠤᠬᠡᠨ ᠣᠯᠠᠭᠠᠠᠳᠤᠶᠠᠭ᠎ᠠ᠄ ︽ᠮᠠᠨᠤᠰ ᠡᠩ ᠤᠨ ᠴᠠᠭ ᠲᠤ ᠠᠵᠢᠯ ᠬᠡᠳ ᠶᠠᠭᠠᠷᠠᠴᠢᠬᠠᠨ᠎ᠠ᠂ ᠨᠠᠰᠤᠳᠠᠳ ᠲᠠᠢ ᠶᠠᠷᠢᠯᠴᠠᠵᠦ ᠵᠤᠭᠤᠭᠳᠠᠬᠤ ᠲᠠᠯ᠎ᠠ ᠪᠠᠷ ᠬᠠᠷᠢᠴᠠᠩᠭᠤᠢ ᠴᠦᠬᠡᠨ᠂ ᠲᠡᠬᠡᠬᠦᠯᠡᠷ ᠨᠠᠰᠤᠳᠠᠶᠢᠴᠦᠳ ᠢᠶᠠᠨ ᠠᠳᠡ ᠬᠦᠷᠬᠡᠵᠦ ᠠᠪᠤᠭᠠᠳ ᠢᠷᠡᠪᠡᠯ ᠢᠯᠢᠵᠦ ᠵᠠᠰᠠᠬᠤ ᠦᠢᠯᠡᠴᠢᠯᠡᠭᠡ ᠶᠢ ᠬᠦᠷᠲᠡᠴᠢᠬᠡᠨ᠎ᠡ᠂ ᠵᠤᠭᠤᠰ ᠮᠥᠩᠬᠦ ᠵᠠᠷᠤᠴᠠᠭᠤᠯᠬᠤ ᠦᠭᠡᠢ᠂ ᠪᠠᠰᠠ ᠦᠶ᠎ᠡ ᠬᠤᠷᠠᠭᠴᠤᠤᠯ ᠲᠠᠢ ᠪᠠᠨ ᠶᠠᠷᠢᠯᠴᠠᠵᠦ ᠵᠤᠭᠤᠭᠳᠠᠭᠠᠳ ᠰᠠᠳᠬᠢᠯ ᠰᠠᠨᠠᠭ᠎ᠠ ᠲᠡᠨᠢᠬᠦᠨ᠂ ᠮᠠᠨᠤᠰ ᠤᠨ ᠨᠠᠰᠤᠳᠠᠶᠢᠴᠦᠳ ᠢᠶᠠᠨ ᠠᠰᠠᠷᠠᠵᠦ ᠬᠠᠷᠠᠭᠠᠯᠵᠠᠬᠤ ᠬᠦᠨᠳᠤᠯᠡᠬᠦ ᠲᠠᠯ᠎ᠠ ᠪᠠᠷ ᠶᠡᠭᠡ ᠲᠡᠮᠵᠢᠯᠭᠡ ᠪᠤᠯᠵᠦ ᠪᠠᠶᠢᠨ᠎ᠠ︾ ᠬᠡᠪᠡ᠃      ︽ᠠᠮᠢᠯᠠᠯ︾ ᠠᠷᠠᠳ ᠲᠤ ᠲᠦᠬᠦᠮ ᠦᠵᠡᠬᠦᠯᠬᠦ ᠲᠦᠪ ᠨᠢ ᠲᠠᠷᠤᠢ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ︽ᠵᠠᠰᠠᠭ ᠤᠨ ᠤᠷᠳᠤᠨ ᠠᠴᠠ ᠤᠶᠢᠯᠡᠴᠢᠯᠡᠭᠡ ᠶᠢ ᠬᠤᠳᠠᠯᠳᠤᠨ ᠠᠪᠬᠤ︾ ᠡᠵᠡᠩᠨᠡᠯᠳᠠ ᠶᠢᠨ ᠰᠡᠳᠬᠢᠴᠡ ᠪᠠᠷ ᠬᠠᠮᠳᠤᠷᠠᠨ ᠠᠵᠢᠯᠯᠠᠵᠦ ᠪᠠᠶᠢᠭ᠎ᠠ ᠰᠤᠮᠤ ᠪᠠᠯᠭᠠᠰᠤᠨ ᠤ ᠲᠡᠰ ᠤᠨ ᠨᠠᠰᠤᠳᠠᠶᠢᠴᠦᠳ ᠤᠨ ᠠᠰᠠᠷᠠᠮᠵᠢ ᠎ ᠶᠢᠨ ᠭᠠᠵᠠᠷ ᠤᠨ ᠨᠢᠭᠡ ᠪᠤᠯᠤᠨ᠎ᠠ᠃ ᠡᠨᠡ ᠨᠢ ᠨᠡᠶᠢᠬᠡᠮ ᠲᠤᠭᠤᠷᠢᠭ᠂ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠠᠵᠦ ᠠᠬᠤᠶᠢᠯᠠᠯ ᠵᠡᠷᠭᠡ ᠨᠡᠶᠢᠬᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠵᠤᠬᠢᠰᠳᠠᠢ ᠠᠰᠢᠭᠯᠠᠵᠦ᠂ ᠡᠯ᠎ᠡ ᠰᠣᠮᠣ ᠪᠠᠯᠭᠠᠰᠤ ᠪᠠ ᠨᠡᠶᠢᠬᠡᠮ ᠲᠤᠭᠤᠷᠢᠭ ᠤᠨ ᠨᠠᠰᠤᠳᠠᠶᠢᠴᠦᠳ ᠤᠨ ᠬᠡᠷ ᠲᠡᠭᠡᠨ ᠰᠠᠭᠤᠵᠦ ᠠᠰᠠᠷᠠᠮᠵᠢ ᠬᠦᠷᠲᠡᠬᠦ ᠦᠢᠯᠡᠴᠢᠯᠡᠭᠡ ᠶᠢ ᠣᠯᠠᠮ ᠨᠢᠬᠡ ᠠᠯᠬᠤᠮ ᠣᠶᠢᠷᠠᠳᠤᠭᠤᠯᠵᠠᠢ᠃      ︽ᠠᠮᠢᠯᠠᠯ︾ ᠠᠷᠠᠳ ᠲᠤ ᠲᠦᠬᠦᠮ ᠦᠵᠡᠬᠦᠯᠬᠦ ᠲᠦᠪ ᠤᠨ ᠡᠷᠬᠢᠯᠡᠭᠴᠢ ᠴᠢᠮᠡᠭ᠄ ︽ᠪᠦᠬᠦᠯᠢ 65 ᠨᠠᠰᠤᠨ ᠎ ᠠᠴᠠ ᠲᠡᠭᠡᠭᠰᠢᠬᠢ ᠨᠠᠰᠣᠳᠠᠶᠢᠴᠦᠳ ᠲᠤ ᠦᠰᠤ ᠬᠡᠵᠢᠬᠡ ᠠᠪᠬᠤ᠂ ᠢᠯᠢᠵᠦ ᠨᠤᠬᠤᠯᠠᠬᠤ᠂ ᠰᠤᠷᠤᠭᠤᠯ ᠲᠠᠯᠪᠢᠬᠤ᠂ ᠬᠡᠷ ᠠᠬᠤᠢ ᠶᠢᠨ ᠦᠢᠯᠡᠴᠢᠯᠡᠭᠡ ᠵᠡᠷᠭᠡ ᠶᠢ ᠬᠦᠷᠲᠡᠬᠡᠵᠦ᠂2016 ᠣᠨ ᠠᠴᠠ ᠣᠳᠤ ᠪᠤᠯᠳᠠᠯ᠎ᠠ ᠤᠷᠢᠳ ᠬᠤᠵᠢᠳ ᠨᠡᠶᠢᠳᠡ ᠮᠢᠩᠭ᠎ᠠ ᠭᠠᠷᠤᠢ ᠨᠠᠰᠤᠳᠠᠶᠢᠴᠦᠳ ᠲᠤ ᠦᠢᠯᠡᠴᠢᠯᠡᠭᠡ ᠬᠦᠷᠲᠡᠭᠡᠭᠰᠡᠨ︾ ᠭᠡᠪᠡ᠃      ᠰᠤᠮᠤ ᠪᠠᠯᠭᠠᠰᠤᠨ ᠤ ᠨᠠᠰᠤᠳᠠᠶᠢᠴᠦᠳ ᠡᠶᠢᠨᠬᠦ ᠰᠢᠯᠢᠳᠡᠭ ᠦᠢᠯᠡᠴᠢᠯᠡᠭᠡ ᠬᠦᠷᠲᠡᠵᠦ ᠪᠠᠶᠢᠬᠤ ᠳᠤ᠂ ᠬᠦᠳᠡᠭᠡ ᠲᠤᠰᠬᠤᠨ ᠮᠠᠯᠵᠢᠬᠤ ᠣᠷᠤᠨ ᠢᠶᠠᠷ ᠰᠠᠭᠤᠭ᠎ᠠ ᠨᠠᠰᠤᠳᠠᠶᠢᠴᠦᠳ ᠤᠨ ᠠᠰᠠᠷᠠᠮᠵᠢ ᠶᠢᠨ ᠪᠠᠶᠢᠳᠠᠯ ᠨᠢ ᠴᠤᠬᠤᠮ ᠶᠠᠮᠠᠷ ᠪᠠᠶᠢᠭ᠎ᠠ ᠪᠤᠯ︖ ᠰᠤᠷᠪᠤᠯᠵᠢᠯᠠᠭᠴᠢ ᠣᠯᠠᠭᠠᠨᠳᠤᠯᠤᠭᠠᠢ ᠪᠠᠯᠭᠠᠰᠤᠨ ᠤ ᠢᠯᠠᠯᠲᠠ ᠲᠤᠰᠠᠬᠤᠨ ᠳᠤ ᠬᠦᠷᠬᠦ ᠳᠤ᠂ ᠲᠤᠰ ᠲᠤᠰᠬᠤᠨ ᠤ ︽ᠬᠠᠷᠢᠯᠴᠠᠨ ᠬᠠᠪᠰᠤᠷᠤᠯᠴᠠᠬᠤ ᠠᠵᠠ ᠵᠢᠷᠭᠠᠯ ᠤᠨ ᠬᠦᠷᠢᠶᠡᠯᠡᠩ︾᠎ ᠳᠤ᠂ ᠨᠠᠰᠤᠳᠠᠶᠢᠴᠦᠳ ᠬᠤᠭᠤᠷᠤᠨᠳᠤ ᠪᠠᠨ ᠨᠠᠭᠠᠳᠤᠮ ᠲᠤᠭᠯᠠᠭᠠᠮ ᠳᠤ ᠣᠷᠤᠯᠴᠠᠨ᠂ ᠲᠤᠩ ᠪᠠᠶᠠᠷ ᠬᠦᠷ ᠲᠠᠢ ᠪᠠᠶᠢᠪᠠ᠃ ᠲᠤᠰ ᠬᠦᠷᠢᠶᠡᠨ ᠎ ᠳᠤ ᠨᠡᠶᠢᠳᠡ ᠠᠷᠪᠠᠨ ᠡᠷᠤᠬᠡ ᠶᠢᠨ12 ᠨᠠᠰᠤᠳᠠᠶᠢᠴᠦᠳ ᠰᠠᠭᠤᠷᠢᠰᠢᠵᠦ᠂ ᠴᠦᠮ ᠲᠠᠪᠤᠨ ᠪᠠᠲᠤᠯᠠᠭᠠᠲᠤ ᠡᠷᠤᠬᠡ ᠪᠤᠶᠤ ᠭᠤᠤᠨᠢ ᠭᠠᠭᠴᠠ ᠨᠠᠰᠤᠳᠠᠳ ᠪᠠᠶᠢᠵᠦ᠂ ᠲᠡᠭᠰᠢᠳᠬᠡᠭᠰᠡᠨ ᠨᠠᠰᠤ ᠨᠢ 75᠎ ᠳᠤ ᠬᠦᠷᠴᠠᠢ᠃ ᠡᠳᠡᠬᠡᠷ ᠨᠠᠰᠤᠳᠠᠶᠢᠴᠦᠳ ᠠᠳᠡ ᠨᠢᠬᠡᠳᠤᠯᠳᠠᠢ ᠰᠠᠭᠤᠷᠢᠰᠢᠨ ᠲᠤᠰᠭᠠᠷ ᠠᠮᠢᠳᠤᠷᠠᠵᠦ᠂ ᠨᠢᠬᠡᠳᠤᠯᠳᠡᠢ ᠬᠠᠮᠢᠶᠠᠷᠤᠨ ᠬᠠᠷᠢᠯᠴᠠᠨ ᠬᠠᠪᠰᠤᠷᠤᠯᠴᠠᠬᠤ ᠮᠠᠶ᠋ᠢᠭ ᠢᠶᠠᠷ ᠰᠠᠭᠤᠷᠢᠰᠢᠵᠦ ᠪᠠᠶᠢᠬᠤ ᠤᠴᠢᠷ ᠠᠴᠠ ᠨᠠᠰᠤᠳᠠᠶᠢᠴᠦᠳ ᠤᠨ ᠦᠪᠡᠷ ᠤᠨ ᠲᠤᠷᠠᠰᠢᠯ ᠎ ᠨᠢ ᠬᠦᠨᠳᠤᠳᠬᠡᠭᠳᠡᠵᠦ᠂ ᠣᠶᠤᠨ ᠰᠠᠨᠠᠭᠠᠨ ᠤ ᠲᠠᠶᠢᠪᠤᠰᠢᠷᠠᠯ ᠢ ᠣᠯᠭᠤᠭᠰᠠᠨ ᠢᠶᠠᠷ ᠪᠠᠷᠠᠬᠤ ᠦᠭᠡᠢ ᠨᠡᠩ ᠴᠤ ᠡᠪᠡᠳᠴᠢᠨ ᠠᠷᠬᠠᠭ ᠢ ᠨᠢ ᠰᠡᠷᠬᠡᠶᠢᠯᠡᠨ ᠡᠮᠴᠢᠯᠡᠵᠦ᠂ ᠠᠶᠤᠯ ᠬᠡᠨᠡᠳᠤᠯ ᠭᠠᠷᠬᠤ ᠠᠴᠠ ᠨᠢ ᠵᠠᠶᠢᠯᠠᠰᠬᠢᠵᠦ᠂ ᠨᠢᠬᠡ ᠨᠢᠬᠡ ᠳᠡᠭᠡᠨ ᠪᠠᠷ᠎ᠠ ᠲᠦᠰᠢᠭ ᠲᠠᠢ ᠪᠤᠯᠭᠠᠭᠰᠠᠨ ᠪᠠᠶᠢᠨ᠎ᠠ᠃      ᠡᠨᠡ ᠮᠡᠳᠤ ᠪᠠᠷ᠂ ᠮᠠᠨ ᠤ ᠬᠤᠰᠢᠭᠤ ᠮᠠᠯᠵᠢᠬᠤ ᠲᠠᠷᠢᠶᠠᠯᠠᠬᠤ ᠣᠷᠤᠨ ᠤ ᠨᠠᠰᠤᠳᠠᠶᠢᠴᠦᠳ ᠤᠨ ᠠᠰᠠᠷᠠᠮᠵᠢ ᠎ ᠶᠢᠨ ᠦᠢᠯᠡᠰ ᠢ ᠪᠦᠷᠢᠨᠰᠢᠬᠦᠯᠤᠨ ᠲᠡᠬᠦᠯᠳᠡᠷᠵᠢᠬᠦᠯᠬᠦ ᠶᠠᠪᠤᠴᠠ ᠳᠤ᠂ ᠨᠠᠰᠤᠳᠠᠶᠢᠴᠦᠳ ᠤᠨ ᠪᠤᠳᠠᠳᠤ ᠪᠠᠶᠢᠳᠠᠯ ᠢ ᠦᠨᠳᠤᠰᠤᠯᠡᠨ᠂ ᠲᠤᠷᠠᠰᠢᠯ ᠢ ᠨᠢ ᠬᠦᠨᠳᠤᠳᠬᠡᠨ᠂ ᠨᠡᠶᠢᠳᠡ 1500 ᠲᠥᠮᠡᠨ ᠲᠥᠬᠦᠷᠢᠭ ᠤᠨ ᠪᠡᠯᠡ ᠣᠷᠤᠭᠤᠯᠤᠨ᠂ 12 ᠭᠠᠴᠠᠭ᠎ᠠ ᠲᠤᠰᠬᠤᠨ ᠳᠤ ᠡᠶᠢᠮᠤᠷᠬᠦ ︽ᠬᠠᠷᠢᠯᠴᠠᠨ ᠬᠠᠪᠰᠤᠷᠤᠯᠴᠠᠬᠤ ᠠᠵᠠ ᠵᠢᠷᠭᠠᠯ ᠤᠨ ᠬᠦᠷᠢᠶᠡᠯᠡᠩ︾᠎ ᠶᠢ ᠪᠠᠶᠢᠭᠤᠯᠤᠨ᠂ ᠣᠳᠤᠬᠠᠨ ᠳᠤ 84 ᠡᠷᠤᠬᠡ ᠶᠢᠨ122 ᠨᠠᠰᠤᠳᠠᠶᠢᠴᠦᠳ ᠢ ᠰᠠᠭᠤᠷᠢᠰᠢᠭᠤᠯᠤᠭᠰᠠᠨ ᠪᠠᠶᠢᠨ᠎ᠠ᠃      ᠡᠬᠦᠨ ᠠᠴᠠ ᠭᠠᠳᠠᠨ᠎ᠠ ᠮᠠᠨ ᠤ ᠬᠤᠰᠢᠭᠤ ᠣᠷᠢᠳ ᠬᠤᠵᠢᠳ 3500 ᠲᠥᠮᠡᠨ ᠲᠥᠬᠦᠷᠢᠭ ᠤᠨ ᠪᠡᠯᠡ ᠣᠷᠤᠭᠤᠯᠤᠨ᠂ ᠲᠤᠭ ᠪᠠᠯᠭᠠᠰᠤ᠂ ᠭᠠᠯᠠᠭᠤᠳᠤ ᠪᠠᠯᠭᠠᠰᠤ᠂ ᠰᠢᠷᠬᠤᠰᠤᠨ ᠪᠠᠯᠭᠠᠰᠤ ᠵᠡᠷᠭᠡ ᠭᠤᠷᠪᠠᠨ ᠭᠠᠵᠠᠷ ᠲᠤ ᠬᠤᠰᠢᠭᠤ ᠲᠡᠰ ᠤᠨ ᠨᠠᠰᠤᠳᠠᠶᠢᠴᠦᠳ ᠤᠨ ᠠᠰᠠᠷᠠᠮᠵᠢ ᠶᠢᠨ ᠬᠦᠷᠢᠶᠠᠯᠠᠩ ᠤᠨ ᠠᠰᠠᠷᠠᠮᠵᠢ ᠶᠢᠨ ᠦᠢᠯᠡᠴᠢᠯᠡᠭᠡ ᠶᠢ ᠲᠡᠬᠦᠯᠳᠡᠷᠵᠢᠬᠦᠯᠦᠭᠰᠡᠨ ᠤ ᠬᠠᠮᠳᠤ ᠡᠮ ᠡᠮᠨᠡᠯᠬᠡ ᠡᠷᠡᠬᠦᠯ ᠬᠠᠮᠠᠭᠠᠯᠠᠯ ᠪᠠ ᠨᠠᠰᠣᠳᠠᠶᠢᠴᠦᠳ ᠤᠨ ᠠᠰᠠᠷᠠᠮᠵᠢ ᠶᠢᠨ ᠡᠬᠢ ᠪᠠᠶᠠᠯᠢᠭ ᠢ ᠢᠳᠡᠪᠬᠢᠳᠡᠢ ᠲᠦᠪᠯᠡᠷᠡᠬᠦᠯᠤᠨ ᠠᠰᠢᠭᠯᠠᠵᠦ᠂ ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠤᠭᠰᠠᠨ ᠣᠯᠠᠨ ᠡᠰᠢᠳᠤ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠪᠠᠨ ᠲᠦᠷᠭᠡᠳᠬᠡᠵᠦ᠂ ᠡᠮᠴᠢᠯᠡᠬᠡᠨ ᠤ ᠪᠠᠶᠢᠭᠤᠯᠤᠮᠵᠢ ᠳᠤ ᠠᠰᠠᠷᠠᠮᠵᠢ ᠶᠢᠨ ᠦᠢᠯᠡᠴᠢᠯᠡᠭᠡ ᠶᠢ ᠨᠡᠮᠡᠭᠳᠡᠬᠦᠯᠬᠦ᠂ ᠠᠰᠠᠷᠠᠮᠵᠢ ᠶᠢᠨ ᠭᠠᠵᠠᠷ ᠲᠤ ᠡᠮᠴᠢᠯᠡᠬᠡᠨ ᠤ ᠦᠢᠯᠡᠴᠢᠯᠡᠭᠡ ᠶᠢ ᠨᠡᠮᠡᠭᠳᠡᠬᠦᠯᠬᠦ ᠶᠢ ᠵᠠᠰᠠᠭ ᠤᠨ ᠣᠷᠳᠤᠨ ᠠᠴᠠ ᠣᠷᠢᠶᠠᠯᠠᠨ ᠲᠡᠮᠵᠢᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠣᠨᠴᠠᠯᠢᠭᠳᠤ ᠨᠠᠰᠤᠳᠠᠶᠢᠴᠦᠳ ᠤᠨ ᠠᠰᠠᠷᠠᠮᠵᠢ ᠶᠢᠨ ᠬᠡᠪ ᠵᠠᠭᠪᠦᠷᠢ ᠶᠢ ᠪᠦᠷᠢᠯᠳᠦᠬᠦᠯᠦᠨ᠂ ᠬᠤᠳᠠ ᠬᠦᠳᠡᠭᠡ ᠬᠠᠮᠢᠭ᠎ᠠ ᠴᠤ ᠬᠡᠰᠡᠨ ᠦᠭᠡᠢ ᠦᠷᠬᠡᠨ ᠣᠯᠠᠨ ᠨᠠᠰᠤᠳᠠᠶᠢᠴᠦᠳ ᠲᠤ ᠪᠠᠶ᠎ᠠ ᠪᠠᠨ ᠰᠤᠪᠢᠯᠠᠵᠦ ᠠᠰᠠᠷᠠᠭᠤᠯᠬᠤ ᠰᠢᠯᠢᠳᠡᠭ ᠣᠷᠴᠢᠨ ᠢ ᠬᠠᠩᠭᠠᠭᠰᠠᠨ ᠪᠠᠶᠢᠨ᠎ᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号