ᠬᠤᠰᠢᠭᠤ ᠤᠶᠤᠨ ᠤ ᠪᠤᠯᠪᠠᠰᠤᠨ ᠤ ᠺᠤᠮᠢᠰ ᠤᠨ ᠪᠦᠬᠦ ᠭᠡᠰᠢᠭᠦᠳ ᠤᠨ ᠬᠤᠷᠠᠯᠳᠤᠭᠠᠨ ᠵᠢᠴᠢ ᠪᠦᠬᠦ ᠤᠯᠤᠰ ᠎ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢ ᠴᠤᠭᠴᠠᠯᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-04-26
     4 ᠰᠠᠷ᠎ᠠ ᠶᠢᠨ 19᠎ ᠤ ᠡᠳᠦᠷ᠂ ᠬᠤᠰᠢᠭᠤ ᠤᠶᠤᠨ ᠤ ᠪᠤᠯᠪᠠᠰᠤᠨ ᠤ ᠺᠤᠮᠢᠰ ᠤᠨ ᠪᠦᠬᠦ ᠭᠡᠰᠢᠭᠦᠳ ᠤᠨ ᠬᠤᠷᠠᠯᠳᠤᠭᠠᠨ ᠵᠢᠴᠢ ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢ ᠴᠤᠭᠴᠠᠯᠠᠬᠤ ᠳᠠᠶᠢᠴᠢᠯᠠᠯᠲᠠ ᠎ ᠶᠢᠨ ᠬᠤᠷᠠᠯ ᠬᠤᠷᠠᠯᠳᠤᠵᠤ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠤᠤ ᠶᠦᠨ ᠯᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠲᠡᠰ ᠎ ᠤᠨ ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠭᠡᠯᠲᠡᠰ ᠤᠨ ᠳᠠᠷᠤᠭ᠎ᠠ ᠠᠯᠲᠠᠨᠲᠤᠶᠠᠭ᠎ᠠ ᠵᠢᠴᠢ ᠭᠡᠷ ᠲᠡᠭᠡᠨ ᠪᠠᠶᠢᠭ᠎ᠠ ᠰᠢᠶᠡᠨ ᠤ ᠳᠡᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ᠂  ᠤᠬᠠᠭᠤᠯᠬᠤ ᠭᠡᠰᠢᠭᠦᠨ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠪᠦᠬᠦ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ ᠂ ᠰᠠᠶᠢᠨ ᠳᠤᠷᠠᠴᠤᠳ ᠤᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠪᠤᠯᠤᠨ ᠭᠠᠯᠠᠭᠤᠲᠦ ᠪᠠᠯᠭᠠᠰᠤᠨ ᠤ ᠡᠯ᠎ᠡ ᠨᠡᠶᠢᠬᠡᠮ ᠲᠤᠭᠤᠷᠢᠭ ᠤᠨ ᠬᠠᠷᠢᠭᠤᠴᠠᠯᠭᠠᠲᠠᠨ᠂ ᠬᠤᠰᠢᠭᠤ ᠤᠶᠤᠨ ᠤ ᠪᠤᠯᠪᠰᠤᠨ ᠤ ᠠᠯᠪᠠᠨ ᠭᠡᠷ ᠤᠨ ᠪᠦᠬᠦ ᠺᠠᠳ᠋ᠷᠴᠤᠳ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠤᠤ ᠶᠦᠨ ᠯᠢ ᠬᠤᠷᠠᠯ ᠢ ᠡᠷᠬᠢᠯᠡᠪᠡ᠃      ᠬᠤᠷᠠᠯ ᠲᠡᠭᠡᠷ᠎ᠡ᠂ 2017 ᠤᠨ ᠤ ᠪᠦᠬᠦ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠵᠢᠯ ᠳᠤ ᠳ᠋ᠦᠩᠨᠡᠯᠲᠡ ᠬᠢᠵᠤ᠂ 2018 ᠤᠨ ᠤ ᠪᠦᠬᠦ ᠬᠤᠰᠢᠭᠤᠨ ᠤ ᠰᠢᠶᠡᠨ ᠤ ᠳᠡᠰ ᠤᠨ ᠪᠤᠯᠪᠰᠤᠨ ᠬᠤᠲᠠ ᠎ ᠶᠢ ᠡᠭᠦᠳᠦᠨ ᠪᠠᠶᠢᠭᠤᠯᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃      ᠬᠤᠷᠠᠯ ᠲᠡᠭᠡᠷ᠎ᠡ᠂ ᠰᠤᠷᠭᠠᠯᠲᠦ ︽ᠲᠦᠪ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠦᠪᠯᠡᠯ ᠤᠨ ᠪᠦᠬᠦ ᠤᠯᠤᠰ ᠤᠨ ᠪᠤᠯᠪᠠᠰᠤᠨ ᠬᠤᠲᠠ᠂ ᠪᠤᠯᠪᠠᠰᠤᠨ ᠲᠤᠰᠬᠤᠨ ᠪᠠᠯᠭᠠᠰᠤ᠂ ᠪᠤᠯᠪᠠᠰᠤᠨ ᠪᠠᠶᠢᠭᠤᠯᠭ᠎ᠠ ᠨᠢᠭᠡᠴᠢ ᠶᠢᠨ ᠢᠷᠠᠭᠤ ᠠᠯᠳᠠᠷ ᠢ ᠦᠷᠭᠦᠯᠵᠢᠯᠡᠨ ᠬᠡᠪ ᠢᠶᠠᠷ ᠪᠠᠶᠢᠯᠭᠠᠬᠤ ᠶᠢ ᠲᠠᠬᠢᠨ ᠲᠠᠪᠲᠠᠨ ᠪᠠᠶᠢᠴᠠᠭᠠᠨ ᠲᠤᠭᠲᠠᠭᠠᠬᠤ ᠲᠤᠬᠠᠢ ᠮᠡᠳᠡᠭᠲᠡᠯ︾ ᠪᠤᠯᠤᠨ ︽ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠲᠠ᠂ ᠪᠤᠯᠪᠠᠰᠤᠨ ᠲᠤᠰᠬᠤᠨ ᠪᠠᠯᠭᠠᠰᠤ᠂ ᠪᠤᠯᠪᠠᠰᠤᠨ ᠪᠠᠶᠢᠭᠤᠯᠭ᠎ᠠ ᠨᠢᠭᠡᠴᠢ ᠶᠢ ᠬᠦᠬᠢᠭᠦᠯᠦᠨ ᠰᠠᠶᠢᠰᠢᠶᠠᠬᠤ ᠲᠤᠬᠠᠢ ᠰᠢᠢᠳᠪᠦᠷᠢ︾᠎ ᠶᠢ ᠤᠩᠰᠢᠨ ᠨᠡᠶᠢᠲᠡᠯᠡᠪᠡ᠃      ᠹᠧᠩ ᡁᠢ ᠮᠢᠩ ᠲᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠡᠨᠡ ᠵᠢᠯ ᠤᠨ ᠪᠦᠬᠦ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠪᠤᠯᠤᠨ ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢ ᠪᠠᠶᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠠᠵᠢᠯ ᠢ ᠠᠬᠢᠭᠤᠯᠬᠤ ᠳᠤᠬᠠᠢ ᠹᠧᠩ ᡁᠢ ᠮᠢᠩ ᠵᠢᠭᠠᠬᠤ ᠳᠤ ᠪᠠᠨ᠂ ᠨᠢᠭᠡ ᠳᠤ ᠬᠠᠲᠠᠭᠤ ᠲᠤᠨᠤᠭ ᠤᠨ ᠪᠠᠶᠢᠭᠤᠯᠤᠯᠲᠠ ᠪᠤᠯᠤᠨ ᠪᠤᠯᠪᠠᠰᠤᠨ ᠤ ᠬᠦᠮᠦᠵᠢᠯ ᠢ ᠬᠠᠮᠲᠤᠪᠠᠷ ᠳᠡᠭᠡᠭᠰᠢᠯᠡᠬᠦᠯᠬᠦ ᠬᠡᠷᠡᠭᠲᠡᠢ᠃ ᠬᠤᠶᠠᠷ ᠲᠤ ᠪᠦᠬᠦ ᠲᠠᠯ᠎ᠠ ᠶᠢ ᠠᠬᠢᠭᠤᠯᠬᠤ ᠪᠤᠯᠤᠨ ᠭᠤᠤᠯᠳᠠᠯᠭ᠎ᠠ ᠶᠢ ᠳᠤᠪᠤᠶᠢᠯᠭᠠᠬᠤ ᠶᠢ ᠤᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠭᠤᠷᠪᠠ ᠳᠤ ᠬᠤᠲᠠ ᠪᠠᠯᠭᠠᠰᠤ ᠶᠢᠨ ᠪᠠᠶᠢᠭᠤᠯᠤᠯᠲᠠ ᠪᠤᠯᠤᠨ ᠬᠦᠳᠡᠭᠡ ᠲᠤᠰᠬᠤᠨ ᠤ ᠪᠠᠶᠢᠭᠤᠯᠤᠯᠲᠠ ᠶᠢ ᠵᠡᠷᠭᠡᠪᠡᠷ ᠠᠬᠢᠭᠤᠯᠬᠤ ᠬᠡᠷᠡᠭᠲᠡᠢ᠃ ᠳᠦᠷᠪᠡ ᠳᠤ ᠭᠤᠤᠯᠳᠠᠯᠭ᠎ᠠ ᠲᠠᠢ ᠭᠡᠰᠡᠭ ᠪᠤᠯᠤᠨ ᠨᠠᠷᠢᠯᠢᠭ ᠭᠤᠭᠴᠤᠭᠠᠨ ᠤ ᠪᠠᠶᠢᠭᠤᠯᠤᠯᠲᠠ ᠎ ᠶᠢ ᠬᠠᠮᠲᠤᠪᠠᠷ ᠠᠳᠬᠤᠬᠤ ᠬᠡᠷᠡᠭᠲᠡᠢ᠃ ᠲᠠᠪᠤ ᠳᠤ ᠨᠠᠮ ᠤᠨ ᠭᠡᠰᠢᠭᠦᠨ ᠺᠠᠳ᠋ᠷᠴᠤᠳ ᠲᠤᠯᠤᠭᠠᠶᠢᠯᠠᠬᠤ ᠪᠤᠯᠤᠨ ᠤᠯᠠᠨ ᠲᠦᠮᠡᠨ ᠤ ᠤᠷᠤᠯᠴᠠᠬᠤ ᠶᠢ ᠤᠶᠠᠯᠳᠤᠭᠤᠯᠬᠤ ᠬᠡᠷᠡᠭᠲᠡᠢ᠃ ᠵᠢᠷᠭᠤᠭ᠎ᠠ ᠳᠤ ᠱᠠᠲᠤᠴᠢ ᠴᠢᠨᠠᠷ ᠲᠠᠢ ᠪᠠᠬᠢᠯᠡᠬᠦ ᠪᠤᠯᠤᠨ ᠬᠡᠪ ᠤᠨ ᠪᠠᠶᠢᠲᠠᠯ ᠲᠠᠢ ᠪᠠᠷ ᠴᠤᠭᠴᠠᠯᠠᠬᠤ ᠶᠢ ᠪᠦᠲᠦᠮᠵᠢᠲᠠᠢ ᠤᠶᠠᠯᠳᠤᠭᠤᠯᠬᠤ ᠬᠡᠷᠡᠭᠲᠡᠢ ᠬᠡᠪᠡ᠃      ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠦ ᠴᠤᠭᠴᠠᠯᠠᠨ ᠪᠠᠶᠢᠭᠤᠯᠤᠯᠳᠠ ᠶᠢᠨ ᠵᠢᠯᠤᠭᠤᠳᠬᠤ ᠭᠡᠯᠳᠡᠰ ᠤᠨ ᠡᠯ᠎ᠠ ᠲᠡᠳ᠋ ᠶᠠᠷᠤᠩᠭᠡᠢ ᠵᠢᠯᠤᠭᠤᠳᠤᠭᠴᠢ ᠯᠤᠭ᠎ᠠ ︽ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠬᠠᠷᠢᠭᠤᠴᠠᠯᠭ᠎ᠠ ᠶᠢᠨ ᠪᠢᠴᠢᠭ︾᠎ ᠢ  ᠲᠤᠭᠲᠠᠵᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠰᠢᠷᠬᠤᠰᠤᠨ ᠪᠠᠯᠭᠠᠰᠤ᠂ ᠭᠠᠯᠠᠭᠤᠲᠦ ᠪᠠᠯᠭᠠᠰᠤ᠂ ᠰᠦᠯᠳᠡ ᠰᠤᠮᠤ᠂ ᠤᠯᠠᠭᠠᠠᠲᠤᠯᠤᠭᠠᠢ ᠪᠠᠯᠭᠠᠰᠤ᠂ ᠲᠤᠭ ᠪᠠᠯᠭᠠᠰᠤ᠂ ᠦᠦᠰᠢᠨᠵᠤᠤ ᠪᠠᠯᠭᠠᠰᠤ ᠶᠢᠨ ᠨᠠᠮ ᠤᠨ ᠬᠤᠷᠢᠶᠠᠨ ᠤ ᠱᠥᠵᠢ ᠵᠠᠯᠭ᠎ᠠ ᠵᠠᠯᠭ᠎ᠠ ᠪᠠᠷ ᠲᠠᠶᠢᠰᠠᠨ ᠳᠤ ᠭᠠᠷᠴᠤ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠪᠠ᠃      ᠵᠢᠷᠭᠠᠯᠲᠦ ᠵᠢᠭᠠᠬᠤ ᠳᠤ ᠪᠠᠨ᠂ ᠪᠦᠬᠦ ᠤᠯᠤᠰ ᠤᠨ ᠪᠤᠯᠪᠠᠰᠤᠨ ᠬᠤᠲᠠ ᠶᠢᠨ ᠢᠷᠠᠭᠤ ᠠᠯᠲᠠᠷ ᠪᠤᠯ᠂ ᠮᠠᠨ ᠤ ᠤᠯᠤᠰ ᠤᠨ ᠶᠡᠷᠦᠩᠬᠡᠶᠢᠯᠡᠭᠰᠡᠨ ᠴᠢᠨᠠᠷ ᠢᠶᠠᠷ ᠬᠠᠮᠤᠭ ᠴᠢᠩᠭ᠎ᠠ᠂ ᠨᠦᠯᠦᠭᠡᠯᠡᠯ ᠤᠨ ᠬᠦᠴᠦᠨ ᠢᠶᠠᠷ ᠬᠠᠮᠤᠭ ᠶᠡᠭᠡ ᠬᠤᠲᠠ ᠶᠢᠨ ᠨᠡᠷᠡᠲᠦ ᠲᠡᠮᠲᠡᠭ ᠪᠤᠯᠬᠤ ᠶᠤᠮ᠃ 2018 ᠤᠨ ᠤ ᠵᠢᠯ ᠤᠨ ᠡᠬᠢᠨ ᠳᠤ᠂ ᠮᠠᠨ ᠤ ᠬᠤᠰᠢᠭᠤ ᠰᠢᠨ᠎ᠡ ᠨᠢᠭᠡᠨ ᠡᠭᠡᠯᠵᠢ ᠶᠢᠨ ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢᠨ ᠴᠤᠭᠴᠠᠯᠠᠯᠲᠠ ᠶᠢᠨ ᠨᠡᠷ᠎ᠡ ᠳᠤᠷᠠᠳᠤᠭᠰᠠᠨ ᠬᠢᠷᠢ ᠬᠡᠮ ᠢ ᠤᠯᠪᠠ᠃ ᠪᠦᠬᠦ ᠬᠤᠰᠢᠭᠤ ᠪᠠᠷ ᠢᠶᠠᠨ ᠡᠷᠬᠡᠪᠰᠢ ᠬᠠᠮᠲᠤᠪᠠᠷ ᠴᠢᠷᠮᠠᠶᠢᠵᠤ ᠴᠤᠭᠴᠠᠯᠠᠨ ᠪᠠᠶᠢᠭᠤᠯᠬᠤ ᠬᠡᠷᠡᠭᠲᠡᠢ᠃ ᠨᠢᠭᠡ ᠳᠤ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠤ᠂ ᠪᠦᠬᠦ ᠤᠯᠤᠰ ᠤᠨ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠶᠢᠨ ᠬᠦᠨᠳᠦ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠬᠤ ᠬᠡᠷᠡᠭᠲᠡᠢ᠃ ᠪᠤᠯᠪᠠᠰᠤᠨ ᠬᠤᠲᠠ ᠶᠢ ᠴᠤᠭᠴᠠᠯᠠᠬᠤ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠪᠡᠯᠭᠡ ᠲᠡᠮᠲᠡᠭ ᠪᠠᠶᠢᠵᠤ᠂ ᠬᠤᠲᠠ ᠶᠢᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠴᠢᠩᠭᠠᠳᠬᠠᠬᠤ ᠎ ᠶᠢᠨ ᠬᠡᠷᠡᠭᠴᠡᠭᠡ᠂ ᠠᠷᠠᠳ ᠲᠦᠮᠡᠨ ᠤ ᠵᠤᠯ ᠵᠢᠷᠭᠠᠯ ᠤᠨ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠭᠡ ᠶᠤᠮ᠃ ᠬᠤᠶᠠᠷ ᠲᠤ ᠡᠭᠦᠷᠭᠡ ᠬᠠᠷᠠᠯᠲᠠ ᠪᠠᠨ ᠳᠤᠲᠤᠷᠬᠠᠶᠢᠯᠠᠵᠤ᠂ ᠴᠤᠭᠴᠠᠯᠠᠨ ᠪᠠᠶᠢᠭᠤᠯᠬᠤ ᠠᠵᠢᠯ ᠤᠨ ᠦᠨᠳᠦᠷ ᠪᠦᠲᠦᠮᠵᠢᠲᠠᠢ ᠪᠠᠷ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠦᠨᠳᠦᠷ ᠬᠤᠷᠳᠤᠴᠠᠲᠤ ᠬᠦᠭᠵᠢᠯᠲᠡ᠂ ᠨᠡᠶᠢᠬᠡᠮ ᠤᠨ ᠪᠤᠯᠪᠠᠰᠤᠨ ᠤ ᠬᠢᠷᠢ ᠳᠦᠪᠰᠢᠨ ᠢ ᠲᠡᠭᠡᠭᠰᠢᠯᠡᠬᠦᠯᠬᠦ ᠵᠡᠷᠭᠡ ᠡᠯ᠎ᠡ ᠲᠠᠯ᠎ᠠ ᠎ ᠶᠢᠨ ᠠᠵᠢᠯ ᠢ ᠠᠬᠢᠭᠤᠯᠬᠤ ᠬᠡᠷᠡᠭᠲᠡᠢ᠃ ᠭᠤᠷᠪᠠ ᠳᠤ ᠬᠦᠴᠦᠨ ᠢᠶᠠᠨ ᠬᠠᠮᠳᠤᠳᠬᠠᠵᠤ ᠴᠤᠭᠴᠠᠯᠠᠨ ᠪᠠᠶᠢᠭᠤᠯᠬᠤ ᠠᠵᠢᠯ ᠤᠨ ᠡᠯ᠎ᠡ ᠲᠠᠯ᠎ᠠ ᠶᠢᠨ ᠡᠭᠦᠷᠭᠡ ᠶᠢ ᠲᠤᠤᠱᠯᠠᠭᠤᠯᠬᠤ ᠬᠡᠷᠡᠭᠲᠡᠢ᠃ ᠡᠯ᠎ᠡ ᠲᠠᠯ᠎ᠠ ᠶᠢᠨ ᠲᠤᠭᠲᠠᠯᠴᠠᠭ᠎ᠠ ᠶᠢ ᠪᠦᠷᠢᠨᠵᠢᠭᠦᠯᠵᠤ᠂ ᠡᠯ᠎ᠡ ᠲᠠᠯ᠎ᠠ ᠶᠢᠨ ᠠᠵᠢᠯ ᠤᠨ ᠴᠠᠭ ᠲᠠᠭᠠᠨ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ ᠪᠦᠬᠦ ᠬᠤᠰᠢᠭᠤ ᠪᠠᠷ ᠢᠶᠠᠨ ᠬᠦᠳᠡᠯᠦᠯᠴᠡᠵᠤ᠂ ᠳᠡᠭᠡᠲᠦ ᠬᠡᠮᠵᠢᠶᠡᠨ ᠤ ᠬᠠᠷᠢᠭᠤᠴᠠᠯᠭᠠᠲᠦ ᠰᠡᠳᠬᠢᠯᠭᠡ ᠪᠠᠷ᠂ ᠦᠨᠳᠦᠷ ᠪᠦᠲᠦᠮᠵᠢᠲᠡᠢ ᠪᠠᠷ ᠴᠤᠭᠴᠠᠯᠠᠨ ᠪᠠᠶᠢᠭᠤᠯᠬᠤ ᠠᠵᠢᠯ ᠢ ᠨᠠᠶᠢᠲᠠᠪᠤᠷᠢᠵᠢᠭᠤᠯᠵᠤ᠂ 2020 ᠤᠨ ᠪᠤᠯᠬᠤ ᠳᠤ᠂ ᠮᠠᠨ ᠤ ᠬᠤᠰᠢᠭᠤ ᠶᠢ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠰᠢᠶᠡᠨ ᠤ ᠳᠡᠰ ᠤᠨ ᠪᠤᠯᠪᠰᠤᠨ ᠬᠤᠲᠠ ᠪᠤᠯᠭᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠬᠡᠪᠡ᠃      ᠵᠢᠷᠭᠠᠯᠲᠦ ᠴᠢᠬᠤᠯᠠᠴᠢᠯᠠᠬᠤ ᠳᠤ ᠪᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠢ ᠴᠢᠩᠭ᠎ᠠ ᠪᠠᠷ ᠵᠠᠰᠠᠬᠤ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠪᠡᠶᠡᠯᠡᠭᠦᠯᠵᠤ᠂ ᠪᠦᠬᠦ ᠬᠤᠰᠢᠭᠤ ᠪᠠᠷ ᠢᠶᠠᠨ ᠨᠠᠮ ᠢ ᠴᠢᠩᠭ᠎ᠠ ᠵᠠᠰᠠᠬᠤ ᠬᠡᠪ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠲᠦᠷᠢᠮ ᠤᠨ ᠬᠡᠷᠡᠭᠵᠢᠭᠦᠯᠦᠯ᠂ ᠭᠤᠤᠯᠳᠠᠯᠭ᠎ᠠ ᠶᠢ ᠠᠳᠬᠤᠬᠤ᠂ ᠳᠤᠲᠠᠭᠲᠠᠯ ᠢᠶᠠᠨ ᠨᠦᠬᠦᠪᠦᠷᠢᠯᠡᠬᠦ ᠶᠢ ᠴᠢᠩᠭ᠎ᠠ ᠠᠳᠬᠤᠵᠤ᠂ ︽ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠲᠤᠭᠠᠨ︾᠎ ᠢ ᠪᠦᠬᠦ ᠬᠦᠴᠦᠨ ᠢᠶᠠᠷ ᠬᠢᠵᠤ᠂ ᠪᠦᠬᠦ ᠵᠢᠯ ᠤᠨ ᠡᠯ᠎ᠡ ᠲᠠᠯ᠎ᠠ ᠤᠨ ᠠᠵᠢᠯ ᠢᠶᠠᠨ ᠪᠦᠲᠦᠮᠵᠢᠲᠡᠢ ᠪᠡᠶᠡᠯᠡᠬᠦᠯᠬᠦ ᠬᠡᠷᠡᠭᠲᠡᠢ ᠬᠡᠪᠡ᠃      ᠴᠢᠶᠤᠤ ᠶᠦᠨ ᠯᠢ ᠳ᠋ᠦᠩᠨᠡᠯᠲᠡ ᠬᠢᠵᠤ ᠶᠠᠷᠢᠬᠤ ᠳᠤ ᠪᠠᠨ᠂ ᠴᠤᠭᠴᠠᠯᠠᠨ ᠪᠠᠶᠢᠭᠤᠯᠬᠤ ᠶᠢ ᠬᠠᠷᠢᠭᠤᠴᠠᠵᠤ ᠪᠠᠶᠢᠭ᠎ᠠ ᠪᠠᠶᠢᠭᠤᠯᠭ᠎ᠠ ᠶᠢᠨ ᠬᠢᠨ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠰᠢᠭᠤᠯᠤᠯᠲᠠ ᠯᠤᠭ᠎ᠠ ᠨᠢᠭᠡᠳᠬᠡᠵᠤ᠂ ᠴᠤᠭᠴᠠᠯᠠᠨ ᠪᠠᠶᠢᠭᠤᠯᠬᠤ ᠪᠤᠲᠠᠲᠠᠢ ᠠᠵᠢᠯ ᠤᠨ ᠳᠤᠮᠲᠠ ᠲᠤᠤᠱᠯᠠᠭᠤᠯᠬᠤ ᠬᠡᠷᠡᠭᠲᠡᠢ᠃ ︽ᠦᠦᠰᠢᠨ ᠬᠤᠰᠢᠭᠤᠨ ᠤ 2018—2020 ᠤᠨ ᠪᠤᠯᠲᠠᠯᠠᠬᠢ ᠪᠦᠬᠦ ᠤᠯᠤᠰ ᠤᠨ ᠰᠢᠶᠡᠨ ᠤ ᠳᠡᠰ ᠤᠨ ᠬᠤᠲᠠ ᠶᠢ ᠴᠤᠭᠴᠠᠯᠠᠨ ᠪᠠᠶᠢᠭᠤᠯᠬᠤ ᠭᠤᠷᠪᠠᠨ ᠵᠢᠯ ᠤᠨ ᠲᠦᠯᠦᠪᠵᠢᠭᠦᠯᠭᠡ︾ ᠪᠤᠯᠤᠨ ︽ᠪᠦᠬᠦ ᠤᠯᠤᠰ ᠎ ᠤᠨ ᠰᠢᠶᠡᠨ ᠤ ᠳᠡ᠊ ‍ᠰ ᠤᠨ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠲᠤᠭᠲᠠᠯᠴᠠᠭ᠎ᠠ ᠡᠭᠦᠷᠬᠡ ᠶᠢᠨ ᠬᠤᠪᠢᠶᠠᠷᠢᠯᠠᠯ ᠤᠨ ᠬᠦᠰᠦᠨᠦᠭ︾᠎ ᠢ ᠦᠨᠳᠦᠰᠦᠯᠡᠵᠤ᠂ ᠨᠢᠭᠡ ᠨᠢᠭᠡ ᠲᠦᠷᠦᠯ ᠢᠶᠠᠷ ᠲᠤᠤᠱᠯᠠᠭᠤᠯᠵᠤ᠂ ᠨᠡᠩ ᠶᠡᠭᠡ ᠢᠳᠡᠪᠬᠢᠵᠢᠯ᠂ ᠨᠡᠩ ᠶᠡᠭᠡ ᠢᠲᠡᠭᠡᠯ ᠵᠤᠷᠢᠭ ᠢᠶᠠᠷ ᠮᠠᠨ ᠤ ᠬᠤᠰᠢᠭᠤᠨ ᠤ ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢᠨ ᠪᠠᠶᠢᠭᠤᠯᠬᠤ ᠠᠵᠢᠯ ᠢ ᠦᠨᠳᠦᠷ ᠪᠦᠲᠦᠮᠵᠢᠲᠠᠢ ᠪᠠᠷ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠡᠢ ᠬᠡᠪᠡ᠃      ᠤᠶᠢᠯᠠᠭᠠᠭᠰᠠᠨ ᠢᠶᠠᠷ᠂ ᠲᠠᠬᠢᠨ ᠲᠠᠪᠲᠠᠨ ᠪᠠᠶᠢᠴᠠᠭᠠᠬᠤ ᠪᠠᠷ ᠲᠠᠮᠵᠢᠨ ᠦᠷᠭᠦᠯᠵᠢᠯᠡᠨ ᠢᠷᠠᠭᠤ ᠠᠯᠲᠠᠷ ᠢ ᠨᠢ ᠬᠡᠪ ᠢᠶᠠᠷ ᠪᠠᠶᠢᠯᠭᠠᠬᠤ ᠪᠠᠷ ᠲᠤᠭᠲᠠᠭᠠᠭᠰᠠᠨ ᠨᠢ ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤ ᠪᠤᠯᠬᠤ ᠭᠠᠯᠠᠭᠤᠲᠤ ᠪᠠᠯᠭᠠᠰᠤ᠂ ᠪᠦᠬᠦ ᠤᠯᠤᠰ ᠤᠨ ᠪᠤᠯᠪᠠᠰᠤᠨ ᠨᠢᠭᠡᠴᠢ ᠪᠤᠯᠬᠤ ᠦᠦᠰᠢᠨ ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ  ᠪᠠᠶᠢᠵᠤ᠂ ᠦᠪᠡᠷᠲᠡᠭᠡᠨ ᠵᠠᠰᠠᠬᠤ ᠤᠷᠤᠨ ᠠᠴᠠ ᠬᠦᠬᠢᠭᠦᠯᠦᠭᠰᠡᠨ ᠲᠠᠪᠤᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠲᠤᠰᠬᠤᠨ ᠪᠠᠯᠭᠠᠰᠤ ᠪᠤᠯ᠂ ᠦᠦᠰᠢᠨᠵᠤᠤ ᠪᠠᠯᠭᠠᠰᠤ ᠶᠢᠨ ᠬᠤᠯᠪᠤᠭᠠᠯᠵᠢ ᠲᠤᠰᠬᠤᠨ᠂ ᠭᠠᠯᠠᠭᠤᠲᠦ ᠪᠠᠯᠭᠠᠰᠤ ᠶᠢᠨ ᠪᠠᠶᠠᠨᠴᠠᠶᠢᠳᠠᠮ ᠲᠤᠰᠬᠤᠨ᠂ ᠰᠢᠷᠬᠤᠰᠤᠨ ᠪᠠᠯᠭᠠᠰᠤ ᠶᠢᠨ ᠪᠠᠲᠦ ᠶᠢᠨ ᠲᠤᠬᠤᠢ ᠲᠤᠰᠬᠤᠨ ᠪᠤᠯᠤᠨ᠎ᠠ᠃ ᠨᠠᠢᠮᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠪᠠᠶᠢᠭᠤᠯᠭ᠎ᠠ ᠨᠢᠭᠡᠴᠢ ᠶᠢᠨ ᠳᠠᠭᠤᠷᠢᠶᠠᠯ ᠪᠤᠯ᠂ ᠤᠷᠳᠤᠰ ᠬᠤᠲᠠ ᠶᠢᠨ ᠴᠠᠬᠢᠯᠭᠠᠨ ᠤ ᠦᠢᠯᠡᠰ ᠤᠨ ᠲᠤᠪᠴᠢᠶ᠎ᠠ ᠶᠢᠨ ᠦᠦᠰᠢᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ᠂ ᠦᠦᠰᠢᠨ ᠬᠤᠰᠢᠭᠤᠨ ᠤ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ ᠪᠠᠶᠢᠵᠤ᠂ ᠨᠠᠢᠮᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠪᠠᠶᠢᠭᠤᠯᠭ᠎ᠠ ᠨᠢᠭᠡᠴᠢ ᠪᠤᠯ ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠦᠦᠰᠢᠨ ᠬᠤᠰᠢᠭᠤᠨ ᠤ ᠬᠤᠪᠢᠶᠠᠷᠢ ᠪᠠᠩᠬᠢ ᠪᠤᠯᠤᠨ᠎ᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号