ᠥᠥᠰᠢᠨ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠥᠷᠢᠶᠡᠯᠡᠩ ᠤᠯᠠᠨ ᠤ ᠬᠠᠯᠠᠭᠤᠨ ᠬᠥᠷᠢᠶᠡᠯᠡᠯ ᠢ ᠤᠯᠵᠥ ᠪᠠᠶᠢᠨ᠎ᠠ
ᠨᠡᠶᠢᠲᠡᠯᠡᠭᠰᠡᠨ ᠴᠠᠭ᠄
2018-04-26
     ᠤᠢᠢᠷᠠᠳᠤᠬᠠᠨ ᠰᠤᠷᠪᠤᠯᠵᠢᠯᠠᠭᠴᠢ ᠥᠥᠰᠢᠨ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠥᠷᠢᠶᠡᠯᠡᠩ ᠳᠤ ᠬᠥᠷᠬᠦ ᠳᠤ ᠥᠨᠳᠤᠷ ᠰᠥᠷᠯᠢᠬᠦᠨ ᠠᠰᠠᠷ ᠲᠠᠭᠳᠤ᠂ ᠴᠡᠪᠡᠷ ᠲᠤᠬᠢᠯᠢᠭ ᠲᠡᠯᠬᠡᠨ ᠥᠵᠡᠬᠦᠯᠦᠯᠬᠡ ᠶᠢᠨ ᠲᠢᠩᠬᠢᠮ᠂ ᠤᠯᠠᠨ ᠲᠥᠷᠥᠯ ᠤᠨ ᠥᠨᠳᠤᠰᠤᠳᠡᠨ ᠤ ᠤᠴᠠᠯᠢᠭᠳᠤ ᠪᠠᠷᠠᠭ᠎ᠠ ᠲᠠᠸᠠᠷ᠂ ᠨᠠᠭᠠᠰᠢ ᠴᠠᠭᠠᠰᠢ ᠰᠥᠯᠵᠢᠯᠳᠥᠬᠦ ᠬᠥᠮᠤᠨ ᠬᠠᠷ᠎ᠠ ᠨᠢ ᠨᠠᠷᠬᠢᠶᠠᠨᠳᠤ ᠪᠠᠯᠭᠠᠰᠤ ᠶᠢᠨ ᠨᠢᠬᠡᠨ ᠥᠨᠴᠥᠭ ᠢ ᠵᠢᠷᠤᠭᠯᠠᠨ᠎ᠠ᠃ ᠳᠤᠰ ᠬᠥᠷᠢᠶᠡᠯᠡᠩ ᠪᠤᠯ 2017 ᠤᠨ ᠤ 12 ᠰᠠᠷ ᠎ᠠ ᠠᠴᠠ ᠡᠬᠢᠯᠡᠨ ᠲᠤᠷᠰᠢᠨ ᠡᠵᠡᠩᠨᠡᠵᠦ᠂ ᠰᠤᠶᠤᠯ ᠤᠨ ᠡᠯᠧᠮᠧᠨ᠋ᠲ ᠤᠨ ᠥᠵᠡᠬᠦᠯᠦᠯᠬᠡ᠂ ᠰᠤᠶᠤᠯ ᠤᠨ ᠪᠥᠳᠥᠬᠡᠭᠳᠡᠬᠦᠨ ᠤ ᠪᠤᠷᠤᠯᠠᠭᠤᠯᠭ᠎ᠠ᠂ ᠤᠳᠬ᠎ᠠ ᠤᠷᠠᠯᠢᠭ ᠤᠨ ᠪᠤᠯᠪᠠᠰᠤᠷᠠᠯ᠂ ᠰᠤᠶᠤᠯ ᠤᠨ ᠥᠵᠡᠰᠬᠦᠯᠡᠩ᠂ ᠰᠤᠶᠤᠯ ᠵᠠᠩᠰᠢᠯ ᠢ ᠪᠡᠶᠡᠴᠢᠯᠡᠨ ᠤᠢᠢᠯᠠᠭᠠᠬᠤ ᠲᠥᠪ᠂ ᠵᠤᠭᠠᠴᠠᠭᠰᠳ ᠲᠤ ᠤᠢᠢᠯᠡᠴᠢᠯᠡᠬᠦ ᠲᠥᠪ ᠵᠡᠷᠬᠡ ᠶᠢ ᠨᠢᠬᠡᠨ ᠴᠤᠭᠴᠠᠵᠢᠭᠤᠯᠤᠭᠰᠠᠨ ᠰᠤᠶᠤᠯ ᠠᠵᠤ ᠤᠢᠢᠯᠡᠰ ᠤᠨ ᠲᠥᠪᠯᠡᠷᠡᠩᠬᠦᠢ ᠲᠤᠭᠤᠷᠢᠭ ᠪᠤᠯᠤᠨ᠎ᠠ᠃      ᠤᠳᠤᠬᠠᠨ ᠳᠤ ᠲᠤᠰ ᠬᠥᠷᠢᠶᠡᠯᠡᠩ ᠨᠢ ᠥᠨᠳᠤᠰᠤᠳᠡᠨ ᠤ ᠤᠨᠴᠠ ᠭᠠᠷᠤᠯᠳᠡ ᠶᠢᠨ ᠲᠤᠭᠤᠷᠢᠭ᠂ ᠤᠷᠭᠠᠨᠢᠭ ᠠᠮᠤ ᠪᠤᠳᠠᠭᠠᠨ ᠤ ᠲᠤᠭᠤᠷᠢᠭ᠂ ᠬᠤᠪᠴᠠᠰᠤ ᠵᠠᠰᠠᠯ ᠬᠠᠳᠬᠤᠮᠠᠯ ᠤᠨ ᠲᠤᠭᠤᠷᠢᠭ᠂ ᠰᠡᠶᠢᠯᠤᠮᠡᠯ ᠤᠨ ᠲᠤᠭᠤᠷᠢᠭ᠂ ᠬᠠᠭᠤᠴᠢᠨ ᠡᠳ᠋ᠯᠡᠯ ᠬᠡᠷᠡᠭᠰᠡᠯ ᠤᠨ ᠲᠤᠭᠤᠷᠢᠭ᠂ ᠠᠯᠳᠠ ᠮᠥᠡᠭᠬᠦᠨ ᠡᠳ᠋ᠯᠡᠯ ᠬᠡᠷᠡᠭᠯᠡᠯ ᠤᠨ ᠲᠤᠭᠤᠷᠢᠭ᠂ ᠤᠷᠠᠨ ᠪᠢᠴᠢᠯᠬᠡ ᠤᠷᠠᠨ ᠵᠢᠷᠤᠭ ᠤᠨ ᠲᠤᠭᠤᠷᠢᠭ ᠵᠡᠷᠬᠡ 7 ᠪᠥᠳᠥᠬᠡᠭᠳᠡᠬᠦᠨ ᠤ ᠲᠡᠯᠬᠡᠨ ᠥᠵᠡᠬᠦᠯᠦᠯᠬᠡ ᠶᠢᠨ ᠲᠤᠭᠤᠷᠢᠭ ᠲᠠᠢ ᠪᠠᠶᠢᠵᠦ᠂ ᠥᠥᠰᠢᠨ ᠬᠤᠰᠢᠭᠤᠨ ᠤ ᠤᠨᠴᠠᠯᠢᠭᠳᠤ ᠪᠥᠳᠥᠬᠡᠯᠴᠢ ᠰᠤᠶᠤᠯ ᠤᠨ ᠪᠥᠳᠥᠬᠡᠭᠳᠡᠬᠦᠨ ᠢ ᠲᠡᠯᠬᠡᠨ ᠥᠵᠡᠬᠦᠯᠬᠦ ᠪᠠᠷ ᠭᠤᠤᠯᠯᠠᠭᠤᠯᠵᠠᠢ᠃ ᠡᠬᠦᠨ ᠠᠴᠠ ᠭᠠᠳᠠᠨ᠎ᠠ ᠵᠤᠭᠠᠴᠠᠭᠰᠠᠳ ᠤᠨ ᠤᠢᠢᠯᠡᠴᠢᠯᠡᠬᠡᠨ ᠤ ᠲᠤᠭᠤᠷᠢᠭ᠂ ᠰᠤᠶᠤᠯ ᠰᠡᠯᠡᠬᠦᠴᠡᠯ ᠤᠨ ᠲᠤᠭᠤᠷᠢᠭ᠂ ᠰᠤᠶᠤᠯ ᠤᠷᠠᠯᠢᠭ ᠤᠨ ᠲᠤᠭᠯᠠᠯᠳᠡ ᠶᠢᠨ ᠲᠤᠭᠤᠷᠢᠭ᠂ ᠺᠢᠨᠣ᠋ ᠶᠢᠨ ᠤᠷᠳᠤᠨ᠂ ᠬᠡᠤᠬᠡᠳ ᠪᠠᠭᠠᠴᠤᠳ ᠤᠨ ᠲᠤᠭᠯᠠᠭᠠᠮ ᠤᠨ ᠲᠤᠭᠤᠷᠢᠭ ᠵᠡᠷᠬᠡ 6 ᠴᠢᠳᠠᠪᠬᠢ ᠶᠢᠨ ᠤᠢᠢᠯᠡᠴᠢᠯᠡᠬᠡᠨ ᠤ ᠲᠤᠭᠤᠷᠢᠭ ᠢ ᠪᠠᠶᠢᠭᠤᠯᠵᠦ᠂ ᠤᠯᠠᠨ ᠲᠥᠮᠡᠨ ᠵᠢᠴᠢ ᠵᠤᠭᠠᠴᠠᠭᠰᠠᠳ ᠤᠨ ᠤᠯᠠᠨ ᠶᠠᠩᠵᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠠᠢ᠃ ᠬᠥᠷᠢᠶᠡᠯᠡᠩ ᠤᠨ ᠬᠠᠷᠢᠭᠤᠴᠠᠯᠭᠠᠳᠠᠨ ᠤ ᠲᠠᠨᠢᠯᠴᠠᠭᠤᠯᠬᠤ ᠪᠠᠷ ᠲᠤᠰ ᠰᠠᠷ᠎ᠠ ᠶᠢᠨ ᠰᠡᠬᠦᠯᠴᠢ ᠪᠠᠷ ᠵᠢᠩᠬᠢᠨᠢ ᠪᠠᠷ ᠡᠵᠡᠩᠨᠡᠵᠦ ᠡᠬᠢᠯᠡᠬᠦ ᠪᠤᠯᠤᠨ᠎ᠠ᠃      ᠤᠢᠢᠯᠠᠭᠠᠭᠰᠠᠨ ᠢᠶᠠᠷ ᠲᠤᠰ ᠬᠥᠷᠢᠶᠡᠯᠡᠩ ᠨᠢ ᠵᠠᠬ᠎ᠠ ᠲᠡᠯᠬᠡᠬᠦᠷᠵᠢᠬᠦᠯᠤᠯᠳᠡ ᠶᠢᠨ ᠠᠵᠢᠯᠯᠠᠬᠤ ᠮᠠᠶ᠋ᠢᠭ ᠢᠶᠠᠷ ᠤᠳᠤᠷᠢᠳᠤᠮᠵᠢ ᠪᠤᠯᠭᠠᠭᠰᠠᠨ ᠠᠵᠤ ᠤᠢᠢᠯᠡᠰ ᠤᠨ ᠬᠥᠷᠢᠶᠡᠯᠡᠩ ᠲᠤᠭᠤᠷᠢᠭ ᠤᠨ ᠨᠡᠬᠡᠬᠡᠯᠳᠡ ᠶᠢᠨ ᠵᠠᠭᠪᠤᠷ ᠢ ᠬᠡᠷᠡᠭᠯᠡᠵᠦ ᠂ ᠵᠠᠰᠠᠭ ᠤᠨ ᠤᠷᠳᠤᠨ ᠠᠴᠠ ᠭᠤᠷᠪᠠᠨ ᠵᠢᠯ ᠤᠨ ᠲᠥᠷᠢᠶᠠᠰᠤᠨ ᠮᠥᠡᠭᠬᠦ ᠶᠢ ᠬᠡᠯᠳᠤᠷᠢᠬᠦᠯᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠠᠵᠤ ᠠᠬᠤᠢᠢᠯᠠᠯ ᠤᠨ ᠬᠤᠳᠠᠯᠳᠤᠭᠠᠴᠢᠨ ᠤᠷᠢᠬᠤ ᠪᠠ ᠬᠥᠷᠢᠶᠡᠯᠡᠩ ᠲᠤᠭᠤᠷᠢᠭ ᠤᠨ ᠬᠠᠮᠢᠶᠠᠷᠤᠯᠳᠡ ᠶᠢ ᠬᠢᠵᠦ ᠪᠤᠢ᠃ ᠬᠤᠯᠠᠨ ᠤ ᠭᠤᠪᠢ ᠥᠨᠳᠤᠰᠤᠳᠡᠨ ᠤ ᠬᠤᠪᠴᠠᠰᠤ ᠵᠠᠰᠠᠯ ᠤᠨ ᠲᠡᠯᠬᠡᠬᠦᠷ ᠨᠢ ᠨᠢᠳᠤᠨᠤᠨ ᠤ 12 ᠰᠠᠷ᠎ᠠ ᠳᠤ ᠲᠤᠰ ᠬᠥᠷᠢᠶᠡᠯᠡᠩ ᠳᠤ ᠤᠷᠤᠵᠦ ᠲᠡᠯᠬᠡᠬᠦᠷ ᠢᠶᠠᠨ ᠨᠡᠬᠡᠬᠡᠬᠡᠳ ᠤᠷᠤᠯᠭ᠎ᠠ ᠰᠠᠶᠢᠳᠠᠢ ᠪᠠᠶᠢᠯ᠎ᠠ᠃ ᠲᠡᠯᠬᠡᠬᠦᠷ ᠤᠨ ᠡᠵᠡᠨ ᠨᠠᠰᠤᠨᠴᠢᠮᠡᠭ᠄ ︽ᠮᠠᠨ ᠤ ᠲᠡᠯᠬᠡᠬᠦᠷ ᠭᠤᠤᠯᠳᠠᠭᠤ ᠥᠨᠳᠤᠰᠤᠳᠡᠨ ᠤ ᠬᠤᠪᠴᠠᠰᠤ ᠵᠠᠰᠠᠯ ᠢ ᠪᠤᠷᠤᠯᠠᠭᠤᠯᠳᠠᠭ᠃ ᠡᠩ ᠤᠨ ᠠᠮᠢᠳᠤᠷᠠᠯ ᠤᠨ ᠬᠤᠪᠴᠠᠰᠤ ᠵᠠᠰᠠᠯ ᠵᠡᠷᠬᠡ ᠨᠢ ᠪᠤᠷᠤᠯᠠᠭᠤᠯᠭ᠎ᠠ ᠶᠢᠨ ᠲᠠᠯ ᠎ᠠ ᠪᠠᠷ ᠶᠡᠭᠡ ᠰᠠᠶᠢᠨ ᠪᠠᠶᠢᠨ᠎ᠠ᠃ ᠡ᠊ᠨᠳᠡ ᠲᠠᠯᠬᠡᠬᠦᠷ ᠨᠡᠬᠡᠬᠡᠬᠦ ᠳᠤ ᠪᠢᠳᠠᠨ ᠠᠴᠠ ᠲᠥᠷᠢᠶᠠᠰᠤᠨ ᠮᠥᠡᠭᠬᠦ ᠠᠪᠬᠤ ᠥᠬᠡᠢ ᠤᠴᠢᠷ ᠠᠴᠠ ᠶᠡᠭᠡ ᠳᠤᠰᠠ ᠪᠤᠯᠵᠠᠢ︾ ᠬᠡᠯ ᠎ᠡ᠃      ᠥᠥᠰᠢᠨ ᠬᠤᠰᠢᠭᠤᠨ ‍ᠤ‌‍ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠥᠷᠢᠶᠡᠯᠡᠩ ᠨᠢ 300 ᠢᠯᠡᠬᠦᠥ ᠠᠵᠢᠯ ᠤᠨ ᠪᠠᠶᠢᠷᠢ ᠶᠢ ᠰᠢᠨ᠎ᠠ ᠪᠠᠷ ᠨᠡᠬᠡᠬᠡᠵᠦ᠂ ᠵᠠᠬ᠎ᠠ ᠲᠡᠯᠬᠡᠬᠦᠷ ᠤᠨ ᠡᠵᠡᠩᠨᠡᠯᠳᠡ ᠪᠠᠷ ᠲᠠᠮᠵᠢᠨ ᠥᠥᠰᠢᠨ ᠬᠤᠰᠢᠭᠤᠨ ᠤ ᠰᠤᠶᠤᠯ ᠵᠤᠭᠠᠴᠠᠯ᠂ ᠮᠠᠯ ᠲᠠᠷᠢᠶᠠᠯᠠᠩ᠂ ᠦᠢᠯᠡᠳᠬᠦ᠂ ᠲᠤᠭᠠᠴᠠᠯᠠᠯᠳᠡ ᠵᠡᠷᠬᠡ ᠠᠵᠤ ᠤᠢᠢᠯᠡᠰ ᠢ ᠬᠥᠨᠵᠡᠬᠡᠢ ᠤᠶᠠᠯᠳᠤᠭᠤᠯᠤᠨ᠂ ᠥᠥᠰᠢᠨ ᠬᠤᠰᠢᠭᠤᠨ ᠤ ᠠᠮᠢ ᠠᠬᠤᠢ ᠰᠤᠶᠤᠯ ᠵᠤᠭᠠᠴᠠᠯ ᠤᠨ ᠪᠡᠶᠡᠴᠢᠯᠡᠨ ᠤᠢᠢᠯᠠᠭᠠᠬᠤ ᠲᠥᠪ ᠤᠨ ᠰᠠᠭᠤᠷᠢᠨ ᠭᠠᠵᠠᠷ ᠤᠨ ᠪᠠᠶᠢᠭᠤᠯᠤᠯᠳᠡ ᠶᠢ ᠲᠥᠷᠬᠡᠳᠬᠡᠨ᠂ ᠰᠤᠶᠤᠯ ᠤᠨ ᠠᠵᠤ ᠤᠢᠢᠯᠡᠰ ᠤᠨ ᠬᠥᠭᠵᠢᠯᠳᠡ ᠶᠢ ᠠᠬᠢᠭᠤᠯᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号