ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠳᠤ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠭᠠᠳ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷᠴᠤᠳ ᠤᠨ ᠡᠭᠡᠯᠵᠢᠲᠤ ᠪᠤᠯᠪᠠᠰᠤᠷᠠᠯ ᠤᠨ ᠠᠩᠭᠢ ᠶᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2018-04-26
      ᠤᠶᠢᠷ᠎ᠠ ᠳᠤ᠂ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠭᠠᠳ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷᠴᠤᠳ ᠎ ᠤᠨ ᠡᠭᠡᠯᠵᠢᠲᠤ ᠪᠤᠯᠪᠠᠰᠤᠷᠠᠯ ᠤᠨ ᠠᠩᠭᠢ ᠶᠢ ᠬᠤᠰᠢᠭᠤ ᠨᠠᠮ ᠤᠨ ᠰᠤᠷᠭᠠᠭᠤᠯᠢ ᠳᠤ ᠡᠷᠬᠢᠯᠡᠨ ᠬᠢᠪᠡ᠃      ᠪᠤᠯᠪᠠᠰᠤᠷᠠᠯ ᠳᠤ᠂ ᠤᠷᠤᠨ᠂ ᠬᠤᠲᠠ᠂ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠨᠴᠠᠭᠠᠶᠢᠯᠠᠨ ᠤᠷᠢᠵᠤ᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠠᠵᠤ ᠠᠬᠤᠢ ᠎ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ᠂ ᠰᠢᠨ᠎ᠡ ᠴᠠᠭ ᠦᠶ᠎ᠡ ᠶᠢᠨ ᠰᠤᠶᠤᠯ ᠤᠨ ᠦᠵᠡᠯᠲᠡ ᠬᠢᠭᠡᠳ ᠰᠤᠶᠤᠯ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠦᠨᠳᠦᠰᠦᠲᠡᠨ ᠤ ᠪᠦᠯᠬᠦᠮᠳᠡᠯ ᠳᠤ ᠠᠰᠢᠭᠲᠠᠢ ᠠᠵᠢᠯ ᠢ ᠰᠠᠶᠢᠲᠤᠷ ᠬᠢᠵᠦ ᠬᠢᠯᠢ ᠬᠢᠵᠠᠭᠠᠷ ᠤᠷᠤᠨ ᠤ ᠲᠠᠶᠢᠪᠤᠩ ᠰᠠᠶᠢᠬᠠᠨ ᠴᠡᠴᠡᠭᠯᠡᠨ ᠬᠦᠭᠵᠢᠯᠲᠡ ᠶᠢ ᠴᠤᠭᠴᠠᠯᠠᠨ ᠪᠠᠶᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠨᠡᠶᠢᠭᠡᠮ ᠤᠨ ᠵᠠᠰᠠᠯᠲᠠ ᠶᠢᠨ ᠰᠢᠨᠡᠴᠢᠯᠡᠯᠲᠡ ᠶᠢ ᠠᠬᠢᠭᠤᠯᠬᠤ ᠵᠡᠷᠭᠡ ᠲᠦᠷᠪᠡᠨ ᠲᠠᠯ᠎ᠠ ᠶᠢᠨ ᠠᠭᠤᠯᠭ᠎ᠠ ᠪᠠᠷ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷᠴᠤᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠥᠨᠵᠡᠭᠡᠢ ᠲᠠᠶᠢᠯᠪᠤᠷᠢᠯᠠᠭᠤᠯᠤᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠪᠤᠯᠪᠠᠰᠤᠷᠠᠯ ᠤᠨ ᠠᠩᠭᠢ ᠶᠢ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠲᠡᠰ᠂ ᠤᠬᠠᠭᠤᠯᠬᠤ ᠭᠡᠯᠲᠡᠰ᠂ ᠨᠠᠮ ᠤᠨ ᠰᠤᠷᠭᠠᠭᠤᠯᠢ ᠵᠡᠷᠭᠡ ᠪᠠᠶᠢᠭᠤᠯᠭ᠎ᠠ ᠨᠢᠭᠡᠴᠢ ᠬᠠᠮᠲᠤᠪᠠᠷ ᠵᠤᠬᠢᠶᠠᠨ ᠪᠠᠶᠢᠭᠤᠯᠤᠨ ᠡᠷᠭᠢᠯᠠᠵᠤ᠂ ᠬᠤᠶᠠᠷ ᠬᠤᠭᠤᠴᠠᠭᠠᠨ ᠤ ᠡᠭᠡᠯᠵᠢᠲᠤ ᠪᠤᠯᠪᠠᠰᠤᠷᠠᠯ ᠤᠨ ᠬᠢᠴᠢᠶᠡᠯ ᠢ ᠮᠤᠩᠭᠤᠯ ᠬᠢᠳᠠᠳ ᠬᠤᠶᠠᠷ ᠬᠡᠯᠡᠨ ᠤ ᠠᠩᠭᠢ ᠬᠤᠪᠢᠶᠠᠨ᠂ ᠬᠤᠭᠤᠴᠠᠭ᠎ᠠ ᠪᠦᠷᠢ ᠪᠤᠯᠪᠠᠰᠤᠷᠠᠯ ᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠵᠤ᠂ ᠪᠥᠭᠦ ᠬᠤᠰᠢᠭᠤᠨ ᠤ ᠰᠠᠯᠠᠭᠠᠨ ᠲᠠᠰ ᠤᠨ ᠺᠠᠳ᠋ᠷᠴᠤᠳ ᠪᠤᠯᠪᠠᠰᠤᠷᠠᠯ ᠳᠤ ᠤᠷᠤᠯᠴᠠᠪᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号