ᠬᠤᠰᠢᠭᠤ ᠨᠠᠮ ᠵᠠᠰᠠᠭ ᠤᠨ ᠰᠢᠨᠵᠢᠯᠠᠨ ᠪᠠᠶᠢᠴᠠᠭᠠᠯᠳᠠ ᠶᠢᠨ ᠪᠥᠯᠭᠦᠮ ᠤᠨ ᠬᠢᠨ ᠡᠵᠠᠨ ᠬᠤᠷᠤᠭ᠎ᠠ ᠬᠤᠰᠢᠭᠤᠨ ᠳᠤ ᠭᠥᠷᠴᠤ ᠰᠤᠷᠤᠯᠴᠠᠯᠭ᠎ᠠ ᠰᠢᠨᠵᠢᠯᠠᠨ ᠪᠠᠶᠢᠴᠠᠭᠠᠯᠳᠠ ᠭᠢᠪᠠ
ᠨᠡᠶᠢᠲᠡᠯᠡᠭᠰᠡᠨ ᠴᠠᠭ᠄
2018-04-26
      4 ᠰᠠᠷ᠎ᠠ ᠶᠢᠨ 17᠎ ᠤ ᠡᠳᠦᠷ᠂ ᠬᠤᠳᠠ ᠶᠢᠨ ᠤᠯᠤᠰ ᠲᠥᠷᠥ ᠶᠢᠨ ᠵᠥᠪᠯᠠᠯᠭᠡᠨ ᠤ ᠲᠡᠳ᠋ ᠲᠠᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠤᠤ ᠶᠥᠨ ᠯᠢ᠂ ᠮᠠᠨ ᠤ ᠬᠤᠰᠢᠭᠤᠨ ᠤ ᠨᠠᠮ ᠵᠠᠰᠠᠭ ᠤᠨ ᠰᠢᠨᠵᠢᠯᠠᠨ ᠪᠠᠶᠢᠴᠠᠭᠠᠯᠳᠠ ᠶᠢᠨ ᠪᠥᠯᠭᠦᠮ ᠤᠨ ᠬᠢᠨ ᠢ ᠲᠠᠭᠠᠭᠤᠯᠤᠨ ᠡᠵᠠᠨ ᠬᠤᠷᠤᠭ᠎ᠠ ᠬᠤᠰᠢᠭᠤᠨ ᠳᠤ ᠭᠥᠷᠴᠤ᠂ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠬᠤ ᠪᠤᠯᠤᠨ ᠡᠳ᠋ ᠤᠨ ᠵᠠᠰᠠᠭ ᠮᠥᠩᠭᠦᠨ ᠬᠦᠢᠯᠭᠡᠭᠡᠨ ᠤ ᠠᠶᠤᠯ ᠲᠥᠭᠰᠢᠭᠦᠷᠢ ᠶᠢ ᠰᠠᠷᠭᠡᠶᠢᠯᠠᠨ ᠡᠵᠡᠮᠳᠠᠭᠦ ᠠᠵᠢᠯ ᠳᠤ ᠰᠤᠷᠤᠯᠴᠠᠯᠭ᠎ᠠ ᠰᠢᠨᠵᠢᠯᠠᠨ ᠪᠠᠶᠢᠴᠠᠭᠠᠯᠳᠠ ᠭᠢᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠵᠠᠩ ᡁᠢ ᠰᠢᠦ᠋ᠩ᠂ ᠪᠠᠶᠠᠨᠴᠡᠩᠭᠡᠯ ᠪᠤᠯᠤᠨ ᠡᠯ᠎ᠠ ᠰᠤᠮᠤ ᠪᠠᠯᠭᠠᠰᠤ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ ᠵᠠᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠰᠢᠨᠵᠢᠯᠠᠨ ᠪᠠᠶᠢᠴᠠᠭᠠᠯᠳᠠ ᠳᠤ ᠤᠷᠤᠯᠴᠠᠪᠠ᠃      ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠳᠤ ᠰᠢᠨᠵᠢᠯᠠᠨ ᠪᠠᠶᠢᠴᠠᠭᠠᠯᠳᠠ ᠶᠢᠨ ᠪᠥᠯᠭᠦᠮ ᠤᠨ ᠬᠢᠨ᠂ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠬᠤ ᠪᠤᠯᠤᠨ ᠡᠳ᠋ ᠤᠨ ᠵᠠᠰᠠᠭ ᠮᠥᠩᠭᠦᠨ ᠬᠦᠢᠯᠭᠡᠭᠡᠨ ᠤ ᠠᠶᠤᠯ ᠲᠥᠭᠰᠢᠭᠦᠷᠢ ᠶᠢ ᠰᠠᠷᠭᠡᠶᠢᠯᠠᠨ ᠡᠵᠡᠮᠳᠡᠭᠦ ᠠᠵᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠴᠤ᠂ ︽ᠠᠷᠪᠠ ᠶᠢ ᠪᠥᠷᠭᠦᠭᠦᠯᠭᠦ︾ ᠢᠨᠵᠧᠨᠧᠷᠢᠩ ᠎ ᠤᠨ ᠥᠷᠢ ᠥᠭᠴᠡᠭᠡ ᠶᠢ ᠢᠯᠭᠠᠷᠠᠭᠤᠯᠬᠤ ᠵᠡᠷᠭᠡ ᠶᠢᠨ ᠭᠤᠤᠯᠳᠠᠯᠭ᠎ᠠ ᠲᠠᠢ ᠥᠷᠢ ᠥᠭᠴᠡᠭᠡ ᠶᠢ ᠢᠯᠭᠠᠷᠠᠭᠤᠯᠬᠤ ᠠᠵᠢᠯ ᠤᠨ ᠠᠷᠭ᠎ᠠ ᠪᠠᠷᠢᠯ ᠢ ᠭᠡᠷᠡᠭᠵᠢᠭᠦᠯᠥᠭᠰᠠᠨ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠳᠤ ᠵᠠᠰᠠᠭ ᠤᠨ ᠤᠷᠳᠤᠨ ᠎ ᠤ ᠥᠷᠢ ᠥᠭᠴᠡᠭᠡ ᠶᠢ ᠢᠯᠭᠠᠷᠠᠭᠤᠯᠬᠤ ᠠᠵᠢᠯ ᠲᠤᠮᠳᠠ ᠤᠷᠤᠰᠢᠵᠤ ᠪᠠᠶᠢᠭ᠎ᠠ ᠭᠤᠤᠯᠳᠠᠯᠭ᠎ᠠ ᠲᠠᠢ ᠭᠥᠴᠢᠷᠳᠠᠯ ᠲᠠᠢ ᠠᠰᠠᠭᠤᠳᠠᠯ ᠳᠤ ᠭᠥᠨᠵᠡᠭᠡᠢ ᠶᠠᠷᠢᠯᠴᠠᠭ᠎ᠠ ᠥᠷᠨᠢᠭᠦᠯᠥᠭᠰᠠᠨ ᠪᠠᠶᠢᠨ᠎ᠠ᠃      ᠲᠤᠬᠠᠢ ᠶᠢᠨ ᠭᠠᠵᠠᠷ ᠲᠤ ᠲᠤᠷᠰᠢᠯᠭ᠎ᠠ ᠰᠤᠯᠢᠯᠴᠠᠨ ᠰᠤᠷᠤᠯᠴᠠᠬᠤ ᠪᠠᠷ ᠲᠠᠮᠵᠢᠭᠠᠳ ᠰᠢᠨᠵᠢᠯᠠᠨ ᠪᠠᠶᠢᠴᠠᠭᠠᠯᠳᠠ ᠎ ᠶᠢᠨ ᠪᠥᠯᠭᠦᠮ ᠤᠨ ᠬᠢᠨ᠂ ᠡᠵᠡᠨ ᠬᠤᠷᠤᠭ᠎ᠠ ᠬᠤᠰᠢᠭᠤᠨ ᠤ ᠭᠥᠨᠳᠤ ᠶᠡᠭᠡ ᠲᠥᠭᠰᠢᠭᠦᠷᠢ ᠶᠢ ᠰᠠᠷᠭᠡᠶᠢᠯᠠᠨ ᠰᠶᠢᠳᠪᠤᠷᠢᠯᠠᠭᠦ ᠠᠵᠢᠯ ᠤᠨ ᠰᠠᠳᠭᠢᠴᠠ ᠨᠢ ᠲᠤᠳᠤᠷᠬᠠᠢ᠂ ᠠᠷᠭ᠎ᠠ ᠭᠡᠮᠵᠢᠶ᠎ᠠ ᠨᠢ ᠪᠤᠳᠠᠳᠠᠢ᠂ ᠲᠤᠭᠳᠠᠯᠴᠠᠭ᠎ᠠ ᠨᠢ ᠲᠡᠭᠦᠯᠳᠡᠷ ᠪᠠᠶᠢᠵᠤ᠂ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠬᠤ ᠠᠵᠢᠯ ᠤᠨ ᠥᠷ᠎ᠠ ᠪᠥᠳᠥᠮᠵᠢ ᠲᠤᠪᠤᠶᠢᠮ᠎ᠠ ᠪᠠᠶᠢᠵᠤ᠂ ᠡᠨᠡᠭᠦ ᠲᠠᠷᠢᠭᠦᠨ ᠤ ᠠᠷᠭ᠎ᠠ ᠲᠤᠷᠰᠢᠯᠭ᠎ᠠ ᠨᠢ ᠪᠢᠳᠠᠨ ᠤ ᠰᠤᠷᠤᠯᠴᠠᠭᠤᠰᠢᠳᠠᠢ ᠵᠥᠢᠯ ᠪᠤᠯᠤᠨ᠎ᠠ᠃ ᠡᠯ᠎ᠠ ᠭᠠᠵᠠᠷ ᠡᠯ᠎ᠠ ᠰᠠᠯᠠᠭ᠎ᠠ ᠮᠥᠴᠢᠷ᠂ ᠵᠥᠷᠢᠶ᠎ᠠ ᠪᠠᠨ ᠡᠷᠢᠨ ᠭᠠᠷᠭᠠᠵᠤ᠂ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠬᠤ ᠠᠵᠢᠯ ᠢ ᠲᠥᠷᠭᠡᠨ ᠠᠭᠢᠭᠤᠯᠬᠤ ᠠᠶᠤᠯ ᠲᠥᠭᠰᠢᠭᠦᠷᠢᠳᠤ ᠰᠠᠳᠭᠢᠯᠭᠡ ᠪᠤᠯᠤᠨ ᠪᠠᠴᠢᠮ ᠲᠤᠯᠭᠠᠮ᠎ᠠ ᠰᠠᠳᠭᠢᠯᠭᠡ ᠪᠠᠨ ᠥᠨᠠᠠᠭᠦ ᠨᠡᠮᠡᠭᠳᠡᠭᠦᠯᠵᠤ᠂ ᠡᠵᠡᠨ ᠬᠤᠷᠤᠭ᠎ᠠ ᠬᠤᠰᠢᠭᠤᠨ ᠤ ᠲᠠᠷᠢᠭᠦᠨ ᠤ ᠲᠤᠷᠰᠢᠯᠭ᠎ᠠ ᠎ ᠠᠴᠠ ᠭᠢᠨᠠᠮᠠᠭᠠᠢ ᠰᠤᠷᠤᠯᠴᠠᠨ᠂ ᠬᠤᠰᠢᠭᠤᠨ ᠤ ᠪᠠᠨ ᠪᠤᠳᠠᠳᠠᠢ ᠲᠠᠢ ᠤᠶᠠᠯᠳᠤᠭᠤᠯᠤᠨ᠂ ᠨᠠᠷᠢᠨ ᠳ᠋ᠥᠩᠨᠡᠯᠳᠠ ᠭᠢᠵᠤ᠂ ᠭᠥᠨᠳᠤ ᠶᠡᠭᠡ ᠠᠶᠤᠯ ᠲᠥᠭᠰᠢᠭᠦᠷᠢ ᠶᠢ ᠰᠠᠷᠭᠡᠶᠢᠯᠠᠨ ᠰᠶᠢᠳᠪᠤᠷᠢᠯᠠᠭᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠨ ᠭᠢᠵᠤ᠂ ᠰᠢᠰᠲ᠋ᠧᠮᠴᠢ ᠴᠢᠨᠠᠷ ᠲᠠᠢ ᠮᠥᠩᠭᠦᠨ ᠬᠦᠢᠯᠭᠡᠭᠡᠨ ᠤ ᠲᠥᠭᠰᠢᠭᠦᠷᠢ ᠡᠭᠦᠰᠭᠦ ᠥᠭᠡᠢ ᠪᠠᠶᠢᠬᠤ ᠶᠢ ᠪᠠᠳᠤᠯᠠᠬᠤ ᠴᠢᠬᠤᠯᠠᠲᠠᠢ ᠭᠡᠵᠤ ᠦᠵᠡᠪᠡ᠃ ᠰᠢᠨᠵᠢᠯᠠᠨ ᠪᠠᠶᠢᠴᠠᠭᠠᠯᠳᠠ ᠶᠢᠨ ᠪᠥᠯᠭᠦᠮ ᠤᠨ ᠬᠢᠨ ᠢᠯᠠᠷᠭᠡᠶᠢᠯᠡᠭᠦ ᠳᠤ ᠎ ᠪᠠᠨ᠂ ᠲᠤᠰ ᠤᠳᠠᠭᠠᠨ ᠤ ᠰᠢᠨᠵᠢᠯᠠᠨ ᠪᠠᠶᠢᠴᠠᠭᠠᠯᠲᠠ ᠪᠠᠷ ᠠᠵᠠ ᠲᠤᠭᠢᠶᠠᠯ ᠪᠤᠯᠭᠠᠨ᠂ ᠥᠪᠠᠷ ᠥᠪᠠᠷ ᠤᠨ ᠭᠥᠷᠢᠶ᠎ᠠ ᠴᠠᠷᠠᠭᠠᠨ ᠤ ᠠᠵᠢᠯ ᠤᠨ ᠪᠤᠳᠠᠳᠠᠢ ᠲᠠᠢ ᠤᠶᠠᠯᠳᠤᠭᠤᠯᠵᠤ᠂ ᠰᠤᠳᠤᠯᠤᠯᠳᠠ ᠭᠢᠭᠦ ᠪᠠᠨ ᠴᠢᠩᠭᠠᠳᠬᠠᠨ᠂ ᠠᠵᠢᠯ ᠤᠨ ᠠᠷᠭ᠎ᠠ ᠪᠠᠷᠢᠯ ᠤᠨ ᠰᠢᠨ᠎ᠠ ᠶᠢ ᠡᠭᠦᠳᠴᠤ᠂ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠬᠤ ᠪᠤᠯᠤᠨ ᠡᠳ᠋ ᠤᠨ ᠵᠠᠰᠠᠭ ᠮᠥᠩᠭᠦᠨ ᠬᠦᠢᠯᠭᠡᠭᠡᠨ ᠤ ᠠᠶᠤᠯ ᠲᠥᠭᠰᠢᠭᠦᠷᠢ ᠶᠢ ᠰᠠᠷᠭᠡᠶᠢᠯᠠᠨ ᠡᠵᠡᠮᠳᠡᠭᠦ ᠠᠵᠢᠯ ᠢ ᠭᠥᠴᠥᠳᠠᠢ ᠠᠭᠢᠭᠤᠯᠤᠨ᠎ᠠ ᠭᠡᠵᠡᠢ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号