ᠦᠭᠦᠭᠰᠡᠳ ᠢ ᠡᠷᠤᠬᠡ ᠠᠮᠠ ᠶᠢᠨ ᠳᠠᠩᠰᠠᠨ ᠠᠴᠠ ᠬᠠᠰᠤᠬᠤ ᠠᠵᠢᠯ ᠢ ᠭᠦᠢᠴᠡᠳᠬᠡᠭᠦ ᠶᠠᠪᠤᠴᠨ
ᠨᠡᠶᠢᠲᠡᠯᠡᠭᠰᠡᠨ ᠴᠠᠭ᠄
2018-04-26
   ⒈ ᠠᠷᠠᠳ ᠢᠷᠬᠡᠨ ᠦᠬᠦᠪᠡᠯ ᠰᠠᠷ᠎ᠠ ᠶᠢᠨ ᠲᠤᠳᠤᠷ᠎ᠠ ᠦᠬᠦᠭᠰᠡᠳ ᠤᠨ ᠳᠠᠩᠰᠠᠯᠠᠯ ᠳᠤ ᠮᠡᠳᠡᠭᠦᠯᠭᠦ ᠭᠡᠷᠡᠭᠳᠡᠢ᠃ ᠡᠷᠦᠬᠡ ᠶᠢᠨ ᠡᠵᠡᠨ ᠪᠤᠶᠤ ᠤᠶᠢᠷ᠎ᠡ ᠲᠦᠷᠦᠯ ᠰᠠᠳᠤᠨ ᠨᠢ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠠᠴᠠ ︽ᠦᠭᠦᠭᠰᠡᠨ ᠢ ᠮᠠᠭᠠᠳᠯᠠᠨ ᠲᠤᠭᠳᠠᠭᠠᠬᠤ ᠪᠢᠴᠢᠭ︾ ᠪᠤᠶᠤ ᠬᠡᠭᠦᠷ ᠬᠠᠶᠢᠯᠤᠭᠤᠯᠤᠭᠰᠠᠨ ᠬᠡᠷᠡᠴᠢ ᠵᠢᠴᠢ ᠨᠡᠶᠢᠬᠡᠮ ᠲᠤᠭᠤᠷᠢᠭ ᠤᠨ ᠠᠷᠠᠳ ᠤᠨ ᠴᠠᠭᠳᠠᠭ᠎ᠠ ᠭᠠᠷ ᠤᠨ ᠦᠰᠦᠭ ᠵᠢᠷᠤᠵᠤ᠂ ᠲᠤᠮᠢᠯᠠᠭᠰᠠᠨ ᠰᠠᠯᠪᠦᠷᠢ ᠲᠠᠮᠠᠭ᠎ᠠ ᠲᠠᠷᠤᠭᠰᠠᠨ ᠤ ᠲᠠᠷᠠᠭ᠎ᠠ ᠦᠬᠦᠭᠰᠡᠳ ᠤᠨ ᠡᠷᠦᠬᠡ ᠠᠮᠨ ᠶᠢᠨ ᠲᠠᠪᠳᠠᠷ ᠪᠤᠯᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠡᠷᠭᠡ ᠶᠢ ᠠᠪᠴᠤ ᠪᠠᠶᠢᠩᠭᠤ ᠰᠠᠭᠤᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠦᠬᠦᠭᠰᠡᠳ ᠢ ᠳᠠᠩᠰᠠᠨ ᠠᠴᠠ ᠬᠠᠰᠤᠬᠤ ᠪᠠᠷ ᠮᠡᠳᠡᠭᠦᠯᠵᠤ ᠡᠷᠦᠬᠡ ᠠᠮᠨ ᠶᠢ ᠬᠠᠰᠤᠨ᠎ᠠ᠃    ⒉ ᠬᠡᠪ ᠤᠨ ᠪᠤᠰᠤ ᠪᠠᠷ ᠦᠬᠦᠭᠰᠡᠳ ᠢ ᠮᠡᠳᠡᠭᠦᠯᠭᠦ ᠳᠡᠭᠡᠨ ᠡᠷᠦᠬᠡ ᠶᠢᠨ ᠡᠵᠡᠨ ᠪᠤᠶᠤ ᠤᠶᠢᠷ᠎ᠡ ᠲᠦᠷᠦᠯ ᠰᠠᠳᠤᠨ ᠨᠢ ᠡᠷᠭᠦᠳᠡᠯ ᠤᠨ ᠪᠢᠴᠢᠭ ᠳᠡᠪᠰᠢᠭᠦᠯᠭᠦ ᠪᠠ ᠡᠮᠨᠡᠯᠬᠡ ᠶᠢᠨ ᠬᠤᠷᠢᠶᠠᠨ ᠤ ︽ᠦᠭᠦᠭᠰᠡᠨ ᠬᠡᠷᠡᠴᠢ ᠪᠢᠴᠢᠭ︾ ᠎ ᠢ ᠠᠪᠴᠤ ᠡᠷᠤᠬᠡ ᠠᠮᠠ ᠶᠢᠨ ᠳᠠᠩᠰᠠᠯᠠᠯ ᠢ ᠨᠢ ᠬᠠᠰᠤᠨ᠎ᠠ᠃    ⒊ ᠠᠷᠠᠳ ᠢᠷᠬᠡᠨ ᠰᠤᠷᠠᠭ ᠦᠬᠡᠢ ᠪᠤᠯᠤᠭᠠᠳ ᠦᠭᠦᠭᠰᠡᠨ ᠢᠶᠠᠷ ᠵᠠᠷᠯᠠᠨ ᠨᠠᠶᠢᠳᠡᠯᠡᠪᠡᠯ ᠠᠷᠠᠳ ᠤᠨ ᠰᠢᠭᠦᠭᠦ ᠬᠤᠷᠢᠶ᠎ᠠ ᠠᠴᠠ ᠦᠬᠦᠭᠰᠡᠨ ᠲᠠᠰᠤᠯᠤᠯᠳᠡ ᠬᠢᠭᠰᠡᠨ 30 ᠡᠳᠦᠷ ᠤᠨ ᠲᠤᠳᠤᠷ᠎ᠠ ᠠᠰᠢᠭ ᠬᠤᠤᠷ ᠤᠨ ᠬᠠᠷᠢᠴᠠᠭ᠎ᠠ ᠲᠠᠢ ᠭᠦᠮᠦᠨ ᠨᠢ ᠰᠢᠭᠦᠨ ᠲᠠᠰᠤᠯᠤᠯᠳᠡ ᠶᠢᠨ ᠪᠢᠴᠢᠭ ᠪᠠ ᠬᠠᠮᠢᠶ᠎ᠠ ᠪᠦᠭᠦᠢ ᠭᠡᠷᠡᠴᠢ ᠪᠢᠴᠢᠭ ᠢ ᠠᠪᠴᠤ᠂ ᠲᠤᠰ ᠠᠷᠠᠳ ᠢᠷᠬᠡᠨ ᠤ ᠪᠠᠶᠢᠩᠭᠤ ᠶᠢᠨ ᠰᠠᠭᠤᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠲᠠᠩᠰᠠᠨ ᠠᠴᠠ ᠬᠠᠰᠤᠬᠤ ᠡᠷᠦᠬᠡ ᠠᠮᠨ ᠶᠢᠨ ᠭᠠᠷ ᠭᠦᠢᠴᠡᠳᠬᠡᠯ ᠢ ᠬᠦᠢᠴᠡᠳᠬᠡᠨ᠎ᠡ᠃ ᠦᠭᠦᠭᠰᠡᠨ ᠰᠢᠯᠳᠠᠭᠠᠨ ᠢ ᠨᠢ ︽ᠦᠭᠦᠭᠰᠡᠨ ᠢᠶᠠᠷ ᠵᠠᠷᠯᠠᠵᠤ ᠡᠷᠦᠬᠡ ᠠᠮᠨ ᠶᠢ ᠬᠠᠰᠤᠬᠤ︾᠎ ᠪᠠᠷ ᠲᠤᠳᠤᠷᠬᠠᠶᠢᠯᠠᠨ᠎ᠠ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号