ᠡᠷᠦᠬᠡ ᠠᠮᠨ ᠶᠢᠨ ᠳᠠᠩᠰᠠ ᠶᠢ ᠭᠠᠳᠠᠭᠰᠢ ᠰᠢᠯᠵᠢᠭᠦᠯᠭᠦ ᠠᠵᠢᠯ ᠢ ᠭᠦᠢᠴᠡᠳᠬᠡᠭᠦ ᠶᠠᠪᠤᠴᠨ
ᠨᠡᠶᠢᠲᠡᠯᠡᠭᠰᠡᠨ ᠴᠠᠭ᠄
2018-04-26
     ⒈ ᠠᠷᠠᠳ ᠢᠷᠬᠡᠨ ᠡᠷᠦᠬᠡ ᠠᠮᠨ ᠪᠠᠨ ᠤᠤᠯ ᠨᠤᠲᠤᠭ ᠠᠴᠠ ᠪᠠᠨ ᠲᠤᠰ ᠬᠤᠳᠠ ᠶᠢᠨ ᠬᠠᠷᠢᠶᠠᠨ ᠠᠴᠠ ᠭᠠᠳᠠᠨᠠᠬᠢ ᠭᠠᠵᠠᠷ ᠤᠷᠤᠨ ᠳᠤ ᠰᠢᠯᠵᠢᠭᠦᠯᠭᠦ ᠪᠠᠷ ᠭᠤᠶᠤᠪᠴᠢᠯᠠᠬᠤ ᠳᠤ᠂ ᠨᠡᠭᠦᠨ ᠰᠢᠯᠵᠢᠵᠤ ᠤᠴᠢᠬᠤ ᠭᠠᠵᠠᠷ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠭᠦᠨ ᠰᠢᠯᠵᠢᠵᠤ ᠢᠷᠡᠬᠦ ᠶᠢ ᠵᠦᠪᠰᠢᠶᠡᠷᠡᠭᠰᠡᠨ ᠬᠡᠷᠡᠴᠢ ᠪᠠ ᠲᠤᠰ ᠭᠦᠮᠦᠨ ᠤ ᠡᠷᠦᠬᠡ ᠠᠮᠨ ᠶᠢᠨ ᠲᠠᠪᠳᠠᠷ ᠢᠶᠠᠷ ᠪᠠᠷᠢᠮᠳᠠ ᠪᠤᠯᠭᠠᠨ ᠰᠢᠯᠵᠢᠭᠦᠯᠭᠦ ᠭᠠᠷ ᠭᠦᠢᠴᠡᠳᠬᠡᠯ ᠢ ᠬᠢᠨ᠎ᠡ᠃      ⒉ ᠠᠷᠠᠳ ᠢᠷᠬᠡᠨ ᠴᠡᠷᠢᠭ ᠲᠤ ᠡᠯᠰᠡᠭᠳᠡᠨ ᠠᠯᠪᠠ ᠬᠠᠭᠠᠬᠤ ᠳᠤ ᠴᠡᠷᠢᠭ ᠲᠤ ᠤᠷᠤᠬᠤ ᠠᠴᠠ ᠡᠮᠤᠨ᠎ᠡ ᠲᠤᠰ ᠭᠦᠮᠦᠨ ᠪᠤᠶᠤ ᠭᠡᠷ ᠤᠨ ᠬᠢᠨ ᠨᠢ ︽ᠴᠡᠷᠢᠭ ᠲᠤ ᠡᠯᠰᠡᠭᠳᠡᠭᠰᠡᠨ ᠮᠡᠳᠡᠭᠳᠡᠯ ᠤᠨ ᠪᠢᠴᠢᠭ︾᠎ ᠢᠶᠠᠨ ᠠᠪᠴᠤ ᠡᠷᠦᠬᠡ ᠠᠮᠨ ᠶᠢᠨ ᠲᠠᠩᠰᠨ ᠪᠠᠶᠢᠬᠤ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ᠂ ᠡᠷᠦᠬᠡ ᠠᠮᠨ ᠶᠢᠨ ᠳᠠᠩᠰᠠ ᠪᠠᠨ ᠬᠠᠰᠦᠬᠤ ᠪᠠᠷ ᠭᠤᠶᠤᠪᠴᠢᠯᠠᠨ᠎ᠠ᠃ ᠴᠡᠷᠢᠭ ᠤᠨ ᠠᠯᠪᠠᠨ ᠳᠤ ᠡᠰᠯᠡᠭᠳᠡᠭᠰᠡᠨ ᠠᠷᠠᠳ ᠢᠷᠬᠡᠨ ᠲᠤᠭᠳᠠᠭᠠᠯ ᠶᠤᠰᠤᠭᠠᠷ ᠡᠷᠤᠬᠡ ᠠᠮᠠ ᠶᠢᠨ ᠳᠠᠩᠰᠨ ᠪᠠᠨ ᠬᠠᠰᠤᠬᠤ ᠪᠠᠷ ᠮᠡᠳᠡᠭᠦᠯᠦᠭᠰᠡᠨ ᠦᠬᠡᠢ ᠪᠤᠯ᠂ ᠲᠤᠮᠢᠯᠠᠭᠰᠠᠨ ᠰᠠᠯᠪᠦᠷᠢ ᠠᠴᠠ ᠠᠷᠠᠳ ᠤᠨ ᠵᠡᠪᠰᠡᠭᠳᠤ ᠭᠦᠴᠦᠨ ᠤ ᠰᠠᠯᠠᠭ᠎ᠠ ᠮᠦᠴᠢᠷ ᠠᠴᠠ ᠭᠠᠷᠭᠠᠭᠰᠠᠨ ᠴᠡᠷᠢᠭ ᠲᠤ ᠡᠯᠰᠡᠭᠳᠡᠭᠰᠡᠳ ᠤᠨ ᠨᠡᠷᠡᠰ ᠢᠶᠠᠷ ᠪᠠᠷᠢᠮᠳᠠ ᠪᠤᠯᠭᠠᠵᠤ ᠰᠢᠭᠤᠳ ᠡᠷᠦᠬᠡ ᠠᠮᠨ ᠶᠢ ᠨᠢ ᠬᠠᠰᠤᠨ᠎ᠠ᠃      ⒊ ᠡᠩ ᠤᠨ ᠲᠡᠬᠡᠳᠤ ᠵᠡᠷᠬᠡ ᠶᠢᠨ ᠶᠡᠭᠡ ᠰᠤᠷᠭᠠᠭᠤᠯᠢ᠂ ᠳᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠤᠷᠤᠭᠴᠢ ᠰᠤᠷᠭᠠᠭᠤᠯᠢ ᠳᠤ ᠤᠷᠤᠬᠤ ᠦᠶᠡᠰ᠂ ᠲᠡᠬᠡᠳᠤ ᠰᠤᠷᠭᠠᠭᠤᠯᠢ ᠶᠢᠨ ᠱᠠᠭᠠᠷᠳᠠᠯᠭ᠎ᠠ ᠪᠤᠯᠤᠨ ᠲᠤᠰ ᠭᠦᠮᠦᠨ ᠤ ᠡᠷᠡᠮᠡᠯᠵᠡᠯ ᠢ ᠦᠨᠳᠦᠰᠦᠯᠡᠵᠤ ᠡᠷᠦᠬᠡ ᠠᠮᠨ ᠪᠠᠨ ᠰᠢᠯᠵᠢᠭᠦᠯᠭᠦ ᠬᠡᠷᠡᠭᠴᠡᠭᠡᠲᠠᠢ ᠪᠤᠯ᠂ ᠶᠡᠭᠡ ᠳᠡᠭᠡᠳᠤ ᠰᠤᠷᠭᠠᠭᠤᠯᠢ᠂ ᠳᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠳᠤ ᠤᠷᠤᠭᠰᠠᠨ ᠮᠡᠳᠡᠭᠳᠡᠯ ᠤᠨ ᠪᠢᠴᠢᠭ ᠪᠠ ᠲᠤᠰ ᠭᠦᠮᠦᠨ ᠤ ᠡᠷᠦᠬᠡ ᠠᠮᠨ ᠶᠢᠨ ᠲᠠᠪᠳᠠᠷ ᠢᠶᠠᠨ ᠠᠪᠤᠭᠠᠳ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠤᠴᠢᠵᠤ ︽ᠰᠤᠷᠭᠠᠭᠤᠯᠢ ᠳᠤ ᠡᠯᠰᠡᠭᠳᠡᠭᠰᠡᠨ ᠪᠢᠴᠢᠭ︾᠎ ᠢᠶᠠᠷ ᠪᠠᠷᠢᠮᠳᠠ ᠪᠤᠯᠭᠠᠨ ᠡᠷᠤᠬᠡ ᠠᠮᠠ ᠰᠢᠯᠵᠢᠭᠦᠯᠭᠦ ᠭᠠᠷ ᠭᠦᠢᠴᠡᠳᠬᠡᠯ ᠬᠢᠨ᠎ᠡ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号