ᠡᠷᠦᠬᠡ ᠠᠮᠨ ᠶᠢᠨ ᠳᠠᠩᠰᠠ ᠶᠢ ᠰᠢᠯᠵᠢᠭᠦᠯᠦᠨ ᠤᠷᠤᠭᠤᠯᠬᠤ ᠠᠵᠢᠯ ᠢ ᠭᠦᠢᠴᠡᠳᠬᠡᠭᠦ ᠶᠠᠪᠤᠴᠨ
ᠨᠡᠶᠢᠲᠡᠯᠡᠭᠰᠡᠨ ᠴᠠᠭ᠄
2018-04-26
     ᠤᠷᠤᠭᠯᠠᠭᠰᠠᠨ ᠠᠴᠠ ᠪᠤᠯᠵᠤ ᠡᠷᠤᠬᠡ ᠠᠮᠠ ᠪᠠᠨ ᠰᠢᠯᠵᠢᠭᠦᠯᠦᠨ ᠤᠷᠤᠭᠤᠯᠬᠤ᠄ ᠤᠷᠤᠭᠯᠠᠭᠰᠠᠨ ᠤ ᠳᠠᠷᠠᠭ᠎ᠠ ᠡᠷ᠎ᠡ ᠡᠮ᠎ᠡ ᠬᠤᠶᠠᠭᠤᠯᠠ ᠡᠷᠤᠬᠡ ᠠᠮᠠ ᠶᠢᠨ ᠳᠠᠩᠰᠠ ᠪᠠᠨ ᠳᠤᠷ᠎ᠠ ᠶᠢᠨ ᠨᠢᠭᠡ ᠲᠠᠯ᠎ᠠ ᠶᠢᠨ ᠬᠢᠨ ᠳᠤᠨᠢ ᠰᠢᠯᠵᠢᠬᠦᠯᠦᠨ ᠤᠷᠤᠭᠤᠯᠵᠤ ᠪᠤᠯᠤᠨ᠎ᠠ᠃ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ᠂ ᠤᠷᠤᠭ ᠤᠨ ᠲᠡᠮᠳᠡᠭ ᠤᠨ ᠤᠭ ᠪᠢᠴᠢᠭ ᠪᠠ ᠬᠠᠭᠤᠯᠪᠤᠷᠢ ᠪᠠᠨ ᠠᠪᠴᠤ᠂ ᠰᠢᠯᠵᠢᠵᠤ ᠤᠷᠤᠬᠤ ᠭᠠᠵᠠᠷ ᠤᠨ ᠲᠤᠮᠢᠯᠠᠭᠰᠠᠨ ᠰᠠᠯᠪᠦᠷᠢ ᠳᠤ ᠤᠴᠢᠵᠤ ᠬᠦᠢᠴᠡᠳᠬᠡᠯ ᠬᠢᠨ᠎ᠡ᠂ ᠡᠭᠦᠨ ᠳᠤ ᠭᠦᠳᠡᠭᠡ ᠲᠤᠰᠬᠤᠨ ᠮᠠᠯᠵᠢᠬᠤ ᠤᠷᠤᠨ ᠳᠤ ᠨᠡᠭᠦᠵᠤ ᠤᠷᠤᠪᠠᠯ ᠨᠡᠭᠦᠵᠤ ᠤᠷᠤᠬᠤ ᠭᠠᠵᠠᠷ ᠤᠨ ᠭᠠᠴᠠᠭ᠎ᠠ ᠲᠤᠰᠬᠤᠨ ᠤ ᠬᠢᠵᠤ ᠦᠭᠭᠦᠭᠰᠡᠨ ᠬᠡᠷᠡᠴᠢ ᠶᠢ ᠠᠪᠴᠤ ᠲᠤᠮᠢᠯᠠᠭᠰᠠᠨ ᠰᠠᠯᠪᠦᠷᠢ ᠳᠤ ᠭᠠᠷᠳᠠᠮ ᠢ ᠭᠦᠢᠴᠡᠳᠬᠡᠨ᠎ᠡ᠃      ᠠᠵᠢᠯ ᠰᠢᠯᠵᠢᠬᠦ ᠠᠴᠠ ᠪᠤᠯᠵᠤ ᠡᠷᠤᠬᠡ ᠠᠮᠠ ᠪᠠᠨ ᠰᠢᠯᠵᠢᠭᠦᠯᠦᠨ ᠤᠷᠤᠭᠤᠯᠬᠤ᠄ ᠭᠤᠶᠤᠪᠴᠢᠯᠠᠭᠴᠢ ᠠᠴᠠ ᠰᠠᠭᠤᠭᠠᠯᠢ ᠠᠷᠠᠳ ᠤᠨ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ᠂ ᠵᠤᠬᠢᠶᠠᠨ ᠪᠠᠶᠢᠭᠤᠯᠤᠯᠳᠡ᠂ ᠭᠦᠳᠡᠯᠮᠦᠷᠢ ᠠᠵᠢᠯᠳᠠᠨ ᠤ ᠶᠠᠪᠤᠳᠠᠯ ᠵᠡᠷᠭᠡ ᠶᠢᠨ ᠰᠠᠯᠠᠭ᠎ᠠ ᠮᠦᠴᠢᠷ ᠤᠨ ᠠᠵᠢᠯ ᠰᠢᠯᠵᠢᠭᠦᠯᠭᠦ ᠠᠯᠪᠠᠨ ᠪᠢᠴᠢᠭ ᠪᠠ ᠡᠯᠰᠡᠨ ᠬᠡᠷᠡᠭᠯᠡᠬᠦ ᠪᠠᠶᠢᠭᠤᠯᠭ᠎ᠠ ᠨᠢᠭᠡᠴᠢ ᠶᠢᠨ ᠡᠯᠰᠡᠨ ᠬᠡᠷᠡᠭᠯᠡᠬᠦ ᠬᠡᠷ᠎ᠡ᠂ ᠪᠠᠶᠢᠭᠤᠯᠭ᠎ᠠ ᠨᠢᠭᠡᠴᠢ ᠶᠢᠨ ᠲᠠᠨᠢᠯᠴᠠᠭᠤᠯᠭ᠎ᠠ ᠎ ᠶᠢᠨ ᠪᠢᠴᠢᠭ ᠢ ᠠᠪᠴᠤ᠂ ᠰᠢᠯᠵᠢᠵᠤ ᠤᠷᠤᠬᠤ ᠭᠠᠵᠠᠷ ᠤᠨ ᠲᠤᠮᠢᠯᠠᠭᠰᠠᠨ ᠰᠠᠯᠪᠦᠷᠢ ᠳᠤ ᠤᠴᠢᠵᠤ ᠭᠠᠷ ᠭᠦᠢᠴᠡᠳᠬᠡᠯ ᠬᠢᠨ᠎ᠡ᠃ ᠪᠠᠶᠢᠭᠤᠯᠭ᠎ᠠ ᠨᠢᠭᠡᠴᠢ ᠶᠢᠨ ᠬᠠᠮᠲᠤ ᠶᠢᠨ ᠡᠷᠤᠬᠡ ᠠᠮᠠ ᠶᠢᠨ ᠳᠠᠩᠰᠠᠨ ᠳᠤ ᠰᠢᠯᠵᠢᠭᠦᠯᠪᠡᠯ ᠪᠠᠶᠢᠭᠤᠯᠭ᠎ᠠ ᠶᠢᠨ ᠡᠷᠤᠬᠡ ᠠᠮᠠ ᠶᠢᠨ ᠳᠠᠩᠰᠠᠨ ᠳᠤ ᠤᠷᠤᠭᠤᠯᠬᠤ ᠶᠢ ᠵᠦᠪᠰᠢᠶᠡᠷᠡᠭᠰᠡᠨ ᠭᠡᠷᠡᠴᠢ ᠶᠢ ᠭᠠᠷᠭᠠᠵᠤ ᠠᠪᠴᠢᠷᠠᠨ᠎ᠠ᠃      ᠲᠦᠷᠦᠯ ᠰᠠᠳᠤᠨ ᠢᠶᠠᠨ ᠳᠦᠰᠢᠵᠤ ᠡᠷᠤᠬᠡ ᠠᠮᠠ ᠶᠢᠨ ᠳᠠᠩᠰᠠ ᠪᠠᠨ ᠰᠢᠯᠵᠢᠭᠦᠯᠦᠨ ᠤᠷᠤᠭᠤᠯᠬᠤ᠄ ᠨᠠᠰᠤᠨ ᠎ ᠳᠤ ᠦᠯᠦ ᠭᠦᠷᠦᠭᠰᠡᠳ ᠦᠪᠡᠷ ᠤᠨ ᠰᠠᠶᠢᠨ ᠲᠤᠷ᠎ᠠ ᠠᠴᠠ ᠪᠠᠨ ᠡᠴᠢᠬᠡ ᠪᠤᠶᠤ ᠡᠬᠡ ᠪᠠᠨ ᠰᠤᠩᠭᠤᠵᠤ ᠡᠷᠤᠬᠡ ᠠᠮᠠ ᠎ ᠶᠢᠨ ᠳᠠᠩᠰᠠ ᠪᠠᠨ ᠳᠠᠭᠠᠭᠤᠯᠤᠨ ᠰᠢᠯᠵᠢᠭᠦᠯᠵᠤ ᠪᠤᠯᠤᠨ᠎ᠠ᠃ ᠡᠷᠡᠭᠳᠡᠢ 60 ᠪᠦᠭᠦᠯᠢ ᠨᠠᠰᠤ᠂ ᠡᠮᠡᠭᠳᠡᠢ 55 ᠪᠦᠭᠦᠯᠢ ᠨᠠᠰᠤ ᠭᠦᠷᠪᠡᠯ᠂ ᠦᠪᠡᠷ ᠤᠨ ᠰᠠᠶᠢᠨ ᠲᠤᠷ᠎ᠠ ᠠᠴᠠ ᠪᠠᠨ ᠦᠷ᠎ᠡ ᠬᠡᠦᠬᠡᠳ ᠢᠶᠠᠨ ᠰᠤᠩᠭᠤᠵᠤ ᠡᠷᠤᠬᠡ ᠠᠮᠠ ᠶᠢᠨ ᠳᠠᠩᠰᠠ ᠪᠠᠨ ᠳᠠᠭᠠᠭᠤᠯᠤᠨ ᠰᠢᠯᠵᠢᠭᠦᠯᠵᠤ ᠪᠤᠯᠤᠨ᠎ᠠ᠃ ᠭᠤᠶᠤᠪᠴᠢᠯᠠᠭᠴᠢ ᠠᠴᠠ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ᠂ ᠡᠴᠢᠬᠡ ᠡᠬᠡ ᠪᠤᠯᠤᠨ ᠦᠷ᠎ᠡ ᠬᠡᠦᠬᠡᠳ ᠤᠨ ᠬᠠᠷᠢᠴᠠᠭᠠᠨ ᠤ ᠬᠡᠷᠡᠴᠢ᠂ ᠲᠦᠰᠢᠭᠯᠡᠭᠦ ᠭᠦᠮᠦᠨ ᠎ ᠤ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ᠂ ᠨᠡᠭᠦᠵᠤ ᠤᠷᠤᠬᠤ ᠭᠠᠵᠠᠷ ᠤᠨ ᠭᠠᠴᠠᠭ᠎ᠠ ᠲᠤᠰᠬᠤᠨ ᠤ ᠵᠦᠪᠯᠡᠯ ᠤᠨ ᠬᠡᠷᠡᠴᠢ ᠪᠠᠨ ᠠᠪᠴᠤ᠂ ᠨᠡᠭᠦᠵᠤ ᠤᠷᠤᠬᠤ ᠭᠠᠵᠠᠷ ᠤᠨ ᠲᠤᠮᠢᠯᠠᠭᠰᠠᠨ ᠰᠠᠯᠪᠦᠷᠢ ᠳᠤ ᠭᠠᠷᠳᠠᠮ ᠭᠦᠢᠴᠡᠳᠬᠡᠨ᠎ᠡ᠃      ᠲᠤᠭᠳᠠᠮᠠᠯ ᠤᠷᠤᠨ ᠰᠠᠭᠤᠴᠨ ᠲᠠᠢ ᠪᠤᠯᠤᠭᠰᠠᠨ ᠠᠴᠠ ᠡᠷᠤᠬᠡ ᠠᠮᠠ ᠶᠢᠨ ᠳᠠᠩᠰᠠ ᠪᠠᠨ ᠰᠢᠯᠵᠢᠭᠦᠯᠦᠨ ᠤᠷᠤᠭᠤᠯᠬᠤ᠄ ᠦᠤᠰᠢᠨ ᠬᠤᠰᠢᠭᠤᠨ ᠳᠤ ᠬᠡᠷ ᠪᠠᠶᠢᠰᠢᠩ ᠤᠨ ᠦᠮᠴᠢᠯᠡᠯ ᠤᠨ ᠦᠨᠡᠮᠯᠡᠯ᠂ ᠬᠡᠷ ᠬᠤᠳᠠᠯᠳᠤᠨ ᠠᠪᠤᠭᠰᠠᠨ ᠬᠡᠷ᠎ᠡ ᠪᠢᠴᠢᠭ᠂ ᠠᠷᠠᠯᠵᠢᠶᠠᠨ ᠤ ᠬᠡᠷ ᠪᠠᠶᠢᠰᠢᠩ ︵ ᠭᠠᠷ ᠳᠠᠮᠵᠢᠭᠰᠠᠨ ᠭᠡᠷ ᠪᠠᠶᠢᠰᠢᠩ ᠤᠨ ᠦᠮᠴᠢᠯᠡᠭᠦ ᠨᠡᠷ᠎ᠡ ᠶᠢ ᠬᠠᠯᠠᠭᠰᠠᠨ ᠦᠬᠡᠢ ᠪᠤᠯ ᠬᠡᠷ ᠪᠠᠶᠢᠰᠢᠩ ᠬᠤᠳᠠᠯᠳᠤᠨ ᠠᠪᠤᠭᠰᠠᠨ ᠠᠯᠪᠠᠨ ᠭᠡᠷᠡᠴᠢᠯᠡᠭᠡ ᠬᠠᠩᠭᠠᠬᠤ ᠭᠡᠷᠡᠭᠳᠡᠢ ︶᠎ ᠲᠠᠢ ᠪᠤᠯ ᠭᠤᠶᠤᠪᠴᠢᠯᠠᠭᠴᠢ ᠨᠡᠭᠦᠵᠤ ᠤᠷᠤᠬᠤ ᠭᠠᠵᠠᠷ ᠤᠨ ᠲᠤᠮᠢᠯᠠᠭᠰᠠᠨ ᠰᠠᠯᠪᠦᠷᠢ ᠳᠤ ᠬᠦᠷᠴᠤ ᠭᠠᠷᠳᠠᠮ ᠬᠦᠢᠴᠡᠳᠬᠡᠨ᠎ᠡ᠃      ᠲᠤᠭᠳᠠᠮᠠᠯ ᠠᠵᠢᠯ ᠲᠠᠢ ᠪᠤᠯᠤᠭᠰᠠᠨ ᠠᠴᠠ ᠡᠷᠤᠬᠡ ᠠᠮᠠ ᠶᠢᠨ ᠳᠠᠩᠰᠠ ᠪᠠᠨ ᠰᠢᠯᠵᠢᠭᠦᠯᠦᠨ ᠤᠷᠤᠭᠤᠯᠬᠤ᠄ ᠦᠤᠰᠢᠨ ᠬᠤᠰᠢᠭᠤᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠳᠡ ᠶᠢᠨ ᠬᠡᠷᠡᠴᠢ︾᠂ ᠰᠠᠭᠤᠷᠢᠰᠢᠯ ‍ᠤᠨ‌ᠦᠨᠡᠮᠯᠡᠯ ᠲᠠᠢ ᠪᠤᠯ ᠭᠤᠶᠤᠪᠴᠢᠯᠠᠭᠴᠢ ᠠᠴᠠ ᠲᠡᠬᠡᠷᠡᠬᠢ ᠭᠡᠷᠡᠴᠢ ᠲᠡᠮᠳᠡᠭ ᠪᠠ ᠰᠢᠯᠵᠢᠨ ᠤᠷᠤᠬᠤ ᠭᠦᠮᠦᠨ ᠤ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ ᠎ ᠤᠨ ᠤᠭ ᠪᠢᠴᠢᠭ ᠪᠠ ᠬᠠᠭᠤᠯᠪᠤᠷᠢ ᠪᠠᠨ ᠠᠪᠴᠤ ᠰᠢᠯᠵᠢᠨ ᠤᠷᠤᠬᠤ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠭᠠᠷ ᠬᠦᠢᠴᠡᠳᠬᠡᠯ ᠬᠢᠨ᠎ᠡ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号