ᠪᠡᠶ᠎ᠡ ᠶᠢᠨ ᠦᠨᠡᠮᠯᠡᠯ ᠢ ᠭᠦᠢᠴᠡᠳᠬᠡᠭᠦ ᠠᠵᠢᠯ ᠤᠨ ᠶᠠᠪᠤᠴᠨ
ᠨᠡᠶᠢᠲᠡᠯᠡᠭᠰᠡᠨ ᠴᠠᠭ᠄
2018-04-26
     ⒈ 16 ᠪᠦᠭᠦᠯᠢ ᠨᠠᠰᠤ ᠭᠦᠷᠦᠭᠡᠳᠦᠢ ᠲᠤᠮᠳᠠᠳᠤ ᠤᠯᠤᠰ ᠤᠨ ᠠᠷᠠᠳ ᠢᠷᠬᠡᠨ ᠪᠦᠬᠦᠨ ᠲᠦᠷᠦᠯ ᠰᠠᠳᠤᠨ ᠪᠤᠶᠤ ᠬᠠᠷᠠᠭᠠᠯᠵᠠᠨ ᠬᠠᠮᠠᠭᠠᠯᠠᠭᠴᠢ ᠶᠢᠨ ᠳᠠᠭᠠᠭᠤᠯᠭ᠎ᠠ ᠪᠠᠷ ᠲᠤᠰ ᠭᠦᠮᠦᠨ ᠤ ᠡᠷᠦᠬᠡ ᠠᠮᠨ ᠶᠢᠨ ᠲᠠᠪᠳᠠᠷ ᠢᠶᠠᠨ ᠠᠪᠴᠤ᠂ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠠᠴᠠ ᠲᠠᠪᠤᠨ ᠵᠢᠯ ᠤᠨ ᠬᠤᠭᠤᠴᠠᠭ᠎ᠠ ᠎ ᠲᠠᠢ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠭᠤᠶᠤᠪᠴᠢᠯᠠᠨ ᠠᠪᠴᠤ ᠪᠤᠯᠤᠨ᠎ᠠ᠃      ⒉16 ᠪᠦᠭᠦᠯᠢ ᠨᠠᠰᠤ ᠭᠦᠷᠦᠭᠰᠡᠨ ᠲᠤᠮᠳᠠᠳᠤ ᠤᠯᠤᠰ ᠤᠨ ᠠᠷᠠᠳ ᠢᠷᠬᠡᠨ ᠪᠦᠬᠦᠨ ᠲᠤᠰ ᠭᠦᠮᠦᠨ ᠤ ᠡᠷᠦᠬᠡ ᠠᠮᠨ ᠶᠢᠨ ᠲᠠᠪᠳᠠᠷ ᠢᠶᠠᠨ ᠠᠪᠴᠤ᠂ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠠᠷᠪᠠᠨ ᠵᠢᠯ ᠤᠨ ᠬᠤᠭᠤᠴᠠᠭ᠎ᠠ ᠲᠠᠢ᠂ ᠬᠤᠷᠢᠨ ᠵᠢᠯ ᠤᠨ ᠬᠤᠭᠤᠴᠠᠭ᠎ᠠ᠂ ᠤᠷᠳᠤ ᠬᠤᠭᠤᠴᠠᠭ᠎ᠠ ᠲᠠᠢ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠭᠤᠶᠤᠪᠴᠢᠯᠠᠨ ᠠᠪᠴᠤ ᠪᠤᠯᠤᠨ᠎ᠠ᠃      ⒊ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠰᠤᠯᠢᠵᠤ ᠠᠪᠬᠤ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠭᠦᠴᠦᠨ ᠲᠠᠢ ᠬᠤᠭᠤᠴᠠᠭ᠎ᠠ ᠲᠠᠭᠤᠰᠬᠤ ᠠᠴᠠ 2 ᠰᠠᠷ᠎ᠠ ᠶᠢᠨ ᠡᠮᠤᠨ᠎ᠡ ᠰᠢᠨ᠎ᠡ ᠦᠨᠡᠮᠯᠡᠯ ᠠᠪᠬᠤ ᠪᠠᠷ ᠭᠤᠶᠤᠪᠴᠢᠯᠠᠬᠤ ᠭᠡᠷᠡᠭᠳᠡᠢ᠃ ᠡᠷᠦᠬᠡ ᠠᠮᠨ ᠳᠠᠩᠰᠠᠯᠠᠬᠤ ᠪᠠᠶᠢᠭᠤᠯᠭ᠎ᠠ ᠨᠢᠭᠡᠴᠢ ᠠᠴᠠ ᠲᠤᠰ ᠭᠦᠮᠦᠨ ᠤ ᠬᠠᠭᠤᠴᠢᠨ ᠦᠨᠡᠮᠯᠡᠯ ᠤᠨ ᠭᠦᠴᠦᠨ ᠲᠠᠢ ᠬᠤᠭᠤᠴᠠᠭ᠎ᠠ ᠲᠡᠭᠤᠰᠬᠤ ᠠᠴᠠ ᠡᠮᠤᠨ᠎ᠡ ᠰᠢᠨ᠎ᠡ ᠦᠨᠡᠮᠯᠡᠯ ᠢ ᠨᠢ ᠭᠠᠷᠳᠠᠭᠤᠯᠤᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠳᠠᠬᠢ ᠠᠭᠤᠯᠭ᠎ᠠ ᠶᠢ ᠨᠢ ᠦᠭᠡᠷᠡᠴᠢᠯᠡᠭᠦ ᠭᠡᠷᠡᠭᠴᠡᠭᠡ ᠎ ᠲᠠᠢ ᠪᠤᠯ᠂ ᠦᠭᠡᠷᠡᠴᠢᠯᠡᠭᠦ ᠭᠠᠷᠳᠠᠮ ᠬᠢᠭᠦ ᠪᠠᠷ ᠭᠤᠶᠤᠪᠴᠢᠯᠠᠬᠤ ᠶᠢᠨ ᠬᠠᠮᠳᠤ ᠰᠢᠨ᠎ᠡ ᠦᠨᠡᠮᠯᠡᠯ ᠰᠤᠯᠢᠵᠤ ᠠᠪᠬᠤ ᠎ ᠪᠠᠷ ᠮᠡᠳᠡᠭᠦᠯᠦᠨ᠎ᠡ᠃      ⒋ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠨᠢ ᠭᠬᠢᠷᠳᠤᠵᠤ ᠰᠦᠢᠳᠦᠭᠰᠡᠨ᠂ ᠲᠤᠳᠠᠭᠤ ᠲᠤᠷᠭᠤᠨ ᠪᠤᠯᠤᠭᠠᠳ ᠢᠯᠭᠠᠨ ᠲᠠᠨᠢᠭᠳᠠᠬᠤ ᠦᠭᠡᠢ ᠪᠤᠯᠪᠠᠯ ᠰᠢᠨ᠎ᠡ ᠦᠨᠡᠮᠯᠡᠯ ᠨᠦᠭᠦᠵᠤ ᠠᠪᠬᠤ ᠪᠠᠷ ᠮᠡᠳᠡᠭᠦᠯᠦᠨ᠎ᠡ᠃      ⒌ ᠲᠤᠭᠳᠠᠭᠠᠯ ᠶᠤᠰᠤᠭᠠᠷ ᠠᠷᠠᠳ ᠢᠷᠬᠡᠳ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢ ᠬᠦᠢᠴᠡᠳᠬᠡᠭᠦ ᠳᠤ᠂ ᠤᠷᠢᠳᠡᠪᠡᠷ ᠲᠤᠰ ᠪᠡᠶ᠎ᠡ ᠶᠢᠨ ᠦᠩᠬᠡᠳᠤ ᠬᠡᠷᠡᠯ ᠵᠢᠷᠤᠭ ᠰᠡᠭᠦᠳᠡᠷᠯᠡᠭᠦ ᠪᠠ ᠬᠤᠷᠤᠭᠤᠨ ᠤᠷᠤᠮ ᠎ ᠤᠨ ᠴᠢᠮᠡᠭᠡ ᠵᠠᠩᠬᠢ ᠶᠢ ᠤᠷᠤᠭᠤᠯᠬᠤ ᠭᠡᠷᠡᠭᠳᠡᠢ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号