ᠦᠥᠰᠢᠨ ᠬᠤᠰᠢᠭᠤᠨ ᠤ ᠰᠤᠶᠤᠯ ᠲᠠᠮᠢᠷ ᠤᠨ ᠣᠷᠳᠣᠨ
ᠨᠡᠶᠢᠲᠡᠯᠡᠭᠰᠡᠨ ᠴᠠᠭ᠄
2018-04-26
     ᠰᠤᠶᠤᠯ ᠲᠠᠮᠢᠷ ᠤᠨ ᠣᠷᠳᠣᠨ ᠨᠢ ᠦᠥᠰᠢᠨ ᠬᠤᠰᠢᠭᠤᠨ ᠤ ᠪᠥᠬᠦ ᠠᠷᠠᠳ ᠤᠨ ᠪᠡᠶ᠎ᠡ ᠢᠶᠠᠨ ᠴᠢᠭᠢᠷᠠᠭᠵᠢᠭᠤᠯᠬᠤ ᠲᠥᠪ ᠤᠨ ᠬᠤᠶᠢᠳᠤ ᠲᠠᠯ᠎ᠠ ᠳᠤ ᠪᠠᠶᠢᠷᠢᠰᠢᠵᠤ᠂ ᠮᠠᠨ ᠤ ᠬᠤᠰᠢᠭᠤᠨ ᠤ ᠬᠠᠮᠤᠭ ᠠᠩᠬᠠᠨ ᠤ ᠤᠯᠠᠨ ᠴᠢᠳᠠᠮᠵᠢᠲᠤ ᠶᠡᠷᠦᠩᠬᠡᠶᠢᠯᠡᠭᠰᠡᠨ ᠪᠡᠶ᠎ᠡ ᠲᠠᠮᠢᠷ ᠤᠨ ᠣᠷᠳᠣᠨ ᠪᠤᠯᠣᠨ᠎ᠠ᠃ ᠲᠤᠰ ᠣᠷᠳᠣᠨ ᠨᠢ ᠰᠠᠭᠰᠤᠨ ᠪᠥᠮᠪᠦᠭᠡ᠂ ᠥᠳᠥᠨ ᠪᠥᠮᠪᠦᠭᠡ᠂ ᠫᠢᠩᠫᠠᠩ ᠪᠥᠮᠪᠦᠭᠡ᠂ ᠠᠯᠠᠭᠠᠳᠠᠬᠤ ᠪᠥᠮᠪᠦᠭᠡ ᠵᠢᠴᠢ ᠲᠡᠪᠡᠭ ᠢᠰᠭᠦᠯᠭᠦ ᠵᠡᠷᠭᠡ ᠲᠤᠰᠠᠭᠠᠷ ᠲᠠᠯᠠᠪᠤᠷ ᠲᠠᠢ᠃ ᠰᠤᠶᠤᠯ ᠲᠠᠮᠢᠷ ᠤᠨ ᠣᠷᠳᠣᠨ ᠤ ᠪᠠᠷᠢᠯᠭ᠎ᠠ ᠶᠢᠨ ᠲᠠᠯᠠᠪᠠᠢ ᠨᠢ 10278 ᠲᠡᠭᠰᠢ ᠳᠥᠷᠪᠡᠯᠵᠢᠨ ᠮᠧᠲᠷ᠂ ᠲᠤᠰ ᠲᠥᠷᠥᠯ ᠵᠣᠶᠢᠯ ᠤᠨ ᠶᠡᠷᠤᠩᠬᠡᠢ ᠪᠡᠯᠡ ᠤᠷᠤᠭᠤᠯᠣᠯᠲᠠ ᠨᠢ 7000 ᠲᠥᠮᠡᠨ ᠲᠥᠭᠦᠷᠢᠭ ᠪᠠᠶᠢᠵᠤ᠂ 2500 ᠭᠠᠷᠤᠢ ᠥᠵᠡᠭᠴᠢᠳ ᠤᠨ ᠰᠠᠭᠤᠵᠤ ᠳᠡᠶᠢᠯᠬᠦ ᠪᠠᠭᠲᠠᠭᠠᠮᠵᠢ ᠲᠠᠢ᠃ 2016 ᠣᠨ ᠤ ᠵᠢᠯ ᠤᠨ ᠡᠴᠥᠰ ᠲᠤ ᠠᠰᠢᠭᠯᠠᠯᠲᠠ ᠳᠤ ᠤᠷᠤᠪᠠ᠃ ᠰᠤᠶᠤᠯ ᠲᠠᠮᠢᠷ ᠤᠨ ᠣᠷᠳᠣᠨ ᠠᠰᠢᠭᠯᠠᠯᠲᠠ ᠳᠤ ᠤᠷᠤᠭᠰᠠᠨ ᠠᠴᠠ ᠨᠠᠰᠢ᠂ 2017 ᠣᠨ ᠪᠤᠯᠤᠨ 2018 ᠤᠨ ᠤ ᠬᠤᠰᠢᠭᠤᠨ ᠤ ᠴᠠᠭᠠᠨ ᠰᠠᠷ᠎ᠠ ᠶᠢᠨ ᠥᠳᠡᠰᠢᠯᠭᠡ  ᠶᠢ ᠠᠮᠵᠢᠯᠲᠠᠲᠠᠢ ᠥᠷᠨᠢᠭᠦᠯᠵᠦ᠂ ᠬᠤᠲᠠ ᠶᠢᠨ ᠠᠷᠠᠳ ᠲᠥᠮᠡᠨ ᠤ ᠲᠤᠲᠠᠭᠲᠠᠵᠤ ᠪᠤᠯᠤᠰᠢ ᠦᠭᠡᠢ ᠪᠣᠯᠬᠤ ᠰᠡᠯᠡᠭᠦᠴᠡᠯ᠂ ᠪᠡᠶ᠎ᠡ ᠴᠢᠭᠢᠷᠠᠭᠵᠢᠭᠤᠯᠭ᠎ᠠ᠂ ᠵᠤᠭ᠎ᠠ ᠴᠡᠩᠬᠡᠯ ᠤᠨ ᠲᠠᠯᠠᠪᠤᠷ ᠪᠠᠶᠢᠵᠤ᠂ ᠮᠠᠨ ᠤ ᠬᠤᠰᠢᠭᠤᠨ ᠤ ᠠᠷᠠᠳ ᠲᠥᠮᠡᠨ ᠤ ᠡᠳᠥᠷ ᠢᠷᠡᠭᠦᠶ᠎ᠡ ᠨᠡᠮᠡᠭᠳᠡᠵᠦ ᠪᠠᠶᠢᠭ᠎ᠠ ᠲᠠᠮᠢᠷ ᠤᠨ ᠠᠵᠢᠯᠯᠠᠭᠠᠨ ᠤ ᠬᠡᠷᠡᠭᠴᠡᠭᠡ ᠱᠠᠭᠠᠷᠳᠠᠯᠭ᠎ᠠ ᠶᠢ ᠶᠡᠬᠡᠪᠡᠷ ᠬᠠᠩᠭᠠᠭᠰᠠᠨ ᠪᠠ ᠮᠠᠨ ᠤ ᠬᠤᠰᠢᠭᠤᠨ ᠤ ᠤᠯᠠᠨ ᠲᠦᠮᠡᠨ ᠤ ᠪᠡᠶ᠎ᠡ ᠲᠠᠮᠢᠷ ᠪᠣᠯᠣᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠥᠷᠭᠡᠨ ᠲᠡᠯᠭᠡᠷᠡᠩᠭᠦᠢ᠂ ᠭᠥᠨᠵᠡᠭᠡᠢ ᠥᠷᠨᠢᠭᠦᠯᠭᠦ ᠶᠢ ᠭᠥᠴᠥᠲᠠᠢ ᠠᠬᠢᠭᠤᠯᠪᠠ᠃      
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号