ᠮᠤᠩᠭᠤᠯ ᠰᠢᠳᠠᠷ᠎ᠠ
ᠨᠡᠶᠢᠲᠡᠯᠡᠭᠰᠡᠨ ᠴᠠᠭ᠄
2018-04-26
     ᠡᠷᠳᠡᠨ ᠤ ᠮᠤᠩᠭᠤᠯᠴᠣᠳ ᠤᠨ ᠳᠠᠶᠢᠨ ᠪᠠᠶᠢᠯᠳᠣᠭᠠᠨ ᠤ ᠵᠠᠭᠪᠤᠷ ᠤᠨ ᠠᠴᠢ ᠬᠤᠯᠪᠤᠭᠳᠠᠯ ᠪᠦᠬᠦᠢ ᠰᠣᠶᠣᠯ  ᠤᠨ ᠦᠵᠡᠭᠳᠡᠯ ᠪᠤᠯᠤᠭᠰᠠᠨ ᠮᠤᠩᠭᠤᠯ ᠰᠢᠳᠠᠷ᠎ᠠ ᠪᠤᠯ ᠤᠯᠠᠨ ᠵᠠᠭᠤᠨ ᠵᠢᠯ ᠤᠨ ᠳᠣᠷᠰᠢ ᠮᠤᠩᠭᠤᠯ ᠲᠦᠮᠡᠨ ᠤ ᠤᠢ ᠤᠬᠠᠭᠠᠨ ᠳᠤ ᠳᠠᠭᠠᠰᠢᠶᠠᠭᠳᠠᠨ᠂ ᠬᠦᠭᠵᠢᠯ ᠤᠨ ᠶᠠᠪᠤᠴᠠ ᠳᠠᠭᠠᠨ ᠦᠷᠭᠡᠵᠢᠨ ᠳᠡᠯᠭᠡᠷᠡᠵᠦ᠂ ᠤᠷᠠᠯᠢᠭᠵᠢᠨ ᠳᠡᠬᠦᠯᠳᠡᠷᠵᠢᠵᠦ᠂ ᠬᠦᠮᠦᠨ ᠠᠷᠠᠳ ᠤᠨ ᠢᠶᠠᠨ ᠤᠢ ᠪᠢᠯᠢᠭ ᠢ ᠬᠦᠭᠵᠢᠭᠡᠨ᠂ ᠤᠬᠠᠭᠠᠨ ᠪᠤᠳᠤᠯᠭ᠎ᠠ ᠶᠢ ᠳᠠᠪᠳᠠᠨ ᠪᠤᠯᠪᠠᠰᠣᠷᠠᠭᠤᠯᠬᠤ ᠦᠢᠯᠡᠳᠦᠯ ᠢᠶᠠᠨ ᠪᠠᠳᠠᠷᠠᠭᠤᠯᠤᠭᠰᠠᠭᠠᠷ ᠢᠷᠡᠭᠰᠡᠨ ᠶᠤᠮ᠃      ᠮᠤᠩᠭᠤᠯ ᠰᠢᠳᠠᠷ᠎ᠠ ᠳᠤ ᠨᠤᠶᠠᠨ ᠬᠦᠦ ᠪᠤᠳᠠ ᠨᠡᠶᠢᠯᠡᠭᠡᠳ ᠨᠡᠶᠢᠳᠡ ᠭᠤᠴᠢᠨ ᠬᠤᠶᠠᠷ ᠪᠠᠶᠢᠳᠠᠭ᠃ ᠡᠬᠦᠨ ᠳᠤ ᠲᠠᠯ᠎ᠠ ᠪᠦᠷᠢ ᠳᠤᠨᠢ ᠨᠢᠬᠡ ᠨᠤᠶᠠᠨ᠂ ᠨᠢᠬᠡ ᠪᠠᠷᠰᠠ᠂ ᠬᠤᠶᠠᠷ ᠮᠤᠷᠢ᠂ ᠬᠤᠶᠠᠷ ᠳᠡᠷᠭᠡ᠂ ᠬᠤᠶᠠᠷ ᠳᠡᠮᠡᠭᠡ᠂ ᠨᠠᠢᠮᠠᠨ ᠬᠦᠦ ᠲᠠᠢ᠃ ᠪᠠᠷᠰᠠ᠂ ᠮᠤᠷᠢ᠂ ᠳᠡᠷᠭᠡ᠂ ᠳᠡᠮᠡᠭᠡ ᠶᠢ ᠶᠡᠷᠥᠩᠭᠡᠢ ᠳᠤᠨᠢ ᠪᠤᠳᠠ ᠭᠡᠮᠡᠨ ᠨᠡᠷᠡᠯᠡᠨ᠎ᠡ᠃      ᠮᠤᠩᠭᠤᠯ ᠰᠢᠳᠠᠷ᠎ᠠ ᠶᠢᠨ ᠬᠦᠯᠭᠡ ᠨᠢ ᠨᠠᠢᠮᠠᠨ ᠨᠠᠢᠮᠠ ᠵᠢᠷᠠᠨ ᠲᠦᠷᠪᠡᠨ ᠵᠢᠵᠢᠭ ᠳᠡᠭᠰᠢ ᠲᠦᠷᠪᠡᠯᠵᠢᠨ ᠢᠶᠠᠷ ᠬᠠᠨᠠᠴᠢᠯᠠᠨ ᠪᠦᠳᠦᠭᠰᠡᠨ ᠪᠠᠶᠢᠳᠠᠭ᠃      ᠮᠤᠩᠭᠤᠯ ᠰᠢᠳᠠᠷ᠎ᠠ ᠪᠤᠯ ᠬᠦᠮᠦᠰ ᠤᠨ ᠤᠬᠠᠭᠠᠨ ᠪᠤᠳᠤᠯᠭ᠎ᠠ ᠶᠢ ᠬᠦᠭᠵᠢᠬᠡᠨ ᠤᠢ ᠪᠢᠯᠢᠭ ᠢ ᠨᠡᠭᠡᠭᠡᠭᠳᠡᠬᠦᠯᠵᠦ᠂ ᠤᠷᠠᠯᠢᠭ ᠰᠡᠳᠬᠢᠬᠦᠢ ᠶᠢ ᠨᠡᠮᠡᠭᠳᠡᠬᠦᠯᠬᠦ ᠤᠨᠴᠠ ᠦᠢᠯᠡᠳᠦᠯ ᠲᠠᠢ᠃ ᠪᠤᠭᠤᠨ ᠵᠢᠷᠬᠢᠬᠡ ᠨᠢ ᠬᠦᠮᠦᠰ ᠤᠨ ᠤᠬᠠᠭᠠᠨ ᠪᠤᠳᠤᠯᠭ᠎ᠠ ᠶᠢ ᠰᠢᠯᠭᠠᠨ᠂ ᠤᠷᠮ᠎ᠠ ᠰᠡᠳᠬᠢᠯ ᠢ ᠬᠦᠭᠵᠢᠬᠡᠳᠡᠭ ᠳᠣᠯᠠ ᠰᠡᠳᠬᠢᠬᠦᠢ ᠶᠢᠨ ᠬᠤᠷᠴᠠᠯᠢᠭ ᠴᠢᠨᠠᠷ ᠪᠠ ᠠᠮᠢᠳᠣᠯᠢᠭ ᠴᠢᠨᠠᠷ ᠢ ᠪᠤᠯᠪᠠᠰᠣᠷᠠᠭᠤᠯᠤᠨ᠂ ᠠᠵᠢᠭᠯᠠᠬᠤᠢ ᠴᠢᠳᠠᠪᠤᠷᠢ ᠬᠢᠬᠡᠳ ᠠᠩᠬᠠᠷᠬᠤᠢ ᠰᠡᠷᠡᠯ ᠢ ᠬᠦᠮᠦᠵᠢᠬᠦᠯᠬᠦ ᠠᠴᠢ ᠬᠤᠯᠪᠤᠭᠳᠠᠯ ᠲᠠᠢ ᠶᠤᠮ᠃ ᠡᠨᠡᠬᠦ ᠳᠣᠭᠯᠠᠭᠠᠮ ᠨᠢ ᠣᠳᠣᠬᠢ ᠠᠰᠢᠭ ᠪᠠ ᠠᠯᠤᠰ ᠤᠨ ᠠᠰᠢᠭ᠂ ᠪᠦᠬᠦ ᠲᠠᠯ᠎ᠠ  ᠶᠢᠨ ᠠᠰᠢᠭ ᠪᠠ ᠭᠡᠰᠡᠭ ᠲᠠᠯ᠎ᠠ ᠶᠢᠨ ᠠᠰᠢᠭ ᠢ ᠤᠶᠠᠯᠳᠤᠭᠤᠯᠤᠨ ᠰᠣᠳᠣᠯᠳᠠᠭ ᠳᠠᠶᠢᠨ ᠪᠠᠶᠢᠯᠳᠣᠭᠠᠨ ᠤ ᠴᠢᠨᠠᠷ ᠲᠠᠢ ᠳᠣᠭᠯᠠᠭᠠᠮ ᠪᠤᠯᠬᠤ ᠤᠴᠢᠷ ᠠᠴᠠ ᠪᠤᠳᠠᠳᠠᠢ ᠠᠴᠠ ᠡᠬᠦᠰᠴᠦ ᠪᠤᠳᠤᠯᠭ᠎ᠠ ᠪᠠᠨ ᠳᠣᠭᠳᠠᠭᠠᠬᠤ ᠬᠤᠪᠢᠰᠣᠩᠭᠤᠢ ᠪᠤᠳᠠᠰᠴᠢ ᠦᠵᠡᠯ ᠢᠶᠠᠷ ᠠᠰᠠᠭᠤᠳᠠᠯ ᠢ ᠦᠵᠡᠬᠦ ᠴᠢᠳᠠᠪᠬᠢ ᠶᠢ ᠪᠤᠯᠪᠠᠰᠣᠷᠠᠭᠤᠯᠬᠤ  ᠠᠴᠢ ᠳᠣᠰᠠ ᠲᠠᠢ᠃                     ︵︽ᠮᠣᠩᠭᠤᠯ ᠨᠠᠭᠠᠳᠣᠮ ᠤᠨ ᠣᠴᠢᠷ︾ ᠬᠡᠬᠦ ᠨᠣᠮ ᠠᠴᠠ ᠪᠠᠭᠤᠯᠭᠠᠪᠠ︶
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号