ᠦᠥᠰᠢᠨ ᠬᠤᠰᠢᠭᠤᠨ ᠤ ᠥᠳᠥᠨ ᠪᠥᠮᠪᠦᠭᠡ ᠫᠢᠩᠫᠠᠩ ᠪᠥᠮᠪᠥᠭᠡᠨ ᠤᠷᠳᠤᠨ
ᠨᠡᠶᠢᠲᠡᠯᠡᠭᠰᠡᠨ ᠴᠠᠭ᠄
2018-04-26
     ᠥᠳᠥᠨ ᠪᠥᠮᠪᠦᠭᠡ ᠫᠢᠩᠫᠠᠩ ᠪᠥᠮᠪᠥᠭᠡᠨ ᠤᠷᠳᠤᠨ ᠨᠢ ᠦᠥᠰᠢᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠬᠤᠶᠢᠳᠤ ᠪᠡᠶ᠎ᠡ ᠳᠤ ᠪᠠᠶᠢᠷᠢᠰᠢᠵᠤ᠂ ᠡᠵᠡᠯᠡᠵᠦ ᠪᠠᠶᠢᠭ᠎ᠠ ᠶᠡᠷᠤᠩᠬᠡᠢ ᠲᠠᠯᠠᠪᠠᠢ ᠨᠢ 24675 ᠲᠡᠭᠰᠢ ᠳᠥᠷᠪᠡᠯᠵᠢᠨ ᠮᠧᠲᠷ ᠂ ᠪᠠᠷᠢᠯᠭ᠎ᠠ ᠶᠢᠨ ᠶᠡᠷᠤᠩᠬᠡᠢ ᠲᠠᠯᠠᠪᠠᠢ ᠨᠢ 8097.9 ᠲᠡᠭᠰᠢ  ᠳᠥᠷᠪᠡᠯᠵᠢᠨ ᠮᠧᠲᠷ᠂ ᠲᠥᠷᠥᠯ ᠵᠣᠶᠢᠯ ᠤᠨ ᠶᠡᠷᠤᠩᠬᠡᠢ ᠪᠡᠯᠡ ᠤᠷᠤᠭᠤᠯᠣᠯᠲᠠ ᠨᠢ 3600 ᠲᠥᠮᠡᠨ ᠲᠥᠭᠦᠷᠢᠭ ᠪᠤᠯᠤᠨ᠎ᠠ ᠃ 2015 ᠣᠨ ᠠᠴᠠ ᠡᠬᠢᠯᠡᠨ ᠪᠦᠲᠥᠭᠡᠨ ᠪᠠᠶᠢᠭᠤᠯᠵᠤ᠂ ᠭᠤᠣᠯ ᠤᠷᠳᠤᠨ ᠨᠢ ᠥᠳᠥᠨ ᠪᠥᠮᠪᠦᠭᠡ᠂ ᠫᠢᠩᠫᠠᠩ ᠪᠥᠮᠪᠦᠭᠡ᠂ ᠭᠡᠷ ᠲᠤᠲᠤᠷᠠᠬᠢ ᠲᠠᠪᠤᠨ ᠬᠥᠮᠦᠨ ᠤ ᠬᠥᠯ ᠪᠥᠮᠪᠥᠭᠡᠨ ᠤ ᠲᠠᠯᠠᠪᠠᠢ ᠪᠠ ᠪᠦᠬᠡ ᠪᠠᠷᠢᠯᠳᠤᠬᠤ  ᠲᠠᠯᠠᠪᠠᠢ ᠲᠠᠢ ᠪᠠᠶᠢᠵᠤ᠂ ᠬᠤᠶᠠᠳᠤᠭᠠᠷ ᠲᠠᠪᠬᠤᠷᠭ᠎ᠠ ᠨᠢ ᠳᠡᠯᠬᠡᠨ ᠦᠵᠡᠭᠦᠯᠦᠯᠭᠡ ᠶᠢᠨ ᠲᠤᠭᠤᠷᠢᠭ ᠪᠠᠶᠢᠨ᠎ᠠ᠃ ᠦᠥᠰᠢᠨ ᠬᠤᠰᠢᠭᠤᠨ ᠤ ᠥᠳᠥᠨ ᠪᠥᠮᠪᠦᠭᠡ ᠫᠢᠩᠫᠠᠩ ᠪᠥᠮᠪᠥᠭᠡᠨ ᠤᠷᠳᠤᠨ ᠳᠤ 1350 ᠰᠠᠭᠤᠳᠠᠯ ᠢ ᠳᠤᠬᠢᠷᠠᠭᠤᠯᠵᠤ᠂ ᠬᠤᠷᠠᠯ ᠴᠤᠭᠯᠠᠭ᠎ᠠ᠂ ᠤᠷᠠᠨ ᠰᠠᠶᠢᠬᠠᠨ ᠤ ᠳᠤᠭᠯᠠᠯᠲᠠ᠂ ᠪᠡᠶ᠎ᠡ ᠴᠢᠭᠢᠷᠠᠭᠵᠢᠭᠤᠯᠭ᠎ᠠ᠂ ᠤᠷᠤᠯᠳᠤᠭᠠᠨ᠂ ᠦᠵᠡᠭᠦᠯᠦᠯᠭᠡ ᠵᠡᠷᠭᠡ ᠶᠢ ᠶᠠᠪᠤᠭᠳᠠᠭᠤᠯᠵᠤ ᠪᠣᠯᠬᠤ ᠤᠯᠠᠨ ᠬᠡᠷᠡᠭᠴᠡᠭᠡᠲᠦ ᠤᠳᠤᠬᠢᠴᠢᠯᠭᠰᠠᠨ ᠤᠷᠳᠤᠨ ᠪᠠᠶᠢᠵᠤ᠂ ᠲᠤᠰ ᠤᠷᠳᠤᠨ ᠨᠢ ︽ᠲᠤᠮᠤ ᠬᠡᠯᠪᠡᠷᠢ ᠶᠢᠨ ᠲᠠᠮᠢᠷ ᠤᠨ ᠤᠷᠳᠤᠨ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠢ ᠪᠠᠭ᠎ᠠ ᠬᠤᠷᠢᠶᠠᠵᠤ ᠦᠢᠯᠡᠴᠢᠯᠡᠭᠡ ᠬᠠᠩᠭᠠᠬᠤ ᠲᠤᠬᠠᠢ ᠤᠯᠤᠰ ᠤᠨ ᠪᠡᠶ᠎ᠡ ᠲᠠᠮᠢᠷ ᠤᠨ ᠶᠡᠷᠤᠩᠬᠡᠢ ᠲᠤᠪᠴᠢᠶ᠎ᠠ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠲᠠᠮᠢᠷ ᠠᠵᠤ ᠦᠰᠦᠭ〔2014〕34 ᠳ᠋ᠦ᠋ᠭᠡᠷ ᠲᠤᠭᠠᠲᠦ︶ ᠤᠨ ︽ᠲᠤᠮᠤ ᠬᠡᠯᠪᠡᠷᠢ ᠶᠢᠨ ᠲᠠᠮᠢᠷ ᠤᠨ ᠤᠷᠳᠤᠨ ᠪᠠ ᠤᠷᠤᠨ ᠪᠦᠰᠡ ᠶᠢᠨ ᠳᠤᠲᠤᠷᠠᠬᠢ ᠤᠯᠠᠨ ᠨᠡᠶᠢᠳᠡ ᠶᠢᠨ ᠲᠠᠮᠢᠷ ᠤᠨ ᠲᠠᠯᠠᠪᠤᠷ ᠪᠠ ᠲᠦᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠢ ᠪᠠᠭ᠎ᠠ ᠬᠤᠷᠢᠶᠠᠵᠤ ᠨᠡᠶᠢᠬᠡᠮ ᠳᠤ ᠦᠢᠯᠡᠴᠢᠯᠡᠭᠡ ᠬᠠᠩᠭᠠᠬᠤ︾ ᠵᠤᠷᠢᠭ ᠰᠠᠨᠠᠭ᠎ᠠ ᠶᠢ ᠦᠨᠳᠦᠰᠦᠯᠡᠨ ᠰᠤᠶᠢᠳᠬᠡᠯ ᠬᠤᠷᠢᠶᠠᠬᠤ ᠦᠭᠡᠢ ᠪᠠᠷ ᠦᠢᠯᠡᠴᠢᠯᠡᠭᠡ ᠬᠠᠩᠭᠠᠵᠤ ᠪᠠᠶᠢᠨ᠎ᠠ᠃ ᠵᠠᠰᠠᠭ ᠤᠨ ᠤᠷᠳᠤᠨ ᠤ ᠵᠢᠯᠤᠭᠤᠳᠤᠯᠭ᠎ᠠ᠂ ᠨᠡᠶᠢᠬᠡᠮᠯᠢᠭ ᠤᠨ ᠵᠤᠬᠢᠶᠠᠨ ᠪᠠᠶᠢᠭᠤᠯᠤᠯᠲᠠ᠂ ᠠᠷᠠᠳ ᠲᠥᠮᠡᠨ ᠤ ᠤᠷᠤᠯᠴᠠᠯᠭ᠎ᠠ ᠵᠡᠷᠭᠡ ᠬᠡᠯᠪᠡᠷᠢ ᠪᠠᠷ ᠳᠠᠮᠵᠢᠨ ᠥᠳᠥᠨ ᠪᠥᠮᠪᠦᠭᠡ ᠫᠢᠩᠫᠠᠩ ᠪᠥᠮᠪᠥᠭᠡᠨ ᠤᠷᠳᠤᠨ ᠳᠤ ᠣᠷᠳᠣᠰ ᠬᠤᠲᠠ ᠶᠢᠨ ᠬᠤᠰᠢᠭᠤ ᠲᠤᠭᠤᠷᠢᠭ ᠤᠨ ᠫᠢᠩᠫᠠᠩ ᠪᠥᠮᠪᠥᠭᠡᠨ ᠤ ᠤᠷᠤᠯᠳᠤᠭᠠᠨ᠂ ᠣᠷᠳᠣᠰ ᠬᠤᠲᠠ ᠶᠢᠨ ᠥᠳᠥᠨ ᠪᠥᠮᠪᠥᠭᠡᠨ ᠤ ᠤᠷᠤᠯᠳᠤᠭᠠᠨ ᠵᠡᠷᠭᠡ ᠲᠤᠮᠤ ᠬᠡᠯᠪᠡᠷᠢ ᠶᠢᠨ ᠠᠵᠢᠯᠯᠠᠭᠠᠨ ᠢ ᠥᠷᠨᠢᠬᠦᠯᠵᠤ ᠡᠯ᠎ᠡ ᠬᠤᠰᠢᠭᠤ ᠲᠤᠭᠤᠷᠢᠭ ᠵᠢᠴᠢ ᠤᠷᠤᠯᠳᠤᠭᠠᠨ ᠳᠤ ᠤᠷᠤᠯᠴᠠᠭᠰᠠᠨ ᠪᠠᠶᠢᠭᠤᠯᠭ᠎ᠠ ᠶᠢᠨ ᠬᠠᠯᠠᠭᠤᠨ ᠲᠠᠭᠠᠰᠢᠶᠠᠯ ᠢ ᠭᠦᠷᠲᠡᠭᠰᠡᠨ ᠪᠠᠶᠢᠨ᠎ᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号