ᠦᠥᠰᠢᠨ ᠬᠤᠰᠢᠭᠤᠨ ᠤ ᠣᠮᠪᠠᠯᠲᠠ ᠶᠢᠨ ᠤᠷᠳᠤᠨ
ᠨᠡᠶᠢᠲᠡᠯᠡᠭᠰᠡᠨ ᠴᠠᠭ᠄
2018-04-26
     ᠣᠮᠪᠠᠯᠲᠠ ᠶᠢᠨ ᠤᠷᠳᠤᠨ ᠨᠢ ᠦᠥᠰᠢᠨ ᠬᠤᠰᠢᠭᠤᠨ ᠤ ᠳᠡᠬᠡᠳᠥ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠢᠳᠤ ᠲᠠᠯ᠎ᠠ ᠳᠤ ᠪᠠᠶᠢᠷᠢᠰᠢᠵᠤ᠂ ᠡᠵᠡᠯᠡᠵᠦ ᠪᠠᠶᠢᠭ᠎ᠠ ᠶᠡᠷᠤᠩᠬᠡᠢ ᠲᠠᠯᠠᠪᠠᠢ ᠨᠢ 9645 ᠲᠡᠭᠰᠢ ᠳᠥᠷᠪᠡᠯᠵᠢᠨ ᠮᠧᠲᠷ ᠂ ᠪᠠᠷᠢᠯᠭ᠎ᠠ ᠶᠢᠨ ᠶᠡᠷᠤᠩᠬᠡᠢ ᠲᠠᠯᠠᠪᠠᠢ ᠨᠢ 4281. 1 ᠲᠡᠭᠰᠢ ᠳᠥᠷᠪᠡᠯᠵᠢᠨ ᠮᠧᠲᠷ᠂ ᠶᠡᠷᠤᠩᠬᠡᠢ ᠪᠡᠯᠡ ᠤᠷᠤᠭᠤᠯᠣᠯᠲᠠ ᠨᠢ 1900 ᠲᠥᠮᠡᠨ ᠲᠥᠭᠦᠷᠢᠭ ᠪᠤᠯᠤᠨ᠎ᠠ ᠃ ᠲᠣᠰ ᠤᠷᠳᠤᠨ ᠤ ᠤᠷᠴᠢᠨ ᠲᠤᠭᠤᠷᠢᠨ ᠨᠢ ᠳᠤᠬᠢᠯᠢᠭ ᠲᠠᠭᠠᠯᠠᠮᠵᠢᠲᠠᠢ ᠪᠠᠶᠢᠵᠤ᠂ 50×21 ᠮᠧᠲᠷ ᠤᠨ 8 ᠣᠮᠪᠠᠯᠲᠠ ᠶᠢᠨ ᠵᠠᠮ᠂ ᠪᠠᠷᠢᠮᠵᠢᠶᠠᠲᠤ ᠣᠮᠪᠠᠯᠲᠠ  ᠶᠢᠨ ᠲᠠᠲᠠᠭᠠᠯ ᠪᠣᠯᠤᠨ 70 ᠭᠠᠷᠤᠢ ᠲᠡᠭᠰᠢ ᠳᠥᠷᠪᠡᠯᠵᠢᠨ ᠮᠧᠲᠷ ᠤᠨ ᠬᠡᠥᠬᠡᠳ ᠤᠨ ᠣᠮᠪᠠᠯᠲᠠ ᠶᠢᠨ ᠲᠠᠲᠠᠭᠠᠯ ᠢ ᠳᠤᠬᠢᠷᠠᠭᠤᠯᠵᠤ᠂ ᠣᠮᠪᠠᠯᠲᠠ ᠶᠢᠨ ᠤᠷᠳᠤᠨ ᠤ ᠲᠤᠨᠤᠭ ᠳᠦᠬᠦᠬᠡᠷᠦᠮᠵᠢ ᠳᠦᠬᠦᠷᠵᠢᠨ ᠲᠡᠭᠦᠯᠳᠡᠷᠵᠢᠵᠦ᠂ ᠲᠠᠲᠠᠭᠠᠯ ᠤᠨ ᠤᠰᠤᠨ ᠳᠤ ᠱᠦᠭᠦᠬᠦ ᠪᠠ ᠠᠷᠢᠭᠤᠤᠬᠠᠬᠤ ᠲᠠᠯ᠎ᠠ ᠶᠢᠨ ᠲᠡᠷᠢᠭᠦᠨ ᠤ ᠮᠡᠷᠭᠡᠵᠢᠯ ᠤᠨ ᠰᠢᠰᠲ᠋ᠧᠮ ᠢ ᠬᠡᠷᠡᠭᠯᠡᠵᠦ᠂ ᠵᠢᠯ ᠤᠨ ᠳᠥᠷᠪᠡᠨ ᠤᠯᠠᠷᠢᠯ ᠳᠤ ᠤᠰᠤᠨ ᠤ ᠴᠢᠨᠠᠷ ᠪᠠ ᠤᠰᠤᠨ ᠤ ᠳᠤᠯᠠᠭᠠᠨ ᠤ ᠬᠡᠮᠵᠢᠶ᠎ᠡ ᠶᠢ ᠪᠠᠲᠤᠯᠠᠨ ᠂ ᠡᠯ᠎ᠡ ᠳᠦᠷᠤᠯ ᠤᠨ ᠲᠤᠰᠬᠠᠢ ᠮᠡᠷᠭᠡᠵᠢᠯ ᠤᠨ ᠣᠮᠪᠠᠯᠲᠠ ᠶᠢᠨ ᠤᠷᠤᠯᠳᠤᠭᠠᠨ᠂ ᠳᠤᠭᠯᠠᠯᠲᠠ᠂ ᠡᠲᠤᠷ ᠳᠣᠳᠥᠮ ᠤᠨ ᠪᠣᠯᠪᠠᠰᠤᠷᠠᠯ ᠬᠢᠬᠦ ᠨᠥᠬᠦᠴᠡᠯ ᠢ ᠪᠥᠷᠢᠯᠳᠦᠭᠦᠯᠵᠦ ᠪᠣᠯᠪᠠᠰᠤᠷᠠᠭᠤᠯᠬᠤ᠂ ᠤᠷᠤᠯᠳᠤᠭᠠᠨ ᠬᠢᠬᠦ ᠪᠠ ᠰᠡᠯᠡᠭᠦᠴᠡᠯ ᠵᠤᠭ᠎ᠠ ᠴᠡᠩᠬᠡᠯ ᠤᠨ ᠬᠠᠨᠤᠮᠵᠢᠲᠤ ᠲᠠᠯᠠᠪᠤᠷ ᠪᠣᠯᠵᠤ᠂ ᠬᠤᠲᠠ ᠶᠢᠨ ᠴᠢᠳᠠᠪᠬᠢ ᠶᠢ ᠳᠡᠭᠦᠯᠳᠡᠷᠵᠢᠭᠦᠯᠬᠦ᠂ ᠬᠤᠲᠠ ᠶᠢᠨ ᠵᠡᠷᠭᠡ ᠳᠡᠰ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠪᠠᠳᠠᠷᠠᠭᠤᠯᠵᠤ ᠪᠠᠶᠢᠭ᠎ᠠ ᠶᠤᠮ᠃ 2016 ᠣᠨ ᠤ ᠵᠢᠯ ᠤᠨ ᠡᠴᠥᠰ ᠲᠤ ᠠᠰᠢᠭᠯᠠᠯᠲᠠ ᠳᠤ ᠤᠷᠤᠭᠰᠠᠨ ᠠᠴᠠ ᠨᠠᠰᠢ ᠵᠢᠯ ᠪᠤᠯᠭᠠᠨ ᠳᠤᠮᠳᠠᠴᠢ ᠪᠠᠷ ᠲᠤᠮᠤ ᠬᠡᠯᠪᠡᠷᠢ ᠶᠢᠨ ᠤᠮᠪᠠᠯᠲᠠ ᠶᠢᠨ ᠤᠷᠤᠯᠳᠤᠭᠠᠨ ᠢ ᠭᠤᠷᠪᠠ ᠤᠳᠠᠭ᠎ᠠ ᠠᠴᠠ ᠳᠡᠭᠡᠭᠰᠢ ᠡᠷᠬᠢᠯᠡᠵᠤ᠂ ᠨᠡᠶᠢᠳᠡ1000 ᠭᠠᠷᠤᠢ ᠨᠡᠷ᠎ᠡ ᠺᠠᠳ᠋ᠷ ᠠᠵᠢᠯᠲᠠᠨ ᠪᠠ ᠵᠠᠯᠠᠭᠤ ᠪᠠᠭᠠᠴᠤᠳ ᠲᠤ ᠤᠮᠪᠠᠯᠲᠠ ᠶᠢᠨ ᠪᠤᠯᠪᠠᠰᠤᠷᠠᠯ ᠢ ᠬᠦᠷᠳᠡᠭᠡᠭᠰᠡᠨ ᠪᠠᠶᠢᠨ᠎ᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号