ᠲᠦᠷᠦᠭᠰᠡᠨ ᠢ ᠲᠠᠩᠰᠠᠯᠠᠬᠤ ᠠᠵᠢᠯ ᠢ ᠭᠦᠢᠴᠡᠳᠬᠡᠭᠦ ᠶᠠᠪᠤᠴᠨ
ᠨᠡᠶᠢᠲᠡᠯᠡᠭᠰᠡᠨ ᠴᠠᠭ᠄
2018-04-26
   ⒈ ᠨᠢᠯᠬ᠎ᠠ ᠬᠡᠦᠬᠡᠳ ᠲᠦᠷᠦᠪᠡᠯ ᠰᠠᠷ᠎ᠠ ᠶᠢᠨ ᠲᠤᠳᠤᠷ᠎ᠠ ᠬᠡᠦᠬᠡᠳ ᠤᠨ ᠤᠶᠢᠷ᠎ᠠ ᠲᠦᠷᠦᠯ ᠰᠠᠳᠤᠨ᠂ ᠬᠠᠷᠠᠭᠠᠯᠵᠠᠨ ᠬᠠᠮᠠᠭᠠᠯᠠᠭᠴᠢ ᠠᠴᠠ ︽ᠲᠦᠷᠦᠭᠰᠡᠨ ᠤ ᠠᠨᠠᠭᠠᠬᠤ ᠶᠢᠨ ᠬᠡᠷᠡᠴᠢ︾᠂ ᠭᠦᠩᠬᠡᠵᠢᠭᠦ ᠶᠢ ᠵᠦᠪᠰᠢᠶᠡᠷᠡᠭᠰᠡᠨ ᠬᠡᠷᠡᠴᠢ᠂ ᠡᠴᠢᠭᠡ᠂ ᠡᠬᠡ ᠶᠢᠨ ᠬᠢᠨᠢ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ᠂ ᠤᠷᠤᠭ ᠤᠨ ᠲᠡᠮᠲᠡᠭ  ᠤᠨ ᠤᠭ ᠪᠢᠴᠢᠭ ᠪᠠ ᠬᠠᠭᠤᠯᠪᠤᠷᠢ ᠢᠶᠠᠨ ᠠᠪᠴᠤ ᠡᠴᠢᠬᠡ ᠪᠤᠶᠤ ᠡᠬᠡ ᠶᠢᠨ ᠬᠢᠨᠢ ᠡᠷᠦᠬᠡ ᠠᠮᠨ ᠶᠢᠨ ᠪᠠᠶᠢᠭ᠎ᠠ ᠲᠤᠮᠢᠯᠠᠭᠰᠠᠨ ᠰᠠᠯᠪᠦᠷᠢ ᠳᠤ ᠮᠡᠳᠡᠭᠦᠯᠵᠤ ᠲᠠᠩᠰᠠᠯᠠᠭᠤᠯᠤᠨ᠎ᠠ᠃    ⒉ ᠠᠷᠠᠳ ᠢᠷᠬᠡᠨ ᠲᠦᠯᠦᠪᠯᠡᠭᠡ ᠠᠴᠠ ᠭᠠᠳᠠᠨ᠎ᠠ ᠬᠦᠩᠭᠡᠵᠢᠭᠰᠡᠨ᠂ ᠤᠷᠤᠭᠯᠠᠭᠠᠳᠤᠢ ᠪᠠᠷ ᠬᠦᠩᠭᠡᠵᠢᠭᠰᠡᠨ ᠵᠡᠷᠬᠡ ᠤᠴᠢᠷ ᠰᠢᠯᠳᠠᠭᠠᠨ ᠠᠴᠠ ᠪᠤᠯᠵᠤ ᠡᠷᠦᠬᠡ ᠠᠮᠨ ᠳᠠᠩᠰᠠᠯᠠᠭᠤᠯᠤᠭᠰᠠᠨ ᠦᠬᠡᠢ ᠪᠤᠯ᠂ ᠲᠤᠮᠢᠯᠠᠭᠰᠠᠨ ᠰᠡᠯᠪᠦᠷᠢ  ᠠᠴᠠ ᠬᠢᠨᠠᠨ ᠬᠠᠷᠭᠤᠭᠤᠯᠤᠨ ᠪᠠᠶᠢᠴᠠᠭᠠᠬᠤ ᠪᠠᠷ ᠳᠠᠮᠵᠢᠨ᠂ ︽ᠲᠦᠷᠦᠭᠰᠡᠨ ᠤ ᠠᠨᠠᠭᠠᠬᠤ ᠶᠢᠨ ᠬᠡᠷᠡᠴᠢ︾᠂ ᠡᠴᠢᠬᠡ ᠡᠬᠡ ᠶᠢᠨ ᠬᠢᠨᠢ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ᠂ ᠤᠷᠤᠭ ᠤᠨ ᠦᠨᠡᠮᠯᠡᠯ ᠤᠨ ᠤᠭ ᠪᠢᠴᠢᠭ ᠪᠤᠯᠤᠨ ᠬᠠᠭᠤᠯᠪᠤᠷᠢ᠂ ᠨᠡᠶᠢᠬᠡᠮ ᠲᠤᠭᠤᠷᠢᠭ ᠤᠨ ᠠᠷᠠᠳ ᠤᠨ ᠴᠠᠭᠳᠠᠭᠠᠨ ᠤ ᠪᠠᠶᠢᠴᠠᠭᠠᠭᠰᠠᠨ ᠮᠠᠲ᠋ᠧᠷᠢᠶᠠᠯ ᠢᠶᠠᠨ ᠠᠪᠴᠤ ᠬᠡᠦᠬᠡᠳ ᠤᠨ ᠡᠴᠢᠬᠡ ᠪᠤᠶᠤ ᠡᠬᠡ ᠶᠢᠨ ᠬᠢᠨᠢ ᠡᠷᠤᠬᠡ ᠠᠮᠠ ᠶᠢᠨ ᠪᠠᠶᠢᠭ᠎ᠠ ᠲᠤᠮᠢᠯᠠᠭᠰᠠᠨ ᠰᠠᠯᠪᠦᠷᠢ ᠳᠤ ᠲᠦᠷᠦᠭᠰᠡᠨ ᠢ ᠳᠠᠩᠰᠠᠯᠠᠭᠤᠯᠬᠤ ᠪᠠᠷ ᠮᠡᠳᠡᠭᠦᠯᠦᠨ᠎ᠡ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号