ᠡᠷᠦᠬᠡ ᠠᠮᠨ ᠶᠢᠨ ᠳᠠᠩᠰᠠᠯᠠᠯ ᠢ ᠦᠭᠡᠷᠡᠴᠢᠯᠡᠬᠦ ᠵᠠᠯᠠᠷᠠᠭᠤᠯᠬᠤ ᠠᠵᠢᠯ ᠢ ᠭᠦᠢᠴᠡᠳᠬᠡᠭᠦ ᠶᠠᠪᠤᠴᠨ
ᠨᠡᠶᠢᠲᠡᠯᠡᠭᠰᠡᠨ ᠴᠠᠭ᠄
2018-04-26
     ︵ᠨᠢᠬᠡ︶᠂ ᠤᠪᠤᠭ ᠨᠡᠷ᠎ᠡ ᠶᠢ ᠦᠭᠡᠷᠡᠴᠢᠯᠡᠭᠦ      ᠬᠤᠪᠢᠷᠠᠭᠤᠯᠬᠤ ᠤᠴᠢᠷ ᠰᠢᠯᠳᠠᠭᠠᠨ ᠪᠠ ᠬᠤᠯᠪᠤᠭᠳᠠᠯ ᠪᠦᠭᠦᠢ ᠬᠡᠷᠡᠴᠢ ᠮᠠᠲ᠋ᠧᠷᠢᠶᠠᠯ ᠢᠶᠠᠨ ᠬᠠᠩᠭᠠᠬᠤ ᠭᠡᠷᠡᠭᠳᠡᠢ᠃ ︽ᠰᠠᠭᠤᠭᠠᠯᠢ ᠠᠷᠠᠳ ᠤᠨ ᠡᠷᠦᠬᠡ ᠠᠮᠨ ᠶᠢᠨ ᠲᠠᠩᠰᠠᠯᠠᠬᠤ ᠵᠦᠢᠯ ᠢ ᠦᠭᠡᠷᠡᠴᠢᠯᠡᠬᠦ ᠪᠠ ᠵᠠᠯᠠᠷᠠᠭᠤᠯᠬᠤ ᠭᠦᠰᠦᠨᠦᠭᠳᠤ︾ ᠶᠢ ᠲᠠᠭᠯᠠᠭᠠᠳ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠪᠠᠷ ᠬᠢᠨᠠᠨ ᠪᠠᠶᠢᠴᠠᠭᠠᠯᠭᠠᠵᠤ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠᠷ ᠬᠢᠨᠠᠨ ᠵᠦᠪᠰᠢᠶᠡᠷᠡᠭᠦᠯᠭᠦ ᠭᠡᠷᠡᠭᠳᠡᠢ᠃      ⒈ ᠪᠦᠭᠦᠯᠢ 18 ᠨᠠᠰᠤᠨ ᠠᠴᠠ ᠲᠡᠬᠡᠭᠰᠢᠬᠢ ᠠᠷᠠᠳ ᠢᠷᠬᠡᠳ ᠤᠪᠤᠭ ᠨᠡᠷ᠎ᠡ ᠪᠠᠨ ᠦᠭᠡᠷᠡᠴᠢᠯᠡᠬᠦ ᠳᠤ᠂ ᠲᠤᠰ ᠭᠦᠮᠦᠨ ᠡᠷᠭᠦᠳᠡᠯ ᠪᠢᠴᠢᠵᠤ᠂ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠪᠠᠶᠢᠴᠠᠭᠠᠨ ᠬᠠᠷᠭᠤᠭᠤᠯᠤᠭᠰᠠᠨ ᠤ ᠰᠡᠬᠦᠯᠡᠷ ᠰᠠᠨᠠᠯ ᠢᠶᠠᠨ ᠳᠡᠪᠰᠢᠭᠦᠯᠦᠨ᠎ᠡ᠃ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠰᠤᠷᠭᠠᠭᠤᠯᠢ ᠠᠴᠠ ᠨᠢ ᠬᠡᠷᠡᠴᠢ ᠭᠠᠷᠭᠠᠵᠤ᠂ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠪᠤᠯ ᠪᠠᠶᠢᠭᠤᠯᠭ᠎ᠠ ᠶᠢᠨ ᠠᠵᠢᠯᠳᠠᠨ ᠤ ᠶᠠᠪᠤᠳᠠᠯ᠂ ᠴᠠᠯᠢᠩ ᠤᠯᠭᠤᠮᠵᠢ ᠶᠢᠨ ᠰᠠᠯᠠᠭ᠎ᠠ ᠮᠦᠴᠢᠷ ᠠᠴᠠ ᠤᠪᠤᠭ ᠨᠠᠷ᠎ᠠ ᠪᠠᠨ ᠦᠭᠡᠷᠡᠴᠢᠯᠡᠬᠦ ᠶᠢ ᠵᠦᠪᠰᠢᠶᠡᠷᠡᠭᠰᠡᠨ ᠬᠡᠷᠡᠴᠢ ᠪᠤᠶᠤ ᠠᠯᠪᠠᠨ ᠭᠡᠷᠡᠴᠢᠯᠡᠭᠡ ᠶᠢᠨ ᠰᠠᠯᠠᠭ᠎ᠠ ᠮᠦᠴᠢᠷ ᠤᠨ ᠠᠯᠪᠠᠨ ᠭᠡᠷᠡᠴᠢᠯᠡᠭᠡ ᠶᠢᠨ ᠪᠢᠴᠢᠭ ᠬᠠᠩᠭᠠᠨ᠎ᠠ᠃      ⒉ ᠬᠠᠤᠯᠢ ᠪᠠᠷ ᠤᠯᠤᠰ ᠲᠦᠷᠦ ᠶᠢᠨ ᠡᠷᠬᠡ ᠪᠠᠨ ᠬᠠᠰᠤᠭᠤᠯᠤᠭᠰᠠᠨ ᠪᠠ ᠶᠠᠭ ᠰᠠᠶᠢᠬᠠᠨ ᠡᠷᠡᠭᠦᠤ ᠶᠢᠨ ᠭᠡᠷᠡᠭ ᠤᠨ ᠰᠢᠳᠬᠡᠯ ᠭᠦᠯᠢᠶᠡᠵᠤ ᠪᠠᠶᠢᠭ᠎ᠠ᠂ ᠪᠠᠶᠢᠴᠠᠭᠠᠬᠤ ᠱᠠᠳᠤᠨ ᠳᠤ ᠪᠠᠶᠢᠭ᠎ᠠ ᠭᠦᠮᠦᠨ ᠵᠢᠴᠢ ᠲᠦᠷᠦᠭᠰᠡᠨ ᠡᠳᠦᠷ ᠬᠤᠭᠤᠴᠠᠭ᠎ᠠ ᠪᠠᠨ ᠵᠠᠯᠠᠷᠠᠭᠤᠯᠤᠭᠠᠳ ᠭᠤᠷᠪᠠᠨ ᠵᠢᠯ ᠪᠤᠯᠤᠭᠰᠠᠨ ᠦᠬᠡᠢ ᠪᠤᠯ᠂ ᠤᠪᠤᠭ ᠨᠡᠷ᠎ᠡ ᠪᠠᠨ ᠦᠭᠡᠷᠡᠴᠢᠯᠡᠬᠦ ᠶᠢ ᠴᠦᠮ ᠵᠦᠪᠰᠢᠶᠡᠷᠡᠭᠦ ᠦᠬᠡᠢ᠃      ⒊ ᠪᠦᠭᠦᠯᠢ 18 ᠨᠠᠰᠤ ᠭᠦᠷᠦᠭᠡᠳᠦᠢ ᠠᠷᠠᠳ ᠢᠷᠬᠡᠳ ᠤᠪᠤᠭ ᠨᠡᠷ᠎ᠡ ᠪᠠᠨ ᠦᠭᠡᠷᠡᠴᠢᠯᠡᠬᠦ ᠳᠤ᠂ ᠲᠤᠰ ᠭᠦᠮᠦᠨ ᠪᠤᠶᠤ ᠬᠡᠷ ᠤᠨ ᠬᠢᠨᠢ ᠡᠷᠭᠦᠳᠡᠯ ᠪᠢᠴᠢᠨ᠎ᠡ᠂ ᠰᠤᠷᠭᠠᠭᠤᠯᠢ ᠳᠤ ᠪᠠᠶᠢᠭ᠎ᠠ ᠰᠤᠷᠤᠭᠴᠢ ᠪᠤᠯ ᠰᠤᠷᠭᠠᠭᠤᠯᠢ ᠠᠴᠠ  ᠪᠠᠨ ᠬᠡᠷᠡᠴᠢ ᠠᠪᠴᠢᠷᠠᠬᠤ ᠬᠡᠷᠡᠭᠲᠠᠢ᠃      ⒋ ᠨᠠᠰᠤᠨ ᠳᠤ ᠦᠯᠦ ᠭᠦᠷᠦᠭᠰᠡᠳ ᠤᠪᠤᠭ ᠢᠶᠠᠨ ᠦᠭᠡᠷᠡᠴᠢᠯᠡᠬᠦ ᠳᠤ᠂ ᠲᠦᠷᠦᠭᠰᠡᠨ ᠡᠴᠢᠬᠡ ᠡᠬᠡ ᠨᠢ ᠵᠦᠪᠯᠡᠯᠳᠦᠬᠡᠳ ᠡᠷᠭᠦᠳᠡᠯ ᠤᠨ ᠪᠢᠴᠢᠭ ᠪᠢᠴᠢᠵᠤ᠂ ᠠᠯᠪᠠᠨ ᠭᠡᠷᠡᠴᠢᠯᠡᠭᠡ ᠶᠢᠨ ᠰᠠᠯᠠᠭ᠎ᠠ ᠮᠦᠴᠢᠷ ᠠᠴᠠ ᠠᠯᠪᠠᠨ ᠭᠡᠷᠡᠴᠢᠯᠡᠭᠡ ᠶᠢᠨ ᠪᠢᠴᠢᠭ ᠭᠠᠷᠭᠠᠵᠤ ᠦᠭᠭᠦ ᠭᠡᠷᠡᠭᠳᠡᠢ᠃      ⒌ ᠦᠩᠬᠡᠷᠡᠭᠰᠡᠨ ᠳᠤ ᠭᠡᠷᠡᠭᠯᠡᠭᠰᠡᠨ ᠨᠡᠷ᠎ᠡ ᠪᠠᠨ ᠨᠡᠮᠡᠭᠦ ᠳᠤ᠂ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠪᠠᠷ ᠨᠠᠷᠢᠨ ᠬᠢᠨᠠᠮᠠᠭᠠᠢ ᠬᠢᠨᠠᠨ ᠬᠠᠷᠭᠤᠭᠤᠯᠤᠭᠰᠠᠨ ᠤ ᠲᠠᠷᠠᠭ᠎ᠠ ᠭᠠᠷᠳᠠᠮ ᠭᠦᠢᠴᠡᠳᠬᠡᠨ᠎ᠡ᠃ ᠨᠠᠰᠤᠨ ᠳᠤ ᠦᠯᠦ ᠭᠦᠷᠦᠭᠰᠡᠳ᠂ ᠪᠠᠭ᠎ᠠ ᠶᠢᠨ ᠨᠡᠷ᠎ᠡ ᠪᠠ ᠪᠢᠴᠢᠭ ᠤᠨ ᠨᠡᠷ᠎ᠡ ᠪᠠᠨ ᠨᠡᠮᠡᠭᠦ᠂ ᠡᠴᠢᠬᠡ ᠡᠬᠡ ᠨᠢ ᠤᠷᠤᠭ ᠰᠠᠯᠤᠭᠰᠠᠨ ᠠᠴᠠ ᠨᠡᠷ᠎ᠡ ᠶᠢ ᠨᠢ ᠬᠠᠯᠠᠬᠤ᠂ ᠡᠷᠭᠦᠨ ᠲᠡᠵᠢᠭᠡᠭᠰᠡᠨ ᠠᠴᠠ ᠪᠤᠯᠵᠤ ᠨᠡᠷ᠎ᠡ ᠶᠢ ᠨᠢ ᠬᠠᠯᠠᠬᠤ᠂ ᠲᠠᠬᠢᠨ ᠤᠷᠤᠭᠯᠠᠬᠤ ᠠᠴᠠ ᠪᠤᠯᠵᠤ ᠦᠷ᠎ᠡ ᠬᠡᠦᠬᠡᠳ ᠤᠨ ᠨᠡᠷ᠎ᠡ ᠪᠠᠨ ᠬᠠᠯᠠᠬᠤ᠂ᠨᠢᠬᠡ ᠰᠤᠷᠭᠠᠭᠤᠯᠢ ︵ᠨᠢᠬᠡ ᠠᠩᠬᠢ︶ ᠶᠢᠨ ᠰᠤᠷᠤᠭᠴᠢ ᠠᠳᠠᠯᠢ ᠨᠠᠷ᠎ᠠ ᠲᠠᠢ ᠪᠠᠶᠢᠬᠤ ᠵᠡᠷᠬᠡ ᠤᠯᠠᠨ ᠵᠦᠢᠯ ᠤᠨ ᠰᠢᠯᠳᠠᠭᠠᠨ ᠠᠴᠠ ᠪᠤᠯᠵᠤ ᠨᠡᠷ᠎ᠡ ᠪᠠᠨ ᠦᠭᠡᠷᠡᠴᠢᠯᠡᠬᠦ ᠴᠢᠬᠤᠯᠠᠳᠠᠢ ᠪᠤᠯ᠂ ᠲᠦᠷᠦᠭᠰᠡᠨ ᠡᠴᠢᠬᠡ ᠡᠬᠡ ᠪᠤᠶᠤ ᠡᠷᠭᠦᠨ ᠲᠡᠵᠢᠬᠡᠭᠰᠡᠨ ᠭᠦᠮᠦᠨ᠂ ᠬᠠᠷᠠᠭᠠᠯᠵᠠᠨ ᠬᠠᠮᠠᠭᠠᠯᠠᠭᠴᠢ ᠠᠴᠠ ᠡᠷᠭᠦᠳᠡᠯ ᠪᠢᠴᠢᠵᠤ᠂ ᠤᠷᠤᠭ ᠰᠠᠯᠤᠭᠰᠠᠨ ᠪᠠ ᠲᠠᠬᠢᠨ ᠤᠷᠤᠭᠯᠠᠭᠰᠠᠨ ᠬᠡᠷᠡᠴᠢ᠂ ᠡᠷᠭᠦᠨ ᠲᠡᠵᠢᠬᠡᠭᠰᠡᠨ ᠬᠡᠷᠡᠴᠢ᠂ ᠰᠤᠷᠭᠠᠭᠤᠯᠢ ᠶᠢᠨ ᠬᠡᠷᠡᠴᠢ ᠵᠡᠷᠬᠡ ᠬᠤᠯᠪᠤᠭᠳᠠᠯ ᠪᠦᠭᠦᠢ ᠮᠠᠲ᠋ᠧᠷᠢᠶᠠᠯ ᠢ ᠬᠠᠩᠭᠠᠵᠤ᠂ ᠤᠪᠤᠭ  ᠢᠶᠠᠨ ᠦᠭᠡᠷᠡᠴᠢᠯᠡᠬᠦ ᠳᠤ ᠠᠯᠪᠠᠨ ᠭᠡᠷᠡᠴᠢᠯᠡᠭᠡ ᠶᠢᠨ ᠪᠢᠴᠢᠭ ᠠᠪᠴᠢᠷᠠᠬᠤ ᠬᠡᠷᠡᠭᠲᠠᠢ᠃ ᠲᠤᠮᠢᠯᠠᠭᠰᠠᠨ ᠰᠠᠯᠪᠦᠷᠢ ᠠᠴᠠ ᠪᠠᠶᠢᠴᠠᠭᠠᠨ ᠬᠠᠷᠭᠤᠭᠤᠯᠤᠭᠰᠠᠨ ᠤ ᠳᠠᠷᠠᠭ᠎ᠠ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠮᠡᠳᠡᠭᠦᠯᠵᠤ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠭᠦᠢᠴᠡᠳᠬᠡᠨ᠎ᠡ᠃      ︵ᠬᠤᠶᠠᠷ︶᠂ ᠭᠦᠢᠰᠤ ᠶᠢᠨ ᠢᠯᠭᠠᠯ ᠢᠶᠠᠨ ᠰᠤᠯᠢᠬᠤ      ᠮᠠᠰᠨ ᠵᠠᠰᠠᠯ ᠢᠶᠠᠷ ᠬᠦᠢᠰᠤ ᠶᠢᠨ ᠢᠯᠭᠠᠯ ᠢᠶᠠᠨ ᠰᠣᠯᠢᠬᠤ ᠪᠤᠯ᠂ ᠬᠤᠰᠢᠭᠤ ︵ᠰᠢᠶᠡᠨ︶ ᠬᠤᠳᠠ ᠶᠢᠨ ᠲᠡᠰ  ᠠᠴᠠ ᠲᠡᠬᠡᠭᠰᠢᠬᠢ ᠡᠮᠨᠡᠯᠬᠡ ᠶᠢᠨ ᠬᠤᠷᠢᠶᠠᠨ ᠤ ᠮᠠᠰᠨ ᠵᠠᠰᠠᠯ ᠠᠮᠵᠢᠯᠳᠠ ᠲᠠᠢ ᠬᠢᠭᠰᠡᠨ ᠬᠡᠷᠡᠴᠢ ᠬᠠᠩᠭᠠᠵᠤ᠂ ︽ᠰᠠᠭᠤᠭᠠᠯᠢ ᠠᠷᠠᠳ ᠤᠨ ᠡᠷᠦᠬᠡ ᠠᠮᠨ ᠶᠢᠨ ᠳᠠᠩᠰᠠᠯᠠᠯ ᠢ ᠦᠭᠡᠷᠡᠴᠢᠯᠡᠬᠦ ᠭᠦᠰᠦᠨᠦᠭᠳᠤ︾ ᠶᠢ ᠲᠠᠭᠯᠠᠭᠠᠳ᠂ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠪᠠᠷ ᠬᠢᠨᠠᠨ ᠬᠠᠷᠭᠤᠭᠤᠯᠵᠤ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠮᠡᠳᠡᠭᠦᠯᠵᠤ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠭᠦᠢᠴᠡᠳᠬᠡᠨ᠎ᠡ᠃      ︵ᠭᠤᠷᠪᠠ︶᠂ ᠲᠦᠷᠦᠭᠰᠡᠨ ᠡᠳᠦᠷ ᠰᠠᠷ᠎ᠠ ᠶᠢ ᠵᠠᠯᠠᠷᠠᠭᠤᠯᠬᠤ      ᠠᠷᠠᠳ ᠢᠷᠭᠡᠳ ᠤᠨ ᠲᠦᠷᠦᠭᠰᠡᠨ ᠡᠳᠦᠷ ᠰᠠᠷ᠎ᠠ ᠶᠢ ᠦᠭᠡᠷᠡᠴᠢᠯᠡᠵᠤ ᠪᠤᠯᠬᠤ ᠦᠬᠡᠢ᠃ ᠠᠷᠠᠳ ᠢᠷᠬᠡᠨ ᠤ ᠡᠷᠦᠬᠡ ᠠᠮᠨ ᠶᠢᠨ ᠲᠠᠩᠰᠠᠨ ᠳᠠᠬᠢ ᠲᠦᠷᠦᠭᠰᠡᠨ ᠡᠳᠦᠷ ᠰᠠᠷ᠎ᠠ ᠬᠢᠭᠡᠳ ᠪᠤᠳᠠᠳᠠᠢ ᠲᠦᠷᠦᠭᠰᠡᠨ ᠡᠳᠦᠷ ᠰᠠᠷ᠎ᠠ ᠦᠨᠡᠨᠬᠦ ᠨᠢᠬᠡᠳᠦᠯᠳᠡᠢ ᠪᠢᠰᠢ ᠪᠤᠯ᠂ ᠲᠤᠰ ᠭᠦᠮᠦᠨ ᠪᠤᠶᠤ ᠬᠠᠷᠠᠭᠠᠯᠵᠠᠨ ᠬᠠᠮᠠᠭᠠᠯᠠᠭᠴᠢ ᠠᠴᠠ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠲᠦᠷᠦᠭᠰᠡᠨ ᠡᠳᠦᠷ ᠰᠠᠷ᠎ᠠ ᠪᠠᠨ‌ᠦᠭᠡᠷᠡᠴᠢᠯᠡᠬᠦ ᠪᠠᠷ ᠮᠡᠳᠡᠭᠦᠯᠵᠤ ᠳᠠᠩᠰᠠᠯᠠᠭᠤᠯᠤᠨ᠂ ᠬᠠᠤᠯᠢ ᠶᠤᠰᠤᠨ ᠤ᠂ ᠦᠨᠡᠨ ᠪᠤᠳᠠᠲᠠᠢ ᠪᠦᠷᠢᠨ ᠭᠦᠢᠴᠡᠳ ᠬᠡᠷᠡᠴᠢᠯᠡᠭᠦ ᠮᠠᠲ᠋ᠧᠷᠢᠶᠠᠯ ᠢᠶᠠᠨ ᠲᠤᠰᠢᠶᠠᠵᠤ᠂ ︽ᠰᠠᠭᠤᠭᠠᠯᠢ ᠠᠷᠠᠳ ᠤᠨ ᠡᠷᠦᠬᠡ ᠠᠮᠨ ᠶᠢᠨ ᠲᠠᠩᠰᠠᠯᠠᠬᠤ ᠵᠦᠢᠯ ᠢ ᠦᠭᠡᠷᠡᠴᠢᠯᠡᠬᠦ ᠭᠦᠰᠦᠨᠦᠭᠳᠤ︾  ᠶᠢ 2 ᠬᠤᠪᠢ ᠲᠠᠭᠯᠠᠭᠠᠳ᠂ ᠲᠤᠮᠢᠯᠠᠭᠰᠠᠨ ᠰᠠᠯᠪᠦᠷᠢ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠭᠦᠢᠴᠡᠳᠬᠡᠭᠦ ᠬᠡᠷᠡᠭᠲᠠᠢ᠃      ⒈ ᠪᠦᠭᠦᠯᠢ 18 ᠨᠠᠰᠤ ᠭᠦᠷᠦᠭᠡᠳᠦᠢ ᠠᠷᠠᠳ ᠢᠷᠬᠡᠳ ᠲᠦᠷᠦᠭᠰᠡᠨ ᠡᠳᠦᠷ ᠰᠠᠷ᠎ᠠ ᠪᠠᠨ ᠦᠭᠡᠷᠡᠴᠢᠯᠡᠬᠦ ᠳᠤ ᠂ ᠡᠴᠢᠬᠡ ᠡᠬᠡ ᠨᠢ ᠪᠤᠶᠤ ᠲᠦᠷᠦᠯ ᠰᠠᠳᠤᠨ ᠨᠢ ︽ᠲᠦᠷᠦᠭᠰᠡᠨ ᠤ ᠠᠨᠠᠭᠠᠬᠤ ᠶᠢᠨ ᠬᠡᠷᠡᠴᠢ︾ ᠪᠠᠨ ᠠᠪᠴᠤ᠂ ᠡᠷᠭᠦᠳᠡᠯ ᠤᠨ ᠪᠢᠴᠢᠭ ᠪᠠᠨ ᠳᠡᠪᠰᠢᠭᠦᠯᠦᠨ᠎ᠡ᠂ ᠰᠤᠷᠭᠠᠭᠤᠯᠢ ᠳᠤ ᠪᠠᠶᠢᠭ᠎ᠠ ᠰᠤᠷᠤᠭᠴᠢ ᠪᠤᠯ ᠰᠤᠷᠭᠠᠭᠤᠯᠢ ᠨᠢ ᠰᠤᠷᠭᠠᠭᠤᠯᠢ ᠶᠢᠨ ᠬᠠᠷᠢᠶᠠᠯᠠᠯ ᠤᠨ ᠬᠡᠷᠡᠴᠢ ᠬᠡᠷᠡᠭᠲᠠᠢ᠃      ⒉ ᠨᠢᠬᠡᠨᠳᠡ ᠪᠦᠭᠦᠯᠢ 18 ᠨᠠᠰᠤ ᠭᠦᠷᠦᠭᠰᠡᠨ ᠠᠷᠠᠳ ᠢᠷᠬᠡᠳ ᠲᠦᠷᠦᠭᠰᠡᠨ ᠡᠳᠦᠷ ᠬᠤᠭᠤᠴᠠᠭ᠎ᠠ ᠪᠠᠨ ᠵᠠᠯᠠᠷᠠᠭᠤᠯᠬᠤ ᠳᠤ᠂ ᠺᠤᠮᠫᠢᠦ᠋ᠲ᠋ᠧᠷ ᠲᠤ ᠪᠢᠴᠢᠵᠤ ᠤᠷᠤᠭᠤᠯᠬᠤ ᠵᠡᠷᠭᠡ ᠰᠢᠯᠲᠠᠭᠠᠨ ᠠᠴᠠ ᠪᠤᠯᠵᠤ ᠲᠠᠰᠢᠶ᠎ᠠ ᠪᠤᠷᠤᠭᠤ ᠪᠤᠯᠤᠭᠰᠠᠨ ᠪᠤᠯ᠂ ᠲᠤᠰ ᠭᠦᠮᠦᠨ ᠡᠷᠭᠦᠳᠡᠯ ᠤᠨ ᠪᠢᠴᠢᠭ ᠪᠢᠴᠢᠵᠤ᠂ ᠲᠤᠰ ᠭᠦᠮᠦᠨ ᠤ ᠬᠠᠭᠤᠴᠢᠨ ᠡᠷᠦᠬᠡ ᠠᠮᠨ  ᠶᠢᠨ ᠲᠠᠪᠳᠠᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠪᠠᠶᠢᠩᠭᠤ ᠰᠠᠭᠤᠭ᠎ᠠ ᠭᠦᠮᠦᠨ ᠠᠮᠨ ᠶᠢᠨ ᠲᠠᠩᠰᠠᠯᠠᠬᠤ ᠭᠦᠰᠦᠨᠦᠭᠳᠤ ᠪᠤᠶᠤ ᠡᠷᠦᠬᠡ ᠠᠮᠨ ᠶᠢᠨ ᠳᠠᠩᠰᠠ ᠪᠠᠨ ᠰᠢᠯᠵᠢᠭᠦᠯᠦᠭᠰᠡᠨ ᠬᠡᠷᠡᠴᠢ ᠵᠡᠷᠬᠡ ᠬᠠᠮᠢᠶ᠎ᠠ ᠪᠦᠭᠦᠢ ᠬᠡᠷᠡᠴᠢᠯᠡᠭᠦ ᠮᠠᠲ᠋ᠧᠷᠢᠶᠠᠯ᠂ ᠲᠤᠮᠢᠯᠠᠭᠰᠠᠨ ᠰᠠᠯᠪᠦᠷᠢ ᠶᠢᠨ ᠠᠷᠠᠳ ᠤᠨ ᠴᠠᠭᠳᠠᠭᠠᠨ ᠤ ᠪᠠᠶᠢᠴᠠᠭᠠᠨ ᠬᠠᠷᠠᠭᠤᠭᠤᠯᠤᠭᠰᠠᠨ ᠮᠠᠲ᠋ᠧᠷᠢᠶᠠᠯ ᠢᠶᠠᠷ ᠪᠠᠷᠢᠮᠳᠠ ᠪᠤᠯᠭᠠᠵᠤ᠂ ᠲᠦᠷᠦᠭᠰᠡᠨ ᠡᠳᠦᠷ ᠰᠠᠷ᠎ᠠ ᠪᠠᠨ ᠵᠠᠯᠠᠷᠠᠭᠤᠯᠬᠤ ᠲᠠᠩᠰᠠᠯᠠᠯ ᠢ ᠭᠦᠢᠴᠡᠳᠬᠡᠳᠡᠭ ᠃ ᠠᠵᠢᠯᠯᠠᠬᠤ ᠪᠠᠶᠢᠭᠤᠯᠭ᠎ᠠ ᠨᠢᠬᠡᠴᠢ ᠲᠠᠢ ᠬᠦᠮᠦᠰ ᠪᠠᠶᠢᠪᠠᠯ ᠪᠠᠶᠢᠭᠤᠯᠭ᠎ᠠ ᠶᠢᠨ ᠠᠵᠢᠯᠳᠠᠨ ᠤ ᠶᠠᠪᠤᠳᠠᠯ᠂ ᠴᠠᠯᠢᠩ ᠤᠯᠭᠤᠮᠵᠢ ᠶᠢᠨ ᠰᠠᠯᠠᠭ᠎ᠠ ᠮᠦᠴᠢᠷ ᠠᠴᠠ ᠲᠦᠷᠦᠭᠰᠡᠨ ᠡᠳᠦᠷ ᠰᠠᠷ᠎ᠠ ᠶᠢᠨ ᠭᠡᠷᠡᠴᠢ ᠪᠠ ᠠᠵᠢᠯᠳᠠᠨ ᠤ ᠲᠠᠩᠰᠨ ᠡᠪᠬᠡᠮᠡᠯ ᠢ ᠬᠠᠩᠭᠠᠬᠤ ᠬᠡᠷᠡᠭᠲᠠᠢ᠃      ⒊ ᠪᠠᠶᠢᠴᠠᠭᠠᠭᠳᠠᠵᠤ ᠪᠠᠶᠢᠭ᠎ᠠ ᠪᠤᠶᠤ ᠨᠢᠬᠡᠨᠳᠡ ᠪᠠᠶᠢᠴᠠᠭᠠᠭᠰᠠᠨ ᠵᠢᠴᠢ ᠡᠷᠡᠭᠦᠤ ᠶᠢᠨ ᠰᠢᠳᠬᠡᠯ ᠭᠦᠯᠢᠶᠡᠵᠤ ᠪᠠᠶᠢᠭ᠎ᠠ ᠪᠠ ︵ᠬᠢᠨᠳᠠᠨ ᠤ ᠭᠠᠳᠠᠨ᠎ᠠ ᠭᠦᠢᠴᠡᠳᠬᠡᠭᠦ ᠲᠠᠪᠤᠨ ᠲᠦᠷᠦᠯ ᠤᠨ ᠶᠠᠯᠠᠳᠠᠨ ᠪᠠᠭᠳᠠᠨ᠎ᠠ︶ ᠬᠤᠷᠢᠭᠳᠠᠵᠤ ᠪᠠᠶᠢᠭ᠎ᠠ ᠬᠦᠮᠦᠰ ᠤᠨ ᠲᠦᠷᠦᠭᠰᠡᠨ ᠡᠳᠦᠷ ᠰᠠᠷ᠎ᠠ ᠶᠢ ᠦᠭᠡᠷᠡᠴᠢᠯᠡᠵᠤ ᠪᠤᠯᠬᠤ ᠦᠬᠡᠢ᠃      ︵ᠲᠦᠷᠪᠡ︶᠂ ᠦᠨᠳᠦᠰᠦᠳᠡᠨ ᠤ ᠪᠦᠷᠢᠯᠳᠦᠭᠦᠨ ᠢᠶᠠᠨ ᠵᠠᠯᠠᠷᠠᠭᠤᠯᠬᠤ      ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠢᠷᠭᠡᠨ ᠤ ᠦᠨᠳᠦᠰᠦᠳᠡᠨ ᠤ ᠪᠦᠷᠢᠯᠳᠦᠭᠦᠨ ᠢ ᠲᠠᠩᠰᠠᠯᠠᠬᠤ ᠬᠠᠮᠢᠶᠠᠷᠤᠯᠳᠡ ᠶᠢᠨ ᠠᠷᠭ᠎ᠠ ᠶᠢ ᠳᠠᠷᠤᠮᠠᠯᠠᠨ ᠲᠠᠷᠬᠠᠭᠠᠬᠤ﹀ ᠤᠨ ᠲᠤᠬᠠᠢ ᠮᠡᠳᠡᠭᠳᠡᠯ︾ ︵ᠦᠪᠦᠷ ᠮᠣᠩᠭᠤᠯ ᠤᠨ ᠦᠨᠳᠦᠰᠦᠳᠡᠨ ᠵᠦᠪᠯᠡᠯ ﹇2016﹈ 13 ᠲᠤᠭᠠᠳᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ 18 ᠪᠦᠭᠦᠯᠢ ᠨᠠᠰᠤ ᠭᠦᠷᠦᠭᠡᠳᠦᠢ ᠠᠷᠠᠳ ᠢᠷᠭᠡᠳ ᠦᠨᠳᠦᠰᠦᠳᠡᠨ ᠤ ᠪᠦᠷᠢᠯᠳᠦᠭᠦᠨ  ᠢᠶᠠᠨ ᠵᠠᠯᠠᠷᠠᠭᠤᠯᠬᠤ ᠳᠤ ᠡᠴᠢᠬᠡ ᠡᠬᠡ ᠨᠢ ᠪᠤᠶᠤ ᠡᠷᠭᠦᠨ ᠲᠡᠵᠢᠬᠡᠭᠰᠡᠨ ᠡᠴᠢᠬᠡ ᠡᠬᠡ ᠠᠴᠠ ᠨᠢ ᠲᠤᠭᠲᠠᠭᠠᠨ᠎ᠠ᠃ ᠨᠢᠬᠡᠨᠳᠡ ᠪᠦᠭᠦᠯᠢ 18 ᠨᠠᠰᠤ ᠭᠦᠷᠴᠤ᠂ 20 ᠪᠦᠭᠦᠯᠢ ᠨᠠᠰᠤ ᠭᠦᠷᠦᠭᠡᠳᠦᠢ ᠠᠷᠠᠳ ᠢᠷᠬᠡᠳ ᠦᠨᠳᠦᠰᠦᠳᠡᠨ ᠤ ᠪᠦᠷᠢᠯᠳᠦᠭᠦᠨ ᠢᠶᠠᠨ ᠵᠠᠯᠠᠷᠠᠭᠤᠯᠬᠤ ᠳᠤ ᠲᠤᠰ ᠭᠦᠮᠦᠨ ᠦᠪᠡᠰᠤᠪᠡᠨ ᠲᠤᠭᠲᠠᠭᠠᠵᠤ᠂ 20 ᠪᠦᠭᠦᠯᠢ ᠨᠠᠰᠤ ᠭᠦᠷᠦᠭᠰᠡᠨ ᠪᠤᠯ ᠦᠨᠳᠦᠰᠦᠳᠡᠨ ᠤ ᠪᠦᠷᠢᠯᠳᠦᠭᠦᠨ ᠢᠶᠠᠨ ᠬᠠᠯᠠᠨ ᠦᠭᠡᠷᠡᠴᠢᠯᠡᠵᠤ ᠦᠬᠡᠢ᠃ ᠦᠨᠳᠦᠰᠦᠳᠡᠨ ᠤ ᠪᠦᠷᠢᠯᠳᠦᠭᠦᠨ ᠢᠶᠠᠨ ᠵᠠᠯᠠᠷᠠᠭᠤᠯᠬᠤ ᠳᠤ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠢᠷᠬᠡᠳ ᠤᠨ ᠦᠨᠳᠦᠰᠦᠳᠡᠨ ᠤ ᠪᠦᠷᠢᠯᠳᠦᠭᠦᠨ ᠢᠶᠠᠨ ᠦᠭᠡᠷᠡᠴᠢᠯᠡᠬᠦ ᠶᠢ ᠭᠤᠶᠤᠪᠴᠢᠯᠠᠬᠤ ᠭᠦᠰᠦᠨᠦᠭᠳᠤ︾ ᠶᠢ 6 ᠬᠤᠪᠢ ᠲᠠᠭᠯᠠᠵᠤ᠂ ᠲᠤᠰ ᠭᠦᠮᠦᠨ ᠤ ᠡᠷᠦᠬᠡ ᠠᠮᠨ ᠶᠢᠨ ᠲᠠᠪᠳᠠᠷ᠂ ᠲᠦᠷᠦᠭᠰᠡᠨ ᠤ ᠬᠡᠷᠡᠴᠢ ᠵᠢᠴᠢ ᠡᠴᠢᠬᠡ ᠡᠬᠡ  ᠶᠢᠨ ᠬᠢᠨᠢ ᠡᠷᠦᠬᠡ ᠠᠮᠨ ᠶᠢᠨ ᠲᠠᠪᠳᠠᠷ ᠤᠨ ᠬᠠᠭᠤᠯᠪᠤᠷᠢ ᠵᠡᠷᠬᠡ ᠮᠠᠲ᠋ᠧᠷᠢᠶᠠᠯ ᠢ ᠳᠠᠭᠠᠯᠳᠤᠭᠤᠯᠤᠨ᠂ ᠱᠠᠳᠤ ᠲᠠᠷᠠᠭᠠᠯᠠᠨ ᠲᠡᠬᠡᠭᠰᠢ ᠮᠡᠳᠡᠭᠦᠯᠵᠤ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ ᠢᠶᠠᠷ ᠬᠢᠨᠡᠨ ᠵᠦᠪᠰᠢᠶᠡᠷᠡᠭᠦᠯᠦᠭᠰᠡᠨ ᠤ ᠲᠠᠷᠠᠭ᠎ᠠ᠂ ︽ᠰᠠᠭᠤᠭᠠᠯᠢ ᠠᠷᠠᠳ ᠤᠨ ᠡᠷᠦᠬᠡ ᠠᠮᠨ ᠶᠢᠨ ᠳᠠᠩᠰᠠᠯᠠᠯ ᠢ ᠦᠭᠡᠷᠡᠴᠢᠯᠡᠬᠦ ᠭᠦᠰᠦᠨᠦᠭᠳᠤ︾ ᠶᠢ 2 ᠬᠤᠪᠢ ᠲᠠᠭᠯᠠᠭᠠᠳ᠂ ᠲᠤᠮᠢᠯᠠᠭᠰᠠᠨ ᠰᠠᠯᠪᠦᠷᠢ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠭᠦᠢᠴᠡᠳᠭᠡᠨ᠎ᠡ᠃      ︵ᠲᠠᠪᠤ︶᠂ ᠢᠷᠬᠡᠨ ᠤ ᠪᠡᠶ᠎ᠡ ᠶᠢᠨ ᠦᠨᠡᠮᠯᠡᠯ ᠤᠨ ᠨᠤᠮᠧᠷ ᠢ ᠦᠭᠡᠷᠡᠴᠢᠯᠡᠬᠦ      ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠴᠠ ᠠᠷᠠᠳ ᠢᠷᠬᠡᠨ ᠤ ᠪᠡᠶ᠎ᠡ ᠶᠢᠨ ᠦᠨᠠᠮᠯᠠᠯ ᠤᠨ ᠨᠤᠮᠧᠷ ᠳᠠᠪᠬᠤᠷᠳᠠᠬᠤ ᠪᠤᠶᠤ ᠪᠤᠷᠤᠭᠤᠳᠠᠬᠤ ᠶᠢ ᠤᠯᠵᠤ ᠮᠡᠳᠡᠪᠡᠯ᠂ ᠲᠤᠰ ᠭᠦᠮᠦᠨ ᠳᠤᠨᠢ ᠮᠡᠳᠡᠭᠳᠡᠵᠤ᠂ ᠵᠠᠯᠠᠷᠠᠭᠤᠯᠤᠨ ᠳᠠᠩᠰᠠᠯᠠᠭᠤᠯᠤᠨ᠎ᠠ᠃ ᠲᠤᠰ ᠭᠦᠮᠦᠨ ︽ᠰᠠᠭᠤᠭᠠᠯᠢ ᠠᠷᠠᠳ ᠤᠨ ᠡᠷᠦᠬᠡ ᠠᠮᠨ ᠶᠢᠨ ᠳᠠᠩᠰᠠᠯᠠᠯ ᠢ ᠦᠭᠡᠷᠴᠢᠯᠡᠬᠦ ᠭᠦᠰᠦᠨᠦᠭᠳᠤ︾ ᠶᠢ 2 ᠬᠤᠪᠢ ᠲᠠᠭᠯᠠᠭᠠᠳ᠂ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ  ᠪᠠᠷ ᠬᠢᠨᠠᠨ ᠵᠦᠪᠰᠢᠶᠡᠷᠡᠭᠦᠯᠵᠤ᠂ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠵᠠᠯᠠᠷᠠᠭᠤᠯᠬᠤ ᠭᠠᠷ ᠭᠦᠢᠴᠡᠳᠬᠡᠯ ᠬᠢᠨ᠎ᠡ᠃ ᠲᠤᠰ ᠭᠦᠮᠦᠨ ᠮᠡᠳᠡᠭᠳᠡᠯ ᠢ ᠤᠯᠤᠭᠰᠠᠨ ᠤ ᠲᠠᠷᠠᠭ᠎ᠠ᠂ ᠤᠤᠯ  ᠤᠨ ᠲᠤᠭᠳᠠᠭᠠᠯ ᠶᠤᠰᠤᠭᠠᠷ ᠵᠠᠯᠠᠷᠠᠭᠤᠯᠤᠨ ᠲᠠᠩᠰᠠᠯᠠᠬᠤ ᠪᠠᠷ ᠮᠡᠳᠡᠬᠦᠯᠬᠦ ᠦᠬᠡᠢ ᠪᠤᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠮᠢᠶ᠎ᠠ ᠪᠦᠭᠦᠢ ᠲᠤᠭᠳᠠᠭᠠᠯ ᠶᠤᠰᠤᠭᠠᠷ᠂ ᠲᠤᠮᠢᠯᠠᠭᠰᠠᠨ ᠰᠠᠯᠪᠦᠷᠢ ᠶᠢᠨ ᠪᠠᠶᠢᠩᠭᠤ ᠶᠢᠨ ᠰᠠᠭᠤᠭ᠎ᠠ ᠭᠦᠮᠦᠨ ᠠᠮᠨ ᠶᠢᠨ ᠰᠤᠷᠠᠭ ᠵᠠᠩᠬᠢ ᠶᠢᠨ ᠰᠢᠰᠲ᠋ᠧᠮ ᠤᠨ ᠶᠤᠰᠤᠭᠠᠷ ᠲᠤᠰ ᠭᠦᠮᠦᠨ ᠤ ᠪᠡᠶ᠎ᠡ ᠶᠢᠨ ᠦᠨᠡᠮᠯᠡᠯ ᠤᠨ ᠨᠤᠮᠧᠷ ᠢ ᠵᠠᠯᠠᠷᠠᠭᠤᠯᠤᠨ ᠳᠠᠩᠰᠠᠯᠠᠨ᠎ᠠ᠃      ︵ᠵᠢᠷᠭᠤᠭ᠎ᠠ︶᠂ ᠭᠤᠤᠯ ᠪᠤᠰᠤ ᠲᠦᠷᠦᠯ ᠵᠦᠢᠯ ᠤᠨ ᠲᠠᠩᠰᠠᠯᠠᠯ ᠢ ᠦᠭᠡᠷᠡᠴᠢᠯᠡᠬᠦ      ᠠᠷᠠᠳ ᠢᠷᠬᠡᠳ ᠤᠨ ᠲᠤᠬᠠᠶᠢᠯᠠᠭᠰᠠᠨ ᠠᠵᠢᠯ᠂ ᠦᠢᠯᠡᠴᠢᠯᠡᠬᠡᠨ ᠤ ᠭᠠᠵᠠᠷ᠂ ᠰᠤᠶᠤᠯ ᠤᠨ ᠬᠢᠷᠢ ᠬᠡᠮᠵᠢᠶ᠎ᠡ᠂ ᠤᠷᠤᠭ ᠤᠨ ᠪᠠᠶᠢᠳᠠᠯ ᠵᠡᠷᠬᠡ ᠭᠦᠳᠡᠯᠦᠩᠭᠦᠢ ᠠᠭᠤᠯᠭ᠎ᠠ ᠳᠤ ᠬᠤᠪᠢᠷᠠᠯᠳᠡ ᠭᠠᠷᠤᠭᠰᠠᠨ ᠪᠤᠶᠤ ᠲᠠᠰᠢᠶ᠎ᠠ ᠪᠤᠷᠤᠭᠤ ᠪᠤᠯᠤᠭᠰᠠᠨ ᠪᠤᠯ ᠲᠤᠰ ᠭᠦᠮᠦᠨ ᠪᠤᠶᠤ ᠡᠷᠦᠬᠡ ᠶᠢᠨ ᠡᠵᠡᠨ᠂ ᠬᠤᠯᠪᠤᠭᠳᠠᠯ ᠪᠦᠭᠦᠢ ᠬᠡᠷᠡᠴᠢᠯᠡᠭᠦ ᠮᠠᠲ᠋ᠧᠷᠢᠶᠠᠯ ᠢᠶᠠᠷ ᠪᠠᠷᠢᠮᠳᠠ ᠪᠤᠯᠭᠠᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠮᠡᠳᠡᠭᠦᠯᠵᠤ᠂ ᠲᠠᠩᠰᠠᠯᠠᠯ  ᠢᠶᠠᠨ ᠦᠭᠡᠷᠡᠴᠢᠯᠡᠬᠦ ᠪᠠᠷ ᠮᠡᠳᠡᠭᠦᠯᠦᠨ᠎ᠡ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号