ᠡᠷᠦᠬᠡ ᠠᠮᠨ ᠶᠢ ᠨᠦᠬᠦᠨ ᠳᠠᠩᠰᠠᠯᠠᠬᠤ ᠠᠵᠢᠯ ᠢ ᠭᠦᠢᠴᠡᠳᠬᠡᠭᠦ ᠶᠠᠪᠤᠴᠨ
ᠨᠡᠶᠢᠲᠡᠯᠡᠭᠰᠡᠨ ᠴᠠᠭ᠄
2018-04-26
     ᠡᠷᠦᠬᠡ ᠠᠮᠨ ᠶᠢᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ᠂ ᠴᠢᠮᠡᠭᠡ ᠵᠠᠩᠬᠢ ᠤᠷᠤᠭᠤᠯᠬᠤ᠂ ᠲᠠᠰᠢᠶ᠎ᠠ ᠪᠤᠷᠤᠭᠤ ᠶᠢ ᠵᠠᠯᠠᠷᠠᠭᠤᠯᠬᠤ᠂ ᠰᠢᠰᠲ᠋ᠧᠮ ᠢ ᠰᠠᠶᠢᠵᠢᠷᠠᠭᠤᠯᠬᠤ ᠵᠡᠷᠬᠡ ᠶᠠᠪᠤᠴᠨ ᠲᠤᠮᠳᠠ ᠡᠭᠦᠰᠦᠭᠰᠡᠨ ᠠᠯᠳᠠᠭ᠎ᠠ ᠵᠢᠴᠢ ᠡᠷᠤᠬᠡ ᠠᠮᠠ ᠶᠢᠨ ᠳᠠᠩᠰᠠᠨ ᠠᠴᠠ ᠬᠡᠭᠡᠭᠳᠡᠵᠤ ᠤᠷᠬᠢᠭᠳᠠᠭᠰᠠᠨ ᠪᠠ ᠪᠦᠭᠦ ᠤᠯᠤᠰ ᠤᠨ ᠭᠦᠮᠦᠨ ᠠᠮᠨ ᠶᠢᠨ ᠴᠢᠮᠡᠭᠡ ᠵᠠᠩᠬᠢ ᠶᠢᠨ ᠰᠢᠰᠲ᠋ᠧᠮ ᠳᠤ ᠡᠷᠦᠬᠡ ᠠᠮᠨ ᠶᠢᠨ ᠳᠠᠩᠰᠠ ᠦᠬᠡᠢ ᠭᠦᠮᠦᠰ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷ ᠤᠨ ᠦᠰᠦᠭ ᠵᠢᠷᠤᠵᠤ ᠦᠭᠭᠦᠭᠰᠡᠨ ᠰᠠᠭᠤᠭᠠᠯᠢ ᠠᠷᠠᠳ ᠤᠨ ᠡᠷᠦᠬᠡ ᠠᠮᠨ ᠶᠢᠨ ᠬᠠᠭᠤᠴᠢᠨ ᠲᠠᠪᠳᠠᠷ᠂ ᠰᠠᠭᠤᠭᠠᠯᠢ ᠠᠷᠠᠳ ᠤᠨ ᠪᠡᠶ᠎ᠡ ᠶᠢᠨ ᠦᠨᠠᠮᠯᠠᠯ ᠵᠡᠷᠬᠡ ᠬᠡᠷᠡᠴᠢᠯᠡᠭᠦ ᠭᠦᠴᠦᠨ ᠲᠠᠢ ᠡᠬᠡ ᠪᠢᠴᠢᠭ ᠪᠠ ᠬᠠᠭᠤᠯᠪᠤᠷᠢ ᠶᠢ ᠠᠪᠴᠤ᠂ ᠲᠤᠰ ᠭᠦᠮᠦᠨ ᠠᠴᠠ ᠡᠷᠭᠦᠳᠡᠯ ᠤᠨ ᠪᠢᠴᠢᠭ ᠪᠢᠴᠢᠵᠤ᠂ ᠲᠤᠮᠢᠯᠠᠭᠰᠠᠨ ᠰᠠᠯᠪᠦᠷᠢ ᠬᠠᠷᠭᠤᠭᠤᠯᠤᠨ ᠪᠠᠶᠢᠴᠠᠭᠠᠵᠤ᠂ ᠭᠤᠶᠤᠪᠴᠢᠯᠠᠭᠴᠢ ᠶᠢᠨ ᠡᠷᠦᠬᠡ ᠠᠮᠨ ᠶᠢ ᠲᠤᠰ ᠬᠠᠷᠢᠶ᠎ᠠ ᠤᠷᠤᠨ ᠠᠴᠠ ᠰᠢᠯᠵᠢᠨ ᠭᠠᠷᠤᠭᠰᠠᠨ ᠦᠬᠡᠢ ᠶᠢ ᠨᠤᠳᠠᠯᠠᠬᠤ ᠶᠢᠨ ᠲᠠᠭᠠᠤ ᠳᠤ ᠪᠠᠶᠢᠩᠭᠤ ᠰᠠᠭᠤᠭ᠎ᠠ ᠡᠷᠤᠬᠡ ᠠᠮᠠ ᠶᠢᠨ ᠭᠦᠰᠦᠨᠦᠭᠳᠤ ︵ᠡᠷᠦᠬᠡ ᠠᠮᠨ ᠶᠢᠨ ᠲᠤᠰᠬᠠᠢ ᠲᠠᠮᠠᠭ᠎ᠠ ᠲᠠᠷᠤᠭᠰᠠᠨ︶ ᠶᠢ ᠲᠠᠷᠤᠮᠠᠯᠯᠠᠵᠤ᠂ ᠪᠠᠶᠢᠴᠠᠭᠠᠯᠳᠠ ᠶᠢᠨ ᠮᠡᠳᠡᠭᠦᠯᠦᠯᠳᠡ ᠶᠢᠨ ᠪᠢᠴᠢᠭ ᠪᠢᠴᠢᠵᠤ᠂ ︽ᠬᠡᠬᠡᠭᠳᠡᠵᠤ ᠤᠷᠬᠢᠭᠳᠠᠭᠰᠠᠨ ᠡᠷᠦᠬᠡ ᠠᠮᠨ ᠢ ᠨᠦᠬᠦᠨ ᠳᠠᠩᠰᠠᠯᠠᠬᠤ ᠶᠢ ᠬᠢᠨᠠᠨ ᠵᠦᠪᠰᠢᠶᠡᠷᠡᠭᠦᠯᠭᠦ ᠭᠦᠰᠦᠨᠦᠭᠳᠤ︾ ᠶᠢ 2 ᠬᠤᠪᠢ ᠲᠠᠭᠯᠠᠭᠠᠳ᠂ ᠲᠤᠮᠢᠯᠠᠭᠰᠠᠨ ᠰᠠᠯᠪᠦᠷᠢ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠡᠷᠦᠬᠡ ᠠᠮᠨ ᠶᠢ ᠲᠠᠩᠰᠠᠯᠠᠭᠤᠯᠤᠨ᠎ᠠ᠃      ᠡᠷᠦᠬᠡ ᠠᠮᠨ ᠶᠢᠨ ᠳᠠᠩᠰᠠ ᠪᠠᠨ ᠨᠦᠬᠦᠨ ᠳᠠᠩᠰᠠᠯᠠᠬᠤ ᠪᠠᠷ ᠭᠤᠶᠤᠪᠴᠢᠯᠠᠵᠤ ᠪᠠᠶᠢᠭ᠎ᠠ ᠬᠦᠮᠦᠰ ᠡᠷᠦᠬᠡ ᠠᠮᠨ ᠶᠢᠨ ᠲᠠᠪᠳᠠᠷ᠂ ᠪᠡᠶ᠎ᠡ ᠶᠢᠨ ᠦᠨᠡᠮᠯᠡᠯ ᠵᠡᠷᠬᠡ ᠭᠦᠴᠦᠨ ᠲᠠᠢ ᠬᠡᠷᠡᠴᠢ ᠦᠭᠡᠢ ᠪᠣᠯ᠂ ᠤᠷᠤᠭ ᠤᠨ ᠲᠡᠮᠲᠡᠭ᠂ ᠬᠠᠨᠢ ᠨᠦᠭᠦᠷ ᠵᠢᠴᠢ ᠦᠷ᠎ᠡ ᠬᠡᠦᠬᠡᠳ ᠤᠨ ᠢᠶᠠᠨ ᠡᠷᠦᠬᠡ ᠠᠮᠨ ᠶᠢᠨ ᠲᠠᠪᠳᠠᠷ ᠢᠶᠠᠨ ᠠᠪᠴᠤ᠂ ᠤᠷᠤᠭᠯᠠᠭᠠᠳᠤᠢ ᠪᠤᠯ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠤᠷᠤᠭᠯᠠᠭᠠᠳᠤᠢ ᠬᠡᠷᠡᠴᠢ ᠭᠠᠷᠭᠠᠨ ᠠᠪᠴᠢᠷᠠᠵᠤ᠂ 16 ᠪᠦᠭᠦᠯᠢ ᠨᠠᠰᠤᠨ ᠠᠴᠠ ᠲᠤᠷᠤᠭᠰᠢᠬᠢ ᠭᠦᠮᠦᠨ ᠪᠤᠯ ᠡᠴᠢᠬᠡ ᠡᠬᠡ ᠡᠰᠡᠪᠡᠯ ᠪᠤᠰᠤᠳ ᠬᠠᠷᠠᠭᠠᠯᠵᠠᠨ ᠬᠠᠮᠠᠭᠠᠯᠠᠭᠴᠢ ᠶᠢᠨ ᠡᠷᠦᠬᠡ ᠠᠮᠨ ᠶᠢᠨ ᠲᠠᠪᠳᠠᠷ᠂ ᠭᠠᠴᠠᠭ᠎ᠠ ᠲᠤᠰᠬᠤᠨ ︵ᠰᠠᠭᠤᠭᠠᠯᠢ ᠠᠷᠠᠳ︶ ᠤ ᠵᠦᠪᠯᠡᠯ ᠵᠢᠴᠢ ᠰᠤᠮᠤ ᠪᠠᠯᠭᠠᠰᠤᠨ ᠤ ᠵᠡᠬᠡᠯᠢ ᠭᠤᠳᠤᠮᠵᠢ ᠶᠢᠨ ᠭᠡᠷᠡᠭ ᠡᠷᠬᠢᠯᠡᠭᠦ ᠭᠠᠵᠠᠷ ᠤᠨ ᠰᠠᠭᠤᠷᠢᠰᠢᠯ ᠤᠨ ᠦᠨᠡᠮᠯᠡᠯ ᠢᠶᠠᠨ ᠠᠪᠴᠢᠷᠠᠬᠤ ᠬᠡᠷᠡᠭᠲᠠᠢ᠃ ᠮᠠᠯᠵᠢᠬᠤ ᠲᠠᠷᠢᠶᠠᠯᠠᠬᠤ ᠤᠷᠤᠨ ᠤ ᠭᠦᠮᠦᠰ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠡᠷ᠎ᠡ ᠪᠤᠶᠤ ᠲᠤᠰ ᠭᠠᠴᠠᠭᠠᠨ ︵ᠲᠤᠰᠬᠤᠨ︶ ᠤ ᠠᠷᠠᠳ ᠤᠨ ᠭᠠᠷ ᠤᠨ ᠦᠰᠦᠭ ᠵᠢᠷᠤᠵᠤ ᠬᠤᠷᠤᠭᠤ ᠲᠠᠷᠤᠭᠰᠠᠨ ᠬᠡᠷᠡᠴᠢ ᠬᠠᠩᠭᠠᠨ ᠭᠤᠶᠤᠪᠴᠢᠯᠠᠭᠴᠢ᠂ ᠪᠠᠶᠢᠳᠠᠯ ᠢ ᠮᠡᠳᠡᠭᠦ ᠭᠦᠮᠦᠨ᠂ ᠭᠠᠴᠠᠭ᠎ᠠ ︵ᠲᠤᠰᠬᠤᠨ ︶ ᠤ ᠬᠠᠷᠢᠭᠤᠴᠠᠯᠭᠠᠳᠠᠨ ᠠᠴᠠ ᠯᠠᠪᠯᠠᠨ ᠠᠰᠠᠭᠤᠵᠤ ᠪᠠᠶᠢᠴᠠᠭᠠᠨ ᠲᠡᠮᠲᠡᠭᠯᠡᠯ ᠬᠢᠵᠤ᠂ ᠪᠠᠶᠢᠴᠠᠭᠠᠯᠳᠠ ᠶᠢᠨ ᠮᠡᠳᠡᠭᠦᠯᠦᠯᠳᠡ ᠪᠢᠴᠢᠨ ᠲᠤᠮᠢᠯᠠᠭᠰᠠᠨ ᠰᠠᠯᠪᠦᠷᠢ᠂ ᠬᠤᠰᠢᠭᠤᠨ‌‍ᠣ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠳᠠ  ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠤᠤᠯ ᠤᠨ ᠡᠷᠦᠬᠡ ᠠᠮᠨ ᠶᠢᠨ ᠪᠠᠶᠢᠭ᠎ᠠ ᠭᠠᠵᠠᠷ ᠤᠨ ᠲᠤᠮᠢᠯᠠᠭᠰᠠᠨ ᠰᠠᠯᠪᠦᠷᠢ ᠳᠤ ᠭᠦᠷᠴᠤ ᠭᠦᠢᠴᠡᠳᠬᠡᠨ᠎ᠡ᠃
 
ᠢᠷᠡᠯᠲᠡ᠄ ᠥᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号