ᠦᠤᠰᠢᠨ ᠰᠤᠷᠭᠠᠨ ᠬᠦᠮᠦᠵᠢᠯ ᠨᠢ ᠦᠩᠰᠢᠭ ᠵᠣᠵᠠᠭᠠᠨ ᠰᠢᠷᠬᠤᠰᠣᠨ ᠰᠤᠶᠤᠯ ᠤᠨ ᠦᠯᠦᠭᠡᠢ ᠳᠤ ᠪᠦᠪᠡᠶᠢᠯᠡᠭᠳᠡᠵᠤ | ᠣᠷᠲᠣ ᠤᠳᠠᠭᠠᠨ ᠲᠡᠦᠬᠡᠨ ᠬᠥᠭᠵᠢᠯᠲᠡ ᠶᠢᠨ ᠭᠦᠨ ᠨᠦᠯᠣᠭᠡ ᠶᠢ ᠬᠦᠷᠳᠡᠭᠰᠡᠭᠡᠷ ᠢᠷᠡᠪᠡ᠃ ᠳᠡᠭᠡᠳᠦ ᠱᠠᠳᠤ ᠪᠠ | ᠬᠤᠰᠢᠭᠤ ᠨᠠᠮ ᠵᠠᠰᠠᠭ ᠤᠨ ᠵᠦᠪ ᠤᠳᠣᠷᠢᠳᠤᠯᠭᠠ ᠵᠢᠴᠢ ᠨᠡᠶᠢᠬᠡᠮ ᠤᠨ ᠡᠯ᠎ᠡ ᠡᠳᠡᠭᠡᠳ ᠤᠨ ᠬᠠᠯᠠᠭᠤᠨ ᠳᠡᠮᠵᠢᠯᠭᠡ ᠪᠠ | ᠬᠠᠯᠠᠮᠵᠢᠯᠠᠯ ᠳᠤᠤᠷ᠎ᠠ᠂ ᠦᠤᠰᠢᠨ ᠬᠤᠰᠢᠭᠤᠨ ᠤ ᠰᠣᠷᠭᠠᠨ ᠬᠦᠮᠤᠵᠢᠯ ᠨᠢ ᠴᠢᠳᠠᠮᠵᠢ ᠪᠦᠷᠢᠨ ᠳᠦᠬᠦᠷ᠂ ᠪᠦᠲᠦᠴᠡ | ᠳᠣᠬᠢᠳᠠᠢ᠂ ᠠᠮᠢᠵᠢᠷᠠᠯ ᠳᠡᠭᠦᠯᠳᠡᠷ ᠦᠨᠳᠦᠰᠦᠨ ᠪᠠᠶᠢᠳᠠᠯ ᠨᠢᠭᠡᠨᠳᠡ ᠪᠦᠷᠢᠯᠳᠤᠨ ᠳᠣᠭᠳᠠᠪᠤᠷᠢᠵᠢᠵᠤ᠂ ᠠᠵᠤ ᠠᠬᠤᠢ ᠨᠡᠶᠢᠬᠡᠮ | ᠤᠨ ᠬᠦᠭᠵᠢᠯᠳᠡ ᠳᠤ ᠵᠣᠬᠢᠴᠠᠭᠰᠠᠨ ᠰᠤᠷᠭᠠᠨ ᠬᠦᠮᠤᠵᠢᠯ ᠤᠨ ᠦᠨᠳᠦᠰᠣᠨ ᠲᠤᠭᠲᠠᠯᠴᠠᠭ᠎ᠠ ᠶᠢ ᠪᠥᠷᠢᠯᠳᠦᠭᠦᠯᠦᠭᠰᠡᠨ | ᠪᠠᠶᠢᠨ᠎ᠠ᠃ | ᠦᠭᠡᠷᠡᠴᠢᠯᠡᠯᠳᠡ ᠨᠡᠭᠡᠭᠡᠯᠳᠡ ᠬᠢᠭᠰᠡᠨ ᠠᠴᠠ ᠨᠠᠰᠢ᠂ ᠦᠤᠰᠢᠨ ᠬᠤᠰᠢᠭᠤᠨ ᠤ ᠰᠣᠷᠭᠠᠨ ᠬᠦᠮᠤᠵᠢᠯ ᠨᠢ ᠬᠠᠮᠢᠶᠠᠷᠣᠯᠳᠠ | ᠶᠢᠨ ᠪᠠᠶᠢᠭᠤᠯᠤᠮᠵᠢ᠂ ᠰᠤᠷᠭᠠᠨ ᠬᠦᠮᠦᠵᠢᠯ ᠤᠨ ᠪᠦᠳᠦᠴᠡ᠂ ᠰᠣᠷᠭᠠᠨ ᠬᠦᠮᠦᠵᠢᠯ ᠵᠢᠭᠠᠨ ᠰᠣᠷᠭᠠᠯᠳᠠ ᠵᠡᠷᠭᠡ ᠤᠯᠠᠨ ᠳᠠᠯ᠎ᠠ | ᠪᠠᠷ ᠰᠦᠪᠡᠭᠴᠢᠯᠡᠯᠳᠡ ᠬᠢᠵᠤ ᠦᠭᠡᠷᠡᠴᠢᠯᠡᠨ᠂ ᠰᠣᠷᠭᠠᠨ ᠬᠦᠮᠦᠵᠢᠯ ᠤᠨ ᠦᠯᠡᠮᠵᠢ ᠶᠢᠨ ᠰᠠᠶᠢᠬᠠᠨ ᠠᠭᠤᠷ ᠠᠮᠢᠰᠬᠤᠯ ᠠᠬᠤᠢ | ᠲᠥᠷᠬᠦ ᠶᠢ ᠪᠦᠳᠦᠭᠡᠵᠤ᠂ ᠦᠨᠢᠷ ᠲᠠᠩᠰᠤᠭ ᠠᠮᠵᠢᠯᠳᠠ ᠪᠦᠳᠣᠭᠡᠯ ᠢ ᠣᠯᠣᠭᠰᠠᠨ ᠪᠠᠶᠢᠨ᠎ᠠ᠃ ᠤᠳᠤᠬᠠᠨ ᠳᠤ ᠪᠦᠬᠦ | ᠬᠤᠰᠢᠭᠤᠨ ᠳᠤ ᠳᠤᠮᠳᠠᠳᠤ ᠪᠠᠭ᠎ᠠ ᠰᠣᠷᠭᠠᠭᠤᠯᠢ᠂ ᠴᠡᠴᠡᠷᠯᠢᠭ 44 ᠪᠠᠶᠢᠨ᠎ᠠ᠂ ᠡᠭᠦᠨ ᠳᠤ ᠡᠩ ᠤᠨ ᠳᠡᠭᠡᠳᠤ ᠳᠣᠮᠳᠠᠳᠤ | ᠰᠣᠷᠭᠠᠭᠤᠯᠢ 1᠂ ᠠᠵᠢᠯ ᠮᠡᠷᠭᠡᠵᠢᠯ ᠤᠨ ᠳᠣᠮᠳᠠᠳᠠᠳᠣ ᠰᠣᠷᠭᠠᠭᠤᠯᠢ 1᠂ ᠪᠦᠷᠢᠨ ᠳᠤᠮᠳᠠᠳᠣ ᠰᠤᠷᠭᠠᠭᠤᠯᠢ 1 ︵ᠤᠷᠳᠤᠰ | ᠮᠤᠩᠭᠤᠯ ᠬᠤᠶᠠᠳᠣᠭᠠᠷ ᠳᠣᠮᠳᠠᠳᠣ ᠰᠣᠷᠭᠠᠭᠤᠯᠢ︶ ᠠᠩᠬ᠎ᠠ ᠳᠤᠮᠳᠠᠳᠤ 1᠂ ᠶᠢᠰᠤᠨ ᠵᠢᠯ ᠤᠨ ᠳᠦᠷᠢᠮᠳᠦ ᠰᠤᠷᠭᠠᠭᠤᠯᠢ 2᠂ | ᠪᠠᠭ᠎ᠠ ᠰᠤᠷᠭᠠᠭᠤᠯᠢ 8 ︵ᠬᠤᠶᠠᠷ ᠦᠨᠳᠦᠰᠦᠨ ᠤ ᠪᠠᠭ᠎ᠠ ᠰᠤᠷᠭᠠᠭᠤᠯᠢ ᠪᠠᠭᠳᠠᠨ᠎ᠠ︶᠂ ᠴᠡᠴᠡᠷᠯᠢᠭ 10᠂ | ᠳᠠᠩᠰᠠᠯᠠᠭᠤᠯᠣᠭᠰᠠᠨ ᠠᠷᠠᠳ ᠠᠴᠠ ᠡᠷᠬᠢᠯᠡᠭᠰᠡᠨ ᠴᠡᠴᠡᠷᠯᠢᠭ 20 ᠶᠢ ᠪᠠᠭᠲᠠᠭᠠᠨ᠎ᠠ︶᠂ ᠰᠤᠷᠭᠠᠭᠤᠯᠢ ᠪᠠ ᠴᠡᠴᠡᠷᠯᠢᠭ ᠤᠨ | ᠰᠤᠷᠤᠭᠴᠢ ᠶᠢᠨ ᠲᠤᠭ᠎ᠠ 22674 ᠭᠠᠷᠥᠢ᠂ ᠠᠵᠢᠯ ᠤᠨ ᠪᠠᠶᠢᠷᠠᠨ ᠳᠤ ᠪᠠᠶᠢᠭ᠎ᠠ ᠪᠠᠭᠰᠢ ᠠᠵᠢᠯᠳᠠᠨ 2156 ᠪᠠᠶᠢᠨ᠎ᠠ᠃ | ᠤᠷᠴᠢᠮ ᠤᠨ ᠵᠢᠯ ᠤᠳ ᠲᠤ᠂ ᠪᠦᠬᠦ ᠬᠤᠰᠢᠭᠤ ᠰᠤᠷᠭᠠᠨ ᠬᠦᠮᠦᠵᠢᠯ ᠤᠨ ᠪᠡᠯᠡ ᠤᠷᠤᠭᠤᠯᠤᠯᠲᠠ ᠶᠢ ᠶᠡᠭᠡ ᠬᠡᠮᠵᠢᠶ᠎ᠡ | ᠪᠠᠷ ᠨᠡᠮᠡᠭᠳᠡᠭᠦᠯᠵᠦ᠂ ᠦᠦᠰᠢᠨ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠴᠠᠭᠠᠨᠨᠠᠭᠤᠷ ᠴᠡᠴᠡᠷᠯᠢᠭ ᠵᠡᠷᠭᠡ 9 | ᠰᠠᠭᠤᠷᠢ ᠰᠣᠷᠭᠠᠭᠤᠯᠢ ᠶᠢ ᠰᠢᠨ᠎ᠡ ᠪᠠᠷ ᠪᠠᠷᠢᠵᠤ᠂ ᠥᠷᠭᠡᠳᠬᠡᠨ ᠪᠠᠶᠢᠭᠤᠯᠤᠭᠰᠠᠨ ᠰᠤᠷᠭᠠᠭᠤᠯᠢ ᠴᠡᠴᠡᠷᠯᠢᠭ 5 ᠰᠠᠭᠤᠷᠢ | ᠪᠠᠶᠢᠵᠦ᠂ ᠤᠷᠢᠳ ᠬᠤᠵᠢᠳ ᠣᠳᠣᠬᠢᠴᠢᠯᠠᠭᠰᠠᠨ ᠠᠯᠤᠰ ᠡᠵᠡᠮᠰᠢᠯ ᠤᠨ ᠦᠨᠳᠦᠷ ᠪᠠᠷᠢᠮᠵᠢᠶᠠᠳᠦ ᠰᠤᠷᠭᠠᠭᠤᠯᠢ ᠶᠢᠨ | ᠬᠦᠷᠢᠶᠡᠨ ᠤ ᠲᠤᠤᠷ ᠰᠦᠯᠵᠢᠶ᠎ᠡ᠂ ᠠᠩᠭᠢ ᠪᠦᠷᠢ ᠳᠤ ᠨᠡᠪᠳᠡᠷᠡᠭᠦᠯᠬᠦ ᠰᠦᠯᠵᠢᠶ᠎ᠡ᠂ ᠳᠤᠷᠰᠢᠯᠳᠠ ᠢ ᠭᠡᠷ ᠤᠨ ᠪᠠᠶᠢᠭᠤᠯᠤᠯᠳᠠ | ᠶᠢ ᠪᠦᠳᠤᠭᠡᠵᠤ ᠪᠡᠶᠡᠯᠡᠭᠦᠯᠤᠨ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠬᠦᠳᠡᠭᠡ ᠳᠣᠰᠬᠤᠨ ᠤ ᠪᠠᠭ᠎ᠠ ᠰᠤᠷᠭᠠᠭᠤᠯᠢ | ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠬᠦᠮᠦᠵᠢᠯ ᠢ ᠨᠡᠶᠢᠳᠡᠮᠵᠢᠭᠦᠯᠬᠦ ᠶᠢ ᠪᠡᠶᠡᠯᠡᠭᠦᠯᠵᠤ᠂ ᠪᠦᠬᠦ ᠬᠤᠰᠢᠭᠤᠨ ᠤ ᠰᠣᠷᠭᠠᠨ | ᠬᠦᠮᠦᠵᠢᠯ ᠤᠨ ᠮᠡᠳᠡᠭᠡ ᠵᠠᠩᠬᠢ ᠶᠢᠨ ᠮᠡᠷᠭᠡᠵᠢᠯ ᠤᠨ ᠬᠡᠷᠡᠭᠯᠡᠯᠳᠡ ᠶᠢᠨ ᠬᠢᠷᠢ ᠳᠦᠪᠰᠢᠨ ᠢ ᠪᠦᠬᠦ ᠬᠤᠳᠠ ᠶᠢᠨ ᠳᠡᠷᠢᠭᠦᠨ | ᠡᠩᠨᠡᠭᠡᠨ ᠳᠤ ᠬᠦᠷᠭᠡᠭᠰᠡᠨ ᠪᠠᠶᠢᠨ᠎ᠠ᠃ | 2013 ᠤᠨ ᠠᠴᠠ ᠨᠠᠰᠢ᠂ ᠪᠠᠭᠰᠢ ᠶᠢᠨ ᠡᠩᠨᠡᠭᠡᠨ ᠤ ᠵᠣᠬᠢᠶᠠᠨ ᠪᠠᠶᠢᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠨᠡᠶᠢᠲᠡ 459 ᠨᠡᠷ᠎ᠡ ᠪᠠᠭᠰᠢ ᠶᠢ ᠡᠯᠰᠡᠭᠰᠡᠨ ᠪᠤᠶᠤ ᠤᠷᠢᠨ ᠬᠡᠷᠡᠭᠯᠡᠭᠰᠡᠨ ᠪᠠᠶᠢᠨ᠎ᠠ᠃ ︿︿ᠨᠡᠷᠡᠲᠦ | ᠪᠠᠭᠰᠢ ᠶᠢᠨ ᠡᠩᠨᠡᠭᠡᠨ ᠤ ᠢᠨᠵᠧᠨᠧᠷᠢᠩ﹀﹀ ᠢ ᠠᠰᠢᠭᠲᠠᠢ ᠬᠡᠷᠡᠭᠯᠡᠵᠤ᠂ ᠪᠠᠭᠰᠢᠨᠠᠷ ᠤᠨ ᠪᠤᠯᠪᠠᠰᠤᠷᠠᠯ ᠢ ᠡᠷᠬᠢᠯᠡᠬᠦ ᠬᠦᠴᠦᠯᠡᠴᠡ | ᠪᠠᠨ ᠨᠡᠮᠡᠭᠳᠡᠭᠦᠯᠦᠭᠰᠡᠨ ᠠᠴᠠ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠬᠡᠪ ᠴᠢᠨᠠᠷ ᠢᠯᠡᠳᠳᠡ ᠳᠡᠭᠡᠭᠰᠢᠯᠡᠵᠦ᠂ | ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ ᠦᠦᠰᠢᠨ ᠤ ᠨᠡᠷᠡᠲᠦ ᠪᠠᠭᠰᠢ᠂ ᠬᠢᠴᠢᠶᠡᠯ ᠲᠥᠷᠥᠯ ᠤᠨ ᠳᠠᠭᠠᠭᠤᠯᠤᠭᠴᠢ᠂ | ᠭᠤᠣᠯᠯᠠᠭᠴᠢ ᠪᠠᠭᠰᠢ ᠵᠡᠷᠭᠡ ᠶᠢ 350 ᠨᠡᠷᠡᠰ ᠬᠦᠮᠦᠵᠢᠭᠦᠯᠦᠨ ᠭᠠᠷᠭᠠᠵᠦ᠂ ᠡᠯ᠎ᠡ ᠲᠥᠷᠥᠯ ᠤᠨ ᠪᠣᠯᠪᠠᠰᠤᠷᠠᠯ ᠢ 27384 | ᠬᠦᠮᠦᠨ ᠤᠳᠠᠭ᠎ᠠ ᠵᠣᠬᠢᠶᠠᠨ ᠪᠠᠶᠢᠭᠤᠯᠦᠨ᠂ ᠲᠡᠷᠢᠭᠦᠨ ᠤ ᠠᠵᠢᠯᠲᠠᠨ᠂ ᠰᠢᠯᠢᠳᠡᠭ ᠪᠠᠭᠰᠢ᠂ ᠰᠢᠯᠢᠳᠡᠭ ᠠᠩᠭᠢ ᠶᠢᠨ | ᠡᠷᠬᠢᠯᠡᠭᠴᠢ ᠵᠡᠷᠭᠡ ᠶᠢ 550 ᠬᠦᠮᠦᠨ ᠤᠳᠠᠭ᠎ᠠ ᠱᠠᠩᠨᠠᠨ ᠬᠥᠬᠢᠭᠦᠯᠪᠡ᠃ ᠪᠠᠭᠰᠢᠨᠠᠷ ᠤᠨ ᠨᠥᠬᠦᠪᠦᠷᠢ ᠣᠯᠭᠤᠮᠵᠢ ᠶᠢ | ᠳᠡᠭᠡᠭᠰᠢᠯᠡᠭᠦᠯᠵᠦ ︿︿ᠬᠠᠯᠠᠮᠵᠢᠯᠠᠯ ᠦᠵᠡᠭᠦᠯᠬᠦ ᠢᠨᠵᠧᠨᠧᠷᠢᠩ﹀﹀ ᠢ ᠲᠤᠭᠤᠰᠢᠯᠠᠭᠤᠯᠤᠨ᠂ ᠪᠠᠭᠰᠢ ᠶᠢᠨ ᠡᠩᠨᠡᠭᠡᠨ ᠤ ᠬᠡᠪ ᠤᠨ | ᠲᠣᠭᠲᠠᠭᠤᠨ ᠪᠠᠶᠢᠳᠠᠯ ᠪᠠ ᠪᠠᠭᠰᠢᠨᠠᠷ ᠤᠨ ᠠᠵᠢᠯ ᠤᠨ ᠤᠷᠮᠠᠰᠢᠯ ᠢ ᠭᠦᠢᠴᠡᠳ ᠪᠠᠳᠠᠷᠠᠭᠤᠯᠬᠤ ᠶᠢᠨ ᠲᠥᠯᠦᠭᠡ ᠣᠳᠣ ᠪᠠᠷ | ᠠᠵᠢᠯᠯᠠᠵᠦ ᠪᠠᠶᠢᠭ᠎ᠠ ᠵᠢᠩᠬᠢᠨᠢ ᠪᠠᠭᠰᠢ ᠠᠵᠢᠯᠲᠠᠨ ᠪᠠ 30 ᠵᠢᠯ ᠠᠴᠠ ᠳᠡᠭᠡᠭᠰᠢ ︵30 ᠵᠢᠯ ᠪᠠᠭᠲᠠᠨ᠎ᠠ︶ ᠠᠵᠢᠯᠯᠠᠭᠠᠳ | ᠠᠵᠢᠯ ᠠᠴᠠ ᠪᠠᠨ ᠠᠮᠠᠷᠠᠭᠰᠨ ᠪᠠᠭᠰᠢ ᠠᠵᠢᠯᠲᠠᠨ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ | ᠬᠢᠯᠬᠡᠭᠰᠡᠨ ᠪᠦᠭᠡᠳ ᠬᠥᠳᠡᠭᠡ ᠮᠠᠯᠵᠢᠬᠤ ᠣᠷᠣᠨ ᠤ ᠰᠤᠷᠭᠠᠭᠤᠯᠢ ᠳᠤ ᠪᠠᠭᠰᠢᠯᠠᠵᠦ ᠪᠠᠶᠢᠭ᠎ᠠ ᠪᠠᠭᠰᠢᠨᠠᠷ ᠲᠤ ᠵᠢᠯ ᠪᠦᠷᠢ | ᠠᠮᠢᠳᠤᠷᠠᠯ ᠪᠠ ᠣᠷᠣᠨ ᠰᠠᠭᠤᠴᠠ ᠶᠢᠨ ᠨᠥᠬᠦᠪᠦᠷᠢ ᠮᠦᠩᠬᠦ ᠶᠢ 16000 ᠲᠥᠭᠦᠷᠢᠭ ᠣᠯᠭᠤᠭᠰᠠᠨ ᠪᠠᠶᠢᠨ᠎ᠠ᠃ | 2013 ᠣᠨ ᠠᠴᠠ ᠡᠬᠢᠯᠡᠨ ᠮᠠᠨ ᠤ ᠬᠤᠰᠢᠭᠤ ᠨᠢ ᠣᠷᠣᠨ ᠪᠦᠰᠡ ᠶᠢᠨ ᠬᠢᠴᠢᠶᠡᠯ ᠤᠨ ᠲᠢᠩᠬᠢᠮ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠬᠢᠵᠦ᠂ ᠦᠨᠳᠦᠷ ᠪᠦᠲᠦᠮᠵᠢᠲᠦ ᠬᠢᠴᠢᠶᠡᠯ ᠤᠨ ᠲᠢᠩᠬᠢᠮ ᠢ ᠪᠦᠷᠢᠯᠳᠦᠭᠦᠯᠵᠦ᠂ | ᠰᠤᠷᠤᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠲᠠ ᠶᠢᠨ ᠬᠢᠴᠢᠶᠡᠯ | ᠲᠥᠷᠥᠯ ᠤᠨ ᠦᠨᠳᠦᠰᠦᠨ ᠴᠢᠳᠠᠪᠦᠷᠢ ᠶᠢᠨ ᠬᠢᠨᠠᠯᠲᠠ ᠶᠢᠨ ᠠᠵᠢᠯ ᠢ ᠤᠷᠢᠳᠠᠪᠠᠷ ᠨᠡᠭᠡᠭᠡᠵᠦ ︿︿ᠠᠷᠠᠳ ᠲᠦᠮᠡᠨ ᠤ | ᠬᠠᠨᠦᠮᠵᠢᠲᠠᠢ ᠰᠤᠷᠭᠠᠨ ᠬᠦᠮᠦᠵᠢᠯ ᠢ ᠡᠷᠬᠢᠯᠡᠬᠦ﹀﹀ ᠳᠤ ᠪᠠᠲᠤ ᠪᠠᠬᠢ ᠰᠠᠭᠤᠷᠢ ᠲᠠᠯᠪᠢᠵᠦ᠂ ᠬᠡᠪ ᠴᠢᠨᠠᠷ ᠤᠨ ᠰᠤᠷᠭᠠᠨ | ᠬᠦᠮᠦᠵᠢᠯ ᠤᠨ ᠠᠵᠢᠯ ᠢ ᠠᠬᠢᠭᠤᠯᠤᠭᠰᠠᠨ ᠪᠠᠶᠢᠨ᠎ᠠ᠃2013 ᠣᠨ ᠠᠴᠠ 2016 ᠣᠨ ᠪᠣᠯᠲᠠᠯ᠎ᠠ ᠮᠠᠨ ᠤ ᠬᠤᠰᠢᠭᠤᠨ ᠤ | ᠰᠤᠷᠭᠠᠨ ᠬᠦᠮᠦᠵᠢᠯ ᠨᠢ ᠳᠥᠷᠪᠡᠨ ᠵᠢᠯ ᠳᠠᠷᠠᠭᠠᠯᠠᠨ ᠪᠦᠬᠦ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠦᠮᠦᠵᠢᠯ ᠢ | ᠬᠢᠨᠠᠨ ᠵᠢᠯᠣᠭᠤᠳᠬᠤ ᠠᠵᠢᠯ ᠳᠤ ᠴᠦᠮ ᠨᠢᠭᠡᠳᠦᠭᠡᠷ ᠳᠡᠰ ᠤᠨ ᠱᠠᠩᠨᠠᠯ ᠬᠦᠬᠢᠭᠦᠯᠦᠯ ᠢ ᠬᠦᠷᠲᠡᠭᠰᠡᠨ ᠮᠥᠷᠲᠡᠭᠡᠨ | ᠬᠤᠰᠢᠭᠤᠨ ᠤ ᠨᠠᠮ ᠵᠠᠰᠠᠭ ᠠᠴᠠ ᠳᠥᠷᠪᠡᠨ ᠵᠢᠯ ᠳᠠᠷᠠᠭᠠᠯᠠᠨ ᠪᠣᠳᠠᠲᠤ ᠦᠷ᠎ᠡ ᠪᠦᠲᠦᠮᠵᠢ ᠪᠠᠷ ᠳᠣᠪᠣᠶᠢᠮ᠎ᠠ ᠨᠢᠭᠡᠴᠡ ᠪᠠᠷ | ᠦᠨᠡᠯᠡᠭᠰᠡᠨ ᠪᠠᠶᠢᠨ᠎ᠠ᠃ 2016 ᠣᠨ ᠳᠤ ᠮᠠᠨ ᠤ ᠬᠤᠰᠢᠭᠤᠨ ᠤ ᠰᠤᠷᠭᠠᠨ ᠬᠦᠮᠦᠵᠢᠯ ᠨᠢ ᠤᠯᠤᠰ ᠤᠨ ᠠᠯᠪᠠᠨ ᠵᠢᠷᠤᠮ | ᠤᠨ ᠰᠤᠷᠭᠠᠨ ᠬᠦᠮᠦᠵᠢᠯ ᠤᠨ ᠠᠳᠠᠯᠢ ᠲᠡᠭᠰᠢ ᠪᠠᠷ ᠬᠥᠭᠵᠢᠭᠦᠯᠬᠦ ᠬᠢᠨᠠᠨ ᠪᠠᠶᠢᠴᠠᠭᠠᠯᠲᠠ ᠶᠢ ᠢᠯᠭᠤᠮ ᠤᠷᠤᠭᠰᠢᠲᠠᠢ | ᠳᠠᠭᠤᠯᠵᠤ᠂ ᠮᠥᠨᠴᠦ 2016 ᠣᠨ ᠤ ᠳᠤᠮᠳᠠᠳᠤ ᠰᠤᠷᠭᠠᠭᠤᠯᠢ ᠳᠠᠪᠰᠢᠬᠤ ᠰᠢᠯᠭᠠᠯᠲᠠ ᠳᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠰᠤᠷᠤᠭᠴᠢᠳ ᠬᠢᠲᠠᠳ ᠢᠶᠠᠷ ᠰᠢᠯᠭᠠᠭᠤᠯᠤᠭᠰᠠᠳ ᠲᠤ ᠲᠡᠷᠢᠭᠦᠯᠡᠵᠦ᠂ 2017 ᠣᠨ ᠳᠤ ᠳᠤᠮᠳᠠᠳᠤ | ᠲᠤᠰᠬᠠᠢ ᠮᠡᠷᠭᠡᠵᠢᠯ ᠤᠨ ᠨᠢᠭᠡᠳᠦᠯᠲᠠᠢ ᠰᠢᠯᠭᠠᠯᠲᠠ ᠳᠤ ᠣᠷᠳᠣᠰ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠰᠤᠷᠤᠭᠴᠢᠳ ᠮᠣᠩᠭᠤᠯ ᠢᠶᠠᠷ ᠰᠢᠯᠭᠠᠭᠤᠯᠤᠭᠰᠠᠳ ᠲᠤ ᠲᠡᠷᠢᠭᠦᠯᠡᠭᠰᠡᠨ ᠰᠠᠶᠢᠨ ᠬᠢᠷᠢ ᠪᠦᠲᠦᠮᠵᠢ ᠶᠢ ᠭᠠᠷᠭᠠᠭᠰᠠᠨ ᠶᠣᠮ᠃ |