ᠰᠥᠯᠳᠡ ᠰᠤᠮᠤ ᠠᠵᠤ ᠦᠢᠯᠡᠰ ᠤᠨ ᠪᠥᠳᠥᠴᠡ ᠪᠠᠨ ᠲᠣᠬᠢᠷᠠᠭᠤᠯᠤᠨ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2018-04-28
      ︽ᠵᠢᠯ ᠤᠨ ᠠᠵᠢᠯ ᠬᠠᠪᠤᠷ ᠲᠠᠭᠠᠨ︾ ᠬᠡᠳᠡᠭ ᠢᠶᠠᠷ᠂ ᠮᠠᠨ ᠤ ᠬᠤᠰᠢᠭᠤᠨ ᠤ ᠮᠠᠯᠵᠢᠬᠤ ᠪᠠᠷ ᠭᠤᠤᠯᠯᠠᠭᠰᠠᠨ ᠰᠦᠯᠳᠡ ᠰᠤᠮᠤ ᠬᠠᠪᠤᠷ ᠤᠨ ᠲᠠᠷᠢᠶᠠᠯᠠᠭ᠎ᠠ ᠶᠢᠨ ᠴᠠᠭ ᠢ ᠠᠰᠢᠭᠯᠠᠨ᠂  ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠣᠯᠠᠮ ᠨᠢᠭᠡ ᠠᠯᠬᠤᠮ ᠬᠦᠨᠵᠡᠬᠡᠶᠢᠷᠡᠬᠦᠯᠵᠦ᠂ ᠶᠠᠳᠠᠭᠤ ᠬᠦᠴᠢᠷᠳᠡᠯᠳᠡᠢ ᠮᠠᠯᠴᠢᠳ ᠢ ᠠᠵᠦ ᠦᠢᠯᠡᠰ ᠢᠶᠠᠷ ᠲᠡᠳᠬᠦᠬᠦ ᠲᠦᠰᠦᠯ ᠢ ᠦᠷᠬᠦᠯᠵᠢᠯᠡᠨ ᠬᠡᠷᠡᠭᠵᠢᠬᠦᠯᠵᠦ᠂ ᠲᠡᠳᠡᠨ ᠢ ᠲᠠᠶᠢᠴᠢᠯᠡᠨ ᠠᠵᠦ ᠠᠬᠤᠢ ᠶᠢᠨ ᠲᠠᠷᠢᠮᠠᠯ ᠢ ᠬᠠᠪᠰᠤᠷᠭᠠᠨ ᠲᠠᠷᠢᠭᠤᠯᠵᠦ᠂ ᠦᠪᠡᠷ ᠤᠨ ᠬᠦᠴᠦ ᠪᠠᠷ ᠢᠶᠠᠨ ᠲᠡᠭᠵᠢᠷᠡᠬᠦ ᠢᠳᠡᠬᠡᠯ ᠵᠤᠷᠢᠭ ᠢ ᠨᠢ ᠪᠠᠳᠤᠳᠬᠠᠨ᠂ ᠶᠠᠳᠠᠭᠤ ᠠᠴᠠ ᠠᠩᠬᠢᠵᠢᠷᠠᠬᠤ ᠠᠵᠢᠯ ᠤᠨ ᠲᠦᠷᠦᠭᠡ ᠶᠢ ᠨᠢ ᠴᠢᠩᠭᠠᠯᠠᠪᠠ᠃      ᠣᠶᠢᠷ᠎ᠠ ᠶᠢᠨ ᠡᠳᠤᠷ᠂ ᠰᠦᠯᠳᠡ ᠰᠤᠮᠤᠨ ᠤ ᠴᠠᠮᠬᠠᠭ ᠭᠠᠴᠠᠭᠠᠨ ᠳᠤ ᠬᠤᠯᠠ ᠣᠶᠢᠷ᠎ᠠ ᠠᠴᠠ ᠬᠦᠷᠦᠯᠴᠡᠨ ᠢᠷᠡᠭᠰᠡᠨ ᠮᠠᠯᠴᠢᠳ ᠬᠤᠷᠠᠨ ᠴᠤᠭᠯᠠᠷᠠᠵᠦ᠂ ᠰᠦᠯᠳᠡ ᠰᠤᠮᠤ ᠠᠴᠠ ᠶᠠᠳᠠᠭᠤ ᠬᠦᠴᠢᠷᠳᠡᠯᠳᠡᠢ ᠣᠯᠠᠨ ᠲᠥᠮᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠦ ᠪᠠᠶᠢᠭ᠎ᠠ ᠲᠤᠯᠠᠭᠠᠨ ᠬᠦᠯᠡᠮᠵᠢ ᠶᠢᠨ ᠲᠤᠨᠤᠭ ᠲᠥᠬᠦᠬᠡᠷᠤᠮᠵᠢ ᠶᠢ ᠬᠤᠪᠢᠳᠠᠨ ᠠᠪᠴᠦ ᠪᠠᠶᠢᠯ᠎ᠠ᠃ ᠮᠠᠯᠴᠢᠨ ᠮᠥᠷᠠᠨ ᠡᠨᠡ ᠵᠢᠯ ᠮᠠᠯ ᠮᠠᠯᠵᠢᠯ ᠤᠨ ᠰᠡᠯᠡᠬᠦᠤ ᠴᠠᠭ ᠢᠶᠠᠷ ᠢᠶᠠᠨ ᠪᠠᠰᠠ ᠲᠤᠯᠠᠭᠠᠨ ᠬᠦᠯᠡᠮᠵᠢ ᠶᠢᠨ ᠯᠠᠵᠤᠤ ᠲᠠᠷᠢᠬᠤ ᠰᠠᠨᠠᠭᠠᠳᠠᠢ ᠪᠠᠶᠢᠭᠰᠠᠨ ᠪᠤᠯᠪᠠᠴᠤ ᠪᠦᠲᠦᠭᠡᠨ ᠪᠠᠶᠢᠭᠤᠯᠬᠤ ᠪᠡᠯᠡ ᠮᠥᠩᠬᠦ ᠬᠦᠷᠦᠯᠴᠡᠬᠦ ᠦᠭᠡᠢ ᠭᠠᠴᠢᠭᠳᠠᠵᠦ ᠪᠠᠶᠢᠭᠰᠠᠨ ᠳᠤ ᠡᠨᠡ ᠨᠢ ᠶᠤᠰᠤᠳᠠᠢ ᠯᠡ ︽ᠲᠠᠭᠠᠷᠠᠭᠰᠠᠨ ᠬᠦᠮᠤᠨ ᠳᠤ ᠲᠠᠬᠤ ᠬᠥᠷᠭᠡᠭᠰᠡᠨ︾ ᠶᠠᠪᠤᠳᠠᠯ ᠪᠤᠯᠤᠯ᠎ᠠ᠃      ᠡᠨᠡ ᠵᠢᠯ ᠬᠤᠰᠢᠭᠤ ᠦᠨᠳᠤᠰᠤᠳᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠪᠠ ᠰᠦᠯᠳᠠ ᠰᠤᠮᠤᠨ ᠤ ᠬᠢᠨ ᠴᠠᠮᠬᠠᠭ ᠭᠠᠴᠠᠭᠠᠨ ᠤ ᠪᠤᠳᠠᠳᠤ ᠪᠠᠶᠢᠳᠠᠯ ᠢ ᠦᠨᠳᠤᠰᠤᠯᠡᠵᠦ ᠪᠠᠶᠢᠭᠠᠳ 50 ᠡᠷᠤᠬᠡ ᠳᠤ ᠯᠠᠵᠤᠤ ᠲᠠᠷᠢᠬᠤ ᠲᠤᠯᠠᠭᠠᠨ ᠬᠦᠯᠡᠮᠵᠢ ᠶᠢ ᠦᠭᠬᠦᠬᠡᠳ ᠦᠷᠬᠦᠯᠵᠢᠯᠡᠨ ᠠᠵᠦ ᠠᠬᠤᠢ ᠶᠢᠨ ᠲᠠᠷᠢᠮᠠᠯ ᠲᠠᠷᠢᠬᠤ ᠪᠠᠷ ᠣᠷᠤᠯᠭ᠎ᠠ ᠎ ᠶᠢ ᠨᠡᠮᠡᠭᠳᠡᠬᠦᠯᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠬᠢᠬᠦ ᠪᠠᠷ ᠲᠠᠮᠵᠢᠭᠤᠯᠤᠨ ᠶᠠᠳᠠᠭᠤ ᠠᠴᠠ ᠠᠩᠬᠢᠵᠢᠷᠠᠭᠤᠯᠬᠤ ᠰᠢᠨ᠎ᠡ ᠰᠦᠪᠡᠭᠴᠢᠯᠡᠯᠲᠡ ᠬᠢᠭᠰᠡᠨ ᠪᠠᠶᠢᠨ᠎ᠠ᠃      ᠴᠠᠮᠬᠠᠭ ᠭᠠᠴᠠᠭᠠᠨ ᠤ ᠲᠠᠷᠢᠶᠠᠴᠢᠨ ᠸᠠᠩ ᠱᠢ ᠬᠤ᠋ ᠪᠣᠯ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ ᠡᠷᠦᠬᠡ ᠪᠣᠯᠤᠨ᠎ᠠ᠃ ᠲᠡᠬᠦᠨ ᠤ ᠪᠦᠰᠡᠬᠦᠢ ᠨᠢ ᠨᠢᠳᠤᠨᠤᠨ ᠬᠤᠳᠤᠭᠤᠳᠤ ᠲᠠᠭᠠᠷᠢᠬᠤ ᠮᠠᠰᠠ ᠵᠠᠰᠠᠯ ᠬᠢᠬᠡᠳ ᠳᠣᠯᠤᠭᠠᠨ ᠲᠦᠮᠡ ᠢᠯᠡᠭᠦᠦ ᠲᠦᠭᠦᠷᠢᠭ ᠵᠠᠷᠤᠴᠠᠭᠤᠯᠵᠤ᠂ ᠣᠳᠣ ᠰᠠᠷ᠎ᠠ ᠪᠣᠯᠭᠠᠨ ᠬᠤᠶᠠᠷ ᠲᠦᠮᠡ ᠢᠯᠡᠭᠦᠦ ᠲᠦᠭᠦᠷᠢᠭ ᠤᠨ ᠮᠠᠰᠠ ᠵᠠᠰᠠᠯ ᠤᠨ ᠳᠠᠷᠠᠭᠠᠬᠢ ᠡᠮᠴᠢᠯᠡᠭᠡᠨ ᠤ ᠵᠠᠷᠤᠳᠠᠯ ᠬᠡᠷᠡᠭᠯᠡᠵᠦ ᠪᠠᠶᠢᠬᠤ ᠣᠴᠢᠷ ᠠᠴᠠ ᠠᠮᠢᠳᠤᠷᠠᠯ ᠨᠢ ᠲᠤᠩ ᠬᠦᠴᠢᠷᠳᠡᠯᠳᠡᠢ ᠪᠠᠶᠢᠪᠠ᠃ ᠡᠨᠡᠬᠦ ᠪᠠᠶᠢᠳᠠᠯ ᠳᠤ ᠬᠠᠨᠳᠣᠭᠤᠯᠤᠨ᠂ ᠡᠨᠡ ᠵᠢᠯ ᠰᠦᠯᠳᠡ ᠰᠤᠮᠤᠨ ᠠᠴᠠ ᠲᠡᠳᠡᠨ ᠤ ᠬᠢᠨ ᠎ ᠳᠤ ᠬᠤᠶᠠᠷ ᠰᠠᠭᠤᠷᠢ ᠯᠠᠵᠤᠤ ᠲᠠᠷᠢᠬᠤ ᠳᠤᠯᠠᠭᠠᠨ ᠬᠦᠯᠡᠮᠵᠢ ᠪᠠᠶᠢᠭᠤᠯᠤᠨ ᠦᠭᠬᠦ ᠪᠠᠷ ᠴᠠᠭ ᠢ ᠵᠠᠪᠳᠤᠨ ᠠᠵᠢᠯᠯᠠᠵᠦ ᠪᠠᠶᠢᠯ᠎ᠠ᠃      ᠸᠠᠩ ᠱᠢ ᠬᠤ᠋᠄ ︽ᠦᠩᠬᠡᠷᠡᠭᠰᠡᠨ ᠳᠤ ᠮᠠᠨ ᠤ ᠪᠠᠷᠤᠭ ᠳᠦᠷᠪᠡᠨ ᠲᠦᠮᠡ ᠢᠯᠡᠭᠦᠦ ᠲᠦᠭᠦᠷᠢᠭ ᠤᠨ ᠣᠷᠣᠯᠭ᠎ᠠ ᠣᠯᠳᠠᠭ᠃ ᠣᠳᠤ ᠡᠨᠡ ᠬᠤᠶᠠᠷ ᠰᠠᠭᠤᠷᠢ ᠳᠤᠯᠠᠭᠠᠨ ᠬᠦᠯᠡᠮᠵᠢ ᠪᠠᠶᠢᠭᠤᠯᠴᠢᠬᠠᠪᠠᠯ ᠡᠨᠡ ᠵᠢᠯ ᠪᠠᠭ᠎ᠠ ᠎ ᠳᠠᠭᠠᠨ ᠵᠢᠷᠭᠤᠭᠠᠨ ᠲᠦᠮᠡ ᠭᠠᠷᠤᠢ ᠲᠦᠭᠦᠷᠢᠭ ᠤᠨ ᠣᠷᠣᠯᠭ᠎ᠠ ᠣᠯᠤᠨ᠎ᠠ᠂ ᠡᠶᠢᠮᠤ ᠰᠠᠶᠢᠬᠠᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠪᠠᠶᠢᠬᠤ ᠪᠠᠷ ᠢᠶᠠᠨ ᠠᠵᠢᠯ ᠤᠨ ᠡᠷᠴᠢ ᠵᠤᠷᠢᠭ ᠲᠠᠶᠢᠴᠢᠯᠠᠭᠳᠠᠵᠦ ᠪᠠᠶᠢᠨ᠎ᠠ᠂ ᠡᠷᠳᠡ ᠨᠢᠬᠡᠨ ᠡᠳᠤᠷ ᠶᠠᠳᠠᠭᠤ ᠠᠴᠠ ᠠᠩᠬᠢᠵᠢᠷᠠᠬᠤ ᠳᠤ ᠢᠳᠡᠬᠡᠯ ᠲᠠᠢ ᠪᠠᠶᠢᠨ᠎ᠠ︾ ᠭᠡᠵᠤ ᠶᠠᠷᠢᠵᠤ ᠪᠠᠶᠢᠯ᠎ᠠ᠃      ᠰᠦᠯᠳᠡ ᠰᠤᠮᠤᠨ ᠤ ᠴᠠᠮᠬᠠᠭ ᠭᠠᠴᠠᠭ᠎ᠠ ᠨᠢ ᠣᠲᠤᠭ ᠤᠨ ᠡᠮᠤᠨᠡᠳᠤ ᠬᠤᠰᠢᠭᠤᠨ ᠤ ᠪᠤᠷᠤᠪᠠᠯᠭᠠᠰᠤ ᠲᠠᠢ ᠬᠦᠷᠰᠢᠯᠡᠵᠦ ᠪᠠᠶᠢᠬᠤ ᠣᠴᠢᠷ ᠠᠴᠠ᠂ 2017 ᠣᠨ ᠠᠴᠠ ᠡᠬᠢᠯᠡᠨ ᠰᠦᠯᠳᠡ ᠰᠤᠮᠤ ᠨᠢ ᠪᠤᠷᠤᠪᠠᠯᠭᠠᠰᠤ ᠶᠢᠨ ᠯᠠᠵᠤᠤ ᠶᠢᠨ ᠨᠡᠷᠡᠳᠤ ᠲᠡᠮᠳᠡᠭ ᠤᠨ ᠠᠰᠢᠭᠳᠠᠢ ᠭᠠᠵᠠᠷ ᠵᠦᠢ ᠶᠢᠨ ᠲᠠᠪᠠᠭᠤᠯᠢᠭ ᠢ ᠬᠦᠢᠴᠡᠳ ᠠᠰᠢᠭᠯᠠᠨ᠂ ᠮᠠᠯ ᠲᠠᠷᠢᠶᠠᠯᠠᠩ ᠤᠨ ᠪᠦᠲᠦᠴᠡ ᠶᠢᠨ ᠲᠤᠬᠢᠷᠠᠭᠤᠯᠤᠯᠳᠠ ᠶᠢ ᠵᠤᠷᠢᠭᠳᠠᠢ ᠰᠦᠪᠡᠭᠴᠢᠯᠡᠨ᠂ ᠠᠩᠬ᠎ᠠ ᠪᠦᠯᠦᠭ ᠭᠤᠤᠯᠳᠠᠯᠭᠠᠳᠠᠢ ᠲᠡᠳᠬᠦᠨ ᠲᠡᠮᠵᠢᠵᠦ ᠪᠠᠶᠢᠭ᠎ᠠ 42 ᠶᠠᠳᠠᠭᠤ ᠬᠦᠴᠢᠷᠳᠡᠯᠳᠡᠢ ᠡᠷᠤᠬᠡ ᠶᠢ ᠲᠠᠶᠢᠴᠢᠯᠠᠨ ᠲᠤᠯᠠᠭᠠᠨ ᠬᠦᠯᠡᠮᠵᠢ ᠶᠢᠨ ᠯᠠᠵᠤᠤ ᠶᠢ ᠲᠠᠷᠢᠭᠤᠯᠵᠤ᠂ ᠲᠡᠭᠰᠢᠳᠬᠡᠬᠡᠳ ᠡᠷᠤᠬᠡ ᠳᠣᠳᠣᠮ ᠤᠨ ᠣᠷᠤᠯᠭ᠎ᠠ ᠶᠢ ᠬᠤᠶᠠᠷ ᠲᠥᠮᠡ ᠢᠯᠡᠬᠦᠤ ᠲᠦᠬᠦᠷᠢᠭ ᠨᠡᠮᠡᠭᠳᠡᠬᠦᠯᠵᠡᠢ᠃ ᠡᠨᠡ ᠵᠢᠯ ᠠᠴᠠ ᠰᠦᠯᠳᠡ ᠰᠤᠮᠤ  ᠦᠷᠬᠦᠯᠵᠢᠯᠡᠨ ᠲᠤᠰ ᠲᠦᠷᠦᠯ ᠵᠦᠢᠯ ᠎ ᠤᠨ ᠲᠦᠬᠦᠷᠵᠢᠭᠰᠡᠨ ᠲᠤᠨᠤᠭ ᠲᠥᠬᠦᠬᠡᠷᠤᠮᠵᠢ ᠪᠠ ᠦᠢᠯᠡᠳᠪᠦᠷᠢᠯᠡᠯ ᠤᠨ ᠶᠠᠪᠤᠴᠠ ᠶᠢᠨ ᠵᠠᠪᠠᠯ ᠱᠠᠭᠠᠷᠳᠠᠭᠳᠠᠬᠤ ᠰᠠᠭᠤᠷᠢ ᠲᠥᠬᠦᠬᠡᠷᠤᠮᠵᠢ ᠶᠢ ᠪᠦᠷᠢᠯᠳᠦᠬᠦᠯᠬᠦ᠂ ᠪᠠᠭ᠎ᠠ ᠲᠤᠭᠠᠨ ᠤ ᠪᠠᠲᠤᠯᠠᠭᠠᠲᠤ ᠵᠢᠬᠡᠯᠡᠯᠭᠡ᠂ ᠰᠢᠨᠵᠢᠯᠡᠭᠡ ᠮᠡᠷᠬᠡᠵᠢᠯ ᠎ ᠤᠨ ᠪᠤᠯᠪᠠᠰᠤᠷᠠᠯ ᠬᠦᠮᠤᠵᠢᠯ ᠤᠨ ᠦᠢᠯᠡᠴᠢᠯᠡᠭᠡ ᠵᠡᠷᠭᠡ ᠶᠢ ᠢᠵᠢᠯ ᠠᠯᠬᠤᠮ ᠢᠶᠠᠷ ᠬᠠᠩᠭᠠᠨ ᠦᠭᠴᠦ᠂ ᠶᠠᠳᠠᠭᠤ ᠎ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠣᠯᠠᠮ ᠨᠢᠬᠡ ᠠᠯᠬᠤᠮ ᠲᠡᠭᠡᠭᠰᠢᠯᠡᠬᠦᠯᠬᠦ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠥᠥᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号