ᠰᠦᠯᠳᠡ ᠰᠤᠮᠤ ᠮᠠᠯ ᠲᠠᠷᠢᠶᠠᠯᠠᠩ ᠤᠨ ᠠᠵᠤ ᠦᠢᠯᠡᠰ ᠢ ᠴᠢᠬᠤᠯᠠᠴᠢᠯᠠᠨ ᠭᠦᠭᠵᠢᠭᠦᠯᠵᠤ ᠪᠤᠢ
ᠨᠡᠶᠢᠲᠡᠯᠡᠭᠰᠡᠨ ᠴᠠᠭ᠄
2018-04-28
      ᠤᠶᠢᠷ᠎ᠠ ᠶᠢᠨ ᠵᠢᠯ ᠠᠴᠠ ᠨᠠᠰᠢ ᠰᠦᠯᠳᠡ ᠰᠤᠮᠤ ᠨᠢ ᠡᠬᠢ ᠪᠠᠶᠠᠯᠢᠭ ᠤᠨ ᠲᠠᠪᠠᠭᠤᠯᠢᠭ ᠲᠤ ᠪᠠᠨ ᠲᠦᠰᠢᠭᠯᠡᠨ ᠂ ᠤᠯᠠᠮᠵᠢᠯᠠᠯᠳᠤ ᠮᠠᠯ ᠲᠠᠷᠢᠶᠠᠯᠠᠩ ᠤᠨ ᠦᠢᠯᠡᠰ ᠤᠨ ᠪᠦᠳᠤᠴᠡ ᠳᠤ ᠲᠣᠬᠢᠷᠠᠭᠤᠯᠤᠯᠳᠠ ᠬᠢᠵᠤ ᠮᠠᠯ ᠲᠠᠷᠢᠶᠠᠯᠠᠩ ᠤᠨ ᠰᠠᠭᠤᠷᠢ ᠠᠵᠤ ᠦᠢᠯᠡᠰ ᠢ ᠴᠢᠩᠭᠠᠳᠬᠠᠨ ᠯᠠᠪᠳᠠᠭᠤᠨ ᠪᠠᠳᠤᠳᠠᠢ ᠭᠦᠭᠵᠢᠭᠦᠯᠵᠤ ᠪᠠᠶᠢᠨ᠎ᠠ᠃      ᠲᠠᠷᠢᠶᠠᠯᠠᠩ ᠤᠨ ᠲᠠᠯ᠎ᠠ ᠪᠠᠷ ᠰᠢᠷᠬᠤᠰᠤᠨ ᠭᠤᠤᠯ ᠲᠠᠭᠠᠤ ᠳᠠᠬᠢ ᠲᠠᠷᠢᠵᠤ ᠲᠡᠵᠢᠭᠡᠬᠦ ᠶᠢ ᠤᠶᠠᠯᠳᠣᠭᠤᠯᠤᠭᠰᠠᠨ ᠶᠡᠭᠡ ᠲᠠᠷᠢᠶᠠᠯᠠᠬᠤ ᠤᠷᠤᠨ ᠤ ᠲᠤᠭᠤᠷᠢᠨ ᠳᠤ ︽ᠴᠣᠣᠳᠠᠢ ᠶᠢᠨ ᠵᠠᠭᠪᠤᠷ︾ ᠳᠠᠭᠤᠷᠢᠶᠠᠯ ᠣᠷᠣᠨ ᠤ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ︽ᠹᠧᠩ ᠡᠾᠧ ᠿᠢ ᠯᠢ︾᠂ ︽ᠱᠤᠸᠠᠩ ᠶᠢᠩ︾ ᠬᠤᠷᠰᠢᠶᠠᠵᠢᠯ ᠎ ᠢᠶᠠᠷ ᠲᠤᠯᠤᠭᠠᠶᠢᠯᠠᠭᠤᠯᠤᠭᠰᠠᠨ ᠵᠠᠬᠢᠶᠠᠯᠠᠭ᠎ᠠ ᠶᠢᠨ ᠲᠠᠷᠢᠶᠠᠯᠠᠩ ᠢ ᠬᠡᠷᠡᠭᠵᠢᠭᠦᠯᠦᠨ᠂ ᠴᠠᠮᠬᠠᠭ ᠭᠠᠴᠠᠭ᠎ᠠ᠂ ᠴᠣᠣᠳᠠᠢ ᠭᠠᠴᠠᠭ᠎ᠠ᠂ ᠱᠠᠷᠯᠢᠭ ᠭᠠᠴᠠᠭ᠎ᠠ᠂ ᠦᠯᠶᠢᠨᠴᠠᠶᠢᠳᠠᠮ ᠲᠣᠰᠬᠤᠨ ᠤ ᠡᠮᠦᠨ᠎ᠡ ᠭᠡᠰᠡᠭ ᠤᠨ ᠭᠤᠤᠯ ᠤᠨ ᠬᠦᠪᠡᠭᠡ ᠳᠠᠭᠠᠤ ᠭᠠᠵᠠᠷ ᠲᠤ ᠭᠤᠤᠯᠳᠠᠭᠤ ᠰᠢᠯᠢᠳᠡᠭ ᠴᠢᠨᠠᠷ ᠤᠨ ᠲᠦᠮᠦᠰᠦ᠂ ᠬᠤᠯᠢᠮᠠᠭ ᠠᠮᠤ᠂ ᠠᠯᠢᠮ᠎ᠠ ᠵᠢᠮᠢᠰ ᠢᠳᠡᠰᠢᠨ ᠨᠤᠭᠤᠭ᠎ᠠ ᠂ ᠦᠨᠳᠦᠷ ᠤᠨᠠᠯᠳᠠᠳᠣ ᠲᠡᠵᠢᠭᠡᠯ ᠪᠤᠷᠳᠤᠭ᠎ᠠ᠂ ᠪᠤᠷᠤ ᠴᠠᠷᠭᠠᠰᠣ ᠵᠡᠷᠭᠡ ᠲᠠᠷᠢᠮᠠᠯ ᠤᠨ ᠦᠢᠯᠡᠰ ᠢ ᠬᠦᠭᠵᠢᠭᠦᠯᠦᠨ᠂ ᠠᠭᠠᠵᠢᠮ ᠢᠶᠠᠷ ᠲᠠᠩ ᠭᠠᠭᠴᠠ ᠲᠠᠷᠢᠮᠠᠯ ᠢᠶᠠᠷ ᠭᠤᠤᠯᠯᠠᠬᠤ ᠪᠦᠲᠦᠴᠡ ᠶᠢ ᠬᠤᠪᠢᠷᠠᠭᠤᠯᠤᠨ᠂ ᠲᠡᠵᠢᠭᠡᠯ ᠪᠤᠷᠳᠤᠭᠠᠨ ᠤ ᠡᠵᠡᠯᠡᠬᠦ ᠬᠠᠷᠢᠴᠠᠯ ᠢ ᠨᠡᠮᠡᠭᠳᠡᠬᠦᠯᠤᠨ᠂ 2᠎ ᠠᠴᠠ 3 ᠵᠢᠯ ᠤᠨ ᠬᠤᠭᠤᠴᠠᠭᠠᠨ ᠳᠤ ᠡᠮᠦᠨ᠎ᠡ ᠬᠡᠰᠡᠭ ᠤᠨ ᠭᠤᠤᠯ ᠤᠨ ᠬᠦᠪᠡᠭᠡ ᠳᠠᠭᠠᠤ ᠤᠷᠤᠨ ᠳᠤ 5 ᠲᠦᠮᠡᠨ ᠮᠦ ᠶᠢᠨ ᠣᠳᠣᠬᠢᠴᠢᠯᠠᠭᠰᠠᠨ ᠲᠠᠷᠢᠶᠠᠯᠠᠩ ᠤᠨ ᠲᠦᠪᠯᠡᠷᠡᠯ ᠣᠷᠣᠨ ᠢ ᠪᠠᠶᠢᠭᠤᠯᠬᠤ ᠪᠠᠷ ᠬᠦᠴᠦᠯᠡᠨ ᠲᠡᠮᠡᠴᠡᠵᠤ ᠪᠤᠢ᠃      ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠠᠯ᠎ᠠ ᠪᠠᠷ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠲᠥᠩᠯᠢᠶᠤᠤ ᠬᠤᠲᠠ ᠶᠢᠨ ᠢᠦᠢ ᠯᠢᠶᠠᠩ ᠮᠠᠯ ᠤᠨ ᠦᠢᠯᠡᠰ ᠨᠡᠭᠡᠭᠡᠨ ᠬᠦᠭᠵᠢᠬᠦᠯᠬᠦ ᠬᠢᠵᠠᠭᠠᠷᠲᠤ ᠺᠤᠮᠫᠠᠨᠢ ᠪᠤᠯᠤᠨ ᠴᠣᠣᠳᠠᠢ ᠬᠤᠷᠰᠢᠶᠠᠵᠢᠯ ᠳᠤ ᠲᠦᠰᠢᠭᠯᠡᠨ᠂ ᠲᠦᠮᠡᠨ ᠲᠤᠯᠤᠭᠠᠢ ᠠᠴᠠ ᠲᠡᠭᠡᠭᠰᠢ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 1 ᠪᠠᠶᠢᠭᠤᠯᠵᠤ᠂ ᠲᠠᠯ᠎ᠠ ᠨᠤᠲᠤᠭ ᠤᠨ ᠾᠧ ᠨᠢᠤ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ᠂ ᠲᠦᠩᠽᠢ ᠮᠢᠬᠠᠨ ᠦᠬᠡᠷ ᠲᠡᠵᠢᠭᠡᠨ ᠦᠷᠡᠵᠢᠬᠦᠯᠬᠦ ᠬᠤᠷᠰᠢᠶᠠᠵᠢᠯ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠠᠴᠢᠶᠠᠯᠠᠪᠦᠷᠢ ᠪᠤᠯᠭᠠᠨ᠂ ︽ᠠᠵᠤ ᠠᠬᠤᠶᠢᠯᠠᠯ ᠎ ᠠᠴᠠ ᠦᠷᠡᠵᠢᠭᠦᠯᠦᠨ᠂ ᠮᠠᠯᠴᠢᠨ ᠡᠷᠤᠬᠡ ᠲᠡᠵᠢᠭᠡᠨ ᠪᠤᠶᠢᠵᠢᠭᠤᠯᠬᠤ︾᠎ ᠪᠠᠷ ᠭᠤᠤᠯᠳᠠᠯᠭ᠎ᠠ ᠪᠤᠯᠭᠠᠭᠰᠠᠨ ᠮᠢᠬᠠᠨ ᠦᠭᠡᠷ ᠤᠨ ᠦᠢᠯᠡᠰ ᠢ ᠡᠷᠴᠢᠮᠲᠠᠢ ᠬᠦᠭᠵᠢᠭᠦᠯᠵᠤ᠂ ᠰᠢᠨ᠎ᠡ ᠪᠠᠷ 80 ᠡᠷᠦᠬᠡ ᠶᠢᠨ ᠦᠨᠳᠦᠷ ᠦᠷ᠎ᠡ ᠠᠰᠢᠭᠲᠤ ᠭᠡᠷ ᠪᠦᠯᠢ ᠶᠢᠨ ᠮᠠᠯᠵᠢᠯ ᠤᠨ ᠲᠠᠯᠠᠪᠤᠷ ᠶᠢ ᠪᠦᠲᠦᠭᠡᠨ ᠪᠠᠶᠢᠭᠤᠯᠬᠤ ᠪᠠᠷ ᠲᠦᠯᠦᠪᠯᠡᠵᠤ ᠪᠤᠢ᠃      ᠪᠦᠲᠦᠭᠡᠭᠳᠡᠭᠦᠨ ᠢ ᠪᠤᠯᠪᠠᠰᠣᠷᠠᠭᠤᠯᠤᠨ ᠪᠤᠷᠤᠯᠠᠭᠤᠯᠬᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠲᠥᠩᠯᠢᠶᠤᠤ ᠬᠤᠲᠠ ᠶᠢᠨ ᠢᠦᠢ ᠯᠢᠶᠠᠩ ᠮᠠᠯ ᠤᠨ ᠦᠢᠯᠡᠰ᠂ ᠵᠧᠩ ᠺᠠᠩ ᠮᠠᠯ ᠲᠠᠷᠢᠶᠠᠯᠠᠩ ᠤᠨ ᠦᠢᠯᠡᠰ ᠂ ᠲᠠᠶᠢᠸᠠᠨ ᠤ ᠪᠧᠢ ᠯᠠ ᠯᠢ ᠹᠠᠩ᠂ ᠬᠤᠸᠠ ᠶᠠᠨ ᠪᠦᠯᠦᠭᠯᠡᠯ ᠵᠡᠷᠭᠡ ᠠᠵᠤ ᠠᠬᠤᠶᠢᠯᠠᠯ ᠳᠤ ᠳᠦᠰᠢᠭᠯᠡᠨ ︽ᠠᠵᠤ ᠠᠬᠤᠶᠢᠯᠠᠯ + ᠮᠠᠯᠴᠢᠨ ᠲᠠᠷᠢᠶᠠᠴᠢᠨ ᠡᠷᠤᠬᠡ︾ ᠪᠠ ︽ᠠᠵᠤ ᠠᠬᠤᠶᠢᠯᠠᠯ + ᠬᠤᠷᠰᠢᠶᠠᠵᠢᠯ︾᠎ ᠤᠨ ᠪᠦᠲᠤᠭᠡᠭᠳᠡᠭᠦᠨ ᠢᠶᠠᠨ ᠵᠠᠬᠢᠶᠠᠯᠠᠨ ᠪᠤᠷᠤᠯᠠᠭᠤᠯᠬᠤ ᠲᠣᠭᠲᠠᠯᠴᠠᠭ᠎ᠠ ᠶᠢ ᠬᠦᠨᠵᠡᠭᠡᠢ ᠲᠦᠯᠬᠢᠨ ᠠᠬᠢᠭᠤᠯᠵᠤ᠂ ᠬᠤᠷᠰᠢᠶᠠᠵᠢᠯ ᠪᠤᠯᠤᠨ ᠮᠠᠯᠴᠢᠨ ᠲᠠᠷᠢᠶᠠᠴᠢᠨ ᠡᠷᠦᠬᠡ ᠶᠢᠨ ᠳᠦᠭᠰᠢᠭᠦᠷᠢ ᠶᠢ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠬᠦᠭᠵᠢᠯᠲᠡ ᠳᠤ ᠢᠲᠡᠭᠡᠯ ᠦᠭᠡᠢ᠂ ᠮᠠᠯ ᠲᠠᠷᠢᠶᠠᠯᠠᠩ ᠤᠨ ᠪᠦᠲᠦᠭᠡᠭᠳᠡᠭᠦᠨ ᠬᠤᠳᠠᠯᠳᠣᠵᠣ ᠭᠠᠷᠬᠤ ᠦᠭᠡᠢ᠂ ᠣᠷᠣᠨ ᠨᠤᠲᠤᠭ ᠤᠨ ᠬᠦᠭᠵᠢᠯᠲᠡ ᠶᠢᠨ ᠬᠦᠴᠦᠨ ᠬᠦᠷᠦᠯᠴᠡᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠵᠢᠯ ᠤᠨ ᠳᠣᠲᠣᠷ᠎ᠠ ᠲᠡᠵᠢᠭᠡᠨ ᠦᠷᠡᠵᠢᠭᠦᠯᠬᠦ ᠲᠣᠰᠬᠠᠢ ᠬᠤᠷᠰᠢᠶᠠᠵᠢᠯ 6᠎ ᠶᠢ ᠰᠢᠨ᠎ᠡ ᠪᠠᠷ ᠪᠠᠶᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠡᠳ᠋ᠰᠢᠬᠦᠯᠬᠦ ᠲᠦᠭᠦᠭᠡᠷᠦᠮᠵᠢ ᠶᠢ ᠳᠠᠰᠣᠷᠠᠯᠲᠠ ᠦᠭᠡᠢ ᠲᠡᠭᠦᠯᠳᠡᠷᠵᠢᠭᠦᠯᠦᠨ᠂ ᠱᠠᠷᠯᠢᠭ ᠮᠠᠯ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠣᠷᠠᠭᠤᠯᠬᠤ ᠦᠢᠯᠡᠳᠪᠦᠷᠢ᠂ ᠴᠠᠮᠬᠠᠭ ᠤᠨ ᠬᠦᠯᠳᠡᠭᠦᠤ ᠢᠳᠡᠭᠡᠨ ᠤ ᠬᠡᠯᠬᠢᠶᠡᠲᠦ ᠭᠦᠢᠯᠭᠡᠭᠡᠨ ᠎ ᠤ ᠬᠦᠮᠦᠷᠭᠡ᠂ ᠲᠤᠯᠢ ᠶᠢᠨ ᠮᠢᠬ᠎ᠠ ᠪᠤᠯᠪᠠᠰᠣᠷᠠᠭᠤᠯᠬᠤ ᠦᠢᠯᠡᠳᠪᠦᠷᠢ ᠶᠢ ᠡᠭᠦᠰᠬᠡᠨ ᠪᠠᠶᠢᠭᠤᠯᠬᠤ ᠠᠵᠢᠯ ᠢ ᠰᠠᠶᠢᠲᠣᠷ ᠬᠢᠵᠦ᠂ ᠡᠯᠧᠺᠲᠷᠤᠨ ᠬᠤᠳᠠᠯᠳᠣᠭᠠᠨ ᠤ ᠳᠠᠪᠴᠠᠩ ᠢ ᠲᠠᠲᠠᠨ ᠣᠷᠣᠭᠤᠯᠬᠤ ᠠᠬᠢᠴᠠ ᠶᠢ ᠲᠦᠷᠭᠡᠳᠬᠡᠨ ᠢᠳᠡᠭᠡᠨ ᠤᠮᠳᠠᠭᠠᠨ ᠤ ᠭᠦᠢᠯᠭᠡᠭᠡᠨ ᠤ ᠨᠡᠶᠢᠭᠡᠮᠯᠢᠭ ᠢ ᠪᠠᠶᠢᠭᠤᠯᠬᠤ ᠪᠠᠷ ᠲᠦᠯᠦᠪᠯᠡᠵᠤ ᠪᠠᠶᠢᠨ᠎ᠠ᠃      ᠣᠨᠴᠠᠯᠢᠭᠳᠦ ᠨᠡᠷᠡᠳᠦ ᠲᠡᠮᠲᠡᠭ ᠢ ᠡᠭᠦᠳᠬᠦ ᠲᠠᠯ᠎ᠠ ᠪᠠᠷ ᠣᠳᠣ ᠪᠠᠶᠢᠭ᠎ᠠ ᠮᠠᠯ ᠲᠠᠷᠢᠶᠠᠯᠠᠩ ᠤᠨ ᠪᠦᠲᠦᠭᠡᠭᠳᠡᠬᠦᠨ ᠎ ᠤ ᠨᠡᠷᠡᠳᠦ ᠲᠡᠮᠲᠡᠭ ᠢ ᠪᠠᠲᠤᠳᠬᠠᠬᠤ ᠶᠢᠨ ᠰᠠᠭᠤᠷᠢᠨ ᠳᠡᠭᠡᠷ᠎ᠡ ︽8 ·1 ᠮᠠᠯᠵᠢᠯ ᠤᠨ ᠲᠠᠯᠠᠪᠤᠷ︾ ᠪᠤᠯᠤᠨ ︽ᠤᠬᠢ ᠠᠮᠲᠠᠲᠤ ᠤᠯᠠᠭᠠᠨ ᠢᠳᠡᠭᠡ︾ ᠪᠠᠶᠢᠭᠠᠯᠢᠯᠢᠭ ᠢᠳᠡᠭᠡᠨ ᠤ ᠲᠠᠸᠠᠷ ᠤᠨ ᠲᠡᠮᠲᠡᠭ ᠪᠤᠯᠤᠨ ︽ᠴᠤᠭ ᠵᠢᠪᠬᠤᠭᠠᠲᠤ ᠰᠦᠯᠳᠡ︾ ᠵᠡᠷᠭᠡ ᠭᠠᠵᠠᠷ ᠤᠷᠤᠨ ᠤ ᠲᠦᠯᠦᠭᠡᠯᠡᠬᠦ ᠴᠢᠨᠠᠷᠲᠠᠢ ᠲᠠᠸᠠᠷ ᠤᠨ ᠲᠡᠮᠲᠡᠭ ᠢ ᠳᠠᠩᠰᠠᠯᠠᠭᠤᠯᠬᠤ ᠠᠵᠢᠯ ᠢ ᠰᠠᠶᠢᠲᠤᠷ ᠬᠢᠵᠦ᠂ ᠪᠡᠯᠡ ᠣᠷᠣᠭᠤᠯᠣᠯᠲᠠ ᠪᠠᠨ ᠨᠠᠮᠡᠭᠳᠡᠬᠦᠯᠤᠨ ︽ᠭᠤᠤᠯᠲᠤ ᠪᠤᠷᠤ ᠮᠦᠭᠦ︾᠎ ᠶᠢᠨ ᠦᠢᠯᠡᠰ ᠢ ᠢᠳᠡᠪᠬᠢᠲᠡᠢ ᠬᠦᠭᠵᠢᠭᠦᠯᠬᠦ ᠪᠠᠷ ᠴᠢᠷᠮᠠᠶᠢᠵᠤ ᠪᠤᠢ᠃
 
ᠢᠷᠡᠯᠲᠡ᠄ ᠰᠦᠯᠳᠡ ᠰᠤᠮᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号