ᠰᠢ ᠶᠢᠨ ᠫᠢᠩ᠄ ᠦᠭᠡᠷᠡᠴᠢᠯᠡᠯᠳᠡ ᠬᠢᠵᠤ ᠰᠢᠨ᠎ᠡ ᠶᠢ ᠡᠭᠦᠳᠬᠦ  ᠪᠠᠶᠢᠯᠳᠤᠬᠤ ᠪᠤᠳᠤᠯᠭ᠎ᠠ ᠶᠢᠨ ᠨᠢᠬᠡᠳᠤᠯᠳᠡᠢ ᠲᠦᠯᠥᠪᠵᠢᠬᠦᠯᠬᠡ ᠬᠢᠬᠦ  ᠲᠦᠯᠥᠪᠵᠢᠬᠦᠯᠵᠤ ᠬᠦᠳᠦᠯᠥᠨ ᠵᠢᠯᠤᠭᠤᠳᠬᠤ ᠶᠢ ᠴᠢᠩᠭᠠᠳᠬᠠᠵᠥ  ᠬᠦᠬᠡᠮᠦ᠋ᠷᠡᠨ ᠤ ᠠᠵᠥ ᠠᠬᠤᠢ ᠶᠢᠨ  ᠪᠦᠰᠡ ᠶᠢᠨ ᠬᠦᠭᠵᠢᠯᠳᠡ ᠪᠠᠷ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ  ᠬᠡᠷᠡᠭᠳᠠᠢ
ᠨᠡᠶᠢᠲᠡᠯᠡᠭᠰᠡᠨ ᠴᠠᠭ᠄
2018-04-28
                ᠬᠠᠨ ᠵᠧᠩ ᠶᠠᠷᠢᠯᠴᠠᠬᠤ ᠬᠤᠷᠡᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠠᠢ      ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ  ᠬᠤᠷᠢᠶᠡᠨ ᠤ ᠲᠡᠷᠢᠬᠦᠯᠡᠭᠴᠢ ᠰᠢ ᠶᠢᠨ ᠫᠢᠩ 26᠎ ᠤ ᠦᠳᠡ ᠶᠢᠨ ᠬᠤᠶᠢᠨ᠎ᠡ ᠦᠬᠠᠨ ᠳᠤ ᠬᠦᠬᠡᠮᠦ᠋ᠷᠡᠨ ᠤ ᠠᠵᠥ ᠠᠬᠤᠢ ᠶᠢᠨ  ᠪᠦᠰᠡ ᠶᠢᠨ ᠬᠦᠭᠵᠢᠯᠳᠡ ᠶᠢ ᠬᠦᠨᠵᠡᠬᠡᠶᠢᠷᠡᠬᠦᠯᠥᠨ ᠠᠬᠢᠭᠤᠯᠬᠤ ᠶᠠᠷᠢᠯᠴᠠᠬᠤ ᠬᠤᠷᠡᠯ ᠢ ᠡᠷᠬᠢᠯᠡᠨ ᠬᠤᠷᠠᠯᠳᠤᠭᠤᠯᠤᠭᠰᠠᠨ ᠪᠦᠬᠡᠳ  ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠶᠢ ᠠᠬᠢᠭᠤᠯᠬᠤ ᠪᠤᠯ  ᠨᠠᠮ ᠤᠨ ᠲᠦᠪ ᠬᠤᠷᠢᠶᠡᠨ ᠤ ᠭᠠᠷᠭᠠᠭᠰᠠᠠ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠮᠥᠨ᠂ ᠤᠯᠤᠰ ᠤᠨ ᠬᠦᠭᠵᠢᠯᠳᠡ ᠶᠢᠨ  ᠪᠦᠬᠦ ᠲᠠᠯ᠎ᠠ ᠳᠤ ᠬᠤᠯᠪᠤᠭᠳᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠮᠥᠨ᠃ ᠰᠢᠨ᠎ᠡ ᠪᠠᠶᠢᠳᠠᠯ ᠲᠤᠤᠷ᠎ᠡ ᠬᠦᠬᠡᠮᠦ᠋ᠷᠡᠨ ᠤ ᠠᠵᠥ  ᠠᠬᠤᠢ ᠶᠢᠨ ᠪᠦᠰᠡ ᠶᠢᠨ ᠬᠦᠭᠵᠢᠯᠳᠡ ᠶᠢ ᠠᠬᠢᠭᠤᠯᠬᠤ ᠳᠤ ᠵᠠᠩᠬᠢᠯᠠᠭ᠎ᠠ ᠨᠢ ᠪᠦᠬᠦᠯᠢ ᠴᠤᠭᠴᠠ ᠪᠠᠷ ᠠᠬᠢᠭᠤᠯᠬᠤ ᠪᠡ  ᠭᠤᠤᠯᠳᠠᠯᠭ᠎ᠠ ᠲᠠᠢ ᠪᠠᠷ ᠰᠢᠪᠳᠤᠯᠬᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠠ ᠠᠵᠥ ᠠᠬᠤᠢ ᠶᠢ ᠬᠦᠭᠵᠢᠬᠦᠯᠬᠦ᠂  ᠶᠡᠷᠤᠩᠬᠡᠢ ᠳᠤᠨᠢ ᠲᠦᠯᠥᠪᠵᠢᠬᠦᠯᠬᠦ ᠪᠡ ᠴᠦᠬᠦᠷᠡᠰᠢ ᠦᠭᠡᠢ ᠴᠢᠷᠮᠡᠶᠢᠬᠤ᠂ ᠬᠠᠭᠤᠴᠢᠨ ᠬᠦᠳᠡᠯᠬᠡᠬᠦ ᠡᠨᠧᠷᠬᠢ ᠶᠢ ᠦᠬᠡᠶᠢᠰᠬᠡᠬᠦ ᠪᠠ  ᠰᠢᠨ᠎ᠡ ᠬᠦᠳᠡᠯᠬᠡᠬᠦ ᠡᠨᠧᠷᠬᠢ ᠶᠢ ᠪᠤᠶᠢᠵᠢᠭᠤᠯᠬᠤ᠂ ᠦᠪᠡᠷ ᠢ ᠪᠠᠨ ᠬᠦᠭᠵᠢᠬᠦᠯᠬᠦ ᠪᠡ ᠵᠤᠬᠢᠴᠠᠭᠤᠯᠤᠨ ᠬᠦᠭᠵᠢᠭᠦᠯᠬᠦ ᠶᠢᠨ  ᠬᠠᠷᠢᠴᠠᠭ᠎ᠠ ᠶᠢ ᠵᠦᠪ ᠢᠶᠠᠷ ᠡᠵᠡᠮᠳᠡᠵᠥ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠥ᠂ ᠲᠤᠭᠳᠠᠭᠤᠨ ᠤ ᠲᠤᠮᠳᠠ  ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠵᠥ᠂ ᠶᠡᠭᠡ ᠬᠠᠮᠠᠭᠠᠯᠠᠯᠳᠠ ᠶᠢ ᠬᠠᠮᠳᠤᠪᠡᠷ ᠠᠳᠬᠤᠬᠤ᠂  ᠶᠡᠭᠡ ᠨᠡᠬᠡᠬᠡᠨ ᠬᠦᠭᠵᠢᠬᠦᠯᠦᠯᠳᠡ ᠬᠢᠬᠦ ᠦᠭᠡᠢ ᠪᠠᠶᠢᠬᠤ ᠶᠢ ᠪᠠᠷᠢᠮᠳᠠᠯᠠᠵᠥ᠂ ᠦᠭᠡᠷᠡᠴᠢᠯᠡᠯᠳᠡ ᠬᠢᠵᠤ ᠰᠢᠨ᠎ᠡ ᠶᠢ ᠡᠭᠦᠳᠬᠦ᠂  ᠪᠠᠶᠢᠯᠳᠤᠬᠤ ᠪᠤᠳᠤᠯᠭ᠎ᠠ ᠶᠢᠨ ᠨᠢᠬᠡᠳᠤᠯᠳᠡᠢ ᠲᠦᠯᠥᠪᠵᠢᠬᠦᠯᠬᠡ ᠬᠢᠬᠦ᠂ ᠲᠦᠯᠥᠪᠵᠢᠬᠦᠯᠵᠤ ᠬᠦᠳᠦᠯᠥᠨ ᠵᠢᠯᠤᠭᠤᠳᠬᠤ ᠶᠢ  ᠴᠢᠩᠭᠠᠳᠬᠠᠵᠥ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠪᠠᠷ ᠠᠵᠥ ᠠᠬᠤᠢ ᠶᠢᠨ ᠴᠢᠨᠠᠷ ᠰᠠᠶᠢᠳᠠᠢ  ᠬᠦᠭᠵᠢᠯᠳᠡ ᠶᠢ ᠠᠬᠢᠭᠤᠯᠬᠤ ᠳᠤ ᠪᠠᠶᠢᠨ᠎ᠠ ᠬᠡᠵᠥ ᠴᠢᠬᠤᠯᠠᠴᠢᠯᠠᠪᠠ᠃        ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ  ᠬᠤᠷᠢᠶᠡᠨ ᠤ ᠲᠡᠳ᠋ ᠶᠡᠷᠤᠩᠬᠡᠢ ᠰᠠᠶᠢᠳ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠶᠢ ᠠᠬᠢᠭᠤᠯᠬᠤ  ᠤᠳᠤᠷᠢᠳᠬᠤ ᠲᠤᠭᠤᠢᠢᠯᠠᠩ ᠤᠨ ᠲᠠᠷᠤᠭ᠎ᠠ ᠬᠠᠨ ᠵᠧᠩ ᠶᠠᠷᠢᠯᠴᠠᠬᠤ ᠬᠤᠷᠡᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠠᠢ᠃        ᠡᠨᠡ ᠤᠳᠠᠭ᠎ᠠ ᠶᠢᠨ ᠶᠠᠷᠢᠯᠴᠠᠬᠤ ᠬᠤᠷᠡᠯ ᠢ ᠰᠠᠶᠢᠳᠤᠷ ᠬᠤᠷᠠᠯᠳᠤᠭᠤᠯᠬᠤ ᠶᠢᠨ ᠲᠦᠯᠥᠬᠡ᠂ 4 ᠰᠠᠷ᠎ᠠ ᠶᠢᠨ 24᠎ ᠠᠴᠠ 25᠎ ᠤ  ᠡᠳᠤᠷ ᠪᠤᠯᠳᠠᠯ᠎ᠠ᠂ ᠰᠢ ᠶᠢᠨ ᠫᠢᠩ ᠤᠷᠢᠳ ᠬᠤᠵᠢᠳ ᠬᠤᠪᠸᠢ ᠮᠤᠵᠢ ᠶᠢᠨ ᠨᠠᠮ ᠤᠨ ᠬᠤᠷᠢᠶᠡᠨ ᠤ ᠱᠦᠵᠢ ᠵᠢᠶᠠᠩ ᠴᠤᠤ ᠯᠢᠶᠠᠩ᠂  ᠮᠤᠵᠢ ᠶᠢᠨ ᠲᠠᠷᠤᠭ᠎ᠠ ᠸᠠᠩ ᠰᠢᠶᠤᠤ ᠳ᠋ᠦᠩ᠂ ᠬᠤᠨᠠᠨ ᠮᠤᠵᠢ ᠶᠢᠨ ᠨᠠᠮ ᠤᠨ ᠬᠤᠷᠢᠶᠡᠨ ᠤ ᠱᠦᠵᠢ ᠳ᠋ᠦ᠋ ᠵᠢᠶᠠ ᠬᠤᠤ᠂ ᠮᠤᠵᠢ ᠶᠢᠨ  ᠲᠠᠷᠤᠭ᠎ᠠ ᠰᠢᠤᠢ ᠳ᠋ᠠ ᠵᠧ ᠶᠢᠨ ᠪᠠᠷ᠎ᠠ ᠪᠤᠯᠤᠯᠭ᠎ᠠ ᠲᠠᠢ ᠪᠠᠷ ᠬᠤᠪᠸᠢ ᠶᠢᠨ ᠢᠴᠠᠩ ᠬᠤᠳᠠ ᠪᠤᠯᠤᠨ ᠵᠢᠩᠵᠸᠥ ᠬᠤᠳᠠ᠂ ᠬᠤᠨᠠᠨ ᠤ  ᠶᠤᠸᠠᠢ ᠶᠠᠩ ᠬᠤᠳᠠ ᠵᠢᠴᠢ ᠭᠤᠷᠪᠠᠨ ᠬᠠᠪᠴᠢᠯ ᠤᠨ ᠬᠠᠰᠢᠯᠭ᠎ᠠ ᠶᠢᠨ ᠤᠷᠤᠨ ᠵᠡᠷᠬᠡ ᠭᠠᠵᠠᠷ ᠲᠤ ᠬᠦᠨᠵᠡᠬᠡᠶᠢᠷᠡᠵᠥ᠂ ᠬᠢᠮᠢ ᠶᠢᠨ  ᠠᠵᠤ ᠦᠢᠯᠡᠳᠪᠤᠷᠢ ᠶᠢᠨ ᠠᠵᠥ ᠠᠬᠤᠢᠢᠯᠠᠯ ᠢ ᠨᠡᠬᠦᠯᠬᠡᠭᠰᠡᠡ᠂ ᠬᠠᠤᠯᠢ ᠪᠤᠰᠤ ᠭᠠᠷᠠᠮ ᠤᠨ ᠵᠠᠰᠠᠯᠳᠠ᠂ ᠮᠦᠷᠠᠨ ᠭᠤᠤᠯ ᠤᠨ  ᠪᠤᠬᠢᠷᠳᠤᠯ ᠤᠨ ᠵᠠᠰᠠᠯᠳᠠ᠂ ᠭᠤᠤᠯ ᠤᠨ ᠪᠠᠶᠢᠳᠠᠯ ᠢ ᠡᠵᠡᠮᠳᠡᠬᠦ ᠪᠠ ᠬᠦᠪᠡᠭᠡ ᠡᠷᠬᠢ ᠶᠢ ᠬᠠᠮᠠᠭᠠᠯᠠᠬᠤ ᠪᠠᠷᠢᠯᠭ᠎ᠠ᠂ ᠤᠰᠤᠨ ᠵᠠᠮ ᠤᠨ  ᠵᠠᠰᠠᠯᠳᠠ᠂ ᠨᠤᠭᠤ ᠭᠠᠵᠠᠷ ᠢ ᠰᠡᠯᠪᠢᠨ ᠰᠡᠷᠬᠦᠬᠡᠬᠦ᠂ ᠤᠰᠤᠨ ᠰᠢᠨᠵᠢᠯᠡᠬᠡᠨ ᠤ ᠦᠷᠳᠡᠭᠡ ᠶᠢᠨ ᠤᠰᠤᠨ ᠤ ᠬᠢᠨᠠᠠ ᠬᠡᠮᠵᠢᠯᠳᠡ ᠵᠡᠷᠬᠡ  ᠪᠠᠶᠢᠳᠠᠯ ᠢ ᠰᠢᠨᠵᠢᠯᠡᠨ ᠪᠠᠶᠢᠴᠠᠭᠠᠵᠥ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ  ᠬᠡᠷᠡᠭᠵᠢᠬᠦᠯᠵᠥ ᠪᠠᠶᠢᠭ᠎ᠠ ᠪᠠᠶᠢᠳᠠᠯ ᠢ ᠤᠢᠢᠯᠠᠭᠠᠭᠰᠠᠨ ᠪᠠᠶᠢᠨ᠎ᠠ᠃  
     4 ᠰᠠᠷ᠎ᠠ ᠶᠢᠨ 26᠎ ᠤ ᠦᠳᠡ ᠶᠢᠨ ᠬᠤᠶᠢᠨ᠎ᠠ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ  ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠦᠬᠠᠨ ᠳᠤ ᠬᠦᠬᠡᠮᠦ᠋ᠷᠡᠨ ᠤ  ᠠᠵᠥ ᠠᠬᠤᠢ ᠶᠢᠨ ᠪᠦᠰᠡ ᠶᠢᠨ ᠬᠦᠭᠵᠢᠯᠳᠡ ᠶᠢ ᠬᠦᠨᠵᠡᠬᠡᠶᠢᠷᠡᠬᠦᠯᠥᠨ ᠠᠬᠢᠭᠤᠯᠬᠤ ᠶᠠᠷᠢᠯᠴᠠᠬᠤ ᠬᠤᠷᠡᠯ ᠢ ᠡᠷᠬᠢᠯᠡᠨ  ᠬᠤᠷᠠᠯᠳᠤᠭᠤᠯᠤᠭᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠤᠯ ᠶᠠᠷᠢᠯᠴᠠᠬᠤ ᠬᠤᠷᠠᠯ ᠠᠴᠠ ᠡᠮᠤᠨ᠎ᠠ᠂ ᠰᠢ ᠶᠢᠨ ᠫᠢᠩ  25᠎ ᠤ ᠦᠳᠡ ᠶᠢᠨ ᠡᠮᠤᠨ᠎ᠠ ᠤᠩᠭᠤᠴᠠᠨ ᠳᠤ ᠰᠠᠭᠤᠵᠤ ᠮᠦᠷᠠᠨ ᠲᠠᠭᠠᠤ ᠬᠤᠶᠠᠷ ᠬᠦᠪᠡᠬᠡᠨ ᠤ ᠠᠮᠢ ᠠᠬᠤᠢ ᠤᠷᠴᠢᠨ ᠲᠤᠭᠤᠷᠢᠨ  ᠪᠤᠯᠤᠨ ᠬᠦᠭᠵᠢᠯᠳᠠ ᠪᠦᠳᠤᠬᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠦᠵᠡᠵᠤ ᠪᠠᠶᠢᠭ᠎ᠠ ᠨᠢ᠃                 ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ  
     4 ᠰᠠᠷ᠎ᠠ ᠶᠢᠨ 26᠎ ᠤ ᠦᠳᠡ ᠶᠢᠨ ᠬᠤᠶᠢᠨ᠎ᠠ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ  ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠦᠬᠠᠨ ᠳᠤ ᠬᠦᠬᠡᠮᠦ᠋ᠷᠡᠨ ᠤ  ᠠᠵᠥ ᠠᠬᠤᠢ ᠶᠢᠨ ᠪᠦᠰᠡ ᠶᠢᠨ ᠬᠦᠭᠵᠢᠯᠳᠡ ᠶᠢ ᠬᠦᠨᠵᠡᠬᠡᠶᠢᠷᠡᠬᠦᠯᠥᠨ ᠠᠬᠢᠭᠤᠯᠬᠤ ᠶᠠᠷᠢᠯᠴᠠᠬᠤ ᠬᠤᠷᠡᠯ ᠢ ᠡᠷᠬᠢᠯᠡᠨ  ᠬᠤᠷᠠᠯᠳᠤᠭᠤᠯᠤᠭᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠃                ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ      24᠎ ᠤ ᠦᠳᠡ ᠳᠤ᠂ ᠰᠢ ᠶᠢᠨ ᠫᠢᠩ ᠨᠢᠰᠭᠡᠯ ᠠᠴᠠ ᠪᠠᠭᠤᠮᠠᠭᠴᠠ ᠰᠢᠩ ᠹᠠ ᠪᠦᠯᠥᠭᠯᠡᠯ ᠤᠨ ᠢᠴᠠᠩ ᠤᠨ ᠰᠢᠨ᠎ᠡ  ᠮᠠᠲ᠋ᠧᠷᠢᠶᠠᠯ ᠤᠨ ᠠᠵᠥ ᠦᠢᠯᠡᠰ ᠤᠨ ᠬᠦᠷᠢᠶᠡᠯᠡᠩ ᠲᠤᠭᠤᠷᠢᠭ ᠲᠤ ᠬᠦᠷᠴᠦ᠂ ᠬᠢᠮᠢ ᠶᠢᠨ ᠠᠵᠤ ᠦᠢᠯᠡᠳᠪᠤᠷᠢ ᠶᠢᠨ ᠠᠵᠥ  ᠠᠬᠤᠢᠢᠯᠠᠯ ᠢ ᠨᠡᠬᠦᠯᠬᠡᠭᠰᠡᠡ ᠪᠤᠶᠤ ᠦᠭᠡᠷᠡᠴᠢᠯᠡᠭᠰᠡᠡ ᠵᠢᠴᠢ ᠭᠠᠷᠠᠮ ᠢ ᠰᠡᠷᠬᠦᠬᠡᠨ ᠨᠤᠭᠤᠭᠠᠷᠠᠭᠤᠯᠤᠭᠰᠠᠠ ᠪᠠᠶᠢᠳᠠᠯ ᠢ ᠪᠠᠶᠢᠴᠠᠭᠠᠨ  ᠦᠵᠡᠪᠡ᠃ ᠰᠢᠩ ᠹᠠ ᠪᠦᠯᠥᠭᠯᠡᠯ ᠪᠤᠯ ᠪᠦᠬᠦ ᠤᠯᠤᠰ ᠤᠨ ᠬᠠᠮᠤᠭ ᠤᠨ ᠶᠡᠭᠡ ᠨᠠᠷᠢᠯᠢᠭ ᠹᠤᠰᠹᠤᠷᠵᠢᠭᠤᠯᠬᠤ ᠠᠵᠥ ᠠᠬᠤᠢᠢᠯᠠᠯ ᠪᠤᠯᠬᠤ  ᠪᠦᠭᠡᠳ ᠭᠤᠷᠪᠠᠨ ᠬᠠᠪᠴᠢᠯ ᠤᠨ ᠴᠦᠬᠦᠷᠤᠮ ᠤᠨ ᠤᠷᠤᠨ ᠤ ᠬᠠᠮᠤᠭ ᠤᠨ ᠶᠡᠭᠡ ᠠᠷᠠᠳ ᠢ ᠨᠡᠬᠦᠯᠭᠡᠭᠰᠡᠡ ᠠᠵᠥ ᠠᠬᠤᠢᠢᠯᠠᠯ ᠪᠤᠯᠤᠨ᠎ᠠ᠃ ᠪᠦᠯᠥᠭᠯᠡᠯ ᠤᠨ ᠬᠦᠷᠢᠶᠡᠯᠡᠩ ᠲᠤᠭᠤᠷᠢᠭ ᠲᠤ ᠮᠦᠷᠡᠨ ᠲᠠᠭᠠᠤ ᠪᠠᠶᠢᠭᠤᠯᠤᠭᠰᠠᠠ ᠦᠢᠯᠡᠳᠪᠤᠷᠢᠯᠡᠯ ᠤᠨ ᠲᠦᠬᠦᠭᠡᠷᠤᠮᠵᠢ  ᠪᠤᠯᠤᠨ ᠭᠠᠷᠠᠮ ᠢ ᠨᠢᠬᠡᠨᠳᠡ ᠨᠡᠬᠦᠯᠬᠡᠭᠰᠡᠡ ᠪᠠ ᠨᠤᠷᠠᠭᠠᠵᠥ᠂ ᠮᠦᠷᠠᠨ ᠤ ᠬᠦᠪᠡᠭᠡ ᠶᠢᠨ 950 ᠮᠧᠲᠷ ᠭᠠᠵᠠᠷ ᠢ ᠰᠤᠯᠠᠯᠠᠵᠥ᠂ 800  ᠭᠠᠷᠤᠢ ᠮᠦ ᠭᠠᠵᠠᠷ ᠢ ᠰᠤᠯᠠᠯᠠᠵᠤ ᠦᠭᠬᠦᠭᠰᠡᠡ ᠪᠦᠭᠡᠳ ᠪᠦᠬᠦᠨ ᠢ ᠨᠤᠭᠤᠭᠠᠷᠠᠭᠤᠯᠤᠭᠰᠠᠠ ᠪᠠᠶᠢᠯ᠎ᠠ᠃ ᠨᠡᠬᠦᠯᠬᠡᠵᠥ  ᠨᠤᠭᠤᠭᠠᠷᠠᠭᠤᠯᠤᠭᠰᠠᠠ ᠭᠠᠵᠠᠷ ᠲᠤ ᠦᠵᠡᠬᠦᠯᠥᠯᠬᠡ ᠶᠢᠨ ᠰᠠᠮᠪᠠᠷ᠎ᠠ ᠨᠤᠭᠤᠳ ᠢ ᠲᠠᠯᠪᠢᠵᠥ᠂ ᠬᠤᠪᠸᠢ ᠮᠤᠵᠢ ᠪᠤᠯᠤᠨ ᠢᠴᠠᠩ  ᠬᠤᠳᠠ ᠶᠢᠨ ᠬᠢᠮᠢ ᠶᠢᠨ ᠠᠵᠤ ᠦᠢᠯᠡᠳᠪᠤᠷᠢ ᠶᠢᠨ ᠠᠵᠥ ᠠᠬᠤᠢᠢᠯᠠᠯ ᠢ ᠨᠡᠬᠦᠯᠬᠡᠭᠰᠡᠡ᠂ ᠪᠤᠬᠢᠷᠳᠤᠯ ᠢ ᠴᠡᠭᠴᠡᠯᠡᠨ ᠵᠠᠰᠠᠭᠰᠠᠠ  ᠶᠡᠷᠤᠩᠬᠡᠢ ᠪᠠᠶᠢᠳᠠᠯ ᠢ ᠲᠡᠯᠬᠡᠨ ᠦᠵᠡᠬᠦᠯᠵᠡᠢ᠃ ᠰᠢ ᠶᠢᠨ ᠫᠢᠩ ᠬᠠᠷᠢᠭᠤ ᠮᠡᠳᠡᠬᠦᠯᠥᠯᠳᠡ ᠶᠢ ᠨᠠᠷᠢᠨ ᠬᠢᠨᠠᠮᠠᠭᠠᠢ ᠰᠤᠨᠤᠰᠬᠤ ᠶᠢᠨ  ᠲᠠᠭᠠᠤ ᠤᠷᠤᠨ ᠨᠤᠳᠤᠭ ᠤᠨ ᠬᠠᠷᠢᠭᠤᠴᠠᠯᠭᠠᠳᠠᠨ ᠲᠠᠢ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠪᠠᠶᠢᠨ ᠪᠠᠶᠢᠨ ᠰᠠᠨᠠᠯ ᠢᠶᠠᠨ  ᠰᠤᠯᠢᠯᠴᠠᠵᠥ ᠪᠠᠶᠢᠯ᠎ᠠ᠃ ᠲᠡᠷᠡ᠂ ᠪᠦᠯᠥᠭᠯᠡᠯ ᠤᠨ ᠲᠦᠪ ᠡᠵᠡᠮᠰᠢᠬᠦ ᠲᠠᠰᠤᠭ ᠲᠤ ᠬᠦᠷᠴᠦ᠂ ᠲᠤᠮᠤ ᠲᠡᠯᠬᠡᠴᠡ ᠪᠠᠷ ᠲᠠᠮᠵᠢᠨ ᠠᠵᠥ  ᠠᠬᠤᠢᠢᠯᠠᠯ ᠤᠨ ᠦᠢᠯᠡᠳᠪᠤᠷᠢᠯᠡᠯ ᠤᠨ ᠲᠠᠰᠤᠭ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠥ᠂ ᠠᠵᠥ ᠠᠬᠤᠢᠢᠯᠠᠯ ᠤᠨ  ᠮᠡᠷᠬᠡᠵᠢᠯ ᠤᠨ ᠰᠢᠨᠡᠴᠢᠯᠡᠯᠳᠡ ᠪᠤᠯᠤᠨ ᠠᠵᠥ ᠦᠢᠯᠡᠰ ᠤᠨ ᠲᠡᠰ ᠲᠡᠪᠰᠢᠯᠳᠡ ᠶᠢ ᠬᠡᠷᠡᠭᠵᠢᠬᠦᠯᠥᠭᠰᠡᠡ᠂ ᠡᠷᠬᠢᠯᠳᠡᠳᠤ ᠠᠵᠥ ᠦᠢᠯᠡᠰ ᠢ  ᠲᠦᠯᠥᠪᠵᠢᠬᠦᠯᠥᠨ ᠪᠦᠳᠦᠭᠡᠨ ᠪᠠᠶᠢᠭᠤᠯᠤᠭᠰᠠᠠ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠤᠭᠰᠠᠠ ᠪᠦᠭᠡᠳ ᠲᠤᠬᠠᠢ ᠶᠢᠨ  ᠲᠠᠯᠠᠪᠠᠢ ᠳᠠᠬᠢ ᠮᠡᠷᠬᠡᠵᠢᠯᠳᠡᠳ ᠲᠠᠢ ᠲᠤᠳᠤᠨᠤ ᠪᠠᠷ ᠶᠠᠷᠢᠯᠴᠠᠪᠠ᠃ ᠰᠢ ᠶᠢᠨ ᠫᠢᠩ ᠶᠠᠪᠠᠭᠠᠨ ᠢᠶᠠᠷ ᠮᠦᠷᠡᠨ ᠲᠠᠭᠠᠤ ᠶᠢᠨ ᠭᠠᠷᠠᠮ ᠳᠤ  ᠬᠦᠷᠴᠦ᠂ ᠮᠦᠷᠡᠨ ᠲᠠᠭᠠᠤ ᠶᠢᠨ ᠲᠦᠬᠦᠭᠡᠷᠤᠮᠵᠢ ᠶᠢ ᠨᠤᠷᠠᠭᠠᠭᠰᠠᠠ᠂ ᠭᠠᠷᠠᠮ ᠢ ᠰᠡᠷᠬᠦᠬᠡᠨ ᠨᠤᠭᠤᠭᠠᠷᠠᠭᠤᠯᠤᠭᠰᠠᠠ᠂ ᠪᠤᠬᠢᠷᠳᠤᠯ  ᠭᠠᠳᠠᠭᠰᠢᠯᠠᠭᠤᠯᠬᠤ ᠬᠤᠭᠤᠯᠠᠢ ᠶᠢ ᠴᠡᠭᠴᠡᠯᠡᠨ ᠵᠠᠰᠠᠭᠰᠠᠠ ᠪᠠᠶᠢᠳᠠᠯ ᠢ ᠪᠠᠶᠢᠴᠠᠭᠠᠨ ᠦᠵᠡᠪᠠ᠃ ᠲᠡᠷᠡ᠂ ᠬᠦᠬᠡᠮᠦ᠋ᠷᠡᠨ ᠪᠤᠯ  ᠲᠤᠮᠳᠠᠳᠤ ᠶᠢᠨ ᠦᠨᠳᠦᠰᠦᠳᠡᠨ ᠤ ᠡᠬᠡ ᠭᠤᠤᠯ ᠮᠥᠨ᠂ ᠵᠠᠪᠠᠯ ᠰᠠᠶᠢᠳᠤᠷ ᠬᠠᠮᠠᠭᠠᠯᠠᠬᠤ ᠬᠡᠷᠡᠭᠳᠡᠢ᠃ ᠠᠵᠥ ᠠᠬᠤᠢᠢᠯᠠᠯ ᠤᠨ ᠬᠢᠨ  ᠪᠤᠯ ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠥ ᠪᠦᠳᠦᠭᠡᠨ ᠪᠠᠶᠢᠭᠤᠯᠬᠤ ᠭᠤᠤᠯ ᠴᠤᠭᠴᠠ ᠪᠠ ᠴᠢᠬᠤᠯᠠ  ᠬᠦᠴᠦᠨ ᠪᠤᠯᠤᠨ᠎ᠠ᠂ ᠠᠵᠥ ᠠᠬᠤᠢᠢᠯᠠᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠮᠡᠷᠭᠡᠵᠢᠯ ᠤᠨ ᠰᠢᠨᠡᠴᠢᠯᠡᠯᠳᠡ ᠶᠢ  ᠲᠦᠷᠬᠡᠳᠬᠡᠵᠥ᠂ ᠬᠤᠴᠤᠷᠤᠩᠭᠤᠢ ᠦᠢᠯᠡᠳᠪᠤᠷᠢᠯᠡᠯ ᠤᠨ ᠴᠢᠳᠠᠪᠤᠷᠢ ᠶᠢ ᠰᠢᠭᠰᠢᠭᠳᠡᠬᠦᠯᠵᠤ᠂ ᠠᠷᠢᠭᠤᠨ ᠴᠡᠪᠡᠷ ᠦᠢᠯᠡᠳᠪᠤᠷᠢᠯᠡᠯ ᠢ  ᠬᠦᠭᠵᠢᠬᠦᠯᠵᠥ᠂ ᠠᠵᠥ ᠠᠬᠤᠢᠢᠯᠠᠯ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ ᠪᠦᠳᠦᠭᠡᠨ ᠪᠠᠶᠢᠭᠤᠯᠬᠤ ᠴᠢᠳᠠᠪᠤᠷᠢ ᠶᠢ  ᠲᠡᠭᠡᠭᠰᠢᠯᠡᠬᠦᠯᠬᠦ ᠬᠡᠷᠡᠭᠳᠡᠢ᠃ ᠵᠤᠷᠢᠭ ᠰᠢᠭᠤᠳᠴᠦ ᠪᠠᠶᠢᠭᠠᠳ ᠬᠦᠬᠡᠮᠦ᠋ᠷᠡᠨ ᠤ ᠬᠦᠪᠡᠭᠡ ᠲᠠᠭᠠᠤ ᠶᠢᠨ ᠪᠤᠬᠢᠷᠳᠤᠯ ᠲᠠᠢ ᠠᠵᠥ  ᠠᠬᠤᠢᠢᠯᠠᠯ ᠢ ᠪᠦᠷ ᠨᠡᠬᠦᠯᠬᠡᠵᠥ᠂ ᠠᠵᠥ ᠠᠬᠤᠢᠢᠯᠠᠯ ᠢ ᠨᠡᠬᠦᠯᠬᠡᠬᠦ ᠳᠡᠭᠡᠨ ᠬᠦᠮᠥᠨ ᠬᠠᠷ᠎ᠠ ᠶᠢ ᠪᠦᠬᠦᠨ ᠢ ᠨᠡᠬᠦᠯᠬᠡᠬᠦ᠂ ᠲᠤᠨᠤᠭ  ᠲᠦᠬᠦᠬᠡᠷᠤᠮᠵᠢ ᠶᠢ ᠪᠦᠬᠦᠨ ᠢ ᠰᠢᠯᠵᠢᠬᠦᠯᠬᠦ᠂ ᠬᠤᠭ ᠨᠤᠪᠰᠢ ᠶᠢ ᠪᠦᠬᠦᠨ ᠢ ᠠᠷᠢᠯᠭᠠᠬᠤ᠂ ᠭᠠᠵᠠᠷ ᠰᠢᠷᠤᠢ ᠶᠢ ᠪᠦᠬᠦᠨ ᠢ  ᠰᠤᠯᠠᠯᠠᠬᠤ ᠶᠢ ᠪᠡᠶᠡᠯᠡᠬᠦᠯᠵᠥ᠂ ᠬᠦᠬᠡᠮᠦ᠋ᠷᠡᠨ ᠤ ᠪᠤᠬᠢᠷᠳᠤᠯ ᠤᠨ ᠬᠡᠮ ᠰᠤᠭᠤᠭ ᠢ ᠲᠦᠢᠯᠪᠤᠷᠢᠳᠡᠢ ᠠᠷᠢᠯᠭᠠᠬᠤ ᠬᠡᠷᠡᠭᠳᠡᠢ᠃  ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠨ ᠢ ᠰᠠᠯᠪᠢᠨ ᠰᠡᠷᠬᠦᠬᠡᠬᠦ ᠶᠢ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ  ᠬᠦᠭᠵᠢᠯᠳᠡ ᠶᠢ ᠠᠬᠢᠭᠤᠯᠬᠤ ᠠᠵᠢᠯ ᠤᠨ ᠴᠢᠬᠤᠯᠠ ᠪᠠᠶᠢᠷᠢᠨ ᠳᠤ ᠲᠠᠯᠪᠢᠵᠥ᠂ ᠶᠡᠭᠡ ᠬᠠᠮᠠᠭᠠᠯᠠᠯᠳᠡ ᠶᠢ ᠬᠠᠮᠳᠤᠪᠡᠷ ᠠᠳᠬᠤᠵᠥ᠂  ᠶᠡᠭᠡ ᠨᠡᠬᠡᠬᠡᠨ ᠬᠦᠭᠵᠢᠬᠦᠯᠦᠯᠳᠡ ᠬᠢᠬᠦ ᠦᠭᠡᠢ ᠪᠠᠶᠢᠬᠤ ᠬᠡᠷᠡᠭᠳᠡᠢ᠃ ᠶᠡᠭᠡ ᠨᠡᠬᠡᠬᠡᠨ ᠬᠦᠭᠵᠢᠬᠦᠯᠦᠯᠳᠡ ᠬᠢᠬᠦ ᠦᠭᠡᠢ ᠬᠡᠳᠡᠭ ᠨᠢ  ᠨᠡᠬᠡᠬᠡᠨ ᠬᠦᠭᠵᠢᠬᠦᠯᠦᠯᠳᠡ ᠶᠢ ᠠᠪᠬᠤ ᠦᠭᠡᠢ ᠬᠡᠰᠡᠡ ᠶᠠᠪᠤᠳᠠᠯ ᠪᠢᠰᠢ᠂ ᠬᠠᠷᠢᠨ ᠡᠪᠳᠡᠯᠡᠭᠡ ᠶᠢᠨ ᠴᠢᠨᠠᠷᠳᠠᠢ ᠪᠠᠷ ᠨᠡᠬᠡᠬᠡᠨ  ᠬᠦᠭᠵᠢᠬᠦᠯᠬᠦ ᠦᠭᠡᠢ᠂ ᠠᠮᠢ ᠠᠬᠤᠢ ᠶᠢ ᠲᠡᠷᠢᠬᠦᠨ ᠳᠤ ᠲᠠᠯᠪᠢᠬᠤ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ ᠵᠠᠮᠨᠠᠬᠤ ᠶᠠᠪᠤᠳᠠᠯ  ᠪᠤᠯᠤᠨ᠎ᠠ ᠬᠡᠵᠥ ᠴᠢᠬᠤᠯᠠᠴᠢᠯᠠᠪᠠ᠃      24᠎ ᠤ ᠦᠳᠡ ᠶᠢᠨ ᠬᠤᠶᠢᠨ᠎ᠠ᠂ ᠰᠢ ᠶᠢᠨ ᠫᠢᠩ ᠭᠤᠷᠪᠠᠨ ᠬᠠᠪᠴᠢᠯ ᠤᠨ ᠬᠠᠰᠢᠯᠭ᠎ᠠ ᠶᠢᠨ ᠤᠷᠤᠨ ᠳᠤ ᠬᠦᠷᠴᠦ᠂ ᠭᠤᠷᠪᠠᠨ  ᠬᠠᠪᠴᠢᠯ ᠤᠨ ᠪᠠᠷᠢᠯᠭ᠎ᠠ ᠪᠤᠯᠤᠨ ᠬᠠᠰᠢᠯᠭ᠎ᠠ ᠶᠢᠨ ᠤᠷᠤᠨ ᠤ ᠡᠷᠬᠢᠨ ᠲᠤᠭᠤᠷᠢᠨ ᠤ ᠠᠮᠢ ᠠᠬᠤᠢ ᠤᠷᠴᠢᠨ ᠲᠤᠭᠤᠷᠢᠨ ᠢ ᠪᠠᠶᠢᠴᠠᠭᠠᠨ  ᠦᠵᠡᠪᠡ᠃ ᠭᠤᠷᠪᠠᠨ ᠬᠠᠪᠴᠢᠯ ᠤᠨ ᠪᠠᠷᠢᠯᠭ᠎ᠠ ᠲᠡᠯᠡᠬᠡᠢ ᠳ᠋ᠡᠬᠢᠨ ᠳᠤ ᠠᠯᠳᠠᠷᠰᠢᠵᠤ᠂ ᠡᠳᠤᠬᠡ ᠪᠤᠯᠳᠠᠯ᠎ᠠ ᠲᠡᠯᠡᠬᠡᠢ ᠲᠡᠭᠡᠷ᠎ᠠ  ᠬᠡᠪᠴᠢᠶ᠎ᠠ ᠪᠠᠷ ᠬᠠᠮᠤᠬ ᠤᠨ ᠶᠡᠭᠡ ᠤᠰᠤᠨ ᠠᠰᠢᠬᠯᠠᠯᠳᠠ ᠶᠢᠨ ᠬᠦᠢᠰᠤ ᠪᠠᠷᠢᠯᠭ᠎ᠠ ᠪᠤᠯᠬᠤ ᠪᠦᠬᠡᠳ ᠶᠠᠷᠤᠩᠬᠡᠢ ᠦᠷ᠎ᠠ ᠠᠰᠢᠬ ᠢᠶᠠᠷ  ᠬᠠᠮᠤᠬ ᠤᠨ ᠦᠷᠬᠡᠨ ᠲᠡᠯᠬᠡᠷ ᠪᠦᠬᠦᠢ ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠪᠠᠷᠢᠯᠭ᠎ᠠ ᠪᠤᠯᠤᠨ᠎ᠠ᠃ ᠰᠢ ᠶᠢᠨ ᠫᠢᠩ  ᠭᠤᠷᠪᠠᠨ ᠬᠠᠪᠴᠢᠯ ᠤᠨ ᠶᠡᠭᠡ ᠬᠠᠰᠢᠯᠭ᠎ᠠ ᠶᠢᠨ ᠤᠷᠤᠢ ᠳᠤ ᠭᠠᠷᠤᠨ ᠠᠯᠤᠰ ᠢ ᠪᠠᠷᠠᠯᠠᠬᠤ ᠳᠤ ᠰᠦᠷ ᠵᠢᠪᠬᠤᠭᠠᠳᠠᠢ ᠬᠠᠰᠢᠯᠭ᠎ᠠ᠂  ᠲᠤᠯᠭᠢᠶᠠᠯᠠᠨ ᠲᠠᠪᠠᠯᠭᠠᠯᠠᠬᠤ ᠮᠦᠷᠡᠨ ᠤ ᠤᠰᠤ᠂ ᠬᠦᠬᠡᠷᠡᠨ ᠨᠤᠭᠤᠭᠠᠷᠠᠬᠤ ᠮᠦᠷᠡᠨ ᠤ ᠬᠦᠪᠡᠭᠡ ᠬᠠᠷᠠᠭᠠᠨ ᠳᠤᠨᠢ ᠳᠤᠳᠤᠷᠠᠨ᠎ᠠ᠃  ᠭᠤᠷᠪᠠᠨ ᠬᠠᠪᠴᠢᠯ ᠤᠨ ᠪᠠᠷᠢᠯᠭ᠎ᠠ ᠶᠢᠨ ᠬᠦᠭᠵᠢᠯᠳᠠ ᠶᠢᠨ ᠶᠠᠪᠤᠴᠠ᠂ ᠶᠠᠷᠤᠩᠬᠡᠢ ᠦᠷ᠎ᠠ ᠠᠰᠢᠬ᠂ ᠰᠢᠨᠵᠢᠯᠡᠬᠦ ᠤᠬᠠᠭᠠᠨ  ᠮᠡᠷᠬᠡᠵᠢᠯ ᠤᠨ ᠰᠢᠨ᠎ᠠ ᠡᠬᠦᠳᠤᠯᠳᠠ ᠶᠢ ᠲᠠᠨᠢᠯᠴᠠᠭᠤᠯᠤᠬᠰᠠᠨ ᠬᠡᠷᠡᠯ ᠵᠢᠷᠤᠬ ᠪᠤᠯᠤᠨ ᠲᠤᠭ᠎ᠠ ᠪᠠᠷᠢᠮᠳᠠ ᠶᠢᠨ ᠦᠵᠡᠬᠦᠯᠤᠯᠬᠡ ᠶᠢᠨ  ᠰᠠᠮᠪᠠᠷ᠎ᠠ ᠶᠢᠨ ᠡᠮᠤᠨ᠎ᠠ᠂ ᠰᠢ ᠶᠢᠨ ᠫᠢᠩ ᠭᠤᠷᠪᠠᠨ ᠬᠠᠪᠴᠢᠯ ᠤᠨ ᠪᠦᠯᠦᠭᠯᠡᠯ ᠤᠨ ᠬᠠᠷᠢᠭᠤᠴᠠᠯᠭᠠᠳᠠᠨ ᠤ ᠬᠠᠷᠢᠭᠤ ᠮᠡᠳᠡᠬᠦᠯᠤᠯᠳᠠ ᠶᠢ  ᠰᠤᠨᠤᠰᠴᠤ᠂ ᠲᠡᠷᠡᠴᠢᠯᠠᠨ ᠭᠤᠷᠪᠠᠨ ᠬᠠᠪᠴᠢᠯ ᠤᠨ ᠪᠠᠷᠢᠯᠭ᠎ᠠ ᠶᠢᠨ ᠬᠦᠭᠵᠢᠯᠳᠠ ᠶᠢᠨ ᠬᠤᠯᠪᠤᠬᠳᠠᠯ ᠪᠦᠬᠦᠢ ᠠᠰᠠᠭᠤᠳᠠᠯ ᠢ  ᠤᠯᠠᠨ ᠲᠠᠢ ᠶᠠᠷᠢᠯᠴᠠᠪᠠ᠃ ᠲᠠᠷᠠᠭ᠎ᠠ ᠨᠢ᠂ ᠰᠢ ᠶᠢᠨ ᠫᠢᠩ ᠶᠡᠭᠡ ᠬᠠᠰᠢᠯᠭ᠎ᠠ ᠶᠢᠨ ᠵᠡᠬᠦᠨ ᠬᠠᠰᠢᠯᠭ᠎ᠠ ᠶᠢᠨ ᠬᠤᠰᠢᠭᠤ ᠳᠤ ᠢᠷᠡᠵᠤ᠂  ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠪᠤᠯᠤᠨ ᠬᠤᠪᠤᠷ ᠴᠤᠬᠠᠬ ᠤᠷᠭᠤᠮᠠᠯ ᠤᠨ ᠬᠠᠮᠠᠭᠠᠯᠠᠯᠳᠠ ᠶᠢᠨ  ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠠᠢ᠃ ᠰᠢ ᠶᠢᠨ ᠫᠢᠩ ᠬᠤᠪᠤᠷ ᠴᠤᠬᠠᠬ ᠤᠷᠭᠤᠮᠠᠯ ᠤᠨ ᠵᠢᠱᠢᠶ᠎ᠠ ᠦᠵᠡᠬᠦᠯᠬᠦ  ᠬᠦᠷᠢᠶᠠᠯᠠᠩ ᠳᠤ ᠤᠷᠤᠬᠤᠯᠠᠷ ᠬᠦᠷᠢᠶᠠᠯᠠᠩ ᠤᠨ ᠡᠪᠡᠰᠤ ᠮᠤᠳᠤ ᠰᠠᠬᠤᠯᠢᠬ ᠤᠷᠭᠤᠵᠤ᠂ ᠬᠤᠸᠠᠷ ᠴᠡᠴᠡᠭ ᠪᠠᠳᠠᠷᠠᠨ ᠲᠡᠯᠬᠡᠷᠡᠨ᠎ᠠ᠂  ᠲᠡᠷᠡ ᠰᠢᠨ᠎ᠠ ᠲᠠᠷᠢᠬᠰᠠᠨ ᠨᠠᠷᠢᠨ ᠠᠭᠠᠷᠠᠤ ᠳᠤ ᠰᠢᠷᠤᠢ ᠨᠡᠮᠡᠵᠤ ᠪᠠᠷᠠᠭᠰᠠᠨ ᠤ ᠲᠠᠷᠠᠭ᠎ᠠ ᠤᠰᠤᠯᠠᠪᠠ᠃ ᠠᠭᠤᠯᠠ ᠨᠢᠷᠤᠭᠤ ᠬᠦᠬᠡᠷᠠᠨ᠂  ᠰᠡᠩᠰᠡᠨ ᠪᠤᠷᠤᠭᠠᠨ ᠰᠢᠪᠡᠷᠡᠨ᠎ᠡ᠂ ᠰᠢ ᠶᠢᠨ ᠫᠢᠩ ᠰᠢᠪᠡᠷᠡᠭᠡ ᠪᠤᠷᠤᠭ᠎ᠠ ᠶᠢᠨ ᠲᠤᠮᠳᠠᠭᠤᠷ ᠤᠷᠢᠳ ᠬᠤᠵᠢᠳ ᠬᠤᠤᠰ ᠱᠤᠭᠤᠮᠳᠤ  ᠲᠠᠪᠤᠨ ᠲᠡᠰ ᠤᠨ ᠤᠩᠭᠤᠴᠠᠨ ᠤ ᠬᠠᠭᠠᠴᠠ ᠶᠢᠨ ᠭᠤᠷᠪᠠᠨ ᠬᠠᠭᠠᠯᠳᠠ ᠶᠢᠨ ᠬᠤᠰᠢᠭᠤ᠂ ᠤᠩᠭᠤᠴᠠ ᠡᠷᠬᠦᠬᠦ ᠲᠠᠪᠴᠠᠩ ᠳᠤ  ᠬᠦᠷᠴᠦ᠂ ᠤᠰᠤᠨ ᠵᠠᠮ ᠤᠨ ᠲᠡᠬᠡᠬᠡᠪᠤᠷᠢ ᠶᠢᠨ ᠬᠠᠮᠢᠶᠠᠷᠤᠯᠳᠠ ᠶᠢᠨ ᠪᠠᠶᠢᠳᠠᠯ ᠢ ᠤᠢᠢᠯᠠᠭᠠᠵᠠᠢ᠃      ᠭᠤᠷᠪᠠᠨ ᠬᠠᠪᠴᠢᠯ ᠤᠨ ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠦᠷᠳᠡᠭᠡ ᠪᠤᠯ ᠤᠳᠤᠬᠠᠨ ᠤ ᠲᠡᠯᠡᠬᠡᠢ ᠲᠡᠭᠡᠷᠡᠬᠢ  ᠬᠡᠪᠴᠢᠶ᠎ᠠ ᠪᠠᠷ ᠬᠠᠮᠤᠬ ᠤᠨ ᠶᠡᠭᠡ ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠦᠷᠳᠡᠭᠡ ᠪᠤᠯᠤᠨ᠎ᠠ᠂ ᠴᠠᠬᠢᠯᠭᠠᠨ ᠡᠨᠧᠷᠬᠢ ᠶᠢ  ᠡᠳᠤᠷ ᠰᠦᠨᠢ ᠵᠤᠬᠰᠤᠯ ᠦᠬᠡᠢ ᠪᠠᠷ ᠳᠤᠮᠳᠠᠳᠤ ᠤᠷᠤᠨ᠂ ᠲᠤᠷᠤᠨᠠᠳᠤ ᠤᠷᠤᠨ᠂ ᠭᠤᠸᠠᠩᠳᠦ᠋ᠩ ᠵᠡᠷᠬᠡ ᠭᠠᠵᠠᠷ ᠲᠤ ᠬᠦᠷᠬᠡᠵᠤ ᠪᠤᠢ᠃ ᠰᠢ ᠶᠢᠨ ᠫᠢᠩ ᠶᠡᠭᠡ ᠬᠠᠰᠢᠯᠭ᠎ᠠ ᠶᠢᠨ ᠵᠡᠬᠦᠨ ᠬᠦᠪᠡᠬᠡᠨ ᠤ ᠴᠠᠬᠢᠯᠭᠠᠨ ᠦᠷᠳᠡᠭᠡ ᠳᠤ ᠬᠦᠷᠴᠦ᠂ ᠴᠠᠬᠢᠯᠭᠠᠨ ᠭᠠᠷᠭᠠᠬᠤ  ᠮᠠᠰᠢᠨ ᠴᠤᠬᠴᠠᠯᠠᠪᠤᠷᠢ ᠶᠢᠨ ᠡᠷᠬᠢᠯᠳᠡ ᠶᠢᠨ ᠪᠠᠶᠢᠳᠠᠯ ᠢ ᠪᠠᠶᠢᠴᠭᠠᠠᠨ ᠦᠵᠡᠵᠤ᠂ ᠭᠤᠷᠪᠠᠨ ᠬᠠᠪᠴᠢᠯ ᠤᠨ ᠴᠠᠬᠢᠯᠭᠠᠨ ᠦᠷᠳᠡᠬᠡᠨ ᠤ  ᠴᠠᠬᠢᠯᠭᠠᠨ ᠭᠠᠷᠭᠠᠬᠤ ᠦᠷ᠎ᠠ ᠠᠰᠢᠬ ᠪᠤᠯᠤᠨ ᠴᠠᠬᠢᠯᠭᠠᠨ ᠲᠤᠤᠷ ᠤᠨ ᠠᠮᠤᠷ ᠲᠦᠪᠰᠢᠨ ᠤ ᠬᠢᠨᠠᠨ ᠡᠵᠡᠮᠰᠢᠯ ᠵᠡᠷᠬᠡ ᠪᠠᠶᠢᠳᠠᠯ ᠢ  ᠤᠢᠢᠯᠠᠭᠠᠵᠤ᠂ ᠮᠡᠷᠬᠡᠵᠢᠯᠳᠡᠨ᠂ ᠬᠦᠳᠡᠯᠮᠤᠷᠢ ᠶᠢᠨ ᠵᠢᠱᠢᠶᠡᠴᠢ᠂ ᠠᠵᠢᠯᠳᠠᠨ ᠤ ᠲᠦᠯᠤᠬᠡᠯᠡᠭᠴᠢ ᠲᠠᠢ ᠲᠤᠳᠤᠨᠤ ᠪᠠᠷ ᠶᠠᠷᠢᠯᠴᠠᠪᠠ᠃  ᠴᠠᠬᠢᠯᠭᠠᠨ ᠦᠷᠳᠡᠬᠡᠨ ᠤ ᠭᠠᠳᠠᠨ᠎ᠠ᠂ ᠴᠢᠮᠡᠭᠡ ᠪᠠᠷ ᠬᠦᠷᠤᠯᠴᠠᠨ ᠢᠷᠡᠭᠰᠡᠨ ᠠᠵᠤ ᠠᠬᠤᠢᠢᠯᠠᠯ ᠤᠨ ᠠᠵᠢᠯᠳᠠᠨ ᠠᠵᠢᠯᠴᠢᠨ ᠶᠠᠷᠤᠩᠬᠡᠢ  ᠱᠦᠵᠢ ᠶᠢᠨ ᠲᠡᠷᠭᠡᠳᠡ ᠴᠤᠬᠯᠠᠷᠠᠵᠤ᠂ ᠬᠦᠬᠡᠷᠤᠯᠳᠤᠨ ᠪᠠᠶᠠᠷᠯᠠᠯᠳᠤᠨ ᠶᠠᠷᠤᠩᠬᠡᠢ ᠱᠦᠵᠢ ᠳᠤ ᠮᠠᠨᠳᠤᠴᠢᠯᠠᠯ ᠬᠦᠷᠬᠡᠵᠡᠬᠡᠨ᠎ᠠ᠃  ᠰᠢ ᠶᠢᠨ ᠫᠢᠩ ᠤᠯᠠᠨ ᠳᠤ ᠭᠤᠷᠪᠠᠨ ᠬᠠᠪᠴᠢᠯ ᠤᠨ ᠪᠠᠷᠢᠯᠭ᠎ᠠ ᠪᠤᠯ ᠤᠯᠤᠰ ᠤᠨ ᠰᠤᠳᠤᠨ ᠲᠤᠨᠤᠬᠯᠠᠯ ᠮᠦᠨ᠂ ᠬᠦᠳᠡᠯᠮᠤᠷᠢᠴᠢᠨ  ᠠᠷᠠᠳ ᠲᠦᠮᠡᠨ ᠤ ᠰᠢᠷᠭᠠᠭᠤ ᠬᠠᠳᠠᠭᠤᠵᠢᠯᠳᠠᠢ ᠬᠦᠳᠡᠯᠮᠤᠷᠢ ᠪᠠᠷ ᠦᠪᠡᠷ ᠤᠨ ᠬᠦᠴᠤ ᠪᠠᠷ ᠢᠶᠠᠨ ᠲᠡᠭᠵᠢᠷᠡᠬᠦ ᠳᠤ ᠲᠦᠰᠢᠭᠯᠡᠵᠤ  ᠡᠬᠦᠳᠤᠨ ᠪᠠᠶᠢᠭᠤᠯᠤᠬᠰᠠᠨ ᠶᠤᠮ᠂ ᠨᠢᠳᠤ ᠪᠠᠷ ᠢᠶᠠᠨ ᠦᠵᠡᠬᠡᠳ ᠮᠠᠰᠢ ᠤᠷᠮᠠᠰᠢᠨ ᠵᠤᠷᠢᠬᠵᠢᠪᠠ ᠬᠡᠵᠤ ᠬᠦᠨ ᠰᠡᠳᠬᠢᠯᠬᠡ ᠲᠠᠢ ᠪᠠᠷ  ᠬᠡᠯᠠᠵᠤ ᠪᠠᠶᠢᠯ᠎ᠠ᠃ ᠭᠤᠷᠪᠠᠨ ᠬᠠᠪᠴᠢᠯ ᠤᠨ ᠪᠠᠷᠢᠯᠭ᠎ᠠ ᠶᠢ ᠠᠮᠵᠢᠯᠳᠠ ᠲᠠᠢ ᠪᠦᠳᠤᠬᠡᠨ ᠪᠠᠶᠢᠭᠤᠯᠤᠬᠰᠠᠨ ᠪᠠ ᠠᠰᠢᠬᠯᠠᠵᠤ  ᠡᠬᠢᠯᠡᠭᠰᠡᠨ ᠨᠢ ᠬᠡᠴᠢᠨᠡᠨ ᠦᠶ᠎ᠠ ᠶᠢᠨ ᠳᠤᠮᠳᠠᠳᠤᠴᠤᠳ ᠤᠨ ᠭᠤᠷᠪᠠᠨ ᠬᠠᠪᠴᠢᠯ ᠤᠨ ᠡᠬᠢ ᠪᠠᠶᠠᠯᠢᠬ ᠢ ᠨᠡᠬᠡᠬᠡᠨ ᠬᠦᠭᠵᠢᠬᠦᠯᠬᠦ ᠪᠠ  ᠠᠰᠢᠬᠯᠠᠬᠤ ᠬᠦᠰᠡᠯ ᠵᠡᠬᠦᠳᠤ ᠶᠢ ᠪᠤᠳᠠᠴᠢᠯᠠᠨ ᠪᠡᠶᠡᠯᠡᠭᠦᠯᠵᠤ᠂ ᠦᠬᠡᠷᠡᠴᠢᠯᠠᠯᠳᠠ ᠨᠡᠬᠡᠬᠡᠯᠳᠠ ᠬᠢᠭᠰᠡᠨ ᠠᠴᠠ ᠨᠠᠰᠢ ᠮᠠᠨ ᠤ ᠤᠯᠤᠰ ᠤᠨ  ᠬᠦᠭᠵᠢᠯᠳᠠ ᠶᠢᠨ ᠴᠢᠬᠤᠯᠠ ᠪᠡᠯᠬᠡ ᠲᠡᠮᠳᠡᠭ ᠪᠤᠯᠵᠠᠢ᠃ ᠡᠨᠡ ᠪᠤᠯ ᠮᠠᠨ ᠤ ᠤᠯᠤᠰ ᠤᠨ ᠨᠡᠶᠢᠬᠡᠮ ᠵᠢᠷᠤᠮ ᠤᠨ ᠪᠠᠶᠢᠭᠤᠯᠤᠯ ᠤᠨ  ᠬᠦᠴᠤ ᠪᠠᠨ ᠲᠦᠪᠯᠡᠷᠡᠬᠦᠯᠤᠨ ᠶᠡᠭᠡ ᠶᠠᠪᠤᠳᠠᠯ ᠢ ᠪᠦᠳᠤᠬᠡᠬᠦ ᠲᠠᠪᠠᠭᠤᠯᠢᠬ ᠴᠢᠨᠠᠷ ᠤᠨ ᠦᠯᠢᠬᠡᠷ ᠵᠢᠱᠢᠶ᠎ᠠ᠂ ᠳᠤᠮᠳᠠᠳᠤ ᠤᠯᠤᠰ ᠤᠨ  ᠠᠷᠠᠳ ᠲᠦᠮᠡᠨ ᠤ ᠰᠡᠴᠡᠨ ᠮᠡᠷᠬᠡᠨ ᠤᠶᠤᠨ ᠤᠬᠠᠭᠠᠨ ᠪᠤᠯᠤᠨ ᠡᠬᠦᠳᠤᠨ ᠪᠦᠳᠦᠭᠡᠯᠳᠡ ᠶᠢᠨ ᠦᠯᠢᠬᠡᠷ ᠵᠢᠱᠢᠶ᠎ᠠ᠂ ᠳᠤᠮᠳᠠᠳᠤ ᠶᠢᠨ  ᠦᠨᠳᠤᠰᠤᠳᠠᠨ ᠤ ᠡᠳᠤᠷ ᠢᠷᠡᠬᠦᠶ᠎ᠠ ᠴᠡᠴᠡᠭᠯᠠᠨ ᠬᠦᠴᠦᠷᠭᠡᠭᠵᠢᠵᠤ ᠪᠠᠶᠢᠭ᠎ᠠ ᠦᠯᠢᠬᠡᠷ ᠵᠢᠱᠢᠶ᠎ᠠ ᠪᠤᠯᠤᠨ᠎ᠠ᠃ ᠦᠪ ᠦᠨᠡᠨᠬᠦ ᠶᠡᠭᠡ  ᠤᠯᠤᠰ ᠤᠨ ᠰᠤᠳᠤᠨ ᠲᠤᠨᠤᠬᠯᠠᠯ ᠢ ᠪᠤᠯ ᠦᠪᠡᠷ ᠢᠶᠠᠨ ᠡᠵᠡᠮᠳᠡᠭᠰᠠᠨ ᠪᠠᠶᠢᠬᠤ ᠭᠡᠷᠡᠭᠳᠠᠢ᠃ ᠭᠤᠤᠯᠯᠠᠬᠴᠢ ᠮᠡᠷᠬᠡᠵᠢᠯ᠂  ᠵᠠᠩᠬᠢᠯᠠᠭ᠎ᠠ ᠶᠢᠨ ᠮᠡᠷᠬᠡᠵᠢᠯ ᠢ ᠪᠠᠳᠢᠷᠯᠠᠭᠠᠳ ᠤᠯᠬᠤ ᠦᠭᠡᠢ ᠶᠤᠮ᠂ ᠦᠪᠡᠷ ᠢᠶᠠᠨ ᠲᠡᠮᠡᠴᠡᠨ ᠤᠯᠬᠤ ᠭᠡᠷᠡᠭᠳᠠᠢ᠃ 13 ᠳ᠋ᠦᠩᠰᠢᠭᠤᠷ  ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ ᠡᠷᠡᠮᠡᠬᠡᠶᠢᠯᠡᠨ ᠲᠡᠮᠡᠴᠡᠵᠤ᠂  ᠳᠤᠮᠳᠠᠳᠤ ᠶᠢᠨ ᠵᠡᠬᠦᠳᠤ ᠶᠢ ᠬᠠᠮᠳᠤᠪᠡᠷ ᠲᠡᠷᠬᠡᠯᠰᠢᠬᠦᠯᠬᠦ ᠭᠡᠷᠡᠭᠳᠠᠢ ᠬᠡᠵᠤ ᠬᠡᠯᠡᠪᠡ᠃        25᠎ ᠤ ᠦᠷᠯᠤᠬᠡ ᠡᠷᠳᠡ᠂ ᠰᠢ ᠶᠢᠨ ᠫᠢᠩ ᠵᠢᠩᠵᠸᠤ ᠬᠤᠳᠠ ᠶᠢᠨ ᠵᠢᠩᠵᠸᠤ ᠭᠠᠷᠠᠮ ᠠᠴᠠ ᠤᠩᠭᠤᠴᠠᠨ ᠳᠤ ᠰᠠᠭᠤᠵᠤ᠂  ᠮᠦᠷᠠᠨ ᠲᠠᠭᠠᠤ ᠬᠤᠶᠠᠷ ᠬᠦᠪᠡᠬᠡᠨ ᠤ ᠠᠮᠢ ᠠᠬᠤᠢ ᠤᠷᠴᠢᠨ ᠲᠤᠭᠤᠷᠢᠨ ᠪᠤᠯᠤᠨ ᠬᠦᠭᠵᠢᠯᠳᠠ ᠪᠦᠳᠤᠬᠡᠨ ᠪᠠᠶᠢᠭᠤᠯᠤᠯᠳᠠ ᠶᠢᠨ  ᠪᠠᠶᠢᠳᠠᠯ ᠢ ᠪᠠᠶᠢᠴᠭᠠᠠᠨ ᠦᠵᠡᠪᠡ᠃ ᠵᠠᠮ ᠵᠠᠭᠤᠷ᠎ᠠ ᠪᠠᠨ ᠰᠢ ᠶᠢᠨ ᠫᠢᠩ ᠬᠤᠪᠸᠢ ᠮᠤᠵᠢ ᠪᠤᠯᠤᠨ ᠵᠢᠩᠵᠸᠤ ᠬᠤᠳᠠ ᠶᠢᠨ ᠬᠠᠤᠯᠢ  ᠪᠤᠰᠤ ᠭᠠᠷᠠᠮ ᠢ ᠴᠡᠭᠴᠡᠯᠡᠵᠤ ᠵᠠᠰᠠᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠴᠤ᠂ ᠵᠠᠮ ᠬᠠᠷᠢᠯᠴᠠᠭ᠎ᠠ  ᠲᠡᠭᠡᠭᠡᠪᠤᠷᠢ ᠶᠢᠨ ᠶᠠᠮᠤᠨ ᠤ ᠬᠦᠬᠡᠮᠦ᠋ᠷᠡᠨ ᠤ ᠤᠰᠤᠨ ᠵᠠᠮ ᠤᠨ ᠲᠡᠬᠡᠬᠡᠪᠤᠷᠢ᠂ ᠤᠰᠤᠨ ᠵᠠᠮ ᠤᠨ ᠵᠠᠰᠠᠯᠳᠠ ᠶᠢᠨ ᠪᠠᠶᠢᠳᠠᠯ ᠪᠤᠯᠤᠨ  ᠤᠰᠤᠨ ᠠᠰᠢᠬᠯᠠᠯᠳᠠ ᠶᠢᠨ ᠶᠠᠮᠤᠨ ᠤ ᠭᠤᠤᠯ ᠮᠦᠷᠡᠨ ᠤ ᠪᠠᠶᠢᠳᠠᠯ ᠢ ᠡᠵᠡᠮᠳᠡᠭᠰᠡᠨ᠂ ᠬᠦᠪᠡᠭᠡ ᠡᠷᠬᠢ ᠶᠢ ᠬᠠᠮᠠᠭᠠᠯᠠᠬᠤ ᠪᠠᠷᠢᠯᠭ᠎ᠠ  ᠵᠡᠷᠬᠡ ᠪᠠᠶᠢᠳᠠᠯ ᠤᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠪᠠ᠃      ᠦᠳᠡ ᠶᠢᠨ ᠬᠤᠶᠢᠨᠡᠬᠢ 3 ᠴᠠᠬ ᠤᠨ ᠦᠶ᠎ᠠ ᠪᠠᠷ᠂ ᠤᠩᠭᠤᠴᠠ ᠵᠢᠩᠵᠸᠤ ᠶᠢᠨ ᠱᠢᠱᠸᠤ ᠭᠠᠷᠠᠮ ᠳᠤ ᠬᠦᠷᠬᠦ ᠳᠤ᠂ ᠰᠢ ᠶᠢᠨ  ᠫᠢᠩ ᠮᠦᠷᠡᠨ ᠤ ᠬᠦᠪᠡᠬᠡᠨ ᠳᠤ ᠭᠠᠷᠤᠭᠠᠳ ᠮᠠᠰᠢᠨ ᠲᠡᠷᠬᠡᠨ ᠳᠤ ᠰᠠᠭᠤᠵᠤ ᠬᠤᠨᠠᠨ ᠮᠤᠵᠢ ᠶᠢᠨ ᠶᠤᠸᠠᠢ ᠶᠠᠩ ᠬᠤᠳᠠ ᠶᠢᠨ  ᠵᠢᠶᠦ᠋ᠨᠱᠠᠨ ᠤ ᠬᠤᠸᠠᠯᠦ᠋ᠩ ᠭᠠᠷᠠᠮ ᠳᠤ ᠬᠦᠷᠴᠤ᠂ ᠬᠠᠤᠯᠢ ᠪᠤᠰᠤ ᠡᠯᠡᠰᠤ ᠬᠠᠶᠢᠷ ᠤᠨ ᠭᠠᠷᠠᠮ ᠢ ᠨᠤᠷᠠᠭᠠᠬᠰᠠᠨ ᠪᠠ ᠴᠡᠭᠴᠡᠯᠠᠨ  ᠵᠠᠰᠠᠵᠤ ᠨᠤᠭᠤᠭᠠᠷᠠᠭᠤᠯᠤᠬᠰᠠᠨ᠂ ᠨᠤᠭᠤ ᠭᠠᠵᠠᠷ ᠢ ᠰᠡᠯᠪᠢᠨ ᠰᠡᠷᠬᠦᠬᠡᠭᠰᠡᠨ ᠪᠠᠶᠢᠳᠠᠯ ᠢ ᠪᠠᠶᠢᠴᠭᠠᠠᠨ ᠦᠵᠡᠪᠠ᠃ ᠵᠢᠶᠦ᠋ᠨᠱᠠᠨ ᠤ  ᠬᠤᠸᠠᠯᠦᠩ ᠭᠠᠷᠠᠮ ᠨᠢ ᠬᠦᠬᠡᠮᠦ᠋ᠷᠡᠨ ᠤ ᠭᠤᠤᠯ ᠤᠷᠤᠰᠬᠠᠯ ᠤᠨ ᠭᠤᠤᠯ ᠤᠨ ᠲᠠᠩ ᠳᠤ ᠪᠠᠶᠢᠷᠢᠰᠢᠵᠤ ᠪᠤᠢ᠂ ᠡᠨᠡᠬᠦ ᠪᠤᠵᠠᠷ ᠤᠰᠤ  ᠬᠠᠶᠠ ᠦᠬᠡᠢ ᠤᠷᠤᠰᠤᠬᠰᠠᠨ ᠬᠠᠤᠯᠢ ᠪᠤᠰᠤ ᠡᠯᠡᠰᠤ ᠬᠠᠶᠢᠷ ᠤᠨ ᠭᠠᠷᠠᠮ ᠢ 1 ᠵᠢᠯ ᠴᠡᠭᠴᠡᠯᠠᠵᠤ ᠵᠠᠰᠠᠨ ᠨᠤᠭᠤᠭᠠᠷᠠᠭᠤᠯᠵᠤ᠂ ᠨᠤᠭᠤ  ᠭᠠᠵᠠᠷ ᠢ ᠰᠡᠯᠪᠢᠨ ᠰᠡᠷᠬᠦᠬᠡᠬᠦ ᠪᠠᠷ ᠲᠠᠮᠵᠢᠭᠠᠳ ᠴᠤ᠋ ᠰᠢᠨ᠎ᠠ ᠲᠦᠷᠰᠤ ᠪᠠᠶᠢᠳᠠᠯ ᠲᠠᠢ ᠪᠤᠯᠵᠠᠢ᠃ ᠰᠢ ᠶᠢᠨ ᠫᠢᠩ ᠵᠡᠬᠦᠨ ᠳ᠋ᠦᠩ ᠲᠢᠩ  ᠬᠤ᠋ ᠨᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠤᠭᠤᠷᠢᠨ ᠬᠠᠮᠠᠭᠠᠯᠠᠵᠤ ᠬᠢᠨᠠᠨ ᠪᠠᠶᠢᠴᠠᠭᠠᠬᠤ  ᠦᠷᠳᠡᠭᠡ ᠳᠤ ᠬᠦᠷᠴᠦ᠂ ᠬᠢᠨᠠᠨ ᠪᠠᠶᠢᠴᠠᠭᠠᠬᠤ ᠰᠢᠰᠲ᠋ᠧᠮ ᠢ ᠪᠠᠶᠢᠴᠠᠭᠠᠨ ᠦᠵᠡᠪᠠ ᠃ ᠨᠤᠭᠤ ᠭᠠᠵᠠᠷ ᠲᠤ ᠬᠤᠯᠤᠰᠤ ᠪᠠᠭᠰᠢᠷᠠᠨ᠂  ᠮᠦᠷᠠᠨ ᠤ ᠤᠰᠤᠨ ᠳᠤ ᠭᠠᠭ᠋ᠠᠢ ᠶᠢᠨ ᠬᠠᠯᠢᠮᠤ ᠦᠰᠦᠷᠬᠢᠯᠡᠵᠤ᠂ ᠠᠮᠢᠵᠢᠷᠠᠯ ᠤᠨ ᠬᠦᠴᠤᠨ ᠢᠶᠠᠷ ᠪᠢᠯᠬᠠᠨ᠎ᠠ᠃ ᠲᠡᠷᠡ᠂  ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠬ ᠢ ᠰᠡᠯᠪᠢᠨ ᠰᠡᠷᠬᠦᠬᠡᠬᠦ ᠪᠤᠯ ᠰᠢᠨ᠎ᠠ ᠴᠠᠬ ᠦᠶ᠎ᠠ ᠠᠴᠠ ᠪᠢᠳᠡᠨ ᠳᠤ  ᠲᠠᠭᠠᠭᠠᠯᠭᠠᠬᠰᠠᠨ ᠬᠠᠳᠠᠭᠤ ᠪᠡᠷᠬᠡ ᠡᠬᠦᠷᠬᠡ ᠪᠤᠯᠤᠨ᠎ᠠ᠂ ᠮᠦᠨᠴᠤ ᠠᠷᠠᠳ ᠤᠯᠠᠨ ᠤ ᠲᠤᠯᠭᠠᠮ᠎ᠠ ᠬᠦᠰᠡᠯ ᠪᠤᠯᠤᠨ᠎ᠠ᠃ ᠤᠳᠤᠬᠠᠨ ᠤ  ᠪᠠᠴᠢᠮ ᠡᠬᠦᠷᠬᠡ ᠪᠤᠯ ᠡᠮᠬᠢ ᠲᠢᠭᠯᠢᠮ ᠦᠬᠡᠢ ᠪᠠᠷ ᠨᠡᠬᠡᠬᠡᠨ ᠬᠦᠭᠵᠢᠬᠦᠯᠬᠦ ᠶᠢ ᠴᠠᠭᠠᠵᠠᠯᠠᠵᠤ᠂ ᠪᠤᠬᠢᠷᠳᠤᠯ ᠭᠠᠷᠭᠠᠬᠤ ᠶᠠᠷᠤᠩᠬᠡᠢ  ᠬᠡᠮᠵᠢᠶ᠎ᠠ ᠶᠢ ᠬᠢᠵᠠᠭᠠᠷᠯᠠᠵᠤ᠂ ᠬᠠᠤᠯᠢ ᠪᠤᠰᠤ ᠪᠠᠷ ᠪᠤᠬᠢᠷᠳᠤᠯ ᠭᠠᠷᠭᠠᠬᠤ᠂ ᠬᠠᠤᠯᠢ ᠪᠤᠰᠤ ᠪᠠᠷ ᠡᠯᠡᠰᠤ ᠬᠠᠶᠢᠷ ᠮᠠᠯᠳᠠᠬᠤ ᠵᠡᠷᠬᠡ  ᠬᠦᠪᠡᠭᠡ ᠲᠠᠭᠠᠤ ᠶᠢᠨ ᠠᠮᠢ ᠠᠬᠤᠢ ᠶᠢ ᠡᠪᠳᠡᠬᠦ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠲᠦᠷᠬᠡᠨ ᠴᠤᠬᠢᠯᠳᠠ ᠦᠭᠬᠦ ᠭᠡᠷᠡᠭᠳᠠᠢ᠃ ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠨ ᠮᠠᠨ ᠤ ᠡᠨᠡ ᠨᠢᠬᠡ ᠦᠶ᠎ᠠ ᠶᠢᠨ ᠬᠦᠮᠤᠰ ᠤᠨ ᠭᠠᠷ ᠲᠤ ᠦᠷᠬᠦᠯᠵᠢᠯᠠᠨ  ᠮᠠᠭᠤᠳᠠᠬᠤ ᠶᠢ ᠶᠠᠭᠠᠬᠢᠬᠰᠠᠨ ᠴᠤ ᠵᠦᠪᠰᠢᠶᠡᠷᠡᠵᠤ ᠪᠤᠯᠬᠤ ᠦᠬᠡᠢ᠂ ᠬᠤᠶᠢᠴᠢ ᠦᠶ᠎ᠠ ᠳᠡᠭᠡᠨ ᠵᠠᠪᠠᠯ ᠴᠡᠪᠡᠷ ᠲᠤᠩᠭᠠᠯᠠᠬ  ᠦᠵᠡᠰᠬᠦᠯᠡᠩᠳᠤ ᠰᠠᠶᠢᠬᠠᠨ ᠲᠦᠮᠡᠨ ᠭᠠᠵᠠᠷ ᠤᠨ ᠬᠦᠬᠡᠮᠦ᠋ᠷᠡᠨ ᠢ ᠦᠯᠡᠳᠡᠬᠡᠵᠤ ᠦᠭᠬᠦ ᠭᠡᠷᠡᠭᠳᠠᠢ ᠬᠡᠵᠤ ᠬᠡᠯᠡᠪᠡ᠃      ᠶᠦᠸᠧᠶᠠᠩ ᠬᠤᠲᠠ ᠳᠤ᠂ ᠰᠢ ᠶᠢᠨ ᠫᠢᠩ ᠪᠠᠰᠠ ᠴᠧᠩ ᠯᠢᠩ ᠵᠢᠢ ᠤᠰᠤᠨ ᠰᠢᠨᠵᠢᠯᠡᠬᠡᠨ ᠤ ᠦᠷᠲᠡᠭᠡ ᠶᠢ ᠰᠢᠨᠵᠢᠯᠡᠨ  ᠪᠠᠶᠢᠴᠠᠭᠠᠵᠤ᠂ ᠬᠦᠬᠡᠮᠦ᠋ᠷᠡᠨ ᠤ ᠬᠤᠨᠠᠨ ᠤ ᠬᠡᠰᠡᠭ ᠪᠠ ᠳ᠋ᠦᠩ ᠲᠢᠩ ᠬᠤ᠋ ᠨᠠᠭᠤᠷ ᠤᠨ ᠰᠠᠪᠠ ᠭᠠᠵᠠᠷ ᠤᠨ ᠤᠰᠤᠨ ᠤ ᠡᠬᠢ  ᠰᠤᠷᠪᠤᠯᠵᠢ ᠶᠢ ᠶᠡᠷᠦᠩᠬᠡᠶᠢᠯᠡᠨ ᠬᠢᠨᠠᠨ ᠬᠡᠮᠵᠢᠵᠦ ᠬᠠᠮᠢᠶᠠᠷᠤᠬᠰᠠᠨ᠂ ᠭᠠᠮᠰᠢᠬ ᠢ ᠰᠡᠷᠭᠡᠶᠢᠯᠡᠵᠤ ᠭᠠᠮᠰᠢᠬ ᠢ ᠪᠠᠭᠠᠰᠬᠠᠬᠰᠠᠨ ᠪᠠᠶᠢᠳᠠᠯ ᠢ  ᠤᠢᠢᠯᠠᠭᠠᠭᠰᠠᠨ ᠪᠠᠶᠢᠨ᠎ᠠ᠃      26᠎ ᠤ ᠦᠳᠡ ᠶᠢᠨ ᠬᠤᠶᠢᠨ᠎ᠠ᠂ ᠰᠢ ᠶᠢᠨ ᠫᠢᠩ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠡ ᠶᠢ  ᠭᠦᠨᠵᠡᠭᠡᠶᠢᠷᠡᠭᠦᠯᠤᠨ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠤᠯᠤᠰ ᠤᠨ ᠬᠦᠭᠵᠢᠭᠦᠯᠦᠯᠲᠡ ᠪᠠ  ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠾᠧ ᠯᠢ ᠹᠧᠩ᠂ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠰᠠᠶᠢᠳ ᠯᠢ  ᠭᠠᠨ ᠵᠢᠶᠧ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠯᠢ ᠰᠢᠶᠤᠤ ᠫᠧᠩ᠂ ᠤᠰᠤᠨ ᠠᠰᠢᠬᠯᠠᠯᠲᠠ ᠶᠢᠨ ᠶᠠᠮᠤᠨ ᠤ  ᠰᠠᠶᠢᠳ ᠡᠸ᠋ ᠵᠢᠩ ᠫᠢᠩ᠂ ᠴᠦᠩᠴᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠴᠧᠨ ᠮᠢᠨ ᠡᠯ᠂ ᠬᠤᠪᠸᠢ ᠮᠤᠵᠢ ᠶᠢᠨ  ᠨᠠᠮ ᠤᠨ ᠬᠤᠷᠢᠶᠠᠨ ᠤ ᠱᠦᠵᠢ ᠵᠢᠶᠠᠩ ᠴᠤᠤ ᠯᠢᠶᠠᠩ᠂ ᠱᠠᠩᠬᠠᠢ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠢᠶᠠᠩ ᠵᠡᠷᠭᠡ  7 ᠨᠦᠬᠦᠷ ᠤᠷᠢᠳ ᠬᠤᠵᠢᠳ ᠦᠬᠡ ᠬᠡᠯᠡᠵᠤ᠂ ᠠᠳᠠᠯᠢ ᠪᠤᠰᠤ ᠲᠠᠯ᠎ᠠ ᠠᠴᠠ ᠠᠵᠢᠯ ᠤᠨ ᠲᠦᠷᠦᠭᠳᠡᠯ ᠢᠶᠠᠨ ᠬᠠᠷᠢᠭᠤ ᠮᠡᠳᠡᠭᠦᠯᠵᠦ᠂  ᠰᠠᠨᠠᠯ ᠰᠠᠨᠠᠭᠤᠯᠭ᠎ᠠ ᠳᠤᠷᠠᠳᠴᠠᠢ᠃        ᠤᠯᠠᠨ ᠤ ᠬᠡᠯᠡᠬᠦ ᠶᠢ ᠰᠤᠨᠤᠰᠤᠬᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠶᠠᠷᠦᠩᠬᠡᠢ ᠳᠤᠨᠢ  ᠠᠪᠴᠤ ᠦᠵᠡᠪᠡᠯ᠂ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ  ᠬᠡᠷᠡᠭᠵᠢᠭᠦᠯᠬᠦ ᠳᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠯᠤᠰ ᠬᠡᠳᠦ ᠶᠢᠨ  ᠠᠰᠢᠬ ᠲᠤᠰᠠ ᠠᠴᠠ ᠪᠤᠳᠤᠯᠬᠢᠯᠠᠵᠤ᠂ ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠨ ᠢ ᠰᠡᠯᠪᠢᠨ ᠰᠡᠷᠭᠦᠭᠡᠬᠦ ᠶᠢ ᠳᠡᠶᠢᠯᠦᠩᠭᠦᠢ  ᠪᠠᠶᠢᠷᠢᠨ ᠳᠤ ᠲᠠᠯᠪᠢᠵᠤ᠂ ᠶᠡᠭᠡ ᠬᠠᠮᠠᠭᠠᠯᠠᠯᠲᠠ ᠶᠢ ᠬᠠᠮᠲᠤᠪᠡᠷ ᠠᠳᠬᠤᠵᠤ᠂ ᠶᠡᠭᠡ ᠨᠡᠬᠡᠭᠡᠨ ᠬᠦᠭᠵᠢᠬᠦᠯᠦᠯᠳᠡ ᠬᠢᠬᠦ ᠦᠭᠡᠢ ᠪᠠᠶᠢᠵᠤ᠂ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢ ᠠᠮᠢ ᠠᠬᠤᠢ ᠨᠡᠩ ᠰᠠᠶᠢᠬᠠᠨ᠂ ᠵᠠᠮ ᠬᠠᠷᠢᠯᠴᠠᠭ᠎ᠠ ᠨᠡᠩ ᠰᠢᠯᠤᠭᠤᠬᠠᠨ᠂ ᠠᠵᠤ  ᠠᠬᠤᠢ ᠨᠡᠩ ᠵᠤᠬᠢᠴᠠᠩᠭᠤᠢ᠂ ᠵᠠᠬ᠎ᠠ ᠳᠡᠯᠭᠡᠭᠦᠷ ᠨᠡᠩ ᠨᠢᠭᠡᠳᠦᠯᠲᠡᠢ᠂ ᠲᠤᠬᠲᠠᠴᠠ ᠨᠡᠩ ᠰᠢᠨᠵᠢᠯᠡᠬᠦ ᠤᠬᠠᠭᠠᠨᠴᠢ ᠪᠦᠬᠦᠢ ᠰᠢᠵᠢᠷ  ᠠᠯᠲᠠᠨ ᠠᠵᠤ ᠠᠬᠤᠢ ᠶᠢᠨ ᠪᠦᠰᠡ ᠪᠤᠯᠭᠠᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠤᠬᠢᠷᠳᠤᠯ ᠦᠭᠡᠢ  ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠵᠦ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠤᠶᠠᠷ ᠵᠢᠯ ᠭᠠᠷᠤᠢ ᠶᠢᠨ ᠲᠤᠷᠰᠢ ᠨᠠᠮ ᠤᠨ ᠲᠦᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂  ᠬᠤᠯᠪᠤᠬᠳᠠᠯ ᠪᠦᠬᠦᠢ ᠰᠠᠯᠠᠭ᠎ᠠ ᠮᠦᠴᠢᠷ ᠪᠠ ᠮᠦᠷᠡᠨ ᠳᠠᠭᠠᠤ ᠮᠤᠵᠢ ᠬᠤᠲᠠ ᠶᠡᠭᠡ ᠬᠡᠮᠵᠢᠶᠡᠨ ᠤ ᠠᠵᠢᠯ ᠬᠢᠵᠦ᠂ ᠦᠵᠦ  ᠲᠦᠯᠦᠪᠯᠡᠭᠡ ᠶᠢ ᠴᠢᠩᠭᠠᠷᠠᠭᠤᠯᠵᠤ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ  ᠬᠦᠭᠵᠢᠭᠦᠯᠬᠦ ᠶᠢ ᠠᠬᠢᠭᠤᠯᠬᠤ᠂ ᠪᠠᠶᠢᠭᠤᠯᠤᠮᠵᠢ ᠲᠤᠬᠲᠠᠴᠠ ᠶᠢᠨ ᠦᠭᠡᠷᠡᠴᠢᠯᠡᠯᠲᠡ ᠶᠢ ᠰᠦᠪᠡᠭᠴᠢᠯᠡᠬᠦ ᠵᠡᠷᠭᠡ ᠲᠠᠯ᠎ᠠ ᠪᠠᠷ ᠢᠳᠡᠪᠬᠢᠲᠡᠢ  ᠠᠬᠢᠴᠠ ᠲᠠᠢ ᠪᠤᠯᠪᠠ᠃ ᠡᠭᠦᠨ ᠤ ᠬᠠᠮᠲᠤ ᠲᠤᠯᠭᠠᠷᠠᠵᠤ ᠪᠠᠶᠢᠭ᠎ᠠ ᠬᠦᠴᠢᠷᠳᠡᠯ ᠦᠷᠢᠰᠦᠯᠳᠦᠭᠡᠨ ᠪᠠ ᠳᠤᠪᠤᠶᠢᠮ᠎ᠠ ᠠᠰᠠᠭᠤᠳᠠᠯ ᠢ ᠴᠦ  ᠲᠤᠳᠤᠷᠬᠠᠢ ᠤᠯᠵᠤ ᠦᠵᠡᠬᠦ ᠬᠡᠷᠡᠭᠲᠡᠢ᠂ ᠵᠢᠱᠢᠶᠡᠯᠡᠪᠡᠯ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠡ ᠶᠢᠨ  ᠪᠠᠶᠢᠯᠳᠤᠬᠤ ᠪᠤᠳᠤᠯᠭ᠎ᠠ ᠳᠤ ᠮᠦᠨᠬᠦ ᠦᠷᠦᠭᠡᠰᠦᠯ ᠲᠠᠨᠢᠯᠲᠠ ᠲᠠᠢ ᠪᠠᠶᠢᠬᠤ᠂ ᠠᠮᠢ ᠠᠬᠤᠢ ᠤᠷᠴᠢᠨ ᠲᠤᠭᠤᠷᠢᠨ ᠤ ᠪᠠᠶᠢᠳᠠᠯ ᠮᠦᠨᠬᠦ  ᠬᠦᠨᠳᠦ ᠨᠤᠴᠢᠳᠠᠢ ᠪᠠᠶᠢᠬᠤ᠂ ᠠᠮᠢ ᠠᠬᠤᠢ ᠤᠷᠴᠢᠨ ᠲᠤᠭᠤᠷᠢᠨ ᠢ ᠬᠠᠮᠵᠢᠯᠴᠠᠨ ᠬᠠᠮᠠᠭᠠᠯᠠᠬᠤ ᠪᠠᠶᠢᠭᠤᠯᠤᠮᠵᠢ ᠲᠤᠬᠲᠠᠴᠠ ᠶᠢ  ᠲᠦᠷᠭᠡᠳᠬᠡᠨ ᠪᠠᠶᠢᠭᠤᠯᠵᠤ ᠪᠦᠷᠢᠨᠰᠢᠭᠦᠯᠬᠦ ᠴᠢᠬᠤᠯᠠᠳᠠᠢ ᠪᠠᠶᠢᠬᠤ᠂ ᠰᠠᠪᠠ ᠭᠠᠵᠠᠷ ᠤᠨ ᠬᠦᠭᠵᠢᠯᠲᠡ ᠲᠡᠩᠴᠡᠭᠦᠷᠢ ᠦᠭᠡᠢ ᠭᠦᠢᠴᠡᠳ  ᠦᠭᠡᠢ ᠪᠠᠶᠢᠬᠤ ᠠᠰᠠᠭᠤᠳᠠᠯ ᠳᠤᠪᠤᠶᠢᠮ᠎ᠠ ᠪᠠᠶᠢᠬᠤ᠂ ᠬᠤᠯᠪᠤᠬᠳᠠᠯ ᠪᠦᠬᠦᠢ ᠲᠠᠯ᠎ᠠ ᠶᠢᠨ ᠪᠡᠶᠡᠴᠢ ᠴᠢᠳᠠᠮᠠᠭᠠᠢ ᠴᠢᠨᠠᠷ ᠢ ᠳᠡᠭᠡᠭᠰᠢᠯᠡᠭᠦᠯᠬᠦ  ᠴᠢᠬᠤᠯᠠᠲᠠᠢ ᠪᠠᠶᠢᠬᠤ ᠵᠡᠷᠭᠡ ᠪᠤᠯᠤᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠡ ᠶᠢ ᠠᠬᠢᠭᠤᠯᠬᠤ ᠳᠤ ᠵᠦᠪ ᠢᠶᠠᠷ ᠡᠵᠡᠮᠳᠡᠬᠦ  ᠴᠢᠬᠤᠯᠠᠲᠠᠢ 5 ᠬᠠᠷᠢᠴᠠᠭ᠎ᠠ ᠶᠢ ᠲᠤᠳᠤᠷᠬᠠᠢ ᠲᠤᠷᠠᠳᠤᠭᠰᠠᠨ ᠪᠠᠶᠢᠨ᠎ᠠ᠃      ᠨᠢᠭᠡᠳᠦᠭᠡᠷ ᠲᠤ᠂ ᠪᠦᠬᠦᠯᠢ ᠴᠤᠬᠴᠠ ᠪᠠᠷ ᠠᠬᠢᠭᠤᠯᠬᠤ ᠪᠠ ᠭᠤᠤᠯᠳᠠᠯᠭ᠎ᠠ ᠲᠠᠢ ᠪᠠᠷ ᠰᠢᠪᠲᠤᠯᠬᠤ ᠶᠢᠨ ᠬᠠᠷᠢᠴᠠᠭ᠎ᠠ ᠶᠢ  ᠵᠦᠪ ᠢᠶᠠᠷ ᠡᠵᠡᠮᠳᠡᠵᠤ᠂ ᠬᠦᠬᠡᠮᠦ᠋ᠷᠡᠨ ᠤ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ ᠰᠡᠯᠪᠢᠨ ᠰᠡᠷᠬᠦᠬᠡᠬᠦ ᠠᠵᠢᠯ ᠢ ᠪᠦᠬᠦ  ᠲᠠᠯ᠎ᠠ ᠪᠠᠷ ᠰᠠᠶᠢᠳᠤᠷ ᠬᠢᠬᠦ ᠬᠡᠷᠡᠭᠳᠠᠢ᠃ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠡ ᠶᠢ ᠠᠬᠢᠭᠤᠯᠬᠤ ᠤᠷᠢᠳᠠᠯ ᠪᠤᠯ  ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ ᠶᠠᠪᠤᠳᠠᠯ ᠪᠤᠯᠤᠨ᠎ᠠ᠃ ᠠᠮᠢ ᠠᠬᠤᠢ ᠶᠢᠨ ᠰᠢᠰᠲ᠋ᠧᠮ ᠤᠨ ᠪᠦᠬᠦᠯᠢ  ᠴᠤᠬᠴᠠᠲᠤ ᠴᠢᠨᠠᠷ ᠪᠠ ᠬᠦᠬᠡᠮᠦ᠋ᠷᠡᠨ ᠤ ᠰᠠᠪᠠ ᠭᠠᠵᠠᠷ ᠤᠨ ᠰᠢᠰᠲ᠋ᠧᠮᠲᠤ ᠴᠢᠨᠠᠷ ᠠᠴᠠ ᠭᠠᠷᠳᠠᠨ ᠠᠭᠤᠯᠠ ᠤᠰᠤ ᠤᠢ ᠮᠤᠳᠤ ᠭᠠᠵᠠᠷ  ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠬᠡᠷ ᠵᠡᠷᠭᠡ ᠠᠮᠢ ᠠᠬᠤᠢ ᠶᠢᠨ ᠡᠯᠧᠮᠧᠨ᠋ᠲ ᠢ ᠨᠢᠭᠡᠳᠦᠯᠲᠡᠢ ᠲᠦᠯᠦᠪᠵᠢᠭᠦᠯᠵᠦ᠂ ᠠᠮᠢ  ᠠᠬᠤᠢ ᠶᠢ ᠰᠡᠯᠪᠢᠨ ᠰᠡᠷᠭᠦᠭᠡᠬᠦ ᠪᠠ ᠤᠷᠴᠢᠨ ᠲᠤᠭᠤᠷᠢᠨ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠪᠦᠬᠦᠯᠢ  ᠴᠤᠬᠴᠠ ᠪᠠᠷ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠬᠤᠯᠪᠤᠯᠳᠠᠬᠤ ᠴᠢᠨᠠᠷ ᠪᠠ ᠠᠪᠦᠴᠡᠯᠳᠦᠬᠤ  ᠴᠢᠨᠠᠷ ᠢ ᠴᠢᠩᠭᠠᠳᠬᠠᠵᠤ᠂ ᠬᠦᠨᠳᠦ ᠬᠦᠩᠭᠡᠨ ᠨᠢ ᠲᠡᠩᠴᠡᠭᠦᠷᠢ ᠦᠭᠡᠢ᠂ ᠭᠠᠭᠴᠠᠭᠠᠷ ᠢᠶᠠᠨ ᠭᠠᠪᠰᠢᠭᠠᠢᠢᠯᠠᠬᠤ᠂ ᠠᠯᠢ ᠠᠯᠢᠨ ᠳᠤ ᠴᠦ  ᠦᠯᠦ ᠵᠠᠪᠳᠤᠬᠤ ᠠᠴᠠ ᠰᠡᠷᠭᠡᠶᠢᠯᠡᠬᠦ ᠬᠡᠷᠡᠭᠲᠡᠢ᠃ ᠭᠤᠤᠯᠳᠠᠯᠭ᠎ᠠ ᠲᠠᠢ ᠪᠠᠷ ᠰᠢᠪᠲᠤᠯᠬᠤ ᠶᠢ ᠪᠠᠷᠢᠮᠲᠠᠯᠠᠵᠤ᠂ ᠪᠦᠬᠦᠯᠢ ᠴᠤᠬᠴᠠ ᠪᠠᠷ  ᠠᠬᠢᠭᠤᠯᠬᠤ ᠰᠠᠭᠤᠷᠢᠨ ᠳᠡᠭᠡᠷ᠎ᠡ ᠭᠤᠤᠯ ᠵᠦᠷᠢᠴᠡᠯ ᠪᠠ ᠵᠦᠷᠢᠴᠡᠯ ᠤᠨ ᠭᠤᠤᠯ ᠲᠠᠯ᠎ᠠ ᠶᠢ ᠠᠳᠬᠤᠵᠤ᠂ ᠪᠦᠬᠦ ᠲᠠᠯ᠎ᠠ ᠪᠡ ᠬᠡᠰᠡᠭ  ᠲᠠᠯ᠎ᠠ ᠶᠢ ᠬᠠᠷᠢᠯᠴᠠᠨ ᠢᠵᠢ ᠪᠦᠷᠢᠳᠦᠬᠦᠯᠬᠦ ᠂ ᠦᠨᠳᠦᠰᠦ ᠠᠴᠠ ᠨᠢ ᠵᠠᠰᠠᠬᠤ ᠪᠠ ᠦᠡᠭᠭᠡᠨ ᠲᠠᠯ᠎ᠠ ᠠᠴᠠ ᠨᠢ ᠵᠠᠰᠠᠬᠤ ᠶᠢ ᠬᠠᠷᠢᠯᠴᠠᠨ  ᠤᠶᠠᠯᠳᠤᠭᠤᠯᠬᠤ᠂ ᠠᠯᠭᠤᠷ ᠢᠶᠠᠷ ᠠᠬᠢᠬᠤ ᠪᠠ ᠰᠢᠪᠲᠤᠯᠤᠯᠳᠠ ᠬᠢᠬᠦ ᠶᠢ ᠬᠠᠷᠢᠯᠴᠠᠨ ᠵᠤᠯᠭᠠᠭᠤᠯᠬᠤ ᠶᠢ ᠴᠢᠷᠮᠠᠶᠢᠨ ᠪᠡᠶᠡᠯᠡᠭᠦᠯᠵᠦ᠂  ᠪᠦᠬᠦᠯᠢ ᠴᠤᠬᠴᠠ ᠪᠠᠷ ᠠᠬᠢᠭᠤᠯᠬᠤ ᠪᠠ ᠭᠤᠤᠯᠳᠠᠯᠭ᠎ᠠ ᠲᠠᠢ ᠪᠠᠷ ᠰᠢᠪᠲᠤᠯᠬᠤ ᠠᠵᠢᠯ ᠤᠨ ᠨᠢᠭᠡᠳᠦᠯᠲᠡᠢ ᠪᠠᠶᠢᠬᠤ ᠶᠢ ᠪᠡᠶᠡᠯᠡᠭᠦᠯᠬᠦ  ᠬᠡᠷᠡᠭᠲᠡᠢ᠃      ᠬᠤᠶᠠᠳᠤᠭᠠᠷ ᠲᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠠ ᠠᠵᠤ ᠠᠬᠤᠢ ᠶᠢ ᠬᠦᠭᠵᠢᠬᠦᠯᠬᠦ ᠶᠢᠨ ᠬᠠᠷᠢᠴᠠᠭ᠎ᠠ ᠶᠢ  ᠵᠦᠪ ᠢᠶᠠᠷ ᠡᠵᠡᠮᠳᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠠ ᠪᠤᠬᠢᠷᠳᠤᠯ ᠦᠭᠡᠢ ᠪᠠᠷ ᠬᠦᠭᠵᠢᠭᠦᠯᠬᠦ ᠶᠢ ᠬᠠᠮᠵᠢᠯᠴᠠᠨ  ᠠᠬᠢᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠬᠦ ᠬᠡᠷᠡᠭᠳᠠᠢ᠃ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠪᠤᠬᠢᠷᠳᠤᠯ ᠦᠭᠡᠢ  ᠬᠦᠭᠵᠢᠯᠲᠡ ᠶᠢ ᠠᠬᠢᠭᠤᠯᠬᠤ ᠵᠠᠩᠭᠢᠯᠠᠭ᠎ᠠ ᠪᠤᠯ ᠬᠦᠬᠡᠮᠳᠦᠭ ᠨᠤᠭᠤᠭᠠᠨ ᠠᠭᠤᠯᠠ ᠤᠰᠤ ᠪᠠ ᠠᠯᠲᠠᠨ ᠮᠦᠩᠭᠦᠨ ᠠᠭᠤᠯᠠ ᠶᠢᠨ  ᠬᠠᠷᠢᠴᠠᠭ᠎ᠠ ᠶᠢ ᠰᠠᠶᠢᠳᠤᠷ ᠰᠢᠢᠳᠪᠦᠷᠢᠯᠡᠬᠦ ᠶᠠᠪᠤᠳᠠᠯ ᠪᠤᠯᠤᠨ᠎ᠠ᠃ ᠡᠨᠡ ᠨᠢ ᠵᠦᠪᠬᠡᠨ ᠦᠷᠬᠦᠯᠵᠢᠯᠡᠬᠦ ᠬᠦᠭᠵᠢᠯᠲᠡ ᠶᠢ ᠪᠡᠶᠡᠯᠡᠭᠦᠯᠬᠦ  ᠲᠤᠳᠤᠭᠠᠳᠤ ᠱᠠᠭᠠᠷᠳᠠᠯᠭ᠎ᠠ ᠪᠢᠰᠢ᠂ ᠬᠠᠷᠢᠨ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ  ᠵᠠᠷᠴᠢᠮ ᠪᠤᠯᠤᠨ᠎ᠠ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠪᠠ ᠠᠵᠤ ᠠᠬᠤᠢ ᠶᠢᠨ ᠬᠦᠭᠵᠢᠯᠲᠡ ᠨᠢ ᠵᠦᠷᠢᠴᠡᠯᠳᠦᠵᠤ  ᠡᠰᠡᠷᠭᠦᠴᠡᠯᠳᠦᠭᠰᠡᠨ ᠬᠠᠷᠢᠴᠠᠭ᠎ᠠ ᠪᠢᠰᠢ᠂ ᠬᠠᠷᠢᠨ ᠬᠤᠪᠢᠰᠤᠩᠭᠤᠢ ᠨᠢᠭᠡᠳᠦᠯᠲᠡᠢ ᠬᠠᠷᠢᠴᠠᠭ᠎ᠠ ᠪᠤᠯᠤᠨ᠎ᠠ᠃ ᠠᠮᠢ ᠠᠬᠤᠢ ᠤᠷᠴᠢᠨ  ᠲᠤᠭᠤᠷᠢᠨ ᠤ ᠬᠠᠮᠠᠭᠠᠯᠠᠯᠲᠠ ᠶᠢᠨ ᠢᠯᠠᠵᠤ ᠢᠯᠠᠬᠳᠠᠬᠤ ᠨᠢ ᠡᠴᠦᠰ ᠤᠨ ᠡᠴᠦᠰ ᠲᠡᠭᠡᠨ ᠠᠵᠤ ᠠᠬᠤᠢ ᠶᠢᠨ ᠪᠦᠲᠦᠴᠡ ᠪᠠ ᠠᠵᠤ  ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠠᠴᠠ ᠲᠤᠬᠲᠠᠭᠠᠬᠳᠠᠨ᠎ᠠ᠃ ᠬᠦᠭᠵᠢᠭᠦᠯᠬᠦ ᠶᠢᠨ ᠳᠠᠭᠠᠤ ᠬᠠᠮᠠᠭᠠᠯᠠᠬᠤ᠂  ᠬᠠᠮᠠᠭᠠᠯᠠᠬᠤ ᠶᠢᠨ ᠳᠠᠭᠠᠤ ᠬᠦᠭᠵᠢᠬᠦᠯᠬᠦ ᠶᠢ ᠪᠠᠷᠢᠮᠲᠠᠯᠠᠬᠤ ᠬᠡᠷᠡᠭᠲᠡᠢ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠪᠠ ᠠᠵᠤ  ᠠᠬᠤᠢ ᠶᠢᠨ ᠬᠦᠭᠵᠢᠯᠲᠡ ᠶᠢ ᠰᠠᠯᠭᠠᠵᠤ ᠪᠤᠯᠬᠤ ᠦᠭᠡᠢ᠂ ᠨᠡᠩ ᠴᠤ ᠡᠰᠡᠷᠭᠦᠴᠡᠯᠳᠦᠭᠦᠯᠵᠦ ᠪᠤᠯᠬᠤ ᠦᠭᠡᠢ᠃      ᠭᠤᠷᠪᠠᠳᠤᠭᠠᠷ ᠲᠤ᠂ ᠶᠡᠷᠤᠩᠭᠡᠢ ᠳᠤᠨᠢ ᠲᠦᠯᠦᠪᠵᠢᠭᠦᠯᠬᠦ ᠪᠤᠯᠤᠨ ᠴᠦᠬᠦᠷᠡᠰᠢ ᠦᠬᠡᠢ ᠴᠢᠷᠮᠠᠶᠢᠬᠤ ᠶᠢᠨ ᠬᠠᠷᠢᠴᠠᠭ᠎ᠠ ᠶᠢ  ᠵᠦᠪ ᠢᠶᠠᠷ ᠡᠵᠡᠮᠳᠡᠵᠤ᠂ ᠡᠷᠡᠰ ᠭᠤᠶᠢᠪᠢᠰᠢ ᠦᠭᠡᠢ ᠪᠠᠷ ᠨᠢᠭᠡ ᠵᠢᠷᠤᠭ ᠲᠦᠰᠦᠪ ᠢ ᠡᠴᠦᠰ ᠲᠤᠨᠢ ᠲᠤᠯᠳᠠᠯ᠎ᠡ ᠪᠡᠶᠡᠯᠡᠭᠦᠯᠬᠦ ᠭᠡᠷᠡᠭᠲᠠᠢ᠃ ᠬᠦᠬᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠠ ᠶᠢ ᠠᠬᠢᠭᠤᠯᠬᠤ ᠪᠤᠯ ᠨᠢᠭᠡᠨ ᠰᠢᠰᠲ᠋ᠧᠮᠲᠤ ᠢᠨᠵᠧᠨᠧᠷᠢᠩ ᠪᠤᠯᠤᠨ᠎ᠠ᠂  ᠨᠢᠭᠡᠯᠡ ᠲᠡᠭᠡᠷ᠎ᠡ ᠪᠦᠳᠦᠭᠡᠵᠤ ᠲᠡᠶᠢᠯᠬᠦ ᠶᠠᠪᠤᠳᠠᠯ ᠪᠢᠰᠢ᠃ ᠦᠵᠤ ᠲᠦᠯᠦᠪᠯᠡᠭᠡ ᠶᠢ ᠰᠠᠶᠢᠳᠤᠷ ᠬᠢᠵᠤ᠂ ᠬᠠᠳᠠᠭᠠᠰᠤ ᠬᠠᠳᠠᠬᠤ ᠵᠤᠷᠢᠭ  ᠰᠠᠨᠠᠭ᠎ᠠ ᠪᠠᠷ ᠯᠠᠪᠳᠠᠭᠤᠨ ᠪᠠᠲᠤᠲᠠᠢ ᠪᠠᠷ ᠠᠵᠢᠯ ᠤᠨ ᠦᠷ᠎ᠡ ᠪᠦᠲᠦᠮᠵᠢ ᠶᠢ ᠠᠳᠬᠤᠬᠤ ᠬᠡᠷᠡᠭᠲᠠᠢ᠃ ︽ᠬᠦᠭᠡᠮᠦ᠋ᠷᠡᠨ ᠤ ᠠᠵᠤ  ᠠᠬᠤᠢ ᠶᠢᠨ ᠪᠦᠰᠡ ᠶᠢᠨ ᠬᠦᠭᠵᠢᠯᠲᠠ ᠶᠢᠨ ᠲᠦᠯᠦᠪᠵᠢᠭᠦᠯᠭᠡ ᠶᠢᠨ ᠬᠦᠳᠦᠯᠪᠤᠷᠢ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ  ᠬᠦᠨᠵᠡᠭᠡᠢ ᠠᠬᠢᠭᠤᠯᠵᠤ᠂ ᠭᠡᠷᠡᠭᠵᠢᠭᠦᠯᠦᠯᠲᠠ ᠶᠢᠨ ᠪᠠᠶᠢᠳᠠᠯ ᠵᠢᠴᠢ ᠤᠯᠤᠰ ᠤᠨ ᠲᠤᠲᠤᠭᠠᠲᠤ ᠭᠠᠳᠠᠭᠠᠳᠤ ᠶᠢᠨ ᠭᠦᠭᠵᠢᠯᠲᠠ ᠶᠢᠨ  ᠤᠷᠴᠢᠨ ᠲᠤᠭᠤᠷᠢᠨ ᠤ ᠰᠢᠨ᠎ᠡ ᠬᠤᠪᠢᠷᠠᠯᠲᠠ ᠲᠠᠢ ᠤᠶᠠᠯᠳᠤᠭᠤᠯᠵᠤ᠂ ︽ᠲᠦᠯᠦᠪᠵᠢᠭᠦᠯᠭᠡ ᠶᠢᠨ ᠬᠦᠳᠦᠯᠪᠤᠷᠢ︾᠎ ᠶᠢᠨ ᠲᠤᠮᠳᠠ  ᠬᠤᠭᠤᠴᠠᠭᠠᠨ ᠤ ᠦᠨᠡᠯᠡᠨ ᠵᠢᠱᠢᠯᠲᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠤᠰᠤᠭᠠᠷ  ᠲᠦᠯᠦᠪᠵᠢᠭᠦᠯᠭᠡ ᠶᠢᠨ ᠠᠭᠤᠯᠭ᠎ᠠ ᠶᠢ ᠲᠤᠬᠢᠷᠠᠭᠤᠯᠤᠨ ᠲᠡᠬᠦᠯᠳᠡᠷᠵᠢᠭᠦᠯᠬᠦ ᠭᠡᠷᠡᠭᠲᠠᠢ ᠃ ᠲᠤᠬᠲᠠᠬᠰᠡᠨ ᠬᠠᠷᠠᠯᠲᠠ ᠪᠠᠨ ᠪᠠᠶᠡᠯᠡᠬᠦᠯᠬᠦ ᠳᠤ  ᠴᠠᠭ ᠤᠨ ᠬᠦᠰᠦᠨᠦᠭᠳᠤ᠂ ᠵᠠᠮ ᠱᠤᠭᠤᠮ ᠤᠨ ᠵᠢᠷᠤᠭ ᠢ ᠲᠤᠳᠤᠷᠬᠠᠢ ᠲᠤᠬᠲᠠᠭᠠᠵᠤ᠂ ᠯᠠᠪᠳᠠᠭᠤᠨ ᠪᠠᠲᠤᠲᠠᠢ ᠠᠯᠬᠤᠮ ᠬᠤᠪᠢᠶᠠᠨ  ᠠᠬᠢᠭᠤᠯᠬᠤ ᠭᠡᠷᠡᠭᠲᠠᠢ᠃      ᠲᠦᠷᠪᠡᠳᠦᠭᠡᠷ ᠲᠤ᠂ ᠬᠠᠭᠤᠴᠢᠨ ᠬᠦᠳᠡᠯᠬᠡᠬᠦ ᠡᠨᠧᠷᠬᠢ ᠶᠢ ᠦᠬᠡᠶᠢᠰᠬᠡᠬᠦ ᠪᠠ ᠰᠢᠨ᠎ᠡ ᠬᠦᠳᠡᠯᠬᠡᠬᠦ ᠡᠨᠧᠷᠬᠢ ᠶᠢ  ᠪᠤᠶᠢᠵᠢᠭᠤᠯᠬᠤ ᠶᠢᠨ ᠬᠠᠷᠢᠴᠠᠭ᠎ᠠ ᠶᠢ ᠵᠦᠪ ᠢᠶᠠᠷ ᠡᠵᠡᠮᠳᠡᠵᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢ ᠤᠳᠤᠬᠢᠴᠢᠯᠠᠬᠰᠡᠨ  ᠠᠵᠤ ᠠᠬᠤᠢ ᠶᠢᠨ ᠰᠢᠰᠲ᠋ᠧᠮ ᠪᠤᠯᠭᠠᠨ ᠪᠠᠶᠢᠭᠤᠯᠬᠤ ᠶᠢ ᠠᠬᠢᠭᠤᠯᠬᠤ ᠭᠡᠷᠡᠭᠲᠠᠢ᠃ ᠭᠦᠭᠵᠢᠯᠲᠠ ᠶᠢᠨ ᠬᠦᠳᠡᠯᠭᠡᠬᠦ ᠬᠦᠴᠦ ᠨᠢ  ᠭᠦᠭᠵᠢᠯᠲᠠ ᠶᠢᠨ ᠬᠤᠷᠳᠤᠴᠠ᠂ ᠦᠷ᠎ᠡ ᠪᠦᠲᠦᠮᠵᠢ᠂ ᠦᠷᠭᠦᠯᠵᠢᠯᠡᠬᠦ ᠴᠢᠨᠠᠷ ᠢ ᠲᠤᠬᠲᠠᠭᠠᠳᠠᠭ᠃ ᠬᠠᠨᠭ᠍ᠭᠠᠯᠭ᠎ᠠ ᠶᠢᠨ ᠲᠠᠯ᠎ᠡ ᠶᠢᠨ  ᠪᠦᠲᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠬᠡᠮᠦ᠋ᠷᠡᠨ ᠤ ᠠᠵᠤ ᠠᠬᠤᠢ ᠶᠢᠨ  ᠪᠦᠰᠡ ᠶᠢᠨ ᠭᠦᠭᠵᠢᠯᠲᠠ ᠶᠢᠨ ᠬᠦᠳᠡᠯᠭᠡᠭᠦ ᠭᠦᠴᠦᠨ ᠤ ᠰᠤᠯᠢᠬᠳᠠᠯ ᠢ ᠠᠭᠢᠭᠤᠯᠵᠤ᠂ ᠤᠳᠤᠬᠢᠴᠢᠯᠠᠬᠰᠡᠨ ᠠᠵᠤ ᠠᠬᠤᠢ ᠶᠢᠨ  ᠰᠢᠰᠲ᠋ᠧᠮ ᠢ ᠪᠠᠶᠢᠭᠤᠯᠬᠤ ᠭᠡᠷᠡᠭᠲᠠᠢ᠃ ᠪᠠᠭᠠᠲᠤᠷ ᠡᠷ᠎ᠡ ᠪᠠᠭᠤ ᠪᠠᠨ ᠴᠠᠪᠴᠢᠵᠤ ᠶᠠᠰᠤ ᠪᠠᠨ ᠬᠤᠰᠤᠨ ᠬᠤᠤᠷ ᠢ ᠨᠢ ᠠᠷᠢᠯᠭᠠᠬᠤ ᠡᠷᠴᠢ  ᠵᠤᠷᠢᠭ ᠢᠶᠠᠷ ᠢᠳᠡᠪᠭᠢᠲᠠᠢ ᠯᠠᠪᠳᠠᠭᠤᠨ ᠲᠤᠭᠳᠠᠭᠤᠨ ᠢᠶᠠᠷ ᠬᠠᠭᠤᠴᠢᠨ ᠬᠦᠳᠡᠯᠭᠡᠭᠦ ᠡᠨᠧᠷᠬᠢ᠂ ᠪᠦᠳᠦᠮᠵᠢ ᠦᠭᠡᠢ ᠬᠠᠨᠭ᠍ᠭᠠᠯᠭ᠎ᠠ ᠶᠢ  ᠦᠬᠡᠶᠢᠰᠬᠡᠵᠤ᠂ ᠪᠡᠯᠡ ᠤᠷᠤᠭᠤᠯᠤᠯᠲᠠ ᠪᠤᠯᠤᠨ ᠡᠯᠧᠮᠧᠨ᠋ᠲ ᠤᠨ ᠤᠷᠤᠭᠤᠯᠤᠯᠲᠠ ᠪᠠᠷ ᠤᠳᠤᠷᠢᠳᠤᠮᠵᠢ ᠪᠤᠯᠭᠠᠬᠰᠡᠨ ᠬᠠᠭᠤᠴᠢᠨ  ᠵᠠᠮ ᠢ ᠲᠦᠢᠯᠪᠤᠷᠢᠲᠠᠢ ᠲᠠᠶᠠᠬᠳᠠᠵᠤ᠂ ᠰᠢᠨ᠎ᠡ ᠬᠦᠳᠡᠯᠬᠡᠬᠦ ᠡᠨᠧᠷᠬᠢ ᠶᠢᠨ ᠭᠦᠭᠵᠢᠯᠲᠠ ᠳᠤ ᠨᠦᠬᠦᠴᠡᠯ ᠪᠦᠷᠢᠯᠳᠦᠭᠦᠯᠤᠨ ᠤᠷᠤᠨ ᠵᠠᠢ  ᠬᠠᠨᠭ᠍ᠭᠠᠵᠤ᠂ ᠠᠮᠢᠵᠢᠷᠠᠯ ᠤᠨ ᠬᠦᠴᠦᠨ ᠪᠢᠯᠬᠠᠬᠰᠡᠨ ᠴᠤ᠋ ᠰᠢᠨ᠎ᠡ ᠲᠦᠷᠰᠦ ᠪᠠᠶᠢᠳᠠᠯ ᠢ ᠪᠤᠢ ᠪᠤᠯᠭᠠᠬᠤ ᠭᠡᠷᠡᠭᠲᠠᠢ᠃      ᠲᠠᠪᠤᠳᠤᠭᠠᠷ ᠲᠤ᠂ ᠦᠪᠡᠷ ᠢ ᠪᠠᠨ ᠬᠦᠭᠵᠢᠬᠦᠯᠬᠦ ᠪᠡ ᠵᠤᠬᠢᠴᠠᠭᠤᠯᠤᠨ ᠬᠦᠭᠵᠢᠭᠦᠯᠬᠦ ᠶᠢᠨ ᠬᠠᠷᠢᠴᠠᠭ᠎ᠠ ᠶᠢ ᠵᠦᠪ ᠢᠶᠠᠷ ᠡᠵᠡᠮᠳᠡᠵᠤ᠂ ᠬᠦᠭᠡᠮᠦ᠋ᠷᠠᠨ ᠤ ᠠᠵᠤ ᠠᠬᠤᠢ ᠶᠢᠨ ᠪᠦᠰᠡ ᠶᠢ ᠤᠷᠭᠠᠨᠢᠭ ᠢᠶᠠᠷ ᠠᠭᠤᠰᠤᠯᠴᠠᠬᠰᠡᠨ ᠦᠨᠳᠦᠷ ᠪᠦᠲᠦᠮᠵᠢᠲᠠᠢ ᠠᠵᠤ  ᠠᠬᠤᠢ ᠶᠢᠨ ᠴᠤᠬᠴᠠ ᠪᠤᠯᠭᠠᠬᠤ ᠪᠠᠷ ᠴᠢᠷᠮᠠᠶᠢᠬᠤ ᠭᠡᠷᠡᠭᠲᠠᠢ᠃ ᠬᠦᠬᠡᠮᠦ᠋ᠷᠡᠨ ᠤ ᠠᠵᠤ ᠠᠬᠤᠢ ᠶᠢᠨ ᠪᠦᠰᠡ ᠨᠢ ᠰᠠᠪᠠ ᠭᠠᠵᠠᠷ ᠤᠨ  ᠠᠵᠤ ᠠᠬᠤᠢ ᠪᠤᠯᠤᠬᠰᠡᠨ ᠤ ᠬᠤᠪᠢ ᠳᠤ ᠤᠰᠤ᠂ ᠵᠠᠮ᠂ ᠭᠠᠷᠠᠮ᠂ ᠬᠦᠪᠡᠭᠡ ᠡᠷᠬᠢ᠂ ᠠᠵᠤ ᠦᠢᠯᠡᠰ᠂ ᠬᠤᠲᠠ ᠵᠡᠷᠭᠡ ᠤᠯᠠᠨ  ᠲᠠᠯ᠎ᠡ ᠲᠠᠢ ᠬᠤᠯᠪᠤᠬᠳᠠᠵᠤ᠂ ᠰᠢᠰᠲ᠋ᠧᠮ ᠤᠨ ᠤᠨᠤᠯ ᠤᠨ ᠠᠷᠭ᠎ᠠ ᠢ ᠭᠡᠷᠡᠭᠯᠡᠨ ᠦᠪᠡᠷ ᠢ ᠪᠠᠨ ᠬᠦᠭᠵᠢᠬᠦᠯᠬᠦ ᠪᠡ ᠵᠤᠬᠢᠴᠠᠭᠤᠯᠤᠨ  ᠬᠦᠭᠵᠢᠭᠦᠯᠬᠦ ᠶᠢᠨ ᠬᠠᠷᠢᠴᠠᠭ᠎ᠠ ᠶᠢ ᠵᠦᠪ ᠢᠶᠠᠷ ᠡᠵᠡᠮᠳᠡᠬᠦ ᠭᠡᠷᠡᠭᠲᠠᠢ᠃ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠡᠯ᠎ᠡ ᠭᠠᠵᠠᠷ  ᠤᠷᠤᠨ᠂ ᠬᠤᠲᠠ ᠨᠢᠭᠡᠪᠤᠷᠢ ᠨᠢ ᠦᠪᠡᠷᠰᠡᠳ ᠤᠨ ᠬᠦᠭᠵᠢᠯᠲᠡ ᠶᠢᠨ ᠶᠠᠪᠤᠴᠠ ᠳᠠᠭᠠᠨ ᠵᠠᠪᠠᠯ ᠪᠦᠬᠦᠯᠢ ᠴᠤᠬᠴᠠ ᠠᠴᠠ ᠡᠬᠦᠰᠴᠤ᠂ ︽ ᠨᠢᠬᠡ ᠰᠢᠳᠠᠷ᠎ᠠ︾᠎ ᠶᠢᠨ ᠦᠵᠡᠯ ᠰᠠᠨᠠᠭ᠎ᠠ ᠶᠢ ᠪᠤᠢ ᠪᠤᠯᠭᠠᠵᠤ᠂ ᠤᠷᠤᠨ ᠪᠠᠶᠢᠷᠢ ᠰᠤᠯᠪᠢᠴᠠᠭᠤᠯᠵᠤ ᠬᠦᠭᠵᠢᠭᠦᠯᠬᠦ᠂ ᠵᠤᠬᠢᠴᠠᠩᠭᠤᠢ ᠪᠠᠷ  ᠬᠦᠭᠵᠢᠬᠦᠯᠬᠦ᠂ ᠤᠷᠭᠠᠨᠢᠭ ᠢᠶᠠᠷ ᠠᠭᠤᠰᠤᠯᠴᠠᠬᠤ ᠶᠢ ᠪᠡᠶᠡᠯᠡᠭᠦᠯᠵᠤ᠂ ᠪᠦᠬᠦᠯᠢ ᠴᠤᠬᠴᠠ ᠶᠢᠨ ᠬᠠᠮᠳᠤᠷᠠᠯ ᠬᠦᠴᠦᠨ ᠢ ᠪᠦᠷᠢᠯᠳᠦᠬᠦᠯᠬᠦ  ᠬᠡᠷᠡᠭᠲᠠᠢ᠃      ᠰᠢ ᠶᠢᠨ ᠫᠢᠩ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠮᠦᠷᠡᠨ ᠲᠠᠭᠠᠤ ᠮᠤᠵᠢ ᠬᠤᠲᠠ ᠶᠢᠨ ᠬᠢᠨ ᠬᠦᠭᠡᠮᠦ᠋ᠷᠡᠨ ᠤ  ᠠᠵᠤ ᠠᠬᠤᠢ ᠶᠢᠨ ᠪᠦᠰᠡ ᠶᠢᠨ ᠬᠦᠭᠵᠢᠯᠲᠠ ᠶᠢᠨ ᠲᠤᠬᠠᠢ ᠨᠠᠮ ᠤᠨ ᠲᠦᠪ ᠬᠤᠷᠢᠶ᠎ᠡ ᠶᠢᠨ ᠶᠠᠷᠤᠩᠭᠡᠢ ᠪᠠᠶᠢᠷᠢᠯᠠᠭᠤᠯᠤᠯᠲᠠ ᠪᠤᠯᠤᠨ  ᠠᠵᠢᠯ ᠤᠨ ᠲᠤᠬᠢᠷᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠵᠤ  ᠤᠳᠤᠷᠢᠳᠬᠤ ᠪᠠᠨ ᠴᠢᠩᠭᠠᠳᠬᠠᠨ᠂ ᠡᠯ᠎ᠡ ᠲᠠᠯ᠎ᠡ ᠶᠢᠨ ᠬᠦᠴᠦᠨ ᠢ ᠲᠠᠶᠢᠴᠢᠯᠠᠵᠤ᠂ ᠪᠠᠶᠢᠭᠤᠯᠤᠮᠵᠢ ᠲᠤᠬᠲᠠᠴᠠ ᠶᠢ ᠴᠢᠩᠭᠠᠷᠠᠭᠤᠯᠵᠤ᠂  ᠲᠤᠲᠤᠭᠠᠲᠤ ᠬᠦᠳᠡᠯᠭᠡᠬᠦ ᠭᠦᠴᠦᠨ ᠢ ᠬᠦᠭᠵᠢᠭᠡᠨ ᠂ ᠢᠳᠡᠭᠡᠯ ᠵᠤᠷᠢᠭ ᠢᠶᠠᠨ ᠪᠡᠲᠤᠵᠢᠭᠤᠯᠵᠤ᠂ ᠵᠤᠷᠢᠬᠲᠠᠢ ᠪᠠᠷ ᠬᠠᠷᠢᠭᠤᠴᠠᠯᠭ᠎ᠠ  ᠡᠬᠦᠷᠭᠡᠯᠡᠨ᠂ ᠯᠠᠪᠳᠠᠭᠤᠨ ᠪᠠᠳᠤᠳᠠᠢ ᠠᠳᠬᠤᠨ ᠦᠷ᠎ᠡ ᠪᠦᠳᠦᠮᠵᠢ ᠭᠠᠷᠭᠠᠵᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ  ᠬᠦᠭᠵᠢᠯᠲᠠ ᠶᠢᠨ ᠪᠠᠶᠢᠯᠳᠤᠬᠤ ᠪᠤᠳᠤᠯᠭ᠎ᠠ ᠶᠢ ᠰᠠᠶᠢᠳᠤᠷ ᠭᠡᠷᠡᠭᠵᠢᠭᠦᠯᠬᠦ ᠶᠢᠨ ᠲᠦᠯᠦᠭᠡ ᠬᠠᠮᠳᠤᠪᠡᠷ ᠲᠡᠮᠡᠴᠡᠬᠦ ᠬᠡᠷᠡᠭᠳᠠᠢ ᠬᠡᠵᠤ  ᠴᠢᠬᠤᠯᠠᠴᠢᠯᠠᠪᠠ᠃      ᠬᠠᠨ ᠵᠧᠩ ᠶᠠᠷᠢᠶᠠᠨ ᠳᠠᠭᠠᠨ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠲᠠ ᠶᠢ ᠠᠬᠢᠭᠤᠯᠬᠤ ᠲᠤᠬᠠᠢ  ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ  ᠡᠵᠡᠮᠰᠢᠵᠤ᠂ ᠶᠡᠭᠡ ᠬᠠᠮᠠᠭᠠᠯᠠᠯᠲᠠ ᠶᠢ ᠬᠠᠮᠳᠤᠪᠡᠷ ᠠᠳᠬᠤᠬᠤ᠂ ᠶᠡᠭᠡ ᠨᠡᠭᠡᠭᠡᠨ ᠬᠦᠭᠵᠢᠬᠦᠯᠦᠯᠳᠡ ᠬᠢᠬᠦ ᠦᠭᠡᠢ ᠶᠢᠨ ᠴᠢᠬᠤᠯᠠ ᠶᠡᠭᠡ  ᠠᠴᠢ ᠬᠤᠯᠪᠤᠬᠳᠠᠯ ᠢ ᠬᠦᠨᠵᠡᠬᠡᠢ ᠤᠢᠢᠯᠠᠭᠠᠵᠤ᠂ ᠶᠡᠭᠡ ᠬᠠᠮᠠᠭᠠᠯᠠᠯᠲᠠ ᠶᠢ ᠬᠠᠮᠳᠤᠪᠡᠷ ᠠᠳᠬᠤᠬᠤ ᠶᠢᠨ ᠦᠵᠡᠯ ᠰᠠᠨᠠᠭᠠᠨ ᠤ ᠤᠬᠠᠮᠰᠠᠷ  ᠪᠤᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠷᠠᠭᠤᠯᠬᠤ ᠭᠡᠷᠡᠭᠲᠠᠢ᠃ ᠠᠵᠢᠯ ᠤᠨ ᠭᠤᠤᠯᠳᠠᠯᠭ᠎ᠠ ᠶᠢ ᠲᠤᠪᠤᠶᠢᠯᠭᠠᠵᠤ᠂  ᠬᠦᠭᠡᠮᠦ᠋ᠷᠡᠨ ᠤ ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠪᠠᠷ ᠭᠤᠤᠯ ᠪᠤᠯᠭᠠᠵᠤ᠂ ᠤᠰᠤᠨ ᠤ ᠪᠤᠬᠢᠷᠳᠤᠯ ᠢ ᠵᠠᠰᠠᠬᠤ᠂  ᠤᠰᠤᠨ ᠤ ᠠᠮᠢ ᠠᠬᠤᠢ ᠶᠢ ᠰᠡᠯᠪᠢᠨ ᠰᠡᠷᠬᠦᠬᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢ ᠯᠠᠪᠳᠠᠭᠤᠨ ᠪᠠᠳᠤᠳᠠᠢ ᠠᠬᠢᠭᠤᠯᠬᠤ  ᠬᠡᠷᠡᠭᠲᠠᠢ᠃ ᠰᠢᠰᠲᠧᠮ ᠲᠠᠢ ᠪᠠᠷ ᠵᠠᠰᠠᠬᠤ ᠶᠢ ᠴᠢᠩᠭᠠᠳᠬᠠᠵᠤ᠂ ᠭᠤᠤᠯ ᠮᠦᠷᠡᠨ ᠳᠤ ᠤᠷᠤᠬᠤ ᠬᠠᠶᠠᠬᠳᠠᠮᠠᠯ ᠭᠠᠳᠠᠬᠰᠢᠯᠠᠭᠤᠯᠬᠤ  ᠠᠮᠠ ᠶᠢ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠮᠦᠷᠡᠨ ᠤ ᠤᠰᠤᠨ ᠤ ᠴᠢᠨᠠᠷ ᠢ ᠬᠢᠨᠠᠨ  ᠬᠡᠮᠵᠢᠵᠤ ᠤᠷᠢᠳᠴᠢᠯᠠᠨ ᠰᠡᠷᠡᠮᠵᠢᠯᠡᠬᠦᠯᠬᠦ ᠠᠵᠢᠯ ᠢ ᠬᠤᠯᠪᠤᠭᠠᠯᠠᠨ ᠬᠢᠵᠤ᠂ ᠶᠡᠭᠡ ᠬᠠᠮᠠᠭᠠᠯᠠᠯᠲᠠ ᠶᠢ ᠬᠠᠮᠳᠤᠪᠡᠷ ᠠᠳᠬᠤᠬᠤ ᠪᠦᠬᠦᠯᠢ  ᠴᠤᠬᠴᠠᠲᠤ ᠴᠢᠨᠠᠷ ᠢ ᠴᠢᠩᠭᠠᠷᠠᠭᠤᠯᠬᠤ ᠭᠡᠷᠡᠭᠲᠠᠢ᠃ ᠪᠠᠶᠢᠭᠤᠯᠤᠮᠵᠢ ᠲᠤᠬᠲᠠᠴᠠ ᠶᠢ ᠲᠡᠬᠦᠯᠳᠡᠷᠵᠢᠭᠦᠯᠵᠤ᠂ ᠤᠷᠤᠨ ᠪᠦᠰᠡ ᠶᠢᠨ  ᠬᠠᠮᠵᠢᠯᠴᠠᠨ ᠬᠠᠮᠳᠤᠷᠠᠯᠴᠠᠬᠤ ᠲᠤᠬᠲᠠᠴᠠ ᠶᠢᠨ ᠦᠢᠯᠡᠳᠦᠯ ᠢ ᠪᠠᠲᠠᠷᠠᠭᠤᠯᠵᠤ᠂ ᠠᠮᠢ ᠠᠬᠤᠢ ᠶᠢᠨ ᠨᠦᠬᠦᠪᠤᠷᠢ ᠤᠯᠭᠤᠯᠳᠠ ᠬᠢᠬᠡᠳ  ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠠᠢ ᠲᠤᠬᠲᠠᠴᠠ ᠶᠢ ᠪᠠᠶᠢᠭᠤᠯᠤᠨ ᠪᠦᠷᠢᠨᠰᠢᠬᠦᠯᠵᠤ᠂ ᠶᠡᠭᠡ ᠬᠠᠮᠠᠭᠠᠯᠠᠯᠲᠠ ᠶᠢ  ᠬᠠᠮᠳᠤᠪᠡᠷ ᠠᠳᠬᠤᠬᠤ ᠶᠢᠨ ᠬᠠᠮᠵᠢᠯᠴᠠᠬᠤ ᠴᠢᠨᠠᠷ ᠢ ᠴᠢᠩᠭᠠᠷᠠᠭᠤᠯᠬᠤ ᠭᠡᠷᠡᠭᠲᠠᠢ ᠬᠡᠵᠤ ᠢᠯᠡᠳᠬᠡᠪᠡ᠃      ᠳ᠋ᠢᠩ ᠰᠢᠤᠸᠠᠢ ᠰᠢᠶᠠᠩ᠂ ᠯᠢᠤ ᠾᠧ᠂ ᠾᠧ ᠯᠢ ᠹᠧᠩ ᠵᠢᠴᠢ ᠲᠦᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠤᠯᠪᠤᠬᠳᠠᠯ  ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ᠂ ᠬᠠᠮᠢᠶ᠎ᠠ ᠪᠦᠬᠦᠢ ᠮᠤᠵᠢ ᠤᠷᠤᠨ ᠬᠤᠲᠠ ᠶᠢᠨ ᠬᠠᠷᠢᠭᠤᠴᠠᠯᠭᠠᠲᠠᠨ  ᠨᠦᠬᠦᠳ ᠪᠠᠷ᠎ᠡ ᠪᠤᠯᠵᠤ ᠰᠢᠨᠵᠢᠯᠡᠨ ᠪᠠᠶᠢᠴᠠᠭᠠᠬᠰᠡᠨ ᠪᠦᠭᠡᠳ ᠶᠠᠷᠢᠯᠴᠠᠬᠤ ᠬᠤᠷᠠᠯ ᠳᠤ ᠤᠷᠤᠯᠴᠠᠵᠠᠢ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号