ᠦᠤᠰᠢᠨ ᠬᠤᠰᠢᠭᠤ ᠤᠯᠠᠨ ᠰᠠᠯᠠᠭ᠎ᠠ ᠮᠦᠴᠢᠷ ᠪᠦᠬᠦ ᠶᠠᠪᠤᠴᠠ ᠪᠠᠷ ᠬᠠᠮᠳᠤᠷᠠᠯᠴᠠᠭᠰᠠᠠ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠪᠠᠶᠢᠷᠢᠰᠢᠯ ᠢ ᠪᠦᠷᠢᠯᠳᠦᠬᠦᠯᠪᠠ
ᠨᠡᠶᠢᠲᠡᠯᠡᠭᠰᠡᠨ ᠴᠠᠭ᠄
2018-04-28
      ᠤᠢᠢᠷ᠎ᠠ ᠳᠤ ᠦᠤᠰᠢᠨ ᠬᠤᠰᠢᠭᠤ ︽ᠶᠠᠳᠠᠭᠤ ᠶᠢ ᠲᠡᠳᠬᠦᠬᠦ ᠳᠤ ᠵᠤᠷᠢᠭ ᠢ ᠨᠢ ᠲᠡᠳᠬᠦᠬᠦ · ᠨᠠᠮ ᠤᠯᠠᠨ ᠲᠦᠮᠡᠨ ᠰᠡᠳᠬᠢᠯ ᠵᠢᠷᠦᠬᠡ ᠪᠠᠨ ᠬᠤᠯᠪᠤᠬᠤ︾ ᠢᠨᠵᠧᠨᠧᠷᠢᠩ ᠢ ᠶᠡᠬᠡᠪᠡᠷ ᠬᠡᠷᠡᠭᠵᠢᠬᠦᠯᠵᠥ᠂ ︽ᠲᠤᠮᠤ ᠳ᠋ᠠᠶᠢᠲ᠋ᠠ︾᠎ ᠶᠢᠨ ᠮᠡᠷᠬᠡᠵᠢᠯ ᠢ ᠠᠰᠢᠬᠯᠠᠵᠥ᠂ ᠵᠢᠷᠬᠢᠶ᠎ᠡ ᠶᠢᠨ ᠤᠯᠠᠨ ᠨᠡᠶᠢᠳᠡ ᠶᠢᠨ ᠲᠡᠪᠴᠠᠩ᠂ ᠰᠦᠯᠵᠢᠶᠡᠨ ᠤ ᠦᠷᠳᠡᠭᠡ ᠪᠠᠷ ᠲᠡᠮᠵᠢᠨ᠂ ᠬᠤᠰᠢᠭᠤ᠂ ᠰᠤᠮᠤ ᠪᠠᠯᠭᠠᠰᠤ ᠰᠢᠶᠠᠩ᠂ ᠭᠠᠴᠠᠭ᠎ᠠ ᠲᠤᠰᠬᠤᠨ ᠭᠤᠷᠪᠠᠨ ᠱᠠᠳᠤᠨ ᠤ ᠰᠦᠯᠵᠢᠶᠡᠨ ᠤ ᠰᠢᠰᠲ᠋ᠧᠮ ᠢ ᠪᠠᠶᠢᠭᠤᠯᠵᠥ᠂ ᠠᠰᠠᠭᠤᠳᠠᠯ ᠢ ᠴᠤᠭᠯᠠᠭᠤᠯᠬᠤ᠂ ᠬᠤᠷᠢᠶᠠᠩᠭᠤᠢᠢᠯᠠᠬᠤ᠂ ᠰᠢᠢᠳᠪᠤᠷᠢᠯᠡᠬᠦ᠂ ᠬᠠᠷᠢᠭᠤ ᠲᠤᠰᠬᠠᠬᠤ ᠲᠤᠭᠳᠠᠴᠠ ᠶᠢ ᠪᠠᠶᠢᠭᠤᠯᠵᠥ᠂ ᠤᠯᠠᠨ ᠰᠠᠯᠠᠭ᠎ᠠ ᠮᠦᠴᠢᠷ ᠪᠦᠬᠦ ᠶᠠᠪᠤᠴᠠ ᠪᠠᠷ ᠬᠠᠮᠳᠤᠷᠠᠯᠴᠠᠭᠰᠠᠠ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠪᠠᠶᠢᠷᠢᠰᠢᠯ ᠢ ᠪᠦᠷᠢᠯᠳᠦᠬᠦᠯᠪᠠ᠃ ᠵᠢᠷᠬᠢᠶ᠎ᠡ ᠶᠢᠨ ᠤᠯᠠᠨ ᠨᠡᠶᠢᠳᠡ ᠶᠢᠨ ᠨᠤᠮᠧᠷ ᠂ ᠤᠯᠠᠨ ᠲᠦᠮᠡᠨ ᠤ ᠰᠡᠳᠬᠢᠯ ᠤᠨ ᠬᠤᠯᠪᠤᠭ᠎ᠠ ᠰᠦᠯᠵᠢᠶᠡᠨ ᠤ ᠦᠷᠳᠡᠭᠡ ᠪᠠᠷ ᠤᠨᠢᠨ ᠲᠡᠬᠡᠷ᠎ᠡ ᠨᠢ ᠶᠠᠳᠠᠭᠤ ᠶᠢ ᠲᠡᠳᠬᠦᠬᠦ᠂ ᠡᠳ᠋ ᠤᠨ ᠵᠠᠰᠠᠭ ᠤᠨ ᠨᠦᠬᠦᠪᠦᠷᠢ᠂ ᠵᠢᠬᠡᠯᠡᠯᠬᠡ ᠭᠤᠶᠤᠴᠢᠯᠠᠬᠤ᠂ ᠭᠠᠴᠠᠭ᠎ᠠ ᠲᠤᠰᠬᠤᠨ ᠤ ᠶᠠᠪᠤᠳᠠᠯ ᠢ ᠢᠯᠡ ᠪᠤᠯᠭᠠᠬᠤ ᠵᠡᠷᠬᠡ ᠠᠷᠠᠳ ᠲᠤ ᠠᠰᠢᠬ ᠬᠦᠷᠳᠡᠬᠡᠬᠦ ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠬᠢ ᠶᠢ ᠨᠡᠶᠢᠳᠡᠯᠡᠵᠥ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号