ᠲᠤᠭ ᠪᠠᠯᠭᠠᠰᠤ ᠡᠪᠯᠡᠯ ᠪᠠᠶᠢᠭᠤᠯᠦᠭ᠌ᠳᠠᠭᠰᠠᠨ 96 ᠵᠢᠯ ᠤᠨ ᠣᠢ ᠶᠢ ᠪᠡᠯᠬᠡᠯᠡᠭᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-05-10
     ᠡᠷᠡᠨ ᠴᠠᠭ ᠤᠨ ᠵᠠᠯᠠᠭᠤᠴᠣᠳ ᠪᠣᠯ ᠲᠡᠯᠭᠡᠷᠡᠵᠣ ᠪᠠᠶᠢᠭ᠎ᠠ ᠴᠡᠴᠡᠭ᠂ ᠮᠠᠨᠳᠣᠵᠣ ᠪᠠᠶᠢᠭ᠎ᠠ ᠨᠠᠷᠠ ᠪᠢᠯᠡ᠃ ︽5 ᠰᠠᠷ᠎ᠠ ᠶᠢᠨ 4 ᠤ ᠭᠦᠳᠡᠯᠬᠡᠬᠡᠨ︾ ᠤ 99 ᠵᠢᠯ ᠤᠨ ᠤᠢ ᠶᠢ ᠲᠤᠷᠠᠰᠬᠠᠨ᠂ ᠡᠪᠯᠡᠯ ᠪᠠᠶᠢᠭᠤᠯᠣᠭᠳᠠᠭᠰᠠᠨ 96 ᠵᠢᠯ ᠤᠨ ᠤᠢ ᠶᠢ ᠪᠡᠯᠭᠡᠯᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ  ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠣᠯᠦᠨ ᠨᠠᠮ ᠤᠨ ᠠᠷᠪᠠ ᠶᠢᠰᠦᠳᠤᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠲᠣᠣᠱᠯᠠᠭᠤᠯᠬᠤ ᠣᠷᠢᠶᠠᠯᠠᠭ᠎ᠠ ᠪᠠᠷ ᠡᠪ ᠬᠠᠮᠳᠣ ᠵᠠᠯᠠᠭᠤᠴᠣᠳ ᠤᠨ ᠡᠪᠯᠡᠯ ᠤᠨ ᠦᠣᠰᠢᠨ ᠬᠤᠰᠢᠭᠤᠨ ᠤ ᠬᠤᠷᠢᠶ᠎ᠠ ᠪᠤᠯᠤᠨ ᠲᠤᠭ ᠪᠠᠯᠭᠠᠰᠦᠨ ᠤ ᠬᠤᠷᠢᠶ᠎ᠠ ᠬᠠᠮᠳᠣᠷᠠᠨ ︽ᠤᠭ ᠰᠠᠨᠠᠭ᠎ᠠ ᠪᠠᠨ ᠦᠯᠦ ᠮᠠᠷᠳᠠᠨ ᠨᠠᠮ ᠢᠶᠠᠨ ᠲᠠᠭᠠᠵᠣ ᠬᠠᠷᠢᠭᠤᠴᠠᠯᠭ᠎ᠠ ᠡᠭᠦᠷᠬᠡᠯᠡᠨ ᠵᠤᠷᠢᠭᠳᠠᠢ ᠲᠡᠮᠡᠴᠡᠶ᠎ᠠ︾ ᠬᠡᠭᠦ ᠭᠤᠣᠯ ᠰᠡᠳᠣᠪᠳᠣ ᠠᠵᠢᠯᠯᠠᠭ᠎ᠠ ᠦᠷᠨᠢᠭᠦᠯᠪᠡ᠃      ᠠᠵᠢᠯᠯᠠᠭ᠎ᠠ ᠲᠡᠭᠡᠷ᠎ᠡ᠂ ᠰᠢᠯᠢᠳᠡᠭ ᠵᠠᠯᠠᠭᠤᠴᠣᠳ ᠢ ᠱᠠᠩᠨᠠᠨ ᠭᠦᠬᠢᠭᠦᠯᠬᠦ ᠶᠢᠨ ᠬᠠᠮᠳᠣ ᠵᠠᠯᠠᠭᠤᠴᠣᠳ ᠤᠨ ᠲᠣᠷ᠎ᠠ ᠰᠣᠨᠢᠷᠬᠠᠯ ᠳᠤ ᠲᠤᠬᠢᠷᠠᠭᠰᠠᠨ ᠰᠠᠭᠰᠤᠨ ᠪᠦᠮᠪᠦᠭᠡ ᠰᠠᠭᠰᠦᠯᠠᠬᠤ᠂ ᠲᠡᠭᠡᠰᠦ ᠦᠰᠦᠷᠬᠦ ᠵᠡᠷᠭᠡ ᠨᠠᠭᠠᠲᠦᠮ ᠢ ᠵᠣᠬᠢᠶᠠᠨ ᠪᠠᠶᠢᠭᠤᠯᠦᠨ ᠶᠠᠪᠣᠭᠳᠠᠭᠤᠯᠵᠤ᠂ ᠠᠵᠢᠯᠯᠠᠭ᠎ᠠ ᠠᠴᠠ ᠬᠢᠷᠢ ᠲᠡᠩᠴᠡᠭᠰᠡᠨ ᠡᠪ ᠬᠠᠮᠳᠣ ᠵᠠᠯᠠᠭᠤᠴᠣᠳ ᠤᠨ ᠡᠪᠯᠡᠯ ᠤᠨ ᠬᠡᠰᠢᠭᠦᠨ ᠪᠤᠯᠵᠤ᠂ ︽ᠣᠯᠣᠰ ᠢᠶᠠᠨ ᠬᠠᠶᠢᠷᠠᠯᠠᠬᠤ᠂ ᠦᠭᠡᠳᠡᠯᠡᠨ ᠲᠠᠪᠰᠢᠬᠤ᠂ ᠠᠷᠠᠳᠴᠢᠯᠠᠯ ᠲᠠᠢ᠂ ᠰᠢᠨᠵᠢᠯᠡᠬᠦ ᠣᠬᠠᠭᠠᠨᠴᠢ︾ ᠵᠣᠷᠢᠭ ᠰᠠᠨᠠᠭ᠎ᠠ ᠶᠢ ᠭᠦᠭᠵᠢᠭᠦᠯᠦᠨ ᠮᠠᠨᠳᠣᠭᠤᠯᠵᠣ᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠣᠯᠦᠨ ᠨᠠᠮ ᠤᠨ ᠠᠷᠪᠠ ᠶᠢᠰᠦᠳᠤᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠰᠢᠨ᠎ᠡ ᠴᠠᠭ ᠡᠷᠡᠨ ᠳᠤ ᠵᠠᠯᠠᠭᠤᠴᠣᠳ ᠪᠢᠳᠠ ᠭᠠᠪᠰᠢᠭᠠᠶᠢᠯᠠᠨ ᠣᠷᠣᠭᠰᠢᠯᠠᠬᠤ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠲᠤᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号