ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠭᠡᠷᠡᠭᠵᠢᠬᠦᠯᠬᠦ ᠲᠤᠪᠴᠢᠶ᠎ᠠ ᠠᠷᠠᠳ ᠤᠯᠠᠨ  ᠤ ᠵᠠᠭᠠᠯᠲᠤᠯᠭ᠎ᠠ ᠭᠤᠶᠤᠪᠴᠢᠯᠠᠯ ᠢ ᠨᠡᠪᠳᠡᠷᠡᠬᠦᠯᠵᠤ ᠠᠷᠠᠳ ᠲᠤ ᠲᠥᠭᠦᠮ ᠥᠵᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2018-05-10
      ᠤᠶᠢᠷ᠎ᠠ ᠳᠤ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠭᠠᠯᠠᠭᠤᠲᠤ ᠪᠠᠯᠭᠠᠰᠤᠨ ᠤ ᠪᠠᠯᠭᠠᠰᠤᠨ ᠲᠤᠭᠤᠷᠢᠭ ᠤᠨ ᠲᠥᠷᠢ ᠲᠥᠷᠬᠦ ᠶᠢ ᠨᠠᠩ ᠢᠯᠡᠭᠦᠤ ᠭᠤᠶᠤᠵᠢᠭᠤᠯᠬᠤ ᠶᠢᠨ ᠲᠥᠯᠤᠭᠡ᠂ ᠡᠯ᠎ᠡ ᠤᠶᠢᠯᠡᠳᠪᠤᠷᠢ ᠬᠤᠲᠠᠯᠲᠤᠭᠠᠨ ᠤ ᠬᠤᠪᠢ ᠶᠢᠨ ᠡᠷᠤᠭᠡ ᠶᠢ 2018 ᠤᠨ  ᠤ ︽ᠡᠭᠦᠲᠡᠨ ᠡᠮᠤᠨᠡᠬᠢ ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠥᠰᠥᠭ  ᠵᠢᠷᠤᠭᠤᠯᠬᠤ ᠶᠢᠨ ᠬᠠᠮᠲᠤ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠬᠤᠲᠠ ᠶᠢᠨ ᠬᠠᠮᠢᠶᠠᠷᠤᠯᠲᠠ ᠶᠢᠨ ᠵᠢᠷᠬᠢᠶ᠎ᠡ ᠶᠢᠨ ᠨᠡᠶᠢᠲᠡ ᠶᠢᠨ ᠲᠠᠪᠴᠠᠩ ᠤᠨ ᠮᠡᠷᠭᠡᠨ ᠴᠤᠬᠤᠷ ᠢ ᠲᠤᠰᠬᠠᠶᠢᠯᠠᠨ ᠲᠠᠷᠤᠮᠠᠯᠯᠠᠵᠤ᠂ ᠲᠤᠰ ᠮᠡᠷᠭᠡᠨ ᠴᠤᠬᠤᠷ ᠢ ᠰᠢᠷᠪᠢᠭᠦᠯᠦᠨ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠭᠦ ᠲᠤᠪᠴᠢᠶᠠᠨ ᠤ ᠬᠤᠯᠪᠤᠭᠲᠠᠯ ᠪᠥᠬᠦᠢ ᠬᠠᠤᠯᠢ ᠲᠥᠷᠢᠮ ᠵᠢᠴᠢ ᠤᠶᠢᠷ᠎ᠠ ᠶᠢᠨ ᠬᠤᠭᠤᠴᠠᠭᠠᠨ ᠤ ᠠᠵᠢᠯ ᠶᠢᠨ ᠪᠠᠶᠢᠲᠠᠯ ᠵᠡᠷᠭᠡ ᠠᠭᠤᠯᠭ᠎ᠠ ᠶᠢ ᠤᠶᠢᠯᠠᠭᠠᠭᠤᠯᠵᠤ᠂ ᠭᠡᠷ ᠠᠴᠠ ᠪᠠᠨ ᠭᠠᠷᠬᠤ ᠥᠭᠡᠢ ᠪᠠᠷ ᠲᠤᠰ ᠵᠢᠷᠬᠢᠶ᠎ᠡ ᠶᠢᠨ ᠨᠡᠶᠢᠲᠡ ᠶᠢᠨ ᠲᠠᠪᠴᠠᠩ ᠲᠡᠭᠡᠷ᠎ᠡ ᠬᠤᠲᠠ ᠶᠢᠨ ᠵᠠᠮ ᠤᠨ ᠮᠠᠯᠲᠠᠯᠭ᠎ᠠ᠂ ᠬᠤᠲᠠᠯᠲᠤᠭᠠᠨ ᠤ ᠤᠬᠠᠭᠤᠯᠭ᠎ᠠ ᠵᠡᠷᠭᠡ ᠶᠢ ᠬᠢᠨᠠᠨ ᠵᠥᠪᠰᠢᠶᠡᠷᠡᠭᠦᠯᠬᠦ ᠭᠠᠷ ᠭᠥᠢᠴᠡᠳᠭᠡᠯ ᠢ ᠬᠢᠵᠤ ᠪᠤᠯᠬᠤ ᠪᠠ ᠬᠤᠲᠠ ᠶᠢᠨ ᠬᠠᠮᠢᠶᠠᠷᠤᠯᠲᠠ ᠶᠢᠨ ᠬᠠᠤᠯᠢ ᠲᠥᠷᠢᠮ ᠢ ᠵᠥᠷᠢᠴᠡᠭᠰᠡᠨ ᠠᠵᠢᠯᠯᠠᠭ᠎ᠠ ᠶᠢ ᠭᠡᠷᠡᠯ ᠵᠢᠷᠤᠭ᠂ ᠲᠥᠷᠰᠤ ᠰᠢᠩᠭᠡᠭᠡᠯᠲᠡ ᠪᠠᠷ ᠢᠯᠡᠴᠢᠯᠡᠨ ᠮᠡᠳᠡᠭᠦᠯᠵᠤ ᠪᠤᠯᠬᠤ ᠪᠤᠯᠤᠭᠰᠠᠨ ᠪᠠᠶᠢᠨ᠎ᠠ᠃      ᠤᠲᠤᠬᠠᠨ ᠪᠤᠯᠲᠠᠯ᠎ᠠ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠭᠦ ᠲᠤᠪᠴᠢᠶ᠎ᠠ 24 ᠴᠠᠭ ᠤᠨ ᠨᠡᠪᠲᠡᠷᠡᠯ ᠲᠠᠢ 7215001 ᠪᠠ 12319 ᠤᠲᠠᠰᠤ ᠠᠴᠠ ᠭᠠᠲᠠᠨ᠎ᠠ ᠪᠠᠰᠠ ᠵᠢᠷᠬᠢᠶ᠎ᠡ  ᠶᠢᠨ ᠤᠯᠠᠨ ᠨᠡᠶᠢᠲᠡ ᠶᠢᠨ ᠲᠠᠪᠴᠠᠩ ᠤᠨ ᠪᠢᠴᠢᠯ ᠤᠶᠢᠯᠡᠴᠢᠯᠡᠭᠡᠨ ᠤ ᠲᠠᠪᠴᠠᠩ᠂ ᠠᠷᠠᠳ ᠲᠤ ᠲᠥᠭᠦᠮ ᠥᠵᠡᠬᠦᠯᠬᠦ ᠤᠶᠢᠯᠡᠴᠢᠯᠡᠭᠡᠨ ᠤ ᠲᠠᠪᠴᠠᠩ ᠢ ᠲᠤᠬᠢᠷᠠᠭᠤᠯᠬᠤ ᠶᠢᠨ ᠬᠠᠮᠲᠤ ᠥᠤᠰᠢᠨ ᠤ ᠠᠷᠠᠳ ᠲᠤ ᠲᠥᠭᠦᠮ ᠥᠵᠡᠬᠦᠯᠬᠦ ᠲᠠᠪᠴᠠᠩ 7581234 ᠤᠲᠠᠰᠤ ᠲᠠᠢ ᠢᠲᠡᠪᠬᠢᠲᠡᠢ ᠬᠠᠮᠵᠢᠯᠵᠠᠴᠤ᠂ ᠴᠠᠭ ᠳᠠᠷᠤᠢ ᠳᠤᠨᠢ ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠠᠰᠠᠭᠤᠲᠠᠯ ᠪᠠ ᠭᠥᠴᠢᠷᠲᠡᠯᠲᠤ ᠠᠰᠠᠭᠤᠲᠠᠯ ᠢ ᠬᠥᠯᠢᠶᠡᠨ ᠰᠢᠢᠳᠪᠤᠷᠢᠯᠡᠵᠤ᠂ ᠠᠷᠠᠳ  ᠲᠤ ᠠᠰᠢᠭ ᠬᠦᠷᠳᠡᠭᠡᠨ ᠲᠥᠭᠦᠮ ᠥᠵᠡᠬᠦᠯᠬᠦ ᠬᠢᠷᠢ ᠲᠥᠪᠰᠢᠨ ᠢᠶᠠᠨ ᠲᠠᠰᠤᠷᠠᠯᠲᠠ ᠥᠭᠡᠢ ᠲᠡᠭᠡᠭᠰᠢᠯᠡᠬᠦᠯᠵᠤ᠂ ᠡᠶ᠎ᠡ ᠵᠤᠬᠢᠴᠠᠯᠲᠤ ᠥᠷ᠎ᠡ ᠪᠥᠲᠤᠮᠵᠢᠲᠤ ᠬᠤᠲᠠ ᠶᠢᠨ ᠬᠠᠮᠢᠶᠠᠷᠤᠯᠲᠠ ᠶᠢ ᠴᠤᠭᠴᠠᠯᠠᠨ ᠪᠠᠶᠢᠭᠤᠯᠬᠤ ᠳᠤ ᠢᠲᠡᠪᠬᠢᠲᠡᠢ ᠬᠤᠪᠢ ᠨᠡᠮᠡᠷᠡᠢ ᠥᠵᠡᠬᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠬᠤᠲᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号