ᠮᠠᠨ ᠤ ᠬᠤᠰᠢᠭᠤ ᠲᠠᠯᠠᠨ ᠨᠢᠭᠡᠳᠡᠬᠢ ᠲᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ ᠢ ᠲᠤᠷᠠᠰᠬᠠᠬᠤ ᠵᠢᠴᠢ ᠪᠦᠬᠦ ᠬᠤᠰᠢᠭᠤᠨ ᠤ ︽ᠲᠦᠭᠡᠮᠡᠯ ᠬᠠᠶᠢᠷ᠎ᠠ ᠶᠢᠨ ᠭᠠᠷᠠᠭ︾ ᠤᠨ ᠠᠵᠢᠯᠯᠠᠭᠠᠨ ᠤ ᠡᠬᠢᠯᠡᠯᠲᠡ  ᠶᠢᠨ ᠶᠤᠰᠤᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-05-10
      5 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠲᠠᠯᠠᠨ ᠨᠢᠭᠡᠳᠡᠬᠢ ᠲᠡᠯᠡᠬᠡᠢ ᠶᠢᠨ ᠤᠯᠠᠭᠠᠨ ᠵᠠᠭᠠᠯᠮᠠᠶᠢᠲᠠᠨ  ᠤ ᠡᠳᠦᠷ ᠢ ᠲᠤᠷᠠᠰᠬᠠᠬᠤ ᠵᠢᠴᠢ ᠪᠦᠬᠦ ᠬᠤᠰᠢᠭᠤᠨ ᠤ ︽ᠲᠦᠭᠡᠮᠡᠯ ᠬᠠᠶᠢᠷ᠎ᠠ ᠶᠢᠨ ᠭᠠᠷᠠᠭ︾ ᠤᠨ ᠠᠵᠢᠯᠯᠠᠭᠠᠨ ᠤ ᠡᠬᠢᠯᠡᠯᠲᠡ ᠶᠢᠨ ᠶᠤᠰᠤᠯᠠᠯ ᠢ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠲᠡᠳ᠋ ᠲᠠᠷᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠤᠨ ᠲᠠᠷᠤᠭ᠎ᠠ ᠪᠠᠶᠠᠨᠴᠢᠮᠡᠭ ᠵᠢᠴᠢ ᠬᠤᠰᠢᠭᠤ ᠤᠯᠤᠰ ᠲᠦᠷᠦ ᠤᠨ ᠵᠦᠪᠯᠡᠯᠭᠡᠨ᠂ ᠤᠬᠠᠭᠤᠯᠬᠤ ᠬᠡᠯᠲᠡᠰ᠂ ᠦᠤᠰᠢᠨ ᠬᠤᠰᠢᠭᠤᠨ ᠤ ᠠᠵᠤ ᠠᠬᠤᠶᠢᠯᠠᠯᠲᠠᠨ ᠤ ᠬᠤᠯᠪᠤᠭᠠᠲᠤ ᠬᠤᠷᠠᠯ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠤᠨ ᠬᠠᠷᠢᠭᠤᠴᠠᠯᠭᠠᠲᠠᠨ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠵᠢᠴᠢ ᠡᠯ᠎ᠡ ᠠᠵᠤ ᠠᠬᠤᠶᠢᠯᠠᠯ ᠪᠠᠶᠢᠭᠤᠯᠭ᠎ᠠ ᠨᠢᠭᠡᠴᠢ ᠶᠢᠨ ᠬᠤᠪᠢᠶᠠᠷᠢᠯᠠᠨ ᠬᠠᠷᠢᠭᠤᠴᠠᠬᠤ ᠤᠳᠤᠷᠢᠳᠤᠯᠭ᠎ᠠ᠂ ᠬᠤᠯᠪᠤᠭᠳᠠᠯ ᠪᠦᠬᠦᠢ ᠠᠵᠢᠯᠲᠠᠨ ᠵᠢᠴᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠦᠬᠦ ᠺᠠᠳ᠋ᠷ ᠠᠵᠢᠯᠲᠠᠨ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃
     ᠡᠬᠢᠯᠡᠯᠲᠡ ᠶᠢᠨ ᠶᠤᠰᠤᠯᠠᠯ ᠲᠡᠭᠡᠷ᠎ᠡ᠂ 30 ᠨᠡᠷ᠎ᠡ ᠬᠦᠨᠳᠦ ᠡᠪᠡᠳᠴᠢᠲᠡᠨ ᠪᠤᠯᠤᠨ ᠤᠨᠴᠠ ᠬᠦᠴᠢᠷᠳᠡᠯᠲᠠᠢ ᠡᠷᠦᠬᠡ ᠳᠤ ᠲᠤᠰ ᠲᠤᠰ 2000 ᠲᠦᠭᠦᠷᠢᠭ ᠪᠠ 1500 ᠲᠦᠭᠦᠷᠢᠭ ᠤᠨ ︽ᠡᠳᠦᠷ ᠤᠨ ᠴᠠᠯᠢᠩ ᠤᠯᠭᠤᠮᠵᠢ  ᠪᠠᠨ ᠬᠠᠨᠳᠢᠪᠯᠠᠬᠤ︾ ᠲᠡᠳᠬᠦᠮᠵᠢ ᠶᠢᠨ ᠮᠦᠩᠭᠦ ᠦᠭᠴᠦ᠂ ᠠᠵᠢᠯ ᠮᠡᠷᠭᠡᠵᠢᠯ ᠤᠨ ᠲᠤᠮᠳᠠᠲᠤ ᠰᠤᠷᠭᠠᠭᠤᠯᠢ ᠳᠤ 5400 ᠲᠦᠬᠦᠷᠢᠭ᠂ ᠮᠤᠩᠭᠤᠯ ᠦᠨᠳᠦᠰᠦᠲᠡᠨ ᠤ ᠲᠤᠷᠰᠢᠯᠲᠡ ᠶᠢᠨ ᠪᠠᠭ᠎ᠠ ᠰᠤᠷᠭᠠᠭᠤᠯᠢ ᠳᠤ 21600 ᠲᠦᠭᠦᠷᠢᠭ ᠤᠨ ︽ᠡᠳᠦᠷ ᠤᠨ ᠴᠠᠯᠢᠩ ᠤᠯᠭᠤᠮᠵᠢ ᠪᠠᠨ ᠬᠠᠨᠳᠢᠪᠯᠠᠬᠤ︾ ᠲᠡᠳᠬᠦᠮᠵᠢ ᠶᠢᠨ ᠮᠦᠩᠭᠦ ᠬᠤᠪᠢᠶᠠᠨ᠂ ᠬᠤᠰᠢᠭᠤ ᠠᠵᠢᠯ ᠮᠡᠷᠭᠡᠵᠢᠯ ᠤᠨ ᠲᠤᠮᠳᠠᠲᠤ ᠰᠤᠷᠭᠠᠭᠤᠯᠢ ᠶᠢᠨ 18 ᠨᠡᠷ᠎ᠡ᠂ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ 72 ᠨᠡᠷ᠎ᠡ ᠶᠠᠳᠠᠭᠤ ᠬᠦᠴᠢᠷᠳᠡᠯᠲᠠᠢ ᠰᠤᠷᠤᠭᠴᠢ ᠶᠢ ᠲᠤᠰᠠᠯᠠᠭᠰᠠᠨ ᠪᠠᠶᠢᠨ᠎ᠠ᠃ ᠡᠬᠦᠨ ᠤ ᠬᠠᠮᠲᠤ ᠮᠤᠩᠭᠤᠯ ᠦᠨᠳᠦᠰᠦᠳᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ  ᠶᠢᠨ ᠲᠦᠯᠦᠭᠡᠯᠡᠭᠴᠢ ᠠᠴᠠ ᠲᠠᠯᠠᠷᠬᠠᠯ ᠤᠨ ᠦᠭᠡ ᠶᠠᠷᠢᠵᠤ᠂ ᠬᠦᠨᠲᠦ ᠡᠪᠡᠳᠴᠢᠨ ᠲᠠᠢ ᠡᠷᠦᠬᠡ ᠶᠢᠨ ᠲᠦᠯᠦᠭᠡᠯᠡᠭᠴᠢ  ᠠᠴᠠ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠲᠤ ᠬᠡᠮᠡᠷᠯᠢᠭ ᠲᠤᠭ ᠬᠦᠷᠭᠡᠨ᠂ ᠲᠤᠬᠠᠢ ᠶᠢᠨ ᠲᠠᠯᠠᠪᠠᠢ ᠳᠤ ᠶᠠᠳᠠᠭᠤ ᠬᠦᠴᠢᠷᠳᠡᠯᠲᠠᠢ ᠡᠷᠦᠬᠡ ᠳᠤ ᠠᠮᠢᠳᠤᠷᠠᠯ ᠤᠨ ᠬᠡᠷᠡᠭᠰᠡᠯ ᠪᠠ ᠨᠡᠶᠢᠬᠡᠮ ᠲᠤᠭᠤᠷᠢᠭ ᠤᠨ ᠶᠠᠳᠠᠭᠤ ᠬᠦᠴᠢᠷᠳᠡᠯᠲᠠᠢ ᠡᠷᠦᠬᠡ  ᠳᠤ ᠲᠤᠰᠠᠯᠠᠮᠵᠢ ᠶᠢᠨ ᠪᠤᠳᠠᠰ ᠬᠦᠷᠭᠡᠭᠰᠡᠨ ᠪᠠᠶᠢᠨ᠎ᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号