ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ 2018 ᠣᠨ ᠤ ᠳᠦᠷᠪᠡᠳᠦᠬᠡᠷ ᠣᠳᠠᠭᠠᠨ ᠤ ᠬᠠᠮᠳᠣᠪᠠᠷ ᠰᠣᠷᠣᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-10
     5 ᠰᠠᠷ᠎ᠠ ᠶᠢᠨ 4 ᠤ ᠡᠳᠦᠷ᠂ ᠬᠤᠰᠢᠭᠤ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ  ᠤᠨ 2018 ᠣᠨ ᠤ ᠳᠦᠷᠪᠡᠳᠦᠬᠡᠷ ᠣᠳᠠᠭᠠᠨ ᠤ ᠬᠠᠮᠳᠣᠪᠠᠷ ᠰᠣᠷᠣᠯᠴᠠᠬᠤ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠣ ᠶᠦᠨ ᠯᠢ ᠬᠤᠷᠠᠯ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠳᠣᠳᠣᠭᠠᠲᠣ ᠶᠢ ᠬᠠᠮᠠᠭᠠᠯᠠᠬᠤ ᠳᠣᠪᠴᠢᠶᠠᠨ ᠳᠠᠷᠤᠭ᠎ᠠ ᠭᠤᠣ ᠬᠣ᠋᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠢᠮᠡᠭ ᠵᠢᠴᠢ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠪᠣᠰᠣᠳ ᠬᠡᠰᠢᠬᠦᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ ᠪᠠᠶᠠᠨᠴᠢᠮᠡᠭ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ ᠵᠢᠷᠭᠤᠳᠣᠭᠠᠷ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠪᠠ ᠰᠢ ᠶᠢᠨ ᠫᠢᠩ ᠤᠨ ᠠᠮᠢ ᠠᠬᠤᠢ  ᠶᠢᠨ ᠪᠣᠯᠪᠠᠰᠣᠨ ᠤ ᠪᠠᠶᠢᠭᠤᠯᠣᠯᠲᠠ ᠶᠢᠨ ᠳᠣᠬᠠᠢ ᠴᠢᠬᠤᠯᠠ ᠴᠣᠬᠤᠯᠠᠪᠣᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠳᠠᠭᠠᠭᠤᠯᠣᠨ ᠰᠣᠷᠣᠯᠴᠠᠪᠠ᠃ ᠬᠤᠷᠠᠯ ᠠᠴᠠ ︽ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ ᠣᠳᠠᠭᠠᠨ  ᠤ ᠬᠤᠷᠠᠯᠳᠣᠭᠠᠨ ᠤ ᠦᠪᠦᠷ ᠮᠣᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶᠡᠰ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠣᠷᠢᠵᠢᠭᠤᠯᠣᠨ ᠳᠣᠣᠱᠯᠠᠭᠤᠯᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠢ ᠬᠢᠨᠠᠨ ᠪᠠᠳᠣᠯᠠᠪᠠ᠃     ᠬᠤᠷᠠᠯ ᠠᠴᠠ ᠱᠠᠭᠠᠷᠳᠠᠬᠤ ᠳᠠᠭᠠᠨ᠂ ᠮᠠᠲ᠋ᠧᠷᠢᠶᠠᠯ ᠢ ᠳᠠᠷᠬᠠᠭᠠᠭᠰᠠᠨ ᠤ ᠳᠠᠷᠠᠭ᠎ᠠ ᠪᠦᠬᠦᠳᠡᠭᠡᠷ ᠢᠶᠠᠨ ᠰᠠᠶᠢᠳᠣᠷ ᠰᠣᠷᠣᠯᠴᠠᠵᠣ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠲᠠᠢ ᠨᠢᠬᠡᠳᠭᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠠᠬᠢᠭᠤᠯᠤᠨ ︽ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ︾ ᠢ ᠰᠠᠶᠢᠳᠣᠷ ᠬᠢᠵᠦ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠨ᠂ ᠠᠮᠢ ᠠᠬᠤᠢ ᠶᠢᠨ ᠪᠣᠯᠪᠠᠰᠣᠨ᠂ ᠦᠨᠳᠦᠷ ᠴᠢᠨᠠᠷᠲᠣ ᠬᠦᠭᠵᠢᠯᠲᠡ ᠶᠢ ᠠᠬᠢᠭᠤᠯᠵᠣ᠂ ᠭᠠᠵᠠᠷ ᠣᠷᠣᠨ ᠤ ᠠᠮᠣᠷ ᠲᠦᠪᠰᠢᠨ ᠪᠠ ᠳᠣᠭᠳᠠᠭᠤᠨ ᠢ ᠪᠠᠳᠣᠯᠠᠬᠤ ᠬᠡᠷᠡᠭᠲᠡᠢ ᠬᠡᠪᠡ᠃     ᠬᠤᠷᠠᠯ ᠠᠴᠠ ᠴᠢᠬᠤᠯᠠᠴᠢᠯᠠᠬᠤ ᠳᠠᠭᠠᠨ᠂ ︽ᠭᠥᠭᠡᠮᠳᠤᠭ᠌ ᠠᠭᠤᠯᠠ ᠴᠡᠩᠬᠡᠭ ᠤᠰᠤ ᠪᠤᠯ ᠠᠯᠳᠠ ᠮᠥᠩᠭᠦᠨ ᠠᠭᠤᠯᠠ︾ ᠭᠡᠭᠦ ᠥᠵᠡᠯᠳᠠ ᠶᠢ ᠪᠠᠳᠣ ᠪᠣᠢ ᠪᠣᠯᠭᠠᠵᠣ ᠪᠣᠬᠢᠷᠳᠣᠯ ᠢ ᠰᠡᠷᠬᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ᠂ ᠲᠦᠪ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ︽ᠡᠷᠬᠢᠵᠦ ᠬᠠᠷᠠᠬᠤ ︾ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠬᠦ ᠬᠡᠷᠡᠭᠲᠡᠢ᠃ ᠦᠪᠡᠷᠳᠡᠭᠡᠨ ᠵᠠᠰᠠᠬᠤ ᠣᠷᠣᠨ ᠤ ᠳᠡᠳ᠋ ᠳᠡᠷᠢᠬᠦᠯᠡᠭᠴᠢ ᠵᠠᠩ ᠱᠣᠣ ᠴᠦᠨ ᠮᠠᠨ ᠤᠨ ᠬᠤᠳᠠᠨ ᠳᠤ ᠬᠤᠷᠠᠯᠳᠣᠭᠤᠯᠣᠭᠰᠠᠨ ᠮᠡᠳᠡᠬᠦᠯᠦᠯᠲᠡ ᠶᠢᠨ ᠬᠤᠷᠠᠯ᠂ ᠨᠢᠦ ᠵᠢᠶᠦ᠋ᠨ ᠶᠠᠨ ᠱᠦᠵᠢ ᠶᠢᠨ ᠬᠤᠷᠠᠯᠳᠣᠭᠤᠯᠣᠭᠰᠠᠨ ᠪᠠᠶᠢᠷᠢᠯᠠᠭᠤᠯᠣᠯᠲᠠ ᠶᠢᠨ ᠬᠤᠷᠠᠯ ᠵᠢᠴᠢ ᠵᠢᠷᠭᠠᠯᠲᠣ ᠱᠦᠵᠢ ᠠᠴᠠ ᠬᠤᠷᠠᠯᠳᠣᠭᠤᠯᠣᠭᠰᠠᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠪᠠᠶᠢᠷᠢᠯᠠᠭᠤᠯᠣᠯᠳᠠ ᠶᠣᠰᠣᠭᠠᠷ ᠪᠦᠬᠦ ᠰᠡᠳᠬᠢᠯ ᠪᠦᠬᠦ ᠬᠦᠴᠦᠨ ᠢᠶᠠᠷ ᠠᠵᠢᠯ ᠢᠶᠠᠨ ᠰᠠᠶᠢᠨ ᠬᠢᠵᠦ᠂ ᠲᠦᠪ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ︽ᠡᠷᠬᠢᠵᠦ ᠬᠠᠷᠠᠬᠤ︾ ᠶᠢ ᠥᠷᠨᠢᠭᠦᠯᠭᠦ ᠠᠴᠠ ᠡᠮᠤᠨ᠎ᠠ ᠱᠠᠳᠣᠴᠢ ᠴᠢᠨᠠᠷ ᠲᠠᠢ ᠢᠯᠡᠷᠭᠡᠢ ᠦᠷ᠎ᠡ ᠪᠦᠲᠦᠮᠵᠢ ᠣᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号