ᠮᠠᠨ ᠤ ᠬᠤᠰᠢᠭᠤᠨ ᠤ 640 ᠲᠦᠮᠡ ᠢᠯᠡᠬᠦᠦ ᠮᠤ᠋ ᠨᠤᠳᠤᠭ ᠪᠡᠯᠴᠢᠬᠡᠷ ︽ᠠᠮᠠᠷᠠᠯᠳᠠ ᠶᠢᠨ ᠬᠤᠭᠤᠴᠠᠭ᠎ᠠ︾ ᠪᠠᠨ ᠤᠭᠳᠤᠯ᠎ᠠ
ᠨᠡᠶᠢᠲᠡᠯᠡᠭᠰᠡᠨ ᠴᠠᠭ᠄
2018-05-10
      ᠲᠦᠷᠪᠡᠳᠦᠬᠡᠷ ᠰᠠᠷ᠎ᠠ ᠠᠴᠠ ᠨᠠᠰᠢ᠂ ᠮᠠᠨ ᠤ ᠬᠤᠰᠢᠭᠤᠨ ᠤ 640 ᠲᠦᠮᠡ ᠢᠯᠡᠬᠦᠦ ᠮᠤ᠋ ᠨᠤᠳᠤᠭ ᠪᠡᠯᠴᠢᠬᠡᠷ ᠶᠡᠷᠢ ᠨᠢᠬᠡᠨ ᠬᠤᠨᠤᠭ ᠤᠨ ︽ᠠᠮᠠᠷᠠᠯᠳᠠ ᠶᠢᠨ ᠬᠤᠭᠤᠴᠠᠭ᠎ᠠ︾ ᠪᠠᠨ ᠤᠭᠳᠤᠵᠤ᠂ ᠮᠠᠯ ᠠᠵᠤ ᠠᠬᠤᠢ ᠳᠤ ᠦᠢᠯᠡᠴᠢᠯᠡᠬᠦ ᠪᠦᠷᠢᠨ ᠪᠡᠯᠡᠳᠬᠡᠯ ᠤᠨ ᠱᠠᠳᠤᠨ ᠳᠠᠭᠠᠨ ᠤᠷᠤᠯ᠎ᠠ᠃      ᠮᠠᠨ ᠤ ᠬᠤᠰᠢᠭᠤᠨ ᠤ ᠨᠤᠳᠤᠭ ᠪᠡᠯᠴᠢᠬᠡᠷ ᠤᠨ ᠲᠠᠯᠠᠪᠠᠢ 1321 ᠭᠠᠷᠤᠢ ᠲᠦᠮᠡᠨ ᠮᠤ᠋ ᠪᠠᠶᠢᠵᠤ᠂ ᠡᠬᠦᠨ  ᠳᠤ 647 ᠭᠠᠷᠤᠢ ᠲᠦᠮᠡᠨ ᠮᠤ᠋ ᠨᠤᠳᠤᠭ ᠪᠡᠯᠴᠢᠬᠡᠷ ᠲᠤ ᠮᠠᠯᠵᠢᠬᠤ ᠶᠢ ᠬᠤᠷᠢᠭᠯᠠᠵᠤ᠂ 643 ᠭᠠᠷᠣᠢ ᠲᠦᠮᠡᠨ ᠮᠤ᠋ ᠨᠤᠳᠤᠭ ᠪᠡᠯᠴᠢᠬᠡᠷ ᠲᠤ 4 ᠰᠠᠷ᠎ᠠ ᠶᠢᠨ 1 ᠠᠴᠠ 6 ᠰᠠᠷ᠎ᠠ ᠶᠢᠨ 30 ᠪᠤᠯᠳᠠᠯ᠎ᠠ ᠰᠡᠯᠬᠦᠨ ᠮᠠᠯᠵᠢᠬᠤ ᠶᠢ ᠬᠡᠷᠡᠭᠵᠢᠬᠦᠯᠵᠦ ᠪᠤᠢ᠃ ᠰᠡᠯᠬᠦᠨ ᠮᠠᠯᠵᠢᠬᠤ ᠭᠤᠷᠪᠠᠨ ᠰᠠᠷ᠎ᠠ ᠶᠢᠨ ᠬᠤᠭᠤᠴᠠᠭᠠᠨ ᠳᠤ᠂ ᠪᠦᠬᠦ ᠬᠤᠳᠠ ᠶᠢᠨ 83900 ᠮᠠᠯᠴᠢᠨ 46600 ᠵᠠᠭᠤ ᠭᠠᠷᠤᠢ ᠬᠤᠨᠢ ᠮᠠᠯ ᠢ ᠬᠠᠰᠢᠶᠠᠯᠠᠨ ᠮᠠᠯᠵᠢᠵᠤ ᠪᠤᠢ᠃ ᠪᠡᠯᠴᠢᠬᠡᠷ ᠪᠤᠯ ᠮᠠᠯᠴᠢᠳ ᠤᠨ ᠠᠮᠢᠨ ᠲᠡᠵᠢᠬᠡᠯ ᠪᠤᠯᠬᠤᠷ ᠵᠤᠬᠢᠰᠳᠠᠢ ᠬᠠᠮᠠᠭᠠᠯᠠᠨ ᠠᠰᠢᠭᠯᠠᠬᠤ ᠨᠢ ᠪᠡᠯᠴᠢᠬᠡᠷ ᠤᠨ ᠠᠮᠢ ᠠᠬᠤᠢ ᠶᠢᠨ ᠰᠢᠰᠲ᠋ᠧᠮ ᠢ ᠪᠦᠷᠢᠨᠰᠢᠬᠦᠯᠵᠤ ᠨᠠᠩ ᠤᠷᠳᠤ ᠬᠤᠭᠤᠴᠠᠭᠠᠨ ᠤ ᠠᠰᠢᠭᠯᠠᠯᠳᠠ ᠳᠤ ᠪᠠᠳᠤᠯᠠᠭ᠎ᠠ ᠬᠠᠩᠭᠠᠵᠤ ᠴᠢᠳᠠᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号