ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠷᠪᠡᠳᠤᠭᠡᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-05-10
      ᠣᠶᠢᠷ᠎ᠡ ᠶᠢᠨ ᠡᠳᠦᠷ᠂ ᠥᠥᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠷᠪᠡᠳᠤᠭᠡᠷ ᠣᠳᠠᠭᠠᠨ ᠤ ᠬᠤᠷᠠᠯ ᠢ ᠬᠤᠷᠠᠯᠳᠣᠭᠤᠯᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠯᠢ ᠰᠢᠤ ᠹᠧᠩ᠂ ᠸᠠᠩ ᠶᠥᠩ ᠴᠢᠩ᠂ ᠡᠾᠧ ᠤᠯᠠᠭᠠᠨ ᠪᠤᠯᠤᠨ ᠬᠤᠰᠢᠭᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠳ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠲᠠᠷᠤᠭ᠎ᠠ ᠽᠥᠸᠧ ᠴᠧᠨ ᠭᠤᠸᠠᠩ ᠵᠢᠴᠢ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠠ ᠵᠥᠪᠯᠠᠯ ᠠᠯᠪᠠᠨ ᠭᠡᠷ ᠤᠨ ᠲᠡᠳ᠋ ᠡᠷᠭᠢᠯᠡᠭᠴᠢ᠂ ᠰᠠᠭᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ᠂ ᠰᠢᠭᠦᠭᠦ ᠬᠤᠷᠢᠶ᠎ᠠ ᠪᠤᠯᠤᠨ ᠡᠳ᠋ ᠤᠨ ᠵᠠᠰᠠᠭ ᠤᠨ ᠲᠤᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃      ᠬᠤᠷᠠᠯ ᠢᠶᠠᠷ᠂ ︽ᠰᠢᠷᠠᠤ᠋ᠰᠤ ᠤᠯᠤᠰ ᠤᠨ ᠬᠠᠭᠤᠴᠢ ᠰᠣᠳᠣᠯᠣᠯ ᠤᠨ ᠪᠠᠭᠤᠷᠢ ᠶᠢᠨ ᠴᠡᠴᠡᠷᠯᠢᠭ ᠤᠨ ᠮᠥᠽᠧᠢ ᠵᠡᠷᠭᠡ ᠲᠠᠪᠤᠨ PPP ᠲᠥᠷᠥᠯ ᠵᠥᠢᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠳ᠋ ᠤᠨ ᠵᠠᠰᠠᠭ ᠤᠨ ᠲᠥᠰᠥᠪ ᠲᠤ ᠤᠷᠤᠭᠤᠯᠬᠤ ᠪᠠ ᠲᠤᠮᠳᠠ ᠰᠡᠭᠦᠯᠴᠢ ᠶᠢᠨ ᠬᠤᠭᠤᠴᠠᠭᠠᠨ ᠤ ᠡᠳ᠋ ᠤᠨ ᠵᠠᠰᠠᠭ  ᠤᠨ ᠲᠥᠯᠥᠪᠵᠢᠭᠦᠯᠭᠡ ᠶᠢᠨ ᠲᠤᠬᠠᠢ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠥᠪᠯᠡᠯᠭᠡ︾  ᠶᠢ ᠭᠢᠨᠠᠨ ᠪᠠᠳᠤᠯᠠᠵᠤ᠂ ᠠᠵᠢᠯᠳᠠᠠ ᠤ ᠶᠠᠪᠤᠳᠠᠯ ᠤᠨ ᠲᠤᠮᠢᠯᠠᠵᠤ ᠪᠠᠭᠤᠯᠭᠠᠬᠤ ᠤᠴᠢᠷ ᠢ ᠲᠤᠭᠳᠠᠭᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号