2018 ᠣᠨ ᠤ ᠦᠤᠰᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠤᠯ ᠢ ᠳᠠᠷᠤᠮᠠᠯᠯᠠᠨ ᠲᠠᠷᠬᠠᠭᠠᠬᠤ ᠳᠤᠬᠠᠢ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-05-10
ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ᠂ ᠡᠯ᠎ᠡ ᠠᠷᠠᠳ ᠤᠨ ᠪᠥᠯᠬᠦᠮ᠄   ᠬᠤᠰᠢᠭᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠠᠮᠵᠢᠭᠠᠳ ᠡᠳᠥᠭᠡ ︽2018 ᠣᠨ ᠤ ᠦᠤᠰᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠡᠢ᠃                     ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                        2018 ᠣᠨ ᠤ 3 ᠰᠠᠷ᠎ᠠ ᠶᠢᠨ 15 ᠤ ᠡᠳᠦᠷ                       2018 ᠣᠨ ᠤ ᠦᠤᠰᠢᠨ ᠬᠤᠰᠢᠭᠤᠨ ᠤ ᠪᠥᠬᠦ ᠠᠷᠠᠳ ᠤᠨ ᠪᠡᠶ᠎ᠡ         ᠴᠢᠭᠢᠷᠠᠭᠵᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ                            ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠤᠶᠠᠯᠳᠤᠭᠤᠯᠬᠤ ᠶᠢ ᠲᠥᠯᠬᠢᠨ ᠠᠬᠢᠭᠤᠯᠵᠤ᠂ ᠡᠷᠡᠭᠦᠯ ᠡᠩᠬᠡ ᠦᠤᠰᠢᠨ ᠤ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ︽ᠦᠤᠰᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠬᠡᠷᠡᠭᠵᠢᠭᠦᠯᠬᠦ ᠲᠥᠯᠥᠪᠯᠡᠭᠡ  ︵2016 —2020  ᠣᠨ︶︾ ᠶᠢ ᠦᠨᠳᠤᠰᠦᠯᠡᠨ᠂ ᠡᠳᠦᠬᠡ ᠮᠠᠨ ᠤ ᠬᠤᠰᠢᠭᠤᠨ ᠤ ᠪᠣᠳᠠᠳᠣ ᠪᠠᠶᠢᠳᠠᠯ ᠲᠠᠢ ᠣᠶᠠᠯᠳᠣᠭᠤᠯᠣᠨ ᠳᠣᠰ ᠲᠦᠰᠥᠯ ᠢ ᠳᠣᠭᠳᠠᠭᠠᠪᠠ᠃           ᠨᠢᠭᠡ᠂ ᠵᠢᠯᠤᠭᠤᠳᠬᠤ ᠦᠵᠡᠯ ᠰᠠᠨᠠᠭ᠎ᠠ           ︽ᠪᠦᠭᠦ ᠠᠷᠠᠳ ᠤᠨ ᠪᠡᠶ᠎ᠠ ᠴᠢᠭᠢᠷᠠᠬᠵᠢᠭᠤᠯᠬᠤ  ᠳᠥᠷᠢᠮ︾ ᠢ ᠨᠠᠶᠢᠳᠠᠪᠤᠷᠢᠵᠢᠭᠤᠯᠬᠤ ᠪᠠᠷ ᠭᠤᠤᠯ ᠰᠢᠵᠢᠮ ᠪᠤᠯᠭᠠᠵᠤ ᠤᠳᠬ᠎ᠠ ᠠᠭᠤᠯᠭ᠎ᠠ ᠪᠠᠷ ᠪᠠᠶᠠᠯᠢᠭ᠂ ᠠᠮᠢᠳᠤᠷᠠᠯ ᠲᠠᠢ ᠣᠶᠢᠷᠠᠳᠤᠭᠰᠠᠨ ᠤᠯᠠᠨ ᠲᠦᠮᠡᠨ ᠤ ᠤᠷᠤᠯᠴᠠᠬᠤ ᠳᠤ ᠲᠦᠭᠦᠮ ᠪᠡᠶ᠎ᠠ ᠲᠠᠮᠢᠷ ᠤᠨ ᠦᠵᠡᠭᠦᠯᠦᠯᠭᠡ᠂ ᠰᠤᠯᠢᠯᠴᠠᠭ᠎ᠠ᠂ ᠤᠷᠤᠯᠳᠤᠭᠠᠨ᠂ ᠵᠢᠯᠤᠭᠤᠳᠤᠯᠭ᠎ᠠ᠂ ᠪᠤᠯᠪᠠᠰᠤᠷᠠᠯ ᠵᠡᠷᠭᠡ ᠠᠵᠢᠯᠯᠠᠭᠠᠨ ᠢ ᠵᠤᠭᠢᠶᠠᠨ ᠪᠠᠶᠢᠭᠤᠯᠵᠤ ᠦᠷᠨᠢᠭᠦᠯᠭᠦ ᠪᠠᠷ ᠲᠠᠮᠵᠢᠨ᠂ ᠪᠦᠭᠦ ᠠᠷᠠᠳ ᠤᠨ ᠪᠡᠶ᠎ᠠ ᠪᠠᠨ ᠪᠤᠯᠪᠠᠰᠤᠷᠠᠭᠤᠯᠵᠤ ᠴᠢᠭᠢᠷᠠᠬᠵᠢᠭᠤᠯᠬᠤ ᠦᠵᠡᠯᠳᠡ ᠲᠠᠨᠢᠯᠳᠠ ᠶᠢ ᠲᠡᠭᠡᠭᠰᠢᠯᠡᠭᠦᠯᠵᠤ᠂ ᠦᠷᠭᠦᠯᠵᠢ ᠪᠡᠶ᠎ᠠ ᠪᠠᠨ ᠪᠤᠯᠪᠠᠰᠤᠷᠠᠭᠤᠯᠵᠤ ᠴᠢᠭᠢᠷᠠᠬᠵᠢᠭᠤᠯᠬᠤ ᠲᠠᠳᠬᠠᠯ ᠢ ᠪᠤᠢ ᠪᠤᠯᠭᠠᠨ᠂ ᠪᠦᠭᠦ ᠨᠠᠶᠢᠭᠡᠮ ᠢᠶᠠᠷ ᠢᠶᠠᠨ ᠪᠡᠶ᠎ᠠ ᠪᠠᠨ ᠪᠤᠯᠪᠠᠰᠤᠷᠠᠭᠤᠯᠬᠤ ᠶᠢ ᠡᠷᠬᠢᠮᠯᠡᠨ᠂ ᠪᠡᠶ᠎ᠠ ᠪᠠᠨ ᠪᠤᠯᠪᠠᠰᠤᠷᠠᠭᠤᠯᠬᠤ ᠠᠵᠢᠯᠯᠠᠭ᠎ᠠ ᠳᠤ ᠤᠷᠤᠯᠴᠠᠨ᠂ ᠡᠷᠡᠭᠦᠯ ᠡᠩᠬᠡ᠂ ᠪᠤᠯᠪᠠᠰᠤᠨ ᠠᠮᠢᠳᠤᠷᠠᠯ ᠤᠨ ᠤᠷᠴᠢᠨ ᠠᠬᠤᠢ ᠶᠢ ᠪᠤᠢ ᠪᠤᠯᠭᠠᠵᠤ᠂ ᠡᠶ᠎ᠡ ᠨᠠᠶᠢᠷᠠᠮᠳᠠᠭᠤ ᠡᠷᠡᠭᠦᠯ ᠡᠩᠬᠡ ᠦᠤᠰᠢᠨ ᠢ ᠪᠦᠳᠤᠭᠡᠨ ᠪᠠᠶᠢᠭᠤᠯᠬᠤ ᠳᠤ ᠢᠳᠡᠪᠬᠢ ᠦᠢᠯᠡᠳᠤᠯ ᠪᠠᠳᠠᠷᠠᠭᠤᠯᠤᠨ᠎ᠠ᠃           ᠬᠤᠶᠠᠷ᠂ ᠠᠵᠢᠯᠯᠠᠭᠠᠨ ᠤ ᠵᠠᠷᠴᠢᠮ          ︵ᠨᠢᠭᠡ︶ ᠤᠷᠤᠯᠴᠠᠬᠤ ᠶᠢ ᠴᠢᠬᠤᠯᠠᠴᠢᠯᠠᠬᠤ ᠵᠠᠷᠴᠢᠮ ᠢ ᠭᠦᠨᠳᠤᠳᠭᠡᠨ᠎ᠠ᠃ ᠪᠡᠶ᠎ᠠ ᠲᠠᠮᠢᠷ ᠤᠨ ᠭᠦᠳᠡᠯᠭᠡᠭᠡᠨ ᠳᠤ ᠤᠷᠤᠯᠴᠠᠬᠤ ᠵᠤᠷᠢᠭ ᠰᠠᠨᠠᠭ᠎ᠠ ᠶᠢ ᠶᠡᠭᠡᠪᠡᠷ ᠭᠦᠨᠳᠤᠳᠭᠡᠨ ᠰᠤᠷᠳᠠᠯᠴᠢᠯᠠᠵᠤ᠂ ︽ᠪᠢ ᠪᠡᠶᠡᠴᠢᠯᠠᠨ ᠣᠷᠣᠯᠴᠠᠵᠤ᠂ ᠪᠢ ᠪᠡᠶ᠎ᠠ ᠪᠠᠨ ᠴᠢᠬᠢᠷᠠᠭᠵᠢᠭᠤᠯᠵᠤ᠂ ᠪᠢ ᠪᠠᠶᠠᠷ ᠪᠠᠶᠠᠰᠤᠯ ᠲᠠᠢ ᠠᠮᠢᠳᠤᠷᠠᠨ᠎ᠠ︾ ᠭᠡᠭᠦ ᠦᠵᠡᠯᠳᠡ ᠶᠢ ᠪᠠᠷᠢᠮᠳᠠᠯᠠᠨ᠂ ᠪᠦᠭᠦ ᠠᠷᠠᠳ ᠢᠷᠭᠡᠳ ᠢ ᠤᠷᠤᠯᠳᠤᠭᠠᠨ ᠳᠤ ᠤᠷᠤᠯᠴᠠᠭᠤᠯᠬᠤ ᠶᠢ ᠪᠠᠷᠢᠮᠳᠠᠯᠠᠨ᠂ ᠤᠷᠤᠯᠳᠤᠭᠠᠨ ᠤ ᠲᠦᠷᠦᠯ ᠵᠦᠢᠯ ᠢ ᠤᠯᠠᠨ ᠲᠦᠮᠡᠨ ᠤ ᠲᠤᠷ᠎ᠠ ᠪᠠᠬ᠎ᠠ ᠶᠢ ᠲᠠᠳᠠᠵᠤ ᠴᠢᠳᠠᠬᠤ ᠲᠥᠷᠥᠯ ᠵᠦᠢᠯ ᠳᠤ ᠲᠤᠪᠤᠶᠢᠯᠭᠠᠨ ᠪᠠᠶᠢᠷᠢᠯᠠᠭᠤᠯᠵᠤ᠂ ᠤᠷᠤᠯᠳᠤᠭᠠᠨ ᠤ ᠵᠤᠭᠢᠶᠠᠨ ᠪᠠᠶᠢᠭᠤᠯᠤᠯᠳᠠ ᠶᠢᠨ ᠭᠦᠷᠢᠶ᠎ᠠ ᠭᠡᠪᠴᠢᠶ᠎ᠠ ᠪᠠᠨ ᠦᠷᠭᠡᠳᠭᠡᠨ ᠤᠯᠠᠨ ᠲᠦᠮᠡᠨ ᠢ ᠲᠠᠶᠢᠴᠢᠯᠠᠨ᠂ ᠤᠷᠤᠯᠳᠤᠭᠠᠨ ᠳᠤ ᠢᠳᠡᠪᠭᠢᠳᠠᠢ ᠤᠷᠤᠯᠴᠠᠬᠤ ᠤᠬᠠᠮᠰᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃          ︵ᠬᠤᠶᠠᠷ︶ ᠦᠨᠳᠤᠰᠤᠨ ᠱᠠᠲᠤᠨ ᠳᠤ ᠥᠷᠨᠢᠭᠦᠯᠬᠦ ᠶᠢ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ᠃ ᠠᠷᠠᠳ ᠲᠤ ᠲᠦᠭᠦᠮ᠂ ᠠᠷᠠᠳ ᠲᠤ ᠠᠰᠢᠬᠳᠠᠢ᠂ ᠠᠷᠠᠳ ᠲᠤ ᠲᠤᠳᠤᠨᠤᠰᠤᠭ ᠪᠠᠶᠢᠬᠤ ᠦᠵᠡᠯ ᠰᠠᠨᠠᠭ᠎ᠠ ᠶᠢ ᠪᠠᠷᠢᠮᠲᠠᠯᠠᠨ ᠭᠤᠤᠯᠳᠠᠯᠭ᠎ᠠ ᠪᠠᠨ ᠲᠤᠷᠤᠭᠰᠢ ᠰᠢᠯᠵᠢᠭᠦᠯᠵᠦ᠂ ᠦᠨᠳᠤᠰᠤᠨ ᠱᠠᠳᠤᠨ ᠳᠤ ᠨᠠᠶᠢᠲᠠᠮᠵᠢᠭᠦᠯᠬᠦ ᠭᠦᠴᠦᠯᠡᠴᠡ  ᠪᠠᠨ ᠳᠡᠭᠡᠭᠰᠢᠯᠡᠭᠦᠯᠦᠨ᠂ ᠦᠨᠳᠤᠰᠤᠨ ᠱᠠᠳᠤᠨ ᠤ ᠤᠯᠠᠨ ᠲᠦᠮᠡᠨ ᠤ ᠤᠷᠤᠯᠳᠤᠭᠠᠨ ᠮᠥᠷᠦᠶᠢᠴᠡᠭᠡᠨ ᠤ ᠠᠵᠢᠯᠯᠠᠭᠠᠨ  ᠳᠤ ᠦᠨᠡᠨᠬᠦ ᠤᠷᠤᠯᠴᠠᠵᠤ ᠪᠣᠯᠬᠤ ᠠᠵᠢᠯ ᠳᠡᠭᠡᠷ᠎ᠡ ᠬᠦᠴᠦ ᠲᠠᠯᠪᠢᠵᠦ᠂ ᠲᠠᠮᠢᠷ ᠤᠨ ᠤᠷᠤᠯᠳᠤᠭᠠᠨ ᠤ ᠠᠵᠢᠯᠯᠠᠭᠠᠨ  ᠢᠶᠠᠨ ᠦᠨᠳᠤᠰᠤᠨ ᠱᠠᠳᠤᠨ ᠳᠤ ᠴᠢᠷᠮᠠᠶᠢᠨ ᠡᠷᠬᠢᠯᠡᠵᠦ᠂ ᠪᠡᠶ᠎ᠠ ᠴᠢᠭᠢᠷᠠᠬᠵᠢᠭᠤᠯᠬᠤ ᠴᠡᠭ ᠢᠶᠠᠨ ᠣᠯᠠᠨ ᠲᠥᠮᠡᠨ ᠤ ᠲᠡᠷᠭᠡᠳᠡ ᠪᠠᠶᠢᠭᠤᠯᠬᠤ ᠪᠠᠷ ᠴᠢᠷᠮᠠᠶᠢᠨ᠎ᠠ᠃           ︵ᠭᠤᠷᠪᠠ︶ ᠲᠦᠭᠡᠮᠡᠯᠵᠢᠭᠦᠯᠭᠦ ᠵᠠᠷᠴᠢᠮ ᠢ ᠴᠢᠬᠤᠯᠠᠴᠢᠯᠠᠨ᠎ᠠ᠃ ᠬᠦᠰᠢᠭᠦᠷᠬᠡ ᠶᠢᠨ ᠦᠢᠯᠡᠳᠦᠯ ᠢ ᠪᠠᠳᠠᠷᠠᠭᠤᠯᠵᠤ᠂ ᠪᠡᠶ᠎ᠠ ᠲᠠᠮᠢᠷ ᠤᠨ ᠪᠤᠯᠪᠠᠰᠤᠷᠠᠯ ᠢᠶᠠᠷ ᠪᠡᠶ᠎ᠠ ᠴᠢᠭᠢᠷᠠᠬᠵᠢᠭᠤᠯᠬᠤ ᠮᠡᠳᠡᠯᠭᠡ ᠴᠢᠳᠠᠪᠤᠷᠢ ᠶᠢᠨ ᠲᠦᠭᠡᠮᠡᠯᠵᠢᠭᠦᠯᠦᠯᠳᠡ ᠪᠠ ᠪᠡᠶ᠎ᠠ ᠲᠠᠮᠢᠷ ᠤᠨ ᠤᠷᠤᠯᠳᠤᠭᠠᠨ ᠡᠷᠬᠢᠯᠡᠬᠦ ᠵᠤᠷᠢᠯᠭ᠎ᠠ ᠪᠠᠨ ᠪᠠᠷᠢᠮᠲᠠᠯᠠᠨ᠂ ᠪᠡᠶ᠎ᠠ ᠴᠢᠭᠢᠷᠠᠬᠵᠢᠭᠤᠯᠬᠤ ᠣᠶᠢᠯᠠᠭᠠᠭᠳᠠᠬᠤᠨ᠂ ᠮᠡᠳᠡᠯᠭᠡ ᠴᠢᠳᠠᠪᠤᠷᠢ ᠶᠢᠨ ᠤᠬᠠᠭᠤᠯᠤᠯᠳᠠ ᠳᠡᠯᠭᠡᠷᠡᠭᠦᠯᠦᠯᠲᠡ ᠶᠢ ᠴᠢᠩᠭᠠᠳᠬᠠᠨ᠂ ᠪᠡᠶ᠎ᠠ ᠲᠠᠮᠢᠷ ᠤᠨ ᠤᠷᠤᠯᠳᠤᠭᠠᠨ ᠢ ᠡᠷᠭᠢᠯᠡᠭᠦ ᠶᠢᠨ ᠵᠡᠷᠭᠡ ᠪᠠᠷ ᠪᠦᠭᠦ ᠠᠷᠠᠳ ᠤᠨ ᠪᠡᠶ᠎ᠠ ᠲᠠᠮᠢᠷ᠂ ᠪᠡᠶ᠎ᠠ ᠴᠢᠭᠢᠷᠠᠬᠵᠢᠯ ᠢ ᠨᠠᠶᠢᠳᠡᠮᠵᠢᠭᠦᠯᠵᠤ᠂ ᠰᠢᠨᠵᠢᠯᠡᠭᠦ ᠤᠬᠠᠭᠠᠨᠴᠢ ᠪᠠᠷ ᠪᠡᠶ᠎ᠠ  ᠴᠢᠭᠢᠷᠠᠬᠵᠢᠭᠤᠯᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠎ᠠ᠃           ︵ᠲᠥᠷᠪᠡ︶ ᠵᠢᠯᠤᠭᠤᠳᠤᠨ ᠲᠠᠭᠠᠭᠤᠯᠬᠤ ᠵᠠᠷᠴᠢᠮ ᠢ ᠴᠢᠬᠤᠯᠠᠴᠢᠯᠠᠨ᠎ᠠ᠃ ᠪᠦᠭᠦ ᠬᠤᠰᠢᠭᠤᠨ ᠤ ᠪᠡᠶ᠎ᠠ ᠴᠢᠭᠢᠷᠠᠬᠵᠢᠯ ᠤᠨ ᠲᠠᠮᠢᠷ ᠤᠨ ᠤᠷᠤᠯᠳᠤᠭᠠᠨ ᠢᠶᠠᠷ ᠲᠠᠭᠤᠷᠢᠶᠠᠯ ᠪᠤᠯᠭᠠᠬᠤ ᠶᠢ ᠰᠠᠶᠢᠳᠤᠷ ᠪᠠᠷᠢᠮᠳᠠᠯᠠᠵᠤ᠂ ᠪᠡᠶ᠎ᠠ ᠲᠠᠮᠢᠷ  ᠤᠨ ᠤᠷᠤᠯᠳᠤᠭᠠᠨ ᠢ ᠪᠠᠷᠢᠮᠵᠢᠶ᠎ᠠ ᠲᠠᠢ᠂ ᠦᠷ᠎ᠠ ᠪᠦᠳᠤᠮᠵᠢᠳᠠᠢ ᠡᠷᠭᠢᠯᠡᠭᠦ ᠶᠢ ᠴᠢᠬᠤᠯᠠᠴᠢᠯᠠᠨ᠂ ᠪᠡᠶ᠎ᠠ ᠲᠠᠮᠢᠷ ᠤᠨ ᠴᠤᠭᠯᠠᠭᠠᠨ ᠢᠶᠠᠷ ᠲᠠᠮᠵᠢᠨ ᠤᠯᠠᠨ ᠲᠦᠮᠡᠨ ᠤ ᠪᠡᠶ᠎ᠠ ᠪᠠᠨ ᠴᠢᠭᠢᠷᠠᠬᠵᠢᠭᠤᠯᠬᠤ ᠦᠵᠡᠯ ᠤᠬᠠᠮᠰᠠᠷ ᠢ ᠲᠡᠭᠡᠭᠰᠢᠯᠡᠭᠦᠯᠭᠦ ᠲᠡᠰᠢ ᠵᠢᠯᠣᠭᠤᠳᠤᠨ᠂ ᠨᠠᠶᠢᠭᠡᠮ ᠤ ᠡᠯ᠎ᠠ ᠡᠳᠡᠭᠡᠳ ᠤᠨ ᠬᠢᠨ ᠤ ᠤᠯᠠᠨ ᠲᠦᠮᠡᠨᠴᠢ ᠪᠡᠶ᠎ᠠ ᠲᠠᠮᠢᠷ ᠤᠨ ᠭᠦᠳᠡᠯᠭᠡᠭᠡᠨ ᠡᠷᠭᠢᠯᠡᠭᠦ ᠢᠳᠡᠪᠭᠢᠵᠢᠯ ᠢ ᠲᠠᠶᠢᠴᠢᠯᠠᠨ᠂ ᠪᠦᠭᠦ ᠨᠠᠶᠢᠭᠡᠮ ᠤᠨ ᠠᠷᠠᠳ ᠢᠷᠭᠡᠳ ᠤᠨ ᠪᠡᠶ᠎ᠠ ᠪᠠᠨ ᠴᠢᠭᠢᠷᠠᠬᠵᠢᠭᠤᠯᠬᠤ ᠠᠭᠤᠷ ᠠᠮᠢᠰᠬᠤᠯ ᠢ ᠪᠦᠷᠢᠯᠳᠤᠭᠦᠯᠭᠦ ᠲᠡᠰᠢ ᠤᠳᠤᠷᠢᠳᠤᠨ ᠲᠠᠭᠠᠭᠤᠯᠤᠨ᠎ᠠ᠃           ᠭᠤᠷᠪᠠ᠂ ᠠᠵᠢᠯᠯᠠᠭᠠᠨ ᠤ ᠭᠤᠤᠯ ᠰᠡᠳᠤᠪ           ᠪᠡᠶ᠎ᠠ ᠲᠠᠮᠢᠷ᠂ ᠡᠷᠡᠭᠦᠯ ᠴᠢᠭᠢᠷᠠᠭ᠂ ᠪᠤᠯᠪᠠᠰᠤᠨ᠂ ᠡᠶ᠎ᠡ ᠨᠠᠶᠢᠷᠠᠮᠳᠠᠭᠤ᠃           ᠲᠦᠷᠪᠡ᠂ ᠠᠵᠢᠯᠯᠠᠭᠠᠨ ᠤ ᠴᠠᠭ ᠬᠤᠭᠤᠴᠠᠭ᠎ᠠ           2018 ᠤᠨ ᠤ 3 ᠰᠠᠷ᠎ᠠ — 12 ᠰᠠᠷ᠎ᠠ ᠪᠣᠯᠲᠠᠯ᠎ᠠ᠃           ᠲᠠᠪᠤ᠂ ᠠᠵᠢᠯᠯᠠᠭ᠎ᠠ ᠶᠢᠨ ᠲᠤᠭᠢᠷᠠᠭᠤᠯᠭ᠎ᠠ           ︵ᠨᠢᠭᠡ︶ ᠠᠯᠪᠠᠨ ᠪᠠᠶᠢᠭᠤᠯᠭ᠎ᠠ ᠪᠠᠷ ᠨᠢᠭᠡᠴᠢᠯᠠᠨ ᠪᠡᠶ᠎ᠠ ᠲᠠᠮᠢᠷ ᠤᠨ ᠭᠦᠳᠡᠯᠭᠡᠭᠡᠨ ᠢ ᠳᠣᠬᠢᠷᠠᠭᠤᠯᠤᠨ ᠡᠷᠴᠢᠮᠲᠡᠢ ᠦᠷᠨᠢᠭᠦᠯᠦᠨ᠎ᠠ᠃ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠤᠨ ᠬᠢᠨ ᠭᠠᠵᠠᠷ ᠤᠷᠤᠨ ᠲᠤᠬᠠᠢ ᠶᠢᠨ ᠰᠠᠯᠠᠭ᠎ᠠ ᠮᠦᠴᠢᠷ ᠤᠨ ᠪᠤᠳᠠᠳᠤ ᠪᠠᠶᠢᠳᠠᠯ ᠤᠨ ᠲᠣᠭᠤᠷᠢᠨ ᠳᠤ ᠠᠵᠢᠯᠯᠠᠭᠠᠨ ᠤ ᠲᠦᠷᠦᠯ ᠵᠦᠢᠯ ᠢᠶᠠᠨ ᠲᠦᠰᠤᠪᠯᠠᠨ᠂ ᠭᠠᠵᠠᠷ ᠤᠷᠤᠨ ᠤ ᠥᠪᠡᠷᠮᠢᠴᠡ ᠤᠨᠴᠠᠯᠢᠭ ᠢ ᠲᠤᠪᠤᠶᠢᠯᠭᠠᠨ᠂ ᠭᠦᠳᠡᠯᠦᠯ ᠤᠨ ᠭᠡᠯᠪᠡᠷᠢ ᠪᠠᠨ ᠪᠠᠶᠠᠯᠢᠬᠵᠢᠭᠤᠯᠤᠨ᠂ ᠭᠦᠮᠤᠨ ᠪᠤᠯᠭᠠᠨ ᠡᠳᠤᠷ ᠲᠤᠳᠤᠮ 1 ᠴᠠᠭ ᠠᠴᠠ ᠲᠡᠭᠡᠭᠰᠢ ᠪᠠᠶ᠎ᠠ ᠪᠠᠨ ᠪᠤᠯᠪᠠᠰᠤᠷᠠᠭᠤᠯᠬᠤ ᠶᠢ ᠪᠠᠳᠤᠯᠠᠬᠤ ᠭᠡᠷᠡᠭᠳᠠᠢ᠃ ᠰᠤᠮᠤ ᠪᠠᠯᠭᠠᠰᠤ ᠪᠠ ᠭᠦᠷᠢᠶᠠᠯᠡᠩ ᠲᠤᠭᠤᠷᠢᠭ ᠤᠨ ᠬᠢᠨ ᠢᠳᠡᠪᠭᠢᠳᠠᠢ ᠬᠠᠮᠵᠢᠯᠴᠠᠨ᠂ ᠲᠤᠬᠠᠢ ᠶᠢᠨ ᠭᠠᠵᠠᠷ ᠤᠷᠤᠨ  ᠤ ᠠᠷᠠᠳ ᠢᠷᠭᠡᠳ ᠤᠨ ᠪᠡᠶ᠎ᠠ ᠪᠠᠨ ᠴᠢᠭᠢᠷᠠᠬᠵᠢᠭᠤᠯᠬᠤ ᠰᠢᠰᠲ᠋ᠧᠮᠴᠢᠯᠡᠭᠰᠡᠨ ᠠᠵᠢᠯᠯᠠᠭᠠᠨ ᠢ ᠨᠢᠭᠡᠳᠤᠯᠳᠠᠢ ᠲᠤᠭᠢᠷᠠᠭᠤᠯᠵᠤ᠂ ᠵᠢᠯ ᠤᠨ ᠲᠣᠲᠣᠷ᠎ᠠ 1 ᠤᠳᠠᠭᠠᠨ ᠤ ᠬᠠᠷᠢᠶᠠᠲᠤ ᠣᠷᠣᠨ ᠤ ᠲᠤᠮᠤ ᠭᠡᠯᠪᠡᠷᠢ ︵4 ᠪᠤᠶᠤ 4 ᠲᠦᠷᠦᠯ ᠵᠦᠢᠯ ᠠᠴᠠ ᠲᠡᠭᠡᠭᠰᠢ︶ ᠤᠷᠤᠯᠳᠤᠭᠠᠨ ᠢ ᠦᠷᠨᠢᠭᠦᠯᠵᠤ᠂ 2 ᠠᠴᠠ ᠲᠡᠭᠡᠭᠰᠢ ᠤᠳᠠᠭᠠᠨ ᠤ ᠭᠠᠭᠴᠠ ᠲᠦᠷᠦᠯ ᠤᠨ ᠤᠷᠤᠯᠳᠤᠭᠠᠨ ᠢ ᠵᠤᠭᠢᠶᠠᠨ ᠪᠠᠶᠢᠭᠤᠯᠤᠨ ᠦᠷᠨᠢᠭᠦᠯᠭᠦ ᠭᠡᠷᠡᠭᠳᠠᠢ᠃           ︵ᠬᠤᠶᠠᠷ︶ ᠪᠦᠭᠦ ᠠᠷᠠᠳ ᠢᠶᠠᠷ ᠢᠶᠠᠨ ᠪᠡᠶ᠎ᠠ ᠪᠠᠨ ᠴᠢᠭᠢᠷᠠᠬᠵᠢᠭᠤᠯᠬᠤ ᠰᠢᠷᠢᠰ ᠤᠷᠤᠯᠳᠤᠭᠠᠨ ᠳᠤ ᠢᠳᠡᠪᠭᠢᠳᠠᠢ ᠣᠷᠣᠯᠴᠠᠨ᠎ᠠ᠃ ᠦᠨᠤ ᠵᠢᠯ ᠪᠦᠭᠦ ᠬᠤᠰᠢᠭᠤᠨ ᠳᠤ 22 ᠤᠳᠠᠭ᠎ᠠ ᠶᠢᠨ ᠡᠯ᠎ᠠ ᠲᠦᠷᠦᠯ ᠤᠨ ᠲᠠᠮᠢᠷ ᠤᠨ ᠤᠷᠤᠯᠳᠤᠭᠠᠨ ᠢ ᠦᠷᠨᠢᠭᠦᠯᠭᠦ ᠲᠤᠯᠠ ᠡᠯ᠎ᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ︵ᠬᠦᠷᠢᠶᠡᠯᠡᠩ︶ ᠤᠨ ᠬᠠᠮᠢᠶᠠᠷᠤᠯᠳᠠ ᠶᠢᠨ ᠵᠦᠪᠯᠡᠯ᠂ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠬᠢᠨ ᠪᠠᠶᠢᠭᠤᠯᠭ᠎ᠠ ᠨᠢᠭᠡᠴᠡ ᠳᠤ ᠪᠠᠨ ᠠᠷᠠᠳ ᠢᠷᠭᠡᠳ ᠤᠨ ᠪᠡᠶ᠎ᠠ  ᠪᠠᠨ ᠴᠢᠭᠢᠷᠠᠬᠵᠢᠭᠤᠯᠬᠤ ᠭᠦᠳᠡᠯᠭᠡᠭᠡᠨ ᠢ ᠦᠷᠨᠢᠭᠦᠯᠭᠦ ᠶᠢᠨ ᠵᠡᠷᠭᠡ ᠪᠠᠷ ᠠᠵᠢᠯᠳᠠᠨ ᠠᠵᠢᠯᠴᠢᠨ ᠢᠶᠠᠨ ᠰᠠᠶᠢᠳᠤᠷ ᠵᠤᠭᠢᠶᠠᠨ ᠪᠠᠶᠢᠭᠤᠯᠵᠤ᠂ ᠬᠤᠰᠢᠭᠤ ᠱᠠᠳᠤᠨ ᠤ ᠪᠦᠭᠦ ᠠᠷᠠᠳ ᠤᠨ ᠪᠡᠶ᠎ᠠ ᠪᠠᠨ ᠴᠢᠭᠢᠷᠠᠬᠵᠢᠭᠤᠯᠬᠤ ᠰᠢᠷᠢᠰ ᠤᠷᠤᠯᠳᠤᠭᠠᠨ ᠳᠤ ᠢᠳᠡᠪᠭᠢᠯᠠᠨ ᠤᠷᠤᠯᠴᠠᠭᠤᠯᠬᠤ ᠭᠡᠷᠡᠭᠳᠠᠢ᠃ ᠬᠤᠰᠢᠭᠤ ᠪᠡᠶ᠎ᠠ ᠲᠠᠮᠢᠷ ᠤᠨ ᠦᠢᠯᠡᠰ ᠤᠨ ᠭᠦᠭᠵᠢᠭᠦᠯᠦᠯᠳᠡ ᠶᠢᠨ ᠲᠦᠪ ᠤᠨ ᠬᠢᠨ ᠪᠦᠭᠦ ᠠᠷᠠᠳ ᠤᠨ ᠪᠡᠶ᠎ᠠ ᠪᠠᠨ ᠴᠢᠭᠢᠷᠠᠬᠵᠢᠭᠤᠯᠬᠤ ᠰᠢᠰᠲ᠋ᠧᠮᠴᠢᠯᠡᠭᠰᠡᠨ ᠤᠷᠤᠯᠳᠤᠭᠠᠨ ᠢ ᠵᠤᠭᠢᠶᠠᠨ ᠪᠠᠶᠢᠭᠤᠯᠵᠤ ᠦᠷᠨᠢᠭᠦᠯᠭᠦ ᠪᠠᠷ ᠪᠠᠷᠠᠬᠤ ᠦᠭᠡᠢ ︽ᠤᠰᠤᠨ ᠵᠢᠷᠤᠭ᠎ᠠ︾ ᠵᠢᠷᠤᠭ᠎ᠠ ᠮᠤᠷᠢᠨ  ᠤ ᠲᠧᠯᠸᠢᠰ ᠱᠠᠩᠨᠠᠯᠳᠤ ᠤᠷᠤᠯᠳᠤᠭᠠᠨ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠤᠷᠤᠯᠳᠤᠭᠠᠨ ᠪᠠ ᠤᠩᠭᠤᠨ ᠮᠠᠩᠬᠠᠨ ᠤ ᠮᠤᠲ᠋ᠤᠷ᠂ ᠲᠡᠷᠭᠡᠨ ᠤ ᠰᠢᠷᠢᠰ ᠤᠷᠤᠯᠳᠤᠭᠠᠨ ᠵᠡᠷᠭᠡ ᠭᠠᠵᠠᠷ ᠤᠷᠤᠨ ᠤ ᠥᠪᠡᠷᠮᠢᠴᠡ ᠤᠨᠴᠠᠯᠢᠭ ᠲᠠᠢ ᠨᠡᠷ᠎ᠡ ᠠᠯᠳᠠᠷᠰᠢᠯ ᠤᠨ ᠬᠡᠮᠵᠢᠶ᠎ᠡ ᠪᠠᠷ ᠥᠨᠳᠦᠷ ᠪᠡᠶ᠎ᠠ ᠲᠠᠮᠢᠷ ᠤᠨ ᠤᠷᠤᠯᠳᠤᠭᠠᠨ ᠢ ᠡᠭᠦᠳᠦᠨ᠎ᠡ᠃ ︵ᠠᠵᠢᠯᠯᠠᠭᠠᠨ ᠤ ᠨᠠᠷᠢᠨ ᠲᠦᠯᠤᠪᠯᠡᠭᠡ ᠶᠢ ᠳᠠᠭᠠᠯᠳᠤᠭᠤᠯᠤᠭᠰᠠᠨ ᠭᠦᠰᠦᠨᠦᠭᠳᠤ ᠳᠤ ᠯᠠᠪᠯᠠᠭᠠᠷᠠᠢ︕︶           ︵ᠭᠤᠷᠪᠠ︶ ᠳ᠋ᠠᠩ ᠲᠦᠷᠦᠯ ᠤᠨ ᠲᠠᠮᠢᠷ ᠤᠨ ᠠᠵᠢᠯᠯᠠᠭᠠᠨ ᠢ ᠠᠭᠢᠭᠤᠯᠤᠨ᠎ᠠ᠃ ᠡᠯ᠎ᠠ ᠳ᠋ᠠᠩ ᠲᠦᠷᠦᠯ  ᠤᠨ ᠪᠡᠶ᠎ᠠ ᠲᠠᠮᠢᠷ ᠤᠨ ᠨᠡᠶᠢᠬᠡᠮᠯᠢᠭ ᠵᠢᠯ ᠪᠦᠷᠢ ᠪᠦᠭᠦ ᠬᠤᠰᠢᠭᠤ ᠭᠡᠪᠴᠢᠶᠠᠨ ᠤ ᠳ᠋ᠠᠩ ᠲᠦᠷᠦᠯ ᠤᠨ ᠲᠠᠮᠢᠷ ᠤᠨ ᠤᠷᠤᠯᠳᠤᠭᠠᠨ ᠢ ᠵᠤᠭᠢᠶᠠᠨ ᠪᠠᠶᠢᠭᠤᠯᠵᠤ᠂ ᠵᠦᠪᠯᠡᠯᠭᠡᠨ ᠤ ᠲᠤᠳᠤᠷ᠎ᠠ ᠪᠠᠨ ᠰᠤᠷᠭᠠᠭᠴᠢ᠂ ᠭᠢᠨᠠᠬᠴᠢ᠂ ᠲᠠᠮᠢᠷᠴᠢᠳ ᠢ ᠪᠤᠯᠪᠠᠰᠤᠷᠠᠭᠤᠯᠬᠤ ᠠᠵᠢᠯᠯᠠᠭᠠᠨ ᠢ ᠢᠳᠡᠪᠭᠢᠳᠠᠢ ᠵᠤᠭᠢᠶᠠᠨ ᠪᠠᠶᠢᠭᠤᠯᠤᠨ ᠦᠷᠨᠢᠭᠦᠯᠵᠤ᠂  ᠨᠡᠶᠢᠬᠡᠮᠯᠢᠭ   ᠳᠠᠬᠢ ᠭᠦᠮᠤᠨ  ᠤ ᠭᠦᠴᠦᠨ ᠢᠶᠠᠨ ᠦᠷᠭᠡᠳᠭᠡᠭᠦ ᠪᠠ ᠲᠠᠮᠢᠷ ᠤᠨ ᠲᠦᠷᠦᠯ ᠤᠨ ᠨᠥᠯᠥᠭᠡᠯᠡᠯ ᠤᠨ ᠭᠦᠴᠦᠨ ᠢ ᠨᠡᠮᠡᠭᠳᠡᠭᠦᠯᠦᠨ᠎ᠠ᠃ ᠡᠯ᠎ᠠ ᠳ᠋ᠠᠩ ᠲᠦᠷᠦᠯ ᠤᠨ ᠨᠡᠶᠢᠬᠡᠮᠯᠢᠭ ᠤᠨ ᠬᠢᠨ ᠬᠤᠰᠢᠭᠤ ᠱᠠᠳᠤᠨ ᠠᠴᠠ ᠲᠡᠭᠡᠭᠰᠢᠭᠢ ᠤᠷᠤᠯᠳᠤᠭᠠᠨ ᠢ ᠡᠷᠭᠢᠯᠡᠭᠦ ᠪᠠᠷ ᠲᠠᠮᠡᠴᠡᠭᠦ ᠬᠠᠷᠠᠯᠳᠠ ᠪᠠᠨ ᠪᠤᠯᠭᠠᠵᠤ᠂ ᠪᠦᠭᠦ ᠵᠢᠯ ᠤᠨ ᠠᠵᠢᠯ ᠤᠨ ᠲᠦᠯᠤᠪᠯᠡᠭᠡ᠂ ᠳ᠋ᠦᠩᠨᠡᠯᠳᠡ ᠲᠠᠢ ᠦᠷᠨᠢᠭᠦᠯᠵᠤ᠂ ᠭᠤᠤᠯᠯᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ᠳᠤ ᠪᠠᠨ ᠬᠠᠷᠢᠭᠤ ᠮᠡᠳᠡᠭᠦᠯᠭᠦ ᠭᠡᠷᠡᠭᠳᠠᠢ᠃ ︵ᠭᠦᠳᠡᠯᠦᠯ ᠤᠨ ᠨᠠᠷᠢᠨ ᠲᠦᠯᠤᠪᠯᠡᠭᠡ ᠶᠢ ᠳᠠᠭᠠᠯᠳᠤᠭᠤᠯᠤᠭᠰᠠᠨ ᠭᠦᠰᠦᠨᠦᠭᠳᠤ ᠳᠤ ᠯᠠᠪᠯᠠᠭᠠᠷᠠᠢ︶           ︵ᠲᠥᠷᠪᠡ︶ ᠲᠠᠪᠠᠭᠤᠯᠢᠭ ᠲᠦᠷᠦᠯ ᠵᠦᠢᠯ ᠤᠨ ᠴᠢᠳᠠᠪᠤᠷᠢᠳᠠᠨ ᠢ ᠭᠦᠮᠤᠵᠢᠭᠦᠯᠭᠦ ᠰᠠᠭᠤᠷᠢᠨ ᠤ ᠪᠦᠳᠤᠭᠡᠨ ᠪᠠᠶᠢᠭᠤᠯᠤᠯᠳᠠ ᠶᠢ ᠶᠡᠭᠡᠪᠡᠷ ᠲᠡᠮᠵᠢᠨ᠎ᠠ᠃ ᠠᠯᠠᠭᠠᠳᠠᠬᠤ ᠪᠦᠮᠪᠦᠭᠡ᠂ ᠭᠦᠯ ᠪᠦᠮᠪᠦᠭᠡ᠂ ᠪᠦᠭᠡ ᠪᠠᠷᠢᠯᠳᠤᠬᠤ ᠂ ᠵᠢᠤᠳᠤᠤ ᠪᠥᠬᠡ᠂ ᠰᠤᠷ ᠬᠠᠷᠪᠤᠯᠳᠠ ᠵᠡᠷᠭᠡ ᠶᠢᠨ ᠰᠤᠷᠭᠠᠭᠴᠢ ᠶᠢ ᠲᠤᠰᠬᠠᠢ ᠮᠡᠷᠭᠡᠵᠢᠯ ᠤᠨ ᠪᠤᠯᠪᠠᠰᠤᠷᠠᠯ ᠳᠤ ᠲᠤᠮᠢᠯᠠᠨ ᠪᠣᠯᠪᠠᠰᠤᠷᠠᠭᠤᠯᠵᠤ᠂ ᠵᠢᠭᠠᠨ ᠰᠤᠷᠭᠠᠯᠳᠠ ᠪᠠ ᠪᠤᠯᠪᠠᠰᠤᠷᠠᠯ ᠬᠢᠬᠦ ᠪᠠᠨ ᠴᠢᠩᠭᠠᠳᠬᠠᠵᠤ᠂ ᠪᠤᠯᠪᠠᠰᠤᠷᠠᠯ ᠤᠨ ᠲᠠᠯᠠᠪᠤᠷ ᠤᠨ ᠲᠦᠭᠦᠭᠡᠷᠤᠮᠵᠢ ᠳᠤ ᠪᠡᠯᠡ ᠤᠷᠤᠭᠤᠯᠤᠨ ᠲᠡᠭᠦᠯᠳᠡᠷᠵᠢᠭᠦᠯᠵᠤ᠂ ᠲᠡᠭᠡᠳᠤ ᠱᠠᠳᠤᠨ ᠠᠴᠠ ᠲᠠᠭᠠᠭᠠᠯᠭᠠᠭᠰᠠᠨ ᠤᠷᠤᠯᠳᠤᠭᠠᠨ ᠤ ᠡᠭᠦᠷᠭᠡ ᠪᠠᠨ ᠴᠠᠭ ᠲᠠᠷᠤᠢ ᠳᠤ ᠨᠢ ᠪᠡᠶᠡᠯᠡᠭᠦᠯᠵᠤ᠂ ᠪᠦᠭᠦ ᠤᠷᠤᠨ ᠤ ᠠᠷᠪᠠᠨ ᠲᠦᠷᠪᠡᠳᠤᠭᠡᠷ ᠤᠳᠠᠭᠠᠨ ᠤ ᠪᠡᠶ᠎ᠠ ᠲᠠᠮᠢᠷ ᠤᠨ ᠴᠤᠭᠯᠠᠭᠠᠨ ᠳᠤ ᠤᠷᠤᠯᠴᠠᠬᠤ ᠪᠡᠯᠡᠳᠭᠡᠯ ᠢᠶᠠᠨ ᠰᠠᠶᠢᠳᠤᠷ ᠭᠢᠨ᠎ᠠ᠃           ︵ᠲᠠᠪᠤ︶ ᠪᠦᠭᠦ ᠠᠷᠠᠳ ᠢᠶᠠᠷ ᠢᠶᠠᠨ ᠪᠡᠶ᠎ᠠ ᠪᠠᠨ ᠴᠢᠭᠢᠷᠠᠬᠵᠢᠭᠤᠯᠬᠤ ᠦᠷᠲᠡᠭᠡ ᠴᠢᠭ ᠤᠨ ᠬᠠᠮᠢᠶᠠᠷᠤᠯᠳᠠ ᠶᠢᠨ ᠠᠵᠢᠯ ᠢ ᠰᠠᠶᠢᠲᠤᠷ ᠠᠳᠬᠤᠨ᠎ᠠ᠃ ᠡᠯ᠎ᠠ ᠠᠵᠤ ᠠᠬᠤᠢ ᠶᠢᠨ ᠭᠦᠭᠵᠢᠭᠦᠯᠦᠯᠳᠡ ᠶᠢᠨ ᠲᠤᠭᠤᠷᠢᠭ  ᠤᠨ ᠬᠠᠮᠢᠶᠠᠷᠤᠯᠳᠠ ᠶᠢᠨ ᠵᠦᠪᠯᠡᠯ᠂ ᠰᠤᠮᠤ ᠪᠠᠯᠭᠠᠰᠤᠨ ᠳᠤ ᠪᠦᠭᠦ ᠠᠷᠠᠳ ᠤᠨ ᠪᠡᠶ᠎ᠠ ᠴᠢᠭᠢᠷᠠᠬᠵᠢᠭᠤᠯᠬᠤ ᠠᠵᠢᠯᠯᠠᠭᠠᠨ ᠤ ᠴᠢᠭ ᠢ ᠪᠠᠶᠢᠭᠤᠯᠵᠤ᠂ ᠠᠷᠠᠳ ᠤᠯᠠᠨ ᠳᠤ ᠪᠡᠶ᠎ᠠ ᠴᠢᠭᠢᠷᠠᠬᠵᠢᠭᠤᠯᠬᠤ ᠭᠦᠳᠡᠯᠭᠡᠭᠡᠨ ᠤ ᠲᠠᠯᠠᠪᠤᠷ ᠬᠠᠩᠭᠠᠵᠤ ᠦᠷᠭᠦᠯᠵᠢ ᠶᠢᠨ ᠴᠢᠨᠠᠷᠳᠠᠢ ᠪᠡᠶ᠎ᠠ ᠴᠢᠭᠢᠷᠠᠬᠵᠢᠭᠤᠯᠬᠤ ᠠᠵᠢᠯᠯᠠᠭᠠᠨ ᠢ ᠦᠷᠨᠢᠭᠦᠯᠭᠦ ᠶᠢ ᠵᠤᠬᠢᠶᠠᠨ ᠪᠠᠶᠢᠭᠤᠯᠤᠨ᠎ᠠ᠃ ᠭᠠᠯᠠᠭᠤᠳᠤ ᠪᠠᠯᠭᠠᠰᠤᠨ ᠲᠤᠭᠤᠷᠢᠭ ᠤᠨ ᠠᠵᠢᠯᠯᠠᠭᠠᠨ ᠤ ᠦᠷᠲᠡᠭᠡ ᠴᠢᠭ ᠢ ᠲᠠᠮᠢᠷ ᠤᠨ ᠬᠥᠲᠡᠯᠬᠡᠬᠡᠨ ᠤ ᠲᠦᠷᠦᠯ ᠵᠦᠢᠯ ᠢᠶᠠᠨ ᠰᠢᠯᠢᠳᠡᠭᠵᠢᠭᠦᠯᠦᠨ ᠤᠭᠢ ᠰᠢᠯᠢᠳᠡᠭ ᠲᠡᠮᠳᠡᠭᠳᠤ ᠭᠦᠳᠡᠯᠭᠡᠭᠡᠨ ᠤ ᠴᠢᠭ ᠢ ᠪᠠᠶᠢᠭᠤᠯᠬᠤ ᠪᠠᠷ ᠴᠢᠷᠮᠠᠶᠢᠨ᠎ᠠ᠃ ᠬᠤᠰᠢᠭᠤ ᠪᠡᠶ᠎ᠠ ᠲᠠᠮᠢᠷ ᠤᠨ ᠦᠢᠯᠡᠰ ᠤᠨ ᠭᠦᠭᠵᠢᠭᠦᠯᠦᠯᠳᠡ ᠶᠢᠨ ᠲᠦᠪ ᠨᠢ ᠨᠠᠶᠢᠭᠡᠮ ᠲᠡᠭᠡᠷᠡᠭᠢ ᠲᠠᠮᠢᠷ ᠤᠨ ᠵᠢᠯᠤᠭᠤᠳᠤᠭᠴᠢ ᠶᠢᠨ ᠡᠩᠨᠡᠭᠡᠨ ᠤ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠂ ᠰᠢᠯᠢᠳᠡᠭ ᠵᠢᠭᠠᠨ ᠵᠢᠯᠤᠭᠤᠳᠤᠭᠴᠢ᠂ ᠲᠤᠭᠳᠠᠬᠰᠠᠨ ᠬᠤᠭᠤᠴᠠᠭ᠎ᠠ ᠲᠠᠢ ᠪᠠᠷ ᠰᠤᠮᠤ᠂ ᠭᠠᠴᠠᠭ᠎ᠠ ᠲᠤᠰᠬᠤᠨ ᠳᠤ ᠪᠠᠭᠤᠵᠤ ᠪᠡᠶ᠎ᠠ ᠴᠢᠭᠢᠷᠠᠬᠵᠢᠭᠤᠯᠬᠤ ᠲᠦᠷᠦᠯ ᠤᠨ ᠪᠤᠯᠪᠠᠰᠤᠷᠠᠯ ᠢ ᠡᠷᠭᠢᠯᠠᠨ ᠦᠷᠨᠢᠭᠦᠯᠵᠤ᠂ ᠪᠦᠭᠦ ᠠᠷᠠᠳ ᠤᠨ ᠪᠡᠶ᠎ᠠ  ᠪᠠᠨ ᠴᠢᠭᠢᠷᠠᠬᠵᠢᠭᠤᠯᠬᠤ  ᠦᠢᠯᠡᠴᠢᠯᠡᠭᠡᠨ ᠤ ᠲᠤᠤᠷ ᠤᠨ ᠪᠠᠶᠢᠭᠤᠯᠤᠯᠳᠠ ᠶᠢ ᠲᠠᠰᠤᠷᠠᠯᠳᠠ ᠦᠭᠡᠢ ᠦᠭᠡᠷᠡᠴᠢᠯᠠᠨ ᠰᠠᠶᠢᠵᠢᠷᠠᠭᠤᠯᠵᠤ᠂ ᠪᠦᠭᠦ ᠠᠷᠠᠳ ᠤᠨ ᠪᠡᠶ᠎ᠠ ᠪᠠᠨ ᠴᠢᠭᠢᠷᠠᠬᠵᠢᠭᠤᠯᠬᠤ ᠰᠢᠯᠢᠳᠡᠭ ᠤᠷᠴᠢᠨ ᠲᠤᠭᠤᠷᠢᠨ ᠢ ᠪᠦᠷᠢᠯᠳᠤᠭᠦᠯᠦᠨ᠎ᠠ᠃           ᠵᠢᠷᠭᠤᠭ᠎ᠠ᠂ ᠠᠵᠢᠯᠯᠠᠭᠠᠨ ᠤ ᠱᠠᠭᠠᠷᠳᠠᠯᠭ᠎ᠠ           ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ ᠦᠷ᠎ᠠ ᠪᠦᠲᠤᠮᠵᠢ ᠶᠢ ᠴᠢᠬᠤᠯᠠᠴᠢᠯᠠᠨ᠎ᠠ᠃ ᠡᠯ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶  ᠤᠨ ᠬᠠᠮᠢᠶᠠᠷᠤᠯᠳᠠ ᠶᠢᠨ ᠵᠥᠪᠯᠡᠯ᠂ ᠰᠤᠮᠤ ᠪᠠᠯᠭᠠᠰᠤ᠂ ᠬᠤᠰᠢᠭᠤ ᠬᠠᠷᠢᠶ᠎ᠠ ᠠᠯᠪᠠᠨ ᠪᠠᠶᠢᠭᠤᠯᠭ᠎ᠠ᠂ ᠡᠯ᠎ᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠷᠠᠳ ᠤᠯᠠᠨ ᠤ ᠪᠡᠶ᠎ᠠ ᠪᠠᠨ ᠴᠢᠭᠢᠷᠠᠬᠵᠢᠭᠤᠯᠬᠤ ᠠᠵᠢᠯ ᠢ ᠡᠳᠤᠷ ᠲᠤᠳᠤᠮ ᠤᠨ ᠠᠵᠢᠯ ᠳᠤ ᠪᠠᠨ ᠤᠷᠤᠭᠤᠯᠵᠤ᠂ ᠲᠤᠰᠬᠠᠢ ᠤᠳᠤᠷᠢᠳᠤᠯᠭ᠎ᠠ ᠬᠠᠷᠢᠭᠤᠴᠠᠨ᠂ ᠠᠵᠢᠯᠯᠠᠭᠠᠨ ᠤ ᠵᠠᠷᠤᠳᠠᠯ ᠮᠦᠩᠭᠦ ᠶᠢ ᠴᠠᠭ ᠲᠠᠷᠤᠢ ᠳᠤ ᠨᠢ ᠬᠠᠩᠭᠠᠬᠤ ᠶᠢ ᠪᠠᠳᠤᠯᠠᠬᠤ ᠪᠠ ᠤᠳᠤᠷᠢᠳᠬᠤ ᠪᠠᠭ ᠠᠴᠠ ᠤᠯᠠᠨ ᠢ ᠲᠠᠶᠢᠴᠢᠯᠠᠬᠤ ᠦᠢᠯᠡᠳᠤᠯ ᠢ ᠪᠠᠳᠠᠷᠠᠭᠤᠯᠵᠤ᠂ ᠺᠠᠳ᠋ᠷ ᠤᠯᠠᠨ ᠲᠦᠮᠡᠨ ᠪᠡᠶ᠎ᠠ ᠪᠠᠷ  ᠢᠶᠠᠨ ᠪᠡᠶ᠎ᠠ ᠴᠢᠭᠢᠷᠠᠬᠵᠢᠭᠤᠯᠬᠤ ᠶᠢᠨ ᠰᠠᠶᠢᠨ ᠲᠠᠢ ᠲᠠᠯ᠎ᠠ ᠶᠢ ᠲᠠᠨᠢᠵᠤ ᠮᠡᠳᠡᠷᠡᠭᠦ ᠭᠡᠷᠡᠭᠳᠠᠢ᠃ ᠡᠯ᠎ᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ᠤᠨ ᠬᠠᠮᠢᠶᠠᠷᠤᠯᠳᠠ ᠶᠢᠨ ᠵᠥᠪᠯᠡᠯ᠂ ᠰᠤᠮᠤ ᠪᠠᠯᠭᠠᠰᠤᠨ ᠤ ᠬᠢᠨ᠂ ᠲᠤᠬᠠᠢ ᠶᠢᠨ ᠭᠠᠵᠠᠷ  ᠤᠨ ᠢᠶᠠᠨ ᠠᠷᠠᠳ ᠤᠨ ᠪᠡᠶ᠎ᠠ ᠴᠢᠭᠢᠷᠠᠬᠵᠢᠭᠤᠯᠬᠤ ᠲᠥᠰᠥᠯ ᠢᠶᠠᠨ ᠲᠤᠭᠳᠠᠭᠠᠵᠤ᠂ 3 ᠰᠠᠷ᠎ᠠ ᠶᠢᠨ 22 ᠠᠴᠠ ᠡᠮᠤᠨ᠎ᠠ ᠪᠢᠴᠢᠭ ᠮᠠᠲ᠋ᠧᠷᠢᠶᠠᠯ ᠤᠨ ᠭᠡᠯᠪᠡᠷᠢ ᠪᠠᠷ ᠬᠤᠰᠢᠭᠤ ᠪᠡᠶ᠎ᠠ ᠲᠠᠮᠢᠷ ᠤᠨ ᠦᠢᠯᠡᠰ ᠤᠨ ᠭᠦᠭᠵᠢᠭᠦᠯᠦᠯᠳᠡ ᠶᠢᠨ ᠲᠥᠪ ᠤᠨ ᠠᠯᠪᠠᠨ ᠭᠡᠷ ᠲᠤ ᠮᠡᠳᠡᠭᠦᠯᠵᠤ᠂ ᠬᠠᠷᠢᠯᠴᠠᠬᠤ ᠤᠳᠠᠰᠤ᠄ 2790515᠂ ᠢᠮᠧᠯ᠄ wsqtw@sina.com           ︵ᠬᠤᠶᠠᠷ︶ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ ᠵᠤᠬᠢᠴᠠᠭᠤᠯᠵᠤ ᠬᠥᠭᠵᠢᠬᠦᠯᠦᠨ᠎ᠡ᠃ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠤᠨ ᠬᠢᠨ ᠠᠵᠢᠯ ᠤᠨ ᠠᠮᠠᠷᠠᠯᠳᠠ ᠪᠤᠶᠤ ᠪᠠᠶᠠᠷ ᠲᠤᠷᠠᠰᠬᠠᠯ ᠤᠨ ᠡᠳᠤᠷ ᠤᠳ ᠲᠤ ᠤᠯᠠᠨ ᠨᠡᠶᠢᠲᠡ ᠶᠢᠨ ᠪᠡᠶ᠎ᠡ ᠲᠠᠮᠢᠷ ᠤᠨ ᠲᠦᠭᠦᠭᠡᠷᠤᠮᠵᠢ ᠪᠤᠶᠤ ᠪᠡᠶ᠎ᠠ ᠴᠢᠭᠢᠷᠠᠬᠵᠢᠭᠤᠯᠬᠤ ᠲᠠᠯᠠᠪᠤᠷ ᠢ ᠬᠠᠷᠠᠮᠵᠢ ᠰᠦᠢᠳᠬᠡᠯ ᠬᠤᠷᠢᠶᠠᠬᠤ ᠦᠭᠡᠢ ᠪᠤᠶᠤ ᠲᠤᠤᠷ᠎ᠠ ᠬᠠᠷᠠᠮᠵᠢ ᠪᠠᠷ ᠨᠡᠭᠡᠭᠡᠵᠤ᠂ ᠲᠤᠰᠬᠠᠢ ᠮᠡᠷᠭᠡᠵᠢᠯᠳᠡᠨ ᠪᠤᠶᠤ ᠨᠠᠶᠢᠭᠡᠮ ᠠᠴᠠ ᠤᠷᠢᠬᠰᠠᠨ ᠵᠢᠯᠤᠭᠤᠳᠤᠭᠴᠢ ᠶᠢ ᠲᠤᠭᠢᠷᠠᠭᠤᠯᠵᠤ᠂ ᠰᠢᠨᠵᠢᠯᠡᠭᠦ ᠤᠬᠠᠭᠠᠨᠴᠢ ᠪᠠᠷ ᠪᠡᠶ᠎ᠠ ᠪᠠᠨ ᠴᠢᠭᠢᠷᠠᠬᠵᠢᠭᠤᠯᠬᠤ ᠵᠢᠯᠤᠭᠤᠳᠤᠯᠭ᠎ᠠ ᠭᠢᠯᠭᠡᠵᠤ᠂ ᠲᠠᠮᠢᠷ ᠤᠨ ᠤᠷᠳᠤᠨ᠂ ᠲᠠᠯᠠᠪᠤᠷ ᠤᠨ ᠠᠰᠢᠭᠯᠠᠮᠵᠢ ᠶᠢ ᠲᠡᠭᠡᠭᠰᠢᠯᠡᠭᠦᠯᠭᠦ ᠭᠡᠷᠡᠭᠳᠠᠢ᠃ ᠡᠯ᠎ᠠ ᠪᠡᠶ᠎ᠠ ᠪᠤᠯᠪᠠᠰᠤᠷᠠᠭᠤᠯᠬᠤ ᠴᠢᠭ ᠤᠨ ᠬᠢᠨ ᠰᠢᠨᠵᠢᠯᠡᠭᠦ ᠤᠬᠠᠭᠠᠨᠴᠢ  ᠪᠠᠷ ᠪᠡᠶ᠎ᠠ ᠪᠠᠨ ᠪᠤᠯᠪᠠᠰᠤᠷᠠᠭᠤᠯᠬᠤ ᠵᠢᠯᠤᠭᠤᠳᠤᠭᠴᠢ ᠶᠢ ᠦᠷᠭᠦᠯᠵᠢ ᠶᠢᠨ ᠴᠢᠨᠠᠷᠳᠠᠢ ᠲᠤᠭᠢᠷᠠᠭᠤᠯᠬᠤ ᠶᠢᠨ ᠬᠠᠮᠳᠤ᠂ ᠬᠤᠰᠢᠭᠤ ᠨᠠᠮ ᠵᠠᠰᠠᠭ ᠠᠴᠠ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠤᠨ ᠬᠢᠨ ᠤ ᠠᠷᠠᠳ ᠢᠷᠭᠡᠳ ᠤᠨ ᠪᠡᠶ᠎ᠠ ᠴᠢᠭᠢᠷᠠᠬᠵᠢᠭᠤᠯᠬᠤ ᠠᠵᠢᠯ ᠢ ᠵᠤᠭᠢᠶᠠᠨ ᠪᠠᠶᠢᠭᠤᠯᠵᠤ᠂ ᠦᠷᠨᠢᠭᠦᠯᠦᠭᠰᠡᠨ ᠪᠠᠶᠢᠳᠠᠯ ᠳᠤ ᠲᠤᠭᠳᠠᠮᠠᠯ ᠪᠤᠰᠤ ᠬᠤᠭᠤᠴᠠᠭ᠎ᠠ ᠪᠠᠷ ᠭᠢᠨᠠᠨ ᠪᠠᠶᠢᠴᠠᠭᠠᠯᠲᠠ ᠬᠢᠵᠤ ᠰᠢᠯᠢᠳᠡᠭ ᠬᠤᠪᠢ ᠭᠦᠮᠤᠨ ᠪᠠ ᠬᠠᠮᠳᠤ ᠨᠢᠭᠡᠴᠠ ᠶᠢ ᠱᠠᠩᠨᠠᠨ ᠵᠤᠷᠢᠬᠵᠢᠭᠤᠯᠵᠤ᠂ ᠵᠦᠷᠢᠶ᠎ᠠ ᠲᠠᠢ ᠶᠢ ᠨᠢ ᠤᠯᠠᠨ ᠳᠤ ᠨᠠᠷ᠎ᠠ ᠮᠡᠳᠡᠭᠳᠡᠨ ᠰᠢᠭᠦᠮᠵᠢᠯᠡᠨ᠎ᠠ᠃           ︵ᠭᠤᠷᠪᠠ︶ ᠦᠷᠭᠡᠨ ᠢᠶᠠᠷ ᠤᠬᠠᠭᠤᠯᠵᠤ᠂ ᠨᠦᠯᠤᠭᠡ ᠲᠤᠰᠬᠠᠯ ᠢᠶᠠᠨ ᠦᠷᠭᠡᠳᠭᠡᠨ᠎ᠠ᠃ ᠬᠤᠰᠢᠭᠤ ᠤᠬᠠᠭᠤᠯᠬᠤ ᠰᠠᠯᠠᠭ᠎ᠠ ᠮᠦᠴᠢᠷ ᠤᠨ ᠬᠢᠨ᠂ ᠷᠠᠳᠢᠤ᠋᠂ ᠲᠧᠯᠸᠢᠰ᠂ ᠰᠤᠨᠢᠨ ᠰᠡᠳᠭᠦᠯ᠂ ᠰᠦᠯᠵᠢᠶ᠎ᠠ ᠵᠡᠷᠭᠡ ᠶᠢᠨ ᠤᠯᠠᠨ ᠭᠡᠯᠪᠡᠷᠢ ᠪᠠᠷ ᠤᠬᠠᠭᠤᠯᠤᠨ ᠮᠡᠳᠡᠭᠡᠯᠡᠭᠦ ᠭᠦᠴᠦᠯᠡᠴᠡ ᠪᠠᠨ ᠨᠡᠮᠡᠭᠳᠡᠭᠦᠯᠵᠤ᠂ ᠠᠵᠢᠯᠯᠠᠭᠠᠨ ᠢᠶᠠᠨ ᠪᠦᠭᠦᠶᠢᠯᠡ ᠨᠠᠶᠢᠭᠡᠮ ᠳᠤ ᠲᠠᠨᠢᠭᠤᠯᠵᠤ᠂ ᠪᠦᠭᠦ ᠠᠷᠠᠳ ᠢᠶᠠᠷ ᠢᠶᠠᠨ ᠪᠡᠶ᠎ᠠ ᠪᠠᠨ ᠴᠢᠭᠢᠷᠠᠬᠵᠢᠭᠤᠯᠬᠤ ᠤᠬᠠᠮᠰᠠᠷᠳᠤ ᠲᠠᠳᠬᠠᠯ ᠢ ᠪᠤᠢ ᠪᠤᠯᠭᠠᠨ᠎ᠠ᠃ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠤᠨ ᠬᠢᠨ ᠲᠤᠬᠠᠢ ᠶᠢᠨ ᠭᠠᠵᠠᠷ ᠤᠷᠤᠨ ᠳᠤ ᠭᠦᠮᠤᠵᠢᠯ ᠤᠬᠠᠭᠤᠯᠭ᠎ᠠ ᠶᠢᠨ ᠠᠵᠢᠯ ᠢ ᠰᠠᠶᠢᠳᠤᠷ ᠭᠢᠭᠦ ᠪᠦᠭᠡᠳ ᠤᠨᠴᠠᠭᠠᠶᠢᠯᠠᠨ ᠰᠠᠭᠤᠭᠠᠯᠢ ᠲᠤᠭᠤᠷᠢᠭ᠂ ᠰᠤᠷᠭᠠᠭᠤᠯᠢ ᠵᠡᠷᠭᠡ ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠰᠠᠮᠪᠠᠷ᠎ᠠ ᠢ ᠠᠰᠢᠭᠯᠠᠵᠤ᠂ ᠰᠢᠨᠵᠢᠯᠡᠭᠦ ᠤᠬᠠᠭᠠᠨᠴᠢ ᠪᠠᠷ ᠪᠡᠶ᠎ᠠ ᠪᠠᠨ ᠴᠢᠭᠢᠷᠠᠬᠵᠢᠭᠤᠯᠬᠤ ᠠᠷᠭ᠎ᠠ ᠶᠢ ᠲᠥᠭᠡᠮᠡᠯᠵᠢᠬᠦᠯᠤᠨ ᠳᠡᠯᠬᠡᠷᠡᠬᠦᠯᠵᠤ᠂ ᠤᠯᠠᠨ ᠲᠦᠮᠡᠨ ᠢ ᠲᠠᠶᠢᠴᠢᠯᠠᠨ᠂ ᠰᠢᠨᠵᠢᠯᠡᠭᠦ ᠤᠬᠠᠭᠠᠨᠴᠢ᠂ ᠡᠷᠡᠭᠦᠯ ᠴᠢᠭᠢᠷᠠᠭ᠂ ᠪᠤᠯᠪᠠᠰᠤᠨ ᠠᠮᠢᠳᠤᠷᠠᠯ ᠤᠨ ᠵᠠᠩ ᠲᠠᠳᠬᠠᠯ ᠢ ᠪᠤᠢ ᠪᠤᠯᠭᠠᠵᠤ᠂ ︽ᠪᠡᠶ᠎ᠠ ᠪᠠᠨ ᠪᠤᠯᠪᠠᠰᠤᠷᠠᠭᠤᠯᠬᠤ᠂ ᠡᠷᠡᠭᠦᠯ ᠴᠢᠭᠢᠷᠠᠭ᠂ ᠪᠤᠯᠪᠠᠰᠤᠨ ᠡᠶ᠎ᠡ ᠵᠤᠭᠢᠴᠠᠯᠳᠠᠢ︾ ᠰᠢᠯᠢᠳᠡᠭ ᠤᠷᠴᠢᠨ ᠢ ᠪᠦᠷᠢᠯᠳᠤᠭᠦᠯᠦᠨ᠎ᠠ           ᠲᠠᠭᠠᠯᠳᠤᠭᠤᠯᠤᠯ᠄ ᠦᠤᠰᠢᠨ ᠬᠤᠰᠢᠭᠤᠨ ᠤ 2018 ᠤᠨ ᠤ ᠪᠦᠭᠦ ᠠᠷᠠᠳ ᠢᠶᠠᠷ ᠢᠶᠠᠨ ᠪᠡᠶ᠎ᠠ ᠴᠢᠭᠢᠷᠠᠬᠵᠢᠭᠤᠯᠬᠤ ᠠᠵᠢᠯᠯᠠᠭᠠᠨ ᠤ ᠳᠤᠬᠢᠷᠠᠭᠤᠯᠤᠯᠲᠠ ᠶᠢᠨ ᠭᠦᠰᠦᠨᠦᠭᠳᠦ  ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号