ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠬᠦᠯᠬᠦ ᠳᠦᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-05-10
ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠠᠵᠣ ᠠᠬᠤᠶᠢᠯᠠᠯ ᠠᠵᠢᠯ ᠣᠶᠢᠯᠡᠰ ᠤᠨ ᠨᠢᠬᠡᠴᠢ᠄       ᠬᠤᠰᠢᠭᠤ ᠠᠷᠠᠳ ᠤᠨ ᠵᠠᠰᠠᠭ ᠤᠨ ᠣᠷᠳᠣᠨ ᠤ ᠵᠦᠪᠰᠢᠶᠠᠷᠠᠯ ᠢᠶᠠᠷ ᠳᠡᠮᠵᠢᠨ ᠡᠳᠦᠬᠡ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠬᠦᠯᠬᠦ ᠳᠦᠰᠦᠯ︾ ᠢ ᠳᠠᠨᠠᠷ ᠲᠤ ᠳᠠᠷᠣᠮᠠᠯᠯᠠᠨ ᠳᠠᠷᠬᠠᠭᠠᠪᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠬᠦᠯᠥᠬᠡᠷᠡᠢ᠃          ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                 2018 ᠣᠨ ᠤ 5 ᠰᠠᠷ᠎ᠠ ᠶᠢᠨ 2 ᠤᠨ ᠡᠳᠦᠷ           ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠬᠦᠯᠬᠦ ᠳᠦᠰᠥᠯ       ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠪᠠᠶᠢᠭᠤᠯᠣᠯᠳᠠ ᠪᠣᠯ ᠣᠳᠣ ᠦᠶ᠎ᠡ ᠶᠢᠨ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ᠰᠢᠰᠲ᠋ᠧᠮ ᠤᠨ ᠪᠠᠶᠢᠭᠤᠯᠣᠯᠳᠠ ᠶᠢᠨ ᠴᠢᠬᠤᠯᠠ ᠪᠣᠯᠬᠤ ᠪᠦᠷᠢᠯᠳᠣᠬᠡᠨ ᠬᠡᠰᠡᠭ ᠪᠠᠶᠢᠵᠣ ᠣᠯᠣᠰ ᠤᠨ ︽ᠬᠢᠯᠢ ᠬᠢᠵᠠᠭᠠᠷ ᠣᠷᠣᠨ ᠤ ᠳᠣᠭᠠᠴᠠᠯᠠᠭᠰᠠᠨ ᠰᠣᠶᠣᠯ ᠤᠨ ᠲᠦᠮᠡᠨ ᠭᠠᠵᠠᠷ ᠤᠨ ᠣᠷᠳᠣ ᠬᠤᠩᠬᠢᠯ︾ ᠤᠨ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢᠨ ᠱᠠᠭᠠᠷᠳᠠᠯᠭ᠎ᠠ ᠶᠢ ᠦᠨᠳᠣᠰᠣᠯᠡᠨ ᠳᠣᠭᠠᠴᠠᠯᠠᠭᠰᠠᠨ ᠰᠣᠶᠣᠯ ᠤᠨ ︽ᠳᠣᠰᠣ ᠨᠡᠮᠡᠬᠦ ᠦᠷᠳᠡᠭᠡ︾ ᠪᠠ ᠰᠢᠯᠵᠢᠮᠠᠯ ᠬᠤᠯᠪᠣᠭᠠᠨ ᠰᠦᠯᠵᠢᠶ᠎ᠠ ᠶᠢ ᠠᠰᠢᠭᠯᠠᠨ ᠰᠣᠶᠣᠯ ᠤᠨ ᠰᠢᠯᠢᠳᠡᠭ ᠡᠬᠢ ᠪᠠᠶᠠᠯᠢᠭ ᠢ ᠮᠠᠯᠴᠢᠨ ᠡᠷᠦᠬᠡ ᠵᠢᠴᠢ ᠮᠠᠯᠵᠢᠬᠤ ᠳᠠᠷᠢᠶᠠᠯᠠᠬᠤ ᠣᠷᠣᠨ ᠤ ᠮᠠᠯᠴᠢᠨ ᠳᠠᠷᠢᠶᠠᠴᠢᠨ ᠡᠷᠦᠬᠡ ᠳᠤ ᠣᠷᠣᠭᠤᠯᠵᠣ ︽ᠴᠡᠭ ᠱᠤᠭᠤᠮ ᠤᠨ ᠬᠡᠯᠪᠠᠷᠢ ᠶᠢᠨ ᠣᠶᠢᠯᠡᠴᠢᠯᠡᠭᠡ︾ ᠠᠴᠠ ︽ᠪᠦᠬᠦᠨ  ᠳᠤ ᠨᠠᠶᠢᠳᠠᠮᠵᠢᠬᠦᠯᠬᠦ ᠬᠡᠯᠪᠠᠷᠢ ᠶᠢᠨ ᠣᠶᠢᠯᠡᠴᠢᠯᠡᠭᠡ ᠪᠣᠯᠭᠠᠬᠤ︾ ᠦᠨᠳᠣᠰᠣᠨ ᠠᠴᠠ ᠨᠢ ᠬᠤᠪᠢᠷᠠᠭᠤᠯᠵᠣ ᠦᠨᠳᠣᠰᠣᠨ ᠱᠠᠳᠣᠨ ᠤ ᠮᠠᠯᠴᠢᠨ ᠳᠠᠷᠢᠶᠠᠴᠢᠨ ᠤ ᠰᠢᠯᠢᠳᠡᠭ ᠰᠣᠶᠣᠯ ᠤᠨ ᠡᠬᠢ ᠪᠠᠶᠠᠯᠢᠭ ᠢ ᠬᠦᠷᠳᠡᠬᠦ ᠳᠤ ᠬᠦᠴᠢᠷᠳᠡᠢ ᠪᠠᠶᠢᠬᠤ ᠠᠰᠠᠭᠤᠳᠠᠯ ᠢ ᠰᠢᠢᠳᠪᠣᠷᠢᠯᠡᠨ ᠮᠠᠨ ᠤ ᠬᠤᠰᠢᠭᠤᠨ ᠤ ᠳᠣᠣᠷ ᠰᠦᠯᠵᠢᠶ᠎ᠠ ᠨᠡᠶᠢᠳᠠᠮᠵᠢᠭ᠍ᠰᠡᠨ ᠦᠬᠡᠢ ᠭᠠᠴᠠᠭ᠎ᠠ ᠳᠣᠰᠬᠤᠨ ᠤ ᠮᠠᠯᠴᠢᠨ ᠳᠠᠷᠢᠶᠠᠴᠢᠨ ᠣᠯᠠᠨ ᠲᠦᠮᠡᠨ ᠳᠤ ᠳᠣᠭᠠᠴᠠᠯᠠᠭᠰᠠᠨ ᠰᠣᠶᠣᠯ ᠤᠨ ᠴᠢᠮᠡᠭᠡ ᠵᠠᠩᠬᠢ ᠶᠢᠨ ᠡᠬᠢ ᠪᠠᠶᠠᠯᠢᠭ ᠤᠨ ᠣᠶᠢᠯᠡᠴᠢᠯᠡᠭᠡ ᠶᠢ ᠬᠠᠩᠭᠠᠵᠣ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ  ᠶᠢ ᠳᠣᠰᠠᠯᠠᠬᠤ ᠶᠢᠨ ᠳᠣᠰᠠᠳᠠ ᠳᠣᠰ ᠳᠦᠰᠥᠯ ᠢ ᠣᠨᠴᠠᠭᠠᠶᠢᠯᠠᠨ ᠳᠣᠭᠳᠠᠭᠠᠪᠠ᠃       ᠨᠢᠬᠡ᠂ ᠵᠢᠯᠣᠭᠤᠳᠬᠤ ᠦᠵᠡᠯ ᠰᠠᠨᠠᠭ᠎ᠠ ᠨᠠᠮ ᠤᠨ ᠠᠷᠪᠠ ᠶᠢᠰᠣᠳᠣᠬᠡᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ᠰᠢᠰᠲ᠋ᠧᠮ ᠢ ᠲᠦᠷᠬᠡᠳᠬᠡᠨ ᠪᠠᠶᠢᠭᠤᠯᠬᠤ ᠳᠣᠬᠠᠢ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠬᠦᠨᠵᠡᠬᠡᠢ ᠳᠣᠣᠱᠯᠠᠭᠤᠯᠣᠨ ᠨᠡᠶᠢᠳᠠᠪᠣᠷᠢᠵᠢᠭᠤᠯᠵᠣ ᠦᠪᠡᠷᠳᠡᠬᠡᠨ ᠵᠠᠰᠠᠬᠤ ᠣᠷᠣᠨ᠂ ᠬᠤᠳᠠ ᠶᠢᠨ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠬᠦᠯᠬᠦ ᠳᠣᠬᠠᠢ ᠰᠢᠢᠳᠪᠣᠷᠢᠳᠣ ᠪᠣᠳᠣᠯᠭ᠎ᠠ ᠶᠢᠨ ᠳᠣᠭᠤᠷᠢᠨ ᠳᠤ ᠨᠠᠶᠢᠳᠠ ᠶᠢᠨ ᠠᠰᠠᠷᠠᠮᠵᠢ ᠶᠢᠨ ᠴᠢᠨᠡᠷᠳᠡᠢ᠂ ᠦᠨᠳᠣᠰᠣᠨ ᠴᠢᠨᠡᠷᠳᠡᠢ ᠪᠠ ᠲᠦᠬᠦᠮ ᠳᠦᠳᠠᠴᠢ ᠴᠢᠨᠡᠷᠳᠡᠢ ᠪᠠᠶᠢᠬᠤ ᠱᠠᠭᠠᠷᠳᠠᠯᠭ᠎ᠠ ᠶᠢ ᠦᠨᠳᠣᠰᠣᠯᠡᠨ ᠣᠳᠣ ᠦᠶ᠎ᠡ ᠶᠢᠨ ᠴᠢᠮᠡᠭᠡ ᠵᠠᠩᠬᠢ ᠶᠢᠨ ᠮᠡᠷᠬᠡᠵᠢᠯ ᠢᠶᠠᠷ ᠳᠣᠯᠭᠠᠭᠤᠷᠢᠯᠡᠨ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠢᠶᠠᠷ ᠠᠷᠠᠳ ᠢ ᠬᠠᠷᠠᠭᠠᠯᠵᠠᠬᠤ ᠭᠤᠣᠯᠳᠠᠯᠭᠠᠳᠣ ᠢᠨᠵᠧᠨᠧᠷᠢᠩ ᠢᠶᠠᠷ ᠭᠠᠷᠳᠠᠴᠠ ᠪᠣᠯᠭᠠᠨ ᠡᠬᠢ ᠪᠠᠶᠠᠯᠢᠭ ᠤᠨ ᠪᠠᠶᠢᠭᠤᠯᠣᠯᠳᠠ ᠪᠠ ᠣᠶᠢᠯᠡᠴᠢᠯᠡᠬᠡᠨ ᠤ ᠳᠡᠯᠬᠡᠷᠡᠬᠦᠯᠥᠯᠳᠡ ᠪᠠᠷ ᠭᠤᠣᠯᠳᠠᠯᠭ᠎ᠠ ᠪᠣᠯᠭᠠᠨ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠣᠶᠢᠯᠡᠴᠢᠯᠡᠬᠡᠨ ᠤ ᠰᠦᠯᠵᠢᠶ᠎ᠠ ᠶᠢ ᠣᠯᠠᠮ ᠨᠢᠬᠡ ᠠᠯᠬᠤᠮ ᠳᠡᠬᠦᠯᠳᠡᠷᠵᠢᠬᠦᠯᠥᠨ ᠣᠶᠢᠯᠡᠴᠢᠯᠡᠬᠡᠨ ᠤ ᠡᠬᠢ ᠪᠠᠶᠠᠯᠢᠭ ᠢ ᠳᠡᠬᠦᠯᠳᠡᠷᠵᠢᠬᠦᠯᠥᠨ ᠴᠢᠳᠠᠪᠬᠢ ᠶᠢ ᠨᠢ ᠳᠡᠬᠡᠭᠰᠢᠯᠡᠬᠦᠯᠵᠣ ᠣᠯᠠᠨ ᠨᠠᠶᠢᠳᠠ ᠶᠢᠨ ᠰᠣᠶᠣᠯ ᠤᠨ ᠦᠨᠳᠣᠰᠣᠨ ᠣᠶᠢᠯᠡᠴᠢᠯᠡᠬᠡᠨ ᠤ ᠪᠠᠷᠢᠮᠵᠢᠶᠠᠵᠢᠭᠤᠯᠣᠯᠳᠠ᠂ ᠡᠷᠬᠡ ᠳᠡᠭᠰᠢᠯᠡᠴᠢᠯᠡᠯᠳᠡ ᠶᠢ ᠠᠬᠢᠭᠤᠯᠵᠣ ᠦᠷᠬᠡᠨ ᠣᠯᠠᠨ ᠮᠠᠯᠴᠢᠨ ᠳᠠᠷᠢᠶᠠᠴᠢᠨ ᠤ ᠳᠣᠭᠠᠴᠠᠯᠠᠭᠰᠠᠨ ᠰᠣᠶᠣᠯ ᠤᠨ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃      ᠬᠤᠶᠡᠷ᠂ ᠵᠣᠷᠢᠯᠭ᠎ᠠ ᠣᠳᠬ᠎ᠠ ᠠᠭᠤᠯᠭ᠎ᠠ ᠮᠣᠩᠭᠤᠯ᠂ ᠬᠢᠳᠡᠳ ᠬᠡᠯᠡᠨ ᠤ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠡᠬᠢ ᠪᠠᠶᠠᠯᠢᠭ ᠢ ᠦᠨᠳᠣᠰᠣᠨ ᠱᠠᠳᠣᠨ ᠤ ᠣᠯᠠᠨ ᠲᠦᠮᠡᠨ ᠤ ᠳᠣᠮᠳᠠ ᠬᠦᠨᠵᠡᠬᠡᠶᠢᠷᠡᠬᠦᠯᠵᠣ ᠬᠤᠳᠠ ᠶᠢᠨ ᠳᠣᠭᠤᠷᠢᠭ ᠤᠨ ᠣᠯᠠᠨ ᠨᠠᠶᠢᠳᠠ ᠶᠢᠨ ᠶᠡᠷᠦᠩᠬᠡᠶᠢᠯᠡᠭᠰᠡᠨ ᠣᠶᠢᠯᠡᠴᠢᠯᠡᠬᠡᠨ ᠤ ᠡᠬᠢ ᠪᠠᠶᠠᠯᠢᠭ ᠢ ᠦᠨᠳᠣᠰᠣᠨ ᠱᠠᠳᠣᠨ ᠳᠤ ᠬᠦᠷᠬᠡᠵᠣ ᠣᠯᠠᠨ ᠨᠠᠶᠢᠳᠠ ᠶᠢᠨ ᠨᠣᠮ ᠤᠨ ᠰᠠᠩ ᠤᠨ ᠣᠶᠢᠯᠡᠴᠢᠯᠡᠭᠡ ᠬᠦᠷᠦᠬᠡ ᠦᠬᠡᠢ ᠭᠠᠵᠠᠷ ᠣᠷᠣᠨ ᠳᠤ ᠠᠯᠬᠤᠮ ᠳᠠᠷᠠᠭᠠᠯᠠᠨ ᠬᠦᠷᠬᠡᠵᠣ ᠦᠨᠳᠣᠰᠣᠨ ᠱᠠᠳᠣ ᠣᠨᠴᠠᠭᠠᠶᠢᠯᠠᠨ ᠪᠣᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠣᠷᠣᠨ ᠤ ᠳᠣᠭᠠᠴᠠᠯᠠᠭᠰᠠᠨ ᠰᠣᠶᠣᠯ  ᠤᠨ ᠡᠬᠢ ᠪᠠᠶᠠᠯᠢᠭ ᠪᠠ ᠶᠡᠷᠦᠩᠬᠡᠶᠢᠯᠡᠭᠰᠡᠨ ᠣᠶᠢᠯᠡᠴᠢᠯᠡᠭᠡ ᠬᠢᠵᠠᠭᠠᠷᠯᠠᠭᠳᠠᠭᠰᠠᠨ ᠬᠦᠴᠢᠷᠳᠡᠯ ᠲᠠᠢ ᠠᠰᠠᠭᠤᠳᠠᠯ ᠢ ᠪᠦᠳᠣᠮᠵᠢᠳᠡᠢ ᠰᠢᠢᠳᠪᠣᠷᠢᠯᠡᠨ 2018 ᠣᠨ ᠤ ᠵᠢᠯ ᠤᠨ ᠡᠴᠣᠰ ᠲᠤ WIFI ᠢ ᠨᠡᠶᠢᠳᠠᠮᠵᠢᠬᠦᠯᠬᠦ ᠠᠷᠭ᠎ᠠ ᠪᠠᠷᠢᠯ  ᠢᠶᠠᠷ ᠳᠠᠮᠵᠢᠨ ᠣᠶᠣᠨᠴᠢᠯᠠᠭᠰᠠᠨ ᠰᠢᠯᠵᠢᠮᠠᠯ ᠬᠤᠯᠪᠣᠭᠠᠨ ᠤ ᠰᠦᠯᠵᠢᠶ᠎ᠠ ᠶᠢ ᠠᠰᠢᠭᠯᠠᠨ ᠳᠣᠭᠠᠴᠠᠯᠠᠭᠰᠠᠨ ᠰᠣᠶᠣᠯ ᠤᠨ ᠰᠢᠯᠢᠳᠡᠭ ᠡᠬᠢ ᠪᠠᠶᠠᠯᠢᠭ ᠢ ᠮᠠᠯᠴᠢᠨ ᠳᠠᠷᠢᠶᠠᠴᠢᠨ ᠲᠤ ᠡᠳ᠋ᠯᠡᠬᠦᠯᠵᠣ ᠮᠠᠯᠴᠢᠨ ᠳᠠᠷᠢᠶᠠᠴᠢᠨ ᠳᠤ ᠰᠦᠢᠳᠬᠡᠯ ᠬᠤᠷᠢᠶᠠᠬᠤ ᠦᠬᠡᠢ ᠣᠶᠢᠯᠡᠴᠢᠯᠡᠭᠡ ᠶᠢ ᠬᠠᠩᠭᠠᠨ᠎ᠠ᠃       ᠭᠤᠷᠪᠠ᠂ ᠠᠵᠢᠯ ᠤᠨ ᠡᠬᠦᠷᠬᠡ        ︵ᠨᠢᠬᠡ︶ ᠳᠣᠭᠠᠴᠠᠯᠠᠭᠰᠠᠨ ᠰᠣᠶᠣᠯ ᠤᠨ ᠡᠬᠢ ᠪᠠᠶᠠᠯᠢᠭ ᠤᠨ ᠬᠦᠮᠦᠷᠬᠡ ᠶᠢ ᠪᠠᠶᠢᠭᠤᠯᠣᠨ᠎ᠠ᠃ ︽ᠬᠡᠷᠡᠭᠴᠡᠬᠡᠨ ᠤ ᠣᠳᠣᠷᠢᠳᠣᠮᠵᠢ᠂ ᠠᠵᠢᠯ ᠬᠤᠪᠢᠶᠠᠷᠢᠯᠠᠨ ᠬᠠᠮᠵᠢᠯᠴᠠᠬᠤ᠂ ᠬᠠᠮᠳᠣᠪᠠᠷ ᠪᠠᠶᠢᠭᠤᠯᠣᠨ ᠬᠠᠮᠳᠣᠪᠡᠷ ᠡᠳ᠋ᠯᠡᠬᠦ ︾ ᠵᠠᠷᠴᠢᠮ ᠢ ᠪᠠᠷᠢᠮᠳᠠᠯᠠᠨ ᠬᠤᠰᠢᠭᠤ ᠰᠣᠶᠣᠯ ᠤᠨ ᠳᠣᠪᠴᠢᠶ᠎ᠠ᠂ ᠨᠣᠮ ᠤᠨ ᠰᠠᠩ ᠳᠣᠯᠣᠭᠠᠶᠢᠯᠠᠨ ᠡᠯ᠎ᠡ ᠰᠠᠯᠠᠭ᠎ᠠ ᠮᠦᠴᠢᠷ ᠢ ᠲᠥᠯᠥᠪᠵᠢᠬᠦᠯᠵᠣ ᠣᠯᠣᠰ ᠤᠨ ᠠᠷᠠᠳ ᠢ ᠬᠠᠷᠠᠭᠠᠯᠵᠠᠬᠤ ᠲᠦᠷᠦ ᠶᠢᠨ ᠪᠣᠳᠣᠯᠭ᠎ᠠ᠂ ᠮᠠᠯ ᠳᠠᠷᠢᠶᠠᠯᠠᠩ ᠣᠢ ᠵᠡᠷᠬᠡ ᠬᠦᠷᠢᠶ᠎ᠠ ᠴᠠᠷᠠᠭᠠᠨ ᠤ ᠬᠡᠷᠡᠭᠯᠡᠬᠡᠨ ᠤ ᠮᠡᠷᠬᠡᠵᠢᠯ ᠪᠠ ᠳᠠᠪᠠᠭᠤᠯᠢᠭ ᠠᠵᠣ ᠣᠶᠢᠯᠡᠰ ᠤᠨ ᠲᠦᠷᠥᠯ ᠵᠣᠶᠢᠯ ᠵᠡᠷᠬᠡ ᠡᠬᠢ ᠪᠠᠶᠠᠯᠢᠭ ᠢ ᠨᠡᠶᠢᠯᠡᠬᠦᠯᠵᠣ ᠮᠣᠩᠭᠤᠯ᠂ ᠬᠢᠳᠡᠳ ᠬᠡᠯᠡ ᠪᠠᠷ ᠣᠷᠴᠢᠭᠤᠯᠣᠭᠰᠠᠨ ᠰᠣᠶᠣᠯ ᠤᠨ ᠡᠬᠢ ᠪᠠᠶᠠᠯᠢᠭ ᠢ ᠪᠦᠷᠢᠯᠳᠦᠬᠦᠯᠵᠣ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠬᠦᠷᠬᠡᠬᠦ︾ ᠣᠯᠠᠨ ᠨᠠᠶᠢᠳᠠ ᠶᠢᠨ ᠣᠶᠢᠯᠡᠴᠢᠯᠡᠬᠡᠨ ᠤ ᠳᠠᠪᠴᠠᠩ ᠢ ᠪᠠᠶᠢᠭᠤᠯᠵᠣ ᠵᠦᠬᠡᠯᠡᠨ ᠳᠣᠨᠤᠭ ᠤᠨ ᠳᠠᠪᠴᠠᠩ᠂ ᠬᠠᠳᠠᠭᠤ ᠳᠣᠨᠤᠭ ᠤᠨ ᠳᠠᠪᠴᠠᠩ ᠪᠠ ᠡᠯᠺᠲᠷᠦᠨ ᠨᠣᠮ ᠪᠢᠴᠢᠭ᠂ ᠡᠯᠺᠲᠷᠦᠨ ᠨᠣᠮ ᠰᠠᠳᠬᠦᠯ᠂ ᠸᠢᠳᠢᠤ᠋᠂ ᠵᠢᠷᠤᠭ ᠵᠡᠷᠬᠡ ᠶᠢ ᠪᠠᠭᠳᠠᠭᠠᠭᠰᠠᠨ ᠡᠬᠢ ᠪᠠᠶᠠᠯᠢᠭ ᠤᠨ ᠬᠦᠮᠦᠷᠬᠡ ᠳᠤ ᠨᠢᠬᠡ ᠦᠷᠳᠡᠬᠡᠳᠣ ᠬᠤᠷᠠᠮᠳᠣᠭᠤᠯᠣᠯ ᠤᠨ ᠬᠡᠯᠪᠠᠷᠢ ᠶᠢᠨ ᠣᠯᠠᠨ ᠵᠠᠭᠤᠴᠢᠯᠠᠭᠤᠷ ᠢ ᠨᠡᠶᠢᠳᠡᠮᠵᠢᠬᠦᠯᠥᠭᠰᠡᠨ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠣᠶᠢᠯᠡᠴᠢᠯᠡᠭᠡ ᠶᠢ ᠬᠠᠩᠭᠠᠨ᠎ᠠ᠃       ︵ᠬᠤᠶᠡᠷ︶ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ︾ ᠣᠶᠢᠯᠡᠴᠢᠯᠡᠬᠡᠨ ᠤ ᠳᠣᠣᠷ ᠰᠦᠯᠵᠢᠶ᠎ᠠ ᠶᠢ ᠪᠠᠶᠢᠭᠤᠯᠣᠨ᠎ᠠ᠃ ᠣᠯᠠᠨ ᠨᠠᠶᠢᠳᠠ ᠶᠢᠨ ᠰᠣᠶᠣᠯ ᠤᠨ ᠡᠬᠦᠯᠡᠨ  ᠣᠶᠢᠯᠡᠴᠢᠯᠡᠭᠡ ᠶᠢ ᠦᠷᠨᠢᠬᠦᠯᠵᠣ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠭᠡ ᠶᠢᠨ ᠳᠣᠭᠠᠴᠠᠯᠠᠭᠰᠠᠨ᠂ ᠰᠦᠯᠵᠢᠶᠠᠵᠢᠭ᠍ᠰᠡᠨ᠂ ᠣᠶᠣᠨᠴᠢᠯᠠᠭᠰᠠᠨ ᠲᠦᠪᠰᠢᠨ ᠢ ᠳᠡᠬᠡᠭᠰᠢᠯᠡᠬᠦᠯᠥᠨ᠎ᠠ᠃ ᠭᠤᠷᠪᠠᠨ ᠱᠠᠳᠣᠨ ᠤ ᠳᠣᠭᠠᠴᠠᠯᠠᠭᠰᠠᠨ ᠰᠣᠶᠣᠯ ᠤᠨ ︽ᠰᠢᠯᠵᠢᠮᠠᠯ ᠳᠣᠰᠣ ᠨᠠᠮᠡᠬᠦ ᠦᠷᠳᠡᠭᠡ︾ ᠳᠤ ᠳᠦᠰᠢᠭᠯᠡᠨ ︵ᠨᠢᠬᠡᠳᠣᠬᠡᠷ ᠳᠠᠰ ᠢ ᠰᠣᠮᠣ ᠪᠠᠯᠭᠠᠰᠣᠨ ᠳᠤ ᠳᠣᠬᠢᠷᠠᠭᠤᠯᠵᠣ᠂ ᠬᠤᠶᠠᠳᠣᠭᠠᠷ ᠳᠠᠰ ᠢ ᠰᠣᠮᠣ ᠪᠠᠯᠭᠠᠰᠣᠨ ᠠᠴᠠ ᠨᠠᠯᠢᠶᠠᠳ ᠬᠤᠯᠠ᠂ ᠢᠨᠲ᠋ᠧᠷ ᠰᠦᠯᠵᠢᠶ᠎ᠠ ᠶᠢ ᠵᠠᠯᠭᠠᠵᠣ ᠳᠠᠶᠢᠯᠬᠦ ᠦᠬᠡᠢ ᠮᠦᠷᠳᠡᠬᠡᠨ ᠮᠠᠯᠴᠢᠨ ᠳᠠᠷᠢᠶᠠᠴᠢᠨ ᠬᠠᠷᠢᠴᠠᠩᠭᠤᠢ ᠲᠦᠪᠯᠡᠷᠡᠭᠰᠡᠨ ᠰᠠᠭᠤᠷᠢᠰᠢᠯ ᠤᠨ ᠴᠡᠭ  ᠲᠤ ᠳᠣᠬᠢᠷᠠᠭᠤᠯᠵᠣ᠂ ᠭᠤᠷᠪᠠᠳᠣᠭᠠᠷ ᠳᠠᠰ ᠢ ᠪᠣᠶᠢᠳᠠ ᠪᠦᠭᠯᠡᠬᠦᠣ ᠳᠠᠷᠬᠠᠢ ᠰᠠᠭᠤᠷᠢᠰᠢᠭᠰᠠᠨ ᠪᠣᠶᠣ ᠮᠠᠯᠴᠢᠨ ᠳᠠᠷᠢᠶᠠᠴᠢᠨ ᠤ ᠳᠣᠭᠳᠠᠮᠠᠯ ᠪᠣᠰᠣ ᠰᠠᠭᠤᠷᠢᠰᠢᠯ ᠤᠨ ᠴᠡᠭ ᠲᠤ ᠳᠣᠬᠢᠷᠠᠭᠤᠯᠣᠨ᠎ᠠ︶ ᠣᠳᠠᠰᠣ ᠦᠬᠡᠢ WIFI ᠮᠡᠷᠬᠡᠵᠢᠯ ᠵᠢᠴᠢ ᠣᠶᠣᠨᠴᠢ ᠭᠠᠷ ᠣᠳᠠᠰᠣ᠂ ᠬᠠᠪᠳᠠᠰᠣᠳᠣ ᠺᠤᠮᠫᠢᠦ᠋ᠲ᠋ᠧᠷ᠂ ᠪᠣᠭᠴᠣᠨ ᠺᠣᠮᠫᠢᠦ᠋ᠲ᠋ᠧᠷ ᠵᠡᠷᠬᠡ ᠰᠢᠯᠵᠢᠮᠠᠯ ᠬᠤᠯᠪᠣᠭᠠᠨ ᠰᠦᠯᠵᠢᠶ᠎ᠠ ᠠᠰᠢᠭᠯᠡᠨ ᠠᠵᠢᠯᠯᠠᠵᠣ ᠪᠣᠯᠬᠤ ᠪᠠᠭᠠᠵᠢ ᠬᠡᠷᠡᠭᠰᠡᠯ ᠢ ᠬᠦᠢᠴᠡᠳ ᠠᠰᠢᠭᠯᠠᠨ ᠮᠠᠨ ᠤ ᠬᠤᠰᠢᠭᠤᠨ ᠤ ᠢᠨᠲ᠋ᠧᠷ ᠰᠦᠯᠵᠢᠶ᠎ᠠ ᠶᠢ ᠨᠡᠶᠢᠳᠠᠮᠵᠢᠬᠦᠯᠦᠭᠰᠡᠨ ᠦᠬᠡᠢ ᠭᠠᠴᠠᠭ᠎ᠠ ᠳᠣᠰᠬᠤᠨ ᠤ ᠮᠠᠯᠴᠢᠨ ᠳᠠᠷᠢᠶᠠᠴᠢᠨ  ᠳᠤ ᠳᠣᠭᠠᠴᠠᠯᠠᠭᠰᠠᠨ ᠰᠣᠶᠣᠯ ᠤᠨ ᠴᠢᠮᠡᠭᠡ ᠵᠠᠩᠬᠢ ᠶᠢᠨ ᠡᠬᠢ ᠰᠣᠷᠪᠣᠯᠵᠢ ᠶᠢᠨ ᠣᠶᠢᠯᠡᠴᠢᠯᠡᠭᠡ ᠶᠢ ᠬᠠᠩᠭᠠᠨ᠎ᠠ᠃       ︵ᠭᠤᠷᠪᠠ︶ ᠨᠡᠶᠢᠬᠡᠮ ᠤᠨ ᠬᠦᠴᠦᠨ ᠢ ᠳᠣᠭᠠᠴᠠᠯᠠᠭᠰᠠᠨ ᠰᠣᠶᠣᠯ ᠤᠨ ᠪᠠᠶᠢᠭᠤᠯᠣᠯᠳᠠ ᠳᠤ ᠣᠷᠣᠯᠴᠠᠬᠤ  ᠶᠢ ᠵᠣᠷᠢᠭᠵᠢᠭᠤᠯᠣᠨ ᠳᠡᠮᠵᠢᠨ᠎ᠠ᠃ ᠨᠡᠶᠢᠬᠡᠮ ᠤᠨ ᠬᠦᠴᠦᠨ ᠣᠷᠣᠯᠴᠠᠬᠤ ᠳᠣᠭᠳᠠᠯᠴᠠᠭ᠎ᠠ ᠶᠢ ᠳᠡᠬᠦᠯᠳᠡᠷᠵᠢᠬᠦᠯᠣᠨ ᠨᠡᠶᠢᠬᠡᠮ ᠤᠨ ᠬᠦᠴᠦᠨ ᠢ ᠳᠠᠮᠵᠢᠨ ᠨᠡᠶᠢᠳᠠᠨ ᠬᠠᠮᠢᠶᠠᠷᠣᠭᠤᠯᠬᠤ᠂ ᠳᠣᠨᠤᠭ ᠲᠦᠬᠦᠬᠡᠷᠣᠮᠵᠢ ᠶᠢ ᠬᠠᠨᠳᠢᠪᠯᠠᠬᠤ᠂ ᠡᠬᠢ ᠪᠠᠶᠠᠯᠢᠭ ᠢ ᠬᠠᠩᠭᠠᠬᠤ᠂ ᠠᠵᠢᠯᠯᠠᠭᠠᠨ ᠳᠤ ᠳᠣᠰᠠᠯᠠᠮᠵᠢ ᠦᠵᠡᠬᠦᠯᠬᠦ᠂ ᠬᠤᠷᠰᠢᠵᠣ ᠰᠣᠳᠣᠯᠣᠨ ᠨᠡᠬᠡᠬᠡᠬᠦ ᠵᠡᠷᠬᠡ ᠠᠷᠭ᠎ᠠ ᠪᠠᠷᠢᠯ ᠢᠶᠠᠷ ᠳᠠᠮᠵᠢᠨ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠪᠠᠶᠢᠭᠤᠯᠣᠯᠳᠠ ᠳᠤ ᠣᠷᠣᠯᠴᠠᠬᠤ ᠶᠢ ᠵᠣᠷᠢᠭᠵᠢᠭᠤᠯᠣᠨ᠎ᠠ᠃ ᠣᠯᠠᠨ ᠨᠠᠶᠢᠳᠠ ᠶᠢᠨ ᠰᠣᠶᠣᠯ ᠤᠨ ᠪᠠᠶᠢᠭᠤᠯᠭ᠎ᠠ ᠨᠢᠬᠡᠴᠢ ᠶᠢ ᠵᠣᠷᠢᠭᠵᠢᠭᠤᠯᠣᠨ ᠶᠡᠭᠡ ᠳᠡᠬᠡᠳᠣ ᠰᠣᠷᠭᠠᠭᠤᠯᠢ᠂ ᠳᠡᠬᠡᠳᠣ ᠰᠢᠨᠵᠢᠯᠡᠬᠦ ᠮᠡᠷᠬᠡᠵᠢᠯ ᠤᠨ ᠰᠣᠶᠣᠯ ᠤᠨ ᠠᠵᠣ ᠠᠬᠤᠶᠢᠯᠡᠯ ᠲᠠᠢ ᠬᠠᠮᠳᠣᠷᠠᠯᠴᠠᠨ ᠵᠠᠩᠬᠢᠯᠠᠭ᠎ᠠ  ᠶᠢᠨ ᠮᠡᠷᠬᠡᠵᠢᠯ ᠤᠨ ᠰᠢᠪᠳᠣᠯᠣᠯᠳᠠ ᠶᠢ ᠪᠠᠶᠡᠯᠡᠬᠦᠯᠵᠣ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠪᠦᠳᠦᠬᠡᠭᠳᠡᠬᠦᠨ ᠢ ᠰᠣᠳᠣᠯᠤᠨ ᠪᠦᠳᠦᠬᠡᠨ᠎ᠠ︔ ᠨᠡᠶᠢᠬᠡᠮ ᠤᠨ ᠪᠠᠶᠢᠭᠤᠯᠣᠮᠵᠢ᠂ ᠰᠣᠶᠣᠯ ᠤᠨ ᠠᠵᠣ ᠠᠬᠤᠶᠢᠯᠡᠯ ᠢ ᠵᠣᠷᠢᠭᠵᠢᠭᠤᠯᠣᠨ ᠦᠨᠳᠣᠰᠣᠳᠠᠨ ᠤ ᠵᠣᠷᠢᠭ ᠰᠠᠨᠠᠭ᠎ᠠ ᠲᠠᠢ ᠪᠦᠬᠦᠢ᠂ ᠴᠠᠭ ᠦᠶ᠎ᠡ ᠶᠢᠨ ᠣᠨᠴᠠᠯᠢᠭᠳᠣ ᠳᠣᠭᠠᠴᠠᠯᠠᠭᠰᠠᠨ ᠰᠣᠶᠣᠯ ᠤᠨ ᠡᠬᠢ ᠪᠠᠶᠠᠯᠢᠭ ᠪᠠ ᠪᠦᠳᠦᠬᠡᠭᠳᠡᠬᠦᠨ ᠢ ᠰᠣᠳᠣᠯᠣᠨ ᠪᠦᠳᠦᠬᠡᠵᠣ ᠳᠠᠯᠬᠡᠷᠡᠬᠦᠯᠤᠨ ᠣᠯᠠᠨ ᠨᠠᠶᠢᠳᠠ ᠶᠢᠨ ᠳᠣᠭᠠᠴᠠᠯᠠᠭᠰᠠᠨ ᠰᠣᠶᠣᠯ ᠤᠨ ᠣᠶᠢᠯᠡᠴᠢᠯᠡᠭᠡ ᠶᠢ ᠰᠦᠢᠳᠬᠡᠯ ᠬᠤᠷᠢᠶᠠᠬᠤ ᠦᠬᠡᠢ ᠪᠣᠶᠣ ᠬᠠᠷᠠᠭᠠᠯᠵᠠᠯ ᠤᠨ ᠨᠦᠬᠦᠴᠡᠯ ᠲᠠᠢ ᠪᠠᠷ ᠬᠠᠩᠭᠠᠨ᠎ᠠ᠃       ᠲᠦᠷᠪᠠ᠂ ᠬᠡᠷᠡᠭᠵᠢᠬᠦᠯᠥᠯᠳᠡ ᠶᠢᠨ ᠠᠬᠢᠴᠠ       ᠨᠢᠬᠡᠳᠣᠬᠡᠷ ᠱᠠᠳᠣ᠄ 2018 ᠣᠨ ᠤ 3 ᠳ᠋ᠣᠭᠠᠷ ᠰᠠᠷ᠎ᠠ ᠠᠴᠠ 5 ᠳ᠋ᠣᠭᠠᠷ ᠰᠠᠷ᠎ᠠ ᠶᠢᠨ ᠳᠣᠮᠳᠠᠴᠢ ᠪᠣᠯᠳᠠᠯ᠎ᠠ ᠡᠯ᠎ᠡ ᠰᠣᠮᠣ ᠪᠠᠯᠭᠠᠰᠣ ᠪᠠ ᠬᠤᠰᠢᠭᠤ ᠨᠣᠮ ᠤᠨ ᠰᠠᠩ ᠤᠨ ᠬᠢᠨ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ︾ ᠢᠨᠵᠧᠨᠧᠷᠢᠩ ᠤᠨ ᠰᠠᠭᠤᠷᠢ ᠴᠡᠭ ᠤᠨ ᠪᠠᠶᠢᠭᠤᠯᠣᠯᠳᠠ ᠶᠢᠨ ᠣᠷᠣᠨ ᠪᠠᠶᠢᠷᠢ ᠰᠣᠩᠭᠤᠬᠤ ᠵᠡᠷᠬᠡ ᠬᠤᠯᠪᠣᠭᠳᠠᠯ ᠪᠦᠬᠦᠢ ᠠᠵᠢᠯ ᠢ ᠬᠡᠷᠡᠭᠵᠢᠬᠦᠯᠵᠣ ᠠᠵᠢᠯᠳᠠᠨ ᠪᠠ ᠮᠡᠷᠬᠡᠵᠢᠯ ᠤᠨ ᠪᠣᠯᠪᠠᠰᠣᠷᠠᠯ ᠤᠨ ᠬᠦᠮᠦᠰ ᠢ ᠰᠣᠩᠭᠤᠨ ᠳᠣᠮᠢᠯᠠᠵᠣ ᠬᠠᠷᠢᠯᠴᠠᠬᠤ ᠠᠵᠢᠯ ᠢ ᠰᠠᠶᠢᠳᠣᠷ ᠬᠢᠨ᠎ᠠ᠃ ᠬᠤᠰᠢᠭᠤ ᠨᠣᠮ ᠤᠨ ᠰᠠᠩ ᠤᠨ ᠬᠢᠨ ᠰᠣᠮᠣ ᠪᠠᠯᠭᠠᠰᠣ ᠲᠠᠢ ᠬᠠᠮᠵᠢᠯᠴᠠᠨ ᠣᠭᠰᠠᠷᠠᠬᠤ ᠴᠡᠭ ᠤᠨ ᠨᠠᠷᠠᠰ ᠤᠨ ᠵᠢᠭᠳᠡ ᠭᠠᠷᠭᠠᠬᠤ ᠶᠢᠨ ᠬᠠᠮᠳᠣ ᠭᠠᠴᠠᠭ᠎ᠠ ᠳᠣᠰᠬᠤᠨ ᠳᠤ ᠬᠦᠷᠴᠣ ᠲᠦᠬᠦᠬᠡᠷᠣᠮᠵᠢ ᠶᠢᠨ ᠣᠭᠰᠠᠷᠠᠬᠤ ᠣᠷᠣᠨ ᠪᠠᠶᠢᠷᠢ ᠶᠢ ᠠᠬᠤᠢ ᠳᠠᠯᠠᠪᠣᠷ ᠲᠤ ᠵᠢᠭᠠᠵᠤ ᠳᠣᠭᠳᠠᠭᠠᠨ᠎ᠠ᠃ ᠲᠦᠬᠦᠬᠡᠷᠣᠮᠵᠢ ᠣᠭᠰᠠᠷᠠᠬᠤ ᠬᠡᠰᠡᠭ ᠴᠡᠭ ᠲᠤ ᠰᠣᠮᠣ ᠪᠠᠯᠭᠠᠰᠣ᠂ ᠬᠤᠰᠢᠭᠤ ᠨᠣᠮ ᠤᠨ ᠰᠠᠩ ᠤᠨ  ᠬᠢᠨ ᠵᠣᠬᠢᠶᠠᠨ ᠪᠠᠶᠢᠭᠤᠯᠬᠤ ᠬᠡᠯᠳᠡᠰ ᠲᠠᠢ ᠬᠠᠮᠳᠣᠷᠠᠨ ᠮᠠᠨ ᠤ ᠬᠤᠰᠢᠭᠤᠨ ᠤ ᠣᠶᠣᠨᠴᠢ ᠨᠠᠮ ᠤᠨ ᠪᠠᠶᠢᠭᠤᠯᠣᠯᠳᠠ  ᠶᠢᠨ ᠳᠠᠭᠤᠷᠢᠶᠠᠯ ᠦᠵᠡᠬᠦᠯᠬᠦ ᠡᠷᠦᠬᠡ᠂ ᠰᠣᠶᠣᠯ ᠤᠨ ᠡᠷᠦᠬᠡ᠂ ᠰᠢᠨᠵᠢᠯᠡᠬᠦ ᠮᠡᠷᠬᠡᠵᠢᠯ ᠤᠨ ᠡᠷᠦᠬᠡ ᠶᠢ ᠪᠠᠶᠢᠭᠤᠯᠵᠣ ᠬᠤᠯᠪᠣᠭᠳᠠᠯ ᠪᠦᠬᠦᠢ ᠣᠬᠠᠭᠤᠯᠭ᠎ᠠ ᠶᠢᠨ ᠣᠶᠢᠯᠡᠴᠢᠯᠡᠬᠡᠨ ᠤ ᠵᠠᠷ ᠮᠡᠳᠡᠬᠡᠨ ᠤ ᠫᠠᠶᠢᠰᠠ ᠢᠯᠡᠷᠬᠡᠶᠢᠯᠡᠯ ᠵᠡᠷᠬᠡ ᠶᠢ ᠲᠥᠯᠥᠪᠯᠡᠨ ᠣᠶᠢᠯᠡᠳᠣᠨ᠎ᠠ᠃      ᠬᠤᠶᠠᠳᠣᠭᠠᠷ ᠱᠠᠳᠣ᠄ 2018 ᠣᠨ ᠤ 5 ᠳ᠋ᠣᠭᠠᠷ ᠰᠠᠷ᠎ᠠ ᠶᠢᠨ ᠳᠣᠮᠳᠠᠴᠢ ᠠᠴᠠ 11 ᠳ᠋ᠦ᠋ᠬᠡᠷ ᠰᠠᠷ᠎ᠠ ᠪᠣᠯᠳᠠᠯ᠎ᠠ ᠪᠦᠬᠦ ᠳᠣᠨᠤᠭ ᠲᠦᠬᠦᠬᠡᠷᠣᠮᠵᠢ ᠶᠢ ᠣᠭᠰᠠᠷᠠᠵᠣ 462 ᠴᠡᠭ ᠤᠨ ᠬᠠᠷᠢᠭᠤᠴᠠᠯᠭᠠᠳᠠᠨ ︵ᠮᠡᠷᠬᠡᠵᠢᠯ ᠤᠨ ᠠᠵᠢᠯᠯᠠᠭᠴᠢ︶ ᠢ ᠵᠣᠬᠢᠶᠠᠨ ᠪᠠᠶᠢᠭᠤᠯᠣᠨ ᠪᠦᠯᠥᠭ ᠬᠤᠪᠢᠶᠠᠵᠣ ᠲᠥᠪᠯᠡᠷᠡᠭᠰᠡᠨ ᠪᠣᠯᠪᠠᠰᠣᠷᠠᠯ ᠢ ᠦᠷᠨᠢᠬᠦᠯᠵᠣ ︽ᠳᠣᠭᠠᠴᠠᠯᠠᠭᠰᠠᠨ ᠰᠣᠶᠣᠯ ᠤᠨ ᠮᠠᠯᠴᠢᠨ ᠡᠷᠦᠬᠡ ᠳᠤ ᠣᠷᠣᠭᠤᠯᠬᠤ︾ ᠢᠨᠵᠧᠨᠧᠷᠢᠩ ᠢ ᠦᠨᠳᠣᠰᠣᠨ ᠳᠡᠭᠡᠨ ᠪᠠᠶᠢᠭᠤᠯᠵᠣ ᠳᠠᠭᠤᠰᠬᠠᠨ᠎ᠠ᠃      ᠳᠠᠪᠤ᠂ ᠵᠣᠬᠢᠶᠠᠨ ᠪᠠᠶᠢᠭᠤᠯᠣᠯᠳᠠ ᠶᠢᠨ ᠬᠠᠮᠢᠶᠠᠷᠣᠯᠳᠠ      ︵ᠨᠢᠬᠡ︶ ᠣᠳᠣᠷᠢᠳᠣᠯᠭ᠎ᠠ ᠶᠢ ᠴᠢᠩᠭᠠᠳᠬᠠᠨ ᠨᠠᠷᠢᠯᠢᠭ ᠪᠠᠶᠢᠷᠢᠯᠠᠭᠤᠯᠣᠨ᠎ᠠ᠃ ᠡᠯ᠎ᠡ ᠰᠣᠮᠣ ᠪᠠᠯᠭᠠᠰᠣ᠂ ᠡᠯ᠎ᠡ ᠬᠤᠯᠪᠣᠭᠳᠠᠯ ᠪᠦᠬᠦᠢ ᠠᠵᠣ ᠠᠬᠤᠶᠢᠯᠡᠯ ᠠᠵᠢᠯ ᠣᠶᠢᠯᠡᠰ ᠤᠨ ᠨᠢᠬᠡᠴᠢ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ︾ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠢ ᠪᠠᠶᠢᠭᠤᠯᠵᠣ᠂ ᠨᠢᠬᠡᠳᠣᠯᠳᠡᠢ ᠪᠠᠶᠢᠷᠢᠯᠠᠭᠤᠯᠣᠨ ᠴᠠᠭ ᠳᠣᠬᠠᠢ ᠳᠤᠨᠢ ᠵᠣᠬᠢᠴᠠᠭᠤᠯᠵᠣ᠂ ᠠᠵᠢᠯ ᠤᠨ ᠳᠣᠮᠳᠠ ᠢᠯᠡᠷᠡᠭᠰᠡᠨ ᠪᠣᠳᠠᠳᠠᠢ ᠠᠰᠠᠭᠤᠳᠠᠯ ᠢ ᠰᠢᠢᠳᠪᠣᠷᠢᠯᠡᠵᠣ ᠡᠬᠢ ᠪᠠᠶᠠᠯᠢᠭ ᠤᠨ ᠬᠦᠷᠬᠡᠯᠳᠡ᠂ ᠮᠡᠷᠬᠡᠵᠢᠯ ᠤᠨ ᠳᠠᠮᠵᠢᠯᠬᠡ᠂ ᠣᠶᠢᠯᠡᠴᠢᠯᠡᠬᠡᠨ ᠤ ᠵᠢᠯᠣᠭᠤᠳᠣᠮᠵᠢ  ᠶᠢᠨ ᠠᠵᠢᠯ ᠢ ᠰᠠᠶᠢᠳᠣᠷ ᠬᠢᠨ᠎ᠠ᠃ ᠰᠣᠮᠣ ᠪᠠᠯᠭᠠᠰᠣᠨ ᠤ ᠰᠣᠶᠣᠯ ᠤᠨ ᠠᠵᠢᠯ ᠢ ᠬᠤᠪᠢᠶᠠᠷᠢᠯᠠᠨ ᠬᠠᠷᠢᠭᠤᠴᠠᠵᠣ ᠪᠠᠶᠢᠭ᠎ᠠ ᠣᠳᠣᠷᠢᠳᠣᠯᠭ᠎ᠠ᠂ ᠰᠣᠶᠣᠯ ᠤᠨ ᠦᠷᠳᠡᠬᠡᠨ ᠤ ᠳᠠᠷᠤᠭ᠎ᠠ᠂ ᠭᠠᠴᠠᠭ᠎ᠠ ᠳᠣᠰᠬᠤᠨ ᠤ ︽ᠭᠤᠷᠪᠠᠨ ᠵᠦᠪᠯᠡᠯ︾ ᠤᠨ ᠪᠠᠭ ᠤᠨ ᠪᠦᠷᠢᠯᠳᠦᠬᠦᠨ ᠬᠡᠰᠢᠬᠦᠨ ᠨᠠᠷ ︽ᠳᠣᠭᠠᠴᠠᠯᠠᠭᠰᠠᠨ ᠰᠣᠶᠣᠯ ᠢ ᠮᠠᠯᠴᠢᠨ ᠡᠷᠦᠬᠡ ᠳᠤ ᠣᠷᠣᠭᠤᠯᠬᠤ︾ ᠢᠨᠵᠧᠨᠧᠷᠢᠩ ᠤᠨ ᠰᠠᠭᠤᠷᠢ ᠶᠢᠨ ᠴᠡᠭ ᠣᠷᠣᠨ ᠪᠠᠶᠢᠷᠢ ᠶᠢ ᠰᠣᠩᠭᠤᠬᠤ ᠵᠡᠷᠬᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠵᠣᠬᠢᠴᠠᠭᠤᠯᠣᠨ᠎ᠠ︔ ᠭᠠᠴᠠᠭ᠎ᠠ ᠳᠣᠰᠬᠤᠨ ᠤ ︽ᠭᠤᠷᠪᠠᠨ ᠵᠦᠪᠯᠡᠯ︾ ᠤᠨ ᠪᠠᠭ ᠤᠨ ᠪᠦᠷᠢᠯᠳᠦᠬᠦᠨ ᠬᠡᠰᠢᠬᠦᠳ ᠪᠠᠷᠢᠯᠭ᠎ᠠ ᠶᠢᠨ ᠠᠵᠢᠯ ᠤᠨ ᠤᠷᠣᠭᠰᠢᠳᠠᠢ ᠶᠠᠪᠣᠭᠳᠠᠬᠤ ᠶᠢ ᠪᠠᠳᠣᠯᠠᠵᠣ ᠪᠠᠷᠢᠯᠭ᠎ᠠ ᠶᠢᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠢ ᠬᠤᠷᠢᠭᠯᠠᠬᠤ ᠠᠵᠢᠯᠯᠠᠭ᠎ᠠ ᠶᠢ ᠢᠳᠡᠪᠬᠢᠳᠡᠢ ᠵᠣᠬᠢᠴᠠᠭᠤᠯᠣᠨ ᠰᠢᠢᠳᠪᠣᠷᠢᠯᠠᠨ᠎ᠠ︔ ᠬᠤᠰᠢᠭᠤ ᠨᠣᠮ ᠤᠨ ᠰᠠᠩ ᠤᠨ ᠬᠤᠯᠪᠣᠭᠳᠠᠯ ᠪᠦᠬᠦᠢ ᠠᠵᠢᠯᠳᠠᠨ ᠪᠠᠷᠢᠯᠭ᠎ᠠ ᠶᠢᠨ ᠶᠠᠰᠣ ᠴᠢᠨᠡᠷ᠂ ᠠᠬᠢᠴᠠ ᠶᠢ ᠦᠨᠳᠣᠰᠣᠯᠡᠨ ᠬᠢᠨᠠᠯᠳᠠ ᠳᠠᠯᠪᠢᠨ᠎ᠠ᠃ ᠰᠣᠮᠣ ᠪᠠᠯᠭᠠᠰᠣᠨ ᠤ ᠣᠶᠢᠯᠡᠴᠢᠯᠡᠬᠡᠨ ᠤ ᠲᠦᠪ ᠢ ᠪᠠᠶᠢᠭᠤᠯᠵᠣ ︽ᠳᠣᠭᠠᠴᠠᠯᠠᠭᠰᠠᠨ ᠰᠣᠶᠣᠯ  ᠤᠨ ᠳᠣᠰᠬᠠᠢ ᠬᠠᠮᠢᠶᠠᠷᠣᠭᠴᠢ︾ ᠶᠢ 1 ᠨᠠᠷ᠎ᠠ ᠳᠣᠬᠢᠷᠠᠭᠤᠯᠵᠣ ᠰᠣᠮᠣ ᠪᠠᠯᠭᠠᠰᠣᠨ ᠤ ᠣᠶᠢᠯᠡᠴᠢᠯᠡᠬᠡᠨ ᠤ ᠲᠦᠪ ᠤᠨ ᠠᠵᠢᠯᠳᠠᠨ ᠠᠴᠠ ᠬᠠᠷᠢᠭᠤᠴᠠᠨ᠎ᠠ︔ ᠦᠨᠳᠣᠰᠣᠨ ᠱᠠᠳᠣᠨ ᠤ ᠣᠶᠢᠯᠡᠴᠢᠯᠡᠬᠡᠨ ᠤ ᠴᠡᠭ ᠢ ᠪᠠᠶᠢᠭᠤᠯᠵᠣ ︽ᠳᠣᠭᠠᠴᠠᠯᠠᠭᠰᠠᠨ ᠰᠣᠶᠣᠯ ᠤᠨ ᠳᠣᠰᠣ ᠨᠡᠮᠡᠭᠴᠢ︾ ᠶᠢ 1 ᠨᠠᠷ᠎ᠠ ᠳᠣᠬᠢᠷᠠᠭᠤᠯᠵᠣ ᠭᠠᠴᠠᠭ᠎ᠠ ᠳᠣᠰᠬᠤᠨ ᠤ ᠰᠣᠶᠣᠯ  ᠤᠨ ᠠᠵᠢᠯ ᠤᠨ ᠬᠠᠮᠢᠶᠠᠷᠣᠭᠴᠢ ᠠᠴᠠ ᠡᠬᠦᠷᠬᠡᠯᠡᠨ᠎ᠠ᠃       ︵ᠬᠤᠶᠠᠷ︶ ᠨᠢᠭᠡᠲᠦᠯᠲᠠᠢ ᠲᠤᠬᠢᠷᠠᠭᠤᠯᠵᠤ ᠲᠦᠷᠢᠮᠵᠢᠬᠦᠯᠦᠨ ᠬᠠᠮᠢᠶᠠᠷᠤᠨ᠎ᠠ᠃ ᠬᠤᠰᠢᠭᠤ ᠨᠤᠮ ᠤᠨ ᠰᠠᠩ  ᠠᠴᠠ ᠲᠡᠭᠡᠲᠦ ᠱᠠᠲᠤᠨ ᠤ ᠰᠤᠶᠤᠯ ᠤᠨ ᠰᠠᠯᠠᠭ᠎ᠠ ᠮᠦᠴᠢᠷ ᠲᠠᠢ ᠬᠠᠷᠢᠯᠴᠠᠨ ︽ᠲᠤᠭᠠᠴᠠᠯᠠᠭᠰᠠᠨ ᠰᠤᠶᠤᠯ ᠤᠨ ᠬᠠᠪᠰᠤᠷᠤᠨ ᠵᠢᠯᠤᠭᠤᠳᠤᠭᠴᠢ︾ ᠶᠢ ᠰᠤᠩᠭᠤᠨ ᠲᠤᠮᠢᠯᠠᠭᠤᠯᠵᠤ᠂ ︽ᠲᠤᠭᠠᠴᠠᠯᠠᠭᠰᠠᠨ ᠰᠤᠶᠤᠯ ᠤᠨ ᠬᠠᠪᠰᠤᠷᠤᠨ ᠵᠢᠯᠤᠭᠤᠳᠤᠭᠴᠢ︾  ᠪᠤᠯᠪᠠᠰᠤᠷᠠᠯ ᠤᠨ ᠠᠵᠢᠯ ᠪᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠪᠤᠳᠠᠲᠠᠢ ᠬᠠᠷᠢᠭᠤᠴᠠᠨ᠎ᠠ᠃ ᠰᠤᠶᠤᠯ ᠳᠤ ᠪᠠᠨ ᠬᠠᠶᠢᠷᠠᠲᠠᠢ᠂ ᠬᠠᠷᠢᠭᠤᠴᠠᠯᠭᠠᠲᠤ ᠰᠡᠳᠬᠢᠯᠭᠡ ᠲᠠᠢ ᠰᠤᠶᠤᠯ ᠤᠨ ᠴᠢᠳᠠᠪᠤᠷᠢᠲᠠᠨ  ᠢ ᠰᠤᠩᠭᠤᠨ ︽ᠲᠤᠭᠠᠴᠠᠯᠠᠭᠰᠠᠨ ᠰᠤᠶᠤᠯ ᠤᠨ ᠬᠠᠪᠰᠤᠷᠤᠨ ᠵᠢᠯᠤᠭᠤᠳᠤᠭᠴᠢ︾ ᠪᠤᠯᠭᠠᠵᠤ ᠭᠤᠤᠯᠳᠠᠭᠤ ᠰᠤᠮᠤ ᠪᠠᠯᠭᠠᠰᠤᠨ ᠤ ᠭᠤᠤᠯᠳᠠᠯᠭᠠᠲᠤ  ︽ᠲᠤᠭᠠᠴᠠᠯᠠᠭᠰᠠᠨ ᠲᠤᠰᠤ ᠨᠡᠮᠡᠬᠦ ᠦᠷᠳᠡᠭᠡ︾᠂ ︽ᠲᠠᠮᠵᠢᠭᠤᠯᠬᠤ ᠲᠤᠰᠤ ᠨᠡᠮᠡᠬᠦ ᠦᠷᠳᠡᠭᠡ︾ ᠶᠢᠨ ᠲᠤᠨᠤᠭ ᠲᠦᠬᠦᠭᠡᠷᠦᠮᠵᠢ ᠶᠢᠨ ᠬᠠᠮᠠᠭᠠᠯᠠᠯᠲᠠ᠂ ᠲᠤᠭᠠᠴᠠᠯᠠᠭᠰᠠᠨ ᠡᠬᠢ ᠪᠠᠶᠠᠯᠢᠭ ᠤᠨ ᠪᠠᠭᠤᠯᠭᠠᠵᠤ ᠰᠢᠨᠡᠴᠢᠯᠡᠬᠦ ᠵᠢᠴᠢ ᠬᠠᠷᠢᠶᠠᠲᠤ ᠤᠷᠤᠨ ᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠡᠬᠢ ᠪᠠᠶᠠᠯᠢᠭ ᠤᠨ ᠬᠡᠷᠡᠭᠴᠡᠭᠡ ᠶᠢ ᠪᠦᠷᠢᠳᠬᠡᠨ ᠲᠡᠭᠡᠲᠦ ᠱᠠᠲᠤᠨ ᠳᠤ ᠮᠡᠳᠡᠬᠦᠯᠬᠦ ᠶᠢ ᠰᠢᠨᠡᠴᠢᠯᠡᠨ᠎ᠡ᠃ ᠰᠠᠶᠢᠨ ᠲᠤᠷ᠎ᠠ ᠶᠢᠨ ᠦᠢᠯᠡᠴᠢᠯᠡᠭᠡᠨ ᠤ ᠵᠤᠷᠢᠭ ᠰᠠᠨᠠᠭ᠎ᠠ ᠲᠠᠢ᠂ ᠨᠡᠭᠦᠳᠡᠯ ᠤᠩᠰᠢᠯᠭ᠎ᠠ ᠶᠢᠨ ᠮᠠᠰᠢᠨ ᠢ ᠪᠤᠯᠪᠠᠰᠤᠷᠠᠩᠭᠤᠢ ᠬᠡᠷᠡᠭᠯᠡᠵᠤ ᠴᠢᠳᠠᠭᠰᠠᠨ᠂ ᠰᠤᠶᠤᠯ ᠤᠨ ᠬᠢᠷᠢ ᠬᠡᠮᠵᠢᠶ᠎ᠡ ᠨᠡᠯᠢᠶᠡᠳ ᠦᠨᠳᠦᠷ ᠬᠦᠮᠦᠨ ᠢ ︽ᠲᠤᠭᠠᠴᠠᠯᠠᠭᠰᠠᠨ ᠰᠤᠶᠤᠯ ᠤᠨ ᠲᠤᠰᠤ ᠨᠡᠮᠡᠭᠴᠢ︾ ᠪᠠᠷ ᠰᠤᠩᠭᠤᠵᠤ ᠭᠤᠤᠯᠳᠠᠭᠤ ᠭᠠᠴᠠᠭ᠎ᠠ ᠲᠤᠰᠬᠤᠨ ᠤ ︽ᠲᠤᠭᠠᠴᠠᠯᠠᠭᠰᠠᠨ ᠲᠤᠰᠤ ᠨᠡᠮᠡᠬᠦ ᠦᠷᠳᠡᠭᠡ︾  ᠶᠢᠨ ᠲᠤᠨᠤᠭ ᠲᠦᠭᠦᠭᠡᠷᠦᠮᠵᠢ ᠶᠢᠨ ᠬᠠᠮᠠᠭᠠᠯᠠᠯᠲᠠ ᠪᠠ ᠲᠤᠭᠠᠴᠠᠯᠠᠭᠰᠠᠨ ᠡᠬᠢ ᠪᠠᠶᠠᠯᠢᠭ ᠢ ᠪᠠᠭᠤᠯᠭᠠᠨ  ᠰᠢᠨᠡᠴᠢᠯᠡᠬᠦ᠂ ᠬᠠᠷᠢᠶᠠᠲᠤ ᠤᠷᠤᠨ ᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠡᠬᠢ ᠪᠠᠶᠠᠯᠢᠭ ᠤᠨ ᠬᠡᠷᠡᠭᠴᠡᠭᠡ ᠶᠢ ᠪᠦᠷᠢᠳᠬᠡᠨ ᠲᠡᠭᠡᠭᠰᠢ ᠮᠡᠳᠡᠬᠦᠯᠬᠦ ᠠᠵᠢᠯ ᠢ ᠬᠠᠷᠢᠭᠤᠴᠠᠨ᠎ᠠ᠃      ︵ᠭᠤᠷᠪᠠ︶ ᠲᠤᠭᠲᠠᠯᠴᠠᠭ᠎ᠠ ᠪᠠᠨ ᠰᠢᠨᠡᠴᠢᠯᠡᠨ ᠦᠪᠡᠷᠮᠢᠴᠡ ᠤᠨᠴᠠᠯᠢᠭ ᠢᠶᠠᠨ ᠲᠤᠪᠤᠶᠢᠯᠭᠠᠨ᠎ᠠ᠃ ᠰᠢᠨ᠎ᠡ ᠶᠢ ᠡᠭᠦᠳᠬᠦ ᠤᠶᠢᠯᠠᠭᠠᠭᠳᠠᠬᠤᠨ ᠢ ᠪᠠᠷᠢᠮᠳᠠᠯᠠᠵᠤ ᠮᠡᠷᠭᠡᠵᠢᠯ ᠢᠶᠠᠷ ᠲᠤᠯᠭᠠᠭᠤᠷᠢᠯᠠᠭᠤᠯᠤᠨ ᠦᠵᠡᠯ ᠰᠠᠨᠠᠭ᠎ᠠ ᠪᠠᠨ ᠴᠢᠯᠦᠭᠡᠯᠡᠵᠤ ᠦᠢᠯᠡᠴᠢᠯᠡᠭᠡᠨ ᠤ ᠤᠶᠢᠯᠠᠭᠠᠭᠳᠠᠬᠤᠨ ᠢᠶᠠᠨ ᠰᠢᠨᠡᠴᠢᠯᠡᠵᠤ ᠰᠢᠨ᠎ᠡ ᠴᠠᠭ ᠦᠶ᠎ᠡ ᠶᠢᠨ ᠤᠯᠠᠨ ᠨᠡᠶᠢᠲᠡ  ᠶᠢᠨ ᠰᠤᠶᠤᠯ ᠤᠨ ᠦᠢᠯᠡᠴᠢᠯᠡᠭᠡᠨ ᠤ ᠰᠢᠨ᠎ᠡ ᠬᠡᠯᠪᠡᠷᠢ ᠮᠠᠶ᠋ᠢᠭ᠂ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠠᠷᠭ᠎ᠠ ᠪᠠᠷᠢᠯ ᠢ ᠰᠦᠪᠡᠭᠴᠢᠯᠡᠨ᠎ᠡ᠃ ᠤᠳᠤ ᠦᠶ᠎ᠡ ᠶᠢᠨ ᠰᠤᠷᠠᠭ ᠵᠠᠩᠭᠢ ᠶᠢᠨ ᠮᠡᠷᠬᠡᠵᠢᠯ ᠢ ᠦᠷᠭᠡᠨ ᠢᠶᠠᠷ ᠬᠡᠷᠡᠭᠯᠡᠵᠤ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠬᠤᠪᠢᠷᠠᠭᠤᠯᠤᠨ ᠰᠢᠨ᠎ᠡ ᠮᠡᠷᠭᠡᠵᠢᠯ᠂ ᠰᠢᠨ᠎ᠡ ᠠᠷᠭ᠎ᠠ ᠪᠠᠷᠢᠯ ᠢ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠮᠳᠠ ᠬᠡᠷᠡᠭᠯᠡᠬᠦ ᠶᠢ ᠢᠳᠡᠪᠬᠢᠲᠠᠢ ᠰᠦᠪᠡᠭᠴᠢᠯᠡᠵᠤ ᠦᠤᠰᠢᠨ ᠬᠤᠰᠢᠭᠤᠨ ᠤ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠲᠤᠷᠰᠢᠯᠭ᠎ᠠ ᠬᠠᠩᠭᠠᠨ᠎ᠠ᠃ ᠤᠯᠤᠰ ᠤᠨ ᠭᠤᠤᠯᠳᠠᠯᠭᠠᠲᠤ ᠲᠤᠭᠠᠴᠠᠯᠠᠭᠰᠠᠨ ᠰᠤᠶᠤᠯ ᠤᠨ ᠡᠬᠢ ᠪᠠᠶᠠᠯᠢᠭ ᠪᠠ ᠭᠠᠵᠠᠷ ᠤᠷᠤᠨ ᠤ ᠤᠨᠴᠠᠯᠢᠭᠲᠤ ᠲᠤᠭᠠᠴᠠᠯᠠᠭᠰᠠᠨ ᠰᠤᠶᠤᠯ ᠤᠨ ᠡᠬᠢ ᠪᠠᠶᠠᠯᠢᠭ ᠢ ᠨᠡᠶᠢᠯᠡᠬᠦᠯᠵᠤ ᠲᠤᠭᠠᠴᠠᠯᠠᠭᠰᠠᠨ ᠡᠬᠢ ᠪᠠᠶᠠᠯᠢᠭ ᠤᠨ ᠬᠢᠲᠠᠳ ᠬᠡᠯᠡᠨ ᠠᠴᠠ ᠮᠤᠩᠭᠤᠯ ᠬᠡᠯᠡᠨ ᠳᠤ ᠤᠷᠴᠢᠭᠤᠯᠬᠤ ᠠᠵᠢᠯ ᠪᠠ ᠮᠤᠩᠭᠤᠯ ᠶᠤᠸᠠᠨ ᠤ ᠰᠤᠶᠤᠯ  ᠢ ᠴᠢᠩᠭᠠᠳᠬᠠᠨ᠎ᠠ᠃ ᠲᠦᠬᠦᠭᠡᠷᠦᠮᠵᠢ ᠶᠢᠨ ᠬᠠᠮᠢᠶᠠᠷᠤᠯᠲᠠ ᠬᠡᠷᠡᠭᠯᠡᠯᠲᠡ᠂ ᠪᠡᠯᠡ ᠮᠦᠩᠭᠦᠨ ᠤ ᠲᠦᠷᠦᠯ ᠵᠦᠢᠯ ᠤᠨ ᠲᠤᠬᠢᠷᠠᠭᠤᠯᠤᠯᠲᠠ᠂ ᠦᠨᠳᠦᠰᠦᠨ ᠱᠠᠲᠤᠨ ᠤ ᠰᠤᠶᠤᠯ ᠤᠨ ᠡᠩᠨᠡᠬᠡᠨ ᠤ ᠪᠠᠶᠢᠭᠤᠯᠤᠯᠲᠠ ᠶᠢ ᠨᠢᠭᠡᠲᠦᠯᠲᠠᠢ ᠲᠦᠯᠦᠪᠵᠢᠬᠦᠯᠦᠨ᠎ᠠ᠃      ︵ᠲᠦᠷᠪᠡ︶ ᠤᠬᠠᠭᠤᠯᠭ᠎ᠠ ᠪᠠᠨ ᠴᠢᠩᠭᠠᠳᠬᠠᠵᠤ ᠨᠦᠯᠦᠭᠡ ᠪᠠᠨ ᠦᠷᠭᠡᠳᠬᠡᠨ᠎ᠡ᠃ ᠣᠬᠠᠭᠤᠯᠵᠣ ᠲᠦᠰᠦᠪᠯᠡᠬᠦ᠂ ᠡᠯ᠎ᠡ ᠵᠦᠢᠯ ᠤᠨ ᠤᠯᠠᠨ ᠨᠡᠶᠢᠲᠡ ᠶᠢᠨ ᠲᠤᠭᠠᠴᠠᠯᠠᠭᠰᠠᠨ ᠰᠤᠶᠤᠯ ᠤᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠬᠦ ᠶᠢ ᠵᠤᠬᠢᠶᠠᠨ ᠪᠠᠶᠢᠭᠤᠯᠵᠤ᠂ ︽ᠲᠤᠭᠠᠴᠠᠯᠠᠭᠰᠠᠨ ᠰᠤᠶᠤᠯ ᠢ ᠮᠠᠯᠴᠢᠨ ᠡᠷᠦᠬᠡ ᠳᠤ ᠤᠷᠤᠭᠤᠯᠬᠤ︾ ᠪᠠᠶᠢᠭᠤᠯᠤᠯᠲᠠ ᠶᠢᠨ ᠴᠢᠬᠤᠯᠠ ᠤᠳᠬ᠎ᠠ ᠠᠭᠤᠯᠭ᠎ᠠ ᠪᠤᠯᠤᠨ ᠠᠵᠢᠯ ᠤᠨ ᠠᠬᠢᠴᠠ ᠶᠢ ᠦᠷᠭᠡᠨ ᠢᠶᠠᠷ ᠤᠬᠠᠭᠤᠯᠵᠤ ︽ᠲᠤᠭᠠᠴᠠᠯᠠᠭᠰᠠᠨ ᠰᠤᠶᠤᠯ ᠢ ᠮᠠᠯᠴᠢᠨ ᠡᠷᠦᠬᠡ ᠳᠤ ᠤᠷᠤᠭᠤᠯᠬᠤ︾ ᠪᠠᠶᠢᠭᠤᠯᠤᠯᠲᠠ ᠶᠢ ᠲᠤᠪᠤᠶᠢᠯᠭᠠᠨ ᠤᠬᠠᠭᠤᠯᠬᠤ  ᠶᠢᠨ ᠬᠠᠮᠲᠤ ᠤᠳᠤᠬᠠᠨ ᠤ ᠮᠠᠯᠵᠢᠬᠤ ᠲᠠᠷᠢᠶᠠᠯᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ᠂ ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠵᠠᠰᠠᠯᠲᠠ ᠵᠡᠷᠭᠡ ᠭᠤᠤᠯᠳᠠᠯᠭᠠᠲᠤ ᠠᠵᠢᠯ ᠲᠠᠢ ᠤᠶᠠᠯᠳᠤᠭᠤᠯᠵᠤ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠳᠤ ᠬᠠᠷᠠᠭᠠᠯᠵᠠᠯᠠᠯ ᠬᠦᠷᠳᠡᠭᠡᠨ᠎ᠡ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号