ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 55 ᠳ᠋ᠣᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-11
     5 ᠰᠠᠷ᠎ᠠ ᠶᠢᠨ 8 ᠤ ᠡᠳᠦᠷ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 55 ᠳ᠋ᠣᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠵᠤ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠳᠡᠰ  ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠭᠡᠳᠦᠮᠡᠯ ᠹᠷᠤᠨᠲ ᠶᠢᠨ ᠬᠡᠯᠳᠡᠰ ᠤᠨ ᠲᠠᠷᠤᠭ᠎ᠠ ᠠᠯᠳᠠᠠᠲᠤᠶᠠᠭ᠎ᠠ ᠨᠠᠷ ᠬᠤᠷᠠᠯ ᠳᠤ ᠤᠷᠤᠯᠴᠠᠵᠤ᠂ ᠬᠤᠰᠢᠭᠤ ᠤᠳᠤᠷᠢᠳᠤᠯᠭ᠎ᠠ ᠵᠧᠦ ᠱᠤᠸᠠᠢ᠂ ᠪᠠᠶᠠᠠᠴᠡᠩᠬᠡᠯ᠂ ᠪᠠᠶᠠᠠᠴᠢᠮᠡᠭ᠂ ᠸᠠᠩ ᠭᠠᠩ ᠵᠢᠴᠢ ᠡᠯ᠎ᠡ ᠰᠤᠮᠤ ᠪᠠᠯᠭᠠᠰᠤ᠂ ᠵᠠᠰᠠᠭ ᠤᠨ ᠤᠷᠳᠤᠨ ᠤ ᠠᠯᠪᠠᠨ ᠭᠡᠷ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠪᠠ᠃      ᠵᠢᠷᠭᠠᠯᠳᠤ ᠬᠤᠷᠠᠯ ᠲᠡᠭᠡᠷ᠎ᠡ ᠵᠢᠭᠠᠵᠤ ᠭᠠᠷᠭᠠᠬᠤ ᠳᠤ ᠪᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠪᠤᠯ ᠠᠵᠤ ᠠᠬᠤᠢ ᠨᠡᠶᠢᠭᠡᠮ ᠤᠨ ᠭᠥᠭᠵᠢᠯᠳᠠ ᠶᠢᠨ ᠶᠡᠭᠡ ᠪᠠᠶᠢᠳᠠᠯ ᠤᠨ ᠲᠤᠭᠳᠠᠭᠤᠨ ᠲᠠᠢ ᠬᠤᠯᠪᠤᠭᠳᠠᠵᠤ᠂ ᠴᠢᠨᠡᠭᠡᠯᠢᠭ ᠨᠠᠶᠢᠭᠡᠮ ᠢ ᠪᠥᠭᠦ ᠲᠠᠯ᠎ᠠ ᠪᠠᠷ ᠪᠠᠶᠠᠯᠡᠭᠦᠯᠭᠦ ᠢᠯᠠᠯᠳᠠ ᠶᠢ ᠤᠯᠬᠤ ᠡᠰᠡᠭᠦ ᠲᠠᠢ ᠬᠤᠯᠪᠤᠭᠳᠠᠬᠤ ᠬᠤᠵᠢᠮ ᠤᠨ ᠨᠢᠭᠡ ᠬᠤᠭᠤᠴᠠᠭᠠᠨ ᠤ ᠠᠵᠢᠯ ᠤᠨ ᠲᠤᠮᠳᠠᠭᠢ ᠴᠢᠬᠤᠯᠠ ᠤᠯᠤᠰ ᠲᠥᠷᠥ  ᠶᠢᠨ ᠡᠭᠦᠷᠭᠡ ᠪᠤᠯᠤᠨ᠎ᠠ᠂ ᠡᠯ᠎ᠠ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠶᠢ ᠲᠥᠷᠪᠡᠨ ᠤᠬᠠᠮᠰᠠᠷ ᠢ ᠲᠡᠭᠡᠭᠰᠢᠯᠡᠭᠦᠯᠭᠦ ᠶᠢᠨ ᠪᠤᠳᠠᠳᠠᠢ ᠢᠯᠠᠷᠠᠯ ᠪᠤᠯᠭᠠᠨ᠂ ᠰᠢ ᠶᠢᠨ ᠫᠢᠩ ᠶᠠᠷᠤᠩᠭᠡᠢ ᠱᠥᠵᠢ ᠶᠢᠨ ᠭᠤᠤᠯᠯᠠᠭᠴᠢ ᠪᠠᠶᠢᠷᠢ ᠰᠠᠭᠤᠷᠢ᠂ ᠨᠠᠮ ᠤᠨ ᠲᠥᠪ ᠬᠤᠷᠢᠶᠠᠨ ᠤ ᠡᠷᠭᠡ ᠰᠥᠷ ᠢ ᠬᠠᠮᠠᠭᠠᠯᠠᠬᠤ ᠶᠢᠨ ᠪᠤᠳᠠᠳᠠᠢ ᠠᠵᠢᠯᠯᠠᠭ᠎ᠠ ᠪᠤᠯᠭᠠᠵᠤ᠂ ᠲᠥᠪ᠂ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠭᠥᠨᠳᠤ ᠶᠡᠭᠡ ᠠᠶᠤᠯ ᠲᠥᠭᠰᠢᠭᠦᠷᠢ  ᠶᠢ ᠰᠠᠷᠭᠡᠶᠢᠯᠠᠨ ᠰᠢᠢᠳᠪᠦᠷᠢᠯᠡᠬᠦ᠂ ᠤᠨᠢᠨ ᠲᠡᠭᠡᠷ᠎ᠡ ᠨᠢ ᠶᠠᠳᠠᠭᠤ ᠶᠢ ᠲᠠᠳᠭᠦᠭᠦ᠂ ᠪᠤᠭᠢᠷᠳᠤᠯ ᠢ ᠰᠠᠷᠭᠡᠶᠢᠯᠠᠨ ᠵᠠᠰᠠᠬᠤ ᠠᠵᠢᠯ ᠤᠨ ᠡᠯ᠎ᠠ ᠲᠥᠷᠥᠯ ᠤᠨ ᠰᠢᠢᠳᠪᠦᠷᠢᠲᠦ ᠪᠠᠶᠢᠷᠢᠯᠠᠭᠤᠯᠤᠯᠳᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠳᠠᠢ᠃ ᠥᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ  ᠭᠦᠨᠵᠡᠭᠡᠶᠢᠷᠡᠭᠦᠯᠦᠨ ᠭᠥᠨᠳᠤ ᠶᠡᠭᠡ ᠠᠶᠤᠯ ᠲᠥᠭᠰᠢᠭᠦᠷᠢ ᠶᠢ ᠰᠠᠷᠭᠡᠶᠢᠯᠠᠨ ᠰᠢᠢᠳᠪᠦᠷᠢᠯᠡᠬᠦ᠂ ᠤᠨᠢᠨ ᠲᠡᠭᠡᠷ᠎ᠡ ᠨᠢ ᠶᠠᠳᠠᠭᠤ ᠶᠢ ᠲᠠᠳᠭᠦᠭᠦ᠂ ᠪᠤᠭᠢᠷᠳᠤᠯ ᠢ ᠰᠠᠷᠭᠡᠶᠢᠯᠠᠨ ᠵᠠᠰᠠᠬᠤ ᠲᠠᠯ᠎ᠠ ᠪᠠᠷ ᠤᠷᠤᠰᠢᠵᠤ ᠪᠠᠶᠢᠭ᠎ᠠ ᠭᠥᠷᠤᠯᠴᠠᠭᠦ ᠥᠭᠡᠢ ᠲᠠᠯ᠎ᠠ ᠪᠠᠨ ᠭᠥᠨᠵᠡᠭᠡᠢ ᠲᠠᠨᠢᠵᠤ᠂ ᠭᠠᠳᠠᠭᠠᠳᠤ ᠣᠷᠴᠢᠨ ᠪᠣᠯᠣᠨ ᠥᠪᠠᠷ ᠤᠨ ᠪᠤᠳᠠᠳᠠᠢ ᠲᠠᠢ ᠪᠠᠨ ᠤᠶᠠᠯᠳᠤᠭᠤᠯᠤᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠭᠡᠷᠡᠭᠳᠠᠢ᠃ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠬᠠᠷᠢᠭᠤᠴᠠᠯᠭ᠎ᠠ ᠶᠢ ᠴᠢᠩᠭ᠎ᠠ ᠡᠭᠦᠷᠭᠡᠯᠠᠭᠦ ᠭᠡᠷᠡᠭᠳᠠᠢ᠃ ᠰᠠᠯᠠᠭ᠎ᠠ ᠮᠥᠴᠢᠷ ᠪᠤᠯᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠴᠠᠭᠠᠯᠳᠠ  ᠶᠢᠨ ᠭᠥᠴᠥᠯᠠᠴᠠ ᠪᠠᠨ ᠨᠡᠮᠡᠭᠳᠡᠭᠦᠯᠤᠨ ᠠᠵᠢᠯ ᠢ ᠱᠠᠳᠤ ᠱᠠᠳᠤ ᠪᠠᠷ ᠠᠭᠢᠭᠤᠯᠬᠤ ᠭᠡᠷᠡᠭᠳᠠᠢ᠃ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠤᠯᠳᠠ ᠶᠢ  ᠴᠢᠩᠭᠠᠳᠬᠠᠨ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ ᠭᠤᠤᠯᠳᠠᠯᠭ᠎ᠠ  ᠲᠠᠢ ᠬᠦᠷᠢᠶ᠎ᠡ ᠴᠠᠷᠠᠭ᠎ᠠ᠂ ᠵᠠᠩᠬᠢᠯᠠᠭ᠎ᠠ ᠶᠢᠨ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠤᠯᠳᠠ ᠶᠢ ᠰᠠᠶᠢᠨ ᠭᠢᠭᠦ ᠭᠡᠷᠡᠭᠳᠠᠢ᠃ ᠤᠷᠳᠤ ᠬᠤᠭᠤᠴᠠᠭᠠᠳᠤ ᠲᠤᠭᠳᠠᠯᠴᠠᠭ᠎ᠠ ᠶᠢ ᠲᠠᠭᠦᠯᠳᠡᠷᠵᠢᠭᠦᠯᠤᠨ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠴᠡᠭᠴᠡᠯᠠᠨ ᠰᠠᠶᠢᠵᠢᠷᠠᠭᠤᠯᠬᠤ ᠠᠵᠢᠯ ᠢ ᠪᠤᠰᠤᠳ ᠭᠤᠣᠯᠳᠠᠯᠭᠠᠲᠤ ᠠᠵᠢᠯ ᠲᠠᠢ ᠨᠢᠭᠲᠠ ᠤᠶᠠᠯᠳᠤᠭᠤᠯᠵᠤ ᠲᠠᠭᠢᠨ ᠪᠠᠶᠢᠴᠠᠭᠠᠵᠤ ᠲᠠᠭᠢᠨ ᠨᠠᠶᠢᠲᠠᠪᠤᠷᠢᠵᠢᠭᠤᠯᠤᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠢᠯᠠᠬᠤ ᠭᠡᠷᠡᠭᠳᠠᠢ ᠭᠡᠵᠡᠢ᠃      ᠤᠷᠴᠢᠮ ᠤᠨ ᠬᠤᠭᠤᠴᠠᠭᠠᠨ ᠤ ᠭᠤᠣᠯᠳᠠᠯᠭᠠᠲᠣ ᠠᠵᠢᠯ ᠢ ᠰᠠᠶᠢᠨ ᠭᠢᠭᠦ ᠲᠤᠬᠠᠢ ᠵᠢᠷᠭᠠᠯᠳᠤ ᠴᠢᠬᠤᠯᠠᠴᠢᠯᠠᠬᠤ  ᠳᠤ ᠪᠠᠨ᠂ ᠨᠠᠮ ᠤᠨ ᠰᠤᠷᠳᠠᠯ᠂ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠤᠶᠠᠷ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠥᠨᠳᠤᠷ ᠴᠢᠨᠰᠠᠭᠠᠲᠤ ᠭᠥᠭᠵᠢᠯᠳᠠ ᠶᠢ ᠥᠷᠭᠦᠯᠵᠢᠯᠠᠨ ᠠᠬᠢᠭᠤᠯᠤᠨ ᠠᠶᠤᠯᠭᠦᠢ ᠥᠢᠯᠡᠳᠪᠤᠷᠢᠯᠠᠯ᠂ ᠲᠤᠭᠳᠠᠭᠤᠨ ᠢ ᠬᠠᠮᠠᠭᠠᠯᠠᠬᠤ᠂ ᠢᠳᠡᠭᠡᠨ   ᠤ ᠠᠮᠤᠷ ᠲᠥᠪᠰᠢᠨ ᠵᠡᠷᠭᠡ ᠭᠤᠣᠯᠳᠠᠯᠭᠠᠲᠣ ᠠᠵᠢᠯ ᠢ ᠥᠷᠭᠦᠯᠵᠢᠯᠠᠨ ᠴᠢᠩᠭ᠎ᠠ ᠠᠳᠬᠤᠬᠤ ᠭᠡᠷᠡᠭᠳᠠᠢ ᠭᠡᠵᠡᠢ᠃      ᠬᠤᠷᠠᠯ ᠲᠡᠭᠡᠷ᠎ᠡ ᠪᠥᠭᠦ ᠬᠤᠰᠢᠭᠤᠨ ᠤ ᠪᠤᠭᠢᠷᠳᠤᠯ ᠢ ᠰᠠᠷᠭᠡᠶᠢᠯᠠᠨ ᠵᠠᠰᠠᠬᠤ ᠠᠵᠢᠯ ᠤᠨ ᠠᠭᠢᠴᠠ ᠶᠢᠨ ᠪᠠᠶᠢᠳᠠᠯ  ᠤᠨ ᠲᠤᠬᠠᠢ ᠬᠠᠷᠢᠭᠤ ᠮᠡᠳᠡᠭᠦᠯᠥᠯᠳᠠ ᠶᠢ ᠰᠣᠨᠣᠰᠬᠤ ᠶᠢᠨ ᠬᠠᠮᠲᠣ ︽ᠶᠡᠭᠡ ᠰᠤᠷᠤᠯᠴᠠᠯᠭ᠎ᠠ ᠶᠡᠭᠡ ᠪᠠᠶᠢᠴᠠᠭᠠᠨ ᠰᠤᠳᠤᠯᠤᠯᠳᠠ ᠶᠡᠭᠡ ᠤᠬᠠᠭᠤᠯᠭ᠎ᠠ ᠶᠡᠭᠡ ᠪᠠᠶᠢᠴᠠᠭᠠᠯᠳᠠ ᠶᠢ ᠭᠥᠨᠵᠡᠭᠡᠢ ᠥᠷᠨᠢᠭᠦᠯᠵᠤ᠂ ᠶᠡᠭᠡ ᠨᠠᠶᠢᠳᠠᠪᠤᠷᠢᠵᠢᠭᠤᠯᠤᠯᠳᠠ ᠶᠢ ᠠᠭᠢᠭᠤᠯᠬᠤ ᠠᠵᠢᠯᠯᠠᠭ᠎ᠠ ᠶᠢᠨ ᠭᠡᠷᠡᠭᠵᠢᠭᠦᠯᠭᠦ ᠲᠥᠰᠥᠯ ᠤᠨ ᠲᠤᠬᠠᠢ ᠮᠡᠳᠡᠭᠳᠠᠯ︾᠂ ︽ ᠥᠥᠰᠢᠨ ᠬᠤᠰᠢᠭᠤᠨ ᠤ 2018 ᠤᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠭᠦ ᠲᠥᠯᠥᠪᠯᠡᠭᠡ︾᠂ ︽ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ 3 +1 ᠬᠠᠷᠢᠯᠴᠠᠨ ᠬᠠᠪᠰᠤᠷᠤᠯᠴᠠᠨ ᠬᠠᠮᠲᠤᠪᠡᠷ ᠪᠠᠶᠢᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠥᠨᠵᠡᠭᠡᠶᠢᠷᠠᠭᠦᠯᠭᠦ ᠲᠤᠬᠠᠢ ᠮᠡᠳᠡᠭᠳᠠᠯ︾᠂ ︽ᠥᠥᠰᠢᠨ ᠬᠤᠰᠢᠭᠤᠨ ᠤ ᠭᠠᠴᠠᠭ᠎ᠠ ᠲᠤᠰᠬᠤᠨ ᠢ ᠲᠠᠭᠠᠭᠠᠴᠢᠯᠠᠬᠤ᠂ ᠭᠠᠴᠠᠭ᠎ᠠ ᠲᠤᠰᠬᠤᠨ ᠲᠠᠢ ᠬᠠᠷᠢᠯᠴᠠᠬᠤ᠂ ᠭᠠᠴᠠᠭ᠎ᠠ ᠲᠤᠰᠬᠤᠨ ᠳᠤ ᠰᠠᠭᠤᠬᠤ ᠠᠵᠢᠯ ᠤᠨ ᠠᠷᠭ᠎ᠠ︾ ᠵᠡᠷᠭᠡ ᠮᠠᠲ᠋ᠧᠷᠢᠶᠠᠯ ᠢ ᠭᠢᠨᠠᠨ ᠪᠠᠲᠤᠯᠠᠵᠤ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ᠬᠤᠶᠠᠷ ᠵᠥᠪᠯᠠᠯ ᠤᠨ ᠬᠤᠭᠤᠴᠠᠭ᠎ᠠ ᠰᠤᠯᠢᠬᠤ ᠬᠤᠯᠪᠤᠭᠳᠠᠯ ᠪᠥᠭᠦᠢ ᠶᠠᠪᠤᠳᠠᠯ ᠢ ᠰᠤᠳᠤᠯᠤᠨ ᠶᠠᠷᠢᠯᠴᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号