ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ ᠬᠤᠰᠢᠭᠤ ᠵᠠᠰᠠᠭ  ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-05-11
      5 ᠰᠠᠷ᠎ᠠ ᠶᠢᠨ 7 ᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠤᠯᠪᠤᠭᠳᠠᠯ ᠪᠥᠭᠦᠢ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠲᠡᠳ᠋ ᠲᠠᠷᠤᠭ᠎ᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠤ ᠬᠤ᠋᠂ ᠬᠤᠰᠢᠭᠤ ᠲᠡᠳ᠋ ᠲᠠᠷᠤᠭ᠎ᠠ ᠵᠸᠤ ᠱᠤᠸᠠᠢ᠂ ᠪᠠᠶᠠᠠᠴᠡᠩᠭᠡᠯ᠂ ᠪᠠᠶᠠᠠᠴᠢᠮᠡᠭ ᠬᠤᠷᠠᠯ ᠳᠤ ᠤᠷᠤᠯᠴᠠᠪᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠭᠡᠯ ᠨᠢ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠳᠤ ᠰᠢᠨ᠎ᠠ ᠪᠠᠶᠢᠷᠢᠯᠠᠭᠤᠯᠤᠯᠳᠠ ᠰᠢᠨ᠎ᠠ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠡᠭᠦᠨ ᠤ ᠲᠤᠳᠤᠷᠠᠭᠢ ᠰᠤᠷᠳᠠᠯ ᠢ ᠲᠦᠪ ᠪᠤᠯᠭᠠᠵᠦ ᠰᠠᠬᠢᠯᠭ᠎ᠠ ᠪᠠᠳᠤ ᠶᠢ ᠴᠢᠩᠭᠠᠳᠬᠠᠬᠤ ᠪᠤᠯ ᠴᠢᠬᠤᠯᠠ ᠲᠠᠯ᠎ᠠ ᠪᠠᠶᠢᠵᠤ᠂ ᠡᠨᠡ ᠨᠢ ᠲᠥᠪ ᠬᠤᠷᠢᠶᠠᠨ ᠤ ᠡᠷᠡᠰ ᠭᠤᠶᠢᠪᠢᠰᠢ ᠥᠭᠡᠢ ᠪᠠᠷ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠰᠤᠷᠳᠠᠯ ᠢ ᠲᠦᠪ ᠪᠤᠯᠭᠠᠵᠦ ᠰᠠᠬᠢᠯᠭ᠎ᠠ ᠪᠠᠳᠤ ᠶᠢ ᠴᠢᠩᠭᠠᠳᠬᠠᠬᠤ ᠶᠢᠨ ᠲᠥᠪ ᠤᠪᠤᠷ ᠪᠠᠳᠤ ᠢᠳᠡᠭᠡᠯ ᠥᠨᠢ ᠡᠭᠦᠷᠢᠳᠠ ᠥᠯᠤ ᠬᠤᠪᠢᠷᠠᠬᠤ ᠶᠢ ᠭᠥᠢᠴᠡᠳ ᠢᠯᠠᠷᠡᠭᠦᠯᠤᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠡᠷᠡᠯ ᠢ ᠡᠰᠡᠷᠭᠦᠴᠠᠭᠦ ᠲᠠᠮᠠᠴᠠᠯ ᠳᠤ ᠥᠨᠳᠤᠰᠤᠨ ᠵᠢᠷᠤᠮᠯᠠᠯ ᠬᠠᠩᠭᠠᠭᠰᠠᠨ ᠪᠠᠶᠢᠨ᠎ᠠ᠃ ᠰᠢᠨ᠎ᠠ ᠴᠠᠭ ᠥᠶ᠎ᠠ ᠳᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠡᠷᠡᠯ ᠢ ᠡᠰᠡᠷᠭᠦᠴᠠᠭᠦ ᠲᠠᠮᠠᠴᠠᠯ ᠢ ᠠᠭᠢᠭᠤᠯᠬᠤ ᠶᠢ ᠴᠢᠩᠭᠠᠳᠬᠠᠤ ᠳᠤ ᠪᠠᠶᠢᠩᠭᠤᠵᠢᠭᠤᠯᠬᠤ ᠪᠤᠳᠠᠳᠠᠶᠢᠵᠢᠭᠤᠯᠬᠤ ᠭᠥᠨᠵᠡᠭᠡᠶᠢᠷᠠᠭᠦᠯᠭᠦ ᠲᠡᠭᠡᠷ᠎ᠡ ᠭᠥᠴᠤ ᠲᠠᠯᠪᠢᠬᠤ ᠭᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠨᠠᠮ ᠤᠨ ᠤᠳᠤᠷᠢᠳᠬᠤ ᠲᠤᠭᠤᠶᠢᠯᠠᠩ ᠤᠨ ᠡᠯ᠎ᠠ ᠪᠥᠷᠢᠯᠳᠤᠭᠦᠨ ᠬᠡᠰᠢᠭᠦᠨ ᠨᠢᠭᠡ ᠪᠠᠶᠢᠷᠢ ᠬᠤᠶᠠᠷ ᠬᠠᠷᠢᠭᠤᠴᠠᠯᠭ᠎ᠠ ᠶᠢ ᠭᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠬᠤᠯᠠ ᠠᠵᠢᠯ ᠪᠤᠯᠭᠠᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠪᠤᠳᠠᠳᠠᠶᠢᠵᠢᠭᠤᠯᠬᠤ ᠭᠡᠷᠡᠭᠳᠠᠢ᠃ ᠬᠤᠪᠢᠶᠠᠷᠢᠯᠠᠨ ᠬᠠᠷᠢᠭᠤᠴᠠᠬᠤ ᠬᠥᠷᠢᠶ᠎ᠡ ᠴᠠᠷᠠᠭᠠᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠢᠨᠠᠨ ᠬᠠᠮᠢᠶᠠᠷᠤᠯᠳᠠ ᠪᠤᠯᠤᠨ ᠡᠳᠤᠷ ᠲᠤᠳᠤᠮ ᠤᠨ ᠭᠢᠨᠠᠯᠳᠠ ᠲᠠᠯᠪᠢᠬᠤ ᠪᠠᠶᠢᠴᠠᠭᠠᠯᠳᠠ ᠪᠠᠨ ᠴᠢᠩᠭᠠᠳᠬᠠᠵᠤ᠂ ᠴᠢᠩᠭ᠎ᠠ ᠪᠤᠳᠠᠳᠠᠢ ᠱᠠᠭᠠᠷᠳᠠᠯᠭ᠎ᠠ ᠪᠠᠷ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠠᠭᠢᠭᠤᠯᠬᠤ ᠪᠤᠯᠤᠨ ᠢᠯᠵᠡᠷᠡᠯ ᠢ ᠡᠰᠡᠷᠭᠦᠴᠠᠭᠦ ᠠᠵᠢᠯ ᠤᠨ ᠡᠯ᠎ᠠ ᠲᠥᠷᠥᠯ  ᠤᠨ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠠᠭᠢᠭᠤᠯᠬᠤ ᠭᠡᠷᠡᠭᠳᠠᠢ᠃ ᠠᠷᠠᠳᠴᠢᠯᠠᠯ ᠲᠥᠪᠯᠠᠷᠠᠯ ᠤᠨ ᠶᠤᠰᠤ ᠶᠢ ᠴᠢᠩᠭ᠎ᠠ ᠭᠡᠷᠡᠭᠵᠢᠭᠦᠯᠵᠤ ᠡᠯ᠎ᠠ ᠲᠥᠷᠤᠯ ᠤᠨ ᠰᠢᠢᠳᠪᠤᠷᠢᠳᠤ ᠪᠤᠳᠤᠯᠭ᠎ᠠ ᠶᠢᠨ ᠰᠢᠨᠵᠢᠯᠠᠭᠦ ᠤᠬᠠᠭᠠᠨᠴᠢ ᠠᠷᠠᠳᠴᠢᠯᠠᠯ  ᠲᠠᠢ ᠬᠠᠤᠯᠢ ᠶᠤᠰᠤᠨ ᠳᠤ ᠨᠠᠶᠢᠴᠡᠭᠦ ᠶᠢ ᠪᠠᠳᠤᠯᠠᠬᠤ ᠬᠡᠷᠡᠭᠳᠡᠢ ᠭᠡᠵᠡᠢ᠃      ᠬᠤᠷᠠᠯ ᠳᠡᠭᠡᠷ᠎ᠡ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠡᠷᠡᠯ ᠢ ᠡᠰᠡᠷᠭᠦᠴᠠᠭᠦ ᠠᠵᠢᠯ  ᠤᠨ ᠬᠠᠷᠢᠭᠤᠴᠠᠯᠭ᠎ᠠ ᠶᠢᠨ ᠪᠢᠴᠢᠭ︾ ᠢ ᠭᠢᠨᠠᠨ ᠵᠥᠪᠯᠠᠭᠦ ᠶᠢᠨ ᠬᠠᠮᠳᠤ ᠵᠠᠷᠴᠢᠮ ᠲᠡᠭᠡᠷ᠎ᠡ ᠪᠠᠨ ᠪᠠᠳᠤᠯᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号