ᠮᠠᠨ ᠤ ᠬᠤᠰᠢᠭᠤ ᠰᠣᠶᠣᠯ ᠤᠨ ᠵᠠᠬ᠎ᠠ ᠳᠡᠯᠬᠡᠬᠦᠷ ᠤᠨ ᠡᠵᠡᠩᠨᠡᠭᠴᠢᠳ ᠤᠨ ᠭᠠᠯ ᠤᠨ ᠠᠶᠣᠯ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠣᠷᠠᠯ ᠬᠢᠪᠡ
ᠨᠡᠶᠢᠲᠡᠯᠡᠭᠰᠡᠨ ᠴᠠᠭ᠄
2018-05-11
     5 ᠰᠠᠷ᠎ᠠ ᠶᠢᠨ 8 ᠤ ᠡᠳᠤᠷ᠂ ᠬᠤᠰᠢᠭᠤ ᠰᠣᠶᠣᠯ ᠤᠨ ᠵᠠᠬ᠎ᠠ ᠳᠡᠯᠬᠡᠬᠦᠷ ᠤᠨ ᠬᠠᠣᠯᠢ ᠬᠡᠷᠡᠭᠵᠢᠬᠦᠯᠦᠯᠲᠡ ᠶᠢᠨ ᠶᠡᠷᠦᠩᠬᠡᠢ ᠠᠩᠬᠢ ᠪᠣᠯᠣᠨ ᠳᠣᠳᠣᠭᠠᠲᠣ ᠶᠢ ᠬᠠᠮᠠᠭᠠᠯᠠᠬᠤ ᠭᠠᠯ ᠣᠨᠳᠠᠷᠠᠭᠠᠬᠤ ᠶᠡᠭᠡ ᠠᠩᠬᠢ ᠬᠠᠮᠳᠣᠷᠠᠨ ᠬᠤᠷᠠᠬᠤ ᠨᠡᠶᠢᠬᠡᠮ ᠳᠣᠭᠤᠷᠢᠭ ᠲᠤ ᠪᠦᠬᠦ ᠬᠤᠰᠢᠭᠤᠨ ᠤ ᠬᠡᠪᠴᠢᠶᠡᠨ ᠳᠠᠬᠢ ᠰᠣᠶᠣᠯ ᠤᠨ ᠵᠠᠬ᠎ᠠ ᠳᠡᠯᠬᠡᠬᠦᠷ ᠤᠨ ᠡᠵᠡᠩᠨᠡᠭᠴᠢᠳ  ᠤᠨ ᠭᠠᠯ ᠤᠨ ᠠᠶᠣᠯ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠣᠷᠠᠯ ᠬᠢᠭᠰᠡᠨ ᠪᠠᠶᠢᠨ᠎ᠠ᠃      ᠳᠣᠰ ᠣᠳᠠᠭᠠᠨ ᠤ ᠪᠣᠯᠪᠠᠰᠣᠷᠠᠯ ᠳᠤ᠂ ᠪᠦᠬᠦ ᠬᠤᠰᠢᠭᠤᠨ ᠤ 65 ᠰᠣᠶᠣᠯ ᠤᠨ ᠵᠠᠬ᠎ᠠ ᠳᠡᠯᠬᠡᠬᠦᠷ᠂ ᠳᠠᠯᠠᠪᠣᠷ  ᠤᠨ 80 ᠭᠠᠷᠣᠢ ᠬᠦᠮᠦᠨ ᠤᠷᠤᠯᠴᠠᠵᠤ᠂ ᠬᠤᠰᠢᠭᠤ ᠳᠣᠳᠣᠭᠠᠲᠣ ᠶᠢ ᠬᠠᠮᠠᠭᠠᠯᠠᠬᠤ ᠭᠠᠯ ᠣᠨᠳᠠᠷᠠᠭᠠᠬᠤ ᠶᠡᠭᠡ ᠠᠩᠬᠢ ᠶᠢᠨ ᠪᠠᠶᠢᠯᠳᠣᠭᠴᠢ ᠠᠴᠠ ᠮᠠᠨ ᠤ ᠬᠤᠰᠢᠭᠤᠨ ᠤ ᠰᠣᠶᠣᠯ ᠤᠨ ᠵᠠᠬ᠎ᠠ ᠳᠡᠯᠬᠡᠬᠦᠷ ᠤᠨ ᠪᠣᠳᠠᠳᠠᠢ ᠲᠠᠢ ᠣᠶᠠᠯᠳᠣᠭᠤᠯᠣᠨ ᠬᠡᠷᠡᠭ ᠮᠡᠳᠡᠬᠦᠯᠬᠦ ᠠᠯᠬᠤᠮ ᠳᠠᠷᠠᠭ᠎ᠠ᠂ ᠭᠠᠯ ᠤᠨ ᠠᠶᠣᠯ ᠠᠴᠠ ᠰᠡᠷᠭᠡᠶᠢᠯᠡᠨ ᠠᠮᠢ ᠵᠢᠭᠤᠳᠠᠬᠤ᠂ ᠭᠠᠯ ᠣᠨᠳᠠᠷᠠᠭᠠᠭᠤᠷ ᠢ ᠬᠡᠷᠬᠢᠨ ᠬᠡᠷᠡᠭᠯᠡᠬᠦ ᠵᠡᠷᠭᠡ ᠭᠠᠯ ᠠᠴᠠ ᠰᠡᠷᠭᠡᠶᠢᠯᠡᠬᠦ ᠦᠨᠳᠦᠰᠦᠨ ᠮᠡᠳᠡᠯᠬᠡ ᠶᠢᠨ ᠳᠣᠬᠠᠢ ᠳᠠᠶᠢᠯᠦᠮᠵᠢ ᠬᠢᠭᠰᠡᠨ ᠪᠦᠬᠡᠳ ᠠᠬᠤᠢ ᠳᠠᠯᠠᠪᠣᠷ ᠤᠨ ᠰᠢᠯᠭᠠᠯᠳᠠ ᠪᠠ ᠭᠠᠯ ᠤᠨ ᠠᠶᠣᠯ ᠠᠴᠠ ᠳᠣᠳᠠᠭᠠᠬᠤ ᠰᠣᠷᠢᠯᠳᠠ ᠬᠢᠵᠦ ᠰᠣᠷᠣᠭᠰᠠᠨ ᠮᠡᠳᠡᠯᠬᠡ ᠶᠢ ᠨᠢ ᠪᠠᠳᠣᠳᠬᠠᠭᠰᠠᠨ ᠪᠠᠶᠢᠨ᠎ᠠ᠃ ᠪᠣᠯᠪᠠᠰᠣᠷᠠᠯ ᠢᠶᠠᠷ ᠳᠠᠮᠵᠢᠨ᠂ ᠡᠯ᠎ᠡ ᠰᠣᠶᠣᠯ ᠤᠨ ᠵᠠᠬ᠎ᠠ ᠳᠡᠯᠬᠡᠬᠦᠷ ᠤᠨ ᠡᠵᠡᠩᠨᠡᠭᠴᠢᠳ ᠤᠨ ᠭᠠᠯ ᠤᠨ ᠠᠶᠣᠯ ᠠᠴᠠ ᠰᠡᠷᠬᠡᠶᠢᠯᠡᠬᠦ ᠣᠬᠠᠮᠰᠠᠷ ᠢ ᠳᠡᠭᠡᠭᠰᠢᠯᠡᠬᠦᠯᠵᠦ᠂ ᠠᠶᠣᠯᠬᠦᠢ ᠦᠢᠯᠡᠳᠪᠦᠷᠢᠯᠡᠯ ᠤᠨ ᠣᠬᠠᠭᠤᠯᠭ᠎ᠠ ᠬᠦᠮᠦᠵᠢᠯ ᠢ ᠴᠢᠩᠭᠠᠳᠬᠠᠵᠣ᠂ ᠪᠦᠬᠦ ᠬᠤᠰᠢᠭᠤᠨ ᠤ ᠰᠣᠶᠣᠯ ᠤᠨ ᠵᠠᠬ᠎ᠠ ᠳᠡᠯᠬᠡᠬᠦᠷ ᠤᠨ ᠡᠷᠡᠬᠦᠯ ᠢᠶᠠᠷ ᠦᠷᠨᠢᠨ ᠬᠦᠭᠵᠢᠬᠦ ᠳᠤ ᠪᠠᠳᠣᠯᠠᠭ᠎ᠠ ᠬᠠᠩᠭᠠᠭᠰᠠᠨ ᠪᠠᠶᠢᠨ᠎ᠠ᠃      ᠪᠣᠯᠪᠠᠰᠣᠷᠠᠯ ᠤᠨ ᠳᠠᠷᠠᠭ᠎ᠠ᠂ ᠬᠤᠰᠢᠭᠤ ᠰᠣᠶᠣᠯ ᠤᠨ ᠵᠠᠬ᠎ᠠ ᠳᠡᠯᠬᠡᠬᠦᠷ ᠤᠨ ᠬᠠᠣᠯᠢ ᠬᠡᠷᠡᠭᠵᠢᠬᠦᠯᠦᠯᠲᠡ ᠶᠢᠨ ᠶᠡᠷᠦᠩᠬᠡᠢ ᠠᠩᠬᠢ ᠪᠣᠯᠣᠨ ᠳᠣᠳᠣᠭᠠᠲᠣ ᠶᠢ ᠬᠠᠮᠠᠭᠠᠯᠠᠬᠤ ᠭᠠᠯ ᠣᠨᠳᠠᠷᠠᠭᠠᠬᠤ ᠶᠡᠭᠡ ᠠᠩᠬᠢ ᠨᠢ ᠡᠯ᠎ᠡ ᠰᠤᠶᠤᠯ ᠤᠨ ᠵᠠᠬ᠎ᠠ ᠳᠡᠯᠬᠡᠬᠦᠷ ᠤᠨ ᠡᠵᠡᠩᠨᠡᠭᠴᠢᠳ ᠲᠠᠢ ︽ᠬᠠᠣᠯᠢ ᠶᠢ ᠰᠠᠬᠢᠵᠦ ᠠᠮᠣᠷ ᠳᠦᠪᠰᠢᠨ ᠡᠵᠡᠩᠨᠡᠬᠦ ᠬᠠᠷᠢᠭᠤᠴᠠᠯᠭ᠎ᠠ ᠶᠢᠨ ᠬᠡᠷ᠎ᠡ︾ ᠲᠤᠭᠳᠠᠭᠰᠠᠨ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号