2017 ᠣᠨ ᠤ ᠪᠦᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠲᠡᠷᠢᠬᠦᠨ  ᠤ ᠨᠢᠬᠡᠴᠡ ᠪᠠ ᠲᠡᠷᠢᠬᠦᠨ ᠤ ᠬᠤᠪᠢ ᠬᠦᠮᠦᠨ ᠢ ᠬᠦᠬᠢᠬᠦᠯᠦᠨ ᠰᠠᠶᠢᠰᠢᠶᠠᠬᠤ ᠳᠣᠬᠠᠢ ᠦᠣᠰᠢᠨ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2018-05-12
ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ  ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠭᠡᠴᠢ᠄      2017 ᠣᠨ ᠳᠤ ᠪᠦᠬᠦ ᠬᠤᠰᠢᠭᠤᠨ ᠤ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠣᠨ ᠤ ᠡᠷᠡᠰ ᠴᠢᠩᠭ᠎ᠠ ᠤᠳᠣᠷᠢᠳᠣᠯᠭ᠎ᠠ ᠳᠣᠣᠷ᠎ᠠ᠂ ︽ᠠᠳᠡᠯ ᠢ ᠳᠣᠷᠣᠭᠰᠢᠯᠠᠭᠤᠯᠵᠤ᠂ ᠠᠶᠤᠯᠭᠦᠢ ᠶᠢ ᠪᠠᠳᠣᠯᠠᠨ᠂ ᠳᠣᠭᠳᠠᠭᠤᠨ ᠢ ᠪᠠᠳᠣᠯᠠᠬᠤ︾ ᠠᠵᠢᠯ ᠤᠨ ᠬᠠᠷᠠᠯᠳᠠ ᠶᠢᠨ ᠳᠣᠭᠤᠷᠢᠨ ᠳᠤ ᠥᠪᠡᠷᠳᠡᠭᠡᠨ ᠵᠠᠰᠠᠬᠤ ᠤᠷᠤᠨ᠂ ᠬᠤᠳᠠ᠂ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ  ᠤ ᠠᠵᠢᠯ ᠤᠨ ᠪᠠᠶᠢᠷᠢᠯᠠᠭᠤᠯᠤᠯᠳᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠳᠣᠣᠱᠯᠠᠭᠤᠯᠵᠤ᠂ ᠦᠨᠡᠨᠴᠢ ᠰᠢᠳᠣᠷᠭᠤ ᠪᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠨ᠂ ᠪᠤᠳᠠᠳᠠᠢ ᠶᠢ ᠴᠢᠷᠮᠠᠶᠢᠨ ᠳᠠᠪᠰᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠶᠡᠷᠥᠩᠭᠡᠶᠢᠯᠡᠨ ᠵᠠᠰᠠᠬᠤ᠂ ᠳᠠᠯᠳᠠ ᠭᠡᠮ ᠢ ᠪᠠᠶᠢᠴᠠᠭᠠᠬᠤ᠂ ᠬᠠᠤᠯᠢ ᠶᠢ ᠭᠡᠷᠡᠭᠵᠢᠬᠦᠯᠵᠦ ᠬᠠᠮᠢᠶᠠᠷᠤᠨ ᠡᠵᠡᠮᠳᠡᠬᠦ᠂ ᠪᠠᠴᠢᠮ ᠢ ᠰᠢᠢᠳᠪᠦᠷᠢᠯᠡᠨ ᠬᠠᠮᠢᠶᠠᠷᠤᠯᠳᠠ ᠬᠢᠬᠦ ᠵᠡᠷᠭᠡ ᠡᠯ᠎ᠡ ᠲᠥᠷᠥᠯ ᠤᠨ ᠠᠵᠢᠯ ᠢ ᠴᠢᠩᠭ᠎ᠠ ᠠᠳᠬᠤᠵᠤ ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠤᠷᠴᠢᠨ ᠳᠣᠭᠤᠷᠢᠨ ᠢ ᠪᠤᠢ ᠪᠤᠯᠭᠠᠭᠰᠠᠨ ᠪᠠᠶᠢᠨ᠎ᠠ᠃ ᠪᠦᠬᠦ ᠬᠤᠰᠢᠭᠤᠨ ᠤ ᠵᠠᠮ ᠬᠠᠷᠢᠯᠴᠠᠭᠠᠨ ᠤ ᠠᠵᠢᠯ ᠳᠤ ᠰᠢᠭᠤᠷᠬᠠᠶᠢᠯᠠᠨ ᠠᠵᠢᠯᠯᠠᠵᠤ ᠪᠠᠶᠢᠭ᠎ᠠ ᠺᠠᠳ᠋ᠷ ᠠᠵᠢᠯᠳᠠᠨ ᠤ ᠠᠵᠢᠯ ᠤᠨ ᠢᠳᠡᠪᠬᠢᠵᠢᠯ ᠢ ᠳᠠᠶᠢᠴᠢᠯᠠᠬᠤ ᠶᠢᠨ ᠳᠣᠰᠠᠳᠠ᠂ ᠬᠤᠰᠢᠭᠤ ᠠᠷᠠᠳ ᠤᠨ ᠵᠠᠰᠠᠭ ᠤᠨ ᠤᠷᠳᠣᠨ ᠤ ᠰᠣᠳᠣᠯᠣᠯᠳᠠ ᠪᠠᠷ ᠳᠠᠮᠵᠢᠨ᠂ 2017 ᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠲᠡᠷᠢᠬᠦᠨ ᠤ ᠨᠢᠬᠡᠴᠡ ᠪᠠ ᠲᠡᠷᠢᠬᠦᠨ ᠤ ᠬᠤᠪᠢ ᠬᠦᠮᠦᠨ ᠢ ᠬᠦᠬᠢᠬᠦᠯᠦᠨ ᠰᠠᠶᠢᠰᠢᠶᠠᠬᠤ ᠪᠠᠷ ᠳᠣᠭᠳᠠᠪᠠ᠃      ᠨᠢᠬᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠲᠡᠷᠢᠬᠦᠨ ᠤ ᠨᠢᠬᠡᠴᠡ      ᠦᠦᠰᠢᠨ ᠬᠤᠰᠢᠭᠤᠨ ᠤ ᠡᠳ᠋ ᠤᠨ ᠵᠠᠰᠠᠭ ᠤᠨ ᠳᠣᠪᠴᠢᠶ᠎ᠠ      ᠦᠦᠰᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ      ᠰᠦᠯᠳᠡ ᠰᠣᠮᠣᠨ ᠤ ᠠᠷᠠᠳ ᠤᠨ ᠵᠠᠰᠠᠭ ᠤᠨ ᠣᠷᠳᠣᠨ      ᠦᠦᠰᠢᠨ ᠬᠤᠰᠢᠭᠤᠨ ᠤ ᠵᠠᠮ ᠬᠠᠷᠢᠯᠴᠠᠭ᠎ᠠ ᠳᠡᠭᠡᠭᠡᠪᠦᠷᠢ ᠶᠢᠨ ᠳᠣᠪᠴᠢᠶ᠎ᠠ      ᠣᠷᠳᠣᠰ ᠬᠤᠳᠠ ᠶᠢᠨ ᠳᠣᠳᠣᠭᠠᠳᠣ ᠶᠢ ᠬᠠᠮᠠᠭᠠᠯᠠᠬᠤ ᠳᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠳᠠ  ᠶᠢᠨ ᠰᠠᠯᠪᠤᠷᠢ ᠠᠩᠬᠢ ᠶᠢᠨ ᠦᠦᠰᠢᠨ ᠬᠤᠰᠢᠭᠤᠨ ᠳᠠᠬᠢ ᠶᠡᠭᠡ ᠠᠩᠬᠢ      ᠦᠦᠰᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠭᠠᠯ ᠰᠡᠷᠬᠡᠶᠢᠯᠡᠬᠦ ᠶᠡᠭᠡ ᠠᠩᠬᠢ      ᠦᠦᠰᠢᠨ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠲᠦᠯᠦᠪᠵᠢᠬᠦᠯᠭᠡ ᠪᠦᠳᠦᠭᠡᠨ ᠪᠠᠶᠢᠭᠤᠯᠤᠯᠳᠠ ᠶᠢᠨ ᠳᠣᠪᠴᠢᠶ᠎ᠠ      ᠬᠤᠶᠠᠷ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠲᠡᠷᠢᠬᠦᠨ ᠤ ᠬᠤᠪᠢ ᠬᠦᠮᠦᠨ      ᠯᠦᠸᠧ ᠶᠤᠸᠠᠢ ᠹᠧᠢ ︵ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠳᠡᠳ᠋ ᠳᠠᠷᠤᠭ᠎ᠠ᠂ ᠣᠶᠣᠨ ᠤ ᠪᠤᠯᠪᠠᠰᠣᠨ ᠤ ᠠᠯᠪᠠᠨ ᠭᠡᠷ ᠤᠨ ᠡᠷᠬᠢᠯᠡᠭᠴᠢ︶᠂ ᠱᠧ ᠵᠢᠶᠥ᠋ᠨ ︵ᠬᠤᠰᠢᠭᠤ ᠵᠠᠮ ᠬᠠᠷᠢᠯᠴᠠᠭ᠎ᠠ ᠳᠡᠭᠡᠭᠡᠪᠦᠷᠢ ᠶᠢᠨ ᠳᠣᠪᠴᠢᠶᠠᠨ ᠤ ᠳᠣᠪᠴᠢᠶᠠᠨ ᠳᠡᠳ᠋ ᠳᠠᠷᠤᠭ᠎ᠠ︶᠂ ᠱᠢ ᠬᠤᠩ ᠯᠢᠶᠠᠩ ︵ᠬᠤᠰᠢᠭᠤ ᠳᠣᠳᠣᠭᠠᠳᠣ  ᠶᠢ ᠬᠠᠮᠠᠭᠠᠯᠠᠬᠤ ᠳᠣᠪᠴᠢᠶᠠᠨ ᠤ ᠠᠯᠪᠠᠨ ᠭᠡᠷ ᠤᠨ ᠡᠷᠬᠢᠯᠡᠭᠴᠢ︶᠂ ᠹᠠᠨ ᠬᠤ᠋ ᠯᠢᠨ ︵ᠬᠤᠰᠢᠭᠤ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ︶᠂ ᠾᠧ ᠵᠢᠢ ᠶᠦᠨ ︵ᠬᠤᠰᠢᠭᠤ ᠷᠠᠳᠢᠤ᠋ ᠲᠧᠯᠸᠢᠰ ᠤᠨ ᠦᠢᠯᠡᠴᠢᠯᠡᠭᠡᠨ ᠤ ᠲᠥᠪ ᠤᠨ ᠰᠣᠷᠪᠤᠯᠵᠢᠯᠠᠭᠴᠢ︶᠂ ᠬᠤᠤ ᠶᠢᠨ ᠰᠦᠸᠧ ︵ᠳ᠋ᠥᠩ ᠹᠠᠩ ᠵᠠᠮ ᠬᠦᠬᠦᠷᠭᠡ ᠶᠢᠨ ᠪᠦᠯᠦᠭᠯᠡᠯ ᠤᠨ ᠵᠠᠮ ᠤᠨ ᠶᠠᠪᠤᠳᠠᠯ ᠤᠨ ᠶᠡᠭᠡ ᠠᠩᠬᠢ ᠶᠢᠨ ᠳᠠᠷᠤᠭ᠎ᠠ︶᠂ ᠯᠢᠨ ᠸᠧᠨ ︵ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠬᠠᠷᠠᠭᠤᠯ ᠤᠨ ᠠᠵᠢᠯ ᠤᠨ ᠨᠢᠬᠡᠳᠦᠭᠡᠷ ᠳᠣᠮᠳᠠ ᠠᠩᠬᠢ  ᠶᠢᠨ ᠳᠠᠷᠤᠭ᠎ᠠ︶᠂ ᠸᠧᠢ ᠰᠢᠶᠤᠤ ᠦ᠋ ︵ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠹᠦ᠋ ᠱᠧᠨ ᠳᠣᠮᠳᠠ ᠠᠩᠬᠢ ᠶᠢᠨ ᠳᠠᠷᠤᠭ᠎ᠠ︶᠂ ᠤᠶᠤᠨᠳᠠᠯᠠᠢ ︵ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠴᠠᠭᠠᠨᠨᠠᠭᠤᠷ ᠳᠣᠮᠳᠠ ᠠᠩᠬᠢ ᠶᠢᠨ ᠳᠠᠷᠤᠭ᠎ᠠ︶᠃      ᠬᠦᠬᠢᠬᠦᠯᠦᠨ ᠰᠠᠶᠢᠰᠢᠶᠠᠭᠳᠠᠭᠰᠠᠨ ᠲᠡᠷᠢᠬᠦᠨ ᠤ ᠨᠢᠬᠡᠴᠡ ᠪᠠ ᠲᠡᠷᠢᠬᠦᠨ ᠤ ᠬᠤᠪᠢ ᠬᠦᠮᠦᠨ ᠢᠷᠠᠭᠤ ᠠᠯᠳᠠᠷ  ᠢᠶᠠᠨ ᠨᠠᠨᠳᠢᠩᠨᠠᠵᠤ᠂ ᠦᠷᠬᠦᠯᠵᠢᠯᠡᠨ ᠴᠢᠷᠮᠠᠶᠢᠨ᠂ ᠳᠠᠬᠢᠨ ᠰᠢᠯᠢᠳᠡᠭ ᠪᠦᠳᠦᠮᠵᠢ ᠤᠯᠬᠤ ᠶᠢ ᠬᠦᠰᠡᠶ᠎ᠡ᠃ ᠪᠦᠬᠦ ᠬᠤᠰᠢᠭᠤᠨ ᠤ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠲᠡᠷᠢᠬᠦᠨ ᠢᠶᠠᠷ ᠳᠠᠭᠤᠷᠢᠶᠠᠯ ᠢᠶᠠᠨ ᠪᠤᠯᠭᠠᠵᠤ᠂ ᠢᠳᠡᠪᠬᠢᠳᠡᠢ ᠳᠠᠪᠰᠢᠨ᠂ ᠰᠢᠨ᠎ᠡ ᠶᠢ ᠡᠬᠦᠳᠴᠦ᠂ ᠨᠡᠩ ᠴᠤᠭ ᠪᠠᠳᠠᠷᠠᠩᠭᠤᠢ ᠣᠶᠣᠨ ᠰᠠᠨᠠᠭᠠᠨ ᠤ ᠲᠦᠷᠰᠦ ᠪᠠᠶᠢᠳᠠᠯ᠂ ᠪᠤᠳᠠᠳᠣ ᠠᠵᠢᠯᠯᠠᠭ᠎ᠠ ᠶᠢ ᠨᠡᠩ ᠡᠷᠬᠢᠮᠯᠡᠬᠦ ᠠᠵᠢᠯ ᠤᠨ ᠰᠣᠷᠳᠠᠯ ᠢᠶᠠᠷ ᠪᠦᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠳᠠᠯ ᠢ ᠳᠠᠰᠣᠷᠠᠯᠳᠠ ᠦᠬᠡᠢ ᠪᠤᠢ ᠪᠤᠯᠭᠠᠵᠤ᠂ ᠠᠷᠠᠳ ᠤᠯᠠᠨ ᠤ ᠭᠠᠳᠠᠭᠰᠢ ᠳᠣᠳᠣᠭᠰᠢ ᠵᠠᠮᠨᠠᠬᠤ ᠳᠤ ᠠᠶᠤᠯ ᠦᠬᠡᠢ ᠰᠠᠭᠠᠳ ᠦᠬᠡᠢ ᠪᠠᠶᠢᠬᠤ ᠶᠢ ᠪᠠᠳᠣᠯᠠᠬᠤ ᠪᠠ ᠠᠵᠤ ᠠᠬᠤᠢ ᠨᠡᠶᠢᠬᠡᠮ ᠤᠨ ᠳᠡᠭᠡᠳᠦ ᠴᠢᠨᠠᠷᠳᠣ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠳᠡᠢ᠃                                  ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠣᠨ                                  2018 ᠤᠨ ᠤ 4 ᠰᠠᠷ᠎ᠠ ᠶᠢᠨ 3 ᠤ ᠡᠳᠦᠷ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号