2017 ᠣᠨ ᠤ ᠪᠥᠬᠦ ᠬᠤᠰᠢᠭᠤᠨ ᠤ ᠬᠤᠤᠷ ᠴᠠᠭᠠᠵᠠᠯᠠᠬᠤ ᠠᠵᠢᠯ ᠤᠨ ᠲᠡᠷᠢᠭᠦᠨ ᠤ ᠨᠢᠭᠡᠴᠢ ᠪᠠ ᠲᠡᠷᠢᠭᠦᠨ ᠤ ᠬᠤᠪᠢ ᠬᠦᠮᠤᠨ ᠢ ᠭᠥᠬᠢᠭᠦᠯᠦᠨ ᠰᠠᠶᠢᠰᠢᠶᠠᠬᠤ ᠳᠣᠬᠠᠢ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-05-13
ᠡᠯ᠎ᠡ ᠠᠵᠣ ᠠᠬᠤᠢ ᠶᠢᠨ ᠨᠡᠬᠡᠬᠡᠯᠳᠡ ᠶᠢᠨ ᠲᠣᠭᠤᠷᠢᠭ ︵ᠬᠦᠷᠢᠶᠠᠯᠠᠩ︶ ᠤᠨ ᠬᠠᠮᠢᠶᠠᠷᠣᠯᠲᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ᠄       2017 ᠣᠨ ᠳᠤ ᠬᠤᠲᠠ ᠶᠢᠨ ᠬᠤᠣᠷ᠎ᠠ ᠴᠠᠭᠠᠵᠠᠯᠠᠬᠤ ᠵᠦᠪᠯᠡᠯ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩᠭ᠎ᠠ ᠤᠳᠤᠷᠢᠳᠤᠯᠭ᠎ᠠ ᠳᠣᠣᠷ᠎ᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠥᠪ᠂ ᠥᠪᠡᠷᠳᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠨᠠᠮ ᠤᠨ ᠬᠤᠷᠢᠶᠠᠨ ᠤ ᠬᠤᠣᠷ ᠴᠠᠭᠠᠵᠠᠯᠠᠬᠤ ᠠᠵᠢᠯ ᠤᠨ ᠳᠣᠬᠠᠢ ᠡᠯ᠎ᠡ ᠲᠥᠷᠥᠯ ᠤᠨ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠥᠬᠦ ᠬᠤᠰᠢᠭᠤᠨ ᠤ ᠠᠵᠢᠯ ᠤᠨ ᠶᠡᠷᠥᠩᠬᠡᠢ ᠪᠠᠶᠢᠳᠠᠯ ᠳᠤ ᠰᠠᠭᠤᠷᠢᠯᠡᠨ ᠡᠩᠬᠡ ᠲᠠᠶᠢᠪᠤᠩ ᠦᠤᠰᠢᠨ ᠤ ᠪᠥᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠬᠤᠣᠷ᠎ᠠ‌‍ᠴᠠᠭᠠᠵᠠᠯᠠᠵᠣ ᠤᠷᠢᠳᠴᠢᠯᠠᠨ ᠰᠡᠷᠭᠡᠶᠢᠯᠡᠬᠦ᠂ ᠬᠤᠣᠷ ᠴᠠᠭᠠᠵᠠᠯᠠᠵᠣ ᠬᠦᠴᠦᠲᠠᠢ ᠴᠣᠬᠢᠬᠤ᠂ ᠬᠤᠣᠷ ᠲᠠᠲᠠᠭᠰᠠᠳ ᠢ ᠡᠵᠡᠮᠳᠡᠨ ᠬᠠᠮᠢᠶᠠᠷᠴᠦ᠂  ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠢ ᠬᠠᠮᠢᠶᠠᠷᠬᠤ ᠠᠵᠢᠯ ᠤᠨ ᠡᠷᠴᠢᠮ ᠢ ᠴᠢᠨᠠᠭᠰᠢᠳᠠ ᠴᠢᠩᠭᠠᠳᠬᠠᠵᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠣᠯᠠᠨ ᠭᠠᠷᠴᠤ ᠪᠠᠶᠢᠭ᠎ᠠ ᠪᠠᠶᠢᠳᠠᠯ ᠢ ᠬᠤᠷᠢᠭᠯᠠᠵᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠪᠣᠲᠠᠲᠠᠢ ᠠᠵᠢᠯᠯᠠᠭ᠎ᠠ ᠠᠪᠴᠤ ᠬᠦᠴᠦᠲᠠᠢ ᠴᠣᠬᠢᠯᠲᠠ ᠥᠭᠴᠣ ᠬᠤᠣᠷᠲᠤ ᠡᠳ᠋ ᠤᠨ ᠨᠡᠶᠢᠬᠡᠮ ᠤᠨ ᠬᠤᠣᠷ ᠬᠥᠨᠥᠭᠡᠯ ᠢ ᠪᠠᠭᠠᠰᠬᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠤᠨ ᠪᠥᠬᠦ ᠬᠤᠰᠢᠭᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠬᠦ ᠬᠡᠷᠡᠭᠳᠡᠢ᠃ ᠲᠥᠪ ᠰᠤᠷᠲᠠᠯ ᠢ ᠪᠠᠳᠠᠷᠠᠭᠤᠯᠤᠨ᠂ ᠲᠡᠮᠡᠴᠡᠯ ᠤᠨ ᠵᠣᠷᠢᠭ ᠢ ᠤᠷᠠᠮᠰᠢᠭᠤᠯᠤᠨ ᠵᠣᠷᠢᠭᠵᠢᠭᠤᠯᠵᠤ  ᠂ ᠬᠤᠣᠷ ᠴᠠᠭᠠᠵᠠᠯᠠᠬᠤ ᠲᠡᠮᠡᠴᠡᠯ ᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠲᠥᠯᠬᠢᠨ ᠠᠬᠢᠭᠤᠯᠬᠤ ᠶᠢᠨ ᠳᠤᠰᠠᠲᠠ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ 2017 ᠣᠨ ᠤ ᠪᠥᠬᠦ ᠬᠤᠰᠢᠭᠤᠨ ᠤ ᠬᠤᠣᠷ ᠴᠠᠭᠠᠵᠠᠯᠠᠬᠤ ᠠᠵᠢᠯ ᠤᠨ ᠲᠡᠷᠢᠭᠦᠨ ᠤ ᠨᠢᠭᠡᠴᠢ ᠪᠠ ᠲᠡᠷᠢᠭᠦᠨ ᠤ ᠬᠤᠪᠢ ᠬᠦᠮᠦᠨ ᠢ ᠬᠥᠬᠢᠭᠦᠯᠦᠨ ᠰᠠᠶᠢᠰᠢᠶᠠᠬᠤ ᠪᠠᠷ ᠲᠣᠭᠲᠠᠪᠠ᠃        ᠨᠢᠭᠡ᠂ 2017 ᠣᠨ ᠤ ᠪᠥᠭᠦ ᠬᠤᠰᠢᠭᠤᠨ ᠤ ᠬᠤᠣᠷ ᠴᠠᠭᠠᠵᠠᠯᠠᠬᠤ ᠠᠵᠢᠯ ᠤᠨ ᠲᠠᠷᠢᠭᠦᠨ ᠤ ᠨᠢᠭᠡᠴᠢ ︵ᠲᠠᠪᠤᠨ ᠨᠢᠭᠡᠴᠢ︶        ᠥᠣᠰᠢᠨ ᠬᠤᠰᠢᠭᠤᠨ ᠤ ᠳᠣᠳᠤᠭᠠᠳᠤ ᠶᠢ ᠬᠠᠮᠠᠭᠠᠯᠠᠬᠤ ᠲᠣᠪᠴᠢᠶ᠎ᠠ᠂ ᠥᠣᠰᠢᠨ ᠬᠤᠰᠢᠭᠤᠨ ᠤ ᠶᠠᠷᠤᠩᠬᠡᠶᠢᠯᠠᠨ ᠵᠠᠰᠠᠬᠤ ᠠᠯᠪᠠᠨ ᠬᠡᠷ᠂ ᠥᠣᠰᠢᠨ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ᠂ ᠥᠣᠰᠢᠨ ᠬᠤᠰᠢᠭᠤᠨ ᠤ ᠲᠤᠭ ᠲᠣᠮᠢᠯᠠᠭᠰᠠᠨ ᠰᠠᠯᠪᠤᠷᠢ᠂ ᠭᠠᠯᠠᠭᠤᠳᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠃        ᠬᠤᠶᠠᠷ᠂ 2017 ᠣᠨ ᠤ ᠪᠥᠭᠦ ᠬᠤᠰᠢᠭᠤᠨ ᠤ ᠬᠤᠣᠷ ᠴᠠᠭᠠᠵᠠᠯᠠᠬᠤ ᠠᠵᠢᠯ ᠤᠨ ᠲᠠᠷᠢᠭᠦᠨ ᠤ ᠬᠤᠪᠢ ᠬᠥᠮᠦᠨ ︵ᠠᠷᠪᠠᠨ ᠨᠡᠷᠡᠰ︶        ᠵᠠᠩ ᠬᠤᠢ ︵ᠬᠤᠰᠢᠭᠤ ᠳᠣᠳᠤᠭᠠᠳᠤ ᠶᠢ ᠬᠠᠮᠠᠭᠠᠯᠠᠬᠤ ᠳᠣᠪᠴᠢᠶᠠᠨ ᠤ ᠬᠤᠣᠷ ᠴᠠᠭᠠᠵᠠᠯᠠᠬᠤ ᠶᠡᠭᠡ ᠠᠩᠭᠢ ᠶᠢᠨ ᠬᠤᠣᠷ᠎ᠠ ᠴᠠᠭᠠᠵᠠᠯᠠᠬᠤ ᠠᠵᠢᠯ ᠤᠨ ᠳᠤᠰᠬᠠᠢ ᠺᠠᠳ᠋ᠷ︶᠂ ᠥᠷᠴᠠᠶᠢᠬᠤ ︵ᠬᠤᠰᠢᠭᠤ ᠳᠣᠳᠤᠭᠠᠳᠤ ᠶᠢ ᠳᠣᠪᠴᠢᠶᠠᠨ ᠤ ᠬᠤᠣᠷ ᠴᠠᠭᠠᠵᠠᠯᠠᠬᠤ ᠶᠡᠭᠡ ᠠᠩᠭᠢ ᠶᠢᠨ ᠬᠤᠣᠷ ᠴᠠᠭᠠᠵᠠᠯᠠᠬᠤ ᠠᠵᠢᠯ ᠤᠨ ᠳᠤᠰᠬᠠᠢ ᠺᠠᠳ᠋ᠷ  ︶᠂ ᠭᠦ᠋ ᠯᠢᠩ ᠯᠢᠩ ︵ᠬᠤᠰᠢᠭᠤ ᠳᠣᠳᠤᠭᠠᠳᠤ ᠶᠢ ᠬᠠᠮᠠᠭᠠᠯᠠᠬᠤ ᠳᠣᠪᠴᠢᠶᠠᠨ ᠤ ᠬᠤᠣᠷ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ︶᠂ ᠸᠠᠩ ᠱᠠ ︵ᠲᠤᠭ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ︶᠂ ᠶᠠᠩ ᠰᠢᠶᠤᠤ ᠮᠢᠩ ︵ᠳᠣᠮᠳᠠᠳᠣ ᠣᠯᠣᠰ ᠤᠨ ᠡᠪ ᠬᠠᠮᠳᠣ ᠵᠠᠯᠠᠭᠤᠴᠣᠳ ᠤᠨ ᠡᠪᠯᠡᠯ ᠤᠨ ᠦᠣᠰᠢᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ︶᠂ ᠡ᠊ ᠮᠥᠩᠭᠡ ︵ᠰᠥᠯᠳᠡ ᠰᠤᠮᠦ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ︶᠂ ᠬᠡᠰᠢᠭᠲᠦ ︵ᠬᠤᠰᠢᠭᠤ ᠰᠤᠷᠭᠠᠨ ᠬᠥᠮᠥᠵᠢᠯ ᠤᠨ ᠳᠣᠪᠴᠢᠶᠠᠨ ᠤ ᠠᠮᠦᠷ ᠲᠥᠪᠰᠢᠨ ᠤ ᠲᠠᠰᠤᠭ ᠤᠨ ᠳᠠᠷᠤᠭ᠎ᠠ︶᠂ ᠠᠯᠲᠠᠨ᠋ᠠ᠋ᠭᠤᠯᠠ ︵ᠭᠠᠯᠠᠭᠤᠲᠤ ᠪᠠᠯᠭᠠᠰᠤ ᠶᠢᠨ ᠨᠠᠨᠳᠢᠨ ᠨᠡᠶᠢᠬᠡᠮ ᠲᠣᠭᠤᠷᠢᠭ ᠤᠨ ᠨᠠᠮ ᠤᠨ ᠡᠭᠦᠷ ᠤᠨ ᠱᠦᠵᠢ︶᠂ ᠰᠤ᠋ ᠵᠢᠶᠠᠨ ᠬᠤᠸᠠ ︵ᠭᠠᠯᠠᠭᠤᠲᠤ ᠪᠠᠭ᠎ᠠ ᠰᠤᠷᠭᠠᠭᠤᠯᠢ ᠶᠢᠨ ᠪᠠᠭᠰᠢ︶᠂ ᠭᠥᠸᠧ ᠷᠥᠩ ᠷᠥᠩ ︵ᠤᠯᠠᠭᠠᠨᠲᠣᠯᠤᠭᠠᠢ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ  ᠤᠨ ᠠᠵᠢᠯᠲᠠᠨ︶᠃        ᠬᠥᠬᠢᠭᠦᠯᠦᠯ ᠬᠥᠷᠲᠡᠭᠰᠡᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠢᠷᠠᠭᠤ ᠠᠯᠳᠠᠷ ᠢᠶᠠᠨ ᠨᠠᠨᠳᠢᠩᠨᠠᠨ ᠬᠠᠶᠢᠷᠠᠯᠠᠵᠤ᠂ ᠣᠮᠣᠷᠬᠠᠭᠯᠠᠵᠣ ᠪᠠᠷᠳᠠᠮᠨᠠᠬᠤ ᠦᠭᠡᠢ᠂ ᠦᠡᠬᠦᠯᠵᠢᠯᠡᠨ ᠴᠢᠷᠮᠠᠶᠢᠵᠣ  ᠳᠠᠬᠢᠨᠳᠡ ᠰᠢᠯᠢᠳᠡᠭ ᠪᠦᠳᠣᠮᠵᠢ ᠣᠯᠬᠤ ᠶᠢ ᠬᠦᠰᠡᠶ᠎ᠠ᠃ ᠡᠭᠦᠨ ᠤ ᠬᠠᠮᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠤ ᠬᠢ ᠶᠢ ᠳᠠᠭᠤᠷᠢᠶᠠᠯ ᠪᠣᠯᠭᠠᠬᠤ ᠶᠢ ᠤᠷᠢᠶᠠᠯᠠᠵᠤ᠂ ᠢᠲᠡᠭᠡᠯ ᠵᠣᠷᠢᠭ ᠢᠶᠠᠨ ᠪᠠᠳᠤᠳᠬᠠᠨ᠂ ᠴᠤᠭ ᠰᠥᠯᠳᠡ  ᠪᠠᠨ ᠪᠠᠳᠠᠷᠠᠭᠤᠯᠤᠨ᠂ ᠡᠷᠡᠮᠡᠬᠡᠶᠢᠯᠡᠨ ᠳᠠᠪᠰᠢᠵᠣ᠂ ᠯᠠᠪᠳᠠᠭᠤᠨ ᠪᠠᠲᠤᠲᠠᠢ ᠠᠵᠢᠯᠯᠠᠵᠤ᠂ ᠬᠤᠣᠷ᠎ᠠ ᠴᠠᠭᠠᠵᠠᠯᠠᠬᠤ ᠲᠡᠮᠡᠴᠡᠯ ᠢ ᠡᠷᠡᠰ ᠴᠢᠩᠭ᠎ᠠ ᠡᠴᠦᠰ ᠲᠤᠨᠢ ᠳᠤᠯᠲᠠᠯ᠎ᠠ ᠶᠠᠪᠣᠭᠳᠠᠭᠤᠯᠵᠣ ᠡᠩᠬᠡ ᠲᠠᠶᠢᠪᠤᠩ ᠦᠤᠰᠢᠨ ᠤ ᠬᠤᠣᠷ ᠴᠠᠭᠠᠵᠠᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠵᠣ ᠪᠥᠬᠦ ᠬᠤᠰᠢᠭᠤᠨ ᠤ ᠨᠡᠶᠢᠬᠡᠮ ᠤᠨ ᠠᠮᠦᠷ ᠲᠥᠪᠰᠢᠨ ᠲᠣᠭᠲᠠᠭᠤᠨ ᠢ ᠦᠨᠡᠨ ᠬᠦ ᠬᠠᠮᠠᠭᠠᠯᠠᠬᠤ ᠶᠢᠨ ᠲᠥᠯᠥᠭᠡ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃                               ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                  2018 ᠣᠨ ᠤ 4 ᠰᠠᠷ᠎ᠠ ᠶᠢᠨ 26 ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号