ᠮᠠᠨ ᠤ ᠬᠤᠰᠢᠭᠤᠨ ᠤ ᠰᠠᠬᠢᠨ ᠬᠤᠷᠢᠬᠤ ᠭᠠᠵᠠᠷ ᠤᠨ ᠬᠢᠨ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ︾ ᠳᠤᠰᠬᠠᠢ ᠳᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-05-14
     ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠦᠷᠨᠢᠬᠦᠯᠬᠦ ᠠᠵᠢᠯᠯᠠᠭ᠎ᠠ︾  ᠶᠢᠨ ᠪᠠᠶᠢᠷᠢᠯᠠᠭᠤᠯᠤᠯᠳᠠ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠮᠢᠶᠠᠷᠬᠤ ᠭᠠᠵᠠᠷ ᠤᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠤᠨ ᠠᠵᠢᠯ ᠢ ᠬᠦᠨᠵᠡᠭᠡᠢ ᠠᠬᠢᠭᠤᠯᠬᠤ ᠶᠢᠨ ᠳᠤᠰᠠᠳᠠ᠂ ᠤᠢᠢᠷ᠎ᠠ ᠳᠤ᠂ ᠦᠤᠰᠢᠨ ᠬᠤᠰᠢᠭᠤᠨ ᠤ ᠰᠠᠬᠢᠨ ᠬᠤᠷᠢᠬᠤ ᠭᠠᠵᠠᠷ ᠤᠨ ᠬᠢᠨ ᠳᠤᠰ ᠪᠡᠶ᠎ᠠ ᠶᠢᠨ ᠴᠢᠳᠠᠪᠬᠢ ᠶᠢᠨ ᠳᠠᠪᠠᠭᠤᠯᠢᠭ ᠠᠴᠠ ᠪᠠᠨ ᠡᠬᠦᠰᠤᠨ᠂ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ︾ ᠳᠤᠰᠬᠠᠢ ᠳᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠤᠯᠠᠨ ᠳᠠᠯ᠎ᠠ ᠪᠠᠷ ᠦᠷᠨᠢᠬᠦᠯᠵᠤ ᠪᠠᠶᠢᠨ᠎ᠠ᠃      ᠡᠨᠡ ᠬᠤᠭᠤᠴᠠᠭᠠᠨ ᠳᠤ᠂ ᠴᠠᠬᠳᠠᠭ᠎ᠠ ᠨᠠᠷ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ︾ ᠳᠡᠮᠡᠴᠡᠯ ᠤᠨ ᠳᠤᠰᠬᠠᠢ ᠤᠬᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠤᠷᠢᠶ᠎ᠠ ᠯᠤᠽᠦ᠋ᠩ ᠡᠯᠬᠦᠵᠤ ᠨᠠᠭᠠᠬᠤ᠂ ᠠᠯᠪᠠᠯᠠᠬᠤ ᠭᠠᠵᠠᠷ ᠤᠳ ᠢᠶᠠᠷ ︽ᠬᠠᠷ᠎ᠠ ᠪᠦᠯᠦᠭᠳᠡᠨ ᠬᠠᠷᠬᠢᠰ ᠬᠦᠴᠤᠨ ᠤ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦ ᠳᠤᠬᠠᠢ ᠮᠡᠳᠡᠭᠳᠡᠯ︾  ᠨᠠᠭᠠᠬᠤ᠂ ᠲᠦᠷ ᠬᠤᠷᠢᠬᠳᠠᠯ ᠬᠦᠮᠤᠰ ᠲᠤ ᠪᠠᠶᠢᠳᠠᠯ ᠤᠨ ᠳᠤᠬᠠᠢ ᠳᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠢᠬᠦ ᠵᠡᠷᠭᠡ ᠠᠷᠭ᠎ᠠ ᠭᠡᠯᠪᠡᠷᠢ ᠪᠠᠷ ᠲᠦᠷ ᠬᠤᠷᠢᠬᠳᠠᠯ ᠬᠦᠮᠤᠰ ᠤᠨ ᠢᠯᠡᠴᠢᠯᠡᠵᠤ ᠮᠡᠳᠡᠬᠦᠯᠬᠦ᠂ ᠪᠤᠷᠤᠭᠤ ᠪᠠᠨ ᠬᠦᠯᠢᠶᠡᠬᠦ ᠶᠢ ᠵᠤᠷᠢᠬᠵᠢᠭᠤᠯᠤᠨ᠂ ᠳᠡᠷᠡᠴᠢᠯᠡᠨ ᠲᠦᠷ ᠬᠤᠷᠢᠬᠳᠠᠯ ᠬᠦᠮᠤᠰ ᠲᠠᠢ ᠨᠢᠭᠤᠷᠳᠠᠨ ᠶᠠᠷᠢᠯᠴᠠᠵᠤ ᠬᠦᠮᠤᠵᠢᠬᠦᠯᠤᠨ᠂ ᠬᠠᠷ᠎ᠠ ᠪᠦᠯᠦᠭᠳᠡᠨ ᠬᠠᠷᠬᠢᠰ ᠬᠦᠴᠤᠨ ᠲᠠᠢ ᠬᠤᠯᠪᠤᠬᠳᠠᠬᠰᠠᠨ ᠭᠡᠷᠡᠭ ᠤᠨ ᠰᠦᠪᠡᠭᠴᠢ ᠶᠢ ᠦᠷᠭᠡᠨ ᠢᠶᠠᠷ ᠤᠯᠵᠠᠢ᠃ ᠡᠨᠡ ᠤᠳᠠᠭ᠎ᠠ ᠶᠢᠨ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠨ᠂ ᠲᠦᠷ ᠬᠤᠷᠢᠬᠳᠠᠯ ᠬᠦᠮᠤᠰ ᠤᠨ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ︾ ᠳᠡᠮᠡᠴᠡᠯ ᠤᠨ ᠳᠤᠬᠠᠢ ᠳᠠᠨᠢᠯᠳᠠ ᠶᠢ ᠳᠡᠭᠡᠭᠰᠢᠯᠡᠬᠦᠯᠵᠤ᠂ ᠬᠢᠨᠠᠨ ᠬᠠᠮᠢᠶᠠᠷᠬᠤ ᠭᠠᠵᠠᠷ ᠲᠤ ᠶᠠᠯᠠᠳᠤ ᠭᠡᠷᠡᠭ ᠢ ᠠᠭᠤᠳᠠᠯᠯᠠᠵᠤ ᠭᠠᠷᠭᠠᠨ᠂ ᠭᠡᠷᠡᠭ ᠢ ᠯᠡᠪᠡᠷᠡᠬᠦᠯᠬᠦ ᠳᠤ ᠪᠠᠳᠤ ᠰᠠᠭᠤᠷᠢ ᠳᠠᠯᠪᠢᠵᠤ ᠪᠠᠶᠢᠨ᠎ᠠ᠃    
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号