ᠮᠠᠨ ᠤ ᠬᠤᠰᠢᠭᠤ ᠬᠠᠪᠤᠷ ᠤᠨ ᠲᠠᠷᠢᠶᠠᠯᠠᠭ᠎ᠠ ᠳᠤ ᠪᠠᠨ ᠰᠢᠨᠵᠢᠯᠡᠭᠡ ᠮᠡᠷᠭᠡᠵᠢᠯ ᠤᠨ ᠬᠠᠨᠭ᠍ᠭᠠᠯᠭ᠎ᠠ ᠬᠢᠵᠤ ᠪᠠᠶᠢᠨ᠎ᠠ
ᠨᠡᠶᠢᠲᠡᠯᠡᠭᠰᠡᠨ ᠴᠠᠭ᠄
2018-05-14
      ᠤᠶᠢᠷ᠎ᠠ ᠶᠢᠨ ᠡᠳᠦᠷ᠂  ᠮᠠᠨ ᠤ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠠᠶᠢᠬᠡᠮᠯᠢᠭ ᠤᠨ ᠨᠠᠮ ᠤᠨ ᠡᠭᠦᠷ ᠨᠢ ᠨᠠᠮ ᠤᠨ ᠭᠡᠰᠢᠭᠦᠨ᠂ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠤᠨ᠂ ᠦᠤᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠳᠤ ᠭᠦᠷᠴᠦ᠂ ︽ᠨᠠᠮ ᠤᠨ ᠪᠠᠶᠢᠭᠤᠯᠤᠯᠳᠡ ᠪᠠᠷ ᠨᠢᠭᠡᠳᠦᠯᠳᠡᠢ ᠲᠦᠯᠦᠪᠵᠢᠭᠦᠯᠦᠨ᠂ ᠰᠢᠨᠵᠢᠯᠡᠭᠦ ᠤᠬᠠᠭᠠᠨᠴᠢ ᠪᠠᠷ ᠠᠷᠠᠳ ᠢ ᠬᠠᠷᠠᠭᠠᠯᠵᠠᠵᠤ᠂ ᠤᠨᠢᠨ ᠳᠡᠬᠡᠷ᠎ᠡ ᠨᠢ ᠶᠠᠳᠠᠭᠤ ᠶᠢ ᠲᠡᠳᠭᠦᠭᠦ︾ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠶᠢ ᠦᠷᠨᠢᠭᠦᠯᠵᠡᠢ᠃ ᠲᠡᠳᠡ ᠶᠠᠭ ᠬᠠᠪᠤᠷ ᠤᠨ ᠲᠠᠷᠢᠶᠠᠯᠠᠭ᠎ᠠ ᠶᠢᠨ ᠴᠠᠭ ᠢ ᠵᠠᠪᠳᠤᠵᠤ᠂ ᠲᠤᠰᠬᠠᠢ ᠮᠡᠷᠭᠡᠵᠢᠯᠳᠡᠨ ᠢ ᠤᠷᠢᠨ᠂ ᠶᠠᠳᠠᠭᠤ ᠭᠦᠴᠢᠷᠳᠡᠯᠳᠡᠢ ᠮᠠᠯᠴᠢᠨ ᠲᠠᠷᠢᠶᠠᠴᠢᠳ ᠲᠤ ᠳᠠᠷᠢᠮᠠᠯ ᠤᠨ ᠮᠡᠷᠭᠡᠵᠢᠯ ᠤᠨ ᠪᠤᠯᠪᠠᠰᠤᠷᠠᠯ ᠬᠢᠭᠦ ᠶᠢᠨ ᠬᠠᠮᠳᠤ ᠡᠷᠡᠭᠦᠯ ᠪᠤᠯᠪᠠᠰᠤᠨ ᠢᠶᠠᠷ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠭᠦ ᠶᠡᠷᠦ ᠶᠢᠨ ᠮᠡᠳᠡᠯᠭᠡ ᠶᠢ ᠤᠬᠠᠭᠤᠯᠪᠠ᠃ ᠪᠠᠰᠠ ᠲᠤᠰ ᠭᠠᠴᠠᠭᠠᠨ ᠤ ᠳᠠᠷᠢᠮᠠᠯ ᠤᠨ ᠵᠢᠱᠢᠶ᠎ᠠ ᠦᠵᠡᠭᠦᠯᠭᠦ ᠡᠷᠦᠭᠡ ᠳᠤ ᠨᠠᠶᠢᠳᠡ 400 ᠤᠭᠤᠳᠠ ᠤᠷᠭᠠᠨᠢᠭ ᠨᠠᠶᠢᠯᠡᠮᠡᠯ ᠪᠤᠷᠳᠤᠭᠤᠷ᠂ 300 ᠤᠭᠤᠳᠠ ᠲᠠᠷᠢᠶᠠᠨ ᠦᠷ᠎ᠠ ᠭᠦᠷᠭᠡᠵᠤ᠂ ᠮᠠᠯᠴᠢᠨ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠰᠠᠨ ᠮᠦᠷᠳᠡᠭᠡᠨ ᠲᠠᠷᠢᠶᠠᠯᠠᠭ᠎ᠠ ᠶᠢᠨ ᠮᠡᠷᠭᠡᠵᠢᠯ ᠢ ᠲᠡᠭᠡᠭᠰᠢᠯᠡᠭᠦᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠭᠦ ᠳᠤ ᠲᠤᠰᠠ ᠲᠠᠮᠵᠢᠯᠭᠡ ᠦᠵᠡᠭᠦᠯᠦᠭᠰᠡᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号