ᠮᠠᠨ ᠤ ᠬᠤᠰᠢᠭᠤ ︽ᠳᠦᠷᠪᠡᠡ ᠰᠤᠷᠳᠠᠯ︾ ᠢ ᠴᠡᠭᠴᠡᠯᠡᠡ ᠵᠠᠰᠠᠬᠤ ᠠᠵᠢᠯ ᠢ ᠡᠷᠴᠢᠮᠳᠠᠢ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2018-05-14
      ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ︽ᠳᠦᠷᠪᠡᠡ ᠰᠤᠷᠳᠠᠯ︾ ᠢ ᠵᠠᠯᠠᠷᠠᠭᠤᠯᠬᠤ ᠰᠢᠷᠢᠰ ᠶᠠᠷᠢᠶᠠᠠ ᠤ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠤᠨ ᠦᠪᠡᠷᠳᠡᠬᠡᠡ ᠵᠠᠰᠠᠬᠤ ᠤᠷᠤᠨ ᠤ ︽2018 ᠤᠨ ᠳᠤ ᠬᠡᠯᠪᠡᠷᠢ ᠶᠢᠨ ᠦᠵᠡᠯ᠂ ᠨᠤᠶᠠᠨᠴᠢ ᠦᠵᠡᠯ ᠤᠨ ︿ᠠᠷᠪᠠᠠ ᠵᠦᠢᠯ ᠤᠨ ᠢᠯᠡᠷᠡᠯ﹀ ᠢ ᠳᠦᠪᠯᠡᠷᠡᠩᠬᠦᠢ ᠪᠠᠷ ᠴᠡᠭᠴᠡᠯᠡᠡ ᠵᠠᠰᠠᠬᠤ ᠳᠤᠬᠠᠢ ᠬᠡᠷᠡᠭᠵᠢᠬᠦᠯᠬᠦ ᠳᠦᠰᠦᠪ︾ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ︽ᠳᠦᠷᠪᠡᠡ ᠰᠤᠷᠳᠠᠯ︾ ᠢ ᠴᠡᠭᠴᠡᠯᠡᠡ ᠵᠠᠰᠠᠬᠤ ᠠᠵᠢᠯ ᠢᠶᠠᠨ ᠴᠢᠩᠭᠠᠳᠬᠠᠵᠦ ᠪᠠᠶᠢᠨ᠎ᠠ᠃ ︽ᠳᠦᠷᠪᠡᠡ ᠰᠤᠷᠳᠠᠯ︾ ᠢ ᠴᠡᠭᠴᠡᠯᠡᠡ ᠵᠠᠰᠠᠬᠤ ᠪᠠ ᠠᠷᠢᠯᠭᠠᠬᠤ ᠪᠤᠯ ᠨᠠᠮ ᠤᠨ ᠠᠷᠪᠠᠠ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠢᠶᠠᠨ ᠪᠦᠬᠦ ᠳᠠᠯ᠎ᠠ ᠪᠠᠷ ᠵᠠᠰᠠᠬᠤ ᠠᠵᠢᠯ ᠤᠨ ᠭᠤᠤᠯ ᠠᠭᠤᠯᠭ᠎ᠠ ᠶᠤᠮ᠃ ᠮᠦᠨ ᠴᠤ ᠦᠷᠬᠡᠡ ᠤᠯᠠᠠ ᠨᠠᠮ ᠤᠨ ᠬᠡᠰᠢᠬᠦᠨ ᠪᠤᠯᠤᠨ ᠠᠷᠠᠳ ᠳᠦᠮᠡᠡ ᠤ ᠬᠠᠯᠠᠮᠰᠢᠯ ᠳᠦᠪᠯᠡᠷᠡᠯ ᠤᠨ ᠴᠡᠭ ᠮᠦᠨ᠃ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ︽ᠳᠦᠷᠪᠡᠡ ᠰᠤᠷᠳᠠᠯ︾ ᠢ ᠴᠡᠭᠴᠡᠯᠡᠡ ᠵᠠᠰᠠᠬᠤ ᠳᠤᠬᠠᠢ ᠳᠡᠬᠡᠳᠦ ᠱᠠᠳᠤᠨ ᠤ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠳᠦᠯᠦᠬᠡ ᠪᠦᠬᠦ ᠺᠠᠳ᠋ᠷ ᠠᠵᠢᠯᠳᠠᠠ ᠢᠶᠠᠨ ᠵᠤᠬᠢᠶᠠᠠ ᠪᠠᠶᠢᠭᠤᠯᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠪᠠ᠃ ᠳᠡᠳᠡ ᠦᠪᠦᠷ ᠮᠤᠩᠭᠤᠯ ᠤᠨ ᠦᠪᠡᠷᠳᠡᠬᠡᠡ ᠵᠠᠰᠠᠬᠤ ᠤᠷᠤᠨ ᠤ ︽2018 ᠤᠨ ᠳᠤ ᠬᠡᠯᠪᠡᠷᠢ ᠶᠢᠨ ᠦᠵᠡᠯ᠂ ᠨᠤᠶᠠᠨᠴᠢ ᠦᠵᠡᠯ ᠤᠨ ︿ᠠᠷᠪᠠᠠ ᠵᠦᠢᠯ ᠤᠨ ᠢᠯᠡᠷᠡᠯ﹀ ᠢ ᠳᠦᠪᠯᠡᠷᠡᠩᠬᠦᠢ ᠪᠠᠷ ᠴᠡᠭᠴᠡᠯᠡᠡ ᠵᠠᠰᠠᠬᠤ ᠳᠤᠬᠠᠢ ᠬᠡᠷᠡᠭᠵᠢᠬᠦᠯᠬᠦ ᠳᠦᠰᠦᠪ︾ ᠲᠤ ᠳᠤᠰᠬᠠᠬᠰᠠᠠ ᠶᠠᠳᠠᠭᠤ ᠶᠢ ᠳᠡᠳᠬᠦᠨ ᠪᠤᠭᠤᠮᠳᠠ ᠰᠢᠪᠳᠦᠯᠬᠤ᠂ ᠵᠠᠰᠠᠭ ᠤᠨ ᠤᠷᠳᠤᠨ ᠤ ᠦᠷᠢ ᠰᠢᠷᠢ ᠶᠢ ᠴᠠᠶᠢᠷᠠᠭᠤᠯᠬᠤ ᠵᠡᠷᠬᠡ ᠳᠠᠪᠤᠨ ᠬᠦᠷᠢᠶ᠎ᠡ ᠴᠠᠷᠠᠭ᠋ ᠎ᠠ ᠳᠤ ᠬᠦᠨᠵᠡᠬᠡᠢ ᠵᠠᠳᠠᠯᠤᠯᠳᠠ ᠬᠢᠵᠦ᠂ ︽ᠳᠦᠷᠪᠡᠡ ᠰᠤᠷᠳᠠᠯ︾ ᠤᠨ ᠳᠤᠪᠤᠶᠢᠮ᠎ᠠ ᠠᠰᠠᠭᠤᠳᠠᠯ᠂ ᠤᠨᠴᠠᠭᠠᠶᠢᠯᠠᠠ ᠬᠡᠯᠪᠡᠷᠢ ᠶᠢᠨ ᠦᠵᠡᠯ᠂ ᠨᠤᠶᠠᠨᠴᠢ ᠦᠵᠡᠯ ᠤᠨ ᠰᠢᠨ᠎ᠡ ᠢᠯᠡᠷᠡᠯ ᠳᠤ ᠬᠦᠴᠦᠳᠠᠢ ᠮᠦᠷᠳᠡᠬᠡᠡ ᠪᠦᠳᠦᠮᠵᠢᠳᠡᠢ ᠪᠠᠷ ᠴᠡᠭᠴᠡᠯᠡᠡ ᠵᠠᠰᠠᠬᠤ ᠠᠷᠭ᠎ᠠ ᠬᠡᠮᠵᠢᠶ᠎ᠡ ᠠᠪᠴᠠᠢ᠃ ᠪᠠᠶᠠᠷ ᠳᠤᠷᠠᠰᠬᠠᠯ ᠤᠨ ᠡᠳᠦᠷ ᠬᠠᠮᠳᠤ ᠶᠢᠨ ᠳᠡᠷᠬᠡ ᠮᠠᠰᠢᠨ ᠢ ᠬᠡᠷᠡᠭᠯᠡᠬᠦ᠂ ᠪᠡᠯᠡᠭ ᠰᠠᠯᠳᠠ ᠬᠦᠷᠬᠡᠬᠦ ᠵᠡᠷᠬᠡ ᠠᠵᠢᠯᠯᠠᠭ᠎ᠠ ᠳᠤ ᠬᠦᠴᠦᠳᠠᠢ ᠴᠤᠬᠢᠯᠳᠠ ᠦᠭᠴᠦ᠂ ᠨᠠᠮ ᠤᠨ ᠳᠦᠪ ᠬᠤᠷᠢᠶᠠᠠ ᠤ ︽ᠨᠠᠢᠮᠠᠨ ᠳᠤᠭᠳᠠᠭᠠᠯ︾ ᠤᠨ ᠦᠷ᠎ᠡ ᠪᠦᠳᠦᠬᠡᠯ ᠢ ᠪᠠᠳᠤᠯᠠᠭᠠᠵᠢᠭᠤᠯᠵᠦ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号